ᠦᠵᠦᠮᠦᠴᠢᠨ ᠬᠤᠷᠢᠮ ᠤᠨ ᠶᠤᠰᠤ
ᠨᠡᠶᠢᠲᠡᠯᠡᠭᠰᠡᠨ ᠴᠠᠭ᠄
2017/3/10
      ᠦᠵᠦᠮᠦᠴᠢᠨ ᠬᠤᠷᠢᠮ ᠨᠢ ᠦᠨᠢ ᠤᠳᠠᠭᠠᠨ ᠤ ᠲᠡᠦᠬᠡ ᠲᠠᠢ᠂ ᠤᠮᠠᠷᠠᠲᠤ ᠶᠢᠨ ᠦᠨᠳᠦᠰᠦᠲᠡᠡ ᠤ ᠤᠨᠴᠠᠯᠢᠭ ᠢ ᠬᠠᠳᠠᠭᠠᠯᠠᠭᠰᠠᠨ ᠨᠡᠭᠦᠳᠡᠯ ᠮᠠᠯᠵᠢᠯ ᠤᠨ ᠠᠮᠢᠳᠤᠷᠠᠯ ᠤᠨ ᠵᠠᠩ ᠵᠢᠷᠤᠮ ᠢᠶᠠᠷ ᠦᠳᠬᠡᠡ ᠳᠠᠭᠤᠤ ᠤᠷᠠᠯᠢᠭ  ᠤᠨ ᠰᠢᠳᠢ ᠶᠢ ᠭᠠᠶᠢᠬᠠᠭᠤᠯᠤᠭᠰᠠᠨ ᠪᠠᠶᠢᠳᠠᠭ ᠢᠶᠠᠷ ᠦᠯᠦ ᠪᠠᠷᠠᠠ ᠠᠵᠢᠯᠴᠢ ᠪᠤᠷᠤᠭᠵᠢᠭᠤᠨ᠂ ᠡᠷᠡᠯᠬᠡᠭ ᠪᠠᠭᠠᠲᠤᠷᠯᠢᠭ ᠂ ᠤᠢ ᠪᠢᠯᠢᠭ ᠲᠠᠢ ᠦᠵᠦᠮᠦᠴᠢᠨᠴᠦᠳ ᠤᠨ ᠰᠠᠶᠢᠨ ᠰᠠᠶᠢᠬᠠᠨ ᠠᠮᠢᠳᠤᠷᠠᠯ ᠤᠨ ᠡᠷᠢᠯ ᠬᠦᠭᠡᠭᠡᠴᠡᠯᠳᠦᠯ ᠢ ᠢᠯᠡᠳᠭᠡᠭᠰᠡᠡ ᠪᠠᠶᠢᠳᠠᠭ ᠶᠤᠮ᠃       ᠦᠵᠦᠮᠦᠴᠢᠨ ᠬᠤᠷᠢᠮ ᠨᠢ ᠶᠤᠰᠤ ᠵᠢᠷᠤᠮ ᠲᠤᠩ ᠤᠯᠠᠠ ᠪᠠᠶᠢᠳᠠᠭ ᠪᠢᠯᠡ᠃ ᠪᠦᠲᠦᠭᠦᠪᠴᠢ ᠲᠤᠷᠠᠳᠬᠤ  ᠳᠤ ᠪᠡᠷᠢ ᠳᠤᠷᠠᠰᠬᠤ ︵ᠭᠤᠶᠤᠬᠤ︶᠂ ᠤᠷᠤᠭ ᠲᠤᠭᠲᠠᠬᠤ᠂ ᠨᠡᠷ᠎ᠡ ᠵᠢᠭᠠᠬᠤ᠂ ᠬᠤᠷᠢᠮ ᠶᠤᠰᠤᠯᠠᠯ᠂ ᠭᠡᠦᠬᠡᠡ ᠲᠦᠷᠬᠦᠮᠯᠡᠬᠦ ᠵᠡᠷᠭᠡ ᠭᠤᠴᠢᠭᠠᠳ ᠵᠦᠢᠯ ᠤᠨ ᠨᠠᠷᠢᠨ ᠲᠡᠰ ᠳᠠᠷᠠᠭᠠᠯᠠᠯ ᠲᠠᠢ ᠪᠠᠶᠢᠳᠠᠭ᠃ ᠬᠠᠳᠠᠭ ᠲᠠᠯᠪᠢᠵᠦ ︵ᠪᠡᠷᠢ ᠭᠤᠶᠤᠬᠤ︶᠂ ᠤᠷᠤᠭ ᠲᠤᠭᠲᠠᠠ᠂ ᠤᠷᠤᠭ ᠤᠨ ᠡᠳᠦᠷ ᠢ ᠭᠠᠷᠭᠠᠭᠰᠠᠨ ᠤ ᠳᠠᠷᠠᠭ᠎ᠠ᠂ ᠤᠷᠤᠭ ᠴᠤᠭᠯᠠᠭᠰᠠᠠ ᠡᠳᠦᠷ ᠬᠦᠷᠭᠡᠨ ᠭᠡᠦᠬᠡᠡ ᠤ ᠬᠤᠶᠠᠷ ᠲᠠᠯ᠎ᠠ ᠳᠤ ᠴᠦᠮ ᠠᠬ᠎ᠠ ᠳᠡᠭᠦᠦ ᠰᠠᠳᠤᠨ ᠨᠠᠶᠢᠵᠠ ᠨᠦᠬᠦᠳ ᠨᠢ ᠢᠷᠡᠵᠡᠭᠡᠵᠦ᠂ ᠠᠷᠢᠬᠢ ᠬᠡᠮᠨᠡᠭᠦᠯᠦᠨ ᠳᠠᠭᠤᠤ ᠡᠭᠦᠰᠭᠡᠡ ᠪᠠᠭ᠎ᠠ ᠬᠡᠪᠴᠢᠶᠡᠡ ᠤ ᠨᠠᠶᠢᠷ ᠪᠤᠯᠤᠨ᠎ᠠ᠃ ᠭᠡᠳᠡᠯ᠎ᠡ ᠬᠦᠷᠭᠡᠨ ᠤ ᠲᠠᠯ᠎ᠠ ᠳᠤ ᠮᠡᠷᠭᠡᠳ ᠵᠢᠷᠤᠬᠠᠶᠢᠴᠢᠨ ᠢᠶᠠᠷ ᠦᠵᠡᠭᠦᠯᠦᠭᠰᠡᠡ ᠬᠦᠷᠭᠡᠨ ᠭᠡᠦᠬᠡᠨ ᠤ ᠮᠤᠷᠳᠠᠬᠤ ᠴᠠᠭ᠂ ᠠᠮᠤᠷᠴᠢ ᠶᠢᠨ ᠬᠤᠳᠠ᠂ ᠬᠤᠳᠠ ᠶᠢᠨ ᠲᠦᠷᠦᠭᠦᠦ᠂ ᠠᠰ ᠤᠨ ᠬᠤᠳᠠ᠂ ᠬᠦᠷᠭᠡᠡ ᠤ ᠳᠠᠭᠠᠯᠳᠠ ᠰᠡᠯᠳᠡ ᠶᠢᠨ ᠬᠦᠮᠦᠨ ᠵᠡᠷᠭᠡ ᠶᠢ ᠲᠤᠭᠲᠠᠭᠠᠠ ᠰᠢᠢᠳᠳᠡᠭ ᠪᠠᠶᠢᠨ᠎ᠠ᠃ ᠬᠤᠷᠢᠮ ᠤᠨ ᠡᠳᠦᠷ ᠨᠢ ᠭᠤᠤᠯᠳᠠᠭᠤ ᠨᠡᠷ᠎ᠡ ᠵᠢᠭᠠᠴᠢᠨ ᠭᠡᠦᠬᠡᠨ ᠤ ᠲᠠᠯ᠎ᠠ ᠳᠤ ᠬᠦᠷᠦᠭᠰᠡᠨ ᠤ ᠳᠠᠷᠠᠭ᠎ᠠ ᠰᠢᠨ᠎ᠡ ᠬᠦᠷᠭᠡᠡ ᠢᠶᠠᠷ ᠬᠦᠵᠦᠭᠦᠦ ᠨᠤᠭᠤᠯᠠᠭᠤᠯᠬᠤ᠂ ᠠᠷᠢᠬᠢ ᠪᠠᠷᠢᠭᠤᠯᠵᠤ᠂ ᠪᠡᠷᠢ ᠶᠢ ᠬᠦᠷᠭᠡᠵᠦ ᠬᠦᠦ ᠲᠠᠯ᠎ᠠ ᠳᠤ ᠢᠷᠡᠭᠰᠡᠡ ᠤ ᠳᠠᠷᠠᠭ᠎ᠠ ᠰᠢᠨ᠎ᠡ ᠪᠡᠷᠢ ᠶᠢᠨ ᠦᠰᠦ ᠶᠢ ᠵᠠᠳᠠᠯᠬᠤ ︵ᠭᠡᠦᠬᠡᠨ ᠮᠦᠷᠭᠦᠭᠦᠯᠬᠦ︶᠂ ᠡᠬᠡ ᠶᠢᠨ ᠴᠠᠭᠠᠨ ᠰᠦ ᠬᠠᠷᠢᠭᠤᠯᠬᠤ ᠵᠡᠷᠭᠡ ᠵᠠᠩ ᠦᠢᠯᠡ ᠶᠠᠪᠤᠭᠳᠠᠳᠠᠭ ᠶᠤᠮ᠃ ᠤᠷᠤᠭ ᠤᠨ ᠭᠤᠷᠪᠠ ᠬᠤᠨᠤᠭ ᠳᠡᠭᠡᠷ᠎ᠡ ᠭᠡᠦᠬᠡᠨ ᠢᠶᠠᠨ ᠡᠷᠭᠢᠵᠦ ᠭᠡᠦᠬᠡᠨ ᠲᠦᠷᠬᠦᠮᠯᠡᠳᠡᠭ ᠪᠠᠶᠢᠨ᠎ᠠ᠃       ᠦᠵᠦᠮᠦᠴᠢᠨ ᠬᠤᠷᠢᠮ ᠤᠨ ᠶᠤᠰᠤᠯᠠᠯ ᠨᠢ ᠮᠠᠰᠢ ᠴᠢᠬᠤᠯᠠ ᠰᠤᠶᠤᠯ ᠤᠨ ᠦᠨ᠎ᠡ ᠦᠷᠲᠡᠭ ᠲᠠᠢ ᠪᠠᠶᠢᠳᠠᠭ ᠶᠤᠮ᠃ ᠨᠢᠭᠡ ᠳᠤ᠂ ᠨᠡᠭᠦᠳᠡᠯ ᠮᠠᠯᠵᠢᠯ ᠤᠨ ᠰᠤᠶᠤᠯ ᠵᠠᠩᠰᠢᠯ ᠡᠯᠪᠡᠭ ᠠᠭᠤᠯᠤᠭᠳᠠᠳᠠᠭ ᠠᠴᠠ ᠤᠯᠠᠮᠵᠢᠯᠠᠠ ᠦᠪᠯᠡᠬᠦ ᠴᠢᠬᠤᠯᠠ ᠴᠢᠨᠠᠷ ᠲᠠᠢ᠃ ᠬᠤᠶᠠᠷ ᠲᠤ᠂ ᠮᠤᠩᠭᠤᠯᠴᠤᠳ ᠤᠨ ᠵᠤᠴᠢᠨᠰᠠᠭ᠂ ᠶᠤᠰᠤᠷᠬᠠᠭ ᠢ ᠬᠠᠷᠠᠭᠤᠯᠤᠭᠰᠠᠠ ᠨᠢ ᠤᠳᠤᠬᠢ ᠤᠶᠤᠨ ᠤ ᠪᠤᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠦᠢᠯᠡᠳᠦᠯ ᠲᠠᠢ᠃ ᠭᠤᠷᠪᠠ ᠳᠤ᠂ ᠮᠠᠰᠢ ᠴᠢᠩᠭ᠎ᠠ ᠰᠤᠷᠭᠠᠠ ᠬᠦᠮᠦᠵᠢᠭᠦᠯᠬᠦ ᠴᠢᠨᠠᠷ᠂ ᠵᠤᠭ᠎ᠠ ᠴᠡᠩᠭᠡᠯ ᠤᠨ ᠪᠠ ᠰᠤᠨᠢᠷᠬᠠᠯᠲᠤ ᠴᠢᠨᠠᠷ ᠲᠠᠢ ᠪᠠᠶᠢᠳᠠᠭ ᠶᠤᠮ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号