ᠦᠵᠦᠮᠦᠴᠢᠨ ᠮᠣᠩᠭᠤᠯᠴᠤᠳ ᠤᠨ ᠤᠯᠠᠮᠵᠢᠯᠠᠯᠲᠤ ᠰᠣᠶᠣᠯ ᠤᠨ ᠭᠤᠣᠯ ᠶᠠᠰᠤ ᠪᠣᠯ ᠮᠣᠩᠭᠤᠯ | ᠦᠨᠳᠦᠰᠦᠲᠡᠨ ᠤ ᠤᠯᠠᠮᠵᠢᠯᠠᠯᠲᠤ ᠰᠣᠶᠣᠯ — ᠨᠡᠭᠦᠳᠡᠯ ᠤᠨ ᠮᠠᠯ ᠠᠵᠤ ᠠᠬᠤᠢ ᠶᠢᠨ ᠢᠰᠡᠭᠡᠢ ᠲᠤᠭᠤᠷᠭᠠᠲᠠᠨ ᠤ | ᠰᠣᠶᠣᠯ ᠶᠤᠮ᠃ ᠡᠨᠡ ᠨᠢ ᠲᠡᠳᠡᠨ ᠤ ᠤᠷᠲᠤ ᠬᠤᠭᠤᠴᠠᠭᠠᠨ ᠤ ᠲᠡᠦᠬᠡ ᠶᠢᠨ ᠬᠥᠭᠵᠢᠯ ᠤᠨ ᠶᠠᠪᠤᠴᠠ ᠳᠠᠭᠠᠨ | ᠥᠪᠡᠷ ᠤᠨ ᠦᠨᠳᠦᠰᠦᠲᠡᠨ ᠤ ᠬᠢ ᠪᠠᠨ ᠬᠡᠳᠦᠨ ᠮᠢᠩᠭᠠᠨ ᠵᠢᠯ ᠤᠨ ᠦᠢᠯᠡᠳᠦᠯᠭᠡ ᠪᠠᠷ ᠲᠣᠭᠲᠠᠭᠠᠯ ᠢᠶᠠᠨ | ᠣᠯᠣᠭᠰᠠᠨ᠂ ᠮᠠᠯ ᠠᠵᠤ ᠠᠬᠤᠢ ᠡᠵᠡᠩᠨᠡᠵᠦ᠂ ᠨᠡᠭᠦᠳᠡᠯ ᠤᠨ ᠠᠮᠢᠳᠤᠷᠠᠯ ᠬᠢᠵᠦ᠂ ᠠᠮᠢᠳᠤᠷᠠᠯ ᠪᠠ ᠦᠢᠯᠡᠳᠪᠦᠷᠢᠯᠡᠯ | ᠤᠨ ᠠᠷᠢᠭᠤᠨ ᠦᠢᠯᠡᠰ ᠢᠶᠠᠨ ᠪᠣᠰᠬᠠᠭᠰᠠᠨ ᠡᠬᠡ ᠰᠣᠶᠣᠯ ᠢᠶᠠᠨ ᠡᠷᠡᠰ ᠪᠠᠷᠢᠮᠲᠠᠯᠠᠭᠰᠠᠨ ᠢ ᠬᠠᠷᠠᠭᠤᠯᠵᠤ ᠪᠠᠶᠢᠨ᠎ᠠ᠃ | ᠡᠭᠦᠨ ᠢ ᠦᠵᠦᠮᠦᠴᠢᠨ ᠮᠣᠩᠭᠤᠯᠴᠤᠳ ᠦᠨᠳᠦᠰᠦᠲᠡᠨ ᠤ ᠬᠢ ᠪᠠᠨ ᠰᠣᠶᠣᠯ ᠢᠶᠠᠨ ᠡᠷᠡᠰ ᠪᠠᠷᠢᠮᠲᠠᠯᠠᠭᠰᠠᠨ ᠭᠡᠳᠡᠭ᠃ | ᠡᠭᠦᠨ ᠤ ᠬᠠᠮᠲᠤ᠂ ᠲᠡᠳᠡ ᠥᠪᠡᠷ ᠤᠨ ᠰᠣᠶᠣᠯ ᠢᠶᠠᠨ ᠪᠠᠷᠢᠮᠲᠠᠯᠠᠬᠤ ᠶᠢᠨ ᠬᠠᠮᠲᠤ ᠲᠠᠰᠤᠷᠠᠯᠲᠠ ᠦᠭᠡᠢ | ᠬᠥᠭᠵᠢᠭᠦᠯᠵᠦ᠂ ᠨᠢᠭᠡᠨ ᠪᠦᠷᠢᠨ ᠪᠦᠲᠦᠨ ᠮᠠᠯ ᠠᠵᠤ ᠠᠬᠤᠢ ᠶᠢᠨ ᠨᠡᠭᠦᠳᠡᠯ ᠤᠨ ᠢᠰᠡᠭᠡᠢ ᠲᠤᠭᠤᠷᠭᠠᠲᠠᠨ ᠤ | ᠰᠣᠶᠣᠯ ᠤᠨ ᠳᠦᠷᠢ ᠶᠢ ᠪᠦᠲᠦᠭᠡᠭᠰᠡᠨ ᠶᠤᠮ᠃ | ᠨᠢᠭᠡ ᠳᠤ᠂ ᠦᠵᠦᠮᠦᠴᠢᠨ ᠤ ᠮᠠᠯ ᠠᠵᠤ ᠠᠬᠤᠢ ᠨᠢ ᠮᠣᠩᠭᠤᠯ ᠤᠨ ᠤᠯᠠᠮᠵᠢᠯᠠᠯᠲᠤ ᠨᠡᠭᠦᠳᠡᠯ ᠤᠨ ᠮᠠᠯ ᠠᠵᠤ | ᠠᠬᠤᠢ ᠶᠢᠨ ᠡᠭᠦᠳᠦᠭᠰᠡᠨ ᠮᠠᠯ ᠰᠦᠷᠦᠭ ᠤᠨ ᠲᠥᠷᠥᠯ ᠵᠦᠢᠯ ᠢᠶᠠᠨ ᠬᠤᠪᠢᠷᠠᠭᠤᠯᠤᠭᠰᠠᠨ ᠦᠭᠡᠢ᠃ ᠬᠡᠷᠪᠡ ᠲᠡᠳᠡ | ᠭᠠᠵᠠᠷ ᠬᠠᠭᠠᠯᠪᠤᠷᠢᠯᠠᠨ᠂ ᠭᠠᠭ᠋ᠠᠢ᠂ ᠡᠯᠵᠢᠭᠡ ᠲᠡᠵᠢᠭᠡᠵᠦ ᠦᠢᠯᠡᠳᠪᠦᠷᠢᠯᠡᠯ ᠤᠨ ᠬᠡᠯᠪᠡᠷᠢ ᠪᠠᠨ ᠥᠭᠡᠷᠡᠴᠢᠯᠡᠭᠰᠡᠨ ᠪᠣᠯ | ᠲᠡᠳᠡᠨ ᠤ ᠤᠯᠠᠮᠵᠢᠯᠠᠯᠲᠤ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠥᠭᠵᠢᠯᠲᠡ ᠪᠠ ᠪᠠᠷᠢᠮᠲᠠᠯᠠᠯ ᠭᠡᠵᠦ ᠪᠠᠶᠢᠬᠤ | ᠦᠭᠡᠢ ᠶᠤᠮ᠃ ᠮᠣᠩᠭᠤᠯᠴᠤᠳ ᠤᠨ ᠮᠠᠯ ᠠᠵᠤ ᠠᠬᠤᠢ ᠶᠢᠨ ᠰᠠᠭᠤᠷᠢ ᠪᠣᠯᠣᠭᠰᠠᠨ ᠮᠠᠯ ᠤᠨ ᠲᠥᠷᠥᠯ ᠨᠢ ᠳᠠᠷᠤᠢ | ᠲᠡᠳᠡᠨ ᠤ ᠡᠵᠡᠩᠨᠡᠵᠦ ᠡᠳ᠋ᠯᠡᠭᠰᠡᠨ᠂ ᠠᠳᠤᠭᠤ᠂ ᠦᠬᠡᠷ᠂ ᠲᠡᠮᠡᠭᠡ᠂ ᠬᠤᠨᠢ᠂ ᠢᠮᠠᠭ᠎ᠠ ︽ᠲᠠᠪᠤᠨ ᠬᠤᠰᠢᠭᠤ ᠮᠠᠯ︾ | ᠪᠣᠯᠣᠨ᠎ᠠ᠃ ᠦᠨᠡᠨ ᠳᠡᠭᠡᠨ ᠲᠠᠪᠤᠨ ᠬᠤᠰᠢᠭᠤ ᠮᠠᠯ ᠪᠠᠶᠢᠭᠰᠠᠨ ᠦᠭᠡᠢ ᠪᠣᠯ ᠮᠠᠯ ᠠᠵᠤ ᠠᠬᠤᠢ ᠪᠠᠶᠢᠬᠤ ᠦᠭᠡᠢ᠂ | ᠮᠠᠯ ᠠᠵᠤ ᠠᠬᠤᠶᠢᠲᠠᠨ ᠪᠠᠶᠢᠬᠤ ᠦᠭᠡᠢ᠂ ᠨᠡᠩ ᠮᠠᠯ ᠠᠵᠤ ᠠᠬᠤᠢ ᠶᠢᠨ ᠰᠣᠶᠣᠯ ᠪᠠᠶᠢᠬᠤ ᠦᠭᠡᠢ ᠶᠤᠮ᠃ | ᠮᠣᠩᠭᠤᠯᠴᠤᠳ ᠳᠡᠯᠡᠬᠡᠢ ᠳᠡᠭᠡᠷ᠎ᠡ ᠲᠠᠪᠤᠨ ᠬᠤᠰᠢᠭᠤ ᠮᠠᠯ ᠡᠷᠬᠢᠯᠡᠵᠦ ᠡᠵᠡᠩᠨᠡᠭᠰᠡᠨ ᠠᠴᠠ ᠰᠠᠶ᠋ᠢ ︽ᠮᠠᠯ ᠠᠵᠤ | ᠠᠬᠤᠶᠢᠲᠠᠨ︾ ᠪᠣᠯᠣᠭᠰᠠᠨ ᠶᠤᠮ᠃ ᠠᠵᠤ ᠠᠬᠤᠢ ᠶᠡᠷᠦ ᠨᠢ ᠠᠯᠢᠪᠠ ᠰᠣᠶᠣᠯ ᠤᠨ ᠰᠠᠭᠤᠷᠢ ᠮᠥᠨ᠃ | ᠮᠣᠩᠭᠤᠯᠴᠤᠳ ᠤᠨ ᠮᠠᠯ ᠠᠵᠤ ᠠᠬᠤᠢ ᠠᠴᠠ ᠡᠭᠦᠰᠦᠭᠰᠡᠨ ᠰᠣᠶᠣᠯ ᠨᠢ ᠵᠣᠬᠢᠬᠤ ᠠᠭᠤᠯᠭ᠎ᠠ ᠳᠡᠭᠡᠷ᠎ᠡ ᠪᠠᠨ ᠳᠠᠷᠤᠢ | ︽ᠲᠠᠪᠤᠨ ᠬᠤᠰᠢᠭᠤ ᠮᠠᠯ ᠤᠨ ᠰᠣᠶᠣᠯ︾ ᠮᠥᠨ᠃ ᠦᠵᠦᠮᠦᠴᠢᠨ ᠮᠣᠩᠭᠤᠯᠴᠤᠳ ᠶᠠᠭ ᠡᠶᠢᠮᠦ ᠮᠣᠩᠭᠤᠯ ᠰᠣᠶᠣᠯ | ᠤᠨ ᠡᠬᠢ — ᠮᠣᠩᠭᠤᠯ ᠤᠨ ᠤᠯᠠᠮᠵᠢᠯᠠᠯᠲᠤ ᠮᠠᠯ ᠠᠵᠤ ᠠᠬᠤᠢ ᠲᠠᠪᠤᠨ ᠬᠤᠰᠢᠭᠤ ᠮᠠᠯ ᠮᠠᠯᠵᠢᠬᠤ᠂ ᠮᠠᠯ ᠰᠦᠷᠦᠭ | ᠠᠵᠤ ᠠᠬᠤᠢ ᠶᠢᠨ ᠲᠥᠷᠥᠯ ᠵᠦᠢᠯ ᠢᠶᠠᠨ ᠬᠤᠪᠢᠷᠠᠭᠤᠯᠤᠭᠰᠠᠨ ᠦᠭᠡᠢ᠂ ᠴᠣᠯ ᠲᠠᠪᠤᠨ ᠬᠤᠰᠢᠭᠤ ᠮᠠᠯ ᠡᠵᠡᠩᠨᠡᠬᠦ | ᠪᠠᠨ ᠡᠷᠡᠰ ᠪᠠᠷᠢᠮᠲᠠᠯᠠᠭᠰᠠᠨ ᠪᠠᠶᠢᠨ᠎ᠠ᠃ ᠡᠭᠦᠨ ᠢ ᠮᠠᠯ ᠰᠦᠷᠦᠭ ᠤᠨ ᠲᠥᠷᠥᠯ ᠤᠨ ᠲᠠᠯ᠎ᠠ ᠪᠠᠷ ᠦᠨᠳᠦᠰᠦᠲᠡᠨ ᠤ | ᠪᠠᠨ ᠮᠠᠯ ᠠᠵᠤ ᠠᠬᠤᠢ ᠶᠢᠨ ᠤᠭ ᠴᠢᠨᠠᠷ ᠢᠶᠠᠨ ᠬᠠᠳᠠᠭᠠᠯᠠᠭᠰᠠᠨ ᠭᠡᠳᠡᠭ᠃ | ᠬᠤᠶᠠᠷ ᠲᠤ᠂ ᠦᠵᠦᠮᠦᠴᠢᠨ ᠤ ᠮᠠᠯ ᠠᠵᠤ ᠠᠬᠤᠢ᠂ ᠮᠠᠯ ᠤᠨ ᠲᠥᠷᠥᠯ ᠤᠨ ᠲᠠᠯ᠎ᠠ ᠪᠠᠷ ᠤᠭ ᠴᠢᠨᠠᠷ ᠢᠶᠠᠨ | ᠬᠠᠳᠠᠭᠠᠯᠠᠭᠰᠠᠨ ᠢᠶᠠᠷ ᠪᠠᠷᠠᠬᠤ ᠦᠭᠡᠢ᠂ ᠲᠡᠳᠡ ᠮᠠᠯ ᠠᠵᠤ ᠠᠬᠤᠢ ᠶᠢᠨ ᠡᠵᠡᠩᠨᠡᠯᠲᠡ ᠶᠢᠨ ᠠᠷᠭ᠎ᠠ ᠬᠡᠯᠪᠡᠷᠢ ᠶᠢᠨ | ᠲᠠᠯ᠎ᠠ ᠪᠠᠷ ᠨᠡᠭᠦᠳᠡᠯ ᠤᠨ ᠮᠠᠯ ᠠᠵᠤ ᠠᠬᠤᠢ ᠡᠵᠡᠩᠨᠡᠬᠦ ᠤᠯᠠᠮᠵᠢᠯᠠᠯ ᠢᠶᠠᠨ ᠬᠤᠪᠢᠷᠠᠭᠤᠯᠤᠭᠰᠠᠨ ᠦᠭᠡᠢ᠃ | ᠥᠪᠡᠷ ᠤᠨ ᠢᠰᠡᠭᠡᠢ ᠲᠤᠭᠤᠷᠭᠠᠲᠠᠨ ᠤ ᠡᠭᠦᠳᠦᠭᠰᠡᠨ ᠨᠡᠭᠦᠳᠡᠯ ᠤᠨ ᠮᠠᠯ ᠠᠵᠤ ᠠᠬᠤᠢ ᠡᠷᠬᠢᠯᠡᠬᠦ ᠲᠡᠦᠬᠡᠨ | ᠡᠵᠡᠩᠨᠡᠯᠲᠡ ᠶᠢᠨ ᠬᠡᠯᠪᠡᠷᠢ ᠪᠠᠨ ᠪᠠᠷᠢᠮᠲᠠᠯᠠᠭᠰᠠᠨ ᠪᠠᠶᠢᠨ᠎ᠠ᠃ ᠡᠨᠡ ᠨᠢ ᠦᠵᠦᠮᠦᠴᠢᠨ ᠮᠣᠩᠭᠤᠯᠴᠤᠳ ᠮᠠᠯ ᠠᠵᠤ | ᠠᠬᠤᠢ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠤᠨ ᠲᠠᠯ᠎ᠠ ᠪᠠᠷ ᠪᠠᠰᠠ ᠤᠭ ᠴᠢᠨᠠᠷ ᠢᠶᠠᠨ ᠬᠡᠪ ᠢᠶᠠᠷ ᠨᠢ | ᠬᠠᠳᠠᠭᠠᠯᠠᠭᠰᠠᠨ ᠪᠠᠶᠢᠨ᠎ᠠ᠃ ᠬᠡᠷᠪᠡ ᠦᠵᠦᠮᠦᠴᠢᠨ ᠮᠣᠩᠭᠤᠯᠴᠤᠳ ᠳᠡᠭᠡᠷᠡᠬᠢ ᠬᠤᠶᠠᠷ ᠦᠨᠳᠦᠰᠦᠨ ᠲᠠᠯ᠎ᠠ ᠪᠠᠷ | ᠮᠣᠩᠭᠤᠯ ᠰᠣᠶᠣᠯ ᠤᠨ ᠤᠭ ᠴᠢᠨᠠᠷ ᠢᠶᠠᠨ ᠬᠡᠪ ᠢᠶᠠᠷ ᠨᠢ ᠬᠠᠳᠠᠭᠠᠯᠠᠭᠰᠠᠨ ᠦᠭᠡᠢ᠂ ᠲᠡᠦᠬᠡ ᠠᠴᠠ ᠪᠠᠨ ᠪᠠᠶᠢᠭᠠᠯᠢ | ᠶᠢᠨ ᠨᠥᠬᠦᠴᠡᠯ ᠢᠶᠠᠨ ᠬᠠᠮᠢᠶᠠᠷᠤᠭᠰᠠᠨ ᠦᠭᠡᠢ ᠪᠠᠷ ᠰᠣᠬᠤᠷ ᠪᠠᠯᠠᠢ ᠪᠠᠷ ᠨᠤᠲᠤᠭ ᠪᠡᠯᠴᠢᠭᠡᠷ ᠢᠶᠠᠨ ᠬᠠᠭᠠᠯᠪᠤᠷᠢᠯᠠᠵᠤ᠂ | ᠣᠲᠣᠷ ᠨᠡᠭᠦᠳᠡᠯ ᠤᠨ ᠬᠡᠯᠪᠡᠷᠢ ᠳᠤ ᠵᠣᠬᠢᠬᠤ ᠦᠭᠡᠢ ᠡᠯᠵᠢᠭᠡ᠂ ᠭᠠᠭ᠋ᠠᠢ᠂ ᠭᠠᠯᠠᠭᠤ᠂ ᠲᠠᠬᠢᠶ᠎ᠠ ᠲᠡᠵᠢᠭᠡᠭᠰᠡᠨ ᠪᠣᠯ | ᠲᠡᠳᠡᠨ ᠤ ᠮᠠᠯ ᠠᠵᠤ ᠠᠬᠤᠢ ᠨᠡᠭᠦᠳᠡᠯ ᠤᠨ ᠰᠣᠶᠣᠯ ᠪᠠᠶᠢᠬᠤ ᠦᠭᠡᠢ ᠶᠤᠮ᠃ | ᠭᠤᠷᠪᠠ ᠳᠤ᠂ ᠦᠵᠦᠮᠦᠴᠢᠨ ᠤ ᠨᠡᠭᠦᠳᠡᠯ ᠤᠨ ᠤᠭ ᠴᠢᠨᠠᠷ ᠢᠶᠠᠨ ᠭᠦᠢᠴᠡᠳ ᠬᠠᠳᠠᠭᠠᠯᠠᠭᠰᠠᠨ ᠮᠠᠯ ᠠᠵᠤ | ᠠᠬᠤᠢ ᠶᠢᠨ ᠰᠣᠶᠣᠯ ᠨᠢ ᠶᠠᠮᠠᠷ ᠨᠢᠭᠡᠨ ᠵᠣᠭᠰᠣᠩᠭᠤᠢ ᠮᠠᠯ ᠠᠵᠤ ᠠᠬᠤᠢ ᠪᠢᠰᠢ᠃ ᠬᠠᠷᠢᠨ ᠮᠠᠯ ᠨᠡᠭᠦᠳᠡᠯ ᠬᠤᠶᠠᠷ | ᠦᠨᠳᠦᠰᠦᠨ ᠴᠢᠨᠠᠷ ᠬᠤᠪᠢᠷᠠᠭᠰᠠᠨ ᠦᠭᠡᠢ ᠨᠥᠬᠦᠴᠡᠯ ᠤᠨ ᠳᠣᠣᠷ᠎ᠠ᠂ ᠴᠠᠭ ᠦᠶ᠎ᠡ ᠶᠢᠨ ᠬᠥᠭᠵᠢᠯᠲᠡ ᠶᠢ ᠳᠠᠭᠠᠵᠤ | ᠲᠠᠰᠤᠷᠠᠯᠲᠠ ᠦᠭᠡᠢ ᠬᠥᠭᠵᠢᠵᠦ ᠳᠡᠭᠡᠭᠰᠢᠯᠡᠵᠦ᠂ ᠪᠦᠷᠢᠨᠰᠢᠨ ᠲᠡᠭᠦᠯᠳᠡᠷᠵᠢᠵᠦ᠂ ᠲᠠᠰᠤᠷᠠᠯᠲᠠ ᠦᠭᠡᠢ ᠬᠡᠪᠰᠢᠨ | ᠳᠦᠷᠢᠮᠵᠢᠵᠦ᠂ ᠲᠠᠰᠤᠷᠠᠯᠲᠠ ᠦᠭᠡᠢ ᠮᠠᠯ ᠠᠵᠤ ᠠᠬᠤᠢ ᠶᠢᠨ ᠦᠢᠯᠡᠳᠪᠦᠷᠢᠯᠡᠬᠦ ᠬᠦᠴᠦᠨ ᠢ ᠴᠢᠯᠦᠭᠡᠯᠡᠨ | ᠬᠥᠭᠵᠢᠭᠦᠯᠦᠭᠡᠳ ᠠᠯᠬᠤᠮ ᠠᠯᠬᠤᠮ ᠢᠶᠠᠷ ᠪᠠᠶᠢᠭᠠᠯᠢᠭ ᠮᠠᠯ ᠠᠵᠤ ᠠᠬᠤᠢ ᠶᠢᠨ ᠬᠡᠯᠪᠡᠷᠢ ᠠᠴᠠ ᠪᠠᠨ ᠰᠣᠶᠣᠯ ᠤᠨ | ᠮᠠᠯ ᠠᠵᠤ ᠠᠬᠤᠢ ᠶᠢᠨ ᠬᠡᠯᠪᠡᠷᠢ ᠥᠭᠡᠳᠡ ᠰᠢᠯᠵᠢᠵᠦ᠂ ᠨᠢᠭᠡᠨ ᠦᠵᠦᠮᠦᠴᠢᠨ ᠮᠠᠯ ᠠᠵᠤ ᠠᠬᠤᠢ ᠶᠢᠨ ᠰᠣᠶᠣᠯ ᠤᠨ | ᠬᠡᠯᠪᠡᠷᠢ ᠳᠤ ᠳᠠᠪᠰᠢᠵᠠᠢ᠃ ᠲᠡᠦᠬᠡᠨ ᠠᠰᠠᠭᠤᠳᠠᠯ ᠢ ᠲᠤᠬᠠᠢ ᠶᠢᠨ ᠴᠠᠭ ᠦᠶ᠎ᠡ ᠶᠢᠨ ᠬᠥᠭᠵᠢᠯᠲᠡ ᠶᠢᠨ ᠬᠡᠮᠵᠢᠶᠡᠨ | ᠳᠤ ᠰᠤᠳᠤᠯᠳᠠᠭ ᠪᠣᠯ ᠶᠠᠭ ᠡᠶᠢᠮᠦ ᠶᠤᠮ᠃ ᠲᠡᠦᠬᠡᠨ ᠳᠡᠭᠡᠷᠡᠬᠢ ᠲᠡᠳᠡᠨ ᠤ ᠮᠠᠯ ᠠᠵᠤ ᠠᠬᠤᠢ ᠶᠢᠨ ᠦᠢᠯᠡᠳᠪᠦᠷᠢᠯᠡᠯ | ᠢ ᠶᠠᠭ ᠪᠠᠶᠢᠭᠠᠯᠢ ᠶᠢᠨ ᠮᠠᠯ ᠠᠵᠤ ᠠᠬᠤᠢ ᠭᠡᠵᠦ ᠥᠷᠥᠭᠡᠯ ᠢᠶᠠᠷ ᠦᠵᠡᠵᠦ ᠪᠣᠯᠬᠤ ᠦᠭᠡᠢ᠃ ᠬᠠᠷᠢᠨ ᠰᠣᠶᠣᠯ ᠤᠨ | ᠮᠠᠯ ᠠᠵᠤ ᠠᠬᠤᠢ ᠳᠤ ᠠᠯᠬᠤᠮ ᠠᠯᠬᠤᠮ ᠢᠶᠠᠷ ᠤᠷᠤᠭᠰᠢᠯᠠᠭᠰᠠᠨ ᠬᠦᠴᠦᠨ ᠵᠦᠢᠯ ᠣᠷᠣᠰᠢᠵᠤ ᠢᠷᠡᠭᠰᠡᠨ ᠢ | ᠭᠦᠢᠴᠡᠳ ᠦᠵᠡᠬᠦ ᠬᠡᠷᠡᠭᠲᠡᠢ᠃ ᠶᠡᠷᠦ ᠨᠢ ᠲᠤᠬᠠᠢ ᠶᠢᠨ ᠦᠶ᠎ᠡ ᠳᠡᠭᠡᠨ ᠦᠵᠦᠮᠦᠴᠢᠨ ᠤ ᠮᠠᠯ ᠠᠵᠤ ᠠᠬᠤᠢ ᠳᠡᠯᠡᠬᠡᠢ | ᠶᠢᠷᠲᠢᠨᠴᠦ ᠳᠤ ᠠᠪᠴᠤ ᠬᠡᠯᠡᠭᠰᠡᠨ ᠴᠦ ᠨᠡᠯᠢᠶᠡᠳ ᠳᠠᠪᠰᠢᠩᠭᠤᠢ ᠠᠵᠤ ᠠᠬᠤᠢ ᠪᠠᠶᠢᠪᠠ᠃ ᠳᠡᠯᠡᠬᠡᠢ ᠶᠢᠨ ᠠᠵᠤ | ᠠᠬᠤᠢ ᠶᠢᠨ ᠬᠥᠭᠵᠢᠯᠲᠡ ᠴᠦ 20 ᠳ᠋ᠤᠭᠠᠷ ᠵᠠᠭᠤᠨ ᠳᠤ ᠯᠡ ᠰᠠᠶ᠋ᠢ ᠶᠡᠭᠡ ᠪᠠᠷ ᠬᠥᠭᠵᠢᠵᠦ ᠡᠬᠢᠯᠡᠭᠰᠡᠨ ᠶᠤᠮ᠃ | ᠦᠵᠦᠮᠦᠴᠢᠨ ᠤ ᠰᠣᠶᠣᠯ ᠤᠨ ᠮᠠᠯ ᠠᠵᠤ ᠠᠬᠤᠢ ᠶᠢᠨ ᠬᠥᠭᠵᠢᠯᠲᠡ ᠶᠢᠨ ᠶᠠᠪᠤᠴᠠ ᠶᠢ ᠡᠷᠭᠢᠴᠡᠭᠦᠯᠪᠡᠯ᠄ | ᠨᠢᠭᠡ᠂ ᠲᠠᠪᠤᠨ ᠬᠤᠰᠢᠭᠤ ᠮᠠᠯ ᠢᠶᠠᠷ ᠰᠠᠭᠤᠷᠢᠯᠠᠭᠰᠠᠨ ᠦᠵᠦᠮᠦᠴᠢᠨ ᠤ ᠮᠠᠯ ᠠᠵᠤ ᠠᠬᠤᠢ ᠶᠢᠨ ᠰᠣᠶᠣᠯ | ᠤᠨ ᠬᠥᠭᠵᠢᠯᠲᠡ᠄ ᠲᠠᠪᠤᠨ ᠬᠤᠰᠢᠭᠤ ᠮᠠᠯ ᠪᠣᠯ ᠦᠵᠦᠮᠦᠴᠢᠨ ᠤ ᠮᠠᠯ ᠠᠵᠤ ᠠᠬᠤᠢ ᠶᠢᠨ ᠬᠥᠭᠵᠢᠯᠲᠡ ᠶᠢᠨ | ᠰᠠᠭᠤᠷᠢ ᠮᠥᠨ᠃ ᠦᠵᠦᠮᠦᠴᠢᠨ ᠮᠣᠩᠭᠤᠯᠴᠤᠳ ᠲᠠᠪᠤᠨ ᠬᠤᠰᠢᠭᠤ ᠮᠠᠯ ᠤᠨ ᠣᠨᠴᠠᠯᠢᠭ ᠢ ᠲᠡᠰᠦᠷᠡᠯᠲᠡ ᠦᠭᠡᠢ | ᠰᠤᠳᠤᠯᠤᠨ ᠲᠠᠨᠢᠵᠤ᠂ ᠲᠡᠭᠦᠨ ᠤ ᠨᠡᠭᠦᠳᠡᠯ ᠳᠤ ᠲᠣᠬᠢᠷᠠᠬᠤ᠂ ᠪᠡᠯᠴᠢᠭᠡᠷᠯᠡᠭᠦᠯᠬᠦ ᠳᠤ ᠲᠣᠬᠢᠷᠠᠬᠤ᠂ ᠣᠯᠠᠨ ᠢᠶᠠᠷ | ᠰᠦᠷᠦᠭᠯᠡᠬᠦ ᠳᠤ ᠲᠣᠬᠢᠷᠠᠬᠤ᠂ ᠡᠷᠦᠬᠡ ᠪᠠᠷ ᠥᠮᠴᠢᠯᠡᠵᠦ ᠡᠵᠡᠩᠨᠡᠵᠦ ᠮᠠᠯᠵᠢᠬᠤ ᠳᠤ ᠲᠣᠬᠢᠷᠠᠬᠤ᠂ ᠠᠮᠢᠳᠤᠷᠠᠯ ᠤᠨ | ᠢᠷᠡᠯᠲᠡ ᠪᠠᠨ ᠬᠠᠩᠭᠠᠬᠤ ᠬᠡᠷᠡᠭᠴᠡᠭᠡ ᠳᠤ ᠲᠣᠬᠢᠷᠠᠬᠤ᠂ ᠣᠷᠣᠨ ᠨᠤᠲᠤᠭ ᠤᠨ ᠪᠠᠶᠢᠭᠠᠯᠢ ᠶᠢᠨ ᠨᠥᠬᠦᠴᠡᠯ ᠳᠤ | ᠲᠣᠬᠢᠷᠠᠬᠤ᠂ ᠪᠤᠰᠤᠳᠴᠢ ᠲᠠᠯ᠎ᠠ ᠪᠠ ᠬᠡᠵᠢᠶ᠎ᠡ ᠬᠠᠮᠢᠭ᠎ᠠ ᠶᠠᠮᠠᠷ ᠪᠠᠶᠢᠳᠠᠯ ᠤᠨ ᠳᠣᠣᠷ᠎ᠠ ᠴᠦ ᠣᠲᠣᠷ ᠨᠡᠭᠦᠳᠡᠯ ᠬᠢᠬᠦ ᠳᠤ | ᠠᠶᠢᠯ ᠡᠷᠦᠬᠡ ᠶᠢᠨ ᠪᠦᠬᠦ ᠠᠮᠢᠳᠤᠷᠠᠯ — ᠰᠠᠭᠤᠬᠤ᠂ ᠢᠳᠡᠬᠦ᠂ ᠡᠮᠦᠰᠬᠦ᠂ ᠤᠨᠤᠬᠤ᠂ ᠬᠥᠯᠬᠦ᠂ ᠬᠡᠷᠡᠭᠯᠡᠬᠦ᠂ ᠪᠦᠬᠦ | ᠵᠦᠢᠯ ᠨᠢ ᠥᠪᠴᠢ ᠪᠠᠷ ᠢᠶᠠᠨ ᠰᠢᠯᠵᠢᠵᠦ ᠪᠣᠯᠬᠤ ᠰᠢᠳᠢ ᠤᠪᠠᠳᠢᠰ ᠢ ᠢᠯᠡᠷᠡᠭᠦᠯᠵᠡᠢ᠃ ᠡᠨᠡ ᠪᠣᠯ | ᠰᠤᠳᠤᠯᠤᠭᠤᠰᠢᠲᠠᠢ ᠰᠠᠭᠤᠷᠢ ᠰᠣᠶᠣᠯ ᠤᠨ ᠦᠷ᠎ᠡ ᠪᠦᠲᠦᠭᠡᠯ ᠮᠥᠨ᠃ | ᠲᠠᠪᠤᠨ ᠬᠤᠰᠢᠭᠤ ᠮᠠᠯ ᠨᠢ ᠳᠡᠭᠡᠷᠡᠬᠢ ᠮᠡᠲᠦ ᠦᠵᠦᠮᠦᠴᠢᠨ ᠤ ᠠᠵᠤ ᠠᠬᠤᠢ ᠶᠢᠨ ᠭᠤᠣᠯ ᠰᠠᠭᠤᠷᠢ | ᠪᠣᠯᠣᠭᠰᠠᠨ ᠠᠴᠠ ᠲᠡᠦᠬᠡᠨ ᠳᠡᠭᠡᠷ᠎ᠡ ᠲᠡᠳᠡᠨ ᠤ ᠭᠤᠣᠯ ᠦᠢᠯᠡᠳᠪᠦᠷᠢᠯᠡᠯ ᠠᠮᠢᠳᠤᠷᠠᠯ ᠤᠨ ᠬᠥᠳᠡᠯᠭᠡᠭᠡᠨ ᠤ ᠰᠡᠳᠬᠢᠴᠡ | ᠂ ᠪᠣᠳᠣᠯᠬᠢᠯᠠᠯ᠂ ᠰᠤᠳᠤᠯᠤᠯ᠂ ᠦᠢᠯᠡ ᠠᠵᠢᠯᠯᠠᠭ᠎ᠠ ᠶᠢ ᠪᠠᠭᠲᠠᠭᠠᠭᠰᠠᠨ ᠲᠥᠰᠥᠪ᠂ ᠲᠥᠯᠥᠪᠯᠡᠭᠡ᠂ ᠠᠷᠭ᠎ᠠ | ᠪᠣᠳᠣᠯᠭ᠎ᠠ᠂ ᠲᠤᠷᠰᠢᠯᠭ᠎ᠠ ᠶᠢᠨ ᠬᠤᠷᠢᠶᠠᠩᠭᠤᠶᠢᠯᠠᠯ᠂ ᠴᠢᠨᠠᠭᠰᠢᠯᠠᠪᠠᠯ ᠵᠠᠩ ᠵᠠᠩᠰᠢᠯ ᠵᠡᠷᠭᠡ ᠳᠠᠪᠬᠤᠷᠭ᠎ᠠ ᠨᠢ ᠪᠦᠷ | ᠲᠠᠪᠤᠨ ᠬᠤᠰᠢᠭᠤ ᠮᠠᠯ ᠢᠶᠠᠷ ᠭᠤᠣᠯ ᠪᠣᠯᠭᠠᠭᠰᠠᠨ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠲᠣᠭᠤᠷᠢᠨ ᠠᠴᠠ | ᠢᠷᠠᠵᠤ᠂ ᠴᠠᠰᠢ ᠣᠨᠣᠯᠵᠢᠨ ᠲᠣᠭᠲᠠᠭᠠᠭᠳᠠᠵᠤ᠂ ᠬᠡᠪᠰᠢᠨ ᠳᠦᠷᠢᠮᠵᠢᠵᠡᠢ᠃ ᠡᠨᠡ ᠨᠢ ᠲᠠᠬᠢᠨ ᠮᠠᠯ ᠠᠵᠤ ᠠᠬᠤᠢ | ᠶᠢᠨ ᠦᠢᠯᠡᠳᠪᠦᠷᠢᠯᠡᠯ ᠤᠨ ᠣᠲᠣᠷ ᠨᠡᠭᠦᠳᠡᠯ ᠤᠨ ᠠᠵᠢᠯᠯᠠᠭ᠎ᠠ ᠶᠢᠨ ᠦᠢᠯᠡᠳᠦᠯᠭᠡ ᠶᠢ ᠵᠢᠯᠣᠭᠤᠳᠤᠨ ᠤᠷᠤᠭᠰᠢ | ᠠᠬᠢᠭᠤᠯᠳᠠᠭ ᠪᠠᠶᠢᠵᠠᠢ᠃ ᠡᠶᠢᠮᠦ ᠠᠴᠠ ᠲᠡᠳᠡᠨ ᠤ ᠮᠠᠯ ᠠᠵᠤ ᠠᠬᠤᠢ ᠦᠢᠯᠡᠳᠪᠦᠷᠢᠯᠡᠯ ᠤᠨ ᠠᠵᠢᠯᠯᠠᠭ᠎ᠠ ᠨᠢ | ᠦᠢᠯᠡᠳᠦᠯᠭᠡ ᠪᠠᠷ ᠰᠠᠭᠤᠷᠢᠯᠠᠵᠤ᠂ ᠣᠨᠣᠯ ᠢᠶᠠᠷ ᠵᠢᠯᠣᠭᠤᠳᠤᠭᠤᠯᠤᠨ ᠶᠠᠪᠤᠭᠳᠠᠵᠤ ᠠᠯᠬᠤᠮ ᠠᠯᠬᠤᠮ ᠢᠶᠠᠷ ᠪᠠᠶᠢᠭᠠᠯᠢ | ᠶᠢᠨ ᠮᠠᠯ ᠠᠵᠤ ᠠᠬᠤᠢ ᠠᠴᠠ ᠰᠣᠶᠣᠯ ᠤᠨ ᠮᠠᠯ ᠠᠵᠤ ᠠᠬᠤᠢ ᠵᠦᠭ ᠲᠠᠰᠤᠷᠠᠯᠲᠠ ᠦᠭᠡᠢ ᠰᠢᠯᠵᠢᠵᠦ ᠢᠷᠡᠭᠰᠡᠨ | ᠭᠡᠳᠡᠭ᠃ | ᠬᠤᠶᠠᠷ᠂ ᠡᠷᠲᠡᠨ ᠤ ᠤᠭ ᠲᠥᠷᠬᠦ᠂ ᠬᠡᠪ ᠨᠠᠮᠪᠠ ᠪᠠᠨ ᠬᠠᠳᠠᠭᠠᠯᠠᠭᠰᠠᠨ ᠰᠠᠭᠤᠷᠢᠨ ᠳᠡᠭᠡᠷᠡᠬᠢ ᠦᠵᠦᠮᠦᠴᠢᠨ | ᠤ ᠮᠠᠯ ᠠᠵᠤ ᠠᠬᠤᠢ ᠶᠢᠨ ᠰᠣᠶᠣᠯ ᠤᠨ ᠬᠥᠭᠵᠢᠯᠲᠡ᠄ ᠪᠦᠬᠦᠢ ᠯᠡ ᠦᠵᠦᠮᠦᠴᠢᠨ ᠤ ᠮᠠᠯ ᠠᠵᠤ ᠠᠬᠤᠢ ᠶᠢᠨ | ᠰᠣᠶᠣᠯ ᠪᠣᠯ ᠲᠡᠳᠡᠨ ᠤ ᠮᠠᠯ ᠠᠵᠤ ᠠᠬᠤᠢ ᠶᠢᠨ ᠡᠵᠡᠩᠨᠡᠯᠲᠡ ᠶᠢᠨ ᠤᠭ ᠬᠡ ᠬᠡᠯᠪᠡᠷᠢ ᠪᠠ ᠲᠡᠭᠦᠨ ᠤ ᠥᠷᠭᠡᠵᠢᠯ | ᠭᠦᠨᠵᠡᠭᠡᠶᠢᠷᠡᠯ ᠤᠨ ᠵᠢᠮ᠎ᠡ ᠶᠣᠰᠣᠭᠠᠷ ᠢᠶᠠᠨ ᠴᠢᠨᠠᠭᠰᠢᠳᠠ ᠬᠥᠭᠵᠢᠭᠰᠡᠨ ᠬᠤᠪᠢᠰᠤᠩᠭᠤᠢ ᠬᠠᠷᠢᠴᠠᠭᠠᠨ ᠤ ᠨᠢᠭᠡᠳᠦᠯ | ᠶᠤᠮ᠃ ᠡᠨᠡ ᠨᠢ ᠮᠣᠩᠭᠤᠯ ᠤᠨ ᠮᠠᠯ ᠠᠵᠤ ᠠᠬᠤᠢ ᠶᠢᠨ ᠰᠣᠶᠣᠯ ᠪᠣᠯ ᠳᠡᠯᠡᠬᠡᠢ ᠶᠢᠨ ᠪᠤᠰᠤᠳ ᠠᠯᠢᠪᠠ ᠰᠣᠶᠣᠯ | ᠲᠠᠢ ᠠᠳᠠᠯᠢ ᠪᠠᠷ ᠪᠣᠶᠢᠵᠢᠯᠲᠠ ᠶᠢᠨ ᠶᠠᠪᠤᠴᠠ ᠳᠠᠭᠠᠨ ᠲᠠᠰᠤᠷᠠᠯᠲᠠ ᠦᠭᠡᠢ ᠬᠥᠭᠵᠢᠵᠦ ᠳᠡᠭᠡᠭᠰᠢᠯᠡᠭᠰᠡᠨ ᠵᠢᠮ᠎ᠡ ᠶᠣᠰᠣ | ᠲᠠᠢ ᠠᠳᠠᠯᠢ ᠪᠠᠶᠢᠳᠠᠭ᠃ | ᠶᠠᠭ ᠡᠶᠢᠮᠦ ᠠᠴᠠ ᠦᠵᠦᠮᠦᠴᠢᠨ ᠮᠣᠩᠭᠤᠯᠴᠤᠳ ᠥᠪᠡᠷ ᠤᠨ ᠦᠨᠳᠦᠰᠦᠲᠡᠨ᠂ ᠣᠷᠣᠨ ᠨᠤᠲᠤᠭ ᠤᠨ | ᠰᠣᠶᠣᠯ ᠪᠣᠯᠬᠤ ᠮᠠᠯ ᠠᠵᠤ ᠠᠬᠤᠢ ᠶᠢᠨ ᠰᠣᠶᠣᠯ ᠤᠨ ᠢᠶᠠᠨ ᠡᠷᠲᠡᠨ ᠤ ᠤᠯᠠᠮᠵᠢᠯᠠᠯᠲᠤ ᠤᠭ ᠲᠥᠷᠬᠦ ᠶᠢ ᠨᠢ | ᠭᠦᠢᠴᠡᠳ ᠬᠠᠳᠠᠭᠠᠯᠠᠭᠰᠠᠨ ᠰᠠᠭᠤᠷᠢ ᠳᠡᠭᠡᠷ᠎ᠡ᠂ ᠠᠯᠢᠪᠠ ᠬᠡᠷᠡᠭ ᠪᠣᠳᠠᠰ ᠤᠨ ᠬᠥᠭᠵᠢᠯᠲᠡ ᠶᠢᠨ ᠵᠢᠮ᠎ᠡ ᠶᠣᠰᠣᠭᠠᠷ | ᠲᠠᠰᠤᠷᠠᠯᠲᠠ ᠦᠭᠡᠢ ᠤᠷᠤᠭᠰᠢ ᠬᠥᠭᠵᠢᠭᠦᠯᠵᠦ᠂ ᠲᠠᠰᠤᠷᠠᠯᠲᠠ ᠦᠭᠡᠢ ᠥᠭᠡᠷᠡᠴᠢᠯᠡᠨ ᠳᠡᠭᠡᠭᠰᠢᠯᠡᠭᠦᠯᠵᠦ ᠢᠷᠠᠪᠠ᠃ | 1. ᠦᠵᠦᠮᠦᠴᠢᠨ ᠤ ᠣᠲᠣᠷ ᠨᠡᠭᠦᠳᠡᠯ ᠤᠨ ᠬᠡᠯᠪᠡᠷᠢ ᠶᠢᠨ ᠬᠤᠪᠢᠷᠠᠯᠲᠠ ᠬᠥᠭᠵᠢᠯᠲᠡ — ᠦᠵᠦᠮᠦᠴᠢᠨ | ᠮᠣᠩᠭᠤᠯᠴᠤᠳ ᠤᠨ ᠲᠡᠦᠬᠡᠨ ᠳᠡᠭᠡᠷᠡᠬᠢ ᠣᠲᠣᠷ ᠨᠡᠭᠦᠳᠡᠯ ᠪᠣᠯ ᠤᠰᠤ ᠪᠡᠯᠴᠢᠭᠡᠷ ᠳᠠᠭᠠᠵᠤ ᠠᠯᠤᠰ ᠬᠤᠯᠠ ᠨᠡᠭᠦᠳᠡᠭ | ᠣᠲᠣᠷ ᠨᠡᠭᠦᠳᠡᠯ ᠪᠠᠶᠢᠪᠠ᠃ ᠲᠡᠳᠡ ᠠᠯᠲᠠᠢ ᠶᠢᠨ ᠨᠢᠷᠤᠭᠤ ᠠᠴᠠ ᠬᠢᠩᠭᠠᠨ ᠳᠠᠪᠠᠭ᠎ᠠ ᠶᠢ ᠳᠠᠪᠠᠭ᠋ᠤ᠂ ᠭᠤᠪᠢ ᠶᠢᠨ | ᠠᠷᠤ ᠬᠠᠩᠭᠠᠢ ᠠᠭᠤᠯᠠ ᠠᠴᠠ ᠯᠤᠤᠬ᠎ᠠ ᠶᠢᠨ ᠭᠤᠣᠯ ᠰᠢᠷ᠎ᠠ ᠮᠥᠷᠡᠨ ᠢ ᠬᠡᠲᠦᠯᠲᠡᠯᠡ ᠣᠲᠣᠷᠯᠠᠨ ᠮᠠᠯᠵᠢᠵᠤ | ᠪᠠᠶᠢᠭᠰᠠᠨ ᠪᠠᠶᠢᠨ᠎ᠠ᠃ | ᠲᠡᠳᠡᠨ ᠤ ᠡᠨᠡ ᠬᠢᠵᠠᠭᠠᠷ ᠦᠭᠡᠢ ᠣᠲᠣᠷ ᠨᠡᠭᠦᠳᠡᠯ ᠤᠨ ᠰᠣᠶᠣᠯ ᠨᠢ ᠲᠡᠦᠬᠡ ᠶᠢᠨ ᠣᠯᠠᠨ ᠲᠠᠯ᠎ᠠ ᠶᠢᠨ | ᠰᠢᠯᠲᠠᠭᠠᠨ ᠠᠴᠠ ᠪᠣᠯᠵᠤ᠂ ᠮᠣᠩᠭᠤᠯᠴᠤᠳ ᠤᠨ ᠣᠲᠣᠷ ᠨᠡᠭᠦᠳᠡᠯ ᠤᠨ ᠮᠠᠯ ᠠᠵᠤ ᠠᠬᠤᠢ ᠶᠢᠨ ᠰᠣᠶᠣᠯ ᠤᠨ ᠤᠭ | ᠳᠦᠷᠰᠦ ᠪᠠᠨ ᠬᠠᠳᠠᠭᠠᠯᠠᠭᠰᠠᠨ ᠰᠠᠭᠤᠷᠢ ᠳᠡᠭᠡᠷ᠎ᠡ ᠤᠯᠠᠮ ᠢᠶᠠᠷ ᠥᠭᠡᠷᠡᠴᠢᠯᠡᠭᠳᠡᠵᠦ ᠬᠥᠭᠵᠢᠵᠦ ᠢᠷᠠᠵᠠᠢ᠃ ᠡᠨᠡ ᠨᠢ | ᠮᠠᠨᠵᠤ ᠴᠢᠩ ᠤᠯᠤᠰ ᠤᠨ ᠦᠶ᠎ᠡ ᠶᠢᠨ ᠬᠤᠰᠢᠭᠤ ᠨᠤᠲᠤᠭ ᠬᠤᠪᠢᠶᠠᠭᠰᠠᠨ ᠠᠴᠠ ᠡᠬᠢᠯᠡᠵᠦ ᠤᠯᠠᠮ ᠨᠢᠭᠡ ᠠᠯᠬᠤᠮ | ᠬᠤᠪᠢᠷᠠᠵᠠᠢ᠃ | ᠮᠠᠨᠵᠤ ᠴᠢᠩ ᠤᠯᠤᠰ ᠤᠨ ᠦᠶ᠎ᠡ ᠳᠤ ᠬᠤᠰᠢᠭᠤ ᠨᠤᠲᠤᠭ ᠬᠤᠪᠢᠶᠠᠵᠤ ᠦᠵᠦᠮᠦᠴᠢᠨ ᠬᠤᠶᠠᠷ ᠬᠤᠰᠢᠭᠤᠨ | ᠤ ᠬᠤᠰᠢᠭᠤ ᠨᠤᠲᠤᠭ ᠤᠨ ᠵᠠᠬ᠎ᠠ ᠬᠡᠴᠡ ᠶᠢ ᠣᠳᠣ ᠶᠢᠨ ᠮᠠᠨ ᠤ ᠡᠵᠡᠮᠰᠢᠵᠦ ᠪᠠᠶᠢᠬᠤ ᠨᠤᠲᠤᠭ ᠳᠡᠪᠢᠰᠬᠡᠷ ᠢᠶᠠᠷ | ᠰᠠᠭᠤᠷᠢᠯᠠᠨ ᠲᠣᠭᠲᠠᠭᠠᠭᠰᠠᠨ ᠠᠴᠠ᠂ ᠦᠵᠦᠮᠦᠴᠢᠨ ᠤ ᠡᠷᠲᠡᠨ ᠤ ᠠᠯᠤᠰ ᠬᠤᠯᠠ ᠬᠢᠵᠠᠭᠠᠷ ᠦᠭᠡᠢ ᠨᠡᠭᠦᠳᠡᠯᠯᠡᠨ | ᠮᠠᠯᠵᠢᠳᠠᠭ ᠮᠠᠯᠵᠢᠯ ᠤᠨ ᠬᠡᠯᠪᠡᠷᠢ ᠨᠢᠭᠡ ᠠᠯᠬᠤᠮ ᠥᠭᠡᠷᠡᠴᠢᠯᠡᠭᠳᠡᠵᠦ᠂ ᠬᠤᠰᠢᠭᠤ ᠨᠤᠲᠤᠭ ᠤᠨ ᠳᠣᠲᠣᠷ᠎ᠠ ᠪᠠᠨ | ᠣᠲᠣᠷᠯᠠᠨ ᠨᠡᠭᠦᠳᠡᠯᠯᠡᠬᠦ ᠪᠣᠯᠵᠠᠢ᠃ ᠢᠯᠠᠩᠭᠤᠶ᠎ᠠ ᠬᠤᠰᠢᠭᠤ ᠨᠤᠲᠤᠭ ᠤᠨ ᠳᠣᠲᠣᠷ᠎ᠠ ᠪᠠᠨ ᠵᠠᠯᠠᠨ ᠰᠤᠮᠤ ᠶᠢᠨ | ᠵᠣᠬᠢᠶᠠᠨ ᠪᠠᠶᠢᠭᠤᠯᠤᠯᠲᠠ ᠪᠠᠶᠢᠭᠤᠯᠵᠤ᠂ ᠵᠠᠯᠠᠨ ᠰᠤᠮᠤᠨ ᠤ ᠠᠶᠢᠯ ᠡᠷᠦᠬᠡ᠂ ᠵᠠᠯᠠᠨ ᠰᠤᠮᠤᠨ ᠤ ᠬᠠᠷᠢᠶ᠎ᠠ ᠨᠤᠲᠤᠭ | ᠳᠡᠪᠢᠰᠬᠡᠷ ᠲᠠᠢ ᠪᠣᠯᠣᠭᠰᠠᠨ ᠨᠢ ᠦᠵᠦᠮᠦᠴᠢᠨ ᠤ ᠨᠤᠲᠤᠭ ᠳᠡᠪᠢᠰᠬᠡᠷ ᠪᠠᠰᠠ ᠨᠢᠭᠡ ᠠᠯᠬᠤᠮ ᠨᠠᠷᠢᠰᠴᠤ᠂ ᠣᠲᠣᠷ | ᠨᠡᠭᠦᠳᠡᠯ ᠤᠨ ᠬᠡᠯᠪᠡᠷᠢ ᠤᠯᠠᠮ ᠬᠢᠵᠠᠭᠠᠷ ᠲᠠᠢ ᠪᠣᠯᠵᠠᠢ᠃ ᠭᠡᠪᠡᠴᠦ ᠡᠨᠡ ᠨᠢ ᠪᠠᠰᠠ ᠨᠡᠯᠢᠶᠡᠳ ᠪᠦᠳᠦᠭᠦᠯᠢᠭ | ᠪᠠᠶᠢᠭᠰᠠᠨ ᠪᠠᠶᠢᠨ᠎ᠠ᠃ | ᠦᠵᠦᠮᠦᠴᠢᠨ ᠤ ᠣᠲᠣᠷ ᠨᠡᠭᠦᠳᠡᠯ ᠤᠨ ᠮᠠᠯ ᠠᠵᠤ ᠠᠬᠤᠢ ᠶᠢᠨ ᠰᠣᠶᠣᠯ ᠳᠤ ᠦᠨᠳᠦᠰᠦᠨ ᠴᠢᠨᠠᠷ ᠲᠠᠢ | ᠬᠤᠪᠢᠷᠠᠯᠲᠠ ᠭᠠᠷᠤᠭᠰᠠᠨ ᠴᠠᠭ ᠦᠶ᠎ᠡ ᠪᠣᠯ 17 ᠳ᠋ᠤᠭᠠᠷ ᠵᠠᠭᠤᠨ ᠤ ᠰᠡᠭᠦᠯᠴᠢ ᠪᠣᠯᠣᠨ᠎ᠠ᠃ ᠦᠵᠦᠮᠦᠴᠢᠨ ᠳᠤ 17 | ᠳ᠋ᠤᠭᠠᠷ ᠵᠠᠭᠤᠨ ᠤ ᠰᠡᠭᠦᠯᠴᠢ ᠠᠴᠠ ᠡᠬᠢᠯᠡᠵᠦ ᠰᠦᠮ᠎ᠡ ᠬᠡᠶᠢᠳ ᠪᠠᠶᠢᠭᠤᠯᠵᠠᠢ᠃ ᠰᠦᠮ᠎ᠡ ᠬᠡᠶᠢᠳ ᠤᠨ | ᠪᠠᠶᠢᠭᠤᠯᠤᠯᠲᠠ ᠨᠢ ᠭᠠᠭᠴᠠ ᠱᠠᠰᠢᠨ ᠰᠢᠲᠦᠯᠭᠡ ᠶᠢᠨ ᠯᠡ ᠲᠡᠳᠦᠢ ᠪᠢᠰᠢ᠂ ᠬᠠᠷᠢᠨ ᠦᠵᠦᠮᠦᠴᠢᠨ ᠤ ᠣᠲᠣᠷ | ᠨᠡᠭᠦᠳᠡᠯ ᠤᠨ ᠮᠠᠯ ᠠᠵᠤ ᠠᠬᠤᠢ ᠶᠢᠨ ᠰᠣᠶᠣᠯ ᠳᠤ ᠦᠰᠦᠷᠦᠯᠲᠡ ᠶᠢᠨ ᠴᠢᠨᠠᠷ ᠲᠠᠢ ᠨᠥᠯᠥᠭᠡ ᠦᠵᠡᠭᠦᠯᠵᠦ | ᠬᠤᠪᠢᠷᠠᠯᠲᠠ ᠭᠠᠷᠭᠠᠭᠰᠠᠨ ᠪᠠᠶᠢᠨ᠎ᠠ᠃ | ᠦᠵᠦᠮᠦᠴᠢᠨ ᠳᠤ ᠰᠦᠮ᠎ᠡ ᠬᠡᠶᠢᠳ ᠪᠠᠶᠢᠭᠤᠯᠤᠭᠰᠠᠨ ᠪᠣᠯ ᠦᠵᠦᠮᠦᠴᠢᠨ ᠤ ᠠᠷᠠᠳ ᠲᠦᠮᠡᠨ ᠶᠤᠮ᠃ | ᠲᠡᠳᠡ ᠰᠦᠮ᠎ᠡ ᠬᠡᠶᠢᠳ ᠢ ᠪᠠᠶᠢᠭᠤᠯᠤᠭᠰᠠᠨ ᠤ ᠳᠠᠷᠠᠭ᠎ᠠ᠂ ᠴᠣᠯ ᠣᠲᠣᠷ ᠨᠡᠭᠦᠳᠡᠯ ᠤᠨ ᠮᠠᠯ ᠠᠵᠤ ᠠᠬᠤᠢ ᠪᠠᠨ | ᠰᠦᠮ᠎ᠡ ᠬᠡᠶᠢᠳ ᠢᠶᠠᠷ ᠲᠥᠪᠯᠡᠭᠰᠡᠨ ᠣᠷᠴᠢᠨ ᠲᠣᠭᠤᠷᠢᠨ ᠳᠤ ᠨᠡᠭᠦᠳᠡᠯᠯᠡᠨ ᠮᠠᠯᠵᠢᠳᠠᠭ ︽ᠣᠲᠣᠷᠯᠠᠨ ᠮᠠᠯᠵᠢᠵᠤ | ᠰᠠᠭᠤᠷᠢᠰᠢᠨ ᠰᠠᠭᠤᠬᠤ︾ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢ ᠪᠣᠢ ᠪᠣᠯᠭᠠᠪᠠ᠃ | ᠢᠩᠭᠢᠭᠡᠳ ︽ᠣᠲᠣᠷᠯᠠᠨ ᠮᠠᠯᠵᠢᠵᠤ ᠰᠠᠭᠤᠷᠢᠰᠢᠨ ᠰᠠᠭᠤᠬᠤ︾ ᠱᠠᠲᠤ ᠦᠶ᠎ᠡ ᠳᠤ ᠳᠠᠪᠰᠢᠭᠰᠠᠨ ᠠᠩᠬᠠᠨ ᠤ | ᠬᠥᠰᠢᠭᠡ ᠶᠢ ᠨᠡᠭᠡᠭᠡᠵᠡᠢ᠃ | ᠲᠡᠳᠡ ᠨᠠᠷ ᠰᠦᠮ᠎ᠡ ᠬᠡᠶᠢᠳ ᠪᠠᠶᠢᠭᠤᠯᠤᠭᠰᠠᠨ ᠠᠴᠠ ᠬᠤᠶᠢᠰᠢ᠂ ᠣᠨᠴᠠ ᠶᠡᠭᠡ ᠪᠠᠶᠢᠭᠠᠯᠢ ᠶᠢᠨ ᠭᠠᠮᠰᠢᠭ | ᠭᠠᠷᠬᠤ ᠪᠠ ᠣᠨᠴᠣᠭᠤᠢ ᠪᠠᠶᠢᠳᠠᠯ ᠲᠠᠢ ᠣᠨ ᠵᠢᠯ ᠢ ᠭᠠᠷᠭᠠᠪᠠᠯ᠂ ᠪᠦᠷ ᠲᠣᠰ ᠲᠣᠰ ᠤᠨ ᠪᠠᠶᠢᠭᠤᠯᠤᠭᠰᠠᠨ ᠰᠦᠮ᠎ᠡ | ᠶᠢᠨ ᠬᠤᠪᠢᠶᠠᠷᠢ ᠲᠠᠢ ᠲᠣᠭᠲᠠᠪᠤᠷᠢᠵᠢᠭᠰᠠᠨ ᠪᠥᠭᠡᠳ ᠲᠣᠰ ᠲᠣᠰ ᠲᠤᠨᠢ ᠠᠳᠠᠯᠢ ᠦᠭᠡᠢ ᠪᠡᠯᠡᠳᠬᠡᠯ ᠲᠥᠬᠦᠭᠡᠷᠦᠮᠵᠢ | ᠪᠡᠯᠡᠳᠬᠡᠬᠦ ᠪᠣᠯᠪᠠ᠃ ᠡᠪᠦᠯᠵᠢᠶ᠎ᠡ ᠨᠤᠲᠤᠭ ᠲᠤ ᠮᠠᠯ ᠢᠶᠠᠨ ᠬᠠᠮᠠᠭᠠᠯᠠᠬᠤ ᠫᠧᠩ ᠬᠤᠷᠤᠭ᠎ᠠ ᠲᠣᠭᠲᠠᠮᠠᠯ ᠪᠡᠯᠡᠳᠬᠡᠵᠦ | ᠲᠠᠯᠪᠢᠬᠤ᠂ ᠬᠤᠳᠳᠤᠭ ᠱᠠᠩᠳᠠ ᠭᠠᠷᠭᠠᠬᠤ᠂ ᠡᠪᠡᠰᠦ ᠬᠠᠳᠤᠵᠤ ᠣᠷᠣᠭᠤᠯᠬᠤ ᠠᠷᠭ᠎ᠠ ᠪᠠᠷᠢᠯ ᠤᠳ ᠢ ᠠᠪᠬᠤ | ᠪᠣᠯᠵᠤ᠂ ᠡᠪᠦᠯᠵᠢᠶ᠎ᠡ ᠰᠠᠭᠤᠷᠢᠨ ᠳᠤ ᠰᠠᠭᠤᠬᠤ ᠳᠤ ᠨᠥᠬᠦᠴᠡᠯ ᠪᠦᠷᠢᠯᠳᠦᠭᠦᠯᠵᠡᠢ᠃ ᠬᠠᠪᠤᠷᠵᠢᠶ᠎ᠠ ᠳᠤ ᠲᠥᠯ | ᠲᠣᠰᠴᠤ ᠪᠣᠶᠢᠵᠢᠭᠤᠯᠬᠤ ᠪᠡᠯᠡᠳᠬᠡᠯ᠂ ᠵᠤᠰᠠᠯᠠᠩ ᠳᠤ ᠤᠰᠤᠨ ᠲᠠᠷᠭᠤ ᠠᠪᠤᠭᠤᠯᠬᠤ ᠪᠡᠯᠡᠳᠬᠡᠯ᠂ ᠨᠠᠮᠤᠷᠵᠢᠶ᠎ᠠ ᠳᠤ | ᠲᠣᠰᠣᠨ ᠲᠠᠷᠭᠤ ᠠᠪᠤᠭᠤᠯᠬᠤ ᠪᠡᠯᠡᠳᠬᠡᠯ ᠵᠡᠷᠭᠡ ᠪᠠᠷ ᠭᠤᠣᠯ ᠪᠣᠯᠭᠠᠭᠰᠠᠨ ᠦᠢᠯᠡᠳᠪᠦᠷᠢᠯᠡᠯ ᠤᠨ ᠵᠠᠩᠭᠢᠯᠠᠭ᠎ᠠ ᠨᠢ | ᠨᠤᠲᠤᠭ ᠪᠡᠯᠴᠢᠭᠡᠷ ᠤᠨ ᠠᠰᠢᠭᠯᠠᠯᠲᠠ ᠲᠠᠢ ᠤᠶᠠᠯᠳᠤᠵᠤ ᠳᠦᠷᠢᠮᠵᠢᠭᠡᠳ ᠨᠤᠲᠤᠭ ᠪᠡᠯᠴᠢᠭᠡᠷ ᠤᠨ ᠬᠡᠷᠡᠭᠯᠡᠯᠲᠡ ᠶᠢᠨ | ᠰᠣᠶᠣᠯ ᠤᠨ ᠲᠦᠪᠰᠢᠨ ᠢ ᠪᠠᠶᠢᠭᠤᠯᠤᠭᠰᠠᠨ ᠪᠠᠶᠢᠨ᠎ᠠ᠃ | 2. ᠦᠵᠦᠮᠦᠴᠢᠨ ᠤ ᠨᠡᠭᠦᠳᠡᠯ ᠤᠨ ᠮᠠᠯ ᠠᠵᠤ ᠠᠬᠤᠢ ᠶᠢᠨ ᠣᠷᠣᠨ ᠰᠠᠭᠤᠴᠠ᠂ ᠦᠢᠯᠡᠳᠪᠦᠷᠢᠯᠡᠯ ᠤᠨ | ᠬᠡᠷᠡᠭᠰᠡᠯ ᠤᠨ ᠬᠤᠪᠢᠷᠠᠯᠲᠠ ᠬᠥᠭᠵᠢᠯᠲᠡ — ᠦᠵᠦᠮᠦᠴᠢᠨ ᠤ ᠨᠡᠭᠦᠳᠡᠯ ᠤᠨ ᠮᠠᠯ ᠠᠵᠤ ᠠᠬᠤᠢ ᠳᠤ | ᠲᠣᠬᠢᠷᠠᠭᠰᠠᠨ ︽ᠮᠣᠩᠭᠤᠯ ᠭᠡᠷ︾᠂ ︽ᠦᠬᠡᠷ ᠲᠡᠷᠭᠡ︾᠂ ︽ᠮᠣᠷᠢ ᠤᠨᠤᠯᠭ᠎ᠠ︾ ᠵᠡᠷᠭᠡ ᠣᠷᠣᠨ ᠰᠠᠭᠤᠴᠠ᠂ | ᠦᠢᠯᠡᠳᠪᠦᠷᠢᠯᠡᠯ ᠤᠨ ᠬᠡᠷᠡᠭᠰᠡᠯ ᠬᠤᠪᠢᠷᠠᠭᠰᠠᠨ ᠦᠭᠡᠢ ᠶᠤᠮ᠃ ᠭᠡᠪᠡᠴᠦ ᠡᠳᠡᠭᠡᠷ ᠪᠠᠭᠠᠵᠢ ᠬᠡᠷᠡᠭᠰᠡᠯ ᠨᠢ ᠡᠷᠲᠡᠨ ᠤ | ᠰᠠᠭᠤᠷᠢ ᠳᠡᠭᠡᠷ᠎ᠡ ᠪᠠᠨ ᠲᠠᠰᠤᠷᠠᠯᠲᠠ ᠦᠭᠡᠢ ᠬᠤᠪᠢᠰᠴᠤ᠂ ᠲᠣᠭᠠᠨ ᠤ ᠲᠠᠯ᠎ᠠ ᠪᠠᠷ ᠨᠡᠮᠡᠭᠳᠡᠵᠦ᠂ ᠴᠢᠨᠠᠷ ᠤᠨ ᠲᠠᠯ᠎ᠠ | ᠪᠠᠷ ᠰᠠᠶᠢᠵᠢᠷᠠᠵᠤ᠂ ᠦᠵᠡᠮᠵᠢ ᠶᠢᠨ ᠲᠠᠯ᠎ᠠ ᠪᠠᠷ ᠭᠤᠶᠣᠵᠢᠵᠤ᠂ ᠬᠡᠷᠡᠭᠴᠡᠭᠡᠨ ᠤ ᠲᠠᠯ᠎ᠠ ᠪᠠᠷ ᠳᠦᠭᠦᠷᠵᠢᠵᠦ᠂ | ᠠᠮᠢᠳᠤᠷᠠᠯ ᠦᠢᠯᠡᠳᠪᠦᠷᠢᠯᠡᠯ ᠤᠨ ᠬᠡᠷᠡᠭᠴᠡᠭᠡᠨ ᠳᠡᠭᠡᠨ ᠵᠣᠬᠢᠴᠠᠭᠰᠠᠨ ᠳᠦᠷᠢᠮᠵᠢᠵᠦ ᠪᠠᠷᠢᠮᠵᠢᠶᠠᠵᠢᠭᠰᠠᠨ ᠣᠷᠣᠨ | ᠰᠠᠭᠤᠴᠠ᠂ ᠪᠠᠭᠠᠵᠢ ᠬᠡᠷᠡᠭᠰᠡᠯ᠂ ᠬᠥᠯᠪᠦᠷᠢ ᠤᠨᠤᠯᠭ᠎ᠠ ᠶᠢᠨ ᠰᠢᠰᠲ᠋ᠧᠮ ᠢ ᠪᠠᠶᠢᠭᠤᠯᠤᠭᠰᠠᠨ ᠪᠠᠶᠢᠨ᠎ᠠ᠃ ᠵᠢᠱᠢᠶᠡᠯᠡᠪᠡᠯ᠂ | ᠨᠢᠭᠡ ᠠᠶᠢᠯ ᠡᠷᠦᠬᠡ ᠳᠤ ᠬᠤᠶᠠᠷ ᠮᠣᠩᠭᠤᠯ ᠭᠡᠷ᠂ 10 ᠦᠬᠡᠷ ᠲᠡᠷᠭᠡ᠂ 5 ~7 ᠠᠭᠲᠠ ᠭᠡᠬᠦ ᠵᠡᠷᠭᠡ ᠳᠤᠮᠳᠠᠴᠢ | ᠪᠠᠷᠢᠮᠵᠢᠶ᠎ᠠ ᠪᠠᠷ ᠨᠡᠶᠢᠲᠡ ᠶᠢᠨ ᠠᠮᠢᠳᠤᠷᠠᠯ ᠦᠢᠯᠡᠳᠪᠦᠷᠢᠯᠡᠯ ᠤᠨ ᠬᠡᠷᠡᠭᠴᠡᠭᠡ ᠪᠠᠨ ᠬᠠᠩᠭᠠᠬᠤ ᠱᠠᠭᠠᠷᠳᠠᠯᠭ᠎ᠠ ᠪᠣᠯᠣᠨ | ᠳᠦᠷᠢᠮᠵᠢᠵᠡᠢ᠃ | ᠶᠡᠷᠦᠩᠬᠡᠶᠢᠯᠡᠪᠡᠯ᠂ ᠦᠵᠦᠮᠦᠴᠢᠨ ᠤ ᠨᠡᠭᠦᠳᠡᠯ ᠤᠨ ᠮᠠᠯ ᠠᠵᠤ ᠠᠬᠤᠢ ᠤᠯᠠᠮᠵᠢᠯᠠᠯᠲᠤ ᠳᠦᠷᠢ ᠪᠠᠨ | ᠬᠠᠳᠠᠭᠠᠯᠠᠭᠰᠠᠨ ᠰᠠᠭᠤᠷᠢ ᠳᠡᠭᠡᠷ᠎ᠡ ᠦᠢᠯᠡᠳᠦᠯᠭᠡ ᠪᠠᠷ ᠳᠠᠮᠵᠢᠨ ᠲᠤᠷᠰᠢᠯᠭ᠎ᠠ ᠪᠠᠨ ᠳ᠋ᠦᠩᠨᠡᠭᠡᠳ᠂ ᠰᠢᠯᠢᠳᠡᠭ ᠨᠢ | ᠰᠢᠯᠢᠭᠳᠡᠵᠦ᠂ ᠰᠢᠭᠠᠷᠤ ᠨᠢ ᠬᠠᠶᠠᠭᠳᠠᠵᠤ᠂ ᠬᠡᠯᠪᠡᠷᠢ ᠨᠢ ᠲᠣᠭᠲᠠᠪᠤᠷᠢᠵᠢᠵᠤ᠂ ᠠᠷᠭ᠎ᠠ ᠪᠠᠷᠢᠯ ᠨᠢ ᠳᠦᠷᠢᠮᠵᠢᠵᠦ | ᠴᠢᠨᠠᠭᠰᠢᠳᠠ ᠨᠡᠭᠦᠳᠡᠯ ᠤᠨ ᠮᠠᠯ ᠠᠵᠤ ᠠᠬᠤᠢ ᠶᠢ ᠵᠢᠯᠣᠭᠤᠳᠬᠤ ᠣᠨᠣᠯ ᠤᠨ ᠰᠢᠰᠲ᠋ᠧᠮ ᠲᠠᠢ ᠴᠡᠪᠡᠷ ᠨᠡᠭᠦᠳᠡᠯ ᠤᠨ | ᠮᠠᠯ ᠠᠵᠤ ᠠᠬᠤᠢ ᠪᠣᠯᠣᠨ ᠳᠡᠭᠡᠭᠰᠢᠯᠡᠭᠰᠡᠨ ᠪᠠᠶᠢᠨ᠎ᠠ᠃ | ︽ᠦᠵᠦᠮᠦᠴᠢᠨ ᠮᠣᠩᠭᠤᠯᠴᠤᠳ︾ ᠭᠤ᠂ ᠷᠠᠬᠸ᠎ᠠ |