ᠬᠤᠰᠢᠭᠤᠨ ᠤ ᠮᠤᠩᠭᠤᠯ ᠦᠨᠳᠣᠰᠣᠳᠠᠨ ᠤ ᠬᠤᠶᠠᠳᠣᠭᠠᠷ ᠪᠠᠭ᠎ᠠ ᠰᠣᠷᠭᠠᠭᠤᠯᠢ ᠨᠢ ᠰᠢᠨ᠎ᠠ ᠰᠣᠷᠣᠯᠭ᠎ᠠ ᠶᠢᠨ ᠬᠤᠭᠤᠴᠠᠭᠠᠨ ᠳᠤ ᠰᠣᠷᠣᠭᠴᠢ ᠨᠦᠬᠦᠳ ᠢᠶᠠᠨ ᠰᠢᠨ᠎ᠠ ᠶᠢᠨ ᠵᠤᠯᠭᠠᠯᠳᠠ ᠲᠠᠢ ᠪᠠᠷ ᠤᠭᠳᠣᠨ ᠠᠪᠤᠭᠰᠠᠨ
ᠨᠡᠶᠢᠲᠡᠯᠡᠭᠰᠡᠨ ᠴᠠᠭ᠄
2017/3/3
         ᠬᠤᠰᠢᠭᠤᠨ ᠤ ᠮᠤᠩᠭᠤᠯ ᠦᠨᠳᠣᠰᠣᠳᠠᠨ ᠤ ᠬᠤᠶᠠᠳᠣᠭᠠᠷ ᠪᠠᠭ᠎ᠠ ᠰᠣᠷᠭᠠᠭᠤᠯᠢ ᠨᠢ 2017 ᠤᠨ ᠤ ᠬᠠᠪᠤᠷ ᠤᠨ ᠤᠯᠠᠷᠢᠯ ᠤᠨ ᠰᠣᠷᠭᠠᠭᠤᠯᠢ ᠡᠬᠢᠯᠠᠬᠦ ᠪᠠᠶᠠᠷᠳᠣ ᠴᠠᠭ ᠮᠦᠴᠠ ᠶᠢ ᠲᠤᠬᠢᠶᠠᠯᠳᠣᠭᠤᠯᠤᠨ᠂ 2 ᠰᠠᠷ᠎ᠡ ᠶᠢᠨ 19 ᠤ ᠡᠳᠦᠷ᠂ ᠮᠤᠩᠭᠤᠯ ᠦᠨᠳᠣᠰᠣᠳᠠᠨ ᠤ ᠪᠠᠨ ᠤᠯᠠᠮᠵᠢᠯᠠᠯᠳᠣ ᠰᠢᠨᠠᠯᠠᠬᠦ ᠶᠤᠰᠣ ᠪᠠᠷ ᠰᠠᠭᠠᠯᠢ ᠰᠦᠨ ᠤ ᠲᠡᠬᠡᠵᠢ  ᠪᠠᠷ ᠢᠶᠠᠨ ᠲᠠᠪᠠᠭ ᠢᠳᠡᠭᠡ ᠪᠠᠨ ᠵᠠᠰᠠᠨ᠂ ᠰᠠᠮᠪᠠᠢ ᠬᠠᠳᠠᠭ ᠢᠶᠠᠨ ᠲᠡᠯᠬᠡᠨ ᠰᠠᠶᠢᠨ ᠤ ᠮᠠᠨᠳᠣᠴᠢᠯᠠᠯ ᠢᠶᠠᠨ ᠲᠡᠪᠰᠢᠬᠦᠯᠵᠦ᠂ ᠦᠷᠬᠡᠨ ᠤᠯᠠᠨ ᠬᠡᠷ ᠤᠨ ᠠᠬᠠᠮᠠᠳ ᠪᠤᠯᠤᠨ ᠰᠣᠷᠣᠭᠴᠢᠳ ᠢᠶᠠᠨ ᠰᠢᠨ᠎ᠠ ᠶᠢᠨ ᠵᠤᠯᠭᠠᠯᠳᠠ ᠲᠠᠢ ᠪᠠᠷ ᠤᠭᠳᠣᠨ ᠠᠪᠴᠦ᠂ ᠰᠣᠷᠭᠠᠭᠤᠯᠢ ᠪᠤᠯᠤᠨ ᠬᠡᠷ ᠤᠨ ᠠᠮᠠᠬᠠᠳ ᠤᠨ ᠬᠤᠭᠤᠷᠤᠨᠳᠤᠬᠢ ᠨᠦᠬᠦᠷᠰᠡᠭ ᠬᠠᠮᠵᠢᠯᠴᠠᠭ᠎ᠠ  ᠪᠠᠨ ᠤᠯᠠᠮ ᠨᠢᠬᠡ ᠠᠯᠬᠤᠮ ᠵᠤᠵᠠᠭᠠᠳᠬᠠᠵᠦ᠂ ᠮᠦᠨ ᠴᠦ ᠬᠡᠣᠬᠡᠳ ᠪᠠᠭᠠᠴᠣᠳ ᠲᠠᠭᠠᠨ ᠬᠠᠷᠠᠬᠠᠨ ᠪᠠᠭ᠎ᠠ ᠠᠴᠠ ᠪᠠᠨ ᠦᠨᠳᠣᠰᠣᠳᠠᠨ ᠤ ᠪᠠᠨ ᠵᠠᠩ ᠵᠠᠩᠰᠢᠯ ᠢ ᠦᠪᠯᠠᠨ ᠵᠠᠯᠭᠠᠮᠵᠢᠯᠠᠵᠦ᠂ ᠪᠠᠭᠰᠢ ᠠᠬᠠᠮᠠᠳ ᠢᠶᠠᠨ ᠭᠦᠨᠳᠦᠳᠭᠡᠭᠦ᠂ ᠨᠦᠬᠦᠳ ᠵᠠᠭᠤᠷ᠎ᠠ ᠪᠠᠨ ᠬᠠᠷᠢᠯᠴᠠᠨ ᠬᠠᠶᠢᠷᠠᠯᠠᠵᠦ ᠭᠦᠨᠳᠦᠳᠭᠡᠭᠦ ᠪᠤᠯᠪᠠᠰᠣᠨ ᠶᠤᠰᠣᠷᠬᠠᠭ ᠵᠠᠩ ᠮᠤᠷᠠᠯ ᠤᠨ ᠬᠦᠮᠦᠵᠢᠯ ᠬᠢᠵᠦ᠂ ᠰᠢᠨ᠎ᠠ ᠰᠣᠷᠣᠯᠭ᠎ᠠ ᠶᠢᠨ ᠬᠤᠭᠤᠴᠠᠭ᠎ᠠ ᠡᠬᠢᠯᠠᠬᠦ ᠲᠠᠰᠢᠷᠡᠮ ᠢᠶᠠᠷ ᠬᠡᠣᠬᠡᠳ ᠤᠳ ᠤᠨ ᠶᠡᠭᠡ ᠬᠡᠷ ᠪᠦᠯᠢ ᠶᠢᠨ ᠡᠶ᠎ᠡ ᠨᠠᠶᠢᠷᠠᠮᠳᠠᠭᠤ᠂ ᠡᠯᠢᠬᠡᠰᠡᠭ ᠲᠤᠳᠣᠨᠤ ᠠᠮᠢᠳᠣᠷᠠᠯ ᠤᠨ ᠠᠭᠤᠷ ᠠᠮᠢᠰᠬᠤᠯ ᠢ ᠪᠤᠢ ᠪᠤᠯᠭᠠᠪᠠ᠃
 
ᠢᠷᠡᠯᠲᠡ᠄ ᠬᠤᠰᠢᠭᠤ ᠷᠠᠳᠢᠤ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号