ᠪᠠᠷᠠᠭᠤᠨ ᠦᠵᠦᠮᠦᠴᠢᠨ ᠬᠤᠰᠢᠭᠤᠨ ᠤ 2017 ᠣᠨ ᠤ ᠰᠣᠷᠭᠠᠨ ᠬᠦᠮᠦᠵᠢᠯ ᠤᠨ ᠠᠵᠢᠯ ᠤᠨ ᠰᠠᠭᠤᠳᠠᠯ ᠤᠨ ᠬᠤᠷᠠᠯ ᠬᠤᠷᠠᠯᠳᠣᠭᠰᠠᠨ
ᠨᠡᠶᠢᠲᠡᠯᠡᠭᠰᠡᠨ ᠴᠠᠭ᠄
2017-11-14
   11 ᠰᠠᠷ᠎ᠠ ᠶᠢᠨ 12  ᠤ ᠡᠳᠦᠷ᠂ ᠮᠠᠨ ᠤ ᠬᠤᠰᠢᠭᠤᠨ ᠤ 2017 ᠣᠨ ᠤ ᠰᠣᠷᠭᠠᠨ ᠬᠦᠮᠦᠵᠢᠯ ᠤᠨ ᠠᠵᠢᠯ ᠤᠨ ᠰᠠᠭᠤᠳᠠᠯ ᠤᠨ ᠬᠤᠷᠠᠯ ᠬᠤᠷᠠᠯᠳᠣᠵᠦ᠂ ᠬᠤᠷᠠᠯ ᠠᠴᠠ ᠨᠠᠮ ᠤᠨ ᠠᠷᠪᠠ ᠶᠢᠰᠣᠳᠦᠭᠡᠷ ᠶᠡᠭᠡ ᠬᠤᠷᠠᠯ ᠤᠨ ᠰᠣᠷᠭᠠᠨ ᠬᠦᠮᠦᠵᠢᠯ ᠤᠨ ᠠᠵᠢᠯ ᠤᠨ ᠵᠢᠭᠠᠪᠦᠷᠢ ᠶᠢᠨ ᠵᠣᠷᠢᠭ ᠰᠠᠨᠠᠭ᠎ᠠ ᠶᠢ ᠰᠣᠷᠣᠯᠴᠠᠨ ᠲᠣᠣᠱᠯᠠᠭᠤᠯᠵᠦ᠂ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭᠠᠨ ᠤ ᠦᠨᠳᠦᠷ ᠪᠠᠷᠢᠮᠵᠢᠶ᠎ᠠ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠪᠠᠷ ᠰᠣᠷᠭᠠᠨ ᠬᠦᠮᠦᠵᠢᠯ ᠤᠨ ᠠᠵᠢᠯ ᠤᠨ ᠪᠠᠶᠢᠳᠠᠯ ᠢ ᠪᠣᠰᠣᠳᠴᠢ ᠪᠠᠷ ᠵᠠᠳᠠᠯᠤᠨ᠂ ᠮᠠᠨ ᠤ ᠬᠤᠰᠢᠭᠤᠨ ᠤ ᠰᠣᠷᠭᠠᠨ ᠬᠦᠮᠦᠵᠢᠯ ᠤᠨ ᠬᠦᠭᠵᠢᠯᠲᠡ ᠶᠢ ᠬᠢᠵᠢᠭᠠᠷᠯᠠᠵᠦ ᠪᠠᠶᠢᠭ᠎ᠠ ᠳᠣᠪᠣᠶᠢᠮ᠎ᠠ ᠰᠢᠯᠲᠠᠭᠠᠨ ᠪᠣᠯᠣᠨ ᠰᠢᠢᠳᠪᠦᠷᠢᠯᠡᠬᠦ ᠠᠷᠭ᠎ᠠ ᠪᠣᠳᠣᠯᠭ᠎ᠠ᠂ ᠠᠷᠭ᠎ᠠ ᠬᠡᠮᠵᠢᠶ᠎ᠡ ᠶᠢ ᠰᠣᠳᠣᠯᠣᠨ ᠶᠠᠷᠢᠯᠴᠠᠵᠦ᠂ ᠠᠵᠢᠯ ᠤᠨ ᠡᠭᠦᠷᠭᠡ ᠪᠠ ᠱᠠᠭᠠᠷᠳᠠᠯᠭ᠎ᠠ ᠶᠢ ᠤᠯᠠᠮ ᠲᠣᠳᠣᠷᠬᠠᠶᠢᠯᠠᠨ᠂ ᠳᠠᠷᠠᠭᠠᠴᠢ ᠶᠢᠨ ᠰᠣᠷᠭᠠᠨ ᠬᠦᠮᠦᠵᠢᠯ ᠤᠨ ᠠᠵᠢᠯ ᠳᠤ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠬᠤᠰᠢᠭᠤᠨ ᠤ ᠣᠳᠣᠷᠢᠳᠣᠯᠭ᠎ᠠ ᠪᠠᠢ ᠶᠦᠩ ᠴᠦᠨ᠂ ᠴᠢᠯᠠᠭᠤ᠂ ᠮᠥᠩᠭᠡ᠂ ᠣᠯᠠᠭᠠᠨ᠂ ᠴᠡᠩᠭᠡᠯᠲᠦ᠂ ᠪᠣᠯᠣᠳ ᠬᠤᠷᠠᠯ ᠳᠤ ᠣᠷᠣᠯᠴᠠᠵᠦ᠂ ᠴᠢᠯᠠᠭᠤ ᠬᠤᠷᠠᠯ ᠡᠷᠬᠢᠯᠡᠪᠡ᠃    ᠬᠤᠰᠢᠭᠤ ᠨᠠᠮ ᠤᠨ ᠬᠤᠷᠢᠶᠠᠨ ᠤ ᠱᠦᠵᠢ ᠪᠠᠢ ᠶᠦᠩ ᠴᠦᠨ ᠶᠠᠭᠤᠨ ᠤ ᠣᠷᠢᠳ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭᠠᠨ ᠳᠤ ᠭᠦᠨᠵᠡᠭᠡᠢ ᠲᠠᠶᠢᠯᠥᠮᠵᠢ ᠬᠢᠭᠰᠡᠨ ᠤ ᠬᠠᠮᠲᠦ᠂ ᠰᠣᠷᠭᠠᠭᠤᠯᠢ ᠶᠢᠨ ᠬᠦᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠵᠦᠪ ᠣᠨᠣᠪᠴᠢᠲᠡᠢ ᠲᠠᠨᠢᠵᠦ᠂ ᠨᠠᠮ ᠤᠨ ᠪᠠᠶᠢᠭᠤᠯᠤᠯᠲᠠ ᠪᠠ ᠰᠣᠷᠭᠠᠨ ᠬᠦᠮᠦᠵᠢᠯ ᠵᠢᠭᠠᠨ ᠰᠣᠷᠭᠠᠯᠲᠠ ᠶᠢᠨ ᠬᠠᠷᠢᠴᠠᠭ᠎ᠠ ᠶᠢ ᠵᠦᠪ ᠢᠶᠠᠷ ᠡᠵᠡᠮᠰᠢᠨ᠂ ᠨᠠᠮ ᠤᠨ ᠪᠠᠶᠢᠭᠤᠯᠤᠯᠲᠠ ᠪᠠᠷ ᠰᠣᠷᠭᠠᠨ ᠬᠦᠮᠦᠵᠢᠯ ᠤᠨ ᠦᠢᠯᠡᠰ ᠤᠨ ᠬᠦᠭᠵᠢᠯᠲᠡ ᠶᠢ ᠬᠦᠲᠦᠯᠦᠨ ᠳᠠᠭᠠᠭᠤᠯᠬᠤ ᠬᠡᠷᠡᠭᠲᠡᠢ᠃ ᠪᠦᠲᠦᠮᠵᠢᠲᠡᠢ ᠠᠷᠭ᠎ᠠ ᠬᠡᠮᠵᠢᠶ᠎ᠡ ᠠᠪᠴᠦ᠂ ᠰᠣᠷᠭᠠᠨ ᠬᠦᠮᠦᠵᠢᠯ ᠤᠨ ᠦᠢᠯᠡᠰ ᠢ ᠰᠠᠶᠢᠲᠣᠷ ᠠᠳᠬᠤᠨ᠂ ᠵᠢᠭᠠᠨ ᠰᠣᠷᠭᠠᠯᠲᠠ᠂ ᠪᠠᠭᠰᠢ ᠶᠢᠨ ᠡᠩᠨᠡᠭᠡ᠂ ᠬᠠᠮᠢᠶᠠᠷᠣᠯᠲᠠ ᠶᠢᠨ ᠳᠦᠷᠢᠮ᠂ ᠵᠢᠭᠠᠬᠤ ᠶᠢ ᠰᠣᠳᠣᠯᠬᠤ ᠡᠩᠨᠡᠭᠡ᠂ ᠪᠠᠭᠰᠢ ᠣᠷᠮᠠᠰᠢᠭᠤᠯᠬᠤ ᠵᠤᠬᠢᠴᠠᠮᠵᠢ ᠶᠢ ᠲᠡᠭᠦᠯᠳᠡᠷᠵᠢᠭᠦᠯᠬᠦ᠂ ᠰᠣᠷᠭᠠᠭᠤᠯᠢ ᠶᠢᠨ ᠬᠦᠷᠢᠶᠠᠨ ᠤ  ᠠᠮᠣᠷ ᠲᠦᠪᠰᠢᠨ᠂ ᠦᠵᠡᠯ ᠰᠠᠨᠠᠭ᠎ᠠ ᠶᠣᠰᠣ ᠮᠣᠷᠠᠯ ᠪᠣᠯᠣᠨ ᠰᠣᠷᠭᠠᠨ ᠬᠦᠮᠦᠵᠢᠯ ᠤᠨ ᠠᠵᠢᠯ ᠤᠨ ᠲᠠᠯ᠎ᠠ ᠳᠤ ᠣᠷᠣᠰᠢᠵᠦ ᠪᠠᠶᠢᠭ᠎ᠠ ᠠᠰᠠᠭᠤᠳᠠᠯ ᠢ ᠰᠠᠶᠢᠲᠣᠷ ᠰᠢᠢᠳᠪᠦᠷᠢᠯᠡᠨ᠂ ᠭᠤᠣᠯᠳᠠᠯᠭ᠎ᠠ ᠪᠠᠨ ᠠᠳᠬᠤᠵᠦ᠂ ᠳᠣᠲᠠᠭᠳᠠᠯ ᠢᠶᠠᠨ ᠨᠦᠬᠦᠪᠦᠷᠢᠯᠡᠨ᠂ ᠰᠣᠷᠭᠠᠨ ᠬᠦᠮᠦᠵᠢᠯ ᠤᠨ ᠪᠦᠬᠦ ᠲᠠᠯ᠎ᠠ ᠶᠢᠨ ᠵᠤᠬᠢᠴᠠᠩᠭᠤᠢ ᠬᠦᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ᠃ ᠳᠣᠮᠳᠠᠳᠦ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠣᠮ ᠤᠨ ᠰᠢᠨ᠎ᠡ ᠴᠠᠭ ᠦᠶ᠎ᠡ ᠳᠠᠬᠢ ᠰᠣᠷᠭᠠᠨ ᠬᠦᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠂ ᠴᠢᠳᠠᠪᠦᠷᠢᠲᠠᠨ ᠢ ᠬᠦᠮᠦᠵᠢᠭᠦᠯᠬᠦ ᠦᠨᠳᠦᠰᠦᠨ ᠡᠭᠦᠷᠭᠡ ᠪᠠᠨ ᠰᠠᠶᠢᠲᠣᠷ ᠨᠠᠶᠢᠳᠠᠪᠦᠷᠢᠵᠢᠭᠤᠯᠵᠦ᠂ ᠬᠡᠪ ᠴᠢᠨᠠᠷ ᠤᠨ ᠰᠣᠷᠭᠠᠨ ᠬᠦᠮᠦᠵᠢᠯ ᠢ ᠬᠦᠭᠵᠢᠭᠦᠯᠵᠦ᠂ ᠰᠣᠷᠭᠠᠨ ᠬᠦᠮᠦᠵᠢᠯ ᠤᠨ ᠠᠵᠢᠯᠲᠠᠳ ᠤᠨ ᠢᠳᠡᠪᠬᠢᠵᠢᠯ ᠢ ᠳᠠᠶᠢᠴᠢᠯᠠᠬᠤ ᠬᠡᠷᠡᠭᠲᠡᠢ᠃ ᠦᠷᠭᠡᠨ ᠤᠯᠠᠨ ᠪᠠᠭᠰᠢ ᠠᠵᠢᠯᠲᠠᠳ ᠨᠢ ᠠᠵᠢᠯ ᠤᠨ ᠪᠠᠶᠢᠷᠢᠨ ᠳᠠᠭᠠᠨ ᠭᠠᠪᠰᠢᠭᠠᠶᠢᠯᠠᠵᠦ᠂ ᠡᠭᠦᠷᠭᠡ ᠬᠠᠷᠢᠭᠤᠴᠠᠯᠭ᠎ᠠ  ᠢᠶᠠᠨ ᠭᠦᠢᠴᠡᠳᠭᠡᠨ᠂ ᠰᠣᠷᠭᠠᠭᠤᠯᠢ ᠡᠷᠬᠡᠪᠰᠢ ᠰᠣᠷᠭᠠᠨ ᠬᠦᠮᠦᠵᠢᠯ ᠤᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠪᠠᠷᠢᠮᠲᠠᠯᠠᠵᠦ᠂ ᠰᠣᠷᠭᠠᠨ ᠬᠦᠮᠦᠵᠢᠯ ᠤᠨ ᠦᠭᠡᠷᠡᠴᠢᠯᠡᠯᠲᠠ ᠶᠢ ᠬᠦᠨᠵᠡᠭᠡᠶᠢᠷᠡᠭᠦᠯᠦᠨ᠂ ᠤᠯᠠᠨ ᠲᠦᠮᠡᠨ ᠳᠤ ᠬᠠᠨᠣᠮᠵᠢᠲᠡᠢ ᠰᠣᠷᠭᠠᠨ ᠬᠦᠮᠦᠵᠢᠯ ᠤᠨ ᠬᠦᠭᠵᠢᠯᠲᠡ ᠶᠢ ᠠᠬᠢᠭᠤᠯᠬᠤ ᠬᠡᠷᠡᠭᠲᠡᠢ᠃    ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠴᠢᠯᠠᠭᠤ ᠣᠶᠢᠷ᠎ᠠ ᠶᠢᠨ ᠬᠤᠭᠤᠴᠠᠭᠠᠨ ᠤ ᠰᠣᠷᠭᠠᠨ ᠬᠦᠮᠦᠵᠢᠯ ᠤᠨ ᠠᠵᠢᠯ ᠳᠤ ᠪᠠᠶᠢᠷᠢᠯᠠᠭᠤᠯᠤᠯᠲᠠ ᠬᠢᠬᠦ ᠶᠢᠨ ᠬᠠᠮᠲᠦ᠂ ᠱᠠᠭᠠᠷᠳᠠᠬᠤ ᠳᠠᠭᠠᠨ᠄ ᠦᠵᠡᠯ ᠲᠠᠨᠢᠯᠲᠠ ᠪᠠᠨ ᠨᠢᠭᠡᠳᠭᠡᠵᠦ᠂ ᠠᠰᠠᠭᠤᠳᠠᠯ ᠢ ᠵᠦᠪ ᠣᠶᠢᠯᠭᠠᠨ᠂ ᠬᠠᠮᠲᠦ ᠶᠢᠨ ᠲᠠᠨᠢᠯᠲᠠ ᠶᠢ ᠪᠦᠷᠢᠯᠳᠣᠭᠦᠯᠵᠦ᠂ ᠰᠡᠳᠬᠢᠮᠵᠢ ᠲᠣᠳᠣᠷᠬᠠᠢ ᠪᠣᠯᠭᠠᠨ᠂ ᠪᠦᠬᠦ ᠬᠦᠴᠦᠨ ᠢᠶᠠᠷ ᠢᠶᠠᠨ ᠰᠣᠷᠭᠠᠨ ᠬᠦᠮᠦᠵᠢᠯ ᠤᠨ ᠠᠵᠢᠯ ᠢ ᠠᠬᠢᠭᠤᠯᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠦᠴᠢᠷ ᠪᠣᠯᠣᠨ ᠰᠣᠷᠭᠠᠭᠤᠯᠢ ᠨᠢ ᠬᠤᠷᠠᠯ ᠳᠡᠭᠡᠷᠡᠬᠢ ᠳᠣᠷᠠᠳᠣᠭᠰᠠᠨ ᠠᠰᠠᠭᠤᠳᠠᠯ ᠪᠣᠯᠣᠨ ᠰᠠᠨᠠᠭᠤᠯᠭ᠎ᠠ ᠳᠤ ᠨᠠᠷᠢᠨ ᠵᠠᠳᠠᠯᠤᠯᠲᠠ ᠬᠢᠵᠦ᠂ ᠠᠰᠠᠭᠤᠳᠠᠯ ᠤᠨ ᠣᠳᠣᠷᠢᠳᠣᠮᠵᠢ ᠶᠢ ᠳᠣᠪᠣᠶᠢᠯᠭᠠᠨ᠂ ᠮᠠᠨ ᠤ ᠬᠤᠰᠢᠭᠤᠨ ᠤ ᠰᠣᠷᠭᠠᠨ ᠬᠦᠮᠦᠵᠢᠯ ᠤᠨ ᠬᠦᠭᠵᠢᠯᠲᠡ ᠶᠢ ᠬᠢᠵᠢᠭᠠᠷᠯᠠᠵᠦ ᠪᠠᠶᠢᠭ᠎ᠠ ᠠᠰᠠᠭᠤᠳᠠᠯ ᠪᠤᠯᠤᠨ ᠬᠦᠴᠢᠷᠳᠡᠯ ᠢ ᠪᠦᠲᠦᠮᠵᠢᠲᠡᠢ ᠰᠢᠢᠳᠪᠦᠷᠢᠯᠡᠵᠦ᠂ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠲᠣᠰᠬᠠᠢ ᠲᠦᠷᠦᠯ  ᠤᠨ ᠪᠠᠶᠢᠴᠠᠭᠠᠨ ᠰᠣᠳᠣᠯᠣᠯᠲᠠ ᠬᠢᠵᠦ᠂ ᠰᠣᠷᠭᠠᠨ ᠬᠦᠮᠦᠵᠢᠯ ᠤᠨ ᠦᠢᠯᠡᠰ ᠤᠨ ᠬᠦᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ ᠭᠡᠵᠡᠢ᠃    ᠬᠤᠷᠠᠯ ᠠᠴᠠ ᠪᠦᠬᠦ ᠬᠤᠰᠢᠭᠤᠨ ᠤ ᠳᠣᠮᠳᠠᠳᠦ ᠪᠠᠭ᠎ᠠ ᠰᠣᠷᠭᠠᠭᠤᠯᠢ᠂ ᠴᠡᠴᠡᠷᠯᠢᠭ ᠤᠨ ᠬᠠᠮᠢᠶᠠᠷᠣᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠦ᠂ ᠪᠦᠬᠦ ᠠᠶᠢᠮᠠᠭ ᠤᠨ ᠰᠣᠷᠭᠠᠨ ᠬᠦᠮᠦᠵᠢᠯ ᠤᠨ ᠠᠵᠢᠯ ᠤᠨ ᠬᠤᠷᠠᠯ  ᠤᠨ ᠵᠣᠷᠢᠭ ᠰᠠᠨᠠᠭ᠎ᠠ ᠶᠢ ᠣᠯᠠᠮᠵᠢᠯᠠᠭᠰᠠᠨ ᠤ ᠬᠠᠮᠲᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠰᠣᠷᠭᠠᠨ ᠬᠦᠮᠦᠵᠢᠯ ᠤᠨ ᠬᠠᠮᠢᠶᠠᠲᠡᠢ ᠵᠢᠭᠠᠪᠦᠷᠢ᠂ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠣᠷᠣᠯᠴᠠᠨ ᠲᠣᠣᠱᠯᠠᠭᠤᠯᠤᠨ᠂ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭᠠᠨ ᠤ ᠦᠨᠳᠦᠷ ᠪᠠᠷᠢᠮᠵᠢᠶ᠎ᠠ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠪᠠᠷ ᠰᠣᠷᠭᠠᠨ ᠬᠦᠮᠦᠵᠢᠯ ᠤᠨ ᠠᠵᠢᠯ ᠢ ᠪᠠᠷᠢᠮᠵᠢᠶᠠᠯᠠᠨ᠂ ᠦᠢᠷ᠎ᠠ ᠶᠢᠨ ᠬᠤᠭᠤᠴᠠᠭᠠᠨ ᠤ ᠠᠵᠢᠯ ᠳᠠᠭᠠᠨ ᠳ᠋ᠦᠩᠨᠡᠯᠲᠡ ᠬᠢᠵᠦ᠂ ᠪᠦᠬᠦ ᠬᠤᠰᠢᠭᠤᠨ ᠤ ᠰᠣᠷᠭᠠᠨ ᠬᠦᠮᠦᠵᠢᠯ ᠤᠨ ᠠᠵᠢᠯ ᠳᠣᠮᠳᠠ ᠲᠣᠯᠭᠠᠷᠠᠵᠦ ᠪᠠᠶᠢᠭ᠎ᠠ ᠠᠰᠠᠭᠤᠳᠠᠯ ᠳᠤ ᠪᠣᠰᠣᠳᠴᠢ ᠪᠠᠷ ᠵᠠᠳᠠᠯᠤᠯᠲᠠ ᠬᠢᠵᠦ᠂ ᠬᠤᠶᠢᠰᠢᠲᠠ ᠶᠢᠨ ᠠᠵᠢᠯ ᠳᠠᠭᠠᠨ ᠪᠠᠶᠢᠷᠢᠯᠠᠭᠤᠯᠤᠯᠲᠠ ᠬᠢᠵᠡᠢ᠃    ᠬᠤᠷᠠᠯ ᠳᠤ ᠣᠷᠣᠯᠴᠠᠭᠰᠠᠳ ᠨᠢ ᠨᠠᠰᠣᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠣᠷᠲᠠᠬᠤᠨ᠂ ᠬᠠᠦᠯᠢᠵᠢᠭ᠌ᠰᠠᠨ ᠰᠣᠷᠭᠠᠨ ᠬᠦᠮᠦᠵᠢᠯ᠂ ᠨᠡᠶᠢᠭᠡᠮ ᠵᠢᠷᠦᠮ ᠤᠨ ᠭᠤᠤᠯᠯᠠᠬᠤ ᠦᠷᠲᠡᠭ ᠤᠨ ᠦᠵᠡᠯᠲᠡ᠂ ᠵᠢᠭᠠᠬᠤ ᠶᠢ ᠰᠣᠳᠣᠯᠬᠤ ᠠᠵᠢᠯ ᠢ ᠬᠦᠭᠵᠢᠬᠦᠯᠬᠦ᠂ ᠰᠣᠷᠭᠠᠭᠤᠯᠢ ᠶᠢᠨ ᠬᠦᠷᠢᠶᠡᠨ ᠤ ᠡᠷᠬᠢᠨ ᠲᠤᠭᠤᠷᠢᠨ ᠳᠠᠬᠢ ᠣᠷᠴᠢᠨ ᠲᠤᠭᠤᠷᠢᠨ ᠤ ᠡᠷᠡᠭᠦᠯ ᠬᠠᠮᠠᠭᠠᠯᠠᠯ᠂ ᠠᠮᠤᠷ ᠲᠦᠪᠰᠢᠨ ᠤ ᠠᠵᠢᠯ ᠤᠨ ᠲᠠᠯ᠎ᠠ ᠪᠠᠷ ᠰᠠᠨᠠᠯ ᠰᠠᠨᠠᠭᠤᠯᠭ᠎ᠠ ᠪᠠᠨ  ᠳᠤᠷᠠᠳᠴᠠᠢ᠃ ᠬᠤᠰᠢᠭᠤ ᠡᠯ᠎ᠡ ᠳᠣᠮᠳᠠᠳᠦ ᠪᠠᠭ᠎ᠠ ᠰᠣᠷᠭᠠᠭᠤᠯᠢ᠂ ᠴᠡᠴᠡᠷᠯᠢᠭ ᠤᠨ ᠬᠠᠷᠢᠭᠤᠴᠠᠯᠭᠠᠲᠠᠨ᠂ ᠬᠠᠮᠢᠶᠠᠲᠠᠢ ᠰᠠᠯᠠᠭ᠎ᠠ ᠮᠦᠴᠢᠷ ᠪᠣᠯᠣᠨ ᠠᠩᠬᠢ ᠶᠢᠨ ᠡᠷᠬᠢᠯᠡᠭᠴᠢ ᠠᠴᠠ ᠰᠣᠷᠭᠠᠨ ᠬᠦᠮᠦᠵᠢᠯ ᠤᠨ ᠶᠠᠰᠣ ᠴᠢᠨᠠᠷ ᠢ ᠳᠡᠭᠡᠭᠰᠢᠯᠡᠬᠦᠯᠬᠦ᠂ ᠰᠣᠷᠭᠠᠭᠤᠯᠢ ᠶᠢᠨ ᠰᠠᠭᠤᠷᠢ ᠪᠦᠲᠦᠭᠡᠨ ᠪᠠᠶᠢᠭᠤᠯᠤᠯᠲᠠ᠂ ᠰᠣᠷᠭᠠᠭᠤᠯᠢ ᠶᠢᠨ ᠬᠦᠷᠢᠶᠡᠨ ᠤ ᠬᠠᠮᠢᠶᠠᠷᠣᠯᠲᠠ᠂ ᠳᠦᠷᠢᠮ ᠤᠨ ᠪᠠᠶᠢᠭᠤᠯᠤᠯᠲᠠ᠂ ᠰᠣᠷᠭᠠᠨ ᠬᠦᠮᠦᠵᠢᠯ ᠤᠨ ᠦᠭᠡᠷᠡᠴᠢᠯᠡᠯᠲᠠ᠂ ᠪᠠᠭᠰᠢ ᠶᠢᠨ ᠡᠩᠨᠡᠭᠡ᠂ ᠰᠣᠷᠭᠠᠭᠤᠯᠢ ᠪᠤᠯᠤᠨ ᠭᠡᠷ ᠠᠬᠠᠮᠠᠳ ᠤᠨ ᠬᠠᠷᠢᠴᠠᠭᠠᠨ ᠤ ᠳᠣᠮᠲᠠ ᠣᠷᠣᠰᠢᠵᠦ ᠪᠠᠶᠢᠭ᠎ᠠ ᠠᠰᠠᠭᠤᠳᠠᠯ᠂ ᠢᠳᠡᠭᠡᠨ ᠤ ᠠᠮᠣᠷ ᠲᠦᠪᠰᠢᠨ᠂ ᠪᠠᠭᠰᠢ ᠨᠠᠷ ᠤᠨ ᠢᠳᠡᠪᠬᠢᠵᠢᠯ ᠢ ᠳᠠᠶᠢᠴᠢᠯᠠᠬᠤ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠪᠠᠨ ᠳᠣᠷᠠᠳᠣᠨ᠂ ᠪᠦᠬᠦ ᠬᠤᠰᠢᠭᠤᠨ ᠤ ᠰᠣᠷᠭᠠᠨ ᠬᠦᠮᠦᠵᠢᠯ ᠤᠨ ᠬᠦᠭᠵᠢᠯᠲᠡ ᠳᠤ ᠲᠣᠯᠭᠠᠷᠠᠵᠦ ᠪᠠᠶᠢᠭ᠎ᠠ ᠦᠷᠢᠰᠦᠯᠳᠦᠭᠡᠨ ᠪᠣᠯᠣᠨ ᠬᠦᠴᠢᠷᠳᠡᠯ ᠳᠤ ᠭᠦᠨᠵᠡᠭᠡᠢ ᠵᠠᠳᠠᠯᠤᠯᠲᠠ ᠬᠢᠵᠡᠢ᠃
 
ᠢᠷᠡᠯᠲᠡ᠄ ᠬᠤᠰᠢᠭᠤ ᠷᠠᠳᠢᠤ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号