ᠪᠠᠷᠠᠭᠤᠨ ᠦᠵᠦᠮᠦᠴᠢᠨ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠤᠯᠠᠨ ᠲᠦᠮᠡᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠠᠩᠬᠠᠷᠣᠯ ᠢᠶᠠᠨ ᠬᠠᠨᠳᠣᠭᠤᠯᠣᠨ᠎ᠠ
ᠨᠡᠶᠢᠲᠡᠯᠡᠭᠰᠡᠨ ᠴᠠᠭ᠄
2017-10-20
   10 ᠰᠠᠷ᠎ᠠ ᠶᠢᠨ 18 ᠤ ᠡᠳᠦᠷ᠂ ᠳᠣᠮᠳᠠᠳᠦ ᠤᠯᠤᠰ ᠤᠨ ᠡᠪ ᠬᠠᠮᠲᠦ ᠨᠠᠮ ᠤᠨ ᠠᠷᠪᠠ ᠶᠢᠰᠦᠳᠦᠭᠡᠷ ᠣᠳᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠡᠭᠡᠵᠢᠩ ᠬᠤᠲᠠ ᠳᠤ ᠦᠪᠡᠳᠡᠭᠰᠢ ᠶᠡᠬᠡᠪᠡᠷ ᠬᠤᠷᠠᠯᠳᠣᠨ᠂ ᠮᠠᠨ ᠤ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠤᠯᠠᠨ ᠲᠦᠮᠡᠨ ᠰᠢᠭᠤᠳ  ᠨᠡᠪᠲᠡᠷᠡᠭᠦᠯᠭᠡ ᠦᠵᠡᠵᠵᠦ᠂ ᠰᠢ ᠶᠢᠨ ᠫᠢᠩ ᠶᠡᠷᠦᠩᠬᠡᠢ ᠱᠦᠵᠢ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠣᠭᠰᠠᠨ ᠪᠠᠶᠢᠨ᠎ᠠ᠃    ᠦᠳᠡ ᠶᠢᠨ ᠡᠮᠦᠨᠡᠬᠢ ᠶᠢᠰᠦᠨ ᠴᠠᠭ ᠲᠤ᠂ ᠬᠤᠰᠢᠭᠤ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠲᠤ ᠪᠠᠢ ᠶᠦᠩ ᠴᠦᠨ᠂ ᠪᠠᠭᠠᠨ᠎ᠠ᠂ ᠴᠢᠯᠠᠭᠤ᠂ ᠮᠦᠩᠬᠡ ᠵᠡᠷᠭᠡ ᠬᠤᠰᠢᠭᠤ ᠳᠦᠷᠪᠡᠨ ᠶᠡᠭᠡ ᠣᠳᠣᠷᠢᠳᠬᠤ ᠪᠠᠭ ᠤᠨ ᠣᠳᠣᠷᠢᠳᠣᠯᠭ᠎ᠠ ᠪᠣᠯᠣᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ ᠪᠦᠬᠦ ᠺᠠᠳ᠋ᠷ ᠠᠵᠢᠯᠲᠠᠳ ᠶᠡᠭᠡ ᠬᠤᠷᠠᠯ ᠤᠨ ᠰᠢᠭᠤᠳ ᠨᠡᠪᠲᠡᠷᠡᠭᠦᠯᠬᠡ ᠶᠢ ᠬᠦᠯᠢᠶᠡᠨ ᠠᠪᠴᠦ ᠦᠵᠡᠭᠰᠡᠨ ᠪᠠᠶᠢᠨ᠎ᠠ᠃     ᠪᠠᠯᠭᠠᠷᠭᠤᠣᠯ ᠪᠠᠯᠭᠠᠰᠣᠨ ᠤ ᠵᠠᠰᠠᠭ ‍ᠤᠨ‌ᠣᠷᠳᠣᠨ ᠤ ᠠᠰᠠᠷ ᠲᠤ ᠪᠦᠬᠦ ᠺᠠᠳ᠋ᠷ ᠠᠵᠢᠯᠲᠠᠳ ᠬᠤᠷᠠᠯ ᠤᠨ ᠰᠢᠭᠤᠳ ᠨᠡᠪᠲᠡᠷᠡᠭᠦᠯᠭᠡ ᠶᠢ ᠦᠵᠡᠵᠦ᠂ ᠬᠤᠶᠢᠰᠢᠲᠠ ᠶᠢᠨ ᠠᠵᠢᠯ ᠳᠣᠮᠳᠠ ᠪᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠮᠠᠷᠲᠠᠯ ᠦᠭᠡᠢ ᠦᠷᠭᠦᠯᠵᠢᠯᠡᠨ ᠴᠢᠷᠮᠠᠶᠢᠵᠦ᠂ ᠬᠤᠰᠢᠭᠤ ᠨᠣᠲᠤᠭ ᠤᠨ ᠢᠶᠠᠨ ᠠᠵᠦ ᠠᠬᠤᠢ ᠨᠡᠶᠢᠭᠡᠮ ᠤᠨ ᠬᠦᠭᠵᠢᠯᠲᠡ ᠳᠤ ᠦᠪᠡᠷ ᠤᠨ ᠭᠡᠰᠡᠨ ᠬᠦᠴᠦ ᠪᠠᠨ ᠡᠷᠭᠦᠨ᠎ᠡ ᠭᠡᠵᠦ ᠢᠲᠡᠭᠡᠯ ᠲᠡᠭᠦᠯᠳᠡᠷ ᠶᠠᠷᠢᠵᠦ ᠪᠠᠶᠢᠯ᠎ᠠ᠃    ᠭᠤᠷᠣᠬᠠᠨ ᠪᠠᠯᠭᠠᠰᠣᠨ ᠤ ᠣᠩᠭᠤᠨ ᠭᠠᠴᠠᠭᠠᠨ ᠤ ᠨᠠᠮ ᠤᠨ ᠡᠭᠦᠷ ᠭᠠᠴᠠᠭᠠᠨ ᠵᠦᠪᠯᠡᠯ ᠨᠢ ᠭᠠᠴᠠᠭᠠᠨ ᠤ ᠨᠠᠮ ᠤᠨ ᠭᠡᠰᠢᠭᠦᠨ᠂ ᠮᠠᠯᠴᠢᠳ ᠢᠶᠠᠨ ᠵᠣᠬᠢᠶᠠᠨ ᠪᠠᠶᠢᠭᠤᠯᠤᠨ᠂ ᠲᠣᠰ ᠭᠠᠴᠠᠭᠠᠨ ᠤ ᠨᠠᠮ ᠤᠨ ᠭᠡᠰᠢᠭᠦᠨ ᠤ ᠭᠤᠣᠯᠳᠠᠯᠭᠠᠲᠦ ᠡᠷᠦᠬᠡ ᠬᠠᠰᠴᠡᠴᠡᠭ ᠤᠨ ᠬᠢᠨ ᠳᠤ ᠨᠠᠮ ᠤᠨ ᠠᠷᠪᠠ ᠶᠢᠰᠦᠳᠦᠭᠡᠷ ᠣᠳᠠᠭᠠᠨ ᠤ ᠪᠦᠬᠦ ᠤᠯᠤᠰ ᠤᠨ  ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠬᠤᠢ ᠲᠠᠯᠠᠪᠠᠢ ᠶᠢᠨ ᠰᠢᠭᠤᠳ ᠨᠡᠪᠲᠡᠷᠡᠭᠦᠯᠭᠡ ᠶᠢ ᠬᠦᠯᠢᠶᠡᠨ ᠠᠪᠴᠦ ᠦᠵᠡᠭᠰᠡᠨ ᠪᠠᠶᠢᠨ᠎ᠠ᠃ ᠰᠢ ᠶᠢᠨ ᠫᠢᠩ ᠶᠡᠷᠦᠩᠬᠡᠢ ᠱᠦᠵᠢ ᠶᠢᠨ ᠶᠡᠭᠡ ᠬᠤᠷᠠᠯ ᠳᠤ ᠬᠢᠭᠰᠡᠨ ᠠᠵᠢᠯ ᠤᠨ ᠢᠯᠡᠳᠭᠡᠯ ᠨᠢ ᠣᠯᠠᠨ ᠤ ᠠᠩᠬᠠᠷᠣᠯ ᠢ ᠲᠠᠲᠠᠵᠦ᠂ ᠢᠯᠡᠳᠭᠡᠯ ᠳᠤ ᠲᠣᠷᠠᠳᠣᠭᠰᠠᠨ ᠴᠢᠬᠤᠯᠠ ᠶᠡᠭᠡ ᠠᠷᠭ᠎ᠠ ᠪᠣᠳᠣᠯᠭ᠎ᠠ ᠂ ᠰᠢᠨ᠎ᠡ ᠰᠡᠳᠬᠢᠮᠵᠢ ᠪᠣᠯᠣᠨ ᠠᠷᠠᠳ ᠤᠨ ᠠᠮᠢᠳᠣᠷᠠᠯ ᠳᠤ ᠬᠤᠯᠪᠣᠭᠳᠠᠭᠰᠠᠨ ᠭᠢᠯᠠᠰ ᠴᠡᠭ ᠤᠳ ᠨᠢ ᠦᠷᠭᠡᠨ ᠤᠯᠠᠨ ᠦᠨᠳᠦᠰᠦᠨ ᠱᠠᠲᠣᠨ ᠤ ᠨᠠᠮ ᠤᠨ ᠭᠡᠰᠢᠭᠦᠨ᠂ ᠮᠠᠯᠴᠢᠨ ᠲᠦᠮᠡᠨ ᠳᠤ ᠢᠲᠡᠭᠡᠯ ᠵᠣᠷᠢᠭ ᠣᠯᠭᠤᠵᠦ᠂ ᠨᠠᠮ ᠤᠨ ᠢᠶᠠᠨ ᠢᠲᠡᠭᠡᠯ ᠨᠠᠶᠢᠳᠠᠪᠦᠷᠢ ᠶᠢ ᠬᠦᠯᠢᠶᠡᠨ᠂ ᠨᠠᠮ ᠤᠨ ᠢᠶᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠡᠷᠡᠰ ᠬᠦᠷᠢᠶᠡᠯᠡᠨ᠂ ᠬᠤᠰᠢᠭᠤ ᠨᠣᠲᠤᠭ ᠤᠨ ᠢᠶᠠᠨ ᠬᠦᠭᠵᠢᠯᠲᠡ ᠬᠤᠪᠢᠷᠠᠯᠲᠠ ᠳᠤ ᠬᠦᠴᠦᠨ ᠵᠢᠳᠬᠦᠯ ᠢᠶᠠᠨ ᠦᠵᠡᠭᠦᠯᠬᠦ ᠡᠷᠴᠢ ᠵᠣᠷᠢᠭ ᠢ ᠨᠢ ᠬᠦᠪᠴᠢᠯᠡᠵᠦ  ᠪᠠᠶᠢᠯ᠎ᠠ᠃     ︽ᠪᠠᠶᠠᠰᠣᠯ︾ ᠨᠠᠰᠣᠲᠠᠶᠢᠴᠣᠳ ᠢ ᠠᠰᠠᠷᠠᠬᠤ ᠲᠣᠭᠤᠷᠢᠭ ᠲᠤ ᠮᠠᠯᠴᠢᠳ ᠠᠯᠢ ᠬᠡᠳᠦᠶᠢᠨ ᠬᠤᠷᠠᠯ ᠤᠨ ᠭᠡᠷ  ᠲᠤ ᠴᠤᠭᠯᠠᠷᠠᠵᠤ᠂ ᠶᠡᠭᠡ ᠬᠤᠷᠠᠯ ᠤᠨ ᠰᠢᠭᠤᠳ ᠨᠡᠪᠲᠡᠷᠡᠭᠦᠯᠭᠡ ᠶᠢ ᠬᠦᠯᠢᠶᠡᠨ  ᠦᠵᠡᠵᠦ᠂ ᠣᠶᠢᠷ᠎ᠠ ᠶᠢᠨ ᠵᠢᠯ ᠤᠨ ᠤᠯᠤᠰ ᠣᠷᠣᠨ ᠤ ᠪᠠᠨ ᠬᠦᠭᠵᠢᠯ ᠬᠤᠪᠢᠷᠠᠯᠲᠠ ᠶᠢ ᠪᠡᠶ᠎ᠡ  ᠪᠠᠷ ᠢᠶᠠᠨ ᠦᠩᠭᠡᠷᠡᠭᠦᠯᠦᠭᠰᠡᠨ ᠨᠠᠰᠣᠲᠠᠨ ᠪᠠᠶᠠᠷ ᠬᠦᠷ ᠢᠶᠠᠷ ᠳᠦᠭᠦᠷᠡᠩ ᠪᠠᠶᠢᠯ᠎ᠠ᠃    ᠦᠨᠤᠳᠣᠷ ᠬᠤᠰᠢᠭᠤ ᠬᠠᠷᠢᠶ᠎ᠠ ᠡᠯ᠎ᠡ ᠪᠠᠶᠢᠭᠤᠯᠭ᠎ᠠ ᠨᠢᠭᠡᠴᠡ ᠨᠢ ᠺᠠᠳ᠋ᠷ ᠠᠵᠢᠯᠲᠠᠳ ᠢᠶᠠᠨ ᠵᠤᠬᠢᠶᠠᠨ ᠪᠠᠶᠢᠭᠤᠯᠤᠨ᠂ ᠶᠡᠭᠡ ᠬᠤᠷᠠᠯ ᠤᠨ ᠡᠬᠢᠯᠡᠯᠲᠡ ᠶᠢᠨ ᠦᠪᠡᠳᠡᠭᠰᠢ  ᠶᠡᠭᠡ ᠪᠠᠶᠢᠳᠠᠯ ᠢ ᠬᠦᠯᠢᠶᠡᠨ ᠦᠵᠡᠵᠦ᠂ ᠤᠶᠢᠯᠭᠠᠯᠲᠠ ᠲᠦᠷᠦᠭᠳᠡᠯ ᠶᠡᠬᠡᠲᠡᠢ ᠪᠠᠶᠢᠵᠦ᠂ ᠶᠡᠷᠦᠩᠬᠡᠢ ᠱᠦᠵᠢ ᠰᠢ ᠶᠢᠨ ᠫᠢᠩ ᠨᠦᠬᠦᠷ ᠤᠨ ᠬᠢᠭᠰᠡᠨ ᠠᠵᠢᠯ ᠤᠨ ᠮᠡᠳᠡᠭᠦᠯᠦᠯᠲᠡ ᠶᠢ ᠦᠨᠳᠦᠰᠦᠨ ᠱᠠᠲᠣᠨ ᠤ ᠺᠠᠳ᠋ᠷ ᠠᠵᠢᠯᠲᠠᠳ ᠤᠨ ᠢᠲᠡᠭᠡᠯ ᠵᠣᠷᠢᠭ ᠢ ᠬᠦᠪᠴᠢᠯᠡᠭᠰᠡᠨ ᠠᠵᠢᠯ ᠤᠨ ᠮᠡᠳᠡᠭᠦᠯᠦᠯᠲᠡ ᠪᠣᠯᠣᠨ᠎ᠠ ᠭᠡᠵᠦ ᠦᠵᠡᠯ ᠨᠢᠭᠡᠲᠡᠢ ᠪᠠᠶᠢᠯ᠎ᠠ᠃    ᠪᠦᠬᠦ ᠬᠤᠰᠢᠭᠤᠨ ᠤ ᠡᠯ᠎ᠡ ᠦᠨᠳᠦᠰᠦᠲᠡᠨ ᠤ ᠦᠷᠭᠡᠨ ᠤᠯᠠᠨ ᠲᠦᠮᠡᠨ ᠨᠢ ᠨᠠᠮ ᠤᠨ ᠲᠦᠪ ᠬᠤᠷᠢᠶᠠᠨ ᠤ ᠠᠷᠠᠳ ᠢ ᠬᠠᠷᠠᠭᠠᠯᠵᠠᠬᠤ ᠲᠦᠷᠦ ᠶᠢᠨ ᠪᠣᠳᠣᠯᠭ᠎ᠠ᠂ ᠴᠦᠭᠡᠨ ᠲᠣᠭᠠᠲᠦ ᠦᠨᠳᠦᠰᠦᠲᠡᠨ ᠤ ᠭᠠᠵᠠᠷ ᠣᠷᠣᠨ ᠤ ᠠᠵᠦ ᠠᠬᠤᠢ ᠨᠡᠶᠢᠭᠡᠮ ᠤᠨ ᠬᠦᠭᠵᠢᠯᠲᠡ ᠶᠢ ᠬᠠᠷᠠᠭᠠᠯᠵᠠᠬᠤ ᠵᠡᠷᠭᠡ ᠠᠵᠢᠯ ᠳᠤ ᠠᠩᠬᠠᠷᠣᠯ ᠲᠦᠪᠯᠡᠷᠡᠵᠦ᠂ ᠪᠠᠯᠭᠠᠷᠭᠤᠣᠯ ᠪᠠᠯᠭᠠᠰᠣᠨ ᠤ ᠳᠣᠨᠣᠯᠵᠢᠨ ᠵᠠᠮ ᠳᠠᠬᠢ ᠲᠣᠮᠣ ᠡᠯᠧᠺᠲᠷᠣᠨ ᠳᠡᠯᠭᠡᠴᠡ ᠶᠢᠨ ᠡᠮᠦᠨ᠎ᠡ ᠤᠯᠠᠨ ᠰᠠᠭᠤᠭᠠᠯᠢ ᠠᠷᠠᠳ ᠪᠣᠯᠣᠨ ᠵᠢᠵᠢᠭᠦᠷᠯᠡᠵᠦ ᠪᠠᠶᠢᠭ᠎ᠠ ᠵᠠᠮ ᠬᠠᠷᠢᠯᠴᠠᠭᠠᠨ ᠤ ᠴᠠᠭᠳᠠᠭ᠎ᠠ ᠨᠠᠷ ᠴᠣᠭᠯᠠᠷᠠᠨ᠂ ᠰᠢ ᠶᠢᠨ ᠫᠢᠩ ᠶᠡᠷᠦᠩᠬᠡᠢ ᠱᠦᠵᠢ ᠶᠢᠨ ᠠᠵᠢᠯ ᠤᠨ ᠮᠡᠳᠡᠭᠦᠯᠦᠯᠲᠡ ᠶᠢ ᠰᠡᠳᠬᠢᠯ ᠲᠠᠯᠪᠢᠨ ᠰᠣᠨᠣᠰᠴᠦ᠂ ᠤᠯᠤᠰ ᠣᠷᠣᠨ ᠤ ᠪᠠᠨ ᠬᠤᠶᠢᠰᠢᠳᠠ ᠶᠢᠨ ᠬᠦᠭᠵᠢᠯᠲᠡ ᠳᠤ ᠰᠡᠳᠬᠢᠯ ᠲᠠᠯᠪᠢᠵᠦ ᠪᠠᠶᠢᠯ᠎ᠠ᠃    ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠮᠡᠳᠡᠭᠦᠯᠦᠯᠲᠡ ᠨᠢ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠦᠲᠦᠭᠡᠨ ᠪᠠᠶᠢᠭᠤᠯᠵᠦ᠂ ᠳᠣᠮᠳᠠᠳᠦ ᠤᠯᠤᠰ ᠤᠨ ᠣᠨᠴᠠᠯᠢᠭᠲᠤ ᠨᠡᠶᠢᠭᠡᠮ ᠵᠢᠷᠣᠮ ᠤᠨ ᠠᠭᠤᠣ ᠶᠡᠭᠡ ᠢᠯᠠᠯᠲᠠ ᠶᠢ ᠪᠡᠶᠡᠯᠡᠭᠦᠯᠦᠨ᠂ ᠨᠠᠮ ᠪᠣᠯᠣᠨ ᠤᠯᠤᠰ ᠤᠨ ᠠᠭᠤᠣ ᠶᠡᠭᠡ ᠠᠵᠢᠯ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠬᠤᠶᠢᠰᠢᠳᠠ ᠶᠢᠨ ᠠᠵᠢᠯ ᠰᠣᠷᠣᠯᠭ᠎ᠠ ᠳᠣᠮᠳᠠ ᠪᠠᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠦ᠂  ᠪᠣᠲᠠᠲᠠᠢ ᠳᠤ ᠨᠠᠶᠢᠳᠠᠪᠦᠷᠢᠵᠢᠭᠤᠯᠬᠤ ᠪᠠᠨ ᠴᠢᠷᠮᠠᠶᠢᠨ᠎ᠠ ᠭᠡᠵᠦ ᠨᠢᠭᠡᠳᠦᠯᠲᠡᠢ ᠦᠵᠡᠵᠡᠭᠡᠵᠦ ᠪᠠᠶᠢᠯ᠎ᠠ᠃
 
ᠢᠷᠡᠯᠲᠡ᠄ ᠬᠤᠰᠢᠭᠤ ᠷᠠᠳᠢᠤ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号