ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠭᠢᠮ ᠤᠨ ᠮᠤᠩᠭᠤᠯ ᠭᠡᠯᠡᠨ ᠤ ᠰᠦᠯᠵᠢᠶᠠᠨ ᠪᠠᠶᠢᠭᠤᠯᠤᠯᠳᠠ ᠶᠢᠨ ᠠᠵᠢᠯ ᠢ ᠱᠠᠭᠠᠷᠳᠠᠨ ᠪᠠᠶᠢᠴᠠᠭᠠᠬᠤ ᠲᠤᠭᠤᠶᠢᠯᠠᠩ ᠪᠠᠷᠠᠭᠤᠨ ᠦᠵᠦᠮᠦᠴᠢᠨ ᠬᠤᠰᠢᠭᠤᠨ ᠳᠤ ᠠᠵᠢᠯ ᠪᠠᠶᠢᠴᠠᠭᠠᠵᠤ ᠵᠢᠭᠠᠨ ᠵᠢᠯᠤᠭᠤᠳᠤᠭᠰᠠᠨ
ᠨᠡᠶᠢᠲᠡᠯᠡᠭᠰᠡᠨ ᠴᠠᠭ᠄
2017-11-17
      11 ᠰᠠᠷ᠎ᠠ ᠶᠢᠨ 15 ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠢᠰᠲ᠋ᠧᠮ ᠤᠨ ᠮᠤᠩᠭᠤᠯ ᠭᠡᠯᠡᠨ ᠤ ᠰᠦᠯᠵᠢᠶᠠᠨ ᠪᠠᠶᠢᠭᠤᠯᠤᠯᠳᠠ ᠶᠢᠨ ᠠᠵᠢᠯ ᠤᠨ ᠤᠳᠤᠷᠢᠳᠬᠤ ᠲᠤᠭᠤᠶᠢᠯᠠᠩ ᠤᠨ ᠲᠡᠳ᠋ ᠲᠠᠷᠤᠭ᠎ᠠ ᠵᠢᠷᠭᠠᠯ᠂ ᠪᠠᠶᠠᠨᠪᠠᠭᠠᠳᠤᠷ ᠢᠶᠠᠷ ᠲᠤᠭᠤᠶᠢᠯᠠᠩ ᠤᠨ ᠲᠠᠷᠤᠭ᠎ᠠ ᠪᠤᠯᠭᠠᠭᠰᠠᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠭᠢᠮ ᠤᠨ ᠮᠤᠩᠭᠤᠯ ᠭᠡᠯᠡᠨ ᠤ ᠰᠦᠯᠵᠢᠶᠠᠨ ᠪᠠᠶᠢᠭᠤᠯᠤᠯᠳᠠ ᠶᠢᠨ ᠠᠵᠢᠯ ᠢ ᠱᠠᠭᠠᠷᠳᠠᠨ ᠪᠠᠶᠢᠴᠠᠭᠠᠬᠤ ᠲᠤᠭᠤᠶᠢᠯᠠᠩ ᠮᠠᠨ ᠤ ᠬᠤᠰᠢᠭᠤᠨ ᠳᠤ ᠠᠵᠢᠯ ᠪᠠᠶᠢᠴᠠᠭᠠᠵᠤ ᠵᠢᠭᠠᠨ ᠵᠢᠯᠤᠭᠤᠳᠤᠭᠰᠠᠨ ᠪᠠᠶᠢᠨ᠎ᠠ᠃
       ᠱᠠᠭᠠᠷᠳᠠᠨ ᠪᠠᠶᠢᠴᠠᠭᠠᠬᠤ ᠲᠤᠭᠤᠶᠢᠯᠠᠩ ᠨᠢ ᠶᠠᠭᠤᠨ ᠤ ᠤᠷᠢᠳ ᠰᠠᠭᠤᠳᠠᠯ ᠤᠨ ᠬᠤᠷᠠᠯ ᠬᠤᠷᠠᠯᠳᠤᠭᠤᠯᠵᠤ᠂ ᠬᠤᠰᠢᠭᠤ ᠤᠳᠤᠷᠢᠳᠤᠯᠭ᠎ᠠ ᠯᠢ ᠰᠢᠤᠸᠠᠢ ᠶᠢᠩ ᠤᠨ ᠬᠢᠭᠰᠡᠨ ᠮᠠᠨ ᠤ ᠬᠤᠰᠢᠭᠤᠨ ᠤ ᠦᠨᠳᠤᠰᠦᠨ ᠪᠠᠶᠢᠳᠠᠯ᠂ ᠮᠠᠨ  ᠤ ᠬᠤᠰᠢᠭᠤᠨ ᠤ ᠮᠤᠩᠭᠤᠯ ᠭᠡᠯᠡᠨ ᠤ ᠵᠠᠰᠠᠭ ᠤᠨ ᠶᠠᠪᠤᠳᠠᠯ ᠤᠨ ᠰᠦᠯᠵᠢᠶᠠᠨ ᠤ ᠠᠵᠢᠯ ᠤᠨ ᠠᠬᠢᠴᠠ᠂ ᠤᠳᠤᠷᠢᠳᠬᠤ ᠪᠠᠶᠢᠭᠤᠯᠤᠮᠵᠢ ᠪᠤᠯᠤᠨ ᠠᠵᠢᠯᠳᠠᠳ ᠤᠨ ᠲᠤᠬᠢᠷᠠᠭᠤᠯᠤᠯᠳᠠ᠂ ᠵᠠᠰᠠᠭ ᠤᠨ ᠤᠷᠳᠤᠨ ᠤ ᠮᠤᠩᠭᠤᠯ ᠭᠡᠯᠡᠨ ᠤ ᠰᠦᠯᠵᠢᠶᠠᠨ ᠤ ᠪᠠᠶᠢᠭᠤᠯᠤᠯᠳᠠ᠂ ᠤᠷᠴᠢᠭᠤᠯᠭ᠎ᠠ ᠶᠢᠨ ᠪᠠᠶᠢᠭᠤᠯᠤᠮᠵᠢ ᠪᠤᠯᠤᠨ ᠠᠵᠢᠯᠳᠠᠳ ᠤᠨ ᠲᠤᠬᠢᠷᠠᠭᠤᠯᠤᠯᠳᠠ ᠵᠢᠴᠢ ᠮᠤᠩᠭᠤᠯ ᠭᠡᠯᠡᠨ ᠤ ᠰᠦᠯᠵᠢᠶᠠᠨ ᠪᠠᠶᠢᠭᠤᠯᠤᠯᠳᠠ ᠶᠢᠨ ᠲᠤᠮᠳᠠ ᠤᠷᠤᠰᠢᠵᠤ ᠪᠠᠶᠢᠭ᠎ᠠ ᠭᠦᠴᠢᠷᠳᠠᠯ ᠵᠡᠷᠭᠡ ᠲᠠᠯ᠎ᠠ ᠪᠠᠷ ᠬᠢ ᠬᠠᠷᠢᠭᠤ ᠮᠡᠳᠡᠭᠦᠯᠦᠯᠳᠠ ᠶᠢ ᠰᠤᠨᠤᠰᠴᠠᠢ᠃
       ᠬᠠᠷᠢᠭᠤ ᠮᠡᠳᠡᠭᠦᠯᠦᠯᠳᠠ ᠶᠢ ᠰᠤᠨᠤᠰᠤᠭᠰᠠᠨ ᠤ ᠲᠠᠷᠠᠭ᠎ᠠ᠂ ᠱᠠᠭᠠᠷᠳᠠᠨ ᠪᠠᠶᠢᠴᠠᠭᠠᠬᠤ ᠲᠤᠭᠤᠶᠢᠯᠠᠩ ᠨᠢ ᠮᠠᠨ ᠤ ᠬᠤᠰᠢᠭᠤᠨ ᠤ ᠮᠤᠩᠭᠤᠯ ᠭᠡᠯᠡᠨ ᠤ ᠰᠦᠯᠵᠢᠶᠠᠨ ᠪᠠᠶᠢᠭᠤᠯᠤᠯᠳᠠ ᠶᠢᠨ ᠠᠵᠢᠯ ᠢ ᠭᠦᠢᠴᠡᠳ ᠨᠤᠳᠠᠯᠠᠬᠤ ᠶᠢᠨ ᠬᠠᠮᠳᠤ᠂ ᠬᠤᠷᠠᠯ ᠳᠤ ᠤᠷᠤᠯᠴᠠᠭᠰᠠᠳ ᠲᠠᠢ ᠪᠦᠭᠦ ᠤᠷᠤᠨ ᠤ ᠮᠤᠩᠭᠤᠯ ᠭᠡᠯᠡᠨ ᠤ ᠰᠦᠯᠵᠢᠶᠠᠨ ᠪᠠᠶᠢᠭᠤᠯᠤᠯᠳᠠ ᠶᠢᠨ ᠨᠦᠭᠦᠴᠡᠯ᠂ ᠮᠤᠩᠭᠤᠯ ᠭᠡᠯᠡᠨ ᠤ ᠰᠦᠯᠵᠢᠶᠠᠨ ᠪᠠᠶᠢᠭᠤᠯᠤᠯᠳᠠ ᠶᠢᠨ ᠤᠳᠤᠬᠢ ᠪᠠᠶᠢᠳᠠᠯ ᠪᠤᠯᠤᠨ ᠱᠠᠭᠠᠷᠳᠠᠯᠭ᠎ᠠ ᠵᠡᠷᠭᠡ  ᠶᠢᠨ ᠲᠤᠭᠤᠷᠢᠨ ᠳᠤ ᠮᠤᠩᠭᠤᠯ ᠭᠡᠯᠡᠨ ᠤ ᠰᠦᠯᠵᠢᠶᠠᠨ ᠤ ᠠᠵᠢᠯᠳᠠᠳ ᠤᠨ ᠲᠤᠬᠢᠷᠠᠭᠤᠯᠤᠯᠳᠠ᠂ ᠠᠵᠢᠯ ᠤᠨ ᠠᠯᠬᠤᠮ ᠲᠠᠷᠠᠭ᠎ᠠ᠂ ᠬᠠᠷᠢᠭᠤᠴᠠᠯᠭ᠎ᠠ ᠶᠢᠨ ᠲᠦᠷᠢᠮ ᠲᠤᠭᠳᠠᠭᠠᠯ ᠢ ᠲᠡᠭᠦᠯᠳᠡᠷᠵᠢᠭᠦᠯᠭᠦ᠂ ᠪᠠᠶᠢᠭᠤᠯᠤᠮᠵᠢ ᠶᠢᠨ ᠲᠤᠬᠢᠷᠠᠭᠤᠯᠤᠯᠳᠠ ᠂ ᠤᠷᠴᠢᠭᠤᠯᠭ᠎ᠠ ᠶᠢᠨ ᠠᠵᠢᠯ᠂ ᠰᠦᠯᠵᠢᠶᠠᠨ ᠤ ᠭᠡᠷᠡᠭᠯᠡᠯᠳᠠ ᠵᠡᠷᠭᠡ ᠲᠠᠯ᠎ᠠ ᠪᠠᠷ ᠪᠤᠳᠠᠳᠠᠢ ᠰᠠᠨᠠᠯ ᠰᠠᠨᠠᠭᠤᠯᠭ᠎ᠠ ᠪᠠᠨ ᠲᠤᠷᠠᠳᠤᠭᠰᠠᠨ ᠪᠠᠶᠢᠨ᠎ᠠ᠃
       ᠱᠠᠭᠠᠷᠳᠠᠨ ᠪᠠᠶᠢᠴᠠᠭᠠᠬᠤ ᠲᠤᠭᠤᠶᠢᠯᠠᠩ ᠠᠴᠠ ᠱᠠᠭᠠᠷᠳᠠᠬᠤ ᠳᠠᠭᠠᠨ᠂ ᠪᠦᠭᠦ ᠤᠷᠤᠨ ᠤ ᠮᠤᠩᠭᠤᠯ ᠭᠡᠯᠡᠨ ᠤ ᠰᠦᠯᠵᠢᠶᠠᠨ ᠤ ᠪᠠᠶᠢᠭᠤᠯᠤᠯᠳᠠ ᠶᠢᠨ ᠲᠤᠷᠰᠢᠯᠳᠠ ᠶᠢᠨ ᠴᠡᠭ ᠪᠤᠯᠤᠭᠰᠠᠨ ᠤ ᠬᠤᠪᠢ ᠳᠤ᠂ ᠪᠦᠭᠦ ᠤᠷᠤᠨ ᠤ ᠵᠠᠰᠠᠭ  ᠤᠨ ᠤᠷᠳᠤᠨ ᠤ ᠰᠢᠰᠲ᠋ᠧᠮ ᠤᠨ ᠮᠤᠩᠭᠤᠯ ᠭᠡᠯᠡᠨ ᠤ ᠰᠦᠯᠵᠢᠶᠠᠨ ᠪᠠᠶᠢᠭᠤᠯᠤᠯᠳᠠ ᠶᠢ ᠨᠢᠭᠡᠳᠦᠯᠳᠠᠢ ᠲᠦᠯᠦᠪᠵᠢᠭᠦᠯᠦᠨ ᠠᠬᠢᠭᠤᠯᠬᠤ ᠮᠡᠳᠡᠭᠳᠡᠯ ᠤᠨ ᠱᠠᠭᠠᠷᠳᠠᠯᠭ᠎ᠠ ᠶᠢ ᠦᠨᠳᠤᠰᠦᠯᠠᠨ᠂ ᠬᠠᠮᠢᠶ᠎ᠠ ᠪᠦᠭᠦᠢ ᠤᠳᠤᠷᠢᠳᠬᠤ ᠪᠠᠶᠢᠭᠤᠯᠤᠮᠵᠢ ᠪᠠᠨ ᠲᠡᠭᠦᠯᠳᠡᠷᠵᠢᠭᠦᠯᠵᠤ᠂ ᠠᠵᠢᠯ ᠤᠨ ᠡᠭᠦᠷᠭᠡ ᠪᠠᠨ ᠲᠤᠳᠤᠷᠬᠠᠶᠢᠯᠠᠨ᠂ ᠰᠦᠯᠵᠢᠶᠠᠨ ᠴᠡᠭ ᠤᠨ ᠤᠷᠴᠢᠭᠤᠯᠭ᠎ᠠ ᠨᠠᠶᠢᠷᠠᠭᠤᠯᠭ᠎ᠠ ᠪᠤᠯᠤᠨ ᠮᠡᠷᠭᠡᠵᠢᠯᠳᠠᠳ ᠤᠨ ᠠᠵᠢᠯᠳᠠᠨ ᠤ ᠲᠤᠬᠢᠷᠠᠭᠤᠯᠤᠯᠳᠠ ᠪᠠᠨ ᠤᠯᠠᠮ ᠴᠢᠨᠠᠬᠰᠢᠳᠠ ᠲᠡᠭᠦᠯᠳᠡᠷᠵᠢᠭᠦᠯᠭᠦ ᠭᠡᠷᠡᠭᠲᠡᠢ᠃ ᠤᠷᠤᠨ ᠨᠤᠳᠤᠭ ᠤᠨ ᠭᠦᠮᠦᠨ ᠤ ᠭᠦᠴᠦᠨ ᠤ ᠡᠬᠢ ᠪᠠᠶᠠᠯᠢᠭ ᠤᠨ ᠲᠤᠪᠴᠢᠶ᠎ᠠ᠂ ᠤᠷᠤᠨ ᠲᠤᠭᠠᠨ ᠤ ᠠᠯᠪᠠᠨ ᠭᠡᠷ᠂ ᠡᠳ᠋ ᠤᠨ ᠵᠠᠰᠠᠭ ᠵᠡᠷᠭᠡ ᠬᠠᠮᠢᠶ᠎ᠠ ᠪᠦᠭᠦᠢ ᠰᠠᠯᠠᠭ᠎ᠠ ᠮᠦᠴᠢᠷ ᠨᠢ ᠮᠤᠩᠭᠤᠯ ᠭᠡᠯᠡᠨ ᠤ ᠰᠦᠯᠵᠢᠶᠠᠨ ᠪᠠᠶᠢᠭᠤᠯᠤᠯᠳᠠ ᠶᠢᠨ ᠡᠯ᠎ᠡ ᠲᠦᠷᠦᠯ ᠤᠨ ᠠᠵᠢᠯ ᠲᠠᠢ ᠢᠳᠡᠪᠬᠢᠳᠠᠢ ᠬᠠᠮᠵᠢᠯᠴᠠᠵᠤ᠂ ᠮᠤᠩᠭᠤᠯ ᠭᠡᠯᠡᠨ ᠤ ᠰᠦᠯᠵᠢᠶᠠᠨ ᠪᠠᠶᠢᠭᠤᠯᠤᠯᠳᠠ ᠶᠢᠨ ᠠᠵᠢᠯ ᠳᠤ ᠪᠠᠳᠤᠯᠠᠭ᠎ᠠ ᠬᠠᠩᠭᠠᠬᠤ ᠭᠡᠷᠡᠭᠲᠡᠢ᠃ ᠡᠭᠦᠨ ᠤ ᠬᠠᠮᠳᠤ᠂ ᠰᠦᠯᠵᠢᠶᠠᠨ ᠴᠡᠭ ᠨᠢ ᠠᠭᠤᠯᠭ᠎ᠠ ᠶᠢᠨ ᠰᠢᠨᠡᠴᠢᠯᠠᠯᠳᠠ᠂ ᠮᠡᠷᠭᠡᠵᠢᠯ ᠤᠨ ᠬᠠᠮᠠᠭᠠᠯᠠᠯᠳᠠ᠂ ᠮᠠᠰᠢᠨ ᠲᠦᠭᠦᠭᠡᠷᠦᠮᠵᠢ ᠶᠢᠨ ᠲᠡᠭᠦᠯᠳᠡᠷᠵᠢᠯᠳᠠ᠂ ᠠᠮᠤᠷ ᠲᠦᠪᠰᠢᠨ ᠤ ᠬᠠᠮᠠᠭᠠᠯᠠᠯᠳᠠ ᠵᠡᠷᠭᠡ ᠲᠠᠯ᠎ᠠ ᠪᠠᠷ ᠬᠢ ᠠᠵᠢᠯ ᠢᠶᠠᠨ ᠪᠦᠭᠦ ᠲᠠᠯ᠎ᠠ ᠪᠠᠷ ᠠᠬᠢᠭᠤᠯᠬᠤ ᠭᠡᠷᠡᠭᠲᠡᠢ ᠭᠡᠵᠠᠢ᠃
      ᠱᠠᠭᠠᠷᠳᠠᠨ ᠪᠠᠶᠢᠴᠠᠭᠠᠬᠤ ᠲᠤᠭᠤᠶᠢᠯᠠᠩ ᠨᠢ ᠪᠠᠰᠠ ᠮᠠᠨ ᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠭᠡᠯᠡᠨ ᠤ ᠰᠦᠯᠵᠢᠶᠠᠨ ᠤ ᠠᠵᠢᠯ ᠪᠤᠯᠤᠨ ᠬᠠᠮᠢᠶ᠎ᠠ ᠪᠦᠭᠦᠢ ᠲᠠᠩᠰᠠ ᠲᠡᠮᠳᠡᠭᠯᠡᠯ ᠢ ᠠᠬᠤᠢ ᠲᠠᠯᠠᠪᠤᠷ ᠲᠤ ᠪᠠᠶᠢᠴᠠᠭᠠᠨ ᠦᠵᠡᠵᠤ᠂ ᠰᠦᠯᠵᠢᠶᠠᠨ ᠪᠠᠶᠢᠭᠤᠯᠤᠯᠳᠠ ᠶᠢᠨ ᠲᠠᠯ᠎ᠠ ᠪᠠᠷ ᠤᠷᠤᠰᠢᠵᠤ ᠪᠠᠶᠢᠭ᠎ᠠ ᠠᠰᠠᠭᠤᠳᠠᠯ ᠢ ᠠᠬᠤᠢ ᠲᠠᠯᠠᠪᠤᠷ ᠲᠤ ᠵᠢᠭᠠᠨ ᠵᠢᠯᠤᠭᠤᠳᠤᠭᠰᠠᠨ ᠪᠠᠶᠢᠨ᠎ᠠ᠃
 
ᠢᠷᠡᠯᠲᠡ᠄ ᠬᠤᠰᠢᠭᠤ ᠷᠠᠳᠢᠤ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号