ᠪᠠᠷᠠᠭᠤᠨ ᠦᠵᠦᠮᠦᠴᠢᠨ ᠬᠤᠰᠢᠭᠤᠨ ᠤ ᠣᠯᠠᠭᠠᠨᠮᠦᠴᠢᠷ ᠦᠨᠳᠦᠰᠦᠨ ᠱᠠᠲᠣᠨ ᠳᠤ ᠪᠠᠭᠤᠵᠦ᠂ ᠨᠠᠮ ᠤᠨ ᠠᠷᠪᠠ ᠶᠢᠰᠦᠳᠦᠭᠡᠷ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠨ ᠣᠬᠠᠭᠤᠯᠬᠤ ᠲᠣᠰᠬᠠᠢ ᠲᠣᠭᠯᠠᠯᠲᠠ ᠭᠠᠷᠭᠠᠭᠰᠠᠨ
ᠨᠡᠶᠢᠲᠡᠯᠡᠭᠰᠡᠨ ᠴᠠᠭ᠄
2017-12-01
   11 ᠰᠠᠷ᠎ᠠ ᠶᠢᠨ 26 ᠤ ᠡᠳᠦᠷ᠂ ᠬᠤᠰᠢᠭᠤᠨ ᠤ ᠣᠯᠠᠭᠠᠨᠮᠦᠴᠢᠷ ᠨᠢ ᠪᠠᠶᠠᠨᠬᠤᠰᠢᠭᠤ ᠰᠣᠮᠣᠨ ᠤ ᠬᠦᠷᠡᠯᠲᠦ ᠭᠠᠴᠠᠭᠠᠨ ᠤ ᠮᠠᠯᠵᠢᠬᠤ ᠡᠷᠦᠬᠡ ᠪᠠᠷ ᠬᠦᠷᠴᠦ᠂ ᠨᠠᠮ ᠤᠨ ᠠᠷᠪᠠ ᠶᠢᠰᠦᠳᠦᠭᠡᠷ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠨ ᠣᠬᠠᠭᠤᠯᠵᠦ ᠲᠣᠣᠱᠯᠠᠭᠤᠯᠬᠤ ᠲᠣᠰᠬᠠᠢ ᠲᠣᠭᠯᠠᠯᠲᠠ ᠭᠠᠷᠭᠠᠪᠠ᠃    ᠲᠣᠰ ᠠᠵᠢᠯᠯᠠᠭ᠎ᠠ ᠳᠤ᠂ ᠬᠤᠰᠢᠭᠤᠨ ᠤ ᠣᠯᠠᠭᠠᠨᠮᠦᠴᠢᠷ ᠤᠨ ᠲᠣᠭᠯᠠᠭᠴᠢᠳ ᠨᠢ ᠪᠠᠶᠠᠨᠬᠤᠰᠢᠭᠤ ᠰᠣᠮᠣᠨ ᠤ ᠬᠦᠷᠡᠯᠲᠦ ᠭᠠᠴᠠᠭᠠᠨ ᠤ ᠨᠠᠮ ᠤᠨ ᠭᠡᠰᠢᠭᠦᠨ ᠤ ᠭᠤᠤᠯᠳᠠᠯᠭᠠᠲᠦ ᠡᠷᠦᠬᠡ ᠰᠠᠶᠢᠬᠠᠨᠴᠡᠴᠡᠭ᠂ ᠦᠨᠢᠮ᠎ᠠ ᠶᠢᠨ ᠬᠢᠨ ᠢᠶᠠᠷ ᠬᠦᠷᠴᠦ᠂ ᠭᠤᠴᠦ ᠰᠠᠶᠢᠬᠠᠨ ᠣᠷᠠᠨ ᠰᠠᠶᠢᠬᠠᠨ ᠤ ᠲᠣᠭᠯᠠᠯᠲᠠ ᠪᠠᠨ  ᠰᠣᠨᠢᠷᠬᠠᠭᠤᠯᠬᠤ ᠶᠢᠨ ᠬᠠᠮᠲᠦ᠂ ᠮᠠᠯᠵᠢᠬᠤ ᠦᠢᠯᠡᠳᠪᠦᠷᠢᠯᠡᠯ ᠳᠤ ᠣᠷᠣᠯᠴᠠᠨ᠂ ᠮᠠᠯᠴᠢᠳ ᠤᠨ ᠦᠢᠯᠡᠳᠪᠦᠷᠢᠯᠡᠯ ᠠᠮᠢᠳᠣᠷᠠᠯ ᠢ ᠪᠡᠶᠡᠳᠡᠨ ᠣᠶᠢᠯᠭᠠᠪᠠ᠃    ᠲᠣᠭᠯᠠᠯᠲᠠ ᠳᠤ᠂ ᠬᠤᠰᠢᠭᠤᠨ ᠤ ᠣᠯᠠᠭᠠᠨᠮᠦᠴᠢᠷ ᠤᠨ ᠲᠤᠭᠯᠠᠭᠴᠢᠳ ᠠᠴᠠ ᠣᠷᠲᠦ ᠶᠢᠨ ᠳᠠᠭᠤᠤ᠂ ᠭᠤᠴᠣᠯᠠᠯ ᠳᠠᠭᠤᠤ᠂ ᠮᠣᠷᠢᠨ ᠬᠤᠭᠤᠷ ᠤᠨ ᠠᠶᠠᠯᠭᠤ ᠵᠡᠷᠭᠡ ᠣᠶᠠᠩᠭᠠᠳᠦ ᠰᠠᠶᠢᠬᠠᠨ ᠠᠶ᠎ᠠ ᠳᠠᠭᠤᠤ ᠪᠠᠨ ᠬᠤᠷᠠᠨ ᠴᠣᠭᠯᠠᠷᠠᠭᠰᠠᠨ ᠮᠠᠯᠴᠢᠨ ᠲᠦᠮᠡᠨ ᠳᠡᠭᠡᠨ ᠡᠷᠭᠦᠨ ᠳᠡᠪᠰᠢᠭᠦᠯᠵᠦ᠂ ᠠᠵᠢᠯ ᠤᠨ ᠴᠢᠯᠦᠭᠡᠨ ᠤ ᠬᠢᠨ ᠰᠣᠶᠣᠯ ᠤᠨ ᠠᠮᠢᠳᠣᠷᠠᠯ ᠢ ᠨᠢ ᠪᠠᠶᠠᠯᠢᠭᠵᠢᠭᠤᠯᠣᠨ᠂ ᠰᠢ ᠶᠢᠨ ᠫᠢᠩ ᠶᠡᠷᠦᠩᠬᠡᠢ ᠱᠦᠵᠢ ᠶᠢᠨ ᠣᠯᠠᠭᠠᠨᠮᠦᠴᠢᠷ ᠲᠤ ᠢᠯᠡᠭᠡᠭᠰᠡᠨ ᠢᠲᠡᠭᠡᠯ ᠨᠠᠶᠢᠳᠠᠯᠭ᠎ᠠ ᠶᠢ ᠪᠣᠳᠠᠳᠠᠶᠢᠴᠢᠯᠠᠨ ᠬᠡᠷᠡᠭᠵᠢᠭᠦᠯᠵᠦ᠂ ᠦᠨᠢ ᠡᠭᠦᠷᠢᠳᠡ ᠲᠠᠯ᠎ᠠ ᠨᠣᠲᠤᠭ ᠤᠨ ︽ᠬᠤᠪᠢᠰᠬᠠᠯᠲᠦ ᠣᠳᠬ᠎ᠠ ᠤᠷᠠᠯᠢᠭ ᠤᠨ ᠬᠦᠩᠭᠡᠨ ᠮᠣᠷᠢᠲᠦ ᠴᠡᠷᠢᠭ︾ ᠪᠣᠯᠬᠤ ᠬᠦᠰᠡᠯ ᠡᠪᠦᠷᠯᠡᠵᠦ᠂ ᠣᠯᠠᠭᠠᠨᠮᠦᠴᠢᠷ ᠤᠨ ᠦᠨᠢᠳᠡ ᠶᠢᠨ ᠦᠷᠨᠢᠩᠭᠦᠢ ᠬᠦᠭᠵᠢᠯᠲᠡ ᠨᠢ ᠠᠷᠠᠳ ᠲᠦᠮᠡᠨ ᠤᠷᠠᠯᠢᠭ ᠢ ᠬᠡᠷᠡᠭᠰᠡᠨ᠎ᠡ᠂ ᠣᠷᠠᠯᠢᠭ ᠴᠦ ᠠᠷᠠᠳ ᠲᠦᠮᠡᠨ ᠢ ᠬᠡᠷᠡᠭᠰᠡᠨ᠎ᠡ ᠭᠡᠬᠦ ᠵᠣᠷᠢᠭ ᠰᠠᠨᠠᠭ᠎ᠠ ᠶᠢ ᠪᠠᠳᠠᠷᠠᠭᠤᠯᠵᠦ᠂ ᠨᠡᠩ ᠤᠯᠠᠨ ᠰᠢᠨ᠎ᠡ ᠣᠷᠠᠨ ᠪᠦᠲᠦᠭᠡᠯ ᠢ ᠮᠠᠯᠴᠢᠨ ᠲᠦᠮᠡᠨ ᠳᠡᠭᠡᠨ ᠬᠦᠷᠲᠡᠭᠡᠭᠰᠡᠭᠡᠷ ᠢᠷᠡᠵᠡᠢ᠃
 
ᠢᠷᠡᠯᠲᠡ᠄ ᠬᠤᠰᠢᠭᠤ ᠷᠠᠳᠢᠤ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号