ᠪᠠᠷᠠᠭᠤᠨ ᠦᠵᠦᠮᠦᠴᠢᠨ ᠬᠤᠰᠢᠭᠤ 2017ᠣᠨ ᠤ ︽ᠡᠷᠡᠭᠦᠯ ᠮᠡᠨᠳᠦ ᠶᠢ ᠠᠬᠢᠭᠤᠯᠬᠤ ᠣᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠶᠢᠨ ᠳᠠᠶᠢᠴᠢᠯᠠᠯᠲᠠ ᠶᠢᠨ ᠬᠤᠷᠠᠯ ᠬᠤᠷᠠᠯᠳᠣᠭᠰᠠᠨ
ᠨᠡᠶᠢᠲᠡᠯᠡᠭᠰᠡᠨ ᠴᠠᠭ᠄
2017-11-08
    ᠦᠪᠡᠷᠲᠡᠭᠡᠨ ᠵᠠᠰᠠᠬᠤ ᠣᠷᠣᠨ ᠤ ︽ᠡᠷᠡᠭᠦᠯ ᠮᠡᠨᠳᠦ ᠶᠢ ᠠᠬᠢᠭᠤᠯᠬᠤ ᠣᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠶᠢᠨ ᠱᠠᠭᠠᠷᠳᠠᠯᠭ᠎ᠠ ᠶᠢ ᠣᠯᠠᠨ ᠨᠢᠭᠡ ᠠᠯᠬᠤᠮ ᠨᠠᠶᠢᠳᠠᠪᠦᠷᠢᠵᠢᠭᠤᠯᠵᠦ᠂ ᠮᠠᠨ ᠤ ᠬᠤᠰᠢᠭᠤᠨ ᠤ ᠡᠷᠡᠭᠦᠯ ᠮᠡᠨᠳᠦ ᠶᠢ ᠠᠬᠢᠭᠤᠯᠬᠤ ᠬᠤᠰᠢᠭᠤ ᠰᠢᠶᠠᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠣᠰᠠᠳᠠ᠂ 11 ᠰᠠᠷ᠎ᠠ ᠶᠢᠨ 6 ᠤ ᠡᠳᠦᠷ᠂ ᠮᠠᠨ ᠤ ᠬᠤᠰᠢᠭᠤ ᠨᠢ 2017 ᠣᠨ ᠤ ︽ᠡᠷᠡᠭᠦᠯ ᠮᠡᠨᠳᠦ ᠶᠢ ᠠᠬᠢᠭᠤᠯᠬᠤ ᠣᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠶᠢᠨ ᠳᠠᠶᠢᠴᠢᠯᠠᠯᠲᠠ ᠶᠢᠨ ᠬᠤᠷᠠᠯ ᠬᠤᠷᠠᠯᠳᠣᠭᠰᠠᠨ ᠪᠠᠶᠢᠨ᠎ᠠ᠃    ᠬᠤᠷᠠᠯ ᠠᠴᠠ᠂ ᠪᠦᠬᠦ ᠣᠷᠣᠨ ᠤ ᠡᠷᠡᠭᠦᠯ ᠮᠡᠨᠳᠦ ᠶᠢ ᠠᠬᠢᠭᠤᠯᠬᠤ ᠬᠤᠰᠢᠭᠤ ᠰᠢᠶᠠᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠲᠤᠬᠠᠢ ᠲᠣᠷᠰᠢᠯᠭ᠎ᠠ ᠰᠣᠯᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠵᠦ᠂ ᠮᠠᠨ ᠤ ᠬᠤᠰᠢᠭᠤᠨ ᠤ ︽ᠡᠷᠡᠭᠦᠯ ᠮᠡᠨᠳᠦ ᠶᠢ ᠠᠬᠢᠭᠤᠯᠬᠤ ᠣᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠳᠤ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃    ᠣᠶᠢᠯᠭᠠᠭᠰᠠᠨ ᠢᠶᠠᠷ᠂ ᠵᠢᠯ ᠪᠣᠯᠭᠠᠨ ᠤ 11 ᠰᠠᠷ᠎ᠠ ᠪᠣᠯ  ᠪᠦᠬᠦ ᠣᠷᠣᠨ ᠤ ᠡᠷᠡᠭᠦᠯ ᠮᠡᠨᠳᠦ ᠶᠢ ᠠᠬᠢᠭᠤᠯᠬᠤ ᠣᠬᠠᠭᠤᠯᠭ᠎ᠠ ᠶᠢᠨ ᠰᠠᠷ᠎ᠠ ᠪᠣᠯᠣᠨ᠎ᠠ᠃ ᠡᠨᠡ ᠵᠢᠯ ᠤᠨ ᠡᠷᠡᠭᠦᠯ ᠮᠡᠨᠳᠦ ᠶᠢ ᠠᠬᠢᠭᠤᠯᠬᠤ ᠰᠠᠷ᠎ᠠ ᠲᠠᠢ ᠣᠶᠠᠯᠳᠣᠭᠤᠯᠣᠨ᠂ ᠮᠠᠨ ᠤ ᠬᠤᠰᠢᠭᠤ ᠨᠢ ᠲᠦᠪᠯᠡᠷᠡᠩᠭᠦᠢ ᠳᠠᠶᠢᠴᠢᠯᠠᠯᠲᠠ ᠬᠢᠵᠦ᠂ ᠡᠷᠡᠭᠦᠯ ᠮᠡᠨᠳᠦ ᠶᠢ ᠠᠬᠢᠭᠤᠯᠬᠤ ᠬᠤᠰᠢᠭᠤ ᠰᠢᠶᠠᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠰᠣᠷᠲᠠᠯ ᠣᠬᠠᠭᠤᠯᠭ᠎ᠠ ᠶᠢ ᠭᠦᠨᠵᠡᠭᠡᠶᠢᠷᠡᠭᠦᠯᠵᠦ᠂ ᠡᠷᠡᠭᠦᠯ ᠮᠡᠨᠳᠦ ᠬᠡᠪ ᠪᠣᠯᠪᠠᠰᠣᠷᠠᠯ ᠤᠨ ᠲᠣᠬᠠᠢ 66 ᠵᠣᠷᠪᠣᠰ ᠠᠭᠤᠯᠭ᠎ᠠ ᠶᠢ ᠲᠦᠭᠡᠮᠡᠨᠵᠢᠭᠦᠯᠦᠨ᠂ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠵᠦ᠂ ᠡᠷᠡᠭᠦᠯ ᠮᠡᠨᠳᠦ ᠶᠢᠨ ᠢᠨᠵᠧᠨᠧᠷᠢᠩ ᠤᠨ ᠪᠠᠶᠢᠭᠤᠯᠤᠯᠲᠠ ᠶᠢ ᠠᠬᠢᠭᠤᠯᠬᠤ ᠶᠢᠨ ᠬᠠᠮᠲᠦ᠂ ᠡᠷᠡᠭᠦᠯ ᠮᠡᠨᠳᠦ ᠠᠮᠢᠳᠣᠷᠠᠯ ᠤᠨ ᠳᠠᠳᠬᠠᠯ ᠢ ᠣᠬᠠᠭᠤᠯᠣᠨ ᠰᠣᠷᠲᠠᠯᠴᠢᠯᠠᠵᠦ᠂ ᠪᠦᠬᠦ ᠬᠤᠰᠢᠭᠤᠨ ᠤ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠲᠦᠯᠬᠢᠨ ᠠᠬᠢᠭᠤᠯᠬᠤ ᠪᠠᠷ ᠪᠠᠶᠢᠨ᠎ᠠ᠃    ᠬᠤᠰᠢᠭᠤ ᠣᠳᠣᠷᠢᠳᠣᠯᠭ᠎ᠠ ᠯᠢ ᠰᠢᠥᠸᠠᠢ ᠶᠢᠩ ᠬᠤᠷᠠᠯ ᠳᠡᠭᠡᠷᠡᠬᠢ ᠶᠠᠷᠢᠶᠠᠨ ᠳᠠᠭᠠᠨ᠂ ᠡᠯ᠎ᠡ ᠭᠠᠵᠠᠷ ᠣᠷᠣᠨ  ᠂ ᠡᠯ᠎ᠡ ᠰᠠᠯᠠᠭ᠎ᠠ ᠮᠦᠴᠢᠷ ᠨᠢ ᠡᠷᠡᠭᠦᠯ ᠮᠡᠨᠳᠦ ᠶᠢ ᠠᠬᠢᠭᠤᠯᠬᠤ ᠬᠤᠰᠢᠭᠤ ᠰᠢᠶᠠᠨ ᠤ ᠪᠦᠲᠦᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠴᠢᠬᠤᠯᠠ ᠴᠢᠨᠠᠷ ᠢ ᠨᠢ ᠭᠦᠢᠴᠡᠳ ᠲᠠᠨᠢᠵᠦ᠂ ᠡᠭᠦᠷᠭᠡ ᠬᠠᠷᠠᠯᠲᠠ ᠪᠠᠨ ᠳᠣᠳᠣᠷᠬᠠᠶᠢᠯᠠᠨ᠂ ᠡᠷᠡᠭᠦᠯ ᠮᠡᠨᠳᠦ ᠶᠢ ᠠᠬᠢᠭᠤᠯᠬᠤ ᠬᠤᠰᠢᠭᠤ ᠰᠢᠶᠠᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢᠶᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢᠨ ᠬᠠᠮᠲᠦ᠂ ᠨᠠᠷᠢᠨ ᠬᠢᠨᠠᠮᠠᠭᠠᠢ ᠨᠠᠶᠢᠳᠠᠪᠦᠷᠢᠵᠢᠭᠤᠯᠬᠤ ᠶᠢ ᠱᠠᠭᠠᠷᠳᠠᠭᠰᠠᠨ ᠪᠠᠶᠢᠨ᠎ᠠ᠃
 
ᠢᠷᠡᠯᠲᠡ᠄ ᠬᠤᠰᠢᠭᠤ ᠷᠠᠳᠢᠤ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号