ᠪᠠᠷᠠᠭᠤᠨ ᠦᠵᠦᠮᠦᠴᠢᠨ ᠬᠤᠰᠢᠭᠤᠨ ᠤ ᠮᠠᠯᠴᠢᠳ ᠠᠮᠢ ᠠᠬᠤᠢ ᠪᠠᠨ ᠬᠠᠮᠠᠭᠠᠯᠠᠨ᠂ ᠣᠷᠣᠯᠭ᠎ᠠ ᠪᠠᠨ ᠨᠡᠮᠡᠭᠳᠡᠭᠦᠯᠬᠦ ᠬᠤᠣᠰ ᠦᠷ᠎ᠡ ᠠᠰᠢᠭ ᠢ ᠣᠯᠬᠤ ᠪᠠᠷ ᠴᠢᠷᠮᠠᠶᠢᠵᠦ ᠪᠠᠶᠢᠨ᠎ᠠ
ᠨᠡᠶᠢᠲᠡᠯᠡᠭᠰᠡᠨ ᠴᠠᠭ᠄
2017-11-14
   ᠦᠢᠷ᠎ᠠ  ᠶᠢᠨ ᠵᠢᠯ ᠳᠤ᠂ ᠮᠠᠨ ᠤ ᠬᠤᠰᠢᠭᠤ ᠲᠠᠯ᠎ᠠ ᠨᠣᠲᠤᠭ ᠤᠨ ᠠᠮᠢ ᠠᠬᠤᠢ ᠪᠠᠨ ᠬᠠᠮᠠᠭᠠᠯᠠᠬᠤ ᠶᠢᠨ ᠬᠠᠮᠲᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠪᠦᠬᠦ ᠲᠠᠯ᠎ᠠ ᠶᠢᠨ ᠬᠦᠭᠵᠢᠯᠲᠡ ᠶᠢᠨ ᠣᠨᠣᠯ ᠢᠶᠠᠷ ᠮᠠᠯ ᠠᠵᠦ ᠠᠬᠤᠢ ᠶᠢᠨ ᠦᠷᠭᠦᠯᠵᠢᠯᠡᠬᠦᠶᠢᠴᠡ ᠬᠦᠭᠵᠢᠯᠲᠡ ᠶᠢ ᠠᠬᠢᠭᠤᠯᠵᠦ  ᠪᠠᠶᠢᠨ᠎ᠠ᠃    ᠦᠢᠷ᠎ᠠ ᠶᠢᠨ ᠵᠢᠯ ᠤᠨ ᠲᠠᠯ᠎ᠠ ᠨᠣᠲᠤᠭ ᠤᠨ ᠠᠮᠢ ᠠᠬᠤᠢ ᠶᠢᠨ ᠮᠠᠭᠤᠳᠠᠯ ᠪᠠ ᠵᠠᠬ᠎ᠠ ᠳᠡᠯᠭᠡᠭᠦᠷ ᠤᠨ ᠮᠠᠯ ᠤᠨ ᠦᠨ᠎ᠡ ᠬᠠᠩᠰᠢ ᠪᠠᠭᠤᠷᠠᠭᠰᠠᠨ ᠪᠠᠶᠢᠳᠠᠯ ᠳᠤ ᠵᠣᠬᠢᠴᠠᠭᠤᠯᠤᠨ᠂ ᠮᠠᠨ ᠤ ᠬᠤᠰᠢᠭᠤᠨ ᠤ ᠪᠠᠶᠠᠨᠬᠤᠸᠠ ᠪᠠᠯᠭᠠᠰᠣᠨ ᠤ ᠠᠯᠳᠠᠨᠬᠢᠩᠭᠠᠨ ᠭᠠᠴᠠᠭᠠᠨ ᠤ ᠮᠠᠯᠴᠢᠨ ᠬᠡᠰᠢᠭᠲᠦᠭ᠌ᠲᠠᠬᠤ᠂ ᠨᠤᠲᠤᠭ ᠪᠡᠯᠴᠢᠭᠡᠷ ᠤᠨ ᠲᠡᠩᠴᠡᠭᠦᠷᠢ ᠪᠠᠨ ᠪᠠᠲᠣᠯᠠᠨ᠂ ᠡᠪᠡᠰᠦ ᠪᠡᠯᠴᠢᠭᠡᠷ ᠤᠨ ᠣᠷᠭᠤᠴᠠ ᠶᠢ ᠨᠡᠮᠡᠭᠳᠡᠭᠦᠯᠵᠦ᠂ ᠮᠠᠯ ᠤᠨ ᠡᠭᠦᠯᠳᠡᠷ ᠢᠶᠠᠨ ᠰᠠᠶᠢᠵᠢᠷᠠᠭᠤᠯᠤᠨ᠂ ᠦᠨᠳᠦᠷ ᠦᠷ᠎ᠡ ᠠᠰᠢᠭ ᠤᠯᠬᠤ ᠵᠤᠷᠢᠯᠲᠠ ᠠᠴᠠ ᠣᠣᠯ ᠤᠨ 5000 ᠮᠦ ᠨᠣᠲᠤᠭ ᠳᠡᠭᠡᠷ᠎ᠡ ᠪᠠᠨ 170 ᠲᠣᠯᠣᠭᠠᠢ ᠦᠬᠡᠷ᠂ 700 ᠭᠠᠷᠣᠢ ᠬᠤᠨᠢ ᠮᠠᠯᠵᠢᠵᠦ ᠪᠠᠶᠢᠭᠰᠠᠨ ᠠᠴᠠ ᠪᠠᠨ ᠣᠳᠣ ᠣᠯᠠᠮᠵᠢᠯᠠᠯᠲᠦ ᠮᠠᠯᠵᠢᠯ ᠤᠨ ᠬᠡᠯᠪᠡᠷᠢ ᠪᠠᠨ ᠦᠭᠡᠷᠡᠴᠢᠯᠡᠬᠦ ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠳᠡᠭᠡᠷ᠎ᠡ ᠱᠠᠲᠣᠨ ᠤ ︽ᠬᠤᠨᠢ ᠶᠢ ᠴᠦᠭᠡᠳᠭᠡᠨ᠂ ᠦᠬᠡᠷ ᠦᠰᠭᠡᠬᠦ︾ ᠲᠦᠷᠦ ᠶᠢᠨ ᠪᠣᠳᠣᠯᠭ᠎ᠠ ᠶᠢᠨ ᠣᠷᠢᠶᠠᠯᠭ᠎ᠠ ᠪᠠᠷ᠂ ᠦᠬᠡᠷ ᠤᠨ ᠡᠭᠦᠯᠳᠡᠷ ᠢᠶᠠᠨ ᠰᠠᠶᠢᠵᠢᠷᠠᠭᠤᠯᠬᠤ ᠪᠠᠷ ᠵᠣᠷᠢᠭ ᠰᠢᠭᠤᠳᠴᠦ᠂ 100 ᠲᠣᠯᠣᠭᠠᠢ ᠦᠬᠡᠷ ᠢᠶᠠᠨ ᠬᠤᠳᠠᠯᠳᠣᠵᠦ᠂ ᠨᠡᠮᠡᠵᠦ ᠳᠦᠷᠢᠶᠡᠰᠦᠯᠡᠭᠰᠡᠨ ᠪᠦᠬᠦ ᠨᠡᠶᠢᠲᠡ ᠲᠦᠮᠡᠨ ᠮᠦ ᠨᠣᠲᠤᠭ ᠪᠡᠯᠴᠢᠭᠡᠷ ᠳᠡᠭᠡᠷ᠎ᠡ ᠪᠠᠨ ᠦᠢᠷ᠎ᠠ ᠶᠢᠨ ᠡᠳᠦᠷ ᠠᠦ᠋ᠰᠲᠷᠢᠶ᠎ᠠ ᠣᠯᠤᠰ ᠤᠨ ᠴᠡᠪᠡᠷ ᠡᠭᠦᠯᠳᠡᠷ ᠤᠨ ᠦᠬᠡᠷ ᠢ 50 ᠲᠣᠯᠣᠭᠠᠢ ᠣᠷᠣᠭᠤᠯᠣᠨ ᠮᠠᠯᠵᠢᠵᠦ ᠡᠬᠢᠯᠡᠵᠡᠢ᠃    ᠮᠠᠨ ᠤ ᠬᠤᠰᠢᠭᠤ ᠲᠠᠯ᠎ᠠ ᠨᠣᠲᠤᠭ ᠤᠨ ᠠᠮᠢ ᠠᠬᠤᠢ ᠶᠢ ᠬᠠᠮᠠᠭᠠᠯᠠᠨ᠂ ᠨᠤᠲᠤᠭ ᠪᠡᠯᠴᠢᠭᠡᠷ ᠤᠨ ᠣᠷᠭᠤᠴᠠ ᠶᠢ ᠰᠡᠷᠭᠦᠭᠡᠬᠦ ᠪᠠᠷ ᠣᠷᠢᠳᠣᠯ ᠪᠣᠯᠭᠠᠨ᠂ ᠴᠦᠭᠡᠨ ᠮᠠᠯ ᠠᠴᠠ ᠦᠨᠳᠦᠷ ᠦᠷ᠎ᠡ ᠠᠰᠢᠭ ᠤᠯᠵᠦ᠂ ᠮᠠᠯᠴᠢᠳ ᠤᠨ ᠮᠠᠯ ᠠᠵᠦ ᠠᠬᠤᠢ ᠶᠢᠨ ᠣᠷᠣᠯᠭ᠎ᠠ ᠶᠢ ᠨᠡᠮᠡᠭᠳᠡᠭᠦᠯᠬᠦ ᠪᠠᠷ ᠬᠠᠷᠠᠯᠲᠠ ᠪᠠᠨ ᠪᠣᠯᠭᠠᠵᠦ᠂ ᠪᠦᠬᠦ ᠬᠤᠰᠢᠭᠤᠨ ᠤ ᠮᠠᠯ ᠠᠵᠦ ᠠᠬᠤᠢ ᠶᠢᠨ ᠬᠦᠭᠵᠢᠯᠲᠡ ᠶᠢᠨ ᠬᠠᠨᠳᠣᠰᠢ ᠲᠠᠢ ᠣᠶᠠᠯᠳᠣᠭᠤᠯᠣᠨ᠂ ᠦᠬᠡᠷ ᠤᠨ ᠡᠭᠦᠯᠳᠡᠷ ᠢ ᠰᠠᠶᠢᠵᠢᠷᠠᠭᠤᠯᠵᠦ᠂ ᠮᠠᠯ ᠤᠨ ᠦᠨ᠎ᠡ ᠬᠠᠩᠰᠢ ᠶᠢ ᠳᠡᠭᠡᠭᠰᠢᠯᠡᠭᠦᠯᠦᠨ᠂ ᠮᠠᠯᠴᠢᠳ ᠤᠨ ᠠᠵᠦ ᠠᠮᠢᠳᠣᠷᠠᠯ ᠢ ᠴᠢᠨᠡᠭᠡᠯᠢᠭᠵᠢᠭᠦᠯᠬᠦ ᠪᠠᠷ ᠴᠢᠷᠮᠠᠶᠢᠵᠦ᠂ ᠭᠠᠳᠠᠨ᠎ᠠ ᠠᠴᠠ ᠰᠢᠯᠢᠳᠡᠭ ᠡᠭᠦᠯᠳᠡᠷ ᠤᠨ ᠦᠬᠡᠷ ᠣᠷᠣᠭᠤᠯᠪᠠᠯ ᠳᠡᠭᠡᠳᠦ ᠱᠠᠲᠣᠨ ᠠᠴᠠ ᠨᠡᠶᠢᠭᠡᠮ ᠲᠣᠯᠣᠭᠠᠢ ᠦᠬᠡᠷ ᠲᠤ 5000 ᠲᠦᠭᠦᠷᠡᠭ ᠤᠨ ᠨᠦᠬᠦᠪᠦᠷᠢ ᠣᠯᠭᠤᠨ᠂ ᠮᠠᠯᠴᠢᠳ ᠤᠨ ᠮᠠᠯ ᠰᠦᠷᠦᠭ ᠤᠨ ᠪᠦᠲᠦᠴᠡ ᠳᠡᠭᠡᠨ ᠲᠣᠬᠢᠷᠠᠭᠤᠯᠣᠯᠲᠠ ᠬᠢᠵᠦ᠂ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠵᠦ ᠪᠠᠶᠢᠨ᠎ᠠ᠃
 
ᠢᠷᠡᠯᠲᠡ᠄ ᠬᠤᠰᠢᠭᠤ ᠷᠠᠳᠢᠤ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号