ᠬᠤᠰᠢᠭᠤ ᠳᠡᠳ᠋ ᠳᠠᠷᠤᠭ᠎ᠠ᠄  ᠿᠧᠨ ᠳ᠋ᠧ ᠰᠢᠨ
ᠨᠡᠶᠢᠲᠡᠯᠡᠭᠰᠡᠨ ᠴᠠᠭ᠄
2017/3/8
  ᠿᠧᠨ ᠳ᠋ᠧ ᠰᠢᠨ2004 ᠣᠨ ᠤ 4 ᠰᠠᠷ᠎ᠠ ᠠᠴᠠ 2005 ᠣᠨ ᠤ 6 ᠰᠠᠷ᠎ᠠ ᠪᠣᠯᠲᠠᠯ᠎ᠠ᠂ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠰᠢᠭᠤ ᠰᠤᠮᠤᠨ ᠤ ᠠᠷᠠᠳ ᠤᠨ ᠵᠠᠰᠠᠭ ᠤᠨ ᠣᠷᠳᠣᠨ ᠳᠤ ᠠᠵᠢᠯᠯᠠᠪᠠ᠃2005 ᠣᠨ ᠤ 6 ᠰᠠᠷ᠎ᠠ ᠠᠴᠠ 2008 ᠣᠨ ᠤ 7 ᠰᠠᠷ᠎ᠠ ᠪᠣᠯᠲᠠᠯ᠎ᠠ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠬᠡᠷ ᠲᠤ ᠠᠵᠢᠯᠯᠠᠪᠠ᠃2008 ᠣᠨ ᠤ 7 ᠰᠠᠷ᠎ᠠ ᠠᠴᠠ 2011 ᠣᠨ ᠤ 4 ᠰᠠᠷ᠎ᠠ ᠪᠣᠯᠲᠠᠯ᠎ᠠ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ ᠳᠡᠳ᠋ ᠡᠷᠬᠢᠯᠡᠭᠴᠢ ᠪᠠᠷ ᠠᠵᠢᠯᠯᠠᠵᠦ᠂ ᠮᠠᠯᠴᠢᠳ ᠤᠨ ᠦᠢᠯᠡᠴᠢᠯᠡᠭᠡᠨ ᠤ ᠲᠠᠪᠴᠠᠩ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠪᠠ᠃2011ᠣᠨ ᠤ 4 ᠰᠠᠷ᠎ᠠ ᠠᠴᠠ 2016 ᠣᠨ ᠤ 5 ᠰᠠᠷ᠎ᠠ ᠪᠣᠯᠲᠠᠯ᠎ᠠ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠬᠢᠳᠠᠯ ᠰᠤᠷᠪᠤᠯᠵᠢᠯᠠᠭ᠎ᠠ ᠶᠢᠨ ᠲᠤᠪᠴᠢᠶᠠᠨ ᠳᠤ ᠠᠵᠢᠯᠯᠠᠵᠤ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ᠃2016 ᠣᠨ ᠤ 5 ᠰᠠᠷ᠎ᠠ ᠠᠴᠠ 2020 ᠣᠨ ᠤ 11 ᠰᠠᠷ᠎ᠠ ᠪᠣᠯᠲᠠᠯ᠎ᠠ᠂ ᠪᠠᠷᠠᠭᠤᠨ ᠦᠵᠦᠮᠦᠴᠢᠨ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠳᠤ ᠠᠵᠢᠯᠯᠠᠵᠤ᠂ ᠤᠰᠤᠨ ᠠᠰᠢᠭᠯᠠᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ᠃2020 ᠣᠨ ᠤ 11 ᠰᠠᠷ᠎ᠠ ᠠᠴᠠ 2021.7 ᠣᠲᠣ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠪᠠᠷ ᠠᠵᠢᠯᠯᠠᠪᠠ᠃2021.7 ᠣᠲᠣ ᠪᠣᠯᠲᠠᠯ᠎ᠠ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠪᠠᠷ ᠠᠵᠢᠯᠯᠠᠵᠦ ᠪᠤᠢ᠃ᠬᠤᠪᠢᠳᠠᠨ ᠬᠠᠮᠢᠶᠠᠷᠬᠤ ᠠᠵᠢᠯ  ᠬᠤᠰᠢᠭᠤ ᠳᠠᠷᠤᠭ᠎ᠠ ᠶᠢ ᠬᠠᠮᠵᠢᠨ ᠣᠢ ᠰᠢᠭᠤᠢ ᠪᠠ ᠲᠠᠯ᠎ᠠ ᠨᠤᠲᠤᠭ᠂ ᠤᠰᠤᠨ ᠠᠰᠢᠭᠯᠠᠯᠲᠠ᠂ ᠠᠷᠠᠳ ᠤᠨ ᠶᠠᠪᠤᠳᠠᠯ᠂ ᠰᠣᠶᠣᠯ ᠲᠠᠮᠢᠷ ᠵᠤᠭᠠᠴᠠᠯ᠂ ᠷᠠᠳᠢᠣ᠋ ᠲᠧᠯᠸᠢᠰ᠂ ᠬᠤᠳᠠᠯᠳᠤᠭᠠᠨ ᠤ ᠶᠠᠪᠤᠳᠠᠯ᠂ ᠬᠠᠩᠭᠠᠨ ᠪᠣᠷᠣᠯᠠᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃
 ᠬᠤᠰᠢᠭᠤ ᠣᠶ ᠰᠢᠭᠤᠶ ᠪᠠ ᠲᠠᠯ᠎ᠠ ᠨᠤᠲᠤᠭ ᠤᠨ ᠲᠣᠪᠴᠢᠶ᠎ᠠ ︵
ᠭᠦᠷᠦᠭᠡᠰᠦᠳᠡᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠭᠠᠵᠠᠷ︶᠂ ᠤᠰᠤᠨ ᠠᠰᠢᠭᠯᠠᠯᠲᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠶᠢ ᠬᠤᠪᠢᠳᠠᠨ ᠬᠠᠮᠢᠶᠠᠷᠤᠨ᠎ᠠ᠃
   ᠬᠤᠰᠢᠭᠤ ᠴᠠᠭ ᠠᠭᠤᠷ ᠤᠨ ᠲᠣᠪᠴᠢᠶ᠎ᠠ᠂ ᠣᠢ ᠰᠢᠭᠤᠶ ᠨᠤᠲᠤᠭ
ᠪᠡᠯᠴᠢᠭᠡᠷ ᠤᠨ ᠭᠠᠯ ᠤᠨᠲᠠᠷᠠᠭᠠᠬᠤ ᠶᠡᠭᠡ ᠠᠩᠭᠢ᠂ ᠬᠠᠮ ᠵᠠᠭᠤᠴᠢᠯᠠᠭᠤᠷ ᠤᠨ ᠲᠥᠪ᠂ ᠤᠰᠤᠨ ᠰᠢᠨᠵᠢᠯᠡᠭᠡᠨ ᠤ ᠲᠣᠪᠴᠢᠶ᠎ᠠ᠂ ᠠᠬᠠᠮᠠᠳ ᠺᠠᠳ᠋ᠷ ᠤᠨ ᠲᠣᠪᠴᠢᠶ᠎ᠠ᠂ ᠳᠠᠩᠰᠠ ᠲᠡᠦᠬᠡ ᠶᠢᠨ ᠣᠷᠳᠣᠨ᠂ ᠵᠡᠮᠳᠡᠭᠴᠦᠳ ᠤᠨ ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂  ᠦᠢᠯᠡᠰ ᠵᠢᠭᠤᠯᠴᠢᠯᠠᠯ ᠤᠨ ᠠᠵᠤ ᠦᠶᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠰᠢᠨᠬᠤᠸᠠ ᠨᠣᠮ ᠤᠨ ᠳᠡᠯᠭᠡᠭᠦᠷ᠂ ᠴᠢᠯᠠᠭᠤᠨ ᠲᠣᠰᠣᠨ ᠤ ᠺᠣᠮᠫᠠᠨᠢ ᠲᠠᠢ ᠬᠠᠷᠢᠯᠴᠠᠨ᠎ᠠ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号