ᠰᠤᠷ ᠬᠠᠷᠪᠤᠯᠭ᠎ᠠ
ᠨᠡᠶᠢᠲᠡᠯᠡᠭᠰᠡᠨ ᠴᠠᠭ᠄
2017/3/10
     ᠰᠤᠷ ᠬᠠᠷᠪᠤᠯᠭ᠎ᠠ ᠪᠤᠯ ᠮᠤᠩᠭᠤᠯ ᠦᠨᠳᠦᠰᠦᠲᠡᠨ ᠤ ᠡᠷᠲᠡ ᠤᠵᠤᠭᠤᠷ ᠠᠴᠠ ᠦᠪᠯᠡᠵᠦ ᠢᠷᠡᠭᠰᠡᠨ ᠤᠷᠤᠯᠳᠤᠭᠠᠨ ᠲᠡᠮᠡᠴᠡᠭᠡᠨ ᠤ ᠨᠢᠭᠡ ᠵᠦᠢᠯ ᠪᠤᠯᠬᠤ ᠶᠤᠮ᠃ ᠲᠡᠷᠡ ᠨᠢ ᠠᠳᠠᠯᠢ ᠪᠤᠰᠤ ᠴᠠᠭ ᠦᠶ᠎ᠡ ᠳᠤ ᠠᠳᠠᠯᠢ ᠦᠭᠡᠢ ᠬᠡᠷᠡᠭᠴᠡᠭᠡ ᠴᠢᠳᠠᠪᠬᠢ ᠲᠠᠢ ᠪᠠᠶᠢᠵᠠᠢ᠃ ᠬᠦᠮᠦᠰ ᠲᠡᠭᠦᠨ ᠢ ᠡᠷᠲᠡ ᠦᠶ᠎ᠡ ᠳᠤ ᠠᠪᠠ ᠠᠩᠨᠠᠯ ᠳᠤ ᠭᠡᠷᠡᠭᠯᠡᠵᠦ᠂ ᠬᠤᠵᠢᠮ ᠨᠢ ᠲᠠᠶᠢᠨ ᠪᠠᠶᠢᠯᠳᠤᠭᠠᠨ ᠳᠤ ᠵᠤᠷᠢᠭᠤᠯᠤᠨ᠂ ᠤᠳᠤ ᠪᠤᠯᠬᠤ ᠳᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠲᠦᠷᠦᠯ ᠳᠤ ᠤᠷᠤᠭᠤᠯᠤᠨ ᠮᠦᠷᠦᠶᠢᠴᠡᠬᠦ ᠪᠤᠯᠤᠭᠰᠠᠨ ᠶᠤᠮ᠃       ᠦᠵᠦᠮᠦᠴᠢᠨ ᠨᠤᠲᠤᠭ ᠲᠤ ᠤᠷᠢᠨ ᠲᠤᠯᠠᠭᠠᠨ ᠰᠠᠭᠠᠲᠠᠵᠤ ᠵᠢᠯ ᠪᠤᠯᠭᠠᠨ ᠤ ᠨᠠᠶᠢᠷ ᠨᠠᠭᠠᠳᠤᠮ ᠪᠤᠯᠬᠤ ᠪᠦᠷᠢ ᠡᠷ᠎ᠡ ᠶᠢᠨ ᠭᠤᠷᠪᠠᠨ ᠨᠠᠭᠠᠳᠤᠮ ᠢᠶᠠᠨ ᠡᠷᠭᠢᠯᠡᠳᠡᠭ ᠶᠤᠮ᠃ ᠲᠡᠭᠦᠨ ᠤ ᠨᠢᠭᠡ ᠵᠦᠢᠯ ᠨᠢ ᠳᠠᠷᠤᠢ ᠰᠤᠷ ᠬᠠᠷᠪᠤᠯᠭ᠎ᠠ ᠪᠤᠯᠤᠨ᠎ᠠ᠂ ᠰᠤᠷ ᠬᠠᠷᠪᠤᠯᠭ᠎ᠠ ᠶᠢ ᠬᠠᠷᠪᠤᠬᠤ᠂ ᠨᠠᠮᠨᠠᠬᠤ᠂ ᠰᠤᠮᠤ ᠬᠠᠶᠢᠮᠰᠤᠬᠤ ︵ᠬᠤᠯᠠ ᠬᠠᠷᠪᠤᠬᠤ︶ ᠵᠡᠷᠭᠡ ᠭᠤᠷᠪᠠᠨ ᠲᠦᠷᠦᠯ ᠢᠶᠠᠷ ᠰᠠᠷᠠᠨ ᠫᠠᠢ ᠶᠢ ᠬᠠᠷᠪᠤᠭᠤᠯᠤᠨ ᠤᠷᠤᠯᠳᠤᠭᠤᠯᠳᠠᠭ᠃ ᠬᠠᠷᠪᠤᠬᠤ ᠭᠡᠳᠡᠭ ᠨᠢ ᠵᠤᠭᠰᠤᠭ᠎ᠠ ᠎ ᠪᠠᠷ ᠬᠠᠷᠪᠤᠬᠤ ᠶᠢ ᠵᠢᠭᠠᠨ᠎ᠠ᠃ ᠡᠷᠡᠭᠲᠡᠶᠢᠴᠦᠳ ᠪᠤᠯ 30 ᠮᠧᠲᠷ ᠤᠨ ᠵᠠᠢ ᠠᠴᠠ᠂ ᠡᠮᠡᠭᠳᠡᠶᠢᠴᠦᠳ ᠪᠤᠯ 20 ᠮᠧᠲᠷ ᠎ ᠤᠨ ᠵᠠᠢ ᠠᠴᠠ ᠬᠠᠷᠪᠤᠳᠠᠭ᠃ ᠨᠠᠮᠨᠠᠬᠤ ᠭᠡᠳᠡᠭ ᠪᠤᠯ ᠮᠤᠷᠢᠨ ᠬᠦᠶᠦᠳᠡᠯ ᠳᠡᠭᠡᠷ᠎ᠡ ᠠᠴᠠ ᠬᠠᠷᠪᠤᠬᠤ ᠶᠢ ᠨᠡᠷᠡᠯᠡᠵᠦ ᠪᠠᠶᠢᠨ᠎ᠠ᠃ ᠨᠠᠮᠨᠠᠭ᠎ᠠ ᠶᠢ ᠡᠷᠡᠭᠲᠡᠢ ᠡᠮᠡᠭᠲᠡᠢ ᠭᠡᠵᠦ ᠢᠯᠭᠠᠬᠤ ᠦᠭᠡᠢ 25 ᠮᠧᠲᠷ ᠤᠨ ᠵᠠᠢ ᠠᠴᠠ 4 ᠮᠧᠲᠷ ᠤᠨ ᠦᠷᠭᠡᠨ ᠭᠦᠶᠦᠯᠲᠡ ᠶᠢᠨ ᠱᠤᠭᠤᠮ ᠢᠶᠠᠷ 85 ᠮᠧᠲᠷ ᠤᠨ ᠵᠠᠢ ᠳᠤ ᠮᠤᠷᠢ ᠲᠤᠪᠲᠤᠯᠭᠠᠨ 3 ᠫᠠᠢ ᠶᠢ ᠬᠠᠷᠪᠤᠳᠠᠭ ᠶᠤᠮ᠃ ᠰᠤᠮᠤ ᠬᠠᠶᠢᠮᠰᠤᠬᠤ ᠭᠡᠳᠡᠭ ᠨᠢ ᠪᠤᠯ ᠬᠤᠯᠠ ᠬᠠᠷᠪᠤᠬᠤ ᠶᠢ ᠬᠡᠯᠡᠳᠡᠭ᠃ ᠰᠤᠮᠤ ᠬᠠᠶᠢᠮᠰᠤᠬᠤ ᠨᠢ ᠰᠤᠷᠴᠢᠳ ᠎ ᠤᠨ ᠮᠦᠷᠦ ᠳᠠᠯᠤ ᠶᠢᠨ ᠬᠦᠴᠦ ᠪᠠᠨ ᠰᠢᠯᠭᠠᠯᠴᠠᠠ ᠬᠡᠨ ᠨᠢ ᠬᠡᠳᠦᠢ ᠬᠤᠯᠠ ᠬᠠᠷᠪᠤᠭᠰᠠᠠ ᠢᠶᠠᠷ ᠨᠢ ᠳᠠᠰ ᠳ᠋ᠤᠭᠠᠷ ᠢ ᠎ ᠨᠢ ᠰᠢᠯᠭᠠᠷᠠᠭᠤᠯᠳᠠᠭ ᠶᠤᠮ᠃         ᠰᠤᠷ ᠬᠠᠷᠪᠤᠯᠭ᠎ᠠ ᠪᠤᠯ ᠮᠤᠩᠭᠤᠯᠴᠤᠳ ᠤᠨ ᠤᠯᠠᠮᠵᠢᠯᠠᠯᠲᠤ ᠪᠡᠶ᠎ᠡ ᠶᠢᠨ ᠲᠠᠮᠢᠷ ᠪᠠ ᠤᠷᠤᠯᠳᠤᠭᠠᠨᠳᠦ ᠪᠡᠶ᠎ᠡ ᠎ ᠶᠢᠨ ᠲᠠᠮᠢᠷ ᠤᠨ ᠲᠦᠷᠦᠯ ᠪᠤᠯᠬᠤ ᠪᠠᠷ ᠪᠠᠷᠠᠬᠤ ᠦᠭᠡᠢ ᠳᠠᠳᠠᠡ ᠤ ᠴᠡᠴᠡᠡ ᠪᠢᠯᠢᠭ ᠰᠡᠷᠭᠦᠯᠡᠩ ᠠᠪᠢᠶᠠᠰ  ᠪᠠ ᠡᠭᠦᠳᠦᠨ ᠪᠦᠲᠦᠭᠡᠬᠦ ᠴᠢᠳᠠᠪᠤᠷᠢ ᠶᠢ ᠬᠦᠢᠴᠡᠳ ᠬᠠᠷᠠᠭᠤᠯᠤᠭᠰᠠᠠ ᠨᠡᠶᠢᠳᠡ ᠠᠷᠠᠳ ᠲᠦᠮᠡᠨ ᠤ ᠮᠢᠨᠢ ᠰᠤᠩᠭᠤᠳᠠᠭ ᠪᠦᠲᠦᠭᠡᠯ ᠪᠤᠯᠬᠤ ᠶᠤᠮ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号