ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠠᠪᠣᠳᠣᠭᠠᠷ ᠣᠳᠠᠭᠠᠨ ᠤ ᠬᠤᠷᠠᠯᠳᠣᠭᠠᠨ ᠦᠨᠳᠦᠷᠯᠡᠭᠰᠡᠨ
ᠨᠡᠶᠢᠲᠡᠯᠡᠭᠰᠡᠨ ᠴᠠᠭ᠄
2017/3/6
      ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠠᠪᠣᠳᠣᠭᠠᠷ ᠣᠳᠠᠭᠠᠨ ᠤ ᠬᠤᠷᠠᠯᠳᠣᠭᠠᠨ 3 ᠰᠠᠷ᠎ᠠ ᠶᠢᠨ 2 ᠤ ᠦᠳᠡ  ᠶᠢᠨ ᠬᠤᠶᠢᠨ᠎ᠠ ᠭᠤᠷᠪᠠᠳᠣᠭᠠᠷ ᠣᠳᠠᠭᠠᠨ ᠤ ᠪᠦᠬᠦᠳᠡ ᠬᠤᠷᠠᠯᠳᠣᠭᠠᠨ ᠬᠤᠷᠠᠯᠳᠣᠭᠤᠯᠵᠤ᠂ ᠪᠠᠷᠠᠭᠤᠨ ᠦᠵᠦᠮᠦᠴᠢᠨ ᠬᠤᠶᠢᠰᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠠᠪᠣᠳᠣᠭᠠᠷ ᠣᠳᠠᠭᠠᠨ ᠤ ᠬᠤᠷᠠᠯᠳᠣᠭᠠᠨ ᠠᠮᠵᠢᠯᠳᠠᠳᠠᠢ ᠦᠨᠳᠦᠷᠯᠡᠯ᠎ᠡ᠃       ᠶᠡᠭᠡ ᠬᠤᠷᠠᠯ ᠤᠨ ᠲᠡᠷᠢᠬᠦᠯᠡᠭᠴᠢ ᠶᠢᠨ ᠪᠦᠯᠬᠦᠮ ᠤᠨ ᠪᠠᠶᠢᠩᠭᠤ ᠶᠢᠨ ᠲᠡᠷᠢᠬᠦᠯᠡᠭᠴᠢᠳ ᠪᠠᠭᠠᠨ᠎ᠠ᠂ ᠰᠠᠷᠠᠨᠳᠣᠶᠠᠭ᠎ᠠ᠂ ᠴᠡᠩᠬᠡᠯᠳᠦ᠂ ᠪᠤᠤ ᠯᠢᠶᠠᠨ ᠴᠧᠩ ᠲᠡᠷᠢᠬᠦᠯᠡᠭᠴᠢ ᠶᠢᠨ ᠳᠠᠶᠢᠰᠠᠨ ᠤ ᠡᠮᠦᠨ᠎ᠡ ᠰᠠᠭᠤᠳᠠᠯ ᠳᠤ ᠰᠠᠭᠠᠳᠠᠵᠤ᠂ ᠬᠤᠰᠢᠭᠤ ᠣᠳᠣᠷᠢᠳᠣᠯᠭ᠎ᠠ ᠪᠠᠢ ᠶᠥᠩ ᠴᠦᠨ᠂ ᠮᠦᠩᠬᠡ᠂ ᠵᠠᠩ ᠶᠥᠩ ᡁᠢ᠂ ᠣᠯᠠᠭᠠᠨ᠂ ᠦᠨᠡᠨᠴᠢ᠂ ᠦ᠋ ᠵᠦ᠂ ᠵᠠᠩ ᠯᠢ ᠭᠥᠸᠧ᠂ ᠵᠠᠩ ᠶᠥᠩ ᠹᠠ ᠵᠡᠷᠬᠡ ᠲᠡᠷᠢᠬᠦᠯᠡᠭᠴᠢᠳ ᠤᠨ ᠪᠦᠯᠬᠦᠮ ᠤᠨ ᠬᠡᠰᠢᠬᠦᠳ ᠲᠡᠷᠢᠬᠦᠯᠡᠭᠴᠢ ᠶᠢᠨ ᠳᠠᠶᠢᠰᠠᠨ ᠳᠤ ᠰᠠᠭᠤᠯᠴᠠᠵᠠᠢ᠃ ᠪᠦᠬᠦ ᠲᠦᠯᠦᠭᠡᠯᠡᠭᠴᠢᠳ ᠪᠤᠯᠤᠨ ᠰᠣᠯᠠ ᠤᠷᠤᠯᠴᠠᠭᠰᠠᠳ ᠬᠤᠷᠠᠯ ᠳᠤ ᠤᠷᠤᠯᠴᠠᠵᠠᠢ  ᠃       ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠤᠯᠤᠨ ᠪᠠᠷᠠᠭᠤᠨ ᠦᠵᠦᠮᠦᠴᠢᠨ ᠬᠤᠰᠢᠭᠤᠨ  ᠤ 2016 ᠣᠨ ᠤ ᠣᠯᠣᠰ ᠠᠷᠠᠳ ᠤᠨ ᠠᠵᠤ ᠠᠬᠤᠢ ᠪᠠ ᠨᠡᠶᠢᠬᠡᠮ ᠤᠨ ᠬᠦᠭᠵᠢᠯᠳᠡ ᠶᠢᠨ ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠪᠤᠯᠤᠨ 2017 ᠣᠨ ᠤ ᠣᠯᠣᠰ ᠠᠷᠠᠳ ᠤᠨ ᠠᠵᠤ ᠠᠬᠤᠢ ᠪᠠ ᠨᠡᠶᠢᠬᠡᠮ ᠤᠨ ᠬᠦᠭᠵᠢᠯᠳᠡ ᠶᠢᠨ ᠲᠦᠯᠦᠪᠯᠡᠭᠡ ᠶᠢᠨ ᠳᠣᠬᠠᠢ ᠰᠢᠢᠳᠪᠦᠷᠢ᠂ ᠪᠠᠷᠠᠭᠤᠨ ᠦᠵᠦᠮᠦᠴᠢᠨ ᠬᠤᠰᠢᠭᠤᠨ ᠤ 2016 ᠤᠨ  ᠤ ᠡᠳ᠋ ᠤᠨ ᠵᠠᠰᠠᠭ ᠤᠨ ᠲᠦᠰᠦᠪ ᠢ ᠬᠡᠷᠡᠭᠵᠢᠬᠦᠯᠦᠭᠰᠡᠨ ᠪᠠᠶᠢᠳᠠᠯ ᠪᠤᠯᠤᠨ 2017 ᠣᠨ ᠤ ᠡᠳ᠋ ᠤᠨ ᠵᠠᠰᠠᠭ ᠤᠨ ᠲᠦᠰᠦᠪ ᠤᠨ ᠳᠣᠬᠠᠢ ᠰᠢᠢᠳᠪᠦᠷᠢ ᠶᠢ ᠪᠠᠳᠣᠯᠠᠵᠠᠢ᠃ᠬᠤᠷᠠᠯ ᠠᠴᠠ ᠪᠠᠰᠠ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠬᠦᠯᠦᠯᠳᠡ ᠶᠢᠨ ᠳᠣᠨᠬᠠᠢ ᠰᠢᠢᠳᠪᠦᠷᠢ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠠᠵᠢᠯ ᠤᠨ ᠮᠡᠳᠡᠬᠦᠯᠦᠯᠳᠡ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠬᠦᠯᠦᠯᠳᠡ ᠶᠢ ᠪᠠᠳᠣᠯᠠᠵᠠᠢ᠃        ᠬᠤᠷᠠᠯ ᠳᠤ ᠣᠷᠣᠯᠴᠠᠭᠰᠠᠨ ᠲᠦᠯᠦᠭᠡᠯᠡᠭᠴᠢᠳ ᠨᠢ ᠪᠦᠬᠦ ᠬᠤᠰᠢᠭᠤᠨ ᠤ ᠦᠷᠬᠡᠨ ᠣᠯᠠᠨ ᠲᠦᠮᠡᠨ ᠤ ᠬᠦᠰᠡᠯ ᠨᠠᠶᠢᠳᠠᠯᠭ᠎ᠠ ᠶᠢ ᠡᠬᠦᠷᠭᠡᠯᠡᠨ᠂ ᠳᠡᠬᠡᠳᠦ ᠬᠡᠮᠵᠢᠶᠡᠨ ᠤ ᠬᠠᠷᠢᠭᠤᠴᠠᠯᠭᠠᠳᠣ ᠰᠡᠳᠬᠢᠯᠬᠡ ᠪᠤᠯᠤᠨ ᠡᠵᠡᠨ ᠬᠦᠮᠦᠨ  ᠤ ᠵᠤᠷᠢᠭ ᠰᠠᠨᠠᠭ᠎ᠠ ᠪᠠᠷ ᠦᠨᠳᠦᠰᠦᠨ ᠬᠠᠣᠯᠢ ᠬᠢᠬᠡᠳ ᠬᠠᠣᠯᠢ ᠴᠠᠭᠠᠵᠠ ᠠᠴᠠ ᠤᠯᠭᠤᠭᠰᠠᠨ ᠳᠣᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠬᠡᠵᠦ᠂ ︽ᠨᠢᠬᠡ ᠤᠷᠳᠤᠨ ᠬᠤᠶᠠᠷ ᠬᠤᠷᠢᠶ᠎ᠠ︾ ᠪᠤᠯᠤᠨ ᠠᠷᠠᠳ  ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠬᠦᠯᠦᠯᠳᠡ ᠶᠢ ᠬᠢᠨᠠᠨ ᠪᠠᠶᠢᠴᠠᠭᠠᠨ ᠵᠦᠪᠰᠢᠶᠡᠷᠡᠭᠰᠡᠨ ᠪᠠᠶᠢᠨ᠎ᠠ᠃ ᠬᠤᠷᠠᠯ ᠨᠢ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠪᠤᠯᠤᠨ ᠠᠷᠪᠠᠨ ᠨᠠᠢᠮᠠᠳᠣᠭᠠᠷ ᠬᠤᠭᠤᠴᠠᠭᠠᠨ ᠤ ᠭᠤᠷᠪᠠ᠂ ᠲᠦᠷᠪᠡ᠂ ᠳᠠᠪᠤ᠂ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠨᠠᠭ᠎ᠠ  ᠶᠢ ᠬᠦᠨᠵᠡᠬᠡᠢ ᠳᠣᠣᠱᠯᠠᠭᠤᠯᠤᠨ᠂ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶ᠎ᠠ᠂ ᠦᠪᠦᠷ ᠮᠤᠩᠭᠤᠯ ᠤᠷᠤᠨ ᠳᠤ ᠲᠤᠭᠤᠷᠢᠨ ᠪᠠᠶᠢᠴᠠᠭᠠᠯᠳᠠ ᠬᠢᠬᠦ ᠦᠶ᠎ᠡ ᠶᠢᠨ ᠴᠢᠬᠤᠯᠠ ᠶᠠᠷᠢᠶ᠎ᠠ ᠪᠤᠯᠤᠨ ᠤᠯᠤᠰ ᠢ ᠵᠠᠰᠠᠵᠤ ᠲᠦᠷᠦ ᠪᠠᠷᠢᠬᠤ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠣᠬᠤ ᠪᠤᠳᠤᠯᠭ᠎ᠠ ᠶᠢ ᠪᠦᠬᠦ ᠳᠠᠯ᠎ᠠ  ᠪᠠᠷ ᠳᠣᠣᠱᠯᠠᠭᠤᠯᠵᠤ᠂ ᠦᠪᠡᠷᠳᠡᠬᠡᠨ ᠵᠠᠰᠠᠬᠤ ᠤᠷᠤᠨ ᠤ ᠠᠷᠪᠠᠳᠣᠭᠠᠷ ᠤᠳᠠᠭᠠᠨ ᠤ ᠨᠠᠮ ᠤᠨ ᠲᠦᠯᠦᠭᠡᠯᠡᠭᠴᠢᠳ  ᠤᠨ ᠬᠤᠷᠠᠯ᠂ ᠮᠠᠨ ᠤ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠬᠤᠶᠠᠳᠣᠭᠠᠷ ᠬᠤᠭᠤᠴᠠᠭᠠᠨ ᠤ ᠭᠤᠷᠪᠠᠳᠣᠭᠠᠷ ᠤᠳᠠᠭᠠᠨ ᠤ ᠪᠦᠬᠦ ᠬᠡᠰᠢᠬᠦᠳ ᠤᠨ ᠦᠷᠬᠡᠳᠭᠡᠭᠰᠡᠨ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠠᠢ᠃         ᠬᠤᠷᠠᠯ ᠠᠴᠠ᠂ ᠡᠨᠡ ᠵᠢᠯ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠬᠤᠷᠠᠯᠳᠣᠬᠤ ᠵᠢᠯ᠂ ᠮᠦᠨᠴᠦ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ ᠳᠠᠯᠠᠨ ᠵᠢᠯ ᠤᠨ ᠤᠢ ᠵᠢᠴᠢ ᠠᠷᠪᠠᠨ ᠭᠤᠷᠪᠠᠳᠣᠭᠠᠷ ᠳᠠᠪᠤᠨ ᠵᠢᠯ ᠤᠨ ᠲᠦᠯᠦᠪᠵᠢᠬᠦᠯᠬᠡ ᠶᠢ ᠬᠡᠷᠡᠭᠵᠢᠬᠦᠯᠬᠦ ᠴᠢᠬᠤᠯᠠ ᠨᠢᠬᠡᠨ ᠵᠢᠯ ᠪᠤᠯᠤᠨ᠎ᠠ᠂ ᠮᠦᠨᠴᠦ ︽ᠳᠠᠪᠤ ᠶᠢ ᠨᠢᠬᠡ ᠴᠤᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠳᠠ ᠶᠢ ᠨᠢᠬᠡᠳᠦᠯᠳᠡᠢ ᠲᠦᠯᠦᠪᠵᠢᠬᠦᠯᠦᠨ᠂ ︽ᠲᠦᠷᠪᠡᠨ ᠪᠦᠬᠦ ᠳᠠᠯ᠎ᠠ︾ ᠶᠢᠨ ᠪᠠᠶᠢᠯᠳᠣᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠵᠤᠬᠢᠴᠠᠭᠤᠯᠤᠨ ᠠᠬᠢᠭᠤᠯᠵᠤ᠂ ︽ᠭᠤᠷᠪᠠ ᠶᠢ ᠪᠠᠷᠢᠮᠳᠠᠯᠠᠵᠤ᠂ ᠭᠤᠷᠪᠠ ᠶᠢ ᠪᠦᠳᠦᠭᠡᠨ ᠪᠠᠶᠢᠭᠤᠯᠬᠤ︾ ᠠᠵᠢᠯ ᠤᠨ ᠵᠢᠯᠤᠭᠤᠳᠤᠮᠵᠢ ᠪᠠᠷ ᠳᠣᠭᠳᠠᠭᠤᠨ ᠢᠶᠠᠷ ᠤᠷᠤᠭᠰᠢᠯᠠᠬᠤ ᠠᠵᠢᠯ ᠤᠨ ᠶᠡᠷᠦᠩᠬᠡᠢ  ᠭᠦᠭ ᠠᠶᠠᠰ ᠢ ᠦᠷᠬᠦᠯᠵᠢᠯᠡᠨ ᠪᠠᠷᠢᠮᠳᠠᠯᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠳᠣᠭᠳᠠᠭᠤᠨ᠂ ᠡᠷᠡᠬᠦᠯ ᠢᠶᠠᠷ ᠬᠦᠭᠵᠢᠬᠦ ᠶᠢ ᠲᠦᠯᠬᠢᠨ ᠠᠬᠢᠭᠤᠯᠬᠤ ᠰᠢᠪᠳᠣᠯᠣᠯᠳᠠ ᠶᠢᠨ ᠵᠢᠯ ᠪᠤᠯᠤᠨ᠎ᠠ᠃ ᠰᠠᠶ᠋ᠢᠬᠠᠨ ᠬᠤᠷᠠᠯᠳᠣᠭᠰᠠᠨ ᠬᠤᠰᠢᠭᠤ ᠨᠠᠮ ᠤᠨ ᠬᠤᠷᠢᠶᠠᠨ ᠤ ᠠᠷᠪᠠᠨ ᠬᠤᠶᠠᠳᠣᠭᠠᠷ ᠬᠤᠭᠤᠴᠠᠭᠠᠨ ᠤ ᠭᠤᠷᠪᠠᠳᠣᠭᠠᠷ ᠤᠳᠠᠭᠠᠨ ᠤ ᠪᠦᠬᠦ ᠬᠡᠰᠢᠬᠦᠳ ᠤᠨ ᠦᠷᠬᠡᠳᠭᠡᠭᠰᠡᠨ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠪᠤᠯᠤᠨ ᠳᠣᠰ ᠣᠳᠠᠭᠠᠨ ᠤ ᠶᠡᠭᠡ ᠬᠤᠷᠠᠯ ᠠᠴᠠ ᠡᠨᠡ ᠵᠢᠯ ᠤᠨ ᠮᠠᠨ ᠤ ᠬᠤᠰᠢᠭᠤᠨ ᠤ ᠳᠡᠮᠡᠴᠡᠬᠦ ᠬᠠᠷᠠᠯᠳᠠ ᠪᠤᠯᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠭᠤᠤᠯ ᠡᠬᠦᠷᠭᠡ ᠶᠢ ᠳᠣᠭᠳᠠᠭᠠᠭᠰᠠᠨ ᠪᠠᠶᠢᠨ᠎ᠠ᠂ ᠡᠳᠡᠬᠡᠷ ᠡᠬᠦᠷᠭᠡ ᠬᠠᠷᠠᠯᠳᠠ ᠪᠤᠯ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠳᠤ ᠠᠮᠠᠯᠠᠭᠰᠠᠨ ᠲᠦᠪ ᠴᠢᠩᠭ᠎ᠠ ᠠᠮᠠᠯᠠᠯᠳᠠ ᠪᠤᠯᠤᠨ᠎ᠠ᠃ ᠪᠢᠳᠡ ᠡᠷᠬᠡᠪᠰᠢ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠯᠤᠨ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠡᠯ᠎ᠡ ᠵᠦᠢᠯ ᠤᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠳᠣᠣᠱᠯᠠᠭᠤᠯᠤᠨ ᠨᠠᠶᠢᠳᠠᠪᠤᠷᠢᠵᠢᠭᠤᠯᠵᠤ᠂ ᠲᠦᠷᠪᠡᠨ ᠣᠬᠠᠮᠰᠠᠷ ᠢᠶᠠᠨ ᠳᠠᠰᠣᠷᠠᠯᠳᠠ ᠦᠬᠡᠢ ᠴᠢᠩᠭᠠᠳᠬᠠᠵᠤ᠂ ᠲᠦᠷᠪᠡᠨ ᠵᠦᠢᠯ ᠤᠨ ᠴᠢᠳᠠᠪᠤᠷᠢ ᠶᠢ ᠴᠢᠷᠮᠠᠶᠢᠨ ᠳᠡᠭᠡᠭᠰᠢᠯᠡᠬᠦᠯᠵᠦ᠂ ᠡᠬᠦᠷᠭᠡ ᠳᠣᠰᠢᠶᠠᠯ ᠢᠶᠠᠨ ᠪᠠᠳᠣ ᠴᠡᠬᠡᠵᠢᠯᠡᠨ᠂ ᠢᠳᠡᠬᠡᠯ ᠵᠤᠷᠢᠭ ᠢᠶᠠᠨ ᠭᠦᠪᠴᠢᠯᠠᠵᠤ᠂ ᠦᠨᠡᠨ ᠢ ᠪᠠᠷᠢᠮᠳᠠᠯᠠᠨ᠂ ᠰᠢᠷᠭᠠᠭᠤ ᠠᠵᠢᠯᠯᠠᠵᠤ᠂ ᠡᠷᠡᠯᠬᠡᠭᠯᠡᠨ ᠣᠷᠤᠭᠰᠢᠯᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠰᠢᠨ᠎ᠡ ᠳᠠᠪᠰᠢᠯᠳᠠ ᠪᠠ ᠨᠡᠶᠢᠭᠡᠮ ᠤᠨ ᠡᠶ᠎ᠡ ᠵᠤᠬᠢᠴᠠᠩᠭᠤᠢ ᠳᠣᠭᠳᠠᠭᠤᠨ ᠢᠶᠠᠷ ᠰᠢᠨ᠎ᠡ ᠦᠷ᠎ᠡ ᠪᠦᠳᠦᠮᠵᠢ ᠤᠯᠬᠤ ᠶᠢ ᠪᠡᠶᠡᠯᠡᠬᠦᠯᠵᠦ᠂ ᠡᠳ᠋ ᠪᠤᠳᠠᠰ ᠡᠯᠪᠡᠭ ᠪᠠᠶᠠᠨ᠂ ᠤᠶᠤᠨ ᠰᠠᠨᠠᠭ᠎ᠠ ᠴᠢᠬᠡᠴᠢ ᠪᠤᠯᠪᠠᠰᠣᠨ ᠤᠳᠤᠬᠢᠴᠢᠯᠠᠭᠰᠠᠨ ᠪᠠᠷᠠᠭᠤᠨ ᠦᠵᠦᠮᠦᠴᠢᠨ ᠬᠤᠰᠢᠭᠤ ᠶᠢ ᠪᠦᠳᠦᠭᠡᠨ ᠪᠠᠶᠢᠭᠤᠯᠬᠤ ᠳᠤ ᠤᠯᠠᠮ ᠶᠡᠭᠡ ᠬᠤᠪᠢ ᠨᠡᠮᠡᠷᠢ ᠪᠠᠨ ᠦᠵᠡᠬᠦᠯᠵᠦ᠂ ᠰᠢᠯᠢᠳᠡᠭ ᠬᠢᠷᠢ ᠪᠦᠳᠦᠮᠵᠢ ᠪᠠᠷ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ ᠳᠠᠯᠠᠨ ᠵᠢᠯ ᠤᠨ ᠤᠢ ᠶᠢ ᠪᠡᠯᠬᠡᠯᠡᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠᠳᠠᠢ ᠬᠤᠷᠠᠯᠳᠣᠬᠤ ᠶᠢ ᠤᠭᠳᠤᠵᠠᠭᠠᠶ᠎ᠠ ᠬᠡᠵᠡᠢ᠃        ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠠᠪᠣᠳᠣᠭᠠᠷ ᠣᠳᠠᠭᠠᠨ ᠤ ᠬᠤᠷᠠᠯᠳᠣᠭᠠᠨ ᠨᠢ ᠡᠯ᠎ᠡ ᠲᠦᠷᠦᠯ ᠤᠨ ᠵᠦᠪᠯᠡᠬᠦ ᠵᠦᠢᠯ ᠢᠶᠠᠨ ᠪᠦᠬᠦᠨ ᠢ ᠵᠦᠪᠯᠡᠵᠦ᠂ ᠣᠯᠣᠰ ᠤᠨ ᠰᠦᠯᠳᠡ ᠳᠠᠭᠤᠨ ᠳᠣᠮᠳᠠ ᠠᠮᠵᠢᠯᠳᠠᠳᠠᠢ ᠦᠨᠳᠦᠷᠯᠡᠯ᠎ᠡ᠃
 
ᠢᠷᠡᠯᠲᠡ᠄ ᠬᠤᠰᠢᠭᠤ ᠷᠠᠳᠢᠤ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号