ᠪᠠᠷᠠᠭᠤᠨ ᠦᠵᠦᠮᠦᠴᠢᠨ ᠬᠤᠰᠢᠭᠤ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢ ᠶᠢᠰᠦᠳᠦᠭᠡᠷ ᠣᠳᠠᠭᠠᠨ ᠤ ᠬᠤᠷᠠᠯ ᠬᠤᠷᠠᠯᠳᠣᠭᠰᠠᠨ
ᠨᠡᠶᠢᠲᠡᠯᠡᠭᠰᠡᠨ ᠴᠠᠭ᠄
2017-12-01
  11 ᠰᠠᠷ᠎ᠠ ᠶᠢᠨ 29 ᠤ ᠡᠳᠦᠷ᠂ ᠮᠠᠨ ᠤ ᠬᠤᠰᠢᠭᠤ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢ ᠶᠢᠰᠦᠳᠦᠭᠡᠷ ᠣᠳᠠᠭᠠᠨ ᠤ ᠬᠤᠷᠠᠯ ᠬᠤᠷᠠᠯᠳᠣᠭᠤᠯᠵᠦ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠭᠠᠨ᠎ᠠ᠂ ᠳᠡᠳ᠋ ᠡᠷᠬᠢᠯᠡᠭᠴᠢ ᠰᠠᠷᠠᠨᠲᠣᠶᠠᠭ᠎ᠠ᠂ ᠪᠤᠤ ᠯᠢᠶᠠᠨ ᠴᠧᠩ᠂ ᠼᠦᠢ ᠹᠦ᠋ ᠴᠢᠶᠠᠩ ᠪᠣᠯᠣᠨ ᠪᠣᠰᠣᠳ ᠳᠣᠭᠤᠶᠢᠯᠠᠩ ᠤᠨ ᠭᠡᠰᠢᠭᠦᠳ ᠬᠤᠷᠠᠯ ᠳᠤ ᠣᠷᠣᠯᠴᠠᠵᠠᠢ᠃     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠭᠤᠣ ᠰᠢᠶᠤᠤ ᠪᠦᠸᠧ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠣᠳᠣᠷᠢᠳᠬᠤ ᠳᠣᠭᠤᠶᠢᠯᠠᠩ ᠤᠨ ᠭᠡᠰᠢᠭᠦᠨ ᠲᠠᠶᠢᠫᠢᠩ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠬᠢᠨᠠᠨ ᠪᠣᠳᠣᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶᠠᠨ ᠤ ᠬᠠᠷᠢᠭᠤᠴᠠᠯᠭᠠᠲᠠᠨ ᠪᠣᠯᠣᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠪᠯᠡᠯ ᠤᠨ 12 ᠠᠯᠪᠠᠨ ᠭᠡᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠭᠰᠠᠨ ᠪᠠᠶᠢᠨ᠎ᠠ᠃     ᠬᠤᠷᠠᠯ ᠳᠤ᠂ ᠬᠤᠰᠢᠭᠤ ᠵᠠᠰᠠᠭ ᠤᠨ ᠣᠷᠳᠣᠨ ᠤ ︽ᠪᠠᠷᠠᠭᠤᠨ ᠦᠵᠦᠮᠦᠴᠢᠨ ᠬᠤᠰᠢᠭᠤᠨ ᠤ 2016 ᠤᠨ ᠤ ᠲᠣᠰ ᠱᠠᠲᠣᠨ ᠤ ᠲᠦᠰᠦᠪ ᠢ ᠭᠦᠢᠴᠡᠳᠭᠡᠬᠦ ᠪᠣᠯᠣᠨ ᠡᠳ᠋ ᠤᠨ ᠵᠠᠰᠠᠭ ᠤᠨ ᠪᠣᠰᠣᠳ ᠣᠷᠣᠯᠭ᠎ᠠ ᠵᠠᠷᠣᠯᠭ᠎ᠠ ᠶᠢᠨ ᠪᠠᠶᠢᠳᠠᠯ ᠢ ᠬᠢᠨᠠᠨ ᠪᠣᠳᠣᠭᠰᠠᠨ ᠠᠵᠢᠯ ᠤᠨ ᠲᠣᠬᠠᠢ ᠮᠡᠳᠡᠭᠦᠯᠦᠯᠲᠡ︾ ᠪᠣᠯᠣᠨ ︽ᠪᠠᠷᠠᠭᠤᠨ ᠦᠵᠦᠮᠦᠴᠢᠨ ᠬᠤᠰᠢᠭᠤᠨ ᠤ 2017 ᠣᠨ ᠤ ᠡᠳ᠋ ᠤᠨ ᠵᠠᠰᠠᠭ ᠤᠨ ᠲᠦᠰᠦᠪ ᠤᠨ ᠲᠤᠬᠢᠷᠠᠭᠤᠯᠤᠯᠲᠠ ᠶᠢᠨ ᠲᠦᠰᠦᠯ ᠤᠨ ᠲᠤᠬᠠᠢ ᠮᠡᠳᠡᠭᠦᠯᠦᠯᠲᠡ︾ ᠶᠢ ᠰᠣᠨᠣᠰᠴᠦ᠂ ᠬᠢᠨᠠᠨ ᠪᠠᠲᠣᠯᠠᠵᠡᠢ᠃     ᠬᠤᠰᠢᠭᠤ᠂ ᠰᠣᠮᠣ ᠪᠠᠯᠭᠠᠰᠣ ᠬᠤᠶᠠᠷ ᠱᠠᠲᠣᠨ ᠤ ᠰᠣᠩᠭᠤᠭᠤᠯᠢ ᠶᠢᠨ ᠵᠦᠪᠯᠡᠯ ᠤᠨ ᠪᠦᠷᠢᠯᠳᠦᠭᠦᠨ ᠲᠣᠰ ᠱᠠᠲᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠵᠢᠩᠬᠢᠨᠢ ᠵᠢᠱᠢᠭᠳᠡᠭᠰᠡᠳ ᠪᠤᠯᠤᠭᠰᠠᠨ ᠤ ᠳᠠᠷᠠᠭ᠎ᠠ᠂ ᠰᠣᠩᠭᠤᠭᠤᠯᠢ ᠶᠢᠨ ᠵᠦᠪᠯᠡᠯ ᠤᠨ ᠭᠡᠰᠢᠭᠦᠨ ᠲᠣᠰᠢᠶᠠᠯ ᠠᠴᠠ ᠪᠠᠨ ᠪᠠᠭᠤᠬᠤ ᠬᠦᠮᠦᠰ ᠤᠨ ᠨᠡᠷᠡᠰ ᠢ ᠨᠡᠶᠢᠲᠡᠯᠡᠵᠦ᠂ ︽ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠳᠠᠪᠣᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠬᠢᠷᠢ ᠬᠡᠮ ᠢ ᠬᠢᠨᠠᠨ ᠪᠠᠶᠢᠴᠠᠭᠠᠭᠰᠠᠨ ᠮᠡᠳᠡᠭᠦᠯᠦᠯᠲᠡ︾ ᠶᠢ ᠬᠢᠨᠠᠨ ᠪᠠᠲᠣᠯᠠᠬᠰᠠᠨ ᠤ ᠬᠠᠮᠲᠦ᠂ ᠮᠠᠨ ᠤ ᠬᠤᠰᠢᠭᠤᠨ ᠤ ᠠᠷᠪᠠᠨ ᠳᠠᠪᠣᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠣᠭᠠᠷ ᠣᠳᠠᠭᠠᠨ ᠤ ᠬᠤᠷᠠᠯ ᠤᠨ ᠬᠤᠷᠠᠯᠳᠣᠬᠤ ᠴᠠᠭ ᠤᠨ ᠰᠣᠳᠣᠯᠣᠨ ᠲᠣᠭᠲᠠᠵᠤ᠂ ᠬᠠᠮᠢᠶᠠᠲᠠᠢ ᠠᠰᠠᠭᠤᠳᠠᠯ ᠢ ᠵᠦᠪᠯᠡᠨ ᠶᠠᠷᠢᠯᠴᠠᠵᠡᠢ᠃ ᠬᠤᠷᠠᠯ ᠠᠴᠠ ᠪᠠᠰᠠ ᠺᠠᠳ᠋ᠷ ᠤᠨ ᠲᠣᠰᠢᠶᠠᠯ ᠠᠴᠠ ᠣᠭᠴᠠᠷᠠᠭᠤᠯᠤᠨ ᠳᠡᠪᠰᠢᠭᠦᠯᠬᠦ ᠶᠠᠪᠣᠳᠠᠯ ᠳᠤ ᠪᠢᠯᠧᠲ ᠦᠭᠴᠦ ᠪᠠᠲᠣᠯᠠᠭᠰᠠᠨ ᠪᠠᠶᠢᠨ᠎ᠠ᠃
 
ᠢᠷᠡᠯᠲᠡ᠄ ᠬᠤᠰᠢᠭᠤ ᠷᠠᠳᠢᠤ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号