ᠰᠤᠷ ᠬᠠᠷᠪᠤᠯᠭ᠎ᠠ
ᠨᠡᠶᠢᠲᠡᠯᠡᠭᠰᠡᠨ ᠴᠠᠭ᠄
2017/3/10
     ᠰᠤᠷ ᠬᠠᠷᠪᠤᠯᠭ᠎ᠠ ᠪᠤᠯ ᠮᠤᠩᠭᠤᠯ ᠦᠨᠳᠦᠰᠦᠲᠡᠨ ᠤ ᠡᠷᠲᠡ ᠤᠵᠤᠭᠤᠷ ᠠᠴᠠ ᠦᠪᠯᠡᠵᠦ ᠢᠷᠡᠭᠰᠡᠨ ᠤᠷᠤᠯᠳᠤᠭᠠᠨ ᠲᠡᠮᠡᠴᠡᠭᠡᠨ ᠤ ᠨᠢᠭᠡ ᠵᠦᠢᠯ ᠪᠤᠯᠬᠤ ᠶᠤᠮ᠃ ᠲᠡᠷᠡ ᠨᠢ ᠠᠳᠠᠯᠢ ᠪᠤᠰᠤ ᠴᠠᠭ ᠦᠶ᠎ᠡ ᠳᠤ ᠠᠳᠠᠯᠢ ᠦᠭᠡᠢ ᠬᠡᠷᠡᠭᠴᠡᠭᠡ ᠴᠢᠳᠠᠪᠬᠢ ᠲᠠᠢ ᠪᠠᠶᠢᠵᠠᠢ᠃ ᠬᠦᠮᠦᠰ ᠲᠡᠭᠦᠨ ᠢ ᠡᠷᠲᠡ ᠦᠶ᠎ᠡ ᠳᠤ ᠠᠪᠠ ᠠᠩᠨᠠᠯ ᠳᠤ ᠭᠡᠷᠡᠭᠯᠡᠵᠦ᠂ ᠬᠤᠵᠢᠮ ᠨᠢ ᠲᠠᠶᠢᠨ ᠪᠠᠶᠢᠯᠳᠤᠭᠠᠨ ᠳᠤ ᠵᠤᠷᠢᠭᠤᠯᠤᠨ᠂ ᠤᠳᠤ ᠪᠤᠯᠬᠤ ᠳᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠲᠦᠷᠦᠯ ᠳᠤ ᠤᠷᠤᠭᠤᠯᠤᠨ ᠮᠦᠷᠦᠶᠢᠴᠡᠬᠦ ᠪᠤᠯᠤᠭᠰᠠᠨ ᠶᠤᠮ᠃       ᠦᠵᠦᠮᠦᠴᠢᠨ ᠨᠤᠲᠤᠭ ᠲᠤ ᠤᠷᠢᠨ ᠲᠤᠯᠠᠭᠠᠨ ᠰᠠᠭᠠᠲᠠᠵᠤ ᠵᠢᠯ ᠪᠤᠯᠭᠠᠨ ᠤ ᠨᠠᠶᠢᠷ ᠨᠠᠭᠠᠳᠤᠮ ᠪᠤᠯᠬᠤ ᠪᠦᠷᠢ ᠡᠷ᠎ᠡ ᠶᠢᠨ ᠭᠤᠷᠪᠠᠨ ᠨᠠᠭᠠᠳᠤᠮ ᠢᠶᠠᠨ ᠡᠷᠭᠢᠯᠡᠳᠡᠭ ᠶᠤᠮ᠃ ᠲᠡᠭᠦᠨ ᠤ ᠨᠢᠭᠡ ᠵᠦᠢᠯ ᠨᠢ ᠳᠠᠷᠤᠢ ᠰᠤᠷ ᠬᠠᠷᠪᠤᠯᠭ᠎ᠠ ᠪᠤᠯᠤᠨ᠎ᠠ᠂ ᠰᠤᠷ ᠬᠠᠷᠪᠤᠯᠭ᠎ᠠ ᠶᠢ ᠬᠠᠷᠪᠤᠬᠤ᠂ ᠨᠠᠮᠨᠠᠬᠤ᠂ ᠰᠤᠮᠤ ᠬᠠᠶᠢᠮᠰᠤᠬᠤ ︵ᠬᠤᠯᠠ ᠬᠠᠷᠪᠤᠬᠤ︶ ᠵᠡᠷᠭᠡ ᠭᠤᠷᠪᠠᠨ ᠲᠦᠷᠦᠯ ᠢᠶᠠᠷ ᠰᠠᠷᠠᠨ ᠫᠠᠢ ᠶᠢ ᠬᠠᠷᠪᠤᠭᠤᠯᠤᠨ ᠤᠷᠤᠯᠳᠤᠭᠤᠯᠳᠠᠭ᠃ ᠬᠠᠷᠪᠤᠬᠤ ᠭᠡᠳᠡᠭ ᠨᠢ ᠵᠤᠭᠰᠤᠭ᠎ᠠ  ᠪᠠᠷ ᠬᠠᠷᠪᠤᠬᠤ ᠶᠢ ᠵᠢᠭᠠᠨ᠎ᠠ᠃ ᠡᠷᠡᠭᠲᠡᠶᠢᠴᠦᠳ ᠪᠤᠯ 30 ᠮᠧᠲᠷ ᠤᠨ ᠵᠠᠢ ᠠᠴᠠ᠂ ᠡᠮᠡᠭᠳᠡᠶᠢᠴᠦᠳ ᠪᠤᠯ 20 ᠮᠧᠲᠷ  ᠤᠨ ᠵᠠᠢ ᠠᠴᠠ ᠬᠠᠷᠪᠤᠳᠠᠭ᠃ ᠨᠠᠮᠨᠠᠬᠤ ᠭᠡᠳᠡᠭ ᠪᠤᠯ ᠮᠤᠷᠢᠨ ᠬᠦᠶᠦᠳᠡᠯ ᠳᠡᠭᠡᠷ᠎ᠡ ᠠᠴᠠ ᠬᠠᠷᠪᠤᠬᠤ ᠶᠢ ᠨᠡᠷᠡᠯᠡᠵᠦ ᠪᠠᠶᠢᠨ᠎ᠠ᠃ ᠨᠠᠮᠨᠠᠭ᠎ᠠ ᠶᠢ ᠡᠷᠡᠭᠲᠡᠢ ᠡᠮᠡᠭᠲᠡᠢ ᠭᠡᠵᠦ ᠢᠯᠭᠠᠬᠤ ᠦᠭᠡᠢ 25 ᠮᠧᠲᠷ ᠤᠨ ᠵᠠᠢ ᠠᠴᠠ 4 ᠮᠧᠲᠷ ᠤᠨ ᠦᠷᠭᠡᠨ ᠭᠦᠶᠦᠯᠲᠡ ᠶᠢᠨ ᠱᠤᠭᠤᠮ ᠢᠶᠠᠷ 85 ᠮᠧᠲᠷ ᠤᠨ ᠵᠠᠢ ᠳᠤ ᠮᠤᠷᠢ ᠲᠤᠪᠲᠤᠯᠭᠠᠨ 3 ᠫᠠᠢ ᠶᠢ ᠬᠠᠷᠪᠤᠳᠠᠭ ᠶᠤᠮ᠃ ᠰᠤᠮᠤ ᠬᠠᠶᠢᠮᠰᠤᠬᠤ ᠭᠡᠳᠡᠭ ᠨᠢ ᠪᠤᠯ ᠬᠤᠯᠠ ᠬᠠᠷᠪᠤᠬᠤ ᠶᠢ ᠬᠡᠯᠡᠳᠡᠭ᠃ ᠰᠤᠮᠤ ᠬᠠᠶᠢᠮᠰᠤᠬᠤ ᠨᠢ ᠰᠤᠷᠴᠢᠳ  ᠤᠨ ᠮᠦᠷᠦ ᠳᠠᠯᠤ ᠶᠢᠨ ᠬᠦᠴᠦ ᠪᠠᠨ ᠰᠢᠯᠭᠠᠯᠴᠠᠠ ᠬᠡᠨ ᠨᠢ ᠬᠡᠳᠦᠢ ᠬᠤᠯᠠ ᠬᠠᠷᠪᠤᠭᠰᠠᠠ ᠢᠶᠠᠷ ᠨᠢ ᠳᠠᠰ ᠳ᠋ᠤᠭᠠᠷ ᠢ  ᠨᠢ ᠰᠢᠯᠭᠠᠷᠠᠭᠤᠯᠳᠠᠭ ᠶᠤᠮ᠃         ᠰᠤᠷ ᠬᠠᠷᠪᠤᠯᠭ᠎ᠠ ᠪᠤᠯ ᠮᠤᠩᠭᠤᠯᠴᠤᠳ ᠤᠨ ᠤᠯᠠᠮᠵᠢᠯᠠᠯᠲᠤ ᠪᠡᠶ᠎ᠡ ᠶᠢᠨ ᠲᠠᠮᠢᠷ ᠪᠠ ᠤᠷᠤᠯᠳᠤᠭᠠᠨᠳᠦ ᠪᠡᠶ᠎ᠡ  ᠶᠢᠨ ᠲᠠᠮᠢᠷ ᠤᠨ ᠲᠦᠷᠦᠯ ᠪᠤᠯᠬᠤ ᠪᠠᠷ ᠪᠠᠷᠠᠬᠤ ᠦᠭᠡᠢ ᠳᠠᠳᠠᠡ ᠤ ᠴᠡᠴᠡᠡ ᠪᠢᠯᠢᠭ ᠰᠡᠷᠭᠦᠯᠡᠩ ᠠᠪᠢᠶᠠᠰ  ᠪᠠ ᠡᠭᠦᠳᠦᠨ ᠪᠦᠲᠦᠭᠡᠬᠦ ᠴᠢᠳᠠᠪᠤᠷᠢ ᠶᠢ ᠬᠦᠢᠴᠡᠳ ᠬᠠᠷᠠᠭᠤᠯᠤᠭᠰᠠᠠ ᠨᠡᠶᠢᠳᠡ ᠠᠷᠠᠳ ᠲᠦᠮᠡᠨ ᠤ ᠮᠢᠨᠢ ᠰᠤᠩᠭᠤᠳᠠᠭ ᠪᠦᠲᠦᠭᠡᠯ ᠪᠤᠯᠬᠤ ᠶᠤᠮ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号