ᠣᠯᠣᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ᠄ ᠶᠤᠤ ᠬᠠᠢ ᠮᠢᠩ
ᠨᠡᠶᠢᠲᠡᠯᠡᠭᠰᠡᠨ ᠴᠠᠭ᠄
2017/3/8
ᠲᠤᠪᠴᠢ ᠨᠠᠮᠳᠠᠷ᠄      ᠶᠣᠣ ᠬᠠᠢ ᠮᠢᠩ᠂ ᠡᠷᠡᠭᠳᠡᠢ᠂ ᠬᠢᠲᠠᠳ ᠦᠨᠳᠦᠰᠦᠳᠡᠨ᠂ 1970 ᠣᠨ ᠤ 2 ᠰᠠᠷ᠎ᠠ ᠳᠤ ᠲᠦᠷᠦᠪᠡ᠃ ᠯᠢᠶᠣᠤᠨᠢᠩ ᠮᠤᠵᠢ ᠶᠢᠨ ᠵᠢᠶᠠᠨ ᠫᠢᠩ ᠰᠢᠶᠠᠨ ᠤ ᠬᠦᠮᠦᠨ᠃1989 ᠣᠨ ᠤ 12 ᠰᠠᠷ᠎ᠠ ᠳᠤ ᠠᠵᠢᠯ ᠳᠤ ᠣᠷᠣᠪᠠ᠃ 2002ᠤᠨ ᠤ 12 ᠰᠠᠷ᠎ᠠ ᠳᠤ ᠥᠪᠦᠷ ᠮᠣᠩᠭᠤᠯ ᠤᠨ ᠨᠠᠮ ᠤᠨ ᠰᠤᠷᠭᠠᠭᠤᠯᠢ ᠳᠤ ᠠᠵᠤ ᠠᠬᠤᠢ ᠶᠢᠨ ᠬᠠᠮᠢᠶᠠᠷᠤᠯᠳᠠ ᠶᠢᠨ ᠳᠤᠰᠬᠠᠢ ᠮᠡᠷᠭᠡᠵᠢᠯ ᠢᠶᠠᠷ ᠳᠡᠭᠦᠰᠪᠡ᠃ ᠵᠠᠬᠢᠳᠠᠯ ᠢᠶᠠᠷ ᠰᠤᠷᠬᠤ ᠶᠡᠭᠡ ᠰᠣᠷᠭᠠᠭᠤᠯᠢ ᠶᠢᠨ ᠰᠣᠷᠣᠯᠭ᠎ᠠ ᠶᠢᠨ ᠨᠠᠮᠳᠠᠷ ᠲᠠᠢ᠃     1987.09-1989.07  ᠥᠪᠦᠷ ᠮᠣᠩᠭᠤᠯ ᠤᠨ ᠷᠠᠳᠢᠣ᠋ ᠲᠧᠯᠸᠢᠰ ᠶᠡᠭᠡ ᠰᠤᠷᠭᠠᠭᠤᠯᠢ ᠶᠢᠨ ᠬᠢᠲᠠᠳ ᠬᠡᠯᠡᠨ ᠤ ᠳᠤᠰᠬᠠᠢ ᠮᠡᠷᠭᠡᠵᠢᠯ ᠢᠶᠠᠷ ᠰᠤᠷᠤᠯᠴᠠᠪᠠ᠃     1989.12-1991.08  ᠥᠪᠦᠷ ᠮᠣᠩᠭᠤᠯ ᠤᠨ ᠪᠠᠷᠠᠭᠤᠨ ᠦᠵᠦᠮᠦᠴᠢᠨ ᠬᠤᠰᠢᠭᠤᠨ ᠤ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠲᠤ ᠠᠵᠢᠯᠯᠠᠪᠠ᠃     1991.08-1997.08  ᠥᠪᠦᠷ ᠮᠣᠩᠭᠤᠯ ᠤᠨ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠲᠤ ᠠᠵᠢᠯᠯᠠᠪᠠ᠃     1997.08-1999.02  ᠥᠪᠦᠷ ᠮᠣᠩᠭᠤᠯ ᠤᠨ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠤᠨ ᠳᠡᠳ᠋ ᠰᠠᠯᠠᠭ᠎ᠠ ᠳᠡᠰ ᠤᠨ ᠶᠡᠷᠤᠩᠬᠡᠶᠢᠯᠡᠭᠰᠡᠨ ᠨᠠᠷᠢᠨ ᠪᠢᠴᠢᠭᠡᠴᠢ ᠪᠠᠷ ᠠᠵᠢᠯᠯᠠᠪᠠ᠃     1999.02-2000.05  ᠥᠪᠦᠷ ᠮᠣᠩᠭᠤᠯ ᠤᠨ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠤᠨ ᠳᠡᠳ᠋ ᠡᠷᠬᠢᠯᠡᠭᠴᠢ ᠪᠠᠷ ᠠᠵᠢᠯᠯᠠᠪᠠ᠃      2000.05-2002.11  ᠥᠪᠦᠷ ᠮᠣᠩᠭᠤᠯ ᠤᠨ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠤᠨ ᠳᠡᠳ᠋ ᠡᠷᠬᠢᠯᠡᠭᠴᠢ᠂ ᠱᠠᠭᠠᠷᠳᠠᠨ ᠪᠠᠶᠢᠴᠠᠭᠠᠬᠤ ᠳᠠᠰᠤᠭ ᠤᠨ ᠡᠷᠬᠢᠯᠡᠭᠴᠢ ᠪᠠᠷ ᠠᠵᠢᠯᠯᠠᠪᠠ᠃      2002.11-2010. 07  ᠥᠪᠦᠷ ᠮᠣᠩᠭᠤᠯ ᠤᠨ ᠪᠠᠷᠠᠭᠤᠨ ᠦᠵᠦᠮᠦᠴᠢᠨ ᠬᠤᠰᠢᠭᠤᠨ ᠤ  ᠪᠦᠳᠦᠭᠡᠨ ᠪᠠᠶᠢᠭᠤᠯᠤᠯᠳᠠ ᠪᠠ ᠤᠷᠴᠢᠨ ᠳᠤᠭᠤᠷᠢᠨ ᠢ ᠬᠠᠮᠠᠭᠠᠯᠠᠬᠤ ᠳᠤᠪᠴᠢᠶᠠᠨ ᠤ ᠳᠡᠳ᠋ ᠳᠤᠪᠴᠢᠶᠠᠨ ᠳᠠᠷᠤᠭ᠎ᠠ ᠪᠠᠷ ᠠᠵᠢᠯᠯᠠᠪᠠ ︵ᠲᠤᠰ ᠬᠤᠭᠤᠴᠠᠭᠠᠨ ᠳᠤ᠄ 2000.9 — 2002.12  ᠥᠪᠦᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠳᠠ ᠶᠢᠨ ᠳᠤᠰᠬᠠᠢ ᠮᠡᠷᠭᠡᠵᠢᠯ ᠤᠨ ᠠᠩᠭᠢ ᠳᠤ ᠰᠤᠷᠤᠯᠴᠠᠪᠠ︶᠃      2010.7-2015.01  ᠥᠪᠦᠷ ᠮᠣᠩᠭᠤᠯ ᠤᠨ ᠪᠠᠷᠠᠭᠤᠨ ᠦᠵᠦᠮᠦᠴᠢᠨ ᠬᠤᠰᠢᠭᠤᠨ ᠤ ᠤᠷᠴᠢᠨ ᠳᠤᠭᠤᠷᠢᠨ ᠢ ᠬᠠᠮᠠᠭᠠᠯᠠᠬᠤ ᠳᠤᠪᠴᠢᠶᠠᠨ ᠤ ᠳᠤᠪᠴᠢᠶᠠᠨ ᠳᠠᠷᠤᠭ᠎ᠠ ᠪᠠᠷ ᠠᠵᠢᠯᠯᠠᠪᠠ᠃      2015.01 ᠰᠠᠷ᠎ᠠ — ᠤᠳᠤ ᠪᠤᠯᠳᠠᠯ᠎ᠠ ᠪᠠᠷᠠᠭᠤᠨ ᠦᠵᠦᠮᠦᠴᠢᠨ ᠬᠤᠰᠢᠭᠤᠨ ᠤ ᠣᠯᠣᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠶᠢᠨ ᠲᠣᠰᠢᠶᠠᠯ ᠢ ᠡᠭᠦᠷᠭᠡᠯᠡᠵᠣ ᠪᠣᠢ᠃      ᠠᠵᠢᠯ ᠤᠨ ᠬᠤᠪᠢᠶᠠᠷᠢ᠄      ᠮᠦᠩᠭᠡ ᠨᠦᠭᠦᠷ ᠤᠨ ᠠᠵᠢᠯ ᠢ ᠬᠠᠪᠰᠤᠷᠤᠨ᠂ ᠤᠯᠤᠰ ᠳᠦᠷᠦ ᠶᠢᠨ ᠵᠦᠪᠯᠡᠯᠭᠡᠨ ᠤ ᠠᠵᠤ ᠠᠬᠤᠢ ᠶᠢᠨ ᠵᠦᠪᠯᠡᠯ ᠪᠠ ᠨᠡᠶᠢᠭᠡᠮ ᠤᠨ ᠬᠠᠤᠯᠢ ᠳᠦᠷᠢᠮ ᠤᠨ ᠵᠦᠪᠯᠡᠯ ᠢ ᠬᠤᠪᠢᠳᠠᠨ ᠬᠠᠮᠢᠶᠠᠷᠤᠨ᠎ᠠ᠃ ᠲᠤᠭ᠎ᠠ ᠪᠦᠷᠢᠳᠬᠡᠯ᠂ ᠠᠷᠠᠯᠵᠢᠶᠠᠴᠢᠨ ᠤᠷᠢᠬᠤ᠂ ᠬᠦᠭᠵᠢᠬᠦᠯᠤᠯᠳᠡ ᠦᠭᠡᠷᠡᠴᠢᠯᠡᠯᠲᠠ᠂  ᠠᠵᠦ ᠦᠢᠯᠡᠳᠪᠦᠷᠢ ᠪᠠ ᠮᠡᠳᠡᠭᠡ ᠵᠠᠩᠭᠢᠴᠢᠯᠠᠯᠳᠠ᠂ ᠪᠠᠴᠢᠮ ᠪᠠᠶᠢᠳᠠᠯ ᠢ ᠠᠷᠭᠠᠴᠠᠭᠠᠬᠤ᠂ ᠵᠠᠮ ᠬᠠᠷᠢᠯᠴᠠᠭ᠎ᠠ᠂ ᠪᠠᠶᠢᠭᠠᠯᠢ ᠶᠢᠨ ᠡᠬᠢ ᠪᠠᠶᠠᠯᠢᠭ᠂ ᠤᠷᠤᠨ ᠰᠠᠭᠤᠴᠠ ᠶᠢᠨ ᠪᠦᠳᠦᠭᠡᠨ ᠪᠠᠶᠢᠭᠤᠯᠤᠯᠳᠠ᠂ ᠤᠷᠴᠢᠨ ᠳᠤᠭᠤᠷᠢᠨ ᠤ ᠬᠠᠮᠠᠭᠠᠯᠠᠯᠳᠠ᠂ ᠳᠤᠳᠤᠭᠠᠳᠤ ᠶᠢ ᠬᠠᠮᠠᠭᠠᠯᠠᠬᠤ᠂ ᠪᠠᠶᠢᠴᠠᠭᠠᠬᠤ ᠬᠤᠷᠢᠶ᠎ᠠ᠂ ᠰᠢᠬᠦᠬᠦ ᠬᠤᠷᠢᠶ᠎ᠠ᠂ ᠬᠠᠤᠯᠢ ᠴᠠᠭᠠᠵᠠ ᠶᠢᠨ ᠳᠤᠪᠴᠢᠶ᠎ᠠ᠂ ᠰᠢᠰᠲ᠋ᠧᠮ ᠢᠶᠠᠷ ᠬᠠᠮᠢᠶᠠᠷᠬᠤ ᠪᠠᠶᠢᠭᠤᠯᠭ᠎ᠠ᠂ ᠠᠵᠦ ᠦᠢᠯᠡᠳᠪᠤᠷᠢ ᠶᠢᠨ ᠳᠤᠭᠤᠷᠢᠭ᠂ ᠮᠦᠩᠭᠦᠨ ᠭᠦᠢᠯᠭᠡᠭᠡᠨ ᠤ ᠰᠠᠯᠠᠭ᠎ᠠ ᠮᠦᠴᠢᠷ᠂ ᠨᠡᠶᠢᠲᠡ ᠶᠢᠨ ᠪᠤᠰᠤ ᠦᠮᠴᠢᠯᠡᠯᠳᠤ ᠠᠵᠤ ᠠᠬᠤᠢ᠂ ᠦᠢᠯᠡᠳᠪᠤᠷᠢ ᠬᠤᠳᠠᠯᠳᠤᠭᠠᠨ ᠤ ᠬᠤᠯᠪᠤᠭ᠎ᠠ᠂ ᠭᠤᠤᠯᠳᠠᠯᠭ᠎ᠠ ᠲᠠᠢ ᠠᠵᠤ ᠠᠬᠤᠶᠢᠯᠠᠯ ᠵᠡᠷᠭᠡ ᠲᠠᠯ᠎ᠠ ᠶᠢᠨ ᠠᠵᠢᠯ ᠢ ᠬᠠᠷᠢᠯᠴᠠᠨ᠎ᠠ᠃ ᠰᠢᠯᠢ ᠶᠢᠨ ᠭᠤᠣᠯ ᠠᠶᠢᠮᠠᠭ ᠤᠨ ᠤᠯᠤᠰ ᠳᠦᠷᠦ ᠶᠢᠨ ᠵᠦᠪᠯᠡᠯᠭᠡᠨ ᠤ ᠠᠵᠤ ᠠᠬᠤᠢ ᠶᠢᠨ ᠵᠦᠪᠯᠡᠯ ᠪᠠ ᠨᠡᠶᠢᠭᠡᠮ ᠤᠨ ᠬᠠᠤᠯᠢ ᠳᠦᠷᠢᠮ ᠤᠨ ᠵᠦᠪᠯᠡᠯ ᠲᠠᠢ ᠬᠠᠷᠢᠯᠴᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号