ᠪᠠᠷᠠᠭᠤᠨ ᠦᠵᠦᠮᠦᠴᠢᠨ ᠬᠤᠰᠢᠭᠤᠨ ᠤ ᠰᠤᠮᠤ ᠪᠠᠯᠭᠠᠰᠤ ᠬᠤᠶᠠᠷ ᠱᠠᠳᠤᠨ ᠤ ᠬᠤᠭᠤᠴᠠᠭ᠎ᠠ ᠬᠠᠯᠠᠬᠤ ᠰᠤᠩᠭᠤᠭᠤᠯᠢ ᠶᠢᠨ ᠠᠵᠢᠯ ᠡᠮᠬᠢ ᠴᠡᠭᠴᠡ ᠲᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2017-11-14
      11 ᠰᠠᠷ᠎ᠠ ᠶᠢᠨ 10 ᠤ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠪᠤᠯᠤᠨ ᠰᠤᠮᠤ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢ ᠰᠤᠩᠭᠤᠬᠤ ᠰᠤᠩᠭᠤᠭᠤᠯᠢ ᠶᠠᠪᠤᠭᠳᠠᠵᠤ᠂ ᠪᠦᠭᠦ ᠬᠤᠰᠢᠭᠤᠨ ᠤ ᠨᠡᠶᠢᠭᠡᠮ ᠤᠨ ᠡᠯ᠎ᠡ ᠲᠠᠯ᠎ᠠ ᠶᠢᠨ ᠰᠤᠩᠭᠤᠭᠤᠯᠢ ᠶᠢᠨ ᠠᠷᠠᠳ ᠨᠢ ᠰᠤᠩᠭᠤᠭᠤᠯᠢ ᠳᠤ ᠤᠷᠤᠯᠴᠠᠵᠤ᠂ ᠬᠠᠤᠯᠢ ᠴᠠᠭᠠᠵᠠ ᠠᠴᠠ ᠤᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠨᠢᠮᠪᠠᠢ ᠭᠦᠢᠴᠡᠳᠭᠡᠵᠤ ᠪᠠᠶᠢᠨ᠎ᠠ᠃      ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠠ᠂ ᠡᠯ᠎ᠡ ᠰᠤᠮᠤ ᠪᠠᠯᠭᠠᠰᠤ᠂ ᠠᠵᠤ ᠠᠬᠤᠶᠢᠯᠠᠯ᠂ ᠠᠵᠢᠯ ᠤᠶᠢᠯᠠᠰ ᠤᠨ ᠨᠢᠭᠡᠴᠠ᠂ ᠠᠷᠠᠳ ᠤᠨ ᠪᠦᠯᠭᠦᠮ ᠪᠤᠯᠤᠨ ᠨᠡᠶᠢᠭᠡᠮ ᠲᠤᠭᠤᠷᠢᠭ ᠤᠨ ᠰᠤᠩᠭᠤᠭᠤᠯᠢ ᠶᠢᠨ ᠠᠷᠠᠳ ᠰᠤᠩᠭᠤᠭᠤᠯᠢ ᠳᠤ ᠢᠳᠡᠪᠬᠢᠳᠠᠢ ᠤᠷᠤᠯᠴᠠᠵᠤ᠂ ᠬᠤᠰᠢᠭᠤ᠂ ᠰᠤᠮᠤ ᠪᠠᠯᠭᠠᠰᠤ ᠬᠤᠶᠠᠷ ᠱᠠᠳᠤᠨ ᠤ ᠠᠷᠠᠳ ᠤᠨ ᠲᠦᠯᠦᠭᠡᠯᠡᠭᠴᠢ ᠶᠢᠨ ᠶᠡᠭᠡ ᠬᠤᠷᠠᠯ ᠤᠨ ᠠᠷᠠᠳ ᠤᠨ ᠲᠦᠯᠦᠭᠡᠯᠡᠭᠴᠢ ᠶᠢ ᠰᠤᠩᠭᠤᠵᠠᠢ᠃ ᠡᠯ᠎ᠡ ᠰᠤᠩᠭᠤᠭᠤᠯᠢ ᠶᠢᠨ ᠲᠤᠭᠤᠷᠢᠭ ᠨᠢ ᠲᠤᠰᠪᠤᠷᠢ ᠰᠤᠩᠭᠤᠭᠤᠯᠢ ᠶᠢᠨ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶ᠎ᠠ᠂ ᠠᠷᠠᠳ  ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ  ᠶᠢᠨ ᠵᠦᠪᠯᠡᠯᠭᠡᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠤᠳᠤᠷᠢᠳᠤᠯᠭ᠎ᠠ ᠪᠤᠯᠤᠨ ᠰᠤᠩᠭᠤᠭᠤᠯᠢ ᠶᠢᠨ ᠲᠤᠭᠤᠷᠢᠭ ᠤᠨ ᠰᠤᠩᠭᠤᠭᠤᠯᠢ ᠶᠢᠨ ᠠᠷᠠᠳ ᠬᠠᠮᠳᠤᠪᠠᠷ ᠰᠤᠩᠭᠤᠭᠤᠯᠢ ᠶᠢᠨ ᠬᠠᠮᠢᠶ᠎ᠠ ᠪᠦᠭᠦᠢ ᠤᠴᠢᠷ ᠶᠠᠪᠤᠳᠠᠯ ᠤᠨ ᠲᠤᠳᠤᠷᠬᠠᠶᠢᠯᠠᠯᠳᠠ ᠶᠢ ᠰᠤᠨᠤᠰᠤᠭᠰᠠᠨ ᠤ ᠲᠠᠷᠠᠭ᠎ᠠ ᠰᠤᠩᠭᠤᠭᠤᠯᠢ ᠶᠠᠪᠤᠭᠤᠯᠤᠭᠰᠠᠨ ᠪᠠᠶᠢᠨ᠎ᠠ᠃ ᠪᠠᠶ᠎ᠠ ᠪᠠᠷ ᠢᠶᠠᠨ ᠤᠷᠤᠯᠴᠠᠵᠤ ᠲᠡᠶᠢᠯᠭᠦ ᠦᠭᠡᠢ ᠰᠤᠩᠭᠤᠭᠤᠯᠢ ᠶᠢᠨ ᠠᠷᠠᠳ ᠬᠠᠤᠯᠢ ᠲᠤᠭᠳᠠᠭᠠᠯ ᠤᠨ ᠠᠯᠬᠤᠮ ᠲᠠᠷᠠᠭ᠎ᠠ ᠶᠤᠰᠤᠭᠠᠷ ᠪᠤᠰᠤᠳ ᠲᠤ ᠨᠠᠶᠢᠳᠠᠵᠤ ᠫᠢᠶᠤᠤ ᠤᠯᠤᠭᠰᠠᠨ ᠪᠠᠶᠢᠨ᠎ᠠ᠃      ᠲᠤᠰ ᠤᠳᠠᠭᠠᠨ ᠤ ᠬᠤᠰᠢᠭᠤ ᠰᠤᠮᠤ ᠬᠤᠶᠠᠷ ᠱᠠᠳᠤᠨ ᠤ ᠠᠷᠠᠳ ᠤᠨ ᠲᠦᠯᠦᠭᠡᠯᠡᠭᠴᠢᠳ ᠤᠨ ᠬᠤᠭᠤᠴᠠᠭ᠎ᠠ ᠬᠠᠯᠠᠬᠤ ᠰᠤᠩᠭᠤᠭᠤᠯᠢ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠤ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠦᠳᠦᠭᠡᠨ ᠪᠠᠶᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠶᠠᠪᠤᠭᠳᠠᠭᠰᠠᠨ ᠪᠦᠭᠦ ᠠᠷᠠᠳ ᠤᠨ ᠤᠯᠤᠰ ᠲᠦᠷᠦ ᠶᠢᠨ ᠠᠮᠢᠳᠤᠷᠠᠯ ᠳᠠᠬᠢ ᠴᠢᠬᠤᠯᠠ ᠶᠠᠪᠤᠳᠠᠯ ᠪᠤᠯᠤᠨ᠎ᠠ᠃ ᠪᠦᠭᠦ ᠬᠤᠰᠢᠭᠤ ᠪᠠᠷ ᠢᠶᠠᠨ ᠲᠡᠭᠡᠳᠦ ᠭᠡᠮᠵᠢᠶ᠎ᠠ ᠪᠠᠷ ᠴᠢᠬᠤᠯᠠᠴᠢᠯᠠᠨ ᠦᠵᠡᠵᠤ᠂ ᠪᠠᠶᠢᠯᠳᠤᠬᠤ ᠪᠤᠳᠤᠯᠭ᠎ᠠ ᠪᠤᠯᠤᠨ ᠪᠦᠭᠦ ᠲᠠᠯ᠎ᠠ ᠶᠢᠨ ᠵᠤᠭᠰᠤᠴᠠ ᠠᠴᠠ ᠬᠤᠭᠤᠴᠠᠭ᠎ᠠ ᠬᠠᠯᠠᠬᠤ ᠰᠤᠩᠭᠤᠭᠤᠯᠢ ᠶᠢ ᠠᠳᠬᠤᠵᠤ᠂ ᠨᠠᠷᠢᠨ ᠨᠢᠮᠪᠠᠢ ᠵᠤᠬᠢᠶᠠᠨ ᠪᠠᠶᠢᠭᠤᠯᠵᠤ᠂ ᠨᠠᠷᠢᠯᠢᠭ ᠪᠠᠶᠢᠷᠢᠯᠠᠭᠤᠯᠤᠨ᠂ ᠬᠤᠭᠤᠴᠠᠭ᠎ᠠ ᠬᠠᠯᠠᠬᠤ ᠰᠤᠩᠭᠤᠭᠤᠯᠢ ᠶᠢᠨ ᠠᠵᠢᠯ ᠢ ᠠᠬᠢᠭᠤᠯᠵᠤ᠂ ᠰᠤᠩᠭᠤᠭᠤᠯᠢ ᠶᠢᠨ ᠶᠠᠪᠤᠴᠠ ᠶᠢᠨ ᠢᠯᠡ ᠲᠤᠳᠤ ᠠᠷᠠᠳᠴᠢᠯᠠᠯ ᠲᠠᠢ᠂ ᠲᠦᠷᠢᠮᠵᠢᠯ ᠲᠠᠢ᠂ ᠡᠮᠬᠢ ᠲᠠᠷᠠᠭ᠎ᠠ ᠲᠠᠢ ᠶᠠᠪᠤᠭᠳᠠᠬᠤ ᠶᠢ ᠪᠠᠳᠤᠯᠠᠨ᠂ ᠰᠤᠩᠭᠤᠭᠤᠯᠢ ᠶᠢᠨ ᠦᠷ᠎ᠠ ᠳ᠋ᠦᠩ ᠤᠨ ᠬᠠᠤᠯᠢ ᠶᠤᠰᠤᠨ ᠳᠤ ᠨᠡᠶᠢᠴᠡᠭᠦ ᠶᠢ ᠪᠠᠳᠤᠯᠠᠭᠰᠠᠨ ᠪᠠᠶᠢᠨ᠎ᠠ᠃      ᠡᠯ᠎ᠡ ᠰᠤᠩᠭᠤᠭᠤᠯᠢ ᠶᠢᠨ ᠲᠤᠭᠤᠷᠢᠭ ᠲᠤ ᠰᠤᠩᠭᠤᠭᠤᠯᠢ ᠶᠢᠨ ᠵᠦᠪᠯᠡᠯ ᠤᠨ ᠲᠤᠭᠳᠠᠭᠠᠯ ᠶᠤᠰᠤᠭᠠᠷ ᠰᠤᠩᠭᠤᠭᠤᠯᠢ ᠶᠢ ᠨᠠᠷᠢᠨ ᠬᠢᠨᠠᠮᠠᠭᠠᠢ ᠶᠠᠪᠤᠭᠤᠯᠵᠤ᠂ ᠦᠷᠭᠡᠨ ᠤᠯᠠᠨ ᠰᠤᠩᠭᠤᠭᠤᠯᠢ ᠶᠢᠨ ᠠᠷᠠᠳ ᠨᠢ ᠲᠡᠭᠡᠳᠦ ᠭᠡᠮᠵᠢᠶᠠᠨ ᠤ ᠤᠯᠤᠰ ᠲᠦᠷᠦ ᠶᠢᠨ ᠬᠠᠷᠢᠭᠤᠴᠠᠯᠭᠠᠳᠤ ᠰᠡᠳᠬᠢᠯᠭᠡ ᠪᠠᠷ ᠰᠤᠩᠭᠤᠭᠤᠯᠢ ᠳᠤ ᠤᠷᠤᠯᠴᠠᠵᠤ᠂ ᠬᠠᠤᠯᠢ ᠴᠠᠭᠠᠵᠠ ᠶᠢ ᠵᠢᠷᠤᠮᠯᠠᠨ ᠲᠠᠭᠠᠵᠤ᠂ ᠤᠯᠠᠨ ᠲᠦᠮᠡᠨ ᠲᠠᠢ ᠨᠢᠬᠳᠠ ᠬᠠᠷᠢᠯᠴᠠᠨ᠂ ᠨᠡᠶᠢᠭᠡᠮ ᠤᠨ ᠶᠤᠰᠤ ᠰᠤᠷᠳᠠᠬᠤᠨ ᠢ ᠰᠠᠬᠢᠵᠤ᠂ ᠠᠷᠢᠭᠤᠨ ᠴᠢᠭᠡᠴᠢ ᠲᠦᠪ ᠭᠤᠤᠯᠴᠢ ᠶᠢ ᠡᠷᠭᠢᠮᠯᠡᠨ᠂ ᠡᠭᠦᠷᠭᠡ ᠬᠠᠷᠢᠭᠤᠴᠠᠯᠭᠠᠳᠤ ᠰᠡᠳᠬᠢᠯᠭᠡ ᠪᠠᠷ ᠠᠷᠠᠳ ᠤᠨ ᠲᠦᠯᠦᠭᠡᠯᠡᠭᠴᠢ ᠶᠢ ᠰᠤᠩᠭᠤᠭᠰᠠᠨ ᠪᠠᠶᠢᠨ᠎ᠠ᠃
 
ᠢᠷᠡᠯᠲᠡ᠄ ᠬᠤᠰᠢᠭᠤ ᠷᠠᠳᠢᠤ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号