ᠪᠠᠷᠠᠭᠤᠨ ᠦᠵᠦᠮᠦᠴᠢᠨ ᠬᠤᠰᠢᠭᠤ ᠪᠦᠸᠧ ᠯᠥᠸᠧ ᠤᠯᠠᠨ ᠤᠯᠤᠰ ᠤᠨ ᠵᠢᠭᠤᠯᠴᠢᠯᠠᠭᠴᠢ ᠶᠢᠨ ᠺᠯᠦ᠋ᠪ ᠲᠠᠢ ᠬᠤᠷᠰᠢᠨ ᠠᠵᠢᠯᠯᠠᠬᠤ ᠲᠠᠯ᠎ᠠ ᠪᠠᠷ ᠶᠠᠷᠢᠯᠴᠠᠭᠰᠠᠨ
ᠨᠡᠶᠢᠲᠡᠯᠡᠭᠰᠡᠨ ᠴᠠᠭ᠄
2017-10-20
   10 ᠰᠠᠷ᠎ᠠ ᠶᠢᠨ 19 ᠤ ᠡᠳᠦᠷ᠂ ᠪᠦᠸᠧ ᠯᠦᠸᠧ ᠤᠯᠠᠨ ᠤᠯᠤᠰ ᠤᠨ ᠵᠢᠭᠤᠯᠴᠢᠯᠠᠭᠴᠢ ᠶᠢᠨ ᠬᠤᠷᠢᠶᠠᠨ ᠤ  ᠬᠢᠨ ᠮᠠᠨ ᠤ ᠬᠤᠰᠢᠭᠤ ᠲᠠᠢ ᠬᠤᠷᠰᠢᠨ ᠠᠵᠢᠯᠯᠠᠬᠤ ᠲᠠᠯ᠎ᠠ ᠪᠠᠷ ᠶᠠᠷᠢᠯᠴᠠᠵᠦ᠂ ᠬᠤᠰᠢᠭᠤ ᠣᠳᠣᠷᠢᠳᠣᠯᠭ᠎ᠠ ᠪᠠᠢ ᠶᠦᠩ ᠴᠦᠨ᠂ ᠴᠢᠯᠠᠭᠤ᠂ ᠲᠠᠶᠢᠫᠢᠩ᠂ ᠰᠣᠶᠣᠯᠲᠦ ᠨᠠᠷ ᠬᠤᠷᠠᠯ ᠳᠤ ᠣᠷᠣᠯᠴᠠᠪᠠ᠃    ᠪᠦᠸᠧ ᠯᠦᠸᠧ ᠤᠯᠠᠨ ᠤᠯᠤᠰ ᠤᠨ ᠵᠢᠭᠤᠯᠴᠢᠯᠠᠭᠴᠢ ᠶᠢᠨ ᠬᠤᠷᠢᠶᠠᠨ ᠤ ᠬᠢᠨ ᠤᠯᠠᠨ ᠤᠯᠤᠰ ᠤᠨ ᠠᠶᠠᠨᠴᠢᠨ ᠦᠭᠡᠢ ᠨᠢᠰᠭᠡᠯ ᠢᠶᠠᠷ ᠵᠢᠷᠣᠭᠯᠠᠨ ᠰᠡᠭᠦᠳᠡᠷᠯᠡᠬᠦ ᠣᠷᠣᠯᠳᠣᠭᠠᠨ ᠢ ᠲᠦᠰᠦᠪᠯᠡᠨ ᠡᠷᠬᠢᠯᠡᠬᠦ ᠲᠤᠬᠠᠢ ᠲᠠᠨᠢᠯᠴᠠᠭᠤᠯᠭ᠎ᠠ ᠬᠢᠵᠡᠢ᠃    ᠬᠤᠰᠢᠭᠤ ᠨᠠᠮ ᠤᠨ ᠬᠤᠷᠢᠶᠠᠨ ᠤ ᠱᠦᠵᠢ ᠪᠠᠢ ᠶᠦᠩ ᠴᠦᠨ ᠶᠠᠷᠢᠶᠠᠨ ᠳᠠᠭᠠᠨ᠄ ᠲᠦᠷᠦᠯ ᠵᠦᠢᠯ ᠤᠨ ᠠᠮᠵᠢᠯᠲᠠ ᠤᠯᠬᠤ ᠨᠢ ᠮᠠᠨ ᠤ ᠬᠤᠰᠢᠭᠤᠨ ᠤ ᠵᠢᠭᠤᠯᠴᠢᠯᠠᠯ ᠤᠨ ᠨᠡᠷᠡᠲᠦ ᠲᠡᠮᠳᠡᠭ ᠢ ᠡᠭᠦᠳᠴᠦ᠂ ᠵᠢᠭᠤᠯᠴᠢᠯᠠᠯ ᠤᠨ ᠳᠠᠶᠢᠴᠢᠯᠠᠯ ᠤᠨ ᠬᠦᠴᠦᠨ ᠢ ᠳᠡᠭᠡᠭᠰᠢᠯᠡᠭᠦᠯᠬᠦ ᠳᠤ ᠢᠳᠡᠪᠬᠢᠲᠡᠢ ᠦᠢᠯᠡᠳᠦᠯ ᠦᠵᠡᠭᠦᠯᠬᠦ ᠨᠢ ᠳᠠᠮᠵᠢᠭ ᠦᠭᠡᠢ᠃ ᠳᠠᠷᠠᠭᠠᠴᠢ ᠶᠢᠨ ᠠᠯᠬᠤᠮ ᠳᠤ ᠲᠦᠰᠦᠯ ᠢᠶᠠᠨ ᠨᠠᠷᠢᠯᠢᠭᠵᠢᠭᠤᠯᠬᠤ᠂ ᠬᠤᠷᠰᠢᠨ ᠠᠵᠢᠯᠯᠠᠬᠤ ᠠᠷᠭ᠎ᠠ ᠬᠡᠯᠪᠡᠷᠢ ᠪᠠᠨ ᠲᠣᠳᠣᠷᠬᠠᠢ ᠪᠣᠯᠭᠠᠵᠦ᠂ ᠵᠠᠬ᠎ᠠ ᠳᠡᠯᠭᠡᠭᠦᠷ ᠤᠨ ᠵᠢᠮ᠎ᠡ ᠶᠤᠰᠣ᠂ ᠵᠠᠬ᠎ᠠ ᠳᠡᠯᠭᠡᠭᠦᠷᠴᠢᠯᠡᠭᠰᠡᠨ ᠡᠷᠭᠢᠯᠲᠡ ᠶᠢ ᠦᠨᠳᠦᠰᠦᠯᠡᠨ᠂ ᠨᠡᠷᠡᠲᠦ ᠲᠡᠮᠳᠡᠭ ᠢ ᠡᠭᠦᠳᠴᠦ᠂ ᠭᠠᠵᠠᠷ ᠣᠷᠣᠨ ᠳᠤ ᠠᠵᠦ ᠠᠬᠤᠢ ᠪᠠ ᠨᠡᠶᠢᠭᠡᠮ ᠤᠨ ᠬᠦᠭᠵᠢᠯᠲᠡ ᠶᠢᠨ ᠦᠷ᠎ᠡ ᠠᠰᠢᠭ ᠢ ᠠᠪᠴᠢᠷᠠᠬᠤ ᠬᠡᠷᠡᠭᠲᠡᠢ ᠭᠡᠵᠡᠢ᠃    ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠡᠳ᠋ ᠳᠠᠷᠤᠭ᠎ᠠ ᠴᠢᠯᠠᠭᠤ ᠬᠤᠷᠠᠯ ᠳᠡᠭᠡᠷ᠎ᠡ ᠵᠢᠭᠠᠬᠤ ᠳᠠᠭᠠᠨ᠄ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠦ᠂ ᠲᠦᠰᠦᠯ ᠢᠶᠠᠨ ᠨᠠᠷᠢᠯᠢᠭᠵᠢᠭᠤᠯᠤᠨ᠂ ᠨᠡᠷᠡᠲᠦ ᠳᠡᠮᠳᠡᠭ ᠢ ᠡᠭᠦᠳᠦᠨ ᠪᠣᠷᠣᠯᠠᠭᠤᠯᠵᠦ᠂ ᠮᠠᠨ ᠤ ᠬᠤᠰᠢᠭᠤᠨ ᠤ ᠪᠠᠨ ᠨᠡᠷ᠎ᠡ ᠠᠯᠳᠠᠷᠰᠢᠯ ᠢ ᠳᠡᠭᠡᠭᠰᠢᠯᠡᠭᠦᠯᠦᠨ᠂ ᠵᠢᠭᠤᠯᠴᠢᠯᠠᠯ ᠤᠨ ᠠᠵᠦ ᠦᠢᠯᠡᠰ ᠤᠨ ᠬᠦᠭᠵᠢᠯᠲᠡ  ᠶᠢ ᠠᠬᠢᠭᠤᠯᠬᠤ ᠬᠡᠷᠡᠭᠲᠡᠢ ᠭᠡᠵᠡᠢ᠃    ᠬᠤᠰᠢᠭᠤ ᠳᠡᠳ᠋ ᠳᠠᠷᠤᠭ᠎ᠠ ᠲᠠᠶᠢᠫᠢᠩ᠂ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠰᠣᠶᠣᠯᠲᠦ ᠨᠠᠷ ᠬᠤᠷᠰᠢᠨ ᠠᠵᠢᠯᠯᠠᠬᠤ ᠲᠦᠰᠦᠯ ᠤᠨ ᠲᠣᠭᠤᠶᠢᠨ ᠳᠤ ᠪᠣᠳᠣᠯ ᠰᠠᠨᠠᠯ ᠢᠶᠠᠨ ᠰᠣᠯᠢᠯᠴᠠᠨ᠂ ᠬᠤᠷᠰᠢᠨ ᠠᠵᠢᠯᠯᠠᠬᠤ ᠠᠷᠭ᠎ᠠ ᠵᠠᠮ᠂ ᠠᠷᠠᠯᠵᠢᠶᠠᠴᠢᠨ ᠣᠷᠢᠵᠦ ᠪᠡᠯᠡ ᠲᠠᠲᠠᠬᠤ ᠵᠡᠷᠭᠡ ᠲᠠᠯ᠎ᠠ ᠪᠠᠷ ᠪᠣᠲᠠᠲᠠᠢ ᠰᠠᠨᠠᠯ ᠰᠠᠨᠠᠭᠤᠯᠭ᠎ᠠ ᠳᠣᠷᠠᠳᠴᠡᠢ
 
ᠢᠷᠡᠯᠲᠡ᠄ ᠬᠤᠰᠢᠭᠤ ᠷᠠᠳᠢᠤ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号