ᠪᠠᠷᠠᠭᠤᠨ ᠦᠵᠦᠮᠦᠴᠢᠨ ᠬᠤᠰᠢᠭᠤ ᠪᠦᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ᠂ ᠮᠣᠩᠭᠤᠯ ᠦᠭᠡ ᠬᠡᠯᠡ ᠦᠰᠦᠭ ᠪᠢᠴᠢᠭ ᠢ ᠰᠣᠷᠴᠦ ᠬᠡᠷᠡᠭᠯᠡᠭᠰᠡᠨ ᠲᠡᠷᠢᠭᠦᠨ ᠤ ᠬᠠᠮᠲᠦ ᠨᠢᠭᠡᠴᠡ᠂ ᠬᠤᠪᠢ ᠬᠦᠮᠦᠨ ᠪᠣᠯᠣᠨ ᠶᠣᠰᠣ ᠮᠣᠷᠠᠯ ᠤᠨ ᠵᠢᠱᠢᠶᠡᠴᠢ᠂ ᠪᠣᠯᠪᠠᠰᠣᠨ ᠭᠡᠷ ᠪᠦᠯᠢ ᠶᠢ ᠰᠠᠶᠢᠰᠢᠶᠠᠨ ᠬᠦᠬᠢᠭᠦᠯᠬᠦ ᠶᠡᠭᠡ ᠬᠤᠷᠠᠯ ᠬᠤᠷᠠᠯᠳᠣᠭᠰᠠᠨ
ᠨᠡᠶᠢᠲᠡᠯᠡᠭᠰᠡᠨ ᠴᠠᠭ᠄
2017-10-17
   ᠪᠦᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ᠂ ᠮᠣᠩᠭᠤᠯ ᠦᠭᠡ ᠬᠡᠯᠡ ᠦᠰᠦᠭ ᠪᠢᠴᠢᠭ ᠢ ᠰᠣᠷᠴᠦ ᠬᠡᠷᠡᠭᠯᠡᠭᠰᠡᠨ ᠲᠡᠷᠢᠭᠦᠨ ᠤ ᠬᠠᠮᠲᠦ ᠨᠢᠭᠡᠴᠡ᠂ ᠬᠤᠪᠢ ᠬᠦᠮᠦᠨ ᠪᠣᠯᠣᠨ ᠶᠣᠰᠣ ᠮᠣᠷᠠᠯ ᠤᠨ ᠵᠢᠱᠢᠶᠡᠴᠢ᠂ ᠪᠣᠯᠪᠠᠰᠣᠨ ᠭᠡᠷ ᠪᠦᠯᠢ ᠶᠢ ᠰᠠᠶᠢᠰᠢᠶᠠᠨ ᠬᠦᠬᠢᠭᠦᠯᠬᠦ ᠶᠡᠭᠡ ᠬᠤᠷᠠᠯ 10 ᠰᠠᠷ᠎ᠠ ᠶᠢᠨ 15 ᠤ ᠡᠳᠦᠷ ᠬᠤᠷᠠᠯᠳᠣᠵᠦ᠂ ᠬᠤᠷᠠᠯ ᠠᠴᠠ ᠣᠷᠣᠨ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠶᠢᠰᠢᠶᠠᠨ ᠬᠦᠬᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠵᠦ᠂ ᠪᠦᠬᠦ ᠬᠤᠰᠢᠭᠤᠨ ᠤ ᠵᠢᠱᠢᠶᠡᠴᠢ ᠬᠠᠮᠲᠦ ᠨᠢᠭᠡᠴᠡ᠂ ᠵᠢᠱᠢᠶᠡᠴᠢ ᠬᠤᠪᠢ ᠬᠦᠮᠦᠨ  ᠢ ᠰᠠᠶᠢᠰᠢᠶᠠᠨ ᠬᠦᠬᠢᠭᠦᠯᠵᠡᠢ᠃    ᠬᠤᠰᠢᠭᠤ ᠨᠠᠮ ᠤᠨ ᠬᠤᠷᠢᠶᠠᠨ ᠤ ᠱᠦᠵᠢ ᠪᠠᠢ ᠶᠦᠩ ᠴᠦᠨ ᠬᠤᠷᠠᠯ ᠳᠡᠭᠡᠷᠡᠬᠢ ᠶᠠᠷᠢᠶᠠᠨ ᠳᠠᠭᠠᠨ᠂ ᠶᠠᠭᠤᠨ ᠤ ᠤᠷᠢᠳ ᠬᠤᠰᠢᠭᠤ ᠳᠦᠷᠪᠡᠨ ᠶᠡᠭᠡ ᠣᠳᠣᠷᠢᠳᠬᠤ ᠪᠠᠭ ᠢ ᠲᠦᠯᠦᠭᠡᠯᠡᠨ᠂ ᠱᠠᠩᠨᠠᠯ ᠬᠦᠷᠲᠡᠭᠰᠡᠨ ᠬᠠᠮᠲᠦ ᠨᠢᠭᠡᠴᠡ ᠪᠣᠯᠣᠨ ᠬᠤᠪᠢ ᠬᠦᠮᠦᠨ ᠳᠤ ᠪᠠᠶᠠᠷ ᠬᠦᠷᠭᠡᠬᠦ ᠵᠢᠨ‌ᠬᠠᠮᠲᠦ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠡ ᠶᠢᠨ ᠠᠵᠢᠯ ᠤᠨ ᠡᠭᠦᠷᠭᠡ ᠬᠠᠷᠢᠭᠤᠴᠠᠯᠭᠠᠲᠦ ᠰᠡᠳᠬᠢᠯᠭᠡ ᠪᠠᠨ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠲᠡᠯ ᠳᠠᠪᠰᠢᠯᠲᠡ ᠶᠢᠨ ᠠᠵᠢᠯ ᠢ ᠰᠢᠨ᠎ᠡ ᠬᠡᠪ ᠪᠠᠶᠢᠳᠠᠯ ᠢ ᠪᠣᠢ ᠪᠣᠯᠭᠠᠬᠤ ᠬᠡᠷᠡᠭᠲᠡᠢ ᠭᠡᠵᠦ ᠱᠠᠭᠠᠷᠲᠠᠵᠢ᠃ ᠲᠡᠷᠡ ᠵᠢᠭᠠᠬᠤ ᠳᠠᠭᠠᠨ᠄ ᠦᠨᠳᠦᠰᠦᠲᠡᠨ ᠤ ᠪᠦᠯᠬᠦᠮᠳᠡᠯ ᠳᠠᠪᠰᠢᠯᠲᠡ ᠶᠢᠨ ᠠᠵᠢᠯ ᠢ ᠠᠬᠢᠭᠤᠯᠬᠤ ᠳᠤ ᠵᠦᠪ ᠤᠨᠤᠪᠴᠢᠲᠡᠢ ᠤᠯᠤᠰ ᠲᠦᠷᠦ ᠶᠢᠨ ᠴᠢᠭᠯᠡᠯ ᠢ ᠪᠠᠷᠢᠮᠲᠠᠯᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠠᠵᠠᠷ ᠣᠷᠣᠨ ᠤ ᠦᠪᠡᠷᠲᠡᠭᠡᠨ ᠵᠠᠰᠠᠬᠤ ᠳᠦᠷᠢᠮ ᠲᠣᠭᠲᠠᠭᠠᠯ ᠤᠨ ᠲᠡᠭᠦᠯᠳᠡᠷᠵᠢᠭᠦᠯᠵᠦ᠂ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠬᠢᠷᠢ ᠲᠦᠪᠰᠢᠨ ᠢ ᠲᠠᠰᠣᠷᠠᠯᠲᠠ ᠦᠭᠡᠢ ᠳᠡᠭᠡᠭᠰᠢᠯᠡᠭᠦᠯᠦᠨ᠂ ᠦᠨᠳᠦᠰᠦᠲᠡᠨ ᠪᠦᠯᠬᠦᠮᠲᠡᠨ ᠳᠠᠪᠰᠢᠭᠰᠠᠨ᠂ ᠡᠶ᠎ᠡ ᠵᠤᠬᠢᠴᠠᠩᠭᠤᠢ ᠣᠬᠢ ᠰᠠᠶᠢᠨ ᠪᠠᠶᠢᠳᠠᠯ ᠢ ᠪᠠᠳᠣᠳᠬᠠᠬᠤ ᠬᠡᠷᠡᠭᠲᠡᠢ᠃ ᠨᠠᠮ ᠤᠨ ᠦᠨᠳᠦᠰᠦᠲᠡᠨ ᠤ ᠠᠵᠢᠯ ᠳᠠᠬᠢ ᠣᠳᠣᠷᠢᠳᠣᠯᠭ᠎ᠠ ᠶᠢ ᠴᠢᠩᠭᠠᠳᠬᠠᠨ᠂ ᠮᠣᠩᠭᠤᠯ ᠬᠡᠯᠡ ᠦᠰᠦᠭ ᠪᠢᠴᠢᠭ ᠤᠨ ᠬᠡᠷᠡᠭᠯᠡᠯᠲᠡ ᠶᠢ ᠰᠠᠶᠢᠲᠣᠷ ᠬᠢᠬᠦ ᠬᠡᠷᠡᠭᠲᠡᠢ ᠭᠡᠵᠡᠢ᠃    ᠪᠠᠢ ᠶᠦᠩ ᠴᠦᠨ ᠴᠢᠬᠤᠯᠠᠴᠢᠯᠠᠬᠤ ᠳᠠᠭᠠᠨ᠄ ᠨᠡᠶᠢᠭᠡᠮ ᠤᠨ ᠡᠯ᠎ᠡ ᠡᠲᠡᠭᠡᠳ ᠤᠨ ᠣᠶᠣᠨ ᠤ ᠪᠣᠯᠪᠠᠰᠣᠨ ᠤ ᠪᠠᠶᠢᠭᠤᠯᠤᠯᠲᠠ ᠶᠢᠨ ᠠᠵᠢᠯ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠨ᠂ ᠨᠡᠶᠢᠭᠡᠮ ᠵᠢᠷᠣᠮᠲᠦ ᠪᠣᠯᠪᠠᠰᠣᠨ ᠤ ᠰᠢᠨ᠎ᠡ ᠬᠡᠪ ᠪᠠᠶᠢᠳᠠᠯ ᠢ ᠠᠬᠢᠭᠤᠯᠬᠤ ᠬᠡᠷᠡᠭᠲᠡᠢ᠃ ᠣᠳᠣᠬᠢ ᠪᠠᠶᠢᠳᠠᠯ ᠳᠤ ᠭᠦᠢᠴᠡᠳ ᠣᠶᠢᠯᠠᠭᠠᠯᠲᠠ ᠲᠠᠢ ᠪᠠᠶᠢᠵᠦ᠂ ᠦᠵᠡᠯᠲᠡ ᠲᠠᠨᠢᠯᠲᠠ ᠪᠠᠨ ᠳᠡᠭᠡᠭᠰᠢᠯᠡᠭᠦᠯᠦᠨ᠂ ᠡᠭᠦᠷᠭᠡ ᠬᠠᠷᠢᠭᠤᠴᠠᠯᠭᠠᠲᠦ ᠰᠡᠳᠬᠢᠯᠭᠡ ᠪᠠᠨ ᠴᠢᠩᠭᠠᠳᠬᠠᠵᠦ᠂ ᠶᠣᠰᠣ ᠰᠣᠷᠲᠠᠬᠤᠨ ᠤ ᠵᠢᠱᠢᠶᠡᠴᠢ᠂ ᠪᠣᠯᠪᠠᠰᠣᠨ ᠭᠡᠷ ᠪᠦᠯᠢ ᠶᠢᠨ ᠣᠬᠠᠭᠤᠯᠭ᠎ᠠ ᠶᠢᠨ ᠠᠵᠢᠯᠯᠠᠭ᠎ᠠ ᠶᠢ ᠭᠦᠨᠵᠡᠭᠡᠢ ᠦᠷᠨᠢᠭᠦᠯᠦᠨ ᠂ ᠤᠯᠠᠨ ᠲᠦᠮᠡᠨᠴᠢ ᠣᠶᠣᠨ ᠤ ᠪᠣᠯᠪᠠᠰᠣᠨ ᠤ ᠠᠵᠢᠯ ᠢ ᠰᠠᠶᠢᠲᠣᠷ ᠬᠢᠬᠦ ᠬᠡᠷᠡᠭᠲᠡᠢ ᠭᠡᠵᠡᠢ᠃    ᠲᠡᠷᠡ ᠴᠢᠬᠤᠯᠠᠴᠢᠯᠠᠬᠤ ᠳᠠᠭᠠᠨ᠄ ᠰᠢ ᠶᠢᠨ ᠫᠢᠩ ᠶᠡᠷᠦᠩᠬᠡᠢ ᠱᠦᠵᠢ ᠪᠠᠷ ᠲᠦᠪ ᠪᠣᠯᠭᠠᠭᠰᠠᠨ ᠨᠠᠮ ᠤᠨ ᠲᠦᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠲᠡᠵᠦ᠂ ᠳᠣᠮᠳᠠᠳᠦ ᠶᠢᠨ ᠣᠨᠴᠠᠯᠢᠭᠲᠤ ᠨᠡᠶᠢᠭᠡᠮ ᠵᠢᠷᠦᠮ ᠤᠨ ᠠᠭᠤᠤ ᠶᠡᠭᠡ ᠲᠤᠭ ᠢ ᠦᠨᠳᠦᠷ ᠮᠠᠨᠳᠣᠭᠤᠯᠣᠨ᠂ ᠬᠠᠷᠢᠯᠴᠠᠨ ᠬᠠᠪᠰᠣᠷᠣᠯᠴᠠᠵᠦ᠂ ᠪᠦᠯᠬᠦᠮᠳᠡᠨ ᠲᠡᠮᠡᠴᠡᠨ᠂ ᠴᠢᠨᠡᠭᠡᠯᠢᠭ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠦ᠂ ᠠᠵᠢᠯ ᠤᠨ ᠰᠢᠯᠢᠳᠡᠭ ᠬᠢᠷᠢ ᠪᠦᠲᠦᠮᠵᠢ ᠪᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠲᠠᠲᠠᠢ ᠬᠤᠷᠠᠯᠳᠣᠬᠤ ᠶᠢ ᠤᠭᠲᠤᠵᠤ᠂ ᠦᠵᠡᠰᠭᠦᠯᠡᠩ ᠰᠠᠶᠢᠬᠠᠨ ᠦᠪᠦᠷ ᠮᠣᠩᠭᠤᠯ ᠢ ᠪᠦᠲᠦᠭᠡᠨ ᠪᠠᠶᠢᠭᠤᠯᠵᠦ᠂ ᠠᠤᠭ᠎ᠠ ᠶᠡᠭᠡ ᠳᠣᠮᠳᠠᠳᠦ ᠶᠢᠨ ᠬᠦᠰᠡᠯᠡᠭ ᠢ ᠬᠠᠮᠳᠣᠪᠡᠷ ᠲᠡᠭᠭᠡᠯᠰᠢᠭᠦᠯᠬᠦ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠡᠢ᠃    ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠢᠯᠠᠭᠤ ᠬᠤᠷᠠᠯ ᠳᠡᠭᠡᠷᠡᠬᠢ ᠶᠠᠷᠢᠶᠠᠨ  ᠳᠠᠭᠠᠨ᠄  ᠪᠦᠬᠦ ᠬᠤᠰᠢᠭᠤᠨ  ᠤ ᠦᠷᠭᠡᠨ ᠤᠯᠠᠨ ᠺᠠᠳ᠋ᠷ ᠠᠵᠢᠯᠲᠠᠳ ᠨᠢ ᠱᠠᠩᠨᠠᠯ ᠬᠦᠷᠲᠡᠭᠰᠡᠨ ᠬᠤᠪᠢ ᠬᠦᠮᠦᠨ ᠪᠣᠯᠣᠨ ᠬᠠᠮᠲᠦ ᠨᠢᠭᠡᠴᠡ ᠪᠠᠷ ᠳᠠᠭᠤᠷᠢᠶᠠᠯ ᠪᠣᠯᠭᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠡ ᠶᠢᠨ ᠠᠵᠢᠯ ᠢ ᠭᠦᠨᠵᠡᠭᠡᠢ ᠦᠷᠨᠢᠭᠦᠯᠵᠦ᠂ ᠮᠣᠩᠭᠤᠯ ᠬᠡᠯᠡ ᠦᠰᠦᠭ ᠪᠢᠴᠢᠭ ᠢ ᠨᠠᠷᠢᠨ ᠰᠣᠷᠣᠯᠴᠠᠬᠤ ᠶᠢᠨ ᠬᠠᠮᠲᠦ᠂ ᠪᠦᠬᠦ ᠬᠤᠰᠢᠭᠤᠨ ᠤ ᠶᠣᠰᠤ ᠰᠣᠷᠲᠠᠬᠤᠨ ᠤ ᠵᠢᠱᠢᠶᠡᠴᠢ ᠶᠢᠨ ᠲᠡᠷᠢᠭᠦᠨ ᠤ ᠣᠶᠢᠯᠡ ᠠᠵᠢᠯᠯᠠᠭ᠎ᠠ ᠶᠢ ᠦᠷᠭᠡᠨ ᠢᠶᠠᠷ ᠣᠬᠠᠭᠤᠯᠤᠨ᠂ ᠰᠢᠯᠢᠳᠡᠭ ᠣᠯᠠᠮᠵᠢᠯᠠᠯ ᠢ ᠪᠠᠳᠠᠷᠠᠭᠤᠯᠵᠦ᠂ ᠵᠦᠪ ᠡᠨ᠋ᠸᠡᠷᠬᠢ ᠶᠢ ᠰᠣᠷᠲᠠᠯᠴᠢᠯᠠᠬᠤ ᠬᠡᠷᠡᠭᠲᠡᠢ ᠭᠡᠵᠡᠢ᠃    ᠲᠡᠷᠡ ᠴᠢᠬᠤᠯᠠᠴᠢᠯᠠᠬᠤ ᠳᠠᠭᠠᠨ᠄ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷᠴᠣᠳ ᠨᠢ ︽ᠳᠦᠷᠪᠡᠨ ᠣᠬᠠᠮᠰᠠᠷ︾ ᠢᠶᠠᠨ ᠳᠡᠭᠡᠭᠰᠢᠯᠡᠭᠦᠯᠵᠦ᠂ ︽ᠳᠦᠷᠪᠡᠨ ᠢᠲᠡᠭᠡᠯ︾ ᠢ ᠪᠠᠷᠢᠮᠲᠠᠯᠠᠨ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠪᠣᠯᠣᠨ ᠣᠶᠣᠨ ᠤ ᠪᠣᠯᠪᠠᠰᠣᠨ ᠤ ᠪᠠᠶᠢᠭᠤᠯᠤᠯᠲᠠ ᠶᠢᠨ ᠠᠵᠢᠯ ᠤᠨ ᠴᠢᠬᠤᠯᠠ ᠦᠬᠦᠯᠡᠯ ᠪᠣᠯᠣᠨ ᠮᠠᠨ ᠤ ᠣᠷᠣᠨ ᠳᠤ ᠲᠣᠭᠤᠷᠢᠨ ᠪᠠᠶᠢᠴᠠᠭᠠᠬᠤ ᠦᠶᠡᠰ ᠤᠨ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠲᠣᠣᠱᠯᠠᠭᠤᠯᠵᠦ᠂ ᠦᠵᠡᠰᠭᠦᠯᠡᠩ ᠰᠠᠶᠢᠬᠠᠨ ᠦᠪᠦᠷ ᠮᠣᠩᠭᠤᠯ ᠢ ᠪᠦᠲᠦᠭᠡᠨ ᠪᠠᠶᠢᠭᠤᠯᠤᠨ᠂ ᠠᠤᠭ᠎ᠠ ᠶᠡᠭᠡ ︽ᠳᠣᠮᠳᠠᠳᠦ ᠶᠢᠨ ᠬᠦᠰᠡᠯ︾ ᠢ ᠬᠠᠮᠲᠣᠪᠡᠷ ᠲᠡᠷᠭᠡᠯᠰᠢᠭᠦᠯᠬᠦ ᠪᠠᠷ ᠵᠢᠯᠤᠭᠤᠳᠣᠮᠵᠢ ᠪᠣᠯᠭᠠᠵᠦ᠂ ᠬᠦᠴᠢᠷ ᠪᠡᠷᠬᠡ ᠶᠢ ᠢᠯᠠᠨ᠂ ᠣᠷᠣᠭᠰᠢᠯᠠᠨ ᠲᠡᠮᠡᠴᠡᠬᠦ ᠵᠣᠷᠢᠭ ᠰᠠᠨᠠᠭ᠎ᠠ ᠶᠢ ᠪᠠᠳᠠᠷᠠᠭᠤᠯᠵᠦ᠂ ᠨᠠᠮ ᠤᠨ ᠰᠣᠷᠲᠠᠯ᠂ ᠵᠠᠰᠠᠭ ᠤᠨ ᠰᠣᠷᠲᠠᠯ ᠢ ᠲᠦᠪ ᠴᠢᠭᠡᠴᠢ ᠪᠤᠯᠠᠭᠠᠨ᠂ ᠠᠷᠠᠳ ᠣᠯᠠᠨ ᠤ ᠮᠣᠷᠠᠯ ᠰᠣᠷᠲᠠᠯ ᠢ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠦᠮᠦᠵᠢᠯ ᠢ ᠴᠢᠬᠤᠯᠠᠴᠢᠯᠠᠨ ᠠᠳᠬᠤᠵᠦ᠂ ᠪᠦᠬᠦ ᠬᠤᠰᠢᠭᠤᠨ ᠤ ᠠᠷᠠᠳ ᠲᠦᠮᠡᠨ ᠤ ᠶᠣᠰᠣ ᠰᠣᠷᠲᠠᠬᠤᠨ ᠤ ᠪᠠᠶᠢᠭᠤᠯᠤᠯᠲᠠ  ᠶᠢ ᠠᠬᠢᠭᠤᠯᠤᠨ᠂ ᠡᠳ᠋ ᠪᠣᠳᠠᠰ ᠡᠯᠪᠡᠭ᠂ ᠣᠶᠣᠨ ᠰᠠᠨᠠᠭ᠎ᠠ ᠪᠠᠶᠠᠯᠢᠭ ᠣᠳᠣᠬᠢᠴᠢᠯᠠᠭᠰᠠᠨ ᠪᠠᠷᠠᠭᠤᠨ ᠦᠵᠦᠮᠦᠴᠢᠨ ᠢ ᠪᠦᠲᠦᠭᠡᠨ ᠪᠠᠶᠢᠭᠤᠯᠬᠤ ᠳᠤ ᠣᠶᠣᠨ ᠴᠢᠳᠠᠯ ᠢᠶᠠᠨ ᠨᠢᠭᠲᠠᠷᠠᠭᠤᠯᠵᠤ᠂ ᠠᠵᠢᠯ ᠤᠨ ᠰᠢᠯᠢᠳᠡᠭ ᠬᠢᠷᠢ ᠪᠦᠲᠦᠮᠵᠢ ᠪᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠲᠠᠲᠠᠢ ᠬᠤᠷᠠᠯᠳᠣᠬᠤ ᠶᠢ ᠤᠭᠲᠣᠬᠤ ᠬᠡᠷᠡᠭᠲᠡᠢ ᠭᠡᠵᠡᠢ᠃    ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠣᠬᠠᠭᠤᠯᠬᠤ ᠬᠡᠯᠲᠡᠰ ᠤᠨ ᠳᠠᠷᠤᠭ᠎ᠠ ᠤᠯᠠᠭᠠᠨ ︽ᠪᠦᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠦ ᠨᠢᠭᠡᠴᠡ᠂ ᠬᠤᠪᠢ ᠬᠦᠮᠦᠨ ᠪᠣᠯᠣᠨ ᠮᠣᠩᠭᠤᠯ ᠬᠡᠯᠡ ᠦᠰᠦᠭ ᠪᠢᠴᠢᠭ ᠰᠣᠷᠴᠦ ᠬᠡᠷᠡᠭᠯᠡᠭᠰᠡᠨ ᠲᠡᠷᠢᠭᠦᠨ ᠤ ᠬᠠᠮᠲᠦ ᠨᠢᠭᠡᠴᠡ᠂ ᠬᠤᠪᠢ ᠬᠦᠮᠦᠨ ᠢ ᠰᠠᠶᠢᠰᠢᠶᠠᠨ ᠬᠦᠬᠢᠭᠦᠯᠬᠦ ᠲᠣᠬᠠᠢ ᠳᠣᠮᠳᠠᠳᠦ ᠤᠯᠤᠰ ᠤᠨ ᠡᠪ ᠬᠠᠮᠲᠦ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠬᠤᠷᠢᠶ᠎ᠠ︾  ᠂ ︽ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠢᠢᠳᠪᠦᠷᠢ︾ ᠪᠣᠯᠣᠨ ︽ᠪᠦᠬᠦ ᠬᠤᠰᠢᠭᠤᠨ ᠤ ᠭᠤᠷᠪᠠᠳᠣᠭᠠᠷ ᠬᠤᠭᠤᠴᠠᠭᠠᠨ ᠤ ᠶᠣᠰᠣ ᠰᠣᠷᠲᠠᠬᠤᠨ ᠤ ᠵᠢᠱᠢᠶᠡᠴᠢ ᠵᠢᠴᠢ ᠠᠩᠬᠠᠳᠣᠭᠠᠷ ᠬᠤᠭᠤᠴᠠᠭᠠᠨ ᠤ ᠪᠣᠯᠪᠠᠰᠣᠨ ᠭᠡᠷ ᠪᠦᠯᠢ ᠶᠢ ᠰᠠᠶᠢᠰᠢᠶᠠᠨ ᠬᠦᠬᠢᠭᠦᠯᠬᠦ ᠲᠣᠬᠠᠢ ᠰᠢᠢᠳᠪᠦᠷᠢ︾ ᠶᠢ ᠣᠩᠰᠢᠨ ᠨᠡᠶᠢᠳᠡᠯᠡᠪᠡ᠃    ᠲᠡᠷᠢᠭᠦᠨ ᠤ ᠬᠢ ᠰᠠᠶᠢᠰᠢᠶᠠᠨ ᠬᠦᠬᠢᠭᠦᠯᠵᠦ᠂ ᠨᠡᠶᠢᠲᠡᠯᠢᠭ ᠵᠢᠱᠢᠶ᠎ᠡ ᠶᠢ ᠪᠣᠢ ᠪᠣᠯᠭᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠡ ᠶᠢ ᠠᠬᠢᠭᠤᠯᠤᠨ᠂ ᠮᠣᠩᠭᠤᠯ ᠬᠡᠯᠡ ᠦᠰᠦᠭ ᠪᠢᠴᠢᠭ ᠰᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠵᠦ᠂ ᠡᠷᠬᠡ ᠲᠡᠭᠰᠢ᠂ ᠪᠦᠯᠬᠦᠮᠳᠡᠯ ᠨᠢᠭᠲᠠᠷᠠᠯ ᠲᠠᠢ᠂ ᠬᠠᠷᠢᠯᠴᠠᠨ ᠬᠠᠪᠰᠣᠷᠣᠯᠴᠠ᠂ ᠡᠶ᠎ᠡ ᠵᠤᠬᠢᠴᠠᠩᠭᠤᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠳᠣᠳᠬᠠᠨ᠂ ᠪᠦᠬᠦ ᠬᠤᠰᠢᠭᠤᠨ ᠤ ᠪᠦᠯᠬᠦᠮᠳᠡᠯ ᠲᠣᠭᠲᠠᠭᠤᠨ ᠤ ᠣᠬᠢ ᠰᠠᠶᠢᠬᠠᠨ ᠪᠠᠶᠢᠳᠠᠯ ᠢ ᠬᠠᠮᠠᠭᠠᠯᠠᠬᠤ ᠪᠠᠷ ᠬᠤᠰᠢᠭᠤ ᠨᠠᠮ ᠤᠨ ᠬᠤᠷᠢᠶ᠎ᠠ᠂  ᠵᠠᠰᠠᠭ ᠤᠨ ᠣᠷᠳᠣᠨ ᠠᠴᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ ᠵᠡᠷᠭᠡ 23 ᠨᠢᠭᠡᠴᠡ ᠶᠢ ᠪᠦᠬᠦ ᠬᠤᠰᠢᠭᠤᠨ ᠤ ᠦᠨᠳᠦᠰᠦᠲᠡᠨ ᠤ ᠪᠦᠯᠬᠦᠮᠲᠡᠯ ᠳᠠᠪᠰᠢᠯᠲᠠ ᠶᠢᠨ ᠵᠢᠱᠢᠶᠡᠴᠢ ᠬᠠᠮᠲᠦ ᠨᠢᠭᠡᠴᠡ᠂ ᠰᠠᠴᠣᠷᠠ ᠵᠡᠷᠭᠡ 65 ᠬᠤᠪᠢ ᠬᠦᠮᠦᠨ ᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠡᠷᠢᠭᠦᠨ ᠤ ᠬᠤᠪᠢ ᠬᠦᠮᠦᠨ ᠢᠶᠠᠷ ᠰᠠᠶᠢᠰᠢᠶᠠᠨ ᠬᠦᠬᠢᠭᠦᠯᠵᠦ᠂ ᠤᠯᠤᠰ ᠲᠦᠷᠦ ᠶᠢᠨ ᠵᠦᠪᠯᠡᠯᠭᠡᠨ ᠤ ᠠᠯᠪᠠᠨ ᠭᠡᠷ ᠵᠡᠷᠭᠡ 26 ᠮᠣᠩᠭᠤᠯ ᠦᠭᠡ ᠬᠡᠯᠡ ᠦᠰᠦᠭ ᠪᠢᠴᠢᠭ ᠢ ᠰᠣᠷᠴᠦ ᠬᠡᠷᠡᠭᠯᠡᠭᠰᠡᠨ ᠬᠠᠮᠲᠦ ᠨᠢᠭᠡᠴᠡ ᠪᠣᠯᠣᠨ ᠰᠣᠳᠣᠪᠢᠯᠢᠭ᠌᠂ ᠪᠠᠳᠠᠷᠠᠬᠤ ᠵᠡᠷᠭᠡ ᠮᠣᠩᠭᠤᠯ ᠦᠭᠡ ᠬᠡᠯᠡ ᠦᠰᠦᠭ ᠪᠢᠴᠢᠭ ᠢ ᠰᠣᠷᠴᠦ ᠬᠡᠷᠡᠭᠯᠡᠭᠰᠡᠨ 57 ᠬᠤᠪᠢ ᠬᠦᠮᠦᠨ ᠢ ᠰᠠᠶᠢᠰᠢᠶᠠᠨ ᠬᠦᠬᠢᠭᠦᠯᠬᠦ ᠶᠢᠨ ᠬᠠᠮᠲᠦ᠂ ᠸᠠᠩ ᠴᠦᠨ ᠬᠤᠸᠠ ᠵᠡᠷᠭᠡ 13 ᠬᠦᠮᠦᠨ ᠳᠤ ᠭᠤᠷᠪᠠᠳᠣᠭᠠᠷ ᠬᠤᠭᠤᠴᠠᠭᠠᠨ ᠤ ᠪᠦᠬᠦ ᠬᠤᠰᠢᠭᠤᠨ ᠤ ᠶᠣᠰᠣ ᠰᠣᠷᠲᠠᠬᠤᠨ ᠤ ᠵᠢᠱᠢᠶᠡᠴᠢ ᠶᠢᠨ ᠢᠷᠠᠭᠤ ᠠᠯᠳᠠᠷ ᠢ ᠤᠯᠭᠤᠨ᠂ ᠣᠳᠣᠨᠭᠡᠷᠡᠯ ᠵᠡᠷᠭᠡ 70 ᠡᠷᠦᠬᠡ ᠳᠤ ᠠᠩᠬᠠᠳᠣᠭᠠᠷ ᠬᠤᠭᠤᠴᠠᠭᠠᠨ ᠤ ᠪᠦᠬᠦ ᠬᠤᠰᠢᠭᠤᠨ ᠤ ᠪᠣᠯᠪᠠᠰᠣᠨ ᠭᠡᠷ ᠪᠦᠯᠢ ᠶᠢᠨ ᠢᠷᠠᠭᠤ ᠠᠯᠳᠠᠷ ᠢ ᠣᠯᠭᠤᠭᠰᠠᠨ  ᠪᠠᠶᠢᠨ᠎ᠠ᠃    ᠱᠠᠩᠨᠠᠯ ᠬᠦᠷᠲᠡᠭᠰᠡᠨ ᠬᠠᠮᠲᠦ ᠨᠢᠭᠡᠴᠡ ᠪᠣᠯᠣᠨ ᠬᠤᠪᠢ ᠬᠦᠮᠦᠨ᠂ ᠶᠣᠰᠣ ᠰᠣᠷᠲᠠᠬᠤᠨ ᠤ ᠵᠢᠱᠢᠶᠡᠴᠢ ᠪᠠ ᠪᠣᠯᠪᠠᠰᠣᠨ ᠭᠡᠷ ᠪᠦᠯᠢ ᠶᠢᠨ ᠲᠦᠯᠦᠭᠡᠯᠡᠭᠴᠢ ᠠᠴᠠ ᠵᠣᠷᠢᠭ ᠢᠶᠠᠨ ᠢᠯᠡᠳᠭᠡᠵᠡᠢ᠃
 
ᠢᠷᠡᠯᠲᠡ᠄ ᠬᠤᠰᠢᠭᠤ ᠷᠠᠳᠢᠤ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号