ᠦᠵᠦᠮᠦᠴᠢᠨ ᠤ ᠠᠶᠠᠨ ᠲᠡᠭᠡᠭᠡᠪᠦᠷᠢ ᠶᠢᠨ ᠠᠵᠤ ᠠᠬᠤᠢ
ᠨᠡᠶᠢᠲᠡᠯᠡᠭᠰᠡᠨ ᠴᠠᠭ᠄
2017/3/6
     ᠦᠵᠦᠮᠦᠴᠢᠨ ᠤ ᠠᠶᠠᠨ ᠲᠡᠭᠡᠭᠡᠪᠦᠷᠢ ᠶᠢᠨ ᠠᠵᠤ ᠠᠬᠤᠢ ᠪᠣᠯ ᠲᠡᠳᠡᠨ ᠤ ᠠᠵᠤ ᠠᠬᠤᠢ ᠶᠢᠨ ᠲᠣᠭᠤᠷᠢᠨ ᠳᠤ ᠶᠠᠪᠤᠭᠳᠠᠳᠠᠭ ᠪᠠᠰᠠ ᠨᠢᠭᠡ ᠴᠢᠬᠤᠯᠠ ᠠᠵᠤ ᠦᠢᠯᠡᠰ ᠪᠣᠯᠣᠨ᠎ᠠ᠃      ᠠᠶᠠᠨ ᠲᠡᠭᠡᠭᠡᠪᠦᠷᠢ ᠶᠢᠨ ᠠᠵᠤ ᠠᠬᠤᠢ ᠨᠢ᠂ ᠦᠵᠦᠮᠦᠴᠢᠨ ᠤ ᠮᠠᠯ ᠠᠵᠤ ᠠᠬᠤᠢ ᠶᠢᠨ ᠦᠢᠯᠡᠳᠪᠦᠷᠢᠯᠡᠯ ᠪᠣᠯᠣᠨ ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠤᠨ ᠬᠡᠷᠡᠭᠰᠡᠯ ᠤᠨ ᠴᠢᠬᠤᠯᠠ ᠬᠡᠷᠡᠭᠴᠡᠭᠡ ᠶᠢ ᠬᠠᠩᠭᠠᠬᠤ ᠵᠠᠶᠢᠯᠠᠰᠢ ᠦᠭᠡᠢ ᠱᠠᠭᠠᠷᠳᠠᠯᠭ᠎ᠠ ᠠᠴᠠ ᠪᠣᠯᠵᠤ᠂ ᠠᠯᠢ ᠡᠷᠲᠡ ᠠᠴᠠ ᠬᠥᠭᠵᠢᠵᠦ ᠢᠷᠡᠭᠰᠡᠨ ᠠᠵᠤ ᠠᠬᠤᠢ ᠪᠠᠶᠢᠵᠠᠢ᠃      ᠦᠵᠦᠮᠦᠴᠢᠨ ᠤ ᠠᠶᠠᠨ ᠲᠡᠭᠡᠭᠡᠪᠦᠷᠢ ᠶᠢ ᠭᠤᠣᠯᠳᠠᠭᠤ ᠦᠬᠡᠷ ᠲᠡᠷᠭᠡ ᠳᠤ ᠬᠢᠳᠡᠭ᠃ ᠦᠬᠡᠷ ᠲᠡᠷᠭᠡ ᠨᠢ ᠨᠡᠭᠦᠳᠡᠯ ᠤᠨ ᠴᠢᠬᠤᠯᠠ ᠵᠥᠭᠡᠭᠡᠪᠦᠷᠢ ᠶᠢᠨ ᠪᠠᠭᠠᠵᠢ ᠪᠠᠷ ᠪᠠᠷᠠᠬᠤ ᠦᠭᠡᠢ᠂ ᠠᠶᠠᠨ ᠲᠡᠭᠡᠭᠡᠪᠦᠷᠢ ᠶᠢᠨ ᠴᠢᠬᠤᠯᠠ ᠪᠠᠭᠠᠵᠢ ᠪᠠᠶᠢᠳᠠᠭ᠃ ᠨᠡᠩ ᠴᠦ ᠣᠲᠣᠷ ᠨᠡᠭᠦᠳᠡᠯ ᠳᠤ ᠦᠬᠡᠷ ᠲᠡᠷᠭᠡ ᠬᠡᠷᠡᠭᠯᠡᠳᠡᠭ ᠶᠠᠪᠤᠳᠠᠯ ᠨᠢ᠂ ᠠᠶᠠᠨ ᠲᠡᠭᠡᠭᠡᠪᠦᠷᠢ  ᠳᠤ ᠦᠬᠡᠷ ᠲᠡᠷᠭᠡ ᠬᠡᠷᠡᠭᠯᠡᠬᠦ ᠳᠤ ᠲᠣᠩ ᠳᠥᠭᠦᠮ ᠮᠥᠷᠲᠡᠭᠡᠨ ᠡᠯᠪᠡᠭ ᠨᠥᠬᠦᠴᠡᠯ ᠢ ᠪᠦᠷᠢᠯᠳᠦᠭᠦᠯᠵᠦ ᠥᠭᠴᠡᠢ᠃      ᠲᠡᠦᠬᠡᠨ ᠳᠠᠬᠢ ᠦᠵᠦᠮᠦᠴᠢᠨ ᠤ ᠠᠶᠠᠨ ᠲᠡᠭᠡᠭᠡᠪᠦᠷᠢ ᠬᠢᠬᠦ ᠬᠡᠪᠴᠢᠶ᠎ᠡ ᠨᠢ ᠭᠤᠣᠯᠳᠠᠭᠤ ᠦᠵᠦᠮᠦᠴᠢᠨ ᠪᠣᠯᠣᠨ ᠪᠤᠰᠤᠳ ᠬᠤᠰᠢᠭᠤ ᠰᠢᠶᠠᠨ ᠤ ᠬᠤᠭᠤᠷᠣᠨᠳᠤ᠂ ᠳᠠᠪᠠᠭᠠᠨ ᠠᠷᠤ ᠪᠣᠯᠣᠨ ᠳᠠᠪᠠᠭᠠᠨ ᠡᠩᠭᠡᠷ ᠤᠨ ᠬᠤᠭᠤᠷᠣᠨᠳᠤ᠂ ᠬᠥᠳᠡᠭᠡ ᠪᠣᠯᠣᠨ ᠬᠤᠲᠠ ᠪᠠᠯᠭᠠᠰᠤ ᠶᠢᠨ ᠬᠤᠭᠤᠷᠣᠨᠳᠤ᠂ ᠠᠵᠤ ᠠᠬᠤᠢ ᠶᠢᠨ ᠰᠣᠯᠢᠯᠴᠠᠭ᠎ᠠ ᠬᠢᠬᠦ᠂ ᠦᠢᠯᠡᠳᠪᠦᠷᠢᠯᠡᠯ ᠠᠮᠢᠳᠤᠷᠠᠯ ᠤᠨ ᠬᠡᠷᠡᠭᠰᠡᠯ ᠤᠨ ᠡᠳ᠋ ᠪᠣᠳᠠᠰ ᠢᠶᠠᠨ ᠬᠠᠷᠢᠯᠴᠠᠨ ᠰᠣᠯᠢᠯᠴᠠᠵᠤ᠂ ᠲᠠᠸᠠᠷᠯᠠᠬᠤ ᠬᠡᠪᠴᠢᠶᠡᠨ ᠳᠤ ᠶᠠᠪᠤᠭᠳᠠᠵᠤ ᠪᠠᠶᠢᠵᠠᠢ᠃ ᠡᠨᠡ ᠬᠡᠪᠴᠢᠶᠡᠨ ᠳᠣᠲᠣᠷ᠎ᠠ ︽ᠠᠶᠠᠨ︾ ᠦᠵᠦᠮᠦᠴᠢᠨ ᠤ ᠴᠢᠬᠤᠯᠠ ᠵᠠᠮ ᠬᠠᠷᠢᠯᠴᠠᠭᠠᠨ ᠤ ᠠᠷᠭ᠎ᠠ ᠪᠠᠷᠢᠯ ᠪᠣᠯᠬᠤ ᠮᠥᠷᠲᠡᠭᠡᠨ ᠠᠵᠤ ᠠᠬᠤᠢ ᠶᠢᠨ ᠠᠷᠭ᠎ᠠ ᠪᠠᠷᠢᠯ ᠪᠣᠯᠵᠤ ᠪᠠᠶᠢᠪᠠ᠃      ᠦᠵᠦᠮᠦᠴᠢᠨ ᠠᠶᠠᠨ ᠨᠢ ᠲᠡᠦᠬᠡᠨ ᠳᠤ ᠠᠵᠤ ᠠᠬᠤᠢ ᠶᠢᠨ ᠰᠢᠨᠵᠢ ᠴᠢᠨᠠᠷ ᠲᠠᠢ ᠪᠣᠯᠣᠭᠰᠠᠨ ᠤ ᠤᠴᠢᠷ᠂ ᠨᠡᠶᠢᠭᠡᠮ ᠨᠡᠶᠢᠲᠡ ᠳᠤ ᠬᠤᠯᠪᠣᠭᠳᠠᠬᠤ ᠬᠡᠮᠵᠢᠶ᠎ᠡ ᠨᠢ ᠲᠣᠩ ᠥᠷᠭᠡᠨ ᠪᠠᠶᠢᠳᠠᠭ᠃ ᠦᠵᠦᠮᠦᠴᠢᠨ ᠤ ᠠᠶᠢᠯ ᠡᠷᠦᠬᠡ ᠨᠢᠭᠡᠪᠦᠷᠢ ᠨᠢ ᠪᠦᠷ ᠠᠶᠠᠨ ᠲᠡᠭᠡᠭᠡᠪᠦᠷᠢ ᠬᠢᠬᠦ ᠳᠤ ᠣᠷᠣᠯᠴᠠᠨ᠎ᠠ᠃ ᠠᠶᠠᠨ ᠬᠢᠬᠦ ᠳᠡᠭᠡᠨ ᠠᠶᠢᠯ ᠠᠶᠢᠮᠠᠭ᠂ ᠬᠤᠲᠠ ᠬᠤᠷᠤᠭ᠎ᠠ᠂ ᠭᠤᠣᠯ ᠤᠰᠤ ᠪᠠᠷ ᠢᠶᠠᠨ ᠬᠡᠰᠡᠭ ᠬᠡᠰᠡᠭ ᠨᠡᠶᠢᠯᠡᠵᠦ᠂ ︽ᠨᠢᠭᠡ ᠭᠠᠯ ᠠᠶᠠᠨ︾ ᠪᠠᠶᠢᠭᠤᠯᠵᠤ᠂ ᠭᠠᠯ ᠭᠠᠯ ᠢᠶᠠᠷ ᠶᠠᠪᠤᠳᠠᠭ᠃ ︽ᠭᠠᠯ ᠠᠶᠠᠨ︾ ᠳᠤ 3 — 5᠂ ᠠᠷᠪᠢᠨ ᠳᠠᠭᠠᠨ 7 ᠬᠥᠮᠥᠨ ᠨᠡᠯᠢᠶᠡᠳ ᠲᠣᠬᠢᠷᠠᠮᠵᠢ  ᠲᠠᠢ ᠪᠠᠶᠢᠵᠤ᠂ ︽ᠭᠠᠯ ᠤᠨ ᠠᠬ᠎ᠠ︾ ᠳᠠᠷᠤᠭᠠᠯᠠᠵᠤ᠂ ︽ᠤᠳᠠᠭ᠎ᠠ ᠠᠬ᠎ᠠ︾ ᠬᠡᠷᠡᠭ ᠬᠠᠮᠢᠶᠠᠷᠤᠭᠴᠢ᠂ ︽ᠰᠢᠳᠬᠡᠭᠴᠢ︾ ᠪᠣᠯᠵᠤ ᠠᠶᠠᠯᠠᠨ᠎ᠠ᠃ ᠠᠶᠠᠨ ᠳᠤ ᠶᠠᠪᠤᠬᠤ ᠳᠤ ᠬᠡᠪᠰᠢᠵᠦ ᠲᠣᠭᠲᠠᠭᠰᠠᠨ ᠬᠠᠮᠲᠤ ᠶᠢᠨ ᠳᠦᠷᠢᠮ ᠶᠣᠰᠣ ᠲᠠᠢ᠂ ᠲᠦᠷᠦᠭᠦᠦ ᠪᠠᠭᠤᠴᠢ ᠳᠤ ᠠᠵᠢᠯ ᠢᠶᠠᠨ ᠪᠠᠶᠢᠷᠢᠯᠠᠭᠤᠯᠵᠤ᠂ ᠠᠶᠠᠨ ᠤ ᠶᠠᠪᠤᠴᠠ ᠳᠤ ᠪᠠᠶᠢᠷᠢᠯᠠᠭᠤᠯᠤᠯᠲᠠ  ᠪᠠᠨ ᠪᠡᠶᠡᠯᠡᠭᠦᠯᠵᠦ᠂ ︽ᠣᠳᠬᠤᠨ ᠪᠠᠭᠤᠴᠢ︾ ᠳᠤ ᠠᠶᠠᠨ ᠤ ᠬᠤᠭᠤᠴᠠᠭᠠᠨ ᠳᠤ ᠭᠠᠷᠤᠭᠰᠠᠨ᠂ ᠬᠡᠷᠡᠭ ᠤᠴᠢᠷ ᠢ ᠪᠦᠬᠦᠨ ᠢ ᠰᠢᠳᠬᠡᠨ ᠳᠠᠭᠤᠰᠬᠠᠵᠤ᠂ ᠬᠡᠭᠡᠷ᠎ᠡ ᠶᠢᠨ ᠤᠴᠢᠷ ᠢ ᠬᠡᠭᠡᠷ᠎ᠡ ᠨᠢ ᠲᠡᠭᠦᠰᠬᠡᠵᠦ᠂ ︽ᠣᠳᠬᠤᠨ ᠪᠠᠭᠤᠴᠢ︾  ᠠᠴᠠ ᠪᠦᠭᠦᠳᠡᠭᠡᠷ ᠢᠶᠠᠨ ᠭᠡᠷ ᠭᠡᠷ ᠲᠡᠭᠡᠨ ᠪᠠᠶᠠᠷᠲᠠᠢ ᠰᠠᠯᠵᠤ ᠶᠠᠪᠤᠳᠠᠭ ᠪᠠᠶᠢᠨ᠎ᠠ᠃      ᠦᠵᠦᠮᠦᠴᠢᠨ ᠤ ᠠᠶᠠᠨ ᠲᠡᠭᠡᠭᠡᠪᠦᠷᠢ ᠶᠢᠨ ᠠᠵᠤ ᠠᠬᠤᠶᠢᠯᠠᠯ ᠢ ᠭᠤᠣᠯ ᠬᠤᠶᠠᠷ ᠶᠡᠭᠡ ᠪᠦᠯᠦᠭ ᠲᠤ ᠬᠤᠪᠢᠶᠠᠨ᠎ᠠ᠃      1. ᠳᠠᠪᠤᠰᠤᠨ ᠠᠶᠠᠨ — ᠳᠠᠪᠤᠰᠤᠨ ᠠᠶᠠᠨ ᠪᠣᠯ ᠦᠵᠦᠮᠦᠴᠢᠨ ᠤ ᠠᠶᠠᠨ ᠤ ᠭᠤᠣᠯ ᠨᠢᠭᠡ ᠲᠤᠰᠬᠠᠶᠢᠵᠢᠭᠰᠠᠨ ᠠᠵᠤ ᠠᠬᠤᠶᠢᠯᠠᠯ ᠤᠨ ᠴᠢᠨᠠᠷ ᠲᠠᠢ ᠠᠶᠠᠨ ᠪᠣᠯᠣᠨ᠎ᠠ᠃      ᠳᠠᠪᠤᠰᠤᠨ ᠠᠶᠠᠨ ᠢᠶᠠᠷ ᠦᠵᠦᠮᠦᠴᠢᠨ ᠮᠣᠩᠭᠤᠯᠴᠤᠳ ᠣᠷᠣᠨ ᠨᠤᠲᠤᠭ ᠤᠨ ᠣᠨᠴᠠ ᠭᠠᠷᠤᠯᠲᠠ ᠪᠠᠨ ᠠᠰᠢᠭᠯᠠᠨ᠂ ᠥᠪᠡᠷ ᠤᠨ ᠬᠥᠮᠥᠨ ᠮᠠᠯ ᠤᠨ ᠢᠳᠡᠬᠦ ᠳᠠᠪᠤᠰᠤ ᠪᠠᠨ ᠲᠡᠭᠡᠭᠡᠵᠦ ᠬᠠᠩᠭᠠᠬᠤ ᠠᠴᠠ ᠭᠠᠳᠠᠨ᠎ᠠ᠂ ᠭᠤᠣᠯᠳᠠᠭᠤ ᠳᠠᠪᠤᠰᠤ ᠪᠠᠨ ᠵᠠᠯᠠᠵᠤ ᠭᠠᠳᠠᠷ ᠣᠷᠣᠨ ᠳᠤ ᠬᠦᠷᠭᠡᠵᠦ ᠪᠣᠷᠣᠯᠠᠭᠤᠯᠵᠤ ᠲᠠᠸᠠᠷᠯᠠᠳᠠᠭ ᠲᠤᠰᠬᠠᠢ ᠠᠶᠠᠨ ᠪᠠᠶᠢᠪᠠ᠃      ᠳᠠᠪᠤᠰᠤ ᠶᠢ ᠲᠡᠳᠡ᠂ ᠦᠵᠦᠮᠦᠴᠢᠨ ᠤ ᠲᠡᠦᠬᠡᠨ ᠳᠤ ᠨᠠᠷᠠᠲᠠᠢ ︽ᠡᠵᠢ ᠨᠠᠭᠤᠷ︾ ᠠᠴᠠ ᠵᠠᠯᠠᠳᠠᠭ᠃ ᠠᠶᠠᠨ  ᠳᠤ ᠶᠠᠪᠤᠬᠤ ᠳᠤ ᠦᠵᠦᠮᠦᠴᠢᠨ ᠠᠶᠢᠯ ᠡᠷᠦᠬᠡ ᠨᠢᠭᠡᠪᠦᠷᠢ ᠥᠪᠡᠷ ᠤᠨ ᠬᠡᠷᠡᠭᠴᠡᠭᠡ ᠪᠠ ᠠᠮᠢᠳᠤᠷᠠᠯ ᠤᠨ ᠲᠦᠪᠰᠢᠨ ᠤ ᠬᠢᠷᠢ ᠬᠡᠮᠵᠢᠶ᠎ᠡ ᠳᠡᠭᠡᠨ ᠲᠣᠬᠢᠷᠠᠭᠤᠯᠵᠤ ᠠᠳᠠᠯᠢ ᠦᠭᠡᠢ ᠪᠠᠷ ᠬᠥᠳᠡᠯᠮᠦᠷᠢ ᠬᠦᠴᠦ ᠪᠠᠨ ᠵᠣᠬᠢᠶᠠᠨ ᠪᠠᠶᠢᠭᠤᠯᠤᠨ᠂ ᠦᠬᠡᠷ ᠲᠡᠷᠭᠡ ᠪᠠᠨ ᠭᠠᠷᠭᠠᠵᠤ᠂ ᠵᠣᠨ ᠪᠣᠯᠭᠠᠨ 1 ~ 2 ᠤᠳᠠᠭ᠎ᠠ ᠬᠢᠳᠡᠭ᠃ ᠮᠥᠨ ︽ᠭᠠᠯ ᠢᠶᠠᠷ ᠨᠢᠭᠡᠴᠢᠯᠡᠵᠦ︾ ᠂ ᠭᠠᠯ ᠠᠶᠠᠨ ᠤ ᠳᠣᠲᠣᠷ᠎ᠠ ᠪᠠᠨ ᠨᠢᠭᠡ ᠡᠷᠡᠭᠲᠡᠢ ᠬᠥᠳᠡᠯᠮᠦᠷᠢ 5 ~ 7 ᠲᠡᠷᠭᠡ ᠬᠥᠲᠥᠯᠵᠦ ᠠᠶᠠᠯᠠᠨ᠎ᠠ᠃ ᠲᠡᠷᠭᠡ ᠪᠦᠷᠢ ᠳᠡᠭᠡᠨ ᠲᠤᠰᠬᠠᠢ ᠬᠦᠷᠦᠭᠰᠡᠨ ᠳᠠᠪᠤᠰᠤᠨ ᠬᠤᠩᠰᠤ ᠲᠠᠯᠪᠢᠵᠤ ᠲᠡᠭᠡᠭᠡᠳᠡᠭ᠃ ᠳᠠᠪᠤᠰᠤᠨ ᠬᠤᠩᠰᠤ ᠨᠢ ᠲᠡᠷᠭᠡᠨ ᠳᠠᠭᠠᠭᠠᠴᠠ ᠳᠠᠭᠠᠨ ᠲᠣᠬᠢᠷᠠᠵᠤ᠂ 500 ᠵᠢᠩ ᠠᠴᠠ 5 ᠳ᠋ᠸᠦ ᠳᠠᠪᠤᠰᠤ ᠣᠷᠣᠬᠤ ᠬᠡᠮᠵᠢᠶ᠎ᠡ ᠲᠠᠢ᠃      ᠦᠵᠦᠮᠦᠴᠢᠨ ᠤ ᠳᠠᠪᠤᠰᠤᠨ ᠠᠶᠠᠨᠴᠢᠳ ᠵᠠᠯᠠᠭᠰᠠᠨ ᠳᠠᠪᠤᠰᠤ ᠪᠠᠨ ᠬᠡᠷᠡᠭᠴᠡᠭᠡ ᠪᠠ ᠵᠣᠷᠢᠯᠭ᠎ᠠ ᠪᠠᠨ ᠦᠨᠳᠦᠰᠦᠯᠡᠵᠦ᠂ ᠰᠢᠭᠤᠳ ᠭᠠᠳᠠᠭᠰᠢ ᠪᠠᠨ ᠳᠣᠲᠣᠷ᠎ᠠ ᠭᠠᠵᠠᠷ ᠬᠤᠲᠠ ᠰᠢᠶᠠᠨ ᠢᠶᠠᠷ ᠠᠪᠠᠴᠢᠵᠤ ᠬᠤᠳᠠᠯᠳᠤᠨ ᠪᠣᠷᠣᠯᠠᠭᠤᠯᠬᠤ ᠪᠤᠶᠤ ᠡᠰᠡᠬᠦᠯ᠎ᠡ ᠭᠡᠷ ᠨᠤᠲᠤᠭ ᠲᠠᠭᠠᠨ ᠠᠪᠴᠢᠷᠠᠵᠤ᠂ ᠬᠥᠮᠥᠨ ᠮᠠᠯ ᠤᠨ ᠬᠡᠷᠡᠭᠯᠡᠬᠦ ᠢᠳᠡᠰᠢ ᠶᠢᠨ ᠳᠠᠪᠤᠰᠤ ᠪᠠᠨ ᠦᠯᠡᠳᠡᠭᠡᠨ ᠠᠪᠴᠤ ᠪᠤᠰᠤᠳ ᠢᠶᠠᠨ ᠲᠠᠬᠢᠨ ᠭᠠᠳᠠᠭᠰᠢ ᠭᠠᠳᠠᠨ᠎ᠠ ᠣᠷᠣᠨ ᠳᠤ ᠵᠥᠭᠡᠭᠡᠪᠦᠷᠢᠯᠡᠨ ᠠᠪᠠᠴᠢᠵᠤ ᠪᠣᠷᠣᠯᠠᠭᠤᠯᠳᠠᠭ ᠪᠠᠶᠢᠵᠠᠢ᠃      2. ᠪᠤᠳᠠᠭᠠᠨ ᠤ ᠠᠶᠠᠨ — ᠪᠤᠳᠠᠭᠠᠨ ᠤ ᠠᠶᠠᠨ ᠪᠣᠯ ᠦᠵᠦᠮᠦᠴᠢᠨ ᠮᠣᠩᠭᠤᠯᠴᠤᠳ ᠤᠨ ᠬᠦᠨᠡᠰᠦ ᠶᠢᠨ ᠠᠮᠤ ᠪᠤᠳᠠᠭ᠎ᠠ ᠪᠠᠨ ᠭᠠᠳᠠᠷ ᠣᠷᠣᠨ ᠠᠴᠠ ᠬᠤᠳᠠᠯᠳᠤᠨ ᠠᠪᠴᠤ ᠵᠥᠭᠡᠭᠡᠪᠦᠷᠢᠯᠡᠨ ᠣᠷᠣᠭᠤᠯᠬᠤ ᠲᠤᠰᠬᠠᠢ ᠠᠶᠠᠨ ᠪᠣᠯᠣᠨ᠎ᠠ᠃      ᠦᠵᠦᠮᠦᠴᠢᠨ ᠮᠣᠩᠭᠤᠯᠴᠤᠳ ᠲᠡᠦᠬᠡᠨ ᠠᠴᠠ ᠪᠠᠨ ᠲᠤᠰᠬᠠᠢ ᠮᠠᠯ ᠠᠵᠤ ᠠᠬᠤᠢ ᠡᠷᠬᠢᠯᠡᠵᠦ ᠣᠲᠣᠷ ᠨᠡᠭᠦᠳᠡᠯ ᠤᠨ ᠠᠮᠢᠳᠤᠷᠠᠯ ᠬᠢᠵᠦ᠂ ᠥᠪᠡᠷ ᠢᠶᠠᠨ ᠠᠮᠤ ᠪᠤᠳᠠᠭ᠎ᠠ ᠲᠠᠷᠢᠳᠠᠭ ᠦᠭᠡᠢ ᠥᠪᠡᠷᠮᠢᠴᠡ ᠦᠢᠯᠡᠳᠪᠦᠷᠢᠯᠡᠯ ᠤᠨ ᠡᠵᠡᠩᠨᠡᠯᠲᠡ ᠲᠠᠢ ᠶᠠᠪᠤᠭᠰᠠᠭᠠᠷ ᠢᠷᠡᠭᠰᠡᠨ᠃ ᠡᠶᠢᠮᠦ ᠦᠢᠯᠡᠳᠪᠦᠷᠢᠯᠡᠯ ᠤᠨ ᠡᠵᠡᠩᠨᠡᠯᠲᠡ ᠨᠢ ᠲᠡᠳᠡᠨ ᠢ ᠪᠤᠰᠤᠳ ᠭᠠᠵᠠᠷ ᠲᠠᠢ ᠬᠠᠷᠢᠯᠴᠠᠵᠤ ᠰᠣᠯᠢᠯᠴᠠᠭ᠎ᠠ ᠪᠠᠷ ᠳᠠᠮᠵᠢᠭᠤᠯᠵᠤ᠂ ᠲᠠᠸᠠᠷ ᠤᠨ ᠠᠮᠤ ᠪᠤᠳᠠᠭ᠎ᠠ ᠬᠤᠳᠠᠯᠳᠤᠨ ᠠᠪᠴᠤ ᠵᠥᠭᠡᠭᠡᠵᠦ ᠣᠷᠣᠭᠤᠯᠵᠤ ᠢᠳᠡᠳᠡᠭ ᠪᠣᠯᠭᠠᠵᠠᠢ᠃      ᠦᠵᠦᠮᠦᠴᠢᠨ ᠳᠤ ᠪᠤᠰᠤᠳ ᠭᠠᠵᠠᠷ ᠲᠠᠢ ᠠᠳᠠᠯᠢᠳᠬᠠᠪᠠᠯ᠂ ᠠᠮᠤ ᠪᠤᠳᠠᠭ᠎ᠠ ᠶᠢ ᠬᠡᠳᠦᠶᠢᠪᠡᠷ ᠬᠡᠷᠡᠭᠯᠡᠬᠦ ᠬᠤᠪᠢ  ᠶᠢᠨ ᠵᠢᠩ ᠨᠢ ᠪᠠᠭ᠎ᠠ ᠪᠠᠶᠢᠭᠰᠠᠨ ᠴᠦ᠂ ᠮᠥᠨ ᠬᠥᠮᠥᠨ ᠪᠦᠷᠢ ᠶᠢᠨ ᠬᠦᠨᠡᠰᠦ᠂ ᠠᠶᠢᠯ ᠪᠦᠷᠢ ᠶᠢᠨ ᠠᠮᠢᠳᠤᠷᠠᠯ ᠤᠨ ᠵᠠᠶᠢᠯᠠᠰᠢ ᠦᠭᠡᠢ ᠢᠳᠡᠬᠦ ᠭᠤᠣᠯ ᠠᠮᠤ ᠬᠦᠨᠡᠰᠦ ᠶᠢᠨ ᠨᠢᠭᠡ ᠪᠣᠯᠬᠤᠷ᠂ ᠲᠡᠭᠦᠨ ᠢ ᠵᠥᠭᠡᠭᠡᠪᠦᠷᠢᠯᠡᠵᠦ ᠣᠷᠣᠭᠤᠯᠬᠤ ᠬᠡᠪᠴᠢᠶ᠎ᠡ ᠪᠠᠷ ᠥᠷᠭᠡᠨ ᠱᠠᠭᠠᠷᠳᠠᠯᠭ᠎ᠠ ᠪᠠᠷ ᠥᠨᠳᠥᠷ ᠬᠦᠴᠦ ᠣᠷᠣᠭᠤᠯᠬᠤ ᠪᠠᠷ ᠬᠦᠨᠳᠦ ᠨᠡᠶᠢᠭᠡᠮ ᠨᠡᠶᠢᠲᠡ ᠶᠢᠨ ᠠᠵᠢᠯᠯᠠᠭ᠎ᠠ ᠪᠠᠶᠢᠵᠠᠢ᠃ ᠠᠶᠢᠯ ᠡᠷᠦᠬᠡ ᠨᠢᠭᠡᠪᠦᠷᠢ ᠶᠢ ᠲᠤᠰᠠᠭᠠᠷ ᠢᠶᠠᠨ ᠪᠤᠶᠤ ᠬᠠᠷᠢᠯᠴᠠᠨ ᠬᠠᠪᠰᠤᠷᠤᠯᠴᠠᠵᠤ ︽ᠪᠤᠳᠠᠭᠠᠨ ᠠᠶᠠᠨ︾ ᠬᠢᠯᠭᠡᠳᠡᠭ ᠪᠣᠯᠭᠠᠵᠠᠢ᠃      ᠦᠵᠦᠮᠦᠴᠢᠨ ᠤ ᠪᠤᠳᠠᠭᠠᠨ ᠠᠶᠠᠨ ᠣᠯᠠᠩᠬᠢ ᠳᠠᠭᠠᠨ ᠲᠠᠷᠢᠶᠠᠯᠠᠬᠤ ᠣᠷᠣᠨ ᠳᠤ ᠦᠷ᠎ᠡ ᠲᠠᠷᠢᠶ᠎ᠠ ᠪᠣᠯᠪᠠᠰᠤᠷᠠᠵᠤ ᠬᠤᠷᠢᠶᠠᠭᠰᠠᠨ ᠬᠤᠶᠢᠨ᠎ᠠ᠂ ᠨᠠᠮᠤᠷ ᠤᠨ ᠳᠤᠮᠳᠠ ᠰᠠᠷ᠎ᠠ ᠠᠴᠠ ᠡᠪᠦᠯ ᠤᠨ ᠡᠬᠢᠨ ᠰᠠᠷ᠎ᠠ ᠪᠣᠯᠲᠠᠯ᠎ᠠ ᠲᠤᠰᠬᠠᠢ ᠬᠢᠵᠦ᠂ ᠠᠶᠢᠯ ᠭᠡᠷ ᠤᠨ ᠢᠶᠠᠨ᠂ ᠠᠮᠢᠲᠠᠨ ᠬᠥᠮᠥᠨ ᠤ ᠪᠠᠨ ᠨᠢᠭᠡ ᠵᠢᠯ ᠤᠨ ᠢᠳᠡᠬᠦ ᠬᠦᠨᠡᠰᠦᠨ ᠠᠮᠤ ᠪᠠᠨ ᠬᠤᠳᠠᠯᠳᠤᠨ ᠠᠪᠴᠤ ᠵᠥᠭᠡᠭᠡᠪᠦᠷᠢᠯᠡᠨ ᠠᠪᠴᠢᠷᠠᠳᠠᠭ ᠪᠠᠶᠢᠨ᠎ᠠ᠃      ᠠᠶᠠᠨ ᠨᠢ ᠮᠥᠨ ᠠᠶᠢᠮᠠᠭ ᠤᠰᠤ ᠪᠠᠷ ᠢᠶᠠᠨ ᠨᠡᠶᠢᠯᠡᠵᠦ ︽ᠭᠠᠯ ᠠᠶᠠᠨ︾ ᠪᠦᠷᠢᠯᠳᠦᠵᠦ 5 ~ 7 ᠬᠥᠮᠥᠨ  ᠳᠤ ᠨᠢᠭᠡᠴᠢᠯᠡᠨ᠂ 20 ~ 30 ᠲᠡᠷᠭᠡ ᠦᠷᠭᠦᠯᠵᠢᠯᠡᠨ ᠬᠥᠲᠥᠯᠵᠦ᠂ ᠪᠦᠯᠦᠭ ᠪᠦᠯᠦᠭ ᠢᠶᠠᠷ ᠢᠶᠠᠨ ᠭᠠᠯ ᠬᠤᠪᠢᠶᠠᠵᠤ ᠶᠠᠪᠤᠵᠠᠭᠠᠨ᠎ᠠ᠃      ᠦᠵᠦᠮᠦᠴᠢᠨ ᠤ ᠪᠤᠳᠠᠭᠠᠨ ᠠᠶᠠᠨ ᠪᠣᠯ ᠴᠣᠯ ᠠᠷᠠᠯᠵᠢᠶᠠᠨ ᠤ ᠴᠢᠨᠠᠷ ᠲᠠᠢ ᠠᠶᠠᠨ ᠪᠣᠯᠬᠤᠷ᠂ ᠦᠵᠦᠮᠦᠴᠢᠨ ᠮᠣᠩᠭᠤᠯᠴᠤᠳ ᠠᠶᠠᠨ ᠳᠤ ᠶᠠᠪᠤᠬᠤ ᠳᠠᠭᠠᠨ ᠮᠠᠯ ᠤᠨ ᠠᠰᠢᠭ ᠰᠢᠮ᠎ᠡ ᠶᠢᠨ ᠭᠠᠷᠤᠯᠲᠠ᠂ ᠮᠥᠩᠭᠦᠨ ᠵᠣᠭᠤᠰ᠂ ᠡᠰᠡᠬᠦᠯ᠎ᠡ ᠳᠠᠪᠤᠰᠤ᠂ ᠠᠩ ᠤᠨ ᠨᠠᠷᠢᠨ ᠦᠰᠦᠲᠦ ᠠᠷᠠᠰᠤ ᠁ ᠵᠡᠷᠭᠡ ᠣᠨᠴᠠ ᠭᠠᠷᠤᠯᠲᠠ ᠪᠠᠨ ᠠᠪᠴᠤ ᠶᠠᠪᠤᠵᠤ ᠂ ᠬᠤᠨᠤᠭ ᠪᠤᠳᠠᠭ᠎ᠠ᠂ ᠬᠠᠷ᠎ᠠ ᠪᠤᠳᠠᠭ᠎ᠠ᠂ ᠭᠤᠯᠢᠷ ᠲᠤᠲᠤᠷᠭ᠎ᠠ ᠁ ᠰᠣᠯᠢᠯᠴᠠᠨ ᠠᠪᠴᠢᠷᠠᠨ᠎ᠠ᠃      ᠦᠵᠦᠮᠦᠴᠢᠨ ᠤ ᠳᠠᠪᠤᠰᠤ ᠪᠤᠳᠠᠭ᠎ᠠ ᠬᠤᠶᠠᠷ ᠵᠦᠢᠯ ᠢᠶᠠᠷ ᠭᠤᠣᠯ ᠪᠣᠯᠭᠠᠭᠰᠠᠨ ᠠᠶᠠᠨ ᠲᠡᠭᠡᠭᠡᠪᠦᠷᠢ ᠶᠢᠨ ᠭᠤᠣᠯ ᠠᠶᠠᠯᠠᠬᠤ ᠭᠠᠵᠠᠷ ᠣᠷᠣᠨ ᠪᠣᠯ ᠣᠶᠢᠷ᠎ᠠ ᠵᠡᠷᠭᠡᠯᠡᠳᠡᠭᠡ ᠲᠠᠷᠢᠮᠠᠯ ᠡᠷᠬᠢᠯᠡᠳᠡᠭ ᠬᠤᠰᠢᠭᠤ ᠰᠢᠶᠠᠨ ᠪᠣᠯᠣᠨ ᠠᠷᠠᠯᠵᠢᠶ᠎ᠠ ᠬᠤᠳᠠᠯᠳᠤᠭ᠎ᠠ ᠡᠷᠬᠢᠯᠡᠳᠡᠭ ᠬᠤᠲᠠ ᠪᠠᠯᠭᠠᠰᠤ ᠨᠤᠭᠤᠳ ᠪᠣᠯᠣᠨ᠎ᠠ᠃ ᠡᠭᠦᠨ ᠳᠤ ᠠᠷᠪᠢᠨ ᠳᠠᠭᠠᠨ ᠣᠶᠢᠷ᠎ᠠ ᠣᠶᠢᠷ᠎ᠠ ᠪᠠᠨ ᠦᠵᠡᠵᠦ ᠯᠢᠨᠳᠦ᠋ᠩ᠂ ᠯᠢᠨᠰᠢ᠂ ᠰᠠᠭᠠᠵᠠᠭᠠᠢ᠂ ᠲᠦᠩᠯᠢᠶᠤᠤ᠂ ᠪᠢᠷᠠᠭᠤ᠂ ᠵᠠᠰᠠᠭᠲᠦ ᠸᠠᠩ ᠤᠨ ᠰᠦᠮ᠎ᠡ ᠂ ᠴᠠᠭᠠᠨ ᠬᠤᠲᠠ᠂ ᠳᠣᠯᠣᠨ ᠨᠠᠭᠤᠷ᠂ ᠴᠢᠭᠤᠯᠤᠯᠲᠤ ᠬᠠᠭᠠᠯᠭ᠎ᠠ ᠵᠡᠷᠭᠡ ᠭᠠᠵᠠᠷ ᠭᠤᠣᠯ ᠪᠣᠯᠣᠨ᠎ᠠ᠃ ᠴᠧᠩᠳᠧ᠂ ᠪᠡᠭᠡᠵᠢᠩ᠂ ᠲᠢᠶᠠᠨᠵᠢᠨ ᠵᠡᠷᠭᠡ ᠬᠤᠲᠠᠳ ᠢᠶᠠᠷ ᠪᠠᠰᠠ ᠴᠥᠭᠡᠪᠦᠷᠢ ᠠᠷᠠᠯᠵᠢᠶᠠᠯᠠᠵᠤ ᠣᠷᠣᠳᠠᠭ ᠪᠠᠶᠢᠨ᠎ᠠ᠃      ᠡᠭᠦᠨ ᠤ ᠬᠠᠮᠲᠤ ᠦᠵᠦᠮᠦᠴᠢᠨ ᠤ ᠪᠤᠳᠠᠭᠠᠨ ᠠᠶᠠᠨ ᠨᠢ ᠪᠠᠰᠠ ᠦᠵᠦᠮᠦᠴᠢᠨ ᠤ ᠣᠨᠴᠠ ᠭᠠᠷᠤᠯᠲᠠ ᠪᠣᠯᠣᠨ ᠮᠥᠩᠭᠦᠨ ᠵᠣᠭᠤᠰ ᠢᠶᠠᠷ᠂ ᠠᠳᠡᠬᠢ ᠶᠢᠨ ᠮᠠᠯ ᠠᠵᠤ ᠠᠬᠤᠢ ᠶᠢᠨ ᠦᠢᠯᠡᠳᠪᠦᠷᠢᠯᠡᠯ ᠪᠠ ᠮᠠᠯᠴᠢᠳ ᠤᠨ ᠣᠨᠴᠠ ᠬᠡᠷᠡᠭᠴᠡᠭᠡᠨ ᠤ ᠠᠮᠢᠳᠤᠷᠠᠯ ᠤᠨ ᠬᠡᠷᠡᠭᠰᠡᠯ ᠤᠨ ᠡᠳ᠋ᠯᠡᠯ ᠪᠦᠷᠢᠨ ᠪᠠᠷᠠᠭ᠎ᠠ ᠵᠡᠷᠭᠡ ᠶᠢ ᠥᠷᠭᠡᠨ ᠬᠡᠮᠵᠢᠶ᠎ᠡ ᠪᠠᠷ ᠰᠣᠯᠢᠯᠴᠠᠨ ᠣᠷᠣᠭᠤᠯᠵᠤ ᠠᠪᠴᠢᠷᠠᠬᠤ ᠡᠭᠦᠷᠭᠡ ᠶᠢ ᠪᠡᠶᠡᠯᠡᠭᠦᠯᠵᠦ ᠪᠠᠶᠢᠵᠠᠢ᠃      ᠡᠶᠢᠮᠦ ᠠᠴᠠ᠂ ᠦᠵᠦᠮᠦᠴᠢᠨ ᠤ ᠠᠶᠠᠨ ᠲᠡᠭᠡᠭᠡᠪᠦᠷᠢ ᠶᠢᠨ ᠠᠵᠤ ᠠᠬᠤᠢ ᠨᠢ ᠦᠵᠦᠮᠦᠴᠢᠨ ᠤ ᠲᠡᠦᠬᠡᠨ ᠳᠡᠭᠡᠷ᠎ᠡ ᠲᠤᠬᠠᠢ ᠶᠢᠨ ᠴᠠᠭ ᠦᠶ᠎ᠡ ᠶᠢᠨ ᠨᠥᠬᠦᠴᠡᠯ ᠳᠡᠭᠡᠨ ᠵᠣᠬᠢᠴᠠᠭᠰᠠᠨ ᠮᠠᠯ ᠠᠵᠤ ᠠᠬᠤᠢ ᠶᠢᠨ ᠦᠢᠯᠡᠳᠪᠦᠷᠢᠯᠡᠯ᠂ ᠮᠠᠯᠴᠢᠳ ᠤᠨ ᠠᠮᠢᠳᠤᠷᠠᠯ ᠳᠤ ᠴᠢᠬᠤᠯᠠᠴᠢᠯᠠᠭ᠎ᠠ ᠲᠠᠢ ᠲᠣᠭᠲᠠᠭᠰᠠᠨ ᠵᠢᠮ᠎ᠡ ᠶᠣᠰᠣ ᠠᠷᠭ᠎ᠠ ᠬᠡᠮᠵᠢᠶ᠎ᠡ ᠶᠢᠨ ᠬᠡᠪᠰᠢᠯ  ᠲᠠᠢ᠂ ᠨᠡᠯᠢᠶᠡᠳ ᠥᠨᠳᠥᠷ ᠨᠡᠶᠢᠭᠡᠮ ᠤᠨ ᠪᠠ ᠠᠵᠤ ᠠᠬᠤᠢ ᠶᠢᠨ ᠦᠷ᠎ᠡ ᠠᠰᠢᠭ ᠲᠠᠢ ᠠᠵᠤ ᠠᠬᠤᠢ ᠪᠠᠶᠢᠭᠰᠠᠨ ᠪᠠᠶᠢᠨ᠎ᠠ᠃        ︽ᠦᠵᠦᠮᠦᠴᠢᠨ ᠮᠣᠩᠭᠤᠯᠴᠤᠳ︾ ᠭᠤ᠂ ᠷᠠᠬᠸ᠎ᠠ
 
ᠢᠷᠡᠯᠲᠡ᠄ ︽ᠦᠵᠦᠮᠦᠴᠢᠨ ᠮᠣᠩᠭᠤᠯᠴᠤᠳ︾
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号