ᠪᠠᠷᠠᠭᠤᠨ ᠦᠵᠦᠮᠦᠴᠢᠨ ᠬᠤᠰᠢᠭᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢ ᠤᠭᠲᠤᠬᠤ ︽ᠦᠨᠳᠦᠰᠦᠲᠡᠨ ᠤ ᠪᠦᠯᠬᠦᠮᠳᠡᠯ ᠤᠨ ᠢᠷᠠᠭᠤ ᠳᠠᠭᠤᠯᠠᠯ︾ ᠣᠷᠠᠨ ᠰᠠᠶᠢᠬᠠᠨ ᠤ ᠲᠣᠭᠯᠠᠯᠲᠠ ᠶᠠᠪᠣᠭᠳᠠᠭᠤᠯᠣᠭᠰᠠᠨ
ᠨᠡᠶᠢᠲᠡᠯᠡᠭᠰᠡᠨ ᠴᠠᠭ᠄
2017-10-17
  10 ᠰᠠᠷ᠎ᠠ ᠶᠢᠨ15 ᠤ ᠣᠷᠣᠢ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠶᠢᠨ ᠠᠮᠵᠢᠯᠲᠠᠲᠠᠢ ᠬᠤᠷᠠᠯᠳᠣᠬᠤ ᠶᠢ ᠣᠭᠲᠣᠨ ᠪᠡᠯᠭᠡᠯᠡᠬᠦ ︽ᠦᠨᠳᠦᠰᠦᠲᠡᠨ ᠤ ᠪᠦᠯᠬᠦᠮᠳᠡᠯ ᠤᠨ ᠢᠷᠠᠭᠤ ᠳᠠᠭᠤᠯᠠᠯ︾ ᠣᠷᠠᠨ ᠰᠠᠶᠢᠬᠠᠨ ᠤ ᠲᠣᠭᠯᠠᠯᠲᠠ ᠬᠤᠰᠢᠭᠤᠨ ᠤ ᠷᠠᠳᠢᠣ᠋ ᠲᠧᠯᠸᠢᠰ ᠬᠤᠷᠢᠶᠠᠨ ᠤ ᠨᠡᠪᠲᠡᠷᠡᠭᠦᠯᠭᠡ ᠶᠢᠨ ᠲᠢᠩᠬᠢᠮ ᠳᠤ ᠶᠠᠪᠣᠭᠳᠠᠪᠠ᠃ ᠬᠤᠰᠢᠭᠤᠨ ᠤ ᠳᠡᠳ᠋ ᠳᠠᠷᠤᠭ᠎ᠠ ᠲᠠᠶᠢᠫᠢᠩ ᠲᠣᠭᠯᠠᠯᠲᠠ ᠶᠢ ᠰᠣᠨᠢᠷᠬᠠᠵᠡᠢ᠃    ᠲᠣᠰ ᠲᠣᠭᠯᠠᠯᠲᠠ ᠶᠢ ᠬᠤᠰᠢᠭᠤᠨ ᠤ ᠨᠠᠮ ᠤᠨ ᠬᠤᠷᠢᠶᠠᠨ ᠤ ᠣᠬᠠᠭᠤᠯᠬᠤ ᠬᠡᠯᠲᠡᠰ᠂ ᠬᠤᠰᠢᠭᠤᠨ ᠤ ᠨᠠᠮ ᠤᠨ ᠬᠤᠷᠢᠶᠠᠨ ᠤ ᠨᠢᠭᠡᠲᠦᠮᠡᠯ ᠹᠠᠷᠣᠨᠲ ᠶᠢᠨ ᠬᠡᠯᠲᠡᠰ᠂ ᠬᠤᠰᠢᠭᠤᠨ ᠤ ᠤᠯᠤᠰ ᠲᠦᠷᠦ ᠬᠠᠦᠯᠢ ᠴᠠᠭᠠᠵᠠ ᠶᠢᠨ  ᠲᠣᠪᠴᠢᠶ᠎ᠠ ᠭᠤᠣᠯᠯᠠᠨ᠂ ᠬᠤᠰᠢᠭᠤᠨ ᠤ ᠦᠨᠳᠦᠰᠦᠲᠡᠨ ᠱᠠᠰᠢᠨ ᠰᠣᠷᠲᠠᠬᠤᠨ ᠤ ᠬᠡᠷᠡᠭ ᠡᠷᠬᠢᠯᠡᠬᠦ ᠲᠣᠪᠴᠢᠶ᠎ᠠ᠂ ᠬᠤᠰᠢᠭᠤᠨ ᠤ ᠬᠠᠦᠯᠢ ᠴᠠᠭᠠᠵᠠ ᠶᠢᠨ ᠲᠣᠪᠴᠢᠶ᠎ᠠ ᠳᠠᠭᠠᠭᠠᠴᠢᠯᠠᠨ ᠡᠷᠬᠢᠯᠡᠭᠰᠡᠨ ᠪᠠᠶᠢᠨ᠎ᠠ᠃    ᠲᠣᠭᠯᠠᠯᠲᠠ ᠨᠢ ᠬᠤᠰᠢᠭᠤᠨ ᠤ ᠣᠯᠠᠭᠠᠨᠮᠦᠴᠢᠷ ᠤᠨ ᠲᠣᠭᠯᠠᠭᠴᠢᠳ ᠤᠨ ︽ᠲᠣᠶᠠᠭᠠᠷᠠᠯ︾ ᠪᠦᠵᠢᠭ ᠢᠶᠠᠷ ᠡᠬᠢᠯᠡᠯᠲᠡ ᠶᠢᠨ ᠬᠦᠰᠢᠭᠡ ᠪᠠᠨ ᠰᠡᠬᠦᠵᠦ᠂ ᠬᠤᠰᠢᠭᠤᠨ ᠤ ᠣᠯᠠᠭᠠᠨᠮᠦᠴᠢᠷ᠂ ᠵᠠᠯᠠᠭᠤᠴᠣᠳ ᠪᠠᠭᠠᠴᠣᠳ ᠤᠨ ᠬᠦᠳᠡᠯᠭᠡᠭᠡᠨ ᠤ ᠲᠦᠪ᠂ ᠳᠦᠷᠪᠡᠨ ᠣᠳᠠᠰᠣᠳᠦ ᠬᠤᠭᠤᠷ ᠤᠨ ᠨᠡᠶᠢᠭᠡᠮᠯᠢᠭ᠂ ᠪᠠᠶᠠᠨᠬᠤᠸᠠ ᠪᠠᠯᠭᠠᠰᠣᠨ ᠤ ᠬᠡᠦᠬᠡᠳ ᠤᠨ ᠴᠡᠴᠡᠷᠯᠢᠭ  ᠂ ᠬᠤᠰᠢᠭᠤᠨ ᠤ ᠬᠡᠦᠬᠡᠳ ᠤᠨ ᠴᠡᠴᠡᠷᠯᠢᠭ  ᠂ ᠬᠤᠰᠢᠭᠤᠨ ᠤ ᠮᠣᠩᠭᠤᠯ ᠪᠠᠭ᠎ᠠ ᠰᠣᠷᠭᠠᠭᠤᠯᠢ ᠵᠡᠷᠭᠡ ᠨᠢᠭᠡᠴᠡ ᠶᠢᠨ ᠲᠣᠭᠯᠠᠭᠴᠢᠳ ᠠᠴᠠ ᠣᠷᠲᠣ ᠶᠢᠨ ᠳᠠᠭᠤᠣ᠂ ᠬᠤᠪᠣᠰ ᠬᠦᠭᠵᠢᠮ ᠤᠨ ᠠᠶᠠᠯᠠᠭᠤ᠂ ᠬᠤᠯᠪᠣᠭ᠎ᠠ᠂ ᠪᠦᠵᠢᠭ᠂ ᠡᠮᠡᠭᠲᠡᠢ ᠶᠢᠨ ᠭᠤᠴᠣᠯᠠᠯ ᠳᠠᠭᠤᠣ᠂ ᠮᠣᠷᠢᠨ ᠬᠤᠭᠤᠷ ᠤᠨ ᠠᠶᠠᠯᠠᠭᠤ ᠵᠡᠷᠭᠡ ᠭᠤᠴᠤ ᠰᠠᠶᠢᠬᠠᠨ ᠠᠶ᠎ᠠ ᠳᠠᠭᠤᠣ ᠪᠠᠨ ᠦᠵᠡᠭᠴᠢ ᠣᠯᠠᠨ ᠳᠠᠭᠠᠨ ᠡᠷᠭᠦᠨ᠂ ᠠᠭᠤᠣ ᠨᠠᠮ᠂ ᠡᠬᠡ ᠣᠷᠣᠨ᠂  ᠵᠢᠷᠭᠠᠯᠲᠦ ᠠᠮᠢᠳᠣᠷᠠᠯ ᠢᠶᠠᠨ ᠮᠠᠭᠲᠠᠨ ᠳᠠᠭᠤᠯᠠᠵᠦ᠂ ᠠᠶ᠎ᠠ ᠳᠠᠭᠤᠣ ᠪᠠᠷ ᠢᠶᠠᠨ ᠡᠯ᠎ᠡ ᠦᠨᠳᠦᠰᠦᠲᠡᠨ ᠤ ᠣᠯᠠᠨ ᠲᠦᠮᠡᠨ ᠪᠦᠯᠬᠦᠮᠳᠡᠨ ᠨᠢᠭᠲᠠᠷᠠᠵᠤ᠂ ︽ᠳᠣᠮᠳᠠᠳᠦ ᠶᠢᠨ ᠬᠦᠰᠡᠯ ᠢᠶᠠᠨ ᠬᠠᠮᠲᠦ ᠪᠠᠷ ᠲᠡᠷᠭᠡᠯᠰᠢᠭᠦᠯᠬᠦ︾ ᠣᠷᠭᠢᠯᠤᠮ᠎ᠠ ᠵᠣᠷᠢᠭ ᠰᠡᠳᠬᠢᠯᠭᠡ᠂ ᠰᠠᠶᠢᠨ ᠰᠠᠶᠢᠬᠠᠨ ᠬᠦᠰᠡᠯ ᠮᠦᠷᠦᠭᠡᠳᠦᠯ ᠢᠶᠠᠨ ᠢᠯᠡᠳᠭᠡᠭᠰᠡᠨ ᠪᠠᠶᠢᠨ᠎ᠠ᠃    ᠲᠣᠭᠯᠠᠯᠲᠠ ᠳᠤ ᠪᠠᠰᠠ ᠮᠠᠨ ᠤ ᠬᠤᠰᠢᠭᠤᠨ ᠤ ᠶᠡᠷᠦᠩᠬᠡᠶᠢᠯᠡᠨ ᠵᠠᠰᠠᠬᠤ ︵ᠠᠮᠣᠷ ᠠᠮᠣᠭᠤᠯᠠᠩ ᠤᠨ ᠪᠠᠶᠢᠭᠤᠯᠤᠯᠲᠠ︶ ᠪᠣᠯᠣᠨ ᠦᠨᠳᠦᠰᠦᠲᠡᠨ ᠤ ᠪᠦᠯᠭᠦᠮᠳᠡᠯ ᠳᠠᠪᠰᠢᠯᠲᠠ ᠶᠢᠨ ᠠᠵᠢᠯ ᠤᠨ ᠣᠬᠠᠭᠤᠯᠬᠤ ᠰᠠᠷ᠎ᠠ ᠶᠢᠨ ᠮᠡᠳᠡᠯᠭᠡ ᠶᠢᠨ ᠰᠢᠯᠭᠠᠯᠲᠠ ᠶᠢᠨ ᠰᠢᠯᠢᠳᠡᠭ ᠵᠣᠬᠢᠶᠠᠨ ᠪᠠᠶᠢᠭᠤᠯᠤᠯᠲᠠ ᠪᠤᠯᠤᠨ ᠰᠢᠯᠢᠳᠡᠭ ᠣᠷᠣᠯᠴᠠᠭᠴᠢ ᠳᠤ ᠱᠠᠩᠨᠠᠯ ᠭᠠᠷᠳᠠᠭᠤᠯᠪᠠ᠃
 
ᠢᠷᠡᠯᠲᠡ᠄ ᠬᠤᠰᠢᠭᠤ ᠷᠠᠳᠢᠤ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号