ᠬᠠᠢ ᠱᠠᠨ᠂ ᠡᠷᠡᠭᠲᠡᠢ᠂ ᠮᠣᠩᠭᠤᠯ ᠦᠨᠳᠦᠰᠦᠲᠡᠨ᠂ 1970 ᠣᠨ ᠤ 5 ᠰᠠᠷ᠎ᠠ ᠳᠤ ᠲᠦᠷᠦᠵᠠᠢ᠂ ᠤᠭ ᠨᠤᠲᠤᠭ | ᠨᠢ ᠥᠪᠥᠷ ᠮᠣᠩᠭᠤᠯ ᠤᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠬᠦᠮᠦᠨ᠂ 1995 ᠣᠨ ᠤ 5 | ᠰᠠᠷ᠎ᠠ ᠳᠤ ᠠᠵᠢᠯ ᠳᠤ ᠣᠷᠣᠵᠤ᠂ 1998 ᠣᠨ ᠤ 9 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ | ᠣᠷᠣᠵᠠᠢ᠂ ᠠᠵᠢᠯ ᠤᠨ ᠪᠠᠶᠢᠷᠢ ᠶᠢᠨ ᠮᠠᠰᠲ᠋ᠧᠷ ᠴᠣᠯᠠ ᠲᠠᠢ᠂ 2011 ᠣᠨ ᠤ 7 ᠰᠠᠷ᠎ᠠ ᠳᠤ ᠥᠪᠥᠷ ᠮᠣᠩᠭᠤᠯ | ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠮᠠᠰᠲ᠋ᠧᠷ ᠤᠨ ᠲᠤᠰᠬᠠᠢ | ᠮᠡᠷᠭᠡᠵᠢᠯ ᠠᠴᠠ ᠲᠡᠭᠦᠰᠴᠡᠢ᠃ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ | ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ | ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃ | 1990 ᠣᠨ ᠤ 9 ᠰᠠᠷ᠎ᠠ ᠠᠴᠠ 1994 ᠣᠨ ᠤ 7 ᠰᠠᠷ᠎ᠠ ᠪᠣᠯᠲᠠᠯ᠎ᠠ ᠥᠪᠥᠷ ᠮᠣᠩᠭᠤᠯ ᠤᠨ ᠲᠠᠷᠢᠶᠠᠯᠠᠩ ᠮᠠᠯ | ᠠᠵᠤ ᠠᠬᠤᠶ ᠶᠢᠨ ᠳᠡᠭᠡᠳᠦ ᠰᠤᠷᠭᠠᠭᠤᠯᠢ ᠶᠢᠨ ᠨᠤᠲᠤᠭ ᠪᠡᠯᠴᠢᠭᠡᠷ ᠤᠨ ᠰᠠᠯᠪᠤᠷᠢ ᠶᠢᠨ ᠨᠤᠲᠤᠭ ᠪᠡᠯᠴᠢᠭᠡᠷ ᠤᠨ | ᠲᠤᠰᠬᠠᠶ ᠮᠡᠷᠭᠡᠵᠢᠯ ᠳᠤ ᠰᠤᠷᠤᠯᠴᠠᠪᠠ᠃ | 1994 ᠣᠨ ᠤ 7 ᠰᠠᠷ᠎ᠠ ᠠᠴᠠ 1995 ᠣᠨ ᠤ 5 ᠰᠠᠷ᠎ᠠ ᠪᠣᠯᠲᠠᠯ᠎ᠠ ᠠᠵᠢᠯ ᠬᠦᠯᠢᠶᠡᠪᠡ᠃ | 1995 ᠣᠨ ᠤ 5 ᠰᠠᠷ᠎ᠠ ᠠᠴᠠ 1995 ᠣᠨ ᠤ 7 ᠰᠠᠷ᠎ᠠ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠰᠢᠭᠤ ᠰᠤᠮᠤ ᠳᠤ ᠠᠵᠢᠯᠯᠠᠪᠠ᠃ | 1995 ᠣᠨ ᠤ 7 ᠰᠠᠷ᠎ᠠ ᠠᠴᠠ 1997 ᠣᠨ ᠤ 7 ᠰᠠᠷ᠎ᠠ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠪᠠᠷᠠᠭᠤᠨ ᠦᠵᠦᠮᠦᠴᠢᠨ ᠬᠤᠰᠢᠭᠤᠨ ᠤ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ ᠳᠤ | ᠠᠵᠢᠯᠯᠠᠪᠠ᠃ | 1997 ᠣᠨ ᠤ 7 ᠰᠠᠷ᠎ᠠ ᠠᠴᠠ 1999 ᠣᠨ ᠤ 5 ᠰᠠᠷ᠎ᠠ ᠪᠤᠯᠲᠠᠯ᠎ᠠ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ | ᠤᠨ ᠬᠢᠨᠠᠨ ᠰᠢᠯᠭᠠᠬᠤ ᠠᠯᠪᠠᠨ ᠭᠡᠷ ᠲᠤ ᠠᠵᠢᠯᠯᠠᠪᠠ᠃ | 1999 ᠣᠨ ᠤ 5 ᠰᠠᠷ᠎ᠠ ᠠᠴᠠ 2002 ᠣᠨ ᠤ 6 ᠰᠠᠷ᠎ᠠ ᠪᠤᠯᠲᠠᠯ᠎ᠠ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ | ᠤᠨ ᠬᠢᠨᠠᠨ ᠰᠢᠯᠭᠠᠬᠤ ᠠᠯᠪᠠᠨ ᠭᠡᠷ ᠤᠨ ᠳᠡᠳ᠋ ᠡᠷᠬᠢᠯᠡᠭᠴᠢ ᠪᠠᠷ ᠠᠵᠢᠯᠯᠠᠪᠠ᠃ | 2002 ᠣᠨ ᠤ 6 ᠰᠠᠷ᠎ᠠ ᠠᠴᠠ 2002 ᠣᠨ ᠤ 12 ᠰᠠᠷ᠎ᠠ ᠪᠤᠯᠲᠠᠯ᠎ᠠ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠪᠠᠷᠠᠭᠤᠨ ᠦᠵᠦᠮᠦᠴᠢᠨ ᠬᠤᠰᠢᠭᠤᠨ ᠤ ᠮᠠᠯ ᠠᠵᠤ ᠠᠬᠤᠢ ᠶᠢᠨ ᠲᠣᠪᠴᠢᠶᠠᠨ ᠤ ᠳᠡᠳ᠋ | ᠲᠣᠪᠴᠢᠶᠠᠨ ᠳᠠᠷᠤᠭ᠎ᠠ ᠪᠠᠷ ᠠᠵᠢᠯᠯᠠᠪᠠ᠃ | 2002 ᠣᠨ ᠤ 12 ᠰᠠᠷ᠎ᠠ ᠠᠴᠠ 2013 ᠣᠨ ᠤ 3 ᠰᠠᠷ᠎ᠠ ᠪᠤᠯᠲᠠᠯ᠎ᠠ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠪᠠᠷᠠᠭᠤᠨ ᠦᠵᠦᠮᠦᠴᠢᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ | ᠪᠥᠭᠡᠳ ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠯᠳᠡ ᠶᠢᠨ ᠠᠯᠪᠠᠨ ᠭᠡᠷ ᠤᠨ ᠡᠷᠬᠢᠯᠡᠭᠴᠢ ᠪᠠᠷ ᠠᠵᠢᠯᠯᠠᠪᠠ ︵ᠡᠨᠡ | ᠬᠤᠭᠤᠴᠠᠭᠠᠨ ᠳᠤ᠄ 2007 ᠣᠨ ᠤ 9 ᠰᠠᠷ᠎ᠠ ᠠᠴᠠ 2011 ᠣᠨ ᠤ 7 ᠰᠠᠷ᠎ᠠ ᠪᠤᠯᠲᠠᠯ᠎ᠠ ᠥᠪᠥᠷ | ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠠᠷᠢᠶᠠᠯᠠᠩ ᠤᠨ ᠳᠡᠯᠭᠡᠷᠡᠭᠦᠯᠦᠯᠲᠡ ᠶᠢᠨ ᠮᠠᠭᠢᠰᠲ᠋ᠧᠷ ᠤᠨ | ᠲᠤᠰᠬᠠᠢ ᠮᠡᠷᠭᠡᠵᠢᠯ ᠠᠴᠠ ᠲᠡᠭᠦᠰᠴᠡᠢ︶᠃ | 2013 ᠣᠨ ᠤ 3 ᠰᠠᠷ᠎ᠠ ᠠᠴᠠ 2017 ᠣᠨ ᠤ 10 ᠰᠠᠷ᠎ᠠ ᠪᠤᠯᠲᠠᠯ᠎ᠠ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠪᠠᠷᠠᠭᠤᠨ ᠦᠵᠦᠮᠦᠴᠢᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ ᠪᠠᠷ | ᠠᠵᠢᠯᠯᠠᠪᠠ᠃ | 2017 ᠣᠨ ᠤ 10 ᠰᠠᠷ᠎ᠠ ᠠᠴᠠ 2021 ᠣᠨ ᠤ 7 ᠰᠠᠷ᠎ᠠ ᠪᠤᠯᠲᠠᠯ᠎ᠠ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠪᠠᠷᠠᠭᠤᠨ ᠦᠵᠦᠮᠦᠴᠢᠨ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠤᠨ | ᠱᠦᠵᠢ ᠪᠠᠷ ᠠᠵᠢᠯᠯᠠᠪᠠ᠃ | 2021 ᠣᠨ ᠤ 7 ᠰᠠᠷ᠎ᠠ ᠠᠴᠠ ᠣᠲᠣ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ | ᠬᠤᠰᠢᠭᠤ ᠳᠠᠷᠤᠭ᠎ᠠ ᠪᠠᠷ ᠠᠵᠢᠯᠯᠠᠵᠦ ᠪᠤᠢ᠃ | ᠬᠤᠪᠢᠳᠠᠨ ᠬᠠᠮᠢᠶᠠᠷᠬᠤ ᠠᠵᠢᠯ | ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ︵ᠮᠥᠩᠭᠦᠨ ᠭᠦᠶᠯᠭᠡᠭᠡᠨ ᠤ ᠠᠯᠪᠠᠨ ᠬᠡᠷ᠂ | ᠭᠠᠳᠠᠭᠠᠳᠤ ᠶᠠᠪᠤᠳᠠᠯ ᠤᠨ ᠠᠯᠪᠠᠨ ᠬᠡᠷ᠂ ᠦᠵᠦᠮᠦᠴᠢᠨ ᠵᠣᠴᠢᠳ ᠤᠨ ᠪᠠᠭᠤᠳᠠᠯ︶᠂ ᠡᠳ᠋ ᠤᠨ ᠵᠠᠰᠠᠭ ᠤᠨ | ᠲᠣᠪᠴᠢᠶ᠎ᠠ ︵ᠤᠯᠤᠰ ᠤᠨ ᠡᠳ᠋ ᠬᠥᠷᠥᠩᠭᠡ ᠶᠢᠨ ᠵᠥᠪᠯᠡᠯ ︶᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ | ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ︵ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ | ᠲᠣᠪᠴᠢᠶ᠎ᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠢ ᠬᠤᠪᠢᠳᠠᠨ ᠬᠠᠮᠢᠶᠠᠷᠤᠨ᠎ᠠ᠃ | ᠬᠤᠰᠢᠭᠤ ᠳᠠᠷᠤᠭ᠎ᠠ ᠶᠢ ᠬᠠᠮᠵᠢᠨ ᠬᠢᠨᠠᠨ ᠪᠣᠳᠣᠬᠤ ᠠᠵᠢᠯ ᠢ ᠬᠤᠪᠢᠳᠠᠨ ᠬᠠᠮᠢᠶᠠᠷᠤᠨ᠎ᠠ᠃ ᠃ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ᠂ | ᠬᠤᠰᠢᠭᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠪᠠᠶᠠᠨᠬᠤᠸᠠ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ | ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ | ᠦᠶᠯᠡᠳᠪᠦᠷᠢ ᠬᠤᠳᠠᠯᠳᠤᠭᠠᠨ ᠤ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠨᠢᠰᠬᠡᠯ ᠤᠨ | ᠪᠠᠭᠤᠳᠠᠯ ᠤᠨ ᠠᠯᠪᠠᠨ ᠭᠡᠷ᠂ ᠬᠤᠰᠢᠭᠤ ᠠᠷᠠᠳ ᠤᠨ ᠪᠠᠩᠬᠢ ᠪᠠ ᠬᠤᠰᠢᠭᠤᠨ ᠳᠤ ᠰᠠᠭᠤᠭ᠎ᠠ ᠡᠯ᠎ᠡ ᠪᠠᠩᠬᠢ᠂ | ᠳᠠᠭᠠᠳᠬᠠᠯ ᠤᠨ ᠪᠠᠶᠢᠭᠤᠯᠤᠮᠵᠢ ᠲᠠᠢ ᠬᠠᠷᠢᠯᠴᠠᠨ᠎ᠠ᠃ | | | | | |