2017 ᠣᠨ ᠤ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ
ᠨᠡᠶᠢᠲᠡᠯᠡᠭᠰᠡᠨ ᠴᠠᠭ᠄
2017/3/8
                ᠵᠠᠰᠠᠭ   ᠤᠨ   ᠤᠷᠳᠤᠨ   ᠤ   ᠠᠵᠢᠯ   ᠤᠨ   ᠢᠯᠡᠳᠭᠡᠯ                —  2017 ᠤᠨ ᠤ 3 ᠰᠠᠷ᠎ᠠ ᠶᠢᠨ 1 ᠤ ᠡᠳᠦᠷ  ᠪᠠᠷᠠᠭᠤᠨ ᠦᠵᠦᠮᠦᠴᠢᠨ              ᠬᠤᠰᠢᠭᠤᠨ  ᠤ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ                   ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠳᠤᠭᠠᠨ ᠲᠡᠭᠡᠷ᠎ᠡ                       ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ                       ᠵᠠᠰᠠᠭ ᠤᠨ ᠤᠷᠳᠤᠨ ᠤ ᠬᠤᠰᠢᠭᠤ ᠲᠠᠷᠤᠭ᠎ᠠ   ᠴᠢᠯᠠᠭᠤᠲᠦᠯᠦᠭᠡᠯᠡᠭᠴᠢᠳ ᠡ᠄     ᠤᠳᠤ᠂ ᠪᠢ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠡᠮᠦᠨ᠎ᠠ ᠠᠴᠠ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠠ᠃ ᠲᠠ ᠪᠦᠭᠦᠨ ᠬᠢᠨᠠᠨ ᠵᠦᠪᠯᠡᠭᠦ ᠪᠤᠯᠪᠠᠤ᠃ ᠲᠡᠷᠡᠴᠢᠯᠠᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠪᠤᠯᠤᠨ ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ ᠲᠤᠷᠠᠳᠬᠤ ᠶᠢ ᠭᠦᠰᠡᠵᠤ ᠪᠠᠶᠢᠨ᠎ᠠ᠃     ᠨᠢᠭᠡ᠂ 2016 ᠤᠨ ᠤ ᠠᠵᠤ ᠠᠬᠤᠢ ᠨᠡᠶᠢᠭᠡᠮ ᠤᠨ ᠭᠦᠭᠵᠢᠯᠳᠠ ᠶᠢᠨ ᠡᠷᠬᠢᠴᠡᠭᠦᠯᠦᠯ     2016 ᠤᠨ ᠳᠤ᠂ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠡᠭᠭᠤ ᠶᠢᠨ ᠬᠤᠷᠢᠶᠠᠨ ᠤ ᠬᠢᠨᠠᠯᠳᠠ ᠪᠤᠯᠤᠨ ᠤᠯᠤᠰ ᠲᠦᠷᠦ ᠶᠢᠨ ᠵᠦᠪᠯᠡᠯᠭᠡᠨ ᠤ ᠲᠡᠮᠵᠢᠯᠭᠡ ᠲᠤᠤᠷ᠎ᠠ᠂ ᠬᠤᠰᠢᠭᠤ ᠵᠠᠰᠠᠭ ᠤᠨ ᠤᠷᠳᠤᠨ ᠨᠢ ᠪᠦᠭᠦ ᠬᠤᠰᠢᠭᠤᠨ ᠤ ᠡᠯ᠎ᠡ ᠦᠨᠳᠤᠰᠦᠳᠠᠨ ᠤ ᠺᠠᠳ᠋ᠷ ᠤᠯᠠᠨ ᠲᠦᠮᠡᠨ ᠳᠤ ᠲᠦᠰᠢᠭᠯᠡᠵᠤ᠂ ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠯᠤᠨ ᠬᠤᠰᠢᠭᠤ ᠨᠠᠮ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠤᠱᠯᠠᠭᠤᠯᠤᠨ᠂ ᠠᠵᠤ ᠠᠬᠤᠢ ᠶᠢᠨ ᠭᠦᠭᠵᠢᠯᠳᠠ ᠶᠢᠨ ᠰᠢᠨ᠎ᠠ ᠭᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠤᠬᠢᠴᠠᠵᠤ᠂ ᠭᠦᠭᠵᠢᠯᠳᠠ ᠶᠢᠨ ᠰᠢᠨ᠎ᠠ ᠤᠶᠢᠯᠠᠭᠠᠭᠳᠠᠬᠤᠨ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠡᠯ᠎ᠡ ᠵᠤᠶᠢᠯ ᠤᠨ ᠭᠦᠴᠢᠷᠳᠠᠯ ᠪᠤᠯᠤᠨ ᠦᠷᠢᠰᠦᠯᠳᠦᠭᠡᠨ ᠢ ᠢᠳᠠᠪᠬᠢᠳᠠᠢ ᠲᠠᠪᠠᠵᠤ᠂ ᠪᠦᠭᠦ ᠵᠢᠯ ᠤᠨ ᠬᠠᠷᠠᠯᠳᠠ ᠡᠭᠦᠷᠭᠡ ᠶᠢ ᠨᠠᠯᠢᠶᠠᠳ ᠰᠠᠶᠢᠨ ᠪᠡᠶᠡᠯᠡᠭᠦᠯᠦᠨ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠤ ᠰᠠᠶᠢᠨ ᠡᠬᠢᠯᠡᠯᠳᠠ ᠶᠢ ᠪᠡᠶᠡᠯᠡᠭᠦᠯᠪᠠ᠃ 2016 ᠤᠨ ᠳᠤ᠂ ᠪᠦᠭᠦ ᠬᠤᠰᠢᠭᠤᠨ ᠤ ᠭᠠᠵᠠᠷ ᠤᠷᠤᠨ ᠤ ᠤᠶᠢᠯᠠᠳᠪᠤᠷᠢᠯᠠᠯ ᠤᠨ ᠶᠡᠷᠦᠩᠭᠡᠢ ᠦᠷᠳᠡᠭ 118.5 ᠳ᠋ᠦᠡᠭᠰᠢᠭᠤᠷ ᠲᠦᠭᠦᠷᠢᠭ ᠪᠠᠶᠢᠵᠤ᠂ 8.9% ᠪᠠᠷ ᠨᠡᠮᠡᠭᠳᠡᠨ᠂ ᠶᠡᠷᠦᠩᠭᠡᠢ ᠭᠡᠮᠵᠢᠶ᠎ᠠ ᠪᠠᠷ ᠢᠶᠠᠨ ᠪᠦᠭᠦ ᠠᠶᠢᠮᠠᠭ ᠲᠤ ᠬᠤᠶᠠᠳᠤᠭᠠᠷ ᠲᠤ ᠤᠷᠤᠪᠠ᠃ ᠪᠦᠭᠦ ᠨᠡᠶᠢᠭᠡᠮ ᠤᠨ ᠲᠤᠭᠳᠠᠮᠠᠯ ᠭᠦᠷᠦᠩᠭᠡ ᠶᠢᠨ ᠪᠡᠯᠡ ᠤᠷᠤᠭᠤᠯᠤᠯᠳᠠ 102.25 ᠳ᠋ᠦᠡᠭᠰᠢᠭᠤᠷ ᠲᠦᠭᠦᠷᠢᠭ ᠪᠠᠶᠢᠵᠤ᠂ 23.2% ᠢᠶᠠᠷ ᠨᠡᠮᠡᠭᠳᠡᠨ᠂ ᠶᠡᠷᠦᠩᠭᠡᠢ ᠭᠡᠮᠵᠢᠶ᠎ᠠ ᠪᠠᠷ ᠢᠶᠠᠨ ᠪᠦᠭᠦ ᠠᠶᠢᠮᠠᠭ ᠲᠤ  ᠬᠤᠶᠠᠳᠤᠭᠠᠷ ᠲᠤ ᠤᠷᠤᠵᠤ᠂ ᠨᠡᠮᠡᠭᠳᠡᠯ ᠤᠨ ᠬᠤᠷᠳᠤᠴᠠ ᠪᠠᠷ ᠨᠢᠭᠡᠳᠦᠭᠡᠷ ᠲᠤ ᠤᠷᠤᠪᠠ᠃ ᠤᠯᠠᠨ ᠨᠠᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ 20.72 ᠳ᠋ᠦᠡᠭᠰᠢᠭᠤᠷ ᠲᠦᠭᠦᠷᠢᠭ ᠢ ᠪᠡᠶᠡᠯᠡᠭᠦᠯᠵᠤ᠂ 9.2%  ᠢᠶᠠᠷ ᠨᠡᠮᠡᠭᠳᠡᠨ᠂ ᠶᠡᠷᠦᠩᠭᠡᠢ ᠭᠡᠮᠵᠢᠶ᠎ᠠ ᠪᠠᠷ ᠢᠶᠠᠨ ᠪᠦᠭᠦ ᠠᠶᠢᠮᠠᠭ ᠲᠤ ᠬᠤᠶᠠᠳᠤᠭᠠᠷ ᠲᠤ ᠤᠷᠤᠪᠠ᠃ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠭᠦᠮᠦᠨ ᠲᠤᠮᠳᠠᠴᠢ ᠶᠢᠨ ᠬᠤᠪᠢᠶᠠᠷᠢᠯᠠᠵᠤ ᠪᠤᠯᠬᠤᠶᠢᠴᠠ ᠤᠷᠤᠯᠭ᠎ᠠ 33537 ᠲᠦᠭᠦᠷᠢᠭ ᠲᠤ ᠭᠦᠷᠴᠦ᠂ 8.5% ᠪᠠᠷ ᠨᠡᠮᠡᠭᠳᠡᠨ᠂ ᠮᠠᠯᠵᠢᠬᠤ ᠤᠷᠤᠨ ᠤ ᠪᠠᠶᠢᠡᠭᠭᠤ ᠶᠢᠨ ᠰᠠᠭᠤᠭᠠᠯᠢ ᠠᠷᠠᠳ ᠤᠨ ᠭᠦᠮᠦᠨ ᠲᠤᠮᠳᠠᠴᠢ ᠶᠢᠨ ᠬᠤᠪᠢᠶᠠᠷᠢᠯᠠᠵᠤ ᠪᠤᠯᠬᠤᠶᠢᠴᠠ ᠤᠷᠤᠯᠭ᠎ᠠ 21889 ᠲᠦᠭᠦᠷᠢᠭ ᠲᠤ ᠭᠦᠷᠴᠦ ᠂ 7.9% ᠪᠠᠷ ᠨᠡᠮᠡᠭᠳᠡᠨ᠂ ᠴᠦᠮ ᠠᠶᠢᠮᠠᠭ ᠤᠨ ᠭᠡᠪᠴᠢᠶᠠᠨ ᠳᠤ ᠲᠦᠷᠪᠡᠳᠦᠭᠡᠷ ᠲᠤ ᠤᠷᠤᠪᠠ᠃ ᠪᠦᠭᠦ ᠨᠡᠶᠢᠭᠡᠮ  ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠯᠳᠠ ᠶᠢᠨ ᠶᠡᠷᠦᠩᠭᠡᠢ ᠦᠷᠳᠡᠭ 20.5 ᠳ᠋ᠦᠡᠭᠰᠢᠭᠤᠷ ᠲᠦᠭᠦᠷᠢᠭ ᠲᠤ ᠭᠦᠷᠴᠦ᠂ 9.8% ᠪᠠᠷ ᠨᠡᠮᠡᠭᠳᠡᠨ᠂ ᠶᠡᠷᠦᠩᠭᠡᠢ ᠭᠡᠮᠵᠢᠶ᠎ᠠ ᠪᠠᠷ ᠢᠶᠠᠨ ᠪᠦᠭᠦ ᠠᠶᠢᠮᠠᠭ ᠲᠤ ᠲᠦᠷᠪᠡᠳᠦᠭᠡᠷ ᠲᠤ ᠤᠷᠤᠵᠤ᠂ ᠨᠡᠮᠡᠭᠳᠡᠯ ᠤᠨ ᠬᠤᠷᠳᠤᠴᠠ ᠪᠠᠷ ᠭᠤᠷᠪᠠᠳᠤᠭᠠᠷ ᠲᠤ ᠤᠷᠤᠪᠠ᠃ ᠨᠢᠭᠡ ᠵᠢᠯ ᠤᠨ ᠲᠤᠷᠰᠢ᠂ ᠪᠢᠳᠠ ᠭᠤᠤᠯᠳᠠᠭᠤ ᠲᠤᠤᠷᠠᠬᠢ ᠠᠵᠢᠯ ᠤᠳ ᠢ ᠬᠢᠪᠠ᠄     ᠨᠢᠭᠡ ᠳᠤ᠂ ᠬᠠᠨᠭ᠍ᠭᠠᠯᠭ᠎ᠠ ᠶᠢᠨ ᠲᠠᠯ᠎ᠠ ᠳᠠᠬᠢ ᠪᠦᠳᠦᠴᠠ ᠶᠢᠨ ᠴᠢᠨᠠᠷᠳᠠᠢ ᠦᠭᠡᠷᠡᠴᠢᠯᠠᠯᠳᠠ ᠶᠢ ᠢᠳᠡᠪᠬᠢᠳᠠᠢ ᠠᠬᠢᠭᠤᠯᠪᠠ᠃ ︽ᠭᠤᠷᠪᠠ ᠶᠢ ᠪᠠᠭᠠᠰᠬᠠᠵᠤ᠂ ᠨᠢᠭᠡ ᠶᠢ ᠪᠠᠭᠤᠷᠠᠭᠤᠯᠤᠨ᠂ ᠨᠢᠭᠡ ᠶᠢ ᠨᠦᠭᠦᠪᠦᠷᠢᠯᠡᠭᠦ︾ ᠠᠵᠢᠯ ᠢ ᠬᠢᠨᠠᠮᠠᠭᠠᠢ ᠰᠠᠶᠢᠳᠤᠷ ᠬᠢᠪᠠ᠃ ᠯᠥᠩ ᠰᠢᠩ ᠨᠡᠭᠦᠷᠡᠰᠦᠨ ᠠᠭᠤᠷᠬᠠᠢ ᠶᠢ ᠬᠠᠭᠠᠵᠤ᠂ 30 ᠲᠦᠮᠡᠨ ᠲᠤᠨ ᠨᠡᠭᠦᠷᠡᠰᠦᠨ ᠤ ᠢᠯᠡᠭᠦᠴᠠ ᠤᠶᠢᠯᠠᠳᠪᠤᠷᠢᠯᠠᠯ ᠤᠨ ᠴᠢᠳᠠᠪᠬᠢ ᠶᠢ ᠰᠢᠭᠰᠢᠭᠳᠡᠭᠦᠯᠪᠠ᠃ ᠬᠢᠨᠭ᠍ᠭᠠᠨ ᠵᠡᠰ ᠴᠠᠶᠢᠷ ᠬᠠᠶᠢᠯᠤᠭᠤᠯᠤᠨ ᠢᠯᠴᠢ ᠪᠠᠷ ᠴᠠᠬᠢᠯᠭᠠᠨ ᠭᠠᠷᠭᠠᠬᠤ ᠮᠠᠰᠢᠨ ᠴᠤᠭᠴᠠᠯᠠᠪᠤᠷᠢ ᠪᠤᠯᠤᠨ ᠪᠠᠷᠠᠭᠤᠨ ᠦᠵᠦᠮᠦᠴᠢᠨ ᠬᠤᠰᠢᠭᠤᠨ ᠤ ᠶᠢᠨ ᠱᠠᠨ ᠴᠠᠬᠢᠯᠭᠠᠨ ᠭᠠᠷᠭᠠᠵᠦ ᠢᠯᠴᠢ ᠬᠠᠩᠭᠠᠬᠤ ᠮᠠᠰᠢᠨ ᠴᠤᠭᠴᠠᠯᠠᠪᠤᠷᠢ ᠶᠢ ᠨᠤᠳᠠᠯᠠᠨ ᠲᠤᠭᠳᠠᠭᠠᠬᠤ ᠪᠠᠷ ᠲᠠᠮᠵᠢᠨ᠂ ᠵᠢᠯ ᠪᠦᠷᠢ ᠴᠠᠬᠢᠯᠭᠠᠨ ᠭᠠᠷᠭᠠᠬᠤ ᠦᠪᠡᠷ ᠤᠨ ᠦᠷᠳᠡᠭ ᠢ 3100 ᠲᠦᠮᠡᠨ ᠲᠦᠭᠦᠷᠢᠭ ᠪᠠᠭᠤᠷᠠᠭᠤᠯᠪᠠ᠃ ᠴᠠᠬᠢᠯᠭᠠᠨ ᠭᠦᠴᠦᠨ ᠤ ᠤᠯᠠᠨ ᠲᠠᠯᠠᠳᠤ ᠰᠤᠯᠢᠯᠴᠠᠭ᠎ᠠ ᠶᠢ ᠭᠡᠷᠡᠭᠵᠢᠭᠦᠯᠵᠤ᠂ ᠬᠢᠨᠭ᠍ᠭᠠᠨ ᠵᠡᠰ ᠴᠠᠶᠢᠷ ᠬᠠᠶᠢᠯᠤᠭᠤᠯᠤᠨ ᠪᠤᠯᠪᠠᠰᠤᠷᠠᠭᠤᠯᠬᠤ ᠤᠶᠢᠯᠠᠳᠪᠤᠷᠢ᠂ ᠢᠦᠢ ᠯᠥᠩ ᠠᠭᠤᠷᠬᠠᠢ ᠶᠢᠨ ᠤᠶᠢᠯᠠᠰ᠂ ᠶᠢᠨ ᠰᠢᠨ ᠠᠭᠤᠷᠬᠠᠢ ᠶᠢᠨ ᠤᠶᠢᠯᠠᠰ ᠵᠡᠷᠭᠡ 3 ᠠᠭᠤᠷᠬᠠᠢ ᠶᠢᠨ ᠦᠪᠡᠷ ᠤᠨ ᠦᠷᠳᠡᠭ ᠢ 4070 ᠲᠦᠮᠡᠨ ᠲᠦᠭᠦᠷᠢᠭ ᠪᠠᠭᠤᠷᠠᠭᠤᠯᠪᠠ᠃ ᠡᠭᠦᠨ ᠤ ᠬᠠᠮᠳᠤ᠂ ᠬᠢᠨᠭ᠍ᠭᠠᠨ ᠵᠡᠰ ᠴᠠᠶᠢᠷ ᠬᠠᠶᠢᠯᠤᠭᠤᠯᠤᠨ ᠪᠤᠯᠪᠠᠰᠤᠷᠠᠭᠤᠯᠬᠤ ᠤᠶᠢᠯᠠᠳᠪᠤᠷᠢ ᠨᠢ ᠠᠶᠢᠮᠠᠭ ᠤᠨ ᠱᠠᠳᠤᠨ ᠤ ᠴᠠᠬᠢᠯᠭᠠᠨ ᠤ ᠵᠦᠷᠢᠶᠠᠨᠳᠤ ᠦᠨ᠎ᠠ ᠬᠠᠨᠭ᠍ᠰᠢ ᠶᠢᠨ ᠲᠦᠷ ᠴᠠᠭ ᠤᠨ ᠨᠦᠭᠦᠪᠦᠷᠢ ᠶᠢ ᠭᠦᠷᠳᠠᠵᠤ᠂ ᠦᠪᠡᠷ ᠤᠨ ᠦᠷᠳᠡᠭ ᠢ 650 ᠲᠦᠮᠡᠨ ᠲᠦᠭᠦᠷᠢᠭ ᠪᠠᠭᠤᠷᠠᠭᠤᠯᠪᠠ᠃ ︽ᠭᠡᠷ ᠬᠦᠷᠦᠩᠭᠡ ᠶᠢᠨ ᠭᠦᠮᠦᠷᠭᠡ ᠶᠢᠨ ᠬᠠᠳᠠᠭᠠᠯᠠᠭᠳᠠᠴᠠ ᠶᠢ ᠰᠢᠢᠳᠪᠤᠷᠢᠯᠡᠭᠦ ᠠᠵᠢᠯ ᠢ ᠰᠠᠶᠢᠳᠤᠷ ᠬᠢᠵᠤ᠂ ᠭᠡᠷ ᠭᠦᠷᠦᠩᠭᠡ ᠶᠢᠨ ᠤᠶᠢᠯᠠᠰ  ᠤᠨ ᠲᠤᠭᠳᠠᠭᠤᠨ ᠭᠦᠭᠵᠢᠯᠳᠠ ᠶᠢ ᠠᠬᠢᠭᠤᠯᠬᠤ ᠲᠤᠬᠠᠢ ᠠᠷᠭ᠎ᠠ ︵ᠲᠤᠷᠰᠢᠨ ᠭᠡᠷᠡᠭᠵᠢᠭᠦᠯᠭᠦ︶︾ ᠵᠢᠴᠢ ︽ᠭᠡᠷ ᠤᠨ ᠫᠢᠶᠤᠤ ᠪᠠᠷᠢᠮᠳᠠ︾ ᠪᠠᠷ ᠲᠦᠪᠬᠢᠨᠡᠭᠦᠯᠭᠦ ᠶᠢ ᠲᠤᠷᠰᠢᠨ ᠭᠡᠷᠡᠭᠵᠢᠭᠦᠯᠭᠦ ᠠᠷᠭ᠎ᠠ ᠶᠢ ᠨᠠᠶᠢᠳᠠᠯᠠᠨ᠂ ᠭᠡᠷ ᠭᠦᠷᠦᠩᠭᠡ ᠶᠢᠨ ᠭᠦᠮᠦᠷᠭᠡ ᠶᠢᠨ ᠬᠠᠳᠠᠭᠠᠯᠠᠭᠳᠠᠴᠠ ᠶᠢ 1957 ᠢᠵᠢ᠂ 23.29 ᠲᠦᠮᠡᠨ ᠲᠡᠭᠰᠢ ᠲᠦᠷᠪᠡᠯᠵᠢᠨ ᠮᠧᠲᠷ ᠰᠢᠢᠳᠪᠤᠷᠢᠯᠠᠵᠤ᠂ ᠲᠦᠯᠦᠪᠯᠡᠭᠰᠡᠨ ᠡᠭᠦᠷᠭᠡ ᠪᠠᠨ 196% ᠪᠠᠷ ᠲᠠᠪᠠᠭᠤᠯᠤᠨ ᠪᠡᠶᠡᠯᠡᠭᠦᠯᠪᠠ᠃     ᠬᠤᠶᠠᠷ ᠲᠤ᠂ ᠭᠤᠤᠯᠳᠠᠯᠭ᠎ᠠ ᠲᠠᠢ ᠲᠦᠷᠦᠯ ᠵᠤᠶᠢᠯ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠪᠠ᠃ ᠬᠢᠨᠭ᠍ᠭᠠᠨ ᠵᠡᠰ ᠴᠠᠶᠢᠷ ᠬᠠᠶᠢᠯᠤᠭᠤᠯᠤᠨ ᠪᠤᠯᠪᠠᠰᠤᠷᠠᠭᠤᠯᠬᠤ ᠮᠡᠷᠭᠡᠵᠢᠯ ᠢ ᠰᠠᠶᠢᠵᠢᠷᠠᠭᠤᠯᠬᠤ ᠲᠦᠷᠦᠯ ᠵᠤᠶᠢᠯ — ᠤᠰᠧᠮᠠᠶᠢᠲ ᠵᠤᠤᠬ᠎ᠠ ᠶᠢ ᠪᠠᠶᠢᠭᠤᠯᠤᠨ ᠠᠰᠢᠬᠯᠠᠯᠳᠠ ᠳᠤ ᠤᠷᠤᠭᠤᠯᠪᠠ︔ ᠶᠢᠨ ᠮᠠᠨ ᠠᠭᠤᠷᠬᠠᠢ ᠶᠢᠨ ᠤᠶᠢᠯᠠᠰ ᠤᠨ ᠡᠳᠦᠷ ᠲᠤ 5000 ᠲᠤᠨ ᠭᠦᠳᠡᠷ ᠢ ᠡᠳ᠋ᠰᠢᠭᠦᠯᠭᠦ ᠲᠦᠷᠦᠯ ᠵᠤᠶᠢᠯ ᠢ ᠲᠤᠷᠰᠢᠨ ᠤᠶᠢᠯᠠᠳᠪᠤᠷᠢᠯᠡᠭᠦ ᠱᠠᠳᠤᠨ ᠳᠤ ᠤᠷᠤᠭᠤᠯᠪᠠ︔ ᠬᠤᠸᠠ ᠷᠦᠨ ᠴᠠᠬᠢᠯᠭᠠᠨ ᠬᠦᠴᠦᠨ ᠤ ᠡᠣ ᠵᠢᠶᠠᠨ ᠹᠠᠩ ᠳᠠᠬᠢ ᠴᠠᠬᠢᠯᠭᠠᠨ ᠦᠢᠯᠡᠳᠪᠤᠷᠢ ᠶᠢᠨ 2 × 66 ᠲᠦᠮᠡᠨ ᠺᠢᠯᠣᠸᠠᠲ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠣᠷᠢ ᠪᠤᠯᠤᠨ ᠵᠢᠩ ᠨᠧᠩ ᠪᠦᠯᠦᠭᠯᠡᠯ  ᠤᠨ ᠡᠣ ᠵᠢᠶᠠᠨ ᠹᠠᠩ ᠳᠠᠬᠢ ᠴᠠᠬᠢᠯᠭᠠᠨ ᠦᠢᠯᠡᠳᠪᠤᠷᠢ ᠶᠢᠨ 2×66 ᠲᠦᠮᠡᠨ ᠺᠢᠯᠣᠸᠠᠲ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠣᠷᠢ ᠶᠢᠨ ᠲᠥᠷᠦᠯ ᠵᠦᠢᠯ ᠢ ᠤᠷᠤᠭᠰᠢᠳᠠᠢ ᠠᠬᠢᠭᠤᠯᠪᠠ︔ ᠤᠯᠤᠰ ᠤᠨ ᠴᠠᠬᠢᠯᠭᠠᠨ ᠬᠦᠴᠦᠨ ᠤ ᠪᠡᠯᠡ ᠤᠷᠤᠭᠤᠯᠤᠯᠳᠠ ᠶᠢᠨ ᠪᠠᠶᠠᠨᠬᠤᠸᠠ ᠳᠠᠬᠢ ᠨᠠᠷᠢᠯᠢᠭᠵᠢᠭᠤᠯᠣᠭᠰᠠᠨ ᠬᠦᠩᠬᠡᠨ ᠴᠠᠭᠠᠨ ᠤ ᠬᠠᠪᠳᠠᠰᠣ ᠵᠢᠴᠢ 2×35 ᠲᠦᠮᠡᠨ ᠺᠢᠯᠣᠸᠠᠲ ᠶᠢᠨ ᠦᠪᠡᠷᠳᠡᠬᠡᠨ ᠪᠡᠯᠡᠳᠬᠡᠬᠦ ᠴᠠᠬᠢᠯᠭᠠᠨ ᠦᠢᠯᠡᠳᠪᠤᠷᠢ ᠶᠢᠨ ᠲᠦᠷᠦᠯ ᠵᠤᠶᠢᠯ  ᠤᠨ ᠪᠦᠳᠦᠭᠡᠨ ᠪᠠᠶᠢᠭᠤᠯᠤᠯᠳᠠ ᠶᠢ ᠡᠬᠢᠯᠡᠬᠦᠯᠪᠡ︔ ᠪᠠᠶᠠᠨᠬᠤᠸᠠ ᠳᠠᠬᠢ ᠬᠠᠢ ᠵᠧᠦ ᠨᠡᠭᠦᠷᠡᠰᠦᠨ ᠠᠭᠤᠷᠬᠠᠢ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠬᠢᠨᠠᠨ ᠵᠦᠪᠰᠢᠶᠡᠷᠡᠭᠦᠯᠵᠠᠢ︔ ᠵᠢᠷ ᠤᠨ ᠭᠤᠣᠯ ᠤᠨ ᠬᠤᠶᠠᠳᠤᠭᠠᠷ ᠵᠠᠳᠠᠭᠠᠢ ᠨᠡᠭᠦᠷᠡᠰᠦᠨ ᠠᠭᠤᠷᠬᠠᠢ ᠶᠢᠨ ᠨᠡᠭᠦᠷᠡᠰᠦᠨ ᠤ ᠢᠯᠡᠭᠦᠴᠠ ᠤᠶᠢᠯᠠᠳᠪᠤᠷᠢᠯᠠᠯ ᠤᠨ ᠴᠢᠳᠠᠪᠤᠷᠢ ᠶᠢ ᠰᠢᠭᠰᠢᠭᠳᠡᠭᠦᠯᠭᠦ ᠶᠢ ᠰᠢᠢᠳᠪᠤᠷᠢᠯᠡᠭᠦ ᠲᠦᠰᠦᠪ ᠨᠢ ᠤᠯᠤᠰ ᠤᠨ ᠡᠨᠧᠷᠭᠢ ᠶᠢᠨ ᠲᠤᠪᠴᠢᠶᠠᠨ ᠤ ᠵᠦᠪᠰᠢᠶᠡᠷᠡᠯ ᠢ ᠤᠯᠪᠠ︔ ᠬᠤᠸᠠ ᠷᠦᠨ ᠴᠠᠬᠢᠯᠭᠠᠨ ᠬᠦᠴᠦᠨ ᠤ ᠡᠣ ᠵᠢᠶᠠᠨ ᠹᠠᠩ ᠳᠠᠬᠢ ᠴᠠᠬᠢᠯᠭᠠᠨ ᠦᠢᠯᠡᠳᠪᠤᠷᠢ ᠶᠢᠨ ᠪᠠᠷᠠᠭᠤᠨ ᠨᠢᠭᠡᠳᠦᠭᠡᠷ ᠬᠤᠳᠳᠤᠭ ᠤᠨ ᠲᠦᠷᠦᠯ ᠵᠤᠶᠢᠯ ᠤᠨ ᠤᠷᠢᠳᠤᠬᠢ ᠬᠤᠭᠤᠴᠠᠭᠠᠨ ᠤ ᠠᠵᠢᠯ ᠢ ᠠᠬᠢᠭᠤᠯᠬᠤ ᠶᠢᠨ ᠬᠠᠮᠳᠤ ᠵᠢᠷ ᠤᠨ ᠭᠤᠣᠯ ᠤᠨ ᠬᠤᠶᠠᠳᠤᠭᠠᠷ ᠵᠠᠳᠠᠭᠠᠢ ᠨᠡᠭᠦᠷᠡᠰᠦᠨ ᠠᠭᠤᠷᠬᠠᠢ᠂ ᠪᠠᠷᠠᠭᠤᠨ ᠦᠵᠦᠮᠦᠴᠢᠨ ᠬᠤᠰᠢᠭᠤᠨ ᠤ ᠶᠢᠨ ᠱᠠᠨ ᠴᠠᠬᠢᠯᠭᠠᠨ ᠭᠠᠷᠭᠠᠬᠤ ᠤᠶᠢᠯᠠᠳᠪᠤᠷᠢ ᠪᠤᠯᠤᠨ ᠬᠤᠣ ᠷᠥᠩ ᠨᠢᠺᠧᠯ ᠬᠠᠶᠢᠯᠤᠭᠤᠯᠤᠨ ᠪᠤᠯᠪᠠᠰᠤᠷᠠᠭᠤᠯᠬᠤ ᠤᠶᠢᠯᠠᠳᠪᠤᠷᠢ ᠵᠡᠷᠭᠡ ᠭᠤᠷᠪᠠᠨ ᠠᠵᠤ ᠠᠬᠤᠶᠢᠯᠠᠯ ᠬᠠᠮᠳᠤᠷᠠᠨ᠂ ᠦᠪᠦᠷ ᠮᠤᠩᠭᠤᠯ ᠤᠨ ᠶᠢᠨ ᠬᠤᠣ ᠢᠯᠴᠢ ᠴᠠᠬᠢᠯᠭᠠᠨ ᠤ ᠬᠢᠵᠠᠭᠠᠷᠳᠤ ᠺᠤᠮᠫᠠᠨᠢ ᠶᠢ ᠪᠠᠶᠢᠭᠤᠯᠵᠤ᠂ ᠨᠡᠭᠦᠷᠡᠰᠦ ᠴᠠᠬᠢᠯᠭᠠᠨ ᠬᠠᠶᠢᠯᠤᠭᠤᠯᠬᠤ ᠠᠵᠤ ᠠᠬᠤᠶᠢᠯᠠᠯ ᠤᠨ ᠤᠬᠢ ᠰᠠᠶᠢᠨ ᠭᠦᠭᠵᠢᠯᠳᠠ ᠶᠢ ᠠᠬᠢᠭᠤᠯᠪᠠ︔ ᠬᠢᠩᠭᠠᠨ ᠵᠡᠰ ᠴᠠᠶᠢᠷ ᠬᠠᠶᠢᠯᠣᠭᠤᠯᠣᠨ ᠪᠣᠯᠪᠠᠰᠣᠷᠠᠭᠤᠯᠬᠤ᠂ ᠶᠢᠨ ᠲᠢᠶᠠᠨ ᠹᠯᠤᠷ ᠤᠨ ᠬᠢᠮᠢ ᠶᠢᠨ ᠠᠵᠤ ᠤᠶᠢᠯᠠᠳᠪᠤᠷᠢ ᠨᠢ ᠬᠠᠮᠳᠤᠷᠠᠯᠴᠠᠭ᠎ᠠ ᠪᠠᠨ ᠠᠬᠢᠭᠤᠯᠤᠨ᠂ ᠹᠯᠤᠷᠲᠤ ᠬᠦᠩᠭᠡᠨ ᠴᠠᠭᠠᠨ ᠪᠤᠯᠪᠠᠰᠤᠷᠠᠭᠤᠯᠬᠤ ᠳᠦᠷᠦᠯ ᠵᠦᠢᠯ ᠢ ᠪᠠᠶᠢᠭᠤᠯᠵᠤ᠂ ᠠᠵᠤ ᠤᠶᠢᠯᠠᠰ ᠤᠨ ᠤᠷᠴᠢᠯᠳᠤ ᠭᠦᠭᠵᠢᠯᠳᠠ ᠶᠢ ᠠᠬᠢᠭᠤᠯᠪᠠ᠃     ᠭᠤᠷᠪᠠ ᠳᠤ᠂ ᠠᠵᠤ ᠠᠬᠤᠢ ᠶᠢᠨ ᠡᠷᠬᠢᠯᠲᠡ ᠶᠢᠨ ᠲᠤᠬᠢᠷᠠᠭᠤᠯᠤᠯᠳᠠ ᠶᠢ ᠴᠢᠩᠭᠠᠳᠬᠠᠪᠠ᠃ ︽ᠰᠠᠷ᠎ᠠ ᠳᠤ ᠳᠤᠬᠢᠷᠠᠭᠤᠯᠬᠤ᠂ ᠤᠯᠠᠷᠢᠯ ᠳᠤ ᠵᠠᠳᠠᠯᠬᠤ᠂ ᠬᠠᠭᠠᠰ ᠵᠢᠯ ᠳᠤ ᠳ᠋ᠦᠡᠭᠨᠡᠭᠦ︾ ᠠᠵᠢᠯ ᠤᠨ ᠲᠤᠭᠳᠡᠴᠠ ᠶᠢ ᠨᠠᠷᠢᠨ ᠬᠢᠨᠠᠮᠠᠭᠠᠢ ᠭᠡᠷᠡᠭᠵᠢᠭᠦᠯᠵᠤ᠂ ᠠᠵᠤ ᠠᠬᠤᠶᠢᠯᠠᠯ ᠢ ᠬᠠᠪᠰᠤᠷᠤᠨ ᠶᠡᠷᠦᠩᠭᠡᠢ ᠭᠡᠯᠳᠡᠰ ᠲᠠᠢ ᠨᠢ ᠵᠤᠬᠢᠴᠠᠭᠤᠯᠵᠤ᠂ ᠲᠡᠭᠡᠳᠤ ᠱᠠᠳᠤᠨ ᠤ ᠬᠠᠮᠢᠶ᠎ᠠ ᠪᠦᠭᠦᠢ ᠰᠠᠯᠠᠭ᠎ᠠ ᠮᠦᠴᠢᠷ ᠤᠨ ᠲᠡᠮᠵᠢᠯᠭᠡ ᠶᠢ ᠢᠳᠡᠪᠬᠢᠳᠠᠢ ᠡᠷᠡᠮᠡᠯᠵᠡᠯᠡᠨ᠂ ᠠᠵᠤ ᠠᠬᠤᠶᠢᠯᠠᠯ ᠤᠨ ᠪᠤᠳᠠᠳᠤ ᠭᠦᠴᠢᠷᠳᠠᠯ ᠢ ᠦᠨᠡᠨᠬᠦ ᠰᠢᠢᠳᠪᠤᠷᠢᠯᠡᠪᠠ᠃ ᠨᠡᠭᠦᠷᠡᠰᠦ᠂ ᠦᠡᠭᠭᠡᠳᠦ ᠲᠡᠮᠦᠷᠯᠢᠭ ᠤᠨ ᠦᠨ᠎ᠠ ᠬᠠᠨᠭ᠍ᠰᠢ ᠦᠰᠴᠦ ᠪᠠᠶᠢᠭ᠎ᠠ ᠠᠰᠢᠬᠳᠠᠢ ᠲᠤᠬᠢᠶᠠᠯ ᠢ ᠠᠳᠬᠤᠨ᠂ ᠠᠵᠤ ᠠᠬᠤᠶᠢᠯᠠᠯ ᠢ ᠬᠠᠪᠰᠤᠷᠴᠦ᠂ ᠤᠶᠢᠯᠠᠳᠪᠤᠷᠢᠯᠠᠯ ᠤᠨ ᠡᠷᠬᠢᠯᠳᠠ ᠶᠢ ᠲᠤᠭᠳᠠᠪᠤᠷᠢᠵᠢᠭᠤᠯᠪᠠ᠃ 2016 ᠤᠨ ᠳᠤ᠂ ᠪᠦᠭᠦ ᠬᠤᠰᠢᠭᠤᠨ ᠤ ᠭᠡᠪᠴᠢᠶᠠᠵᠢᠯ ᠠᠴᠠ ᠲᠡᠭᠡᠭᠰᠢᠬᠢ ᠠᠵᠤ ᠤᠶᠢᠯᠠᠳᠪᠤᠷᠢ ᠶᠢᠨ ᠠᠵᠤ ᠠᠬᠤᠶᠢᠯᠠᠯ ᠤᠨ ᠤᠶᠢᠯᠠᠳᠪᠤᠷᠢᠯᠠᠯ ᠤᠨ ᠭᠡᠮᠵᠢᠶ᠎ᠠ  ᠶᠢ 121.2 ᠳ᠋ᠦᠡᠭᠰᠢᠭᠤᠷ ᠲᠦᠭᠦᠷᠢᠭ ᠪᠡᠶᠡᠯᠡᠭᠦᠯᠵᠤ᠂ 18.3% ᠪᠠᠷ ᠨᠡᠮᠡᠭᠳᠡᠪᠠ᠃ 3310 ᠲᠦᠮᠡᠨ ᠲᠤᠨ ᠭᠦᠷᠡᠩ ᠨᠡᠭᠦᠷᠡᠰᠦ ᠤᠶᠢᠯᠠᠳᠪᠤᠷᠢᠯᠠᠵᠤ᠂ ᠢᠯᠡᠭᠦᠴᠠ ᠤᠶᠢᠯᠠᠳᠪᠤᠷᠢᠯᠠᠯ ᠤᠨ ᠴᠢᠳᠠᠪᠬᠢ ᠶᠢ ᠰᠢᠭᠰᠢᠭᠳᠡᠭᠦᠯᠭᠦ ᠡᠭᠦᠷᠭᠡ  ᠶᠢ ᠪᠡᠶᠡᠯᠡᠭᠦᠯᠪᠠ᠃ ᠬᠠᠷ᠎ᠠ ᠲᠤᠭᠤᠯᠭ᠎ᠠ᠂ ᠴᠠᠶᠢᠷ᠂ ᠵᠡᠰ ᠲᠡᠮᠦᠷᠯᠢᠭ ᠨᠠᠶᠢᠳᠠ 3.8 ᠲᠦᠮᠡᠨ ᠲᠤᠨ ᠰᠤᠩᠭᠤᠨ ᠪᠤᠯᠪᠠᠰᠤᠷᠠᠭᠤᠯᠵᠤ᠂ 2.1% ᠪᠠᠷ ᠨᠡᠮᠡᠭᠳᠡᠪᠠ︔ ᠴᠠᠶᠢᠷ ᠤᠨ ᠬᠠᠪᠳᠠᠰᠤ 12.6 ᠲᠦᠮᠡᠨ ᠲᠤᠨ ᠬᠠᠶᠢᠯᠤᠭᠤᠯᠤᠨ ᠪᠤᠯᠪᠠᠰᠤᠷᠠᠭᠤᠯᠵᠤ᠂ 4.8% ᠪᠠᠷ ᠨᠡᠮᠡᠭᠳᠡᠪᠠ︔ 43.6 ᠲᠦᠮᠡᠨ ᠲᠤᠨ ᠱᠦᠢᠨᠢ ᠤᠶᠢᠯᠠᠳᠪᠤᠷᠢᠯᠠᠵᠤ᠂ 44.6%  ᠪᠠᠷ ᠨᠡᠮᠡᠭᠳᠡᠪᠠ︔ 67.7 ᠳ᠋ᠦᠡᠭᠰᠢᠭᠤᠷ ᠺᠢᠯᠤᠸᠠᠲ ᠴᠠᠭ ᠴᠠᠬᠢᠯᠭᠠᠨ ᠭᠠᠷᠭᠠᠵᠤ᠂ ᠨᠢᠳᠤᠨᠤᠨ ᠲᠠᠢ ᠲᠡᠩᠴᠡᠭᠰᠡᠨ ᠪᠠᠶᠢᠨ᠎ᠠ︔ 2 ᠲᠦᠮᠡᠨ ᠲᠤᠨ ᠤᠰᠦᠳᠦ᠋ᠷᠦᠭᠴᠢᠳᠤ ᠹᠯᠤᠷ ᠤᠨ ᠭᠦᠴᠢᠯ ᠤᠶᠢᠯᠠᠳᠪᠤᠷᠢᠯᠠᠵᠠᠢ᠃     ᠲᠦᠷᠪᠠ ᠳᠤ᠂ ᠮᠠᠯ ᠠᠵᠤ ᠠᠬᠤᠢ ᠶᠢᠨ ᠤᠳᠤᠬᠢᠴᠢᠯᠠᠯᠳᠠ ᠶᠢ ᠲᠦᠷᠭᠡᠳᠭᠡᠪᠠ᠃ ᠰᠢᠯᠢᠳᠡᠭ ᠡᠭᠦᠯᠳᠡᠷ ᠤᠨ ᠮᠢᠬᠠᠨ ᠤ ᠦᠭᠡᠷ ᠤᠨ ᠠᠵᠤ ᠤᠶᠢᠯᠠᠰ ᠢ ᠭᠦᠭᠵᠢᠭᠦᠯᠭᠦ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠲᠦᠷᠦ  ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠨᠢ ᠶᠢ ᠴᠦᠭᠡᠳᠭᠡᠵᠤ᠂ ᠦᠭᠡᠷ ᠮᠠᠯᠵᠢᠬᠤ︾ ᠪᠠᠶᠢᠯᠳᠤᠬᠤ ᠪᠤᠳᠤᠯᠭ᠎ᠠ ᠶᠢ ᠲᠦᠯᠬᠢᠨ ᠠᠬᠢᠭᠤᠯᠵᠤ᠂ ︽ᠪᠠᠷᠠᠭᠤᠨ ᠦᠵᠦᠮᠦᠴᠢᠨ ᠬᠤᠰᠢᠭᠤᠨ ᠤ 2016 ᠤᠨ ᠤ ᠰᠢᠯᠢᠳᠡᠭ ᠡᠭᠦᠯᠳᠡᠷ ᠤᠨ ᠮᠢᠬᠠᠨ ᠤ ᠦᠭᠡᠷ ᠤᠨ ᠠᠵᠤ ᠤᠶᠢᠯᠠᠰ ᠤᠨ ᠭᠦᠭᠵᠢᠯᠳᠠ ᠶᠢ ᠠᠬᠢᠭᠤᠯᠬᠤ ᠲᠦᠰᠦᠪ︾ ᠢ ᠲᠤᠭᠳᠠᠭᠠᠨ᠂ 2000 ᠭᠠᠷᠤᠢ ᠲᠤᠯᠤᠭᠠᠢ ᠰᠢᠯᠢᠳᠡᠭ ᠡᠭᠦᠯᠳᠡᠷ ᠤᠨ ᠮᠢᠬᠠᠨ ᠤ ᠦᠭᠡᠷ ᠤᠷᠤᠭᠤᠯᠪᠠ᠃ ᠦᠭᠡᠷ ᠤᠨ ᠡᠭᠦᠯᠳᠡᠷ ᠰᠠᠶᠢᠵᠢᠷᠠᠭᠤᠯᠤᠭᠰᠠᠨ ᠠᠵᠢᠯ ᠤᠨ ᠦᠷ᠎ᠡ ᠪᠦᠳᠦᠭᠡᠯ ᠢᠶᠠᠨ ᠪᠠᠬᠢᠵᠢᠭᠦᠯᠵᠤ᠂ 7.5 ᠲᠦᠮᠡᠨ ᠲᠤᠯᠤᠭᠠᠢ ᠳᠤ ᠪᠡᠶᠡᠳᠡᠭᠦᠯᠦᠨ ᠭᠡᠭᠡᠯᠳᠦᠭᠦᠯᠬᠦ ᠶᠢ ᠪᠡᠶᠡᠯᠡᠭᠦᠯᠦᠨ᠂ 1854 ᠲᠤᠯᠤᠭᠠᠢ ᠳᠤ ᠢᠴᠡᠭᠡᠯ ᠦᠷ᠎ᠡ ᠶᠢᠨ ᠭᠡᠭᠡᠯᠳᠦᠭᠦᠯᠭᠡ ᠶᠢ ᠬᠢᠵᠠᠢ︔ ᠦᠵᠦᠮᠦᠴᠢᠨ ᠬᠤᠨᠢᠨ ᠤ ᠡᠭᠦᠯᠳᠡᠷ ᠰᠠᠶᠢᠵᠢᠷᠠᠭᠤᠯᠬᠤ ᠠᠵᠢᠯ ᠢ ᠠᠬᠢᠭᠤᠯᠵᠤ᠂ 600 ᠪᠠᠷᠢᠮᠵᠢᠶᠠᠵᠢᠭᠰᠠᠨ ᠦᠵᠦᠮᠦᠴᠢᠨ ᠬᠤᠨᠢᠨ ᠤ ᠭᠤᠤᠯᠯᠠᠭᠴᠢ ᠰᠦᠷᠦᠭ ᠢ ᠪᠠᠶᠢᠭᠤᠯᠪᠠ᠃ 100 ᠲᠦᠮᠡᠨ ᠲᠦᠭᠦᠷᠢᠭ ᠤᠨ ᠪᠡᠯᠡ ᠤᠷᠤᠭᠤᠯᠵᠤ᠂ ᠬᠤᠴᠠᠨ ᠤ ᠲᠠᠯᠠᠪᠠᠢ 4 ᠶᠢ ᠰᠢᠨ᠎ᠠ ᠪᠠᠷ ᠪᠠᠶᠢᠭᠤᠯᠵᠠᠢ᠃ ᠬᠢᠨᠠᠨ ᠲᠤᠭᠳᠠᠭᠠᠯᠳᠠ ᠪᠠᠷ ᠲᠠᠮᠵᠢᠨ᠂ 20373 ᠲᠤᠯᠤᠭᠠᠢ ᠬᠤᠴᠠ ᠬᠢᠷᠢ ᠲᠡᠩᠴᠡᠵᠤ᠂ 5091 ᠡᠷᠦᠭᠡ ᠳᠤ ᠨᠠᠶᠢᠳᠠ 1714 ᠲᠦᠮᠡᠨ ᠲᠦᠭᠦᠷᠢᠭ  ᠤᠨ ᠨᠦᠭᠦᠪᠦᠷᠢ ᠤᠯᠭᠤᠪᠠ᠃ 14 ᠲᠦᠮᠡᠨ ᠲᠤᠯᠤᠭᠠᠢ ᠮᠢᠬᠠᠨ ᠤ ᠢᠷᠠᠯᠳᠠ ᠶᠢ ᠮᠦᠷᠳᠠᠨ ᠬᠠᠶᠢᠬᠤ ᠬᠤᠷᠠᠭ᠎ᠠ ᠶᠢ ᠪᠤᠷᠤᠯᠠᠭᠤᠯᠵᠤ᠂ 1395 ᠡᠷᠦᠭᠡ ᠳᠤ ᠨᠠᠶᠢᠳᠠ 420 ᠲᠦᠮᠡᠨ ᠲᠦᠭᠦᠷᠢᠭ ᠤᠨ ᠨᠦᠭᠦᠪᠦᠷᠢ ᠤᠯᠭᠤᠪᠠ᠃ 200 ᠲᠦᠮᠡᠨ ᠲᠦᠭᠦᠷᠢᠭ ᠤᠨ ᠪᠡᠯᠡ ᠤᠷᠤᠭᠤᠯᠵᠤ᠂ ᠦᠵᠦᠮᠦᠴᠢᠨ ᠴᠠᠭᠠᠨ ᠠᠳᠤᠭᠤ ᠶᠢ ᠦᠰᠭᠡᠭᠦ ᠰᠠᠭᠤᠷᠢᠨ ᠭᠠᠵᠠᠷ ᠢ ᠪᠠᠶᠢᠭᠤᠯᠪᠠ᠃ ᠮᠠᠯ ᠤᠨ ᠰᠤᠯᠢᠯᠴᠠᠭᠠᠨ ᠤ ᠲᠦᠪ 3 ᠶᠢ ᠰᠢᠨ᠎ᠠ ᠪᠠᠷ ᠪᠠᠶᠢᠭᠤᠯᠵᠤ᠂ 21650 ᠲᠤᠯᠤᠭᠠᠢ ᠠᠮᠢᠳᠤ ᠮᠠᠯ ᠪᠤᠷᠤᠯᠠᠭᠤᠯᠵᠤ᠂ ᠮᠠᠯ ᠤᠨ ᠭᠠᠷᠭᠠᠯᠳᠠ ᠶᠢ ᠠᠬᠢᠭᠤᠯᠤᠭᠰᠠᠨ ᠪᠡᠶᠢᠨ᠎ᠠ᠃ ᠤᠯᠠᠭᠠᠨ ᠢᠳᠡᠭᠡᠨ ᠢ ᠡᠳ᠋ᠰᠢᠭᠦᠯᠭᠦ ᠠᠵᠤ ᠠᠬᠤᠶᠢᠯᠠᠯ ᠳᠤ 6800 ᠲᠦᠮᠡᠨ ᠲᠦᠭᠦᠷᠢᠭ ᠤᠨ ᠵᠢᠭᠡᠯᠡᠯᠭᠡ ᠶᠢ ᠵᠤᠬᠢᠴᠠᠭᠤᠯᠤᠨ ᠤᠯᠭᠤᠵᠤ᠂ ᠤᠯᠠᠭᠠᠨ ᠢᠳᠡᠭᠡᠨ ᠢ ᠡᠳ᠋ᠰᠢᠭᠦᠯᠭᠦ ᠠᠵᠤ ᠠᠬᠤᠶᠢᠯᠠᠯ ᠤᠨ ᠤᠶᠢᠯᠠᠳᠪᠤᠷᠢᠯᠠᠯ ᠤᠨ ᠠᠬᠢᠴᠠ ᠶᠢ ᠲᠦᠷᠭᠡᠳᠭᠡᠵᠤ᠂ ᠮᠠᠯ ᠢ ᠡᠷᠳᠠ ᠪᠤᠷᠤᠯᠠᠭᠤᠯᠬᠤ ᠠᠵᠢᠯ ᠢ ᠠᠬᠢᠭᠤᠯᠪᠠ᠃ ᠤᠯᠠᠭᠠᠨ ᠢᠳᠡᠭᠡᠨ ᠢ ᠡᠳ᠋ᠰᠢᠭᠦᠯᠭᠦ 9 ᠠᠵᠤ ᠠᠬᠤᠶᠢᠯᠠᠯ ᠢ ᠵᠤᠬᠢᠴᠠᠭᠤᠯᠤᠨ᠂ ᠬᠤᠳᠠᠯᠳᠤᠨ ᠠᠪᠬᠤ ᠦᠨ᠎ᠠ ᠬᠠᠨᠭ᠍ᠰᠢ ᠶᠢ ᠨᠢ ᠦᠰᠭᠡᠨ ᠲᠤᠭᠳᠠᠪᠤᠷᠢᠵᠢᠭᠤᠯᠵᠤ᠂ ᠮᠠᠯᠴᠢᠳ ᠤᠨ ᠤᠷᠤᠯᠭ᠎ᠠ ᠶᠢ ᠨᠡᠮᠡᠭᠳᠡᠭᠦᠯᠪᠠ︔ 2016 ᠤᠨ ᠳᠤ 132 ᠲᠦᠮᠡᠨ ᠲᠤᠯᠤᠭᠠᠢ ᠮᠠᠯ ᠪᠤᠷᠤᠯᠠᠭᠤᠯᠵᠤ᠂ ᠬᠤᠰᠢᠭᠤᠨ ᠤ ᠭᠡᠪᠴᠢᠶᠠᠨ  ᠳᠤ 65.3 ᠲᠦᠮᠡᠨ ᠲᠤᠯᠤᠭᠠᠢ ᠮᠠᠯ ᠡᠳ᠋ᠰᠢᠭᠦᠯᠦᠨ᠂ ᠡᠪᠤᠯ ᠤᠨ ᠤᠨᠳᠤᠷᠠᠬᠤ ᠮᠠᠯ ᠢ 95 ᠲᠦᠮᠡᠨ ᠲᠤᠯᠤᠭᠠᠢ ᠳᠤ ᠬᠢᠵᠠᠭᠠᠷᠯᠠᠵᠠᠢ᠃ 858 ᠰᠠᠤᠷᠢ ᠲᠠᠷᠢᠶᠠᠯᠠᠩ ᠤᠨ ᠮᠠᠰᠢᠨ ᠲᠦᠭᠦᠭᠡᠷᠦᠮᠵᠢ ᠬᠤᠳᠠᠯᠳᠤᠨ ᠠᠪᠤᠭᠰᠠᠳ ᠲᠤ 821 ᠲᠦᠮᠡᠨ ᠲᠦᠭᠦᠷᠢᠭ ᠤᠨ ᠨᠦᠭᠦᠪᠦᠷᠢ ᠤᠯᠭᠤᠵᠦ᠂ 581 ᠡᠷᠦᠭᠡ ᠠᠰᠢᠭ ᠭᠦᠷᠳᠠᠪᠠ᠃ ᠬᠠᠪᠤᠷ ᠨᠠᠮᠤᠷ ᠤᠨ ᠮᠠᠯ  ᠤᠨ ᠬᠢᠵᠢᠭ ᠤᠨ ᠲᠠᠷᠢᠯᠭ᠎ᠠ ᠶᠢ 100% ᠪᠠᠷ ᠪᠡᠶᠡᠯᠡᠭᠦᠯᠵᠤ᠂ ᠪᠦᠭᠦ ᠵᠢᠯ ᠳᠤ ᠭᠦᠨᠳᠤ ᠶᠡᠭᠡ ᠬᠢᠵᠢᠭ ᠤᠨ ᠪᠠᠶᠢᠳᠠᠯ ᠢᠯᠡᠷᠡᠭᠰᠡᠨ ᠦᠭᠡᠢ᠃     ᠲᠠᠪᠤ ᠳᠤ᠂ ᠵᠢᠭᠤᠯᠴᠢᠯᠠᠯ ᠤᠨ ᠤᠶᠢᠯᠠᠰ ᠢ ᠶᠡᠭᠡᠪᠡᠷ ᠭᠦᠭᠵᠢᠭᠦᠯᠪᠠ᠃ ᠪᠦᠭᠦᠶᠢᠯᠠ ᠤᠷᠤᠨ ᠪᠦᠰᠠ ᠶᠢᠨ ᠵᠢᠭᠤᠯᠴᠢᠯᠠᠯ᠂ ᠲᠦᠷᠪᠠᠨ ᠤᠯᠠᠷᠢᠯ ᠤᠨ ᠵᠢᠭᠤᠯᠴᠢᠯᠠᠯ ᠤᠨ ᠡᠭᠦᠳᠠᠨ ᠠᠴᠠ᠂ ᠪᠦᠭᠦ ᠬᠤᠰᠢᠭᠤ ᠪᠠᠷ ᠢᠶᠠᠨ ᠭᠦᠴᠦᠨ  ᠢᠶᠠᠨ ᠬᠠᠮᠳᠤᠳᠬᠠᠵᠤ᠂ ᠦᠪᠦᠷ ᠮᠤᠩᠭᠤᠯ ᠤᠨ ᠠᠷᠪᠠᠨ ᠲᠦᠷᠪᠡᠳᠦᠭᠡᠷ ᠬᠤᠭᠤᠴᠠᠭᠠᠨ ᠤ ᠮᠦᠡᠭᠭᠦᠨ ᠡᠪᠤᠯ ᠤᠨ ᠨᠠᠭᠠᠳᠤᠮ ᠵᠢᠴᠢ ᠲᠤᠯᠤᠳᠤᠭᠠᠷ ᠤᠳᠠᠭᠠᠨ ᠤ ᠮᠤᠩᠭᠤᠯ ᠦᠨᠳᠤᠰᠦᠳᠠᠨ ᠤ ᠡᠪᠤᠯ ᠤᠨ ᠤᠯᠠᠷᠢᠯ ᠤᠨ ᠬᠤᠪᠴᠠᠰᠤ ᠵᠠᠰᠠᠯ ᠤᠨ ᠤᠷᠠᠯᠢᠭ ᠤᠨ ᠨᠠᠶᠢᠷ ᠢ ᠠᠮᠵᠢᠯᠳᠠᠳᠠᠢ ᠡᠷᠬᠢᠯᠠᠵᠤ᠂ ᠡᠪᠤᠯ ᠤᠨ ᠤᠯᠠᠷᠢᠯ ᠤᠨ ᠲᠠᠯ᠎ᠠ ᠨᠤᠳᠤᠭ ᠤᠨ ᠦᠵᠡᠰᠭᠦᠯᠡᠩ ᠢ ᠤᠯᠠᠨ ᠳᠤ ᠬᠠᠷᠠᠭᠤᠯᠤᠨ᠂ ᠬᠤᠰᠢᠭᠤ ᠨᠤᠲᠤᠭ ᠤᠨ ᠨᠠᠷ᠎ᠠ ᠠᠯᠳᠠᠷᠰᠢᠯ ᠪᠤᠯᠤᠨ ᠨᠦᠯᠦᠭᠡᠯᠡᠭᠦ ᠭᠦᠴᠦᠨ ᠢᠶᠠᠨ ᠤᠯᠠᠮ ᠨᠢᠭᠡ ᠠᠯᠬᠤᠮ ᠲᠡᠭᠡᠭᠰᠢᠯᠡᠭᠦᠯᠪᠠ᠃ ᠰᠤᠶᠤᠯ ᠪᠤᠯᠤᠨ ᠵᠢᠭᠤᠯᠴᠢᠯᠠᠯ ᠤᠨ ᠤᠶᠢᠯᠠᠰ ᠢ ᠠᠭᠤᠰᠤᠯᠴᠠᠭᠤᠯᠤᠨ ᠭᠦᠭᠵᠢᠭᠦᠯᠭᠦ ᠶᠢ ᠠᠬᠢᠭᠤᠯᠵᠤ᠂ ︽ᠬᠤᠶᠠᠷ ᠶᠡᠭᠡ ᠭᠤᠤᠯ ᠰᠡᠳᠦᠪᠳᠤ ᠠᠵᠢᠯᠯᠠᠭ᠎ᠠ︾᠂ ︽ᠲᠦᠷᠪᠠᠨ ᠲᠦᠷᠦᠯ ᠤᠨ ᠰᠤᠶᠤᠯ ᠲᠠᠮᠢᠷ ᠤᠨ ᠤᠷᠤᠯᠳᠤᠭᠠᠨ︾ ᠢ ᠦᠷᠭᠦᠯᠵᠢᠯᠠᠨ ᠡᠷᠬᠢᠯᠠᠵᠤ᠂ ᠲᠦᠪ ᠬᠤᠷᠢᠶᠠᠨ ᠤ ᠲᠤᠯᠤᠳᠤᠭᠠᠷ ᠰᠤᠪᠠᠭ ᠲᠠᠢ ᠬᠠᠮᠳᠤᠷᠠᠨ᠂ ︽ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠳᠤᠭ ᠤᠨ ᠢᠵᠠᠭᠤᠷ ᠲᠠᠭᠤᠤ ᠤᠷᠠᠯᠢᠭ ᠤᠨ ᠨᠠᠶᠢᠷ ᠵᠢᠴᠢ ︿ᠦᠵᠡᠰᠭᠦᠯᠡᠩᠳᠤ ᠰᠠᠶᠢᠬᠠᠨ ᠭᠦᠳᠡᠭᠡ ᠨᠤᠳᠤᠭ ᠮᠢᠨᠤ ᠪᠠᠶᠠᠰᠤᠯ ᠨᠡᠪᠳᠡᠷᠡᠭᠦᠯᠭᠡ ﹀ ᠶᠢᠨ ᠪᠠᠷᠠᠭᠤᠨ ᠦᠵᠦᠮᠦᠴᠢᠨ ᠬᠤᠰᠢᠭᠤᠨ ᠳᠠᠬᠢ ᠤᠯᠤᠰ ᠤᠨ ᠪᠠᠶᠠᠷ ᠲᠤ ᠵᠤᠷᠢᠭᠤᠯᠤᠭᠰᠠᠨ ᠤᠨᠴᠠᠭᠠᠢ ᠨᠡᠪᠳᠡᠷᠡᠭᠦᠯᠭᠡ︾ ᠶᠢ ᠰᠢᠩᠭᠡᠭᠡᠨ ᠤᠶᠢᠯᠠᠳᠪᠠ᠃ ︽ᠰᠦᠷᠯᠢᠭ ᠰᠠᠶᠢᠬᠠᠨ ᠦᠪᠦᠷ ᠮᠤᠩᠭᠤᠯ᠂ ᠰᠣᠳᠣᠨ ᠦᠵᠡᠮᠵᠢᠳᠣ ᠭᠤᠶᠢᠳᠠ ᠣᠷᠣᠨ︾ ᠵᠢᠭᠤᠯᠴᠢᠯᠠᠯ ᠤᠨ ᠨᠠᠷᠠᠳᠤ ᠲᠡᠮᠳᠡᠭ ᠤᠨ ᠲᠤᠭᠤᠷᠢᠨ ᠳᠤ᠂ ᠮᠠᠨ ᠤ ᠠᠶᠢᠮᠠᠭ ᠤᠨ ᠤᠯᠤᠰ ᠤᠨ ᠲᠡᠰ ᠤᠨ ᠪᠦᠭᠦᠶᠢᠯᠠ ᠤᠷᠤᠨ ᠪᠦᠰᠠ ᠪᠠᠷ ᠢᠶᠠᠨ ᠵᠢᠭᠤᠯᠴᠢᠯᠠᠯ ᠤᠨ ᠵᠢᠱᠢᠶ᠎ᠠ ᠦᠵᠡᠭᠦᠯᠭᠦ ᠤᠷᠤᠨ ᠢ ᠴᠤᠭᠴᠠᠯᠠᠬᠤ  ᠲᠠᠢ ᠤᠶᠠᠯᠳᠤᠭᠤᠯᠤᠨ᠂ ᠰᠤᠶᠤᠯ ᠵᠢᠭᠤᠯᠴᠢᠯᠠᠯ ᠤᠨ ᠤᠶᠢᠯᠠᠰ ᠤᠨ ᠭᠦᠭᠵᠢᠯᠳᠠ ᠶᠢᠨ ᠲᠦᠯᠦᠪᠵᠢᠭᠦᠯᠭᠡ ᠶᠢ ᠦᠨᠳᠤᠷ ᠪᠠᠷᠢᠮᠵᠢᠶ᠎ᠠ ᠪᠠᠷ ᠨᠠᠶᠢᠷᠠᠭᠤᠯᠤᠨ ᠲᠠᠭᠤᠰᠬᠠᠪᠠ᠃ 1.04 ᠳ᠋ᠦᠡᠭᠰᠢᠭᠤᠷ ᠲᠦᠭᠦᠷᠢᠭ ᠤᠨ ᠪᠡᠯᠡ ᠤᠷᠤᠭᠤᠯᠵᠤ᠂ ᠤᠯᠠᠭᠠᠨ ᠤᠳᠠᠢ ᠶᠢᠨ ᠦᠵᠡᠮᠵᠢ ᠶᠢᠨ ᠤᠷᠤᠨ ᠵᠡᠷᠭᠡ ︽ᠲᠠᠪᠤᠨ ᠶᠡᠭᠡ ᠦᠵᠡᠮᠵᠢ ᠶᠢᠨ ᠤᠷᠤᠨ︾ ᠢ ᠳᠡᠰ ᠲᠡᠪᠰᠢᠭᠦᠯᠪᠠ᠃ ︽ᠪᠠᠭ᠋ᠠᠷᠤᠮ᠎ᠠ ᠰᠠᠶᠢᠬᠠᠨ ᠪᠠᠷᠠᠭᠤᠨ ᠦᠵᠦᠮᠦᠴᠢᠨ᠂ ᠪᠠᠶᠠᠰᠤᠨ ᠵᠤᠭᠠᠴᠠᠬᠤ ᠲᠠᠷᠬᠠᠨ ᠤᠷᠤᠨ︾ ᠭᠡᠮᠡᠭᠦ ᠭᠤᠤᠯ ᠭᠦᠭ ᠠᠶᠠᠰ ᠢ ᠴᠢᠪᠬᠠᠳᠠᠵᠤ᠂ ᠤᠬᠠᠭᠤᠯᠭ᠎ᠠ ᠲᠠᠨᠢᠯᠴᠠᠭᠤᠯᠭ᠎ᠠ ᠶᠢᠨ ᠭᠦᠴᠦᠯᠠᠴᠠ ᠪᠠᠨ ᠨᠡᠮᠡᠭᠳᠡᠭᠦᠯᠦᠨ ᠂ ᠪᠦᠭᠦ ᠵᠢᠯ ᠤᠨ ᠭᠦᠯᠢᠶᠠᠨ ᠵᠤᠴᠢᠯᠠᠭᠰᠠᠨ ᠵᠤᠭᠠᠴᠠᠭᠰᠠᠳ ᠤᠨ ᠲᠤᠭ᠎ᠠ 80 ᠲᠦᠮᠡᠨ ᠭᠦᠮᠦᠨ ᠤᠳᠠᠭ᠎ᠠ ᠳᠤ ᠭᠦᠷᠴᠦ᠂ 29% ᠪᠠᠷ ᠨᠡᠮᠡᠭᠳᠡᠨ᠂ ᠵᠢᠭᠤᠯᠴᠢᠯᠠᠯ ᠤᠨ ᠡᠵᠡᠩᠨᠠᠯᠳᠠ ᠶᠢᠨ ᠤᠷᠤᠯᠭ᠎ᠠ 4 ᠳ᠋ᠦᠡᠭᠰᠢᠭᠤᠷ ᠲᠦᠭᠦᠷᠢᠭ  ᠲᠤ ᠭᠦᠷᠴᠤ᠂ 28% ᠪᠠᠷ ᠨᠡᠮᠡᠭᠳᠡᠭᠰᠡᠨ ᠪᠠᠶᠢᠨ᠎ᠠ᠃     ᠵᠢᠷᠭᠤᠭ᠎ᠠ ᠳᠤ᠂ ᠨᠠᠶᠢᠳᠠ ᠶᠢᠨ ᠪᠤᠰᠤ ᠦᠮᠴᠢᠯᠠᠯᠳᠤ ᠠᠵᠤ ᠠᠬᠤᠢ ᠶᠢᠨ ᠦᠷᠨᠢᠭᠦᠨ ᠭᠦᠭᠵᠢᠯᠳᠠ ᠶᠢ ᠠᠬᠢᠭᠤᠯᠪᠠ᠃ ᠠᠷᠠᠳ ᠠᠴᠠ ᠡᠷᠬᠢᠯᠡᠭᠰᠡᠨ ᠠᠵᠤ ᠠᠬᠤᠢ ᠪᠤᠯᠤᠨ ᠲᠤᠮᠳᠠ ᠵᠢᠵᠢᠭ ᠠᠵᠤ ᠠᠬᠤᠶᠢᠯᠠᠯ ᠢ ᠶᠡᠭᠡᠪᠡᠷ ᠭᠦᠭᠵᠢᠭᠦᠯᠭᠦ ᠲᠤᠬᠠᠢ ᠲᠦᠪ᠂ ᠦᠪᠡᠷᠳᠡᠭᠡᠨ ᠵᠠᠰᠠᠬᠤ ᠤᠷᠤᠨ ᠤ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠤᠨ ᠤᠷᠳᠤᠨ ᠪᠤᠯᠤᠨ ᠠᠵᠤ ᠠᠬᠤᠶᠢᠯᠠᠯ ᠤᠨ ︽ᠬᠠᠷᠢᠯᠴᠠᠨ ᠬᠠᠪᠰᠤᠷᠤᠯᠴᠠᠬᠤ︾᠂ ︽ᠠᠷᠢᠭᠤᠨ ᠴᠢᠭᠡᠴᠢ︾ ᠰᠢᠨ᠎ᠠ ᠭᠡᠯᠪᠡᠷᠢ ᠶᠢᠨ ᠬᠠᠷᠢᠴᠠᠭ᠎ᠠ ᠶᠢ ᠪᠠᠶᠢᠭᠤᠯᠵᠤ᠂ ᠠᠷᠠᠳ ᠠᠴᠠ ᠡᠷᠬᠢᠯᠡᠭᠰᠡᠨ ᠠᠵᠤ ᠠᠬᠤᠢ ᠶᠢ ᠭᠦᠭᠵᠢᠭᠦᠯᠦᠨ ᠪᠤᠵᠠᠭᠠᠶᠢᠷᠠᠭᠤᠯᠬᠤ ᠳᠤ ᠤᠬᠢ ᠰᠠᠶᠢᠨ ᠨᠦᠭᠦᠴᠡᠯ ᠢ ᠡᠭᠦᠳᠪᠠ᠃ 2016 ᠤᠨ ᠳᠤ ᠰᠢᠨ᠎ᠠ ᠪᠠᠷ ᠲᠠᠩᠰᠠᠯᠠᠭᠰᠠᠨ ᠨᠠᠶᠢᠳᠠ ᠶᠢᠨ ᠪᠤᠰᠤ ᠦᠮᠴᠢᠯᠠᠯᠳᠤ ᠠᠵᠤ ᠠᠬᠤᠶᠢᠯᠠᠯ 256 ᠪᠠᠶᠢᠵᠤ᠂ ᠶᠡᠷᠦᠩᠭᠡᠢ ᠲᠤᠭ᠎ᠠ ᠨᠢ 1271 ᠳᠤ ᠭᠦᠷᠴᠦ᠂ ᠲᠠᠩᠰᠠᠯᠠᠭᠰᠠᠨ ᠪᠠᠯᠠ ᠮᠦᠡᠭᠭᠦ 39.5 ᠳ᠋ᠦᠡᠭᠰᠢᠭᠤᠷ ᠲᠦᠭᠦᠷᠢᠭ ᠲᠤ ᠭᠦᠷᠪᠠ︔ ᠰᠢᠨ᠎ᠠ ᠪᠠᠷ ᠨᠡᠮᠡᠭᠳᠡᠭᠰᠡᠨ ᠬᠤᠪᠢ ᠶᠢᠨ ᠠᠷᠠᠯᠵᠢᠶ᠎ᠠ ᠬᠤᠳᠠᠯᠳᠤᠭᠠᠨ ᠤ ᠡᠷᠦᠭᠡ 2040 ᠪᠠᠶᠢᠵᠤ᠂ ᠶᠡᠷᠦᠩᠭᠡᠢ ᠲᠤᠭ᠎ᠠ ᠨᠢ 9493 ᠳᠤ ᠭᠦᠷᠴᠦ᠂ ᠲᠠᠩᠰᠠᠯᠠᠭᠰᠠᠨ ᠪᠡᠯᠡ ᠮᠦᠡᠭᠭᠦ 9.8 ᠳ᠋ᠦᠡᠭᠰᠢᠭᠤᠷ ᠲᠦᠭᠦᠷᠢᠭ ᠲᠤ ᠭᠦᠷᠴᠦ᠂ 1.8 ᠲᠦᠮᠡ ᠢᠯᠡᠭᠦᠦ ᠭᠦᠮᠦᠨ ᠤ ᠠᠵᠢᠯ ᠤᠯᠭᠤᠯᠳᠠ ᠶᠢ ᠲᠠᠶᠢᠴᠢᠯᠠᠵᠠᠢ᠃ ᠲᠤᠮᠳᠠ ᠵᠢᠵᠢᠭ ᠠᠵᠤ ᠠᠬᠤᠶᠢᠯᠠᠯ ᠤᠨ ᠭᠠᠶᠢᠯᠢ ᠶᠢᠨ ᠤᠷᠤᠯᠭ᠎ᠠ ᠳᠤ ᠬᠠᠷᠠᠭᠠᠯᠵᠠᠯ ᠦᠵᠡᠭᠦᠯᠭᠦ ᠲᠦᠷᠦ ᠶᠢᠨ ᠪᠤᠳᠤᠯᠭ᠎ᠠ ᠶᠢ ᠪᠦᠭᠦ ᠲᠠᠯ᠎ᠠ ᠪᠠᠷ ᠭᠡᠷᠡᠭᠵᠢᠭᠦᠯᠵᠤ᠂ ᠭᠦᠴᠢᠷᠳᠠᠯᠳᠠᠢ ᠠᠵᠤ ᠠᠬᠤᠶᠢᠯᠠᠯ ᠳᠤ 638.6 ᠲᠦᠮᠡᠨ ᠲᠦᠭᠦᠷᠢᠭ ᠤᠨ ᠨᠦᠭᠦᠪᠦᠷᠢ ᠶᠢ ᠡᠷᠡᠮᠡᠯᠵᠡᠯᠡᠨ ᠤᠯᠭᠤᠪᠠ᠃ ︽ᠤᠯᠠᠨ ᠲᠠᠶᠠᠭᠠᠷ ᠤᠶᠢᠯᠠᠰ ᠪᠤᠰᠬᠠᠬᠤ᠂ ᠲᠦᠮᠡᠨ ᠤᠯᠠᠨ ᠢᠶᠠᠷ ᠰᠢᠨ᠎ᠠ  ᠶᠢ ᠡᠭᠦᠳᠭᠦ︾ ᠪᠠᠶᠢᠯᠳᠤᠬᠤ ᠪᠤᠳᠤᠯᠭ᠎ᠠ ᠶᠢ ᠠᠬᠢᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ ᠰᠢᠨ᠎ᠠ ᠶᠢ ᠡᠭᠦᠳᠭᠦ ᠤᠶᠢᠯᠠᠰ ᠪᠤᠰᠬᠠᠬᠤ ᠰᠠᠭᠤᠷᠢᠨ ᠭᠠᠵᠠᠷ ᠢ ᠪᠠᠶᠢᠭᠤᠯᠪᠠ᠃ ᠭᠠᠵᠠᠷ ᠤᠷᠤᠨ ᠤ ᠡᠯᠧᠺᠲᠷᠤᠨ ᠬᠤᠳᠠᠯᠳᠤᠭᠠᠨ  ᠤ ᠴᠢᠳᠠᠪᠤᠷᠢᠳᠠᠨ ᠢ ᠭᠦᠮᠦᠵᠢᠭᠦᠯᠭᠦ ᠭᠦᠴᠦᠯᠠᠴᠠ ᠪᠠᠨ ᠨᠡᠮᠡᠭᠳᠡᠭᠦᠯᠦᠨ᠂ ᠱᠧᠨ᠋ᠵᠸᠡ᠂ ᠵᠧᠵᠢᠶᠠᠩ ᠵᠡᠷᠭᠡ ᠡᠯᠧᠺᠲᠷᠤᠨ ᠬᠤᠳᠠᠯᠳᠤᠭ᠎ᠠ ᠭᠦᠭᠵᠢᠭᠰᠡᠨ ᠭᠠᠵᠠᠷ ᠤᠷᠤᠨ ᠳᠤ 6 ᠤᠳᠠᠭ᠎ᠠ ᠲᠤᠭᠤᠷᠢᠨ ᠰᠤᠷᠤᠯᠴᠠᠭᠤᠯᠵᠤ᠂ ᠨᠠᠷᠠᠳᠤ ᠪᠠᠭᠰᠢ ᠵᠠᠯᠠᠵᠤ ᠡᠯᠧᠺᠲᠷᠤᠨ ᠬᠤᠳᠠᠯᠳᠤᠭᠠᠨ ᠤ ᠬᠢᠴᠢᠶᠠᠯ ᠢ 3 ᠬᠤᠭᠤᠴᠠᠭ᠎ᠠ ᠵᠤᠬᠢᠶᠠᠨ ᠪᠠᠶᠢᠭᠤᠯᠤᠨ᠂ ᠪᠤᠯᠪᠠᠰᠤᠷᠠᠯ ᠳᠤ ᠤᠷᠤᠯᠴᠠᠭᠰᠠᠨ ᠭᠦᠮᠦᠨ ᠤ ᠲᠤᠭ᠎ᠠ 810 ᠭᠦᠮᠦᠨ ᠳᠤ ᠭᠦᠷᠪᠠ᠃     ᠲᠤᠯᠤᠭ᠎ᠠ ᠳᠤ᠂ ᠲᠠᠯ᠎ᠠ ᠨᠤᠳᠤᠭ ᠤᠨ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢ ᠦᠷᠭᠦᠯᠵᠢᠯᠠᠨ ᠴᠢᠩᠭᠠᠳᠬᠠᠪᠠ᠃ ᠰᠢᠨ᠎ᠠ ᠨᠢᠭᠡ ᠡᠭᠡᠯᠵᠢ ᠶᠢᠨ ᠨᠤᠳᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠱᠠᠩᠨᠠᠯ ᠨᠦᠭᠦᠪᠦᠷᠢ ᠶᠢᠨ ᠲᠦᠷᠦ ᠶᠢᠨ ᠪᠤᠳᠤᠯᠭ᠎ᠠ ᠶᠢ ᠭᠡᠷᠡᠭᠵᠢᠭᠦᠯᠵᠤ᠂ ᠪᠡᠯᠴᠢᠭᠡᠷᠯᠡᠭᠦᠯᠭᠦ ᠶᠢ ᠵᠤᠭᠰᠤᠭᠠᠬᠤ ᠪᠤᠯᠤᠨ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠲᠦᠷᠢᠮ ᠢ ᠨᠠᠶᠢᠳᠠᠪᠤᠷᠢᠵᠢᠭᠤᠯᠤᠨ᠂ ᠱᠠᠭᠠᠷᠳᠠᠯᠭ᠎ᠠ ᠶᠤᠰᠤᠭᠠᠷ6800 ᠲᠦᠮᠡᠨ ᠲᠦᠭᠦᠷᠢᠭ ᠤᠨ ᠱᠠᠩᠨᠠᠯ ᠨᠦᠭᠦᠪᠦᠷᠢ ᠶᠢᠨ ᠮᠦᠡᠭᠭᠦ ᠶᠢ ᠲᠠᠷᠬᠠᠭᠠᠵᠤ᠂ ᠪᠦᠭᠦ ᠱᠠᠩᠨᠠᠯ ᠨᠦᠭᠦᠪᠦᠷᠢ ᠶᠢᠨ ᠪᠡᠯᠡ ᠮᠦᠡᠭᠭᠦ ᠶᠢᠨ 70% ᠶᠢ ᠲᠠᠷᠬᠠᠭᠠᠭᠰᠠᠨ ᠪᠠᠶᠢᠨ᠎ᠠ᠃ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠭᠡᠷᠡᠭᠵᠢᠭᠦᠯᠵᠤ᠂ 10.7 ᠲᠦᠮᠡᠨ ᠮᠤ᠋ ᠲᠠᠯᠠᠪᠠᠢ ᠡᠯᠡᠰᠦ ᠶᠢ ᠨᠤᠭᠤᠭᠠᠷᠠᠭᠤᠯᠵᠠᠢ᠃ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠰᠠᠷᠡᠮᠵᠢ ᠶᠢᠨ ᠱᠤᠭᠤᠮ ᠢ ᠲᠤᠭᠳᠠᠭᠠᠬᠤ ᠠᠵᠢᠯ ᠢ ᠲᠦᠯᠬᠢᠨ ᠠᠬᠢᠭᠤᠯᠪᠠ᠃ ᠤᠯᠤᠰ ᠤᠨ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠪᠬᠢ  ᠶᠢᠨ ᠤᠷᠤᠨ ᠤ ᠪᠠᠶᠢᠷᠢ ᠲᠤᠭᠳᠠᠭᠠᠯᠳᠠ ᠶᠢ ᠨᠠᠷᠢᠨ ᠬᠢᠨᠠᠮᠠᠭᠠᠢ ᠭᠡᠷᠡᠭᠵᠢᠭᠦᠯᠵᠤ᠂ ᠭᠠᠳᠠᠨᠠᠬᠢ  ᠮᠠᠯ ᠢ ᠴᠡᠪᠡᠷᠯᠡᠭᠦ᠂ ᠭᠡᠭᠡᠷ᠎ᠡ ᠶᠢᠨ ᠡᠮᠳᠤ ᠤᠷᠭᠤᠮᠠᠯ ᠢ ᠬᠤᠯᠠᠭᠠᠶᠢᠯᠠᠨ ᠮᠠᠯᠳᠠᠬᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠭᠦᠷᠦᠭᠡᠰᠦᠳᠠᠢ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠶᠢ ᠴᠢᠩᠭᠠᠳᠬᠠᠪᠠ᠃ ᠤᠷᠴᠢᠨ ᠲᠤᠭᠤᠷᠢᠨ ᠤ ᠬᠠᠤᠯᠢ ᠭᠡᠷᠡᠭᠵᠢᠭᠦᠯᠭᠦ ᠭᠦᠴᠦᠯᠠᠴᠠ ᠪᠠᠨ ᠴᠢᠩᠭᠠᠳᠬᠠᠰᠠᠨ ᠠᠴᠠ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠱᠠᠭᠠᠷᠳᠠᠨ ᠪᠠᠶᠢᠴᠠᠭᠠᠬᠤ ᠲᠤᠭᠤᠶᠢᠯᠠᠩ ᠤᠨ ᠲᠤᠭᠤᠷᠢᠨ ᠪᠠᠶᠢᠴᠠᠭᠠᠯᠳᠠ ᠳᠤ ᠰᠠᠶᠢᠨ ᠦᠨᠡᠯᠡᠯᠳᠡ ᠤᠯᠪᠠ᠃ ᠪᠤᠬᠢᠷᠳᠤᠯ ᠢ ᠰᠡᠷᠭᠡᠶᠢᠯᠠᠨ ᠵᠠᠰᠠᠬᠤ ᠶᠢ ᠴᠢᠩᠭᠠᠳᠬᠠᠵᠤ᠂ 5 ᠭᠤᠤᠯᠳᠠᠯᠭ᠎ᠠ ᠲᠠᠢ ᠠᠵᠤ ᠠᠬᠤᠶᠢᠯᠠᠯ ᠳᠤ ᠤᠳᠠᠰᠤᠳᠤ ᠬᠢᠨᠠᠨ ᠡᠵᠡᠮᠳᠠᠯ ᠤᠨ ᠲᠦᠭᠦᠭᠡᠷᠦᠮᠵᠢ ᠤᠭᠰᠠᠷᠠᠨ ᠦᠭᠴᠦ᠂ ᠤᠯᠤᠰ ᠤᠨ ᠲᠤᠳᠤᠭᠠᠳᠤ ᠳᠤ ᠬᠠᠮᠤᠭ ᠤᠨ ᠲᠦᠷᠦᠭᠦᠨ ᠳᠤ ᠨᠡᠭᠦᠷᠡᠰᠦᠨ ᠠᠭᠤᠷᠬᠠᠢ ᠶᠢᠨ ᠤᠷᠤᠨ ᠤ ᠲᠦᠯᠦᠪᠵᠢᠭᠦᠯᠭᠡ ᠶᠢᠨ ᠤᠷᠴᠢᠨ ᠲᠤᠭᠤᠷᠢᠨ ᠤ ᠦᠨᠡᠯᠡᠯᠳᠠ ᠶᠢᠨ ᠮᠦᠷᠳᠠᠨ ᠦᠨᠡᠯᠡᠭᠦ ᠠᠵᠢᠯ ᠢ  ᠦᠷᠨᠢᠭᠦᠯᠪᠠ᠃ ᠠᠵᠤ ᠠᠬᠤᠶᠢᠯᠠᠯ ᠤᠨ ︽ᠠᠷᠪᠠᠨ ᠲᠤᠪᠤᠶᠢᠮ᠎ᠠ ᠠᠰᠠᠭᠤᠳᠠᠯ︾ ᠢ ᠲᠦᠪᠯᠡᠷᠡᠭᠦᠯᠦᠨ ᠴᠡᠭᠴᠡᠯᠠᠨ ᠵᠠᠰᠠᠬᠤ ᠠᠵᠢᠯ ᠢ ᠪᠦᠭᠦ ᠲᠠᠯ᠎ᠠ ᠪᠠᠷ ᠦᠷᠨᠢᠭᠦᠯᠵᠤ᠂ ᠠᠵᠤ ᠠᠬᠤᠶᠢᠯᠠᠯ  ᠢ ᠱᠠᠭᠠᠷᠳᠠᠨ᠂ ᠪᠡᠯᠡ ᠤᠷᠤᠭᠤᠯᠤᠯᠳᠠ ᠪᠠᠨ ᠨᠡᠮᠡᠭᠳᠡᠭᠦᠯᠵᠤ᠂ ᠭᠦᠭᠦᠷ ᠢ ᠠᠷᠢᠯᠭᠠᠬᠤ᠂ ᠱᠠᠤ ᠶᠢ ᠠᠷᠢᠯᠭᠠᠬᠤ ᠪᠤᠯᠤᠨ ᠲᠤᠭᠤᠰᠤ ᠠᠷᠢᠯᠭᠠᠬᠤ ᠲᠦᠭᠦᠭᠡᠷᠦᠮᠵᠢ ᠶᠢ ᠲᠡᠰᠵᠢᠭᠦᠯᠦᠨ ᠦᠭᠡᠷᠡᠴᠢᠯᠠᠵᠤ᠂ ᠪᠦᠭᠦᠶᠢᠯᠠ ᠠᠵᠤ ᠠᠬᠤᠶᠢᠯᠠᠯ ᠤᠨ ︽ᠭᠤᠷᠪᠠᠨ ᠬᠠᠶᠠᠭᠳᠠᠮᠠᠯ︾ ᠢ ᠭᠠᠳᠠᠭᠰᠢᠯᠠᠭᠤᠯᠬᠤ ᠶᠢ ᠴᠦᠮ ᠪᠠᠷᠢᠮᠵᠢᠶᠠᠨ ᠳᠤ ᠭᠦᠷᠭᠡᠨ᠂ 6.7 ᠲᠦᠮᠡᠨ ᠰᠠᠭᠤᠷᠢ ᠮᠤᠳᠤ ᠲᠠᠷᠢᠵᠤ᠂ 15.5 ᠺᠢᠯᠤᠮᠧᠲᠷ ᠱᠤᠶᠢᠨᠢ ᠵᠠᠮ ᠵᠠᠰᠠᠨ᠂ ᠠᠵᠤ ᠠᠬᠤᠶᠢᠯᠠᠯ ᠤᠨ ᠤᠶᠢᠯᠠᠳᠪᠤᠷᠢᠯᠠᠯ ᠠᠮᠢᠳᠤᠷᠠᠯ  ᠤᠨ ᠤᠷᠴᠢᠨ ᠲᠤᠭᠤᠷᠢᠨ ᠢ ᠪᠦᠳᠦᠮᠵᠢᠳᠠᠢ ᠰᠠᠶᠢᠵᠢᠷᠠᠭᠤᠯᠪᠠ᠃ ︽ᠭᠤᠷᠪᠠᠨ ᠲᠤᠭᠤᠷᠢᠭ ᠬᠤᠶᠠᠷ ᠱᠤᠭᠤᠮ︾ ᠤᠨ ᠤᠷᠴᠢᠨ ᠲᠤᠭᠤᠷᠢᠨ ᠢ ᠵᠠᠰᠠᠬᠤ ᠠᠵᠢᠯ ᠢ ᠭᠡᠷᠡᠭᠵᠢᠭᠦᠯᠵᠤ᠂ 105 ᠭᠡᠰᠡᠭ᠂ 496.6 ᠾᠧᠺᠲ᠋ᠠᠷ ᠭᠠᠵᠠᠷ ᠢ ᠵᠠᠰᠠᠪᠠ᠃     ᠨᠠᠢᠮᠠ ᠳᠤ᠂ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠭᠦᠴᠦᠯᠠᠴᠠ ᠪᠠᠨ ᠨᠡᠮᠡᠭᠳᠡᠭᠦᠯᠪᠠ ᠃ ᠦᠪᠡᠷᠳᠡᠭᠡᠨ ᠵᠠᠰᠠᠬᠤ ᠤᠷᠤᠨ ᠤ ᠲᠤᠯᠤᠭᠠᠨ ᠶᠡᠭᠡ ᠲᠤᠤᠷ ᠤᠨ ᠰᠢᠰᠲ᠋ᠧᠮ ᠢ ᠲᠦᠷᠭᠡᠳᠭᠡᠨ ᠪᠠᠶᠢᠭᠤᠯᠬᠤ ᠠᠵᠢᠯ  ᠤᠨ ᠲᠤᠭᠤᠷᠢᠨ ᠳᠤ ᠬᠤᠳᠠ ᠭᠦᠳᠡᠭᠡ ᠶᠢᠨ ᠵᠠᠮ ᠬᠠᠷᠢᠯᠴᠠᠭ᠎ᠠ᠂ ᠴᠠᠬᠢᠯᠭᠠᠨ᠂ ᠤᠰᠤᠨ ᠠᠰᠢᠬᠯᠠᠯᠳᠠ ᠵᠡᠷᠭᠡ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠳᠠ ᠶᠢ ᠨᠢᠭᠡᠳᠦᠯᠳᠠᠢ ᠲᠦᠯᠦᠪᠵᠢᠭᠦᠯᠦᠨ ᠠᠬᠢᠭᠤᠯᠪᠠ᠃ 3.14 ᠳ᠋ᠦᠡᠭᠰᠢᠭᠤᠷ ᠲᠦᠭᠦᠷᠢᠭ ᠤᠨ ᠪᠡᠯᠡ ᠤᠷᠤᠭᠤᠯᠵᠤ᠂ ᠭᠠᠴᠠᠭᠠᠨ ᠳᠤ 27 ᠵᠤᠷᠪᠤᠰ᠂ 387.9 ᠺᠢᠯᠤᠮᠧᠲᠷ ᠱᠤᠶᠢᠨᠢ ᠵᠠᠮ ᠢ ᠰᠢᠨ᠎ᠠ ᠪᠠᠷ ᠲᠡᠪᠢᠰᠴᠠᠢ︔ 44 ᠵᠤᠷᠪᠤᠰ᠂ 459.7 ᠺᠢᠯᠤᠮᠧᠲᠷ ᠬᠠᠶᠢᠷ ᠴᠢᠯᠠᠭᠤᠨ ᠵᠠᠮ ᠢ ᠵᠠᠰᠠᠵᠠᠢ︔ 28 ᠵᠤᠷᠪᠤᠰ᠂ 64 ᠺᠢᠯᠤᠮᠧᠲᠷ ᠵᠡᠭᠡᠯᠢ ᠭᠤᠳᠤᠮᠵᠢ ᠶᠢ ᠬᠠᠳᠠᠭᠤᠷᠠᠭᠤᠯᠪᠠ᠃ ᠪᠠᠶ᠋ᠬᠠᠭᠤᠯᠠ ᠠᠴᠠ ᠵᠡᠭᠦᠨ ᠬᠠᠳᠠᠪᠴᠢ ᠭᠦᠷᠭᠦ ᠲᠡᠮᠤᠷ ᠵᠠᠮ ᠤᠨ ᠨᠢᠭᠡᠳᠦᠭᠡᠷ ᠬᠤᠭᠤᠴᠠᠭ᠎ᠠ ︵ᠶᠡᠭᠡ ᠵᠢᠷ ᠠᠴᠠ ᠰᠤᠩᠭᠢᠨ᠎ᠠ ᠠᠭᠤᠯᠠ ᠭᠦᠷᠭᠦ ᠭᠡᠰᠡᠭ︶ ᠶᠢᠨ ᠲᠡᠷᠭᠡ ᠨᠡᠪᠳᠡᠷᠡᠭᠦ ᠨᠦᠭᠦᠴᠡᠯ ᠢ ᠪᠦᠷᠢᠯᠳᠦᠭᠦᠯᠵᠤ᠂ ᠬᠤᠸᠠ ᠷᠦᠨ ᠴᠠᠬᠢᠯᠭᠠᠨ ᠭᠦᠴᠦᠨ ᠤ ᠦ᠋ ᠵᠢᠶᠠᠨ ᠹᠠᠩ ᠳᠠᠬᠢ ᠴᠠᠬᠢᠯᠭᠠᠨ ᠤᠶᠢᠯᠠᠳᠪᠤᠷᠢ ᠶᠢᠨ ᠲᠡᠮᠦᠷ ᠵᠠᠮ ᠤᠨ ᠲᠤᠰᠬᠠᠢ ᠱᠤᠭᠤᠮ ᠤᠨ ᠲᠦᠷᠦᠯ ᠵᠤᠶᠢᠯ᠂ ᠪᠠᠶᠠᠨᠬᠤᠸᠠ ᠵᠡᠭᠦᠨ ᠦᠷᠳᠡᠭᠡ ᠠᠴᠠ ᠰᠠᠶᠢᠠᠠᠦ᠋ᠨᠳᠤᠷ ᠭᠦᠷᠭᠦ ᠲᠡᠮᠤᠷ ᠵᠠᠮ ᠤᠨ ᠲᠦᠷᠦᠯ ᠵᠤᠶᠢᠯ ᠢ ᠬᠢᠨᠠᠨ ᠵᠦᠪᠰᠢᠶᠡᠷᠡᠭᠦᠯᠵᠤ᠂ 2016 ᠤᠨ ᠳᠤ ᠠᠰᠢᠬᠯᠠᠯᠳᠠ ᠳᠤ ᠤᠷᠤᠭᠰᠠᠨ ᠲᠡᠮᠤᠷ ᠵᠠᠮ ᠢᠶᠠᠷ 3261 ᠲᠦᠮᠡᠨ ᠲᠤᠨ ᠨᠡᠭᠦᠷᠡᠰᠦ ᠭᠠᠳᠠᠭᠰᠢ ᠵᠦᠭᠡᠭᠡᠪᠦᠷᠢᠯᠠᠨ᠂ ᠰᠢᠯᠢᠩᠬᠤᠳᠠ ᠠᠴᠠ ᠤᠯᠠᠭᠠᠨᠬᠤᠳᠠ ᠭᠦᠷᠭᠦ ᠠᠶᠠᠨᠴᠢᠳ ᠤᠨ ᠲᠡᠮᠤᠷ ᠵᠠᠮ ᠢᠶᠠᠷ 2.4 ᠲᠦᠮᠡᠨ ᠭᠦᠮᠦᠨ ᠤᠳᠠᠭ᠎ᠠ ᠠᠶᠠᠨᠴᠢᠳ ᠢ ᠵᠦᠭᠡᠭᠡᠪᠦᠷᠢᠯᠠᠵᠠᠢ᠃ ᠪᠠᠶ᠋ᠬᠠᠭᠤᠯᠠ ᠨᠢᠰᠭᠡᠯ ᠤᠨ ᠪᠠᠭᠤᠳᠠᠯ ᠤᠨ ᠪᠠᠶᠢᠭᠤᠯᠤᠯᠳᠠ ᠶᠢ ᠠᠬᠢᠭᠤᠯᠵᠤ᠂ ᠨᠢᠰᠭᠡᠯ ᠤᠨ ᠪᠠᠭᠤᠳᠠᠯ ᠤᠨ ᠭᠠᠵᠠᠷ ᠰᠤᠩᠭᠤᠬᠤ ᠮᠡᠳᠡᠭᠦᠯᠦᠯᠳᠠ ᠶᠢ ᠦᠨᠡᠯᠡᠨ ᠬᠢᠨᠠᠬᠤ ᠬᠤᠷᠠᠯ ᠢ ᠬᠤᠷᠠᠯᠳᠤᠭᠤᠯᠵᠤ᠂ ᠨᠢᠰᠭᠡᠯ ᠤᠨ ᠪᠠᠭᠤᠳᠠᠯ ᠤᠨ ᠪᠠᠶᠢᠭᠤᠯᠤᠯᠳᠠ ᠶᠢᠨ ᠤᠷᠢᠳᠤᠬᠢ ᠬᠤᠭᠤᠴᠠᠭᠠᠨ ᠤ ᠠᠵᠢᠯ ᠨᠢᠭᠡᠨᠳᠠ ᠪᠤᠳᠠᠳᠠᠢ ᠠᠵᠢᠯᠯᠠᠭᠠᠨ ᠤ ᠱᠠᠳᠤᠨ ᠳᠤ ᠤᠷᠤᠪᠠ᠃ ᠠᠯᠠᠭ ᠦᠭᠡᠷ ᠤᠨ ᠨᠢᠭᠡᠳᠦᠭᠡᠷ ᠮᠠᠯᠵᠢᠯ ᠤᠨ ᠲᠠᠯᠠᠪᠠᠢ ᠶᠢᠨ 35 ᠺᠢᠯᠤᠸᠤᠯᠲ ᠭᠦᠴᠦᠳᠠᠯ ᠦᠭᠡᠷᠡᠴᠢᠯᠡᠭᠦ ᠴᠠᠬᠢᠯᠭᠠᠨ ᠤ ᠢᠨᠵᠧᠨᠧᠷᠢᠩ᠂ ᠪᠠᠶᠠᠨᠬᠤᠭᠤᠯᠳᠤ 35 ᠺᠢᠯᠤᠸᠤᠯᠲ ᠭᠦᠴᠦᠳᠠᠯ ᠦᠭᠡᠷᠡᠴᠢᠯᠡᠭᠦ ᠴᠠᠬᠢᠯᠭᠠᠨ ᠤ ᠢᠨᠵᠧᠨᠧᠷᠢᠩ ᠪᠤᠯᠤᠨ ᠵᠢᠷ ᠤᠨ ᠭᠤᠤᠯ 110 ᠺᠢᠯᠤᠸᠤᠯᠲ ᠭᠦᠴᠦᠳᠠᠯ ᠦᠭᠡᠷᠡᠴᠢᠯᠡᠭᠦ ᠴᠠᠬᠢᠯᠭᠠᠨ ᠦᠷᠳᠡᠭᠡᠨ ᠤ 2 ᠨᠤᠮᠧᠷᠳᠤ ᠭᠤᠤᠯ ᠭᠦᠴᠦᠳᠠᠯ ᠦᠭᠡᠷᠡᠴᠢᠯᠡᠭᠦ ᠶᠢ ᠦᠷᠭᠡᠳᠭᠡᠨ ᠪᠠᠶᠢᠭᠤᠯᠬᠤ ᠢᠨᠵᠧᠨᠧᠷᠢᠩ ᠢ ᠠᠰᠢᠬᠯᠠᠯᠳᠠ ᠳᠤ ᠤᠷᠤᠭᠤᠯᠵᠤ᠂ ᠰᠢᠨ᠎ᠠ ᠪᠠᠷ 593 ᠡᠷᠦᠭᠡ ᠳᠤ ᠴᠠᠬᠢᠯᠭᠠᠨ ᠨᠡᠪᠳᠡᠷᠡᠭᠦᠯᠪᠠ᠃ ᠭᠤᠷᠤᠬᠠᠨ ᠭᠤᠤᠯ ᠤᠨ ᠦᠶᠡᠷ ᠢ ᠰᠡᠷᠭᠡᠶᠢᠯᠡᠨ ᠵᠠᠰᠠᠬᠤ ᠢᠨᠵᠧᠨᠧᠷᠢᠩ ᠢ ᠪᠡᠶᠡᠯᠡᠭᠦᠯᠵᠠᠢ᠃ 2014 —2016 ᠤᠨ ᠤ ᠡᠴᠦᠰ ᠪᠤᠯᠳᠠᠯ᠎ᠠ᠂ ︽ᠠᠷᠪᠠ ᠶᠢ ᠪᠦᠷᠭᠦᠭᠦᠯᠭᠦ︾ ᠢᠨᠵᠧᠨᠧᠷᠢᠩ ᠤᠨ ᠡᠭᠦᠷᠭᠡ ᠶᠢ ᠦᠨᠳᠤᠰᠦᠨ ᠳᠡᠭᠡᠨ ᠪᠡᠶᠡᠯᠡᠭᠦᠯᠦᠨ᠂ ᠨᠠᠶᠢᠳᠠ 17.8 ᠳ᠋ᠦᠡᠭᠰᠢᠭᠤᠷ ᠲᠦᠭᠦᠷᠢᠭ ᠤᠨ ᠪᠡᠯᠡ ᠤᠷᠤᠭᠤᠯᠵᠤ᠂ ᠮᠠᠯᠵᠢᠬᠤ ᠤᠷᠤᠨ ᠤ ᠲᠦᠷᠰᠦ ᠪᠠᠶᠢᠳᠠᠯ ᠳᠤ ᠢᠯᠡᠳᠳᠠ ᠬᠤᠪᠢᠷᠠᠯᠳᠠ ᠭᠠᠷᠭᠠᠨ᠂ 17572 ᠡᠷᠦᠭᠡ᠂ 46246 ᠭᠦᠮᠦᠨ ᠳᠤ ᠠᠰᠢᠭ ᠭᠦᠷᠳᠠᠭᠡᠪᠡ᠃ 1675 ᠰᠠᠭᠤᠷᠢ ᠠᠶᠤᠯᠳᠠᠢ ᠭᠡᠷ ᠪᠠᠶᠢᠰᠢᠩ ᠢ ᠨᠤᠷᠠᠭᠠᠵᠤ᠂ 1513 ᠰᠠᠭᠤᠷᠢ ᠠᠶᠤᠯᠳᠠᠢ ᠭᠡᠷ ᠪᠠᠶᠢᠰᠢᠩ ᠢ ᠵᠠᠰᠠᠨ ᠰᠡᠯᠪᠢᠵᠦ᠂ 1 ᠲᠦᠮᠡ ᠢᠯᠡᠭᠦᠦ ᠰᠠᠭᠤᠷᠢ ᠭᠡᠷ ᠪᠠᠶᠢᠰᠢᠩ ᠢ ᠰᠠᠯᠪᠢᠨ ᠵᠠᠰᠠᠪᠠ᠃ 15.3 ᠲᠦᠮᠡᠨ ᠮᠧᠲᠷ ᠭᠡᠷᠡᠮ ᠬᠠᠰᠢᠶ᠎ᠠ ᠶᠢ ᠵᠠᠰᠠᠨ ᠪᠠᠶᠢᠭᠤᠯᠵᠤ᠂ 3650 ᠲᠡᠭᠰᠢ ᠲᠦᠷᠪᠠᠯᠵᠢᠨ ᠮᠧᠲᠷ ᠬᠠᠨ᠎ᠠ ᠶᠢᠨ ᠵᠢᠷᠤᠭ ᠢ ᠵᠢᠷᠤᠪᠠ᠃ ᠮᠠᠯᠵᠢᠬᠤ ᠤᠷᠤᠨ ᠤ ᠷᠠᠳᠢᠤ᠋ ᠲᠧᠯᠸᠢᠰ ᠴᠢᠮᠡᠭᠡ ᠨᠡᠪᠳᠡᠷᠡᠭᠦᠯᠭᠡ ᠶᠢᠨ ᠢᠨᠵᠧᠨᠧᠷᠢᠩ ᠢ ᠭᠡᠷᠡᠭᠵᠢᠭᠦᠯᠵᠤ᠂ ᠡᠷᠦᠭᠡ ᠪᠤᠯᠭᠠᠨ ᠳᠤ ᠨᠡᠪᠳᠡᠷᠡᠭᠦ ᠲᠦᠭᠦᠭᠡᠷᠦᠮᠵᠢ ᠶᠢ 3200 ᠢᠵᠢ ᠤᠬᠰᠠᠷᠠᠨ᠂ ᠲᠤᠬᠢᠶ᠎ᠠ ᠬᠤᠷᠢᠶᠠᠬᠤ ᠦᠷᠳᠡᠭᠡ 25 ᠶᠢ ᠪᠠᠶᠢᠭᠤᠯᠵᠠᠢ᠃ ᠭᠠᠴᠠᠭᠠᠨ ᠤ ᠪᠡᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠲᠠᠰᠤᠭ 51᠂ ᠠᠷᠠᠳ ᠲᠤ ᠲᠦᠭᠦᠮ ᠦᠵᠡᠭᠦᠯᠭᠦ ᠭᠡᠳᠤ ᠲᠡᠯᠭᠡᠭᠦᠷ 22 ᠶᠢ ᠰᠢᠨ᠎ᠠ ᠪᠠᠷ ᠪᠠᠶᠢᠭᠤᠯᠪᠠ᠃ ᠬᠤᠳᠠ ᠪᠠᠯᠭᠠᠰᠤᠨ ᠤ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ 1.16 ᠳ᠋ᠦᠡᠭᠰᠢᠭᠤᠷ ᠲᠦᠭᠦᠷᠢᠭ  ᠤᠨ ᠪᠡᠯᠡ ᠤᠷᠤᠭᠤᠯᠤᠨ᠂ ᠬᠤᠳᠠ ᠪᠠᠯᠭᠠᠰᠤᠨ ᠤ ᠵᠠᠮ ᠢ ᠵᠠᠰᠠᠨ᠂ ᠶᠠᠪᠠᠭᠠᠨ ᠭᠦᠮᠦᠨ ᠤ ᠵᠠᠮ ᠢ ᠲᠡᠪᠢᠰᠴᠤ᠂ ᠰᠠᠭᠤᠭᠠᠯᠢ ᠠᠷᠠᠳ ᠤᠨ ᠲᠤᠭᠤᠷᠢᠭ ᠤᠨ ᠵᠠᠮ ᠢ ᠬᠠᠳᠠᠭᠤᠷᠠᠭᠤᠯᠤᠨ᠂ ᠨᠤᠭᠤᠭᠠᠷᠠᠭᠤᠯᠤᠯᠳᠠ᠂ ᠭᠤᠶᠤᠵᠢᠭᠤᠯᠤᠯᠳᠠ᠂ ᠭᠡᠷᠡᠯᠳᠦᠭᠦᠯᠦᠯᠳᠠ ᠶᠢᠨ ᠢᠨᠵᠧᠨᠧᠷᠢᠩ ᠢ ᠠᠬᠢᠭᠤᠯᠤᠭᠰᠠᠨ ᠠᠴᠠ ᠪᠠᠯᠭᠠᠷᠭᠤᠤᠯ ᠪᠠᠯᠭᠠᠰᠤ ᠨᠢ ︽ᠪᠦᠭᠦ ᠤᠯᠤᠰ ᠤᠨ ᠬᠠᠷᠰᠢ ᠰᠠᠭᠠᠳ ᠦᠭᠡᠢ ᠪᠦᠳᠦᠭᠡᠨ ᠪᠠᠶᠢᠭᠤᠯᠤᠯᠳᠠ ᠲᠠᠢ ᠬᠤᠳᠠ ᠰᠢᠶᠠᠨ︾᠂ ︽ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠶᠢᠨ ᠤᠷᠤᠰᠢᠨ ᠰᠠᠭᠤᠬᠤ ᠳᠤ ᠲᠠᠭᠠᠳᠠᠢ ᠵᠢᠱᠢᠶᠠᠴᠢ ᠬᠤᠰᠢᠭᠤ ᠰᠢᠶᠠᠨ ︵ᠬᠤᠳᠠ︶︾ ᠪᠤᠯᠤᠨ ︽ᠦᠪᠡᠷᠳᠡᠭᠡᠨ ᠵᠠᠰᠠᠬᠤ ᠤᠷᠤᠨ ᠤ ᠲᠡᠰ ᠤᠨ ᠤᠨᠴᠠᠯᠢᠭᠳᠤ ᠵᠢᠭᠤᠯᠴᠢᠯᠠᠯ ᠤᠨ ᠨᠡᠷᠠᠳᠤ ᠪᠠᠯᠭᠠᠰᠤ︾ ᠪᠠᠷ ᠦᠨᠡᠯᠡᠭᠳᠡᠪᠠ     ᠶᠢᠰᠤ ᠳᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠭᠦᠴᠦᠯᠠᠴᠠ ᠪᠠᠨ ᠨᠡᠮᠡᠭᠳᠡᠭᠦᠯᠪᠠ᠃ 2016 ᠤᠨ  ᠳᠤ ᠠᠷᠠᠳ ᠤᠨ ᠠᠮᠢᠳᠤᠷᠠᠯ ᠪᠤᠯᠤᠨ ᠨᠡᠶᠢᠭᠡᠮ ᠤᠨ ᠠᠵᠢᠯ ᠤᠶᠢᠯᠠᠰ ᠲᠤ 20.6 ᠳ᠋ᠦᠡᠭᠰᠢᠭᠤᠷ ᠲᠦᠭᠦᠷᠢᠭ ᠤᠨ ᠪᠡᠯᠡ ᠤᠷᠤᠭᠤᠯᠵᠤ᠂ ᠡᠩ ᠤᠨ ᠤᠯᠠᠨ ᠨᠠᠶᠢᠳᠠ ᠶᠢᠨ ᠡᠳ᠋ ᠤᠨ ᠵᠠᠰᠠᠭ ᠤᠨ ᠳᠦᠰᠦᠪ ᠤᠨ ᠵᠠᠷᠤᠯᠭ᠎ᠠ ᠶᠢᠨ 83.8% ᠶᠢ ᠡᠵᠡᠯᠠᠪᠠ᠃ ᠶᠠᠳᠠᠭᠤ ᠶᠢ ᠨᠠᠷᠢᠯᠢᠭ ᠤᠨᠤᠪᠴᠢᠳᠠᠢ ᠪᠠᠷ ᠲᠡᠳᠭᠦᠭᠦ ᠢᠨᠵᠧᠨᠧᠷᠢᠩ ᠢ ᠪᠦᠭᠦ ᠭᠦᠴᠦᠨ ᠢᠶᠠᠷ ᠠᠬᠢᠭᠤᠯᠵᠤ᠂ ︽ᠵᠢᠷᠭᠤᠭᠠᠨ ᠨᠠᠷᠢᠯᠢᠭ ᠤᠨᠤᠪᠴᠢᠳᠠᠢ︾᠂ ︽ᠲᠠᠪᠤᠨ ᠨᠢᠭᠡ ᠪᠦᠯᠦᠭ︾ ᠶᠠᠳᠠᠭᠤ ᠠᠴᠠ ᠠᠩᠭᠢᠵᠢᠷᠠᠭᠤᠯᠬᠤ ᠴᠢᠭᠯᠡᠯᠳᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠦᠷᠦᠯ ᠵᠤᠶᠢᠯ ᠢᠶᠠᠷ ᠶᠠᠳᠠᠭᠤ ᠶᠢ ᠲᠡᠳᠭᠦᠭᠦ᠂ ᠤᠷᠤᠨ ᠨᠤᠳᠤᠭ ᠤᠨ ᠡᠳ᠋ ᠤᠨ ᠵᠠᠰᠠᠭ ᠢᠶᠠᠷ ᠶᠠᠳᠠᠭᠤ ᠶᠢ ᠲᠡᠳᠭᠦᠭᠦ᠂ ᠨᠡᠶᠢᠭᠡᠮ ᠤᠨ ᠡᠯ᠎ᠡ ᠡᠳᠡᠭᠡᠳ  ᠠᠴᠠ ᠶᠠᠳᠠᠭᠤ ᠶᠢ ᠲᠡᠳᠭᠦᠭᠦ ᠵᠡᠷᠭᠡ ᠠᠷᠭ᠎ᠠ ᠪᠠᠷ ᠲᠠᠮᠵᠢᠨ᠂ 182 ᠡᠷᠦᠭᠡ᠂ 556 ᠭᠦᠮᠦᠨ ᠠᠮᠠ ᠶᠢ ᠲᠤᠭᠳᠠᠭᠤᠨ ᠢᠶᠠᠷ ᠶᠠᠳᠠᠭᠤ ᠠᠴᠠ ᠠᠩᠭᠢᠵᠢᠷᠠᠭᠤᠯᠪᠠ᠃ ᠠᠵᠢᠯ ᠤᠯᠭᠤᠯᠳᠠ ᠤᠶᠢᠯᠠᠰ ᠪᠤᠰᠬᠠᠬᠤ ᠠᠵᠢᠯ ᠰᠢᠨ᠎ᠠ ᠠᠬᠢᠴᠠ ᠲᠠᠢ ᠪᠤᠯᠵᠤ᠂ 576 ᠡᠷᠦᠭᠡ ᠳᠤ 4084 ᠲᠦᠮᠡᠨ ᠲᠦᠭᠦᠷᠢᠭ ᠤᠨ ᠤᠶᠢᠯᠠᠰ ᠪᠦᠳᠦᠭᠡᠭᠦ ᠶᠢ ᠵᠤᠷᠢᠭᠵᠢᠭᠤᠯᠬᠤ ᠪᠠᠳᠤᠯᠠᠭᠠᠳᠤ ᠵᠢᠭᠡᠯᠡᠯᠭᠡ ᠶᠢ ᠲᠠᠷᠬᠠᠭᠠᠪᠠ᠃ ᠪᠦᠭᠦ ᠵᠢᠯ ᠳᠤ ᠨᠡᠶᠢᠳᠠ 7000 ᠭᠠᠷᠤᠢ ᠠᠵᠢᠯ ᠤᠨ ᠪᠠᠶᠢᠷᠢ ᠴᠤᠭᠯᠠᠭᠤᠯᠵᠤ᠂ ᠬᠤᠳᠠ ᠪᠠᠯᠭᠠᠰᠤᠨ ᠤ ᠰᠢᠨ᠎ᠠ ᠪᠠᠷ ᠠᠵᠢᠯ ᠤᠯᠤᠭᠰᠠᠨ ᠭᠦᠮᠦᠨ 1495 ᠳᠤ ᠭᠦᠷᠴᠦ᠂ ᠬᠤᠳᠠ ᠪᠠᠯᠭᠠᠰᠤᠨ ᠤ 1700 ᠭᠦᠮᠦᠨ ᠪᠠ ᠬᠤᠳᠠ ᠤᠷᠤᠭᠰᠠᠨ 1210 ᠨᠠᠷ᠎ᠠ ᠮᠠᠯᠴᠢᠳ ᠲᠤ ᠠᠵᠢᠯ ᠤᠨ ᠪᠠᠶᠢᠷᠢ ᠬᠠᠨᠭ᠍ᠭᠠᠨ᠂ ᠬᠤᠳᠠ ᠪᠠᠯᠭᠠᠰᠤᠨ ᠤ ᠠᠵᠢᠯ ᠠᠯᠳᠠᠯᠳᠠ ᠶᠢᠨ ᠨᠤᠷᠮ᠎ᠠ ᠶᠢ 3.48% ᠶᠢᠨ ᠲᠤᠳᠤᠷ᠎ᠠ ᠬᠢᠵᠠᠭᠠᠷᠯᠠᠵᠠᠢ᠃ ᠡᠮᠨᠡᠯᠭᠡ ᠶᠢᠨ ᠲᠠᠭᠠᠳᠬᠠᠯ ᠤᠨ ᠡᠳ᠋ ᠤᠨ ᠵᠠᠰᠠᠭ ᠤᠨ ᠨᠦᠭᠦᠪᠦᠷᠢ᠂ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠮᠦᠡᠭᠭᠦ᠂ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠲᠤᠤᠷ᠎ᠠ ᠪᠠᠳᠤᠯᠠᠭ᠎ᠠ  ᠶᠢᠨ ᠪᠠᠷᠢᠮᠵᠢᠶ᠎ᠠ ᠶᠢ ᠨᠡᠶᠢᠳᠠᠮ ᠳᠤᠨᠢ ᠲᠡᠭᠡᠭᠰᠢᠯᠡᠭᠦᠯᠵᠤ᠂ ᠬᠤᠰᠢᠭᠤ ᠡᠳ᠋ ᠤᠨ ᠵᠠᠰᠠᠭ ᠠᠴᠠ 1246.6 ᠲᠦᠮᠡᠨ ᠲᠦᠭᠦᠷᠢᠭ ᠤᠨ ᠪᠡᠯᠡ ᠤᠷᠤᠭᠤᠯᠵᠤ᠂  ᠬᠠᠤᠯᠢ ᠳᠤ ᠲᠤᠭᠳᠠᠭᠠᠭᠰᠠᠨ ᠠᠵᠢᠯ ᠠᠴᠠ ᠠᠮᠠᠷᠠᠬᠤ ᠨᠠᠰᠤ ᠨᠢ 10 ᠵᠢᠯ ᠭᠦᠷᠭᠦ ᠦᠭᠡᠢ᠂ ᠤᠤᠯ ᠤᠨ ᠤᠯᠤᠰ ᠤᠨ ᠦᠮᠴᠢᠯᠠᠯᠳᠤ ᠠᠵᠤ ᠠᠬᠤᠶᠢᠯᠠᠯ᠂ ᠬᠠᠮᠳᠤ ᠶᠢᠨ ᠦᠮᠴᠢᠯᠡᠯᠳᠤ ᠠᠵᠤ ᠠᠬᠤᠶᠢᠯᠠᠯ ᠤᠨ ᠠᠵᠢᠯ ᠠᠯᠳᠠᠭᠰᠠᠨ 3012 ᠨᠠᠷ᠎ᠠ ᠠᠵᠢᠯᠳᠠᠳ ᠲᠤ ᠨᠡᠶᠢᠭᠡᠮ ᠤᠨ ᠲᠠᠭᠠᠳᠬᠠᠯ ᠤᠨ ᠨᠦᠭᠦᠪᠦᠷᠢ ᠤᠯᠭᠤᠵᠠᠢ᠃ 204 ᠢᠵᠢ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠶᠢ ᠦᠷᠭᠦᠯᠵᠢᠯᠠᠨ ᠪᠠᠶᠢᠭᠤᠯᠵᠤ᠂ ᠲᠤᠤᠷ᠎ᠠ ᠪᠠᠳᠤᠯᠠᠭ᠎ᠠ ᠶᠢᠨ ᠭᠡᠷ ᠤᠷᠤᠨ ᠦᠭᠡᠢ265 ᠡᠷᠦᠭᠡ ᠳᠤ ᠭᠡᠷ ᠲᠦᠷᠢᠶᠡᠰᠦᠯᠡᠭᠦ ᠨᠦᠭᠦᠪᠦᠷᠢ 44.76 ᠲᠦᠮᠡᠨ ᠲᠦᠭᠦᠷᠢᠭ ᠲᠠᠷᠬᠠᠭᠠᠪᠠ᠃ ᠠᠮᠤᠭᠤᠯᠠᠩ ᠪᠠᠷᠠᠭᠤᠨ ᠦᠵᠦᠮᠦᠴᠢᠨ ᠤ ᠪᠠᠶᠢᠭᠤᠯᠤᠯᠳᠠ ᠪᠤᠯᠤᠨ ᠬᠠᠤᠯᠢ ᠪᠠᠷ ᠵᠠᠰᠠᠬᠤ ᠪᠠᠷᠠᠭᠤᠨ ᠦᠵᠦᠮᠦᠴᠢᠨ ᠤ ᠪᠠᠶᠢᠭᠤᠯᠤᠯᠳᠠ ᠶᠢ ᠴᠢᠩᠭᠠᠳᠬᠠᠵᠤ᠂ ᠡᠯ᠎ᠡ ᠲᠦᠷᠦᠯ ᠤᠨ ᠬᠠᠤᠯᠢ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠤᠬᠢᠯᠳᠠ ᠦᠭᠴᠦ᠂ ᠤᠯᠠᠨ ᠨᠡᠶᠢᠳᠠ ᠶᠢᠨ ᠠᠮᠤᠷ ᠲᠦᠪᠰᠢᠨ ᠢ ᠭᠦᠴᠦᠳᠠᠢ ᠬᠠᠮᠠᠭᠠᠯᠠᠨ᠂ ᠤᠯᠠᠨ ᠲᠦᠮᠡᠨ ᠤ ᠠᠮᠤᠷ ᠲᠠᠶᠢᠪᠤᠡᠭ ᠠᠮᠢᠳᠤᠷᠠᠯ ᠳᠤ ᠪᠠᠳᠤᠯᠠᠭ᠎ᠠ ᠬᠠᠩᠭᠠᠭᠰᠠᠨ ᠠᠴᠠ ᠦᠪᠡᠷᠳᠡᠭᠡᠨ ᠵᠠᠰᠠᠬᠤ ᠤᠷᠤᠨ  ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠢ ᠮᠠᠨ ᠤ ᠬᠤᠰᠢᠭᠤ ᠶᠢ ᠬᠠᠤᠯᠢ ᠪᠠᠷ ᠵᠠᠰᠠᠭᠰᠠᠨ ᠲᠡᠷᠢᠭᠦᠨ ᠤ ᠬᠤᠰᠢᠭᠤ ᠪᠠᠷ ᠦᠨᠡᠯᠡᠪᠡ᠃ ᠠᠶᠤᠯᠭᠦᠢ ᠤᠶᠢᠯᠠᠳᠪᠤᠷᠢᠯᠠᠯ ᠤᠨ ᠶᠡᠭᠡ ᠪᠠᠶᠢᠴᠠᠭᠠᠯᠳᠠ ᠶᠢ ᠦᠷᠭᠦᠯᠵᠢᠯᠠᠨ ᠦᠷᠨᠢᠭᠦᠯᠵᠤ ᠂ 2016 ᠤᠨ ᠳᠤ ᠤᠨᠴᠠᠭᠠᠢ ᠠᠶᠤᠯᠭᠦᠢ ᠶᠢᠨ ᠤᠶᠢᠯᠠᠳᠪᠤᠷᠢᠯᠠᠯ ᠤᠨ ᠭᠡᠷᠡᠭ ᠡᠭᠦᠰᠦᠭᠰᠡᠨ ᠦᠭᠡᠢ᠃     ᠠᠷᠪᠠ ᠳᠤ᠂ ᠨᠡᠶᠢᠭᠡᠮ ᠤᠨ ᠠᠵᠢᠯ ᠤᠶᠢᠯᠠᠰ ᠤᠨ ᠭᠦᠭᠵᠢᠯᠳᠠ ᠶᠢ ᠪᠦᠭᠦ ᠲᠠᠯ᠎ᠠ ᠪᠠᠷ ᠠᠬᠢᠭᠤᠯᠪᠠ᠃ ︽ᠪᠠᠷᠠᠭᠤᠨ ᠦᠵᠦᠮᠦᠴᠢᠨ ᠬᠤᠰᠢᠭᠤᠨ ᠤ ᠰᠤᠷᠭᠠᠨ ᠭᠦᠮᠦᠵᠢᠯ ᠤᠨ ᠶᠠᠰᠤ ᠴᠢᠨᠠᠷ ᠢ ᠪᠦᠭᠦ ᠲᠠᠯ᠎ᠠ ᠪᠠᠷ ᠲᠡᠭᠡᠭᠰᠢᠯᠡᠭᠦᠯᠭᠦ ᠲᠠᠪᠤᠨ ᠵᠢᠯ ᠤᠨ ᠠᠵᠢᠯᠯᠠᠭᠠᠨ ᠤ ᠲᠦᠰᠦᠪ ︵2016 —2020︶︾ ᠢ ᠲᠤᠭᠳᠠᠭᠠᠨ ᠭᠡᠷᠡᠭᠵᠢᠭᠦᠯᠪᠠ᠃ ᠮᠤᠩᠭᠤᠯ ᠦᠨᠳᠤᠰᠦᠳᠠᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠠᠢ᠂ ᠶᠡᠷᠦᠩᠭᠡᠶᠢᠯᠡᠭᠰᠡᠨ ᠦᠨᠳᠤᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠠᠵᠢᠯ ᠮᠡᠷᠭᠡᠵᠢᠯ ᠤᠨ ᠰᠤᠷᠭᠠᠨ ᠭᠦᠮᠦᠵᠢᠯ ᠤᠨ ᠤᠶᠢᠯᠠᠳᠤᠯᠭᠡ ᠪᠤᠯᠪᠠᠰᠤᠷᠠᠯ ᠤᠨ ᠠᠰᠠᠷ ᠢ ᠠᠰᠢᠬᠯᠠᠯᠳᠠ ᠳᠤ ᠤᠷᠤᠭᠤᠯᠵᠤ᠂ ᠵᠢᠷ ᠤᠨ ᠭᠤᠤᠯ ᠭᠡᠤᠭᠡᠳ ᠤᠨ ᠴᠡᠴᠡᠷᠯᠢᠭ ᠪᠤᠯᠤᠨ ᠶᠡᠷᠦᠩᠭᠡᠶᠢᠯᠡᠭᠰᠡᠨ ᠦᠨᠳᠤᠷ ᠵᠡᠷᠭᠡ ᠶᠢᠨ ᠲᠤᠮᠳᠠᠳᠤ ᠰᠤᠷᠭᠠᠭᠤᠯᠢ᠂ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠲᠠᠮᠢᠷ ᠤᠨ ᠲᠠᠯᠠᠪᠠᠢ ᠶᠢᠨ ᠲᠦᠷᠦᠯ ᠵᠤᠶᠢᠯ ᠤᠨ ᠪᠦᠳᠦᠭᠡᠨ ᠪᠠᠶᠢᠭᠤᠯᠤᠯᠳᠠ ᠶᠢ ᠡᠬᠢᠯᠡᠬᠦᠯᠪᠡ᠃ ᠪᠠᠭᠰᠢ ᠶᠢᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠵᠤ᠂  ᠪᠠᠭᠰᠢᠨᠠᠷ ᠢ 500 ᠢᠯᠡᠭᠦᠦ ᠭᠦᠮᠦᠨ ᠤᠳᠠᠭ᠎ᠠ ᠵᠤᠬᠢᠶᠠᠨ ᠪᠠᠶᠢᠭᠤᠯᠤᠨ᠂ ᠭᠠᠳᠠᠭᠰᠢ ᠰᠤᠷᠤᠯᠴᠠᠭᠤᠯᠤᠨ ᠪᠤᠯᠪᠠᠰᠤᠷᠠᠯ ᠭᠦᠷᠳᠡᠭᠡᠵᠤ᠂ 2016 ᠤᠨ ᠳᠤ ᠶᠡᠭᠡ ᠰᠤᠷᠭᠠᠭᠤᠯᠢ  ᠶᠢᠨ ᠵᠢᠩᠭᠢᠨᠢ ᠠᠩᠭᠢ ᠳᠤ ᠰᠢᠯᠭᠠᠨ ᠤᠷᠤᠭᠰᠠᠨ ᠨᠤᠷᠮ᠎ᠠ 54.62% ᠳᠤ ᠭᠦᠷᠪᠠ᠃ ᠪᠠᠶᠢᠭᠠᠯᠢ ᠶᠢᠨ ᠰᠢᠨᠵᠢᠯᠡᠭᠦ ᠤᠬᠠᠭᠠᠨ ᠤ ᠬᠢᠴᠢᠶᠠᠯ ᠲᠦᠷᠦᠯ ᠤᠨ ᠵᠢᠭᠠᠨ ᠰᠤᠷᠭᠠᠬᠤ ᠶᠠᠰᠤ ᠴᠢᠨᠠᠷ ᠢ ᠵᠢᠯ ᠲᠠᠷᠠᠭᠠᠯᠠᠨ ᠲᠡᠭᠡᠭᠰᠢᠯᠡᠭᠦᠯᠵᠤ᠂ ᠬᠢᠳᠠᠳ ᠢᠶᠠᠷ ᠬᠢᠴᠢᠶᠠᠯᠯᠠᠭᠦ ᠪᠠᠶᠢᠭᠠᠯᠢ ᠶᠢᠨ ᠰᠢᠨᠵᠢᠯᠡᠭᠦ ᠤᠬᠠᠭᠠᠨ ᠤ ᠬᠢᠴᠢᠶᠠᠯ ᠲᠦᠷᠦᠯ ᠤᠨ ᠠᠩᠭᠢ ᠶᠢᠨ 1 ᠨᠠᠷ᠎ᠠ ᠰᠤᠷᠤᠭᠴᠢ 605 ᠬᠤᠪᠢ ᠪᠠᠷ ︽985︾ ᠭᠤᠤᠯᠳᠠᠯᠭ᠎ᠠ ᠲᠠᠢ ᠶᠡᠭᠡ ᠰᠤᠷᠭᠠᠭᠤᠯᠢ ᠳᠤ ᠰᠢᠯᠭᠠᠨ ᠤᠷᠤᠪᠠ᠃ ᠰᠢᠨᠵᠢᠯᠡᠭᠡ ᠮᠡᠷᠭᠡᠵᠢᠯ ᠢ ᠲᠦᠭᠡᠮᠡᠯᠵᠢᠭᠦᠯᠭᠦ ᠶᠢ ᠴᠢᠩᠭᠠᠳᠬᠠᠭᠰᠠᠨ ᠠᠴᠠ ᠤᠯᠤᠰ ᠤᠨ ᠰᠢᠨᠵᠢᠯᠡᠭᠦ ᠤᠬᠠᠭᠠᠨ ᠤ ᠨᠡᠶᠢᠭᠡᠮᠯᠢᠭ ᠨᠢ ᠮᠠᠨ ᠤ ᠬᠤᠰᠢᠭᠤ ᠶᠢ ︽2016 — 2020 ᠤᠨ ᠤ ᠪᠦᠭᠦ ᠤᠯᠤᠰ ᠤᠨ ᠰᠢᠨᠵᠢᠯᠡᠭᠦ ᠤᠬᠠᠭᠠᠨ  ᠢ ᠲᠦᠭᠡᠮᠡᠯᠵᠢᠭᠦᠯᠦᠭᠰᠡᠨ ᠵᠢᠱᠢᠶᠠᠴᠢ ᠬᠤᠰᠢᠭᠤ ᠰᠢᠶᠠᠨ︾ ᠢᠶᠠᠷ ᠨᠡᠷᠡᠶᠢᠳᠪᠡ᠃ ᠬᠤᠰᠢᠭᠤ ᠱᠠᠳᠤᠨ ᠤ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠦᠭᠡᠷᠡᠴᠢᠯᠠᠯᠳᠠ ᠶᠢ ᠦᠷᠭᠦᠯᠵᠢᠯᠠᠨ ᠠᠬᠢᠭᠤᠯᠵᠤ᠂ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠳᠠ ᠪᠤᠯᠤᠨ ᠠᠵᠢᠯᠯᠠᠭᠠᠨ ᠤ ᠵᠤᠬᠢᠴᠠᠮᠵᠢ ᠶᠢᠨ ᠦᠭᠡᠷᠡᠴᠢᠯᠠᠯᠳᠠ  ᠶᠢ ᠡᠷᠢᠯᠭᠢᠯᠠᠨ᠂ ᠡᠮ ᠤᠨ ᠵᠤᠶᠢᠯ ᠤᠨ ᠨᠡᠮᠡᠭᠳᠡᠯ ᠦᠷᠳᠡᠭ ᠢ ᠦᠭᠡᠶᠢᠰᠭᠡᠭᠦ᠂ ᠨᠦᠭᠦᠪᠦᠷᠢ ᠶᠢᠨ ᠵᠤᠬᠢᠴᠠᠮᠵᠢ ᠶᠢ ᠦᠭᠡᠷᠡᠴᠢᠯᠡᠭᠦ᠂ ᠡᠮᠴᠢᠯᠡᠭᠡᠨ ᠤ ᠤᠶᠢᠯᠡᠴᠢᠯᠡᠭᠡᠨ ᠤ ᠦᠨ᠎ᠠ ᠬᠠᠨᠭ᠍ᠰᠢ ᠶᠢ ᠲᠤᠬᠢᠷᠠᠭᠤᠯᠬᠤ ᠵᠡᠷᠭᠡ ᠭᠤᠤᠯᠳᠠᠯᠭ᠎ᠠ ᠲᠠᠢ ᠠᠵᠢᠯ ᠰᠠᠶᠢᠨ ᠦᠷ᠎ᠡ ᠪᠦᠳᠦᠮᠵᠢ ᠤᠯᠵᠤ᠂ ᠬᠤᠰᠢᠭᠤ ᠡᠮᠨᠡᠯᠭᠡ ᠶᠢᠨ ᠬᠤᠷᠢᠶᠠᠨ ᠤ ᠲᠠᠷᠤᠭ᠎ᠠ ᠶᠢ ᠦᠷᠢᠰᠦᠯᠳᠦᠭᠦᠯᠦᠨ ᠤᠷᠢᠪᠠ᠃ ᠰᠢᠨ᠎ᠠ ᠪᠠᠷ ᠪᠠᠶᠢᠭᠤᠯᠤᠭᠰᠠᠨ ᠮᠤᠩᠭᠤᠯ ᠡᠮᠨᠡᠯᠭᠡ ᠶᠢᠨ ᠬᠤᠷᠢᠶ᠎ᠠ ᠶᠢ ᠠᠰᠢᠬᠯᠠᠯᠳᠠ ᠳᠤ ᠤᠷᠤᠭᠤᠯᠤᠨ᠂ ᠡᠮᠨᠡᠭᠦ ᠰᠤᠪᠢᠯᠠᠬᠤ ᠶᠢ ᠤᠶᠠᠯᠳᠤᠭᠤᠯᠤᠭᠰᠠᠨ ᠡᠮᠴᠢᠯᠡᠭᠡ ᠶᠢ ᠭᠡᠷᠡᠭᠵᠢᠭᠦᠯᠪᠠ᠃ 7500 ᠡᠮ ᠤᠨ ᠬᠠᠶᠢᠷᠴᠠᠭ ᠲᠠᠷᠬᠠᠭᠠᠵᠠᠢ᠃ ᠮᠠᠯᠵᠢᠬᠤ ᠤᠷᠤᠨ ᠤ ᠡᠷᠡᠭᠳᠠᠢ 35 — 45 ᠪᠦᠭᠦᠯᠢ ᠨᠠᠰᠤ᠂ ᠡᠮᠡᠭᠳᠠᠢ 30 — 40 ᠪᠦᠭᠦᠯᠢ ᠨᠠᠰᠤᠨ ᠤ ᠪᠠᠶᠢᠡᠭᠭᠤ ᠰᠠᠭᠤᠭ᠎ᠠ 3368 ᠭᠦᠮᠦᠨ ᠠᠮᠠ ᠳᠤ ᠦᠨ᠎ᠡ ᠲᠦᠯᠦᠪᠤᠷᠢ ᠦᠭᠡᠢ ᠪᠡᠶ᠎ᠡ ᠶᠢᠨ ᠪᠠᠶᠢᠴᠠᠭᠠᠯᠳᠠ ᠬᠢᠵᠤ᠂ ᠪᠡᠶ᠎ᠡ ᠪᠠᠶᠢᠴᠠᠭᠠᠭᠰᠠᠨ ᠨᠤᠷᠮ᠎ᠠ ᠨᠢ 96.5% ᠳᠤ ᠭᠦᠷᠪᠠ᠃ ᠲᠦᠯᠦᠪᠯᠡᠭᠡᠳᠤ ᠦᠷᠡᠵᠢᠯ ᠤᠨ ᠠᠵᠢᠯ ᠢ ᠯᠠᠪᠳᠠᠭᠤᠨ ᠪᠠᠳᠤᠳᠠᠢ ᠠᠬᠢᠭᠤᠯᠵᠤ᠂ ᠤᠶᠢᠯᠡᠴᠢᠯᠡᠭᠡᠨ ᠤ ᠬᠠᠮᠢᠶᠠᠷᠤᠯᠳᠠ ᠶᠢᠨ ᠬᠢᠷᠢ ᠪᠦᠳᠦᠮᠵᠢ ᠶᠢ ᠲᠡᠭᠡᠭᠰᠢᠯᠡᠭᠦᠯᠪᠠ᠃ ᠲᠦᠯᠦᠪᠯᠡᠭᠡᠳᠤ ᠦᠷᠡᠵᠢᠯ ᠤᠨ ᠤᠨᠴᠠᠭᠠᠢ ᠭᠡᠷ ᠪᠦᠯᠢ ᠳᠤ 108 ᠲᠦᠮᠡᠨ ᠲᠦᠭᠦᠷᠢᠭ ᠤᠨ ᠨᠢᠭᠡᠯᠡ ᠤᠳᠠᠭ᠎ᠠ ᠳᠤ ᠤᠯᠭᠤᠬᠤ ᠬᠠᠪᠰᠤᠷᠤᠮᠵᠢ ᠶᠢᠨ ᠮᠦᠡᠭᠭᠦ ᠶᠢ ᠲᠠᠷᠬᠠᠭᠠᠵᠠᠢ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠰᠢᠨ᠎ᠠ ᠦᠷ᠎ᠡ ᠪᠦᠳᠦᠮᠵᠢ ᠤᠯᠵᠤ᠂ ᠪᠠᠯᠭᠠᠷᠭᠤᠤᠯ ᠪᠠᠯᠭᠠᠰᠤ ᠨᠢ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢᠨ ᠲᠠᠬᠢᠨ ᠬᠢᠨᠠᠯᠳᠠ ᠳᠤ ᠬᠢᠷᠢ ᠳᠡᠩᠴᠡᠨ᠂ ᠵᠢᠷ ᠤᠨ ᠭᠤᠤᠯ ᠪᠠᠯᠭᠠᠰᠤ᠂ ᠬᠤᠭᠤᠯᠠᠳᠤ ᠶᠢᠨ ᠭᠤᠤᠯ ᠪᠠᠯᠭᠠᠰᠤ ᠨᠢ ᠦᠪᠡᠷᠳᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠤᠨ ᠪᠠᠯᠭᠠᠰᠤ ᠪᠠᠷ ᠨᠡᠷᠡᠶᠢᠳᠦᠭᠳᠡᠪᠠ᠃ ᠢᠳᠡᠭᠡᠨ ᠡᠮ ᠤᠨ ᠵᠤᠶᠢᠯᠠᠰ ᠤᠨ ᠠᠶᠤᠯᠭᠦᠢ ᠶᠢᠨ ᠬᠢᠨᠠᠨ ᠬᠠᠮᠢᠶᠠᠷᠤᠯᠳᠠ ᠶᠢᠨ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠂ ᠬᠢᠨᠠᠨ ᠬᠠᠮᠢᠶᠠᠷᠤᠯᠳᠠ ᠶᠢᠨ ᠴᠢᠳᠠᠪᠤᠷᠢ ᠶᠢ ᠢᠯᠡᠳᠳᠠ ᠲᠡᠭᠡᠭᠰᠢᠯᠡᠭᠦᠯᠪᠠ᠃  ᠪᠡᠶ᠎ᠡ ᠶᠢᠨ ᠲᠠᠮᠢᠷ ᠪᠤᠯᠤᠨ ᠤᠯᠠᠨ ᠲᠦᠮᠡᠨᠴᠢ ᠲᠠᠮᠢᠷ ᠤᠨ ᠭᠦᠳᠡᠯᠭᠡᠭᠡᠨ ᠢ ᠵᠤᠬᠢᠴᠠᠩᠭᠤᠢ ᠭᠦᠭᠵᠢᠭᠦᠯᠪᠠ᠃ ᠦᠨᠳᠤᠰᠦᠳᠠᠨ ᠤ ᠪᠦᠯᠭᠦᠮᠳᠠᠯ ᠢ ᠠᠬᠢᠭᠤᠯᠬᠤ ᠠᠵᠢᠯ ᠢ ᠯᠠᠪᠳᠠᠭᠤᠨ ᠦᠷᠨᠢᠭᠦᠯᠵᠤ᠂ ᠡᠯ᠎ᠡ ᠦᠨᠳᠤᠰᠦᠳᠠᠨ ᠤ ᠨᠢᠭᠲᠠᠷᠠᠨ ᠪᠦᠯᠬᠦᠮᠳᠡᠭᠰᠡᠨ ᠤᠬᠢ ᠰᠠᠶᠢᠨ ᠪᠠᠶᠢᠳᠠᠯ ᠢ ᠤᠯᠠᠮ ᠨᠢᠭᠡ ᠠᠯᠬᠤᠮ ᠪᠠᠬᠢᠵᠢᠭᠦᠯᠪᠠ᠃ ᠱᠠᠰᠢᠨ ᠰᠤᠷᠳᠠᠬᠤᠨ ᠤ ᠲᠤᠬᠠᠢ ᠨᠠᠮ ᠤᠨ ᠲᠦᠷᠦ ᠶᠢᠨ ᠪᠤᠳᠤᠯᠭ᠎ᠠ ᠴᠢᠭᠯᠡᠯᠳᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠱᠠᠰᠢᠨ ᠰᠤᠷᠳᠠᠬᠤᠨ ᠤ ᠭᠦᠷᠢᠶ᠎ᠠ ᠭᠡᠪᠴᠢᠶᠠᠨ ᠳᠠᠬᠢ ᠡᠶ᠎ᠡ ᠵᠤᠬᠢᠴᠠᠯ ᠲᠤᠭᠳᠠᠭᠤᠨ ᠢ ᠪᠠᠳᠤᠯᠠᠪᠠ᠃ ᠴᠡᠷᠢᠭ ᠠᠷᠠᠳ ᠤᠨ ᠠᠭᠤᠰᠤᠯᠴᠠᠯ ᠢ ᠭᠦᠨᠵᠡᠭᠡᠢ ᠭᠦᠭᠵᠢᠭᠦᠯᠵᠤ᠂ ᠪᠤᠷᠭᠠᠰᠤᠳᠠᠢ ᠦᠷᠡᠭᠳᠡᠭᠰᠡᠨ ᠪᠠᠭᠠᠳᠤᠷᠴᠤᠳ ᠤᠨ ᠤᠡᠭᠭᠤᠨ ᠢ ᠦᠪᠡᠷᠳᠡᠭᠡᠨ ᠵᠠᠰᠠᠬᠤ ᠤᠷᠤᠨ ᠤ ᠤᠯᠤᠰ ᠢᠶᠠᠨ ᠬᠠᠶᠢᠷᠠᠯᠠᠬᠤ ᠦᠵᠡᠯ ᠤᠨ ᠰᠤᠷᠭᠠᠨ ᠭᠦᠮᠦᠵᠢᠯ ᠤᠨ ᠵᠢᠱᠢᠶᠠᠴᠢ ᠰᠠᠭᠤᠷᠢᠨ ᠭᠠᠵᠠᠷ ᠢᠶᠠᠷ ᠲᠤᠭᠳᠠᠭᠠᠵᠤ᠂ ᠮᠠᠨ ᠤ ᠬᠤᠰᠢᠭᠤ ᠨᠢ ᠦᠪᠡᠷᠳᠡᠭᠡᠨ ᠵᠠᠰᠠᠬᠤ ᠤᠷᠤᠨ ᠤ ᠬᠤᠶᠠᠷ ᠢ ᠭᠦᠷᠢᠶᠠᠯᠡᠭᠦ ᠵᠢᠱᠢᠶᠠᠴᠢ ᠬᠤᠰᠢᠭᠤ ᠪᠠᠷ ᠦᠨᠡᠯᠡᠭᠳᠡᠪᠠ᠃ ᠠᠷᠠᠳ ᠤᠨ ᠠᠭᠠᠷ ᠤᠨ ᠰᠡᠷᠭᠡᠶᠢᠯᠡᠯᠳᠠ᠂ ᠭᠠᠵᠠᠷ ᠭᠦᠳᠡᠯᠤᠯᠳᠠ᠂ ᠴᠠᠭ ᠠᠭᠤᠷ᠂ ᠲᠠᠩᠰᠠ ᠡᠪᠬᠡᠮᠡᠯ ᠂ ᠲᠡᠤᠭᠡ ᠤᠶᠢᠯᠠᠯᠭ᠎ᠠ᠂ ᠭᠠᠳᠠᠭᠠᠳᠤ ᠶᠠᠪᠤᠳᠠᠯ ᠵᠡᠷᠭᠡ ᠠᠵᠢᠯ ᠢ ᠴᠦᠮ ᠴᠢᠩᠭᠠᠳᠬᠠᠵᠤ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠡᠮᠡᠭᠳᠡᠶᠢᠴᠤᠳ ᠪᠤᠯᠤᠨ ᠭᠡᠤᠭᠡᠳ ᠪᠠᠭᠠᠴᠤᠳ᠂ ᠨᠠᠰᠤᠵᠢᠯ ᠪᠤᠯᠤᠨ ᠵᠡᠮᠳᠡᠭᠴᠤᠳ ᠤᠨ ᠠᠵᠢᠯ ᠤᠶᠢᠯᠠᠰ ᠴᠦᠮ ᠰᠢᠨ᠎ᠠ ᠠᠬᠢᠴᠠ ᠲᠠᠢ ᠪᠤᠯᠪᠠ᠃     ᠨᠢᠭᠡ ᠵᠢᠯ ᠤᠨ ᠲᠤᠷᠰᠢ᠂ ᠪᠢᠳᠠ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠪᠠᠨ ᠴᠢᠷᠮᠠᠶᠢᠨ ᠴᠢᠩᠭᠠᠳᠬᠠᠪᠠ᠃ ᠤᠬᠠᠮᠰᠠᠷ ᠠᠴᠠ ᠪᠠᠨ ᠦᠵᠡᠯ ᠰᠠᠨᠠᠭ᠎ᠠ᠂ ᠤᠯᠤᠰ ᠲᠦᠷᠦ᠂ ᠤᠶᠢᠯᠠ ᠠᠵᠢᠯᠯᠠᠭ᠎ᠠ ᠲᠡᠭᠡᠷ᠎ᠡ ᠪᠠᠨ ᠰᠢ ᠶᠢᠨ ᠫᠢᠡᠭ ᠨᠦᠭᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠲᠡᠭᠡᠳᠤ ᠭᠡᠮᠵᠢᠶ᠎ᠠ ᠪᠠᠷ ᠨᠢᠭᠡᠳᠦᠯᠳᠠᠢ ᠪᠠᠶᠢᠵᠤ᠂ ︽ᠬᠤᠶᠠᠷ ᠢ ᠰᠤᠷᠤᠯᠴᠠᠵᠤ᠂ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ︾ ᠰᠤᠷᠤᠯᠴᠠᠯᠭ᠎ᠠ ᠭᠦᠮᠦᠵᠢᠯ ᠢ ᠭᠦᠨᠵᠡᠭᠡᠢ ᠦᠷᠨᠢᠭᠦᠯᠦᠨ᠂ ᠤᠪᠤᠷ ᠰᠤᠷᠳᠠᠯ ᠤᠨ ᠪᠠᠶᠢᠭᠤᠯᠤᠯᠳᠠ ᠪᠠᠨ ᠦᠷᠭᠦᠯᠵᠢᠯᠡᠨ ᠰᠠᠶᠢᠵᠢᠷᠠᠭᠤᠯᠪᠠ᠃ ᠦᠨᠳᠤᠰᠦᠨ ᠱᠠᠳᠤᠨ ᠳᠤ ᠭᠦᠨᠵᠡᠭᠡᠶᠢᠷᠡᠵᠤ᠂ ᠤᠯᠠᠨ ᠲᠦᠮᠡᠨ ᠲᠠᠢ ᠬᠠᠷᠢᠯᠴᠠᠨ᠂ ᠠᠷᠠᠳ ᠤᠨ ᠰᠠᠨᠠᠯ ᠠᠷᠠᠳ ᠤᠨ ᠠᠮᠢᠳᠤᠷᠠᠯ ᠢ ᠤᠶᠢᠯᠠᠭᠠᠨ ᠬᠠᠯᠠᠮᠵᠢᠯᠠᠪᠠ᠃ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠳᠠ ᠪᠤᠯᠤᠨ ᠬᠢᠨᠠᠨ ᠪᠤᠳᠤᠯᠳᠠ ᠶᠢᠨ ᠬᠢᠨᠠᠯᠳᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠠᠵᠢᠯᠯᠠᠭ᠎ᠠ ᠶᠢ ᠤᠯᠠᠮ ᠨᠢᠭᠡ ᠠᠯᠬᠤᠮ ᠲᠦᠷᠢᠮᠵᠢᠭᠦᠯᠪᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠰᠠᠨᠠᠯ ᠲᠤᠷᠠᠳᠤᠯᠭ᠎ᠠ᠂ ᠰᠠᠨᠠᠭᠤᠯᠭ᠎ᠠ᠂ ᠰᠢᠭᠦᠮᠵᠢᠯᠡᠯ᠂ ᠰᠠᠨᠠᠯ ᠢ 88 ᠬᠤᠪᠢ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠰᠠᠨᠠᠯ ᠲᠤᠷᠠᠳᠤᠯᠭ᠎ᠠ ᠶᠢ 106 ᠬᠤᠪᠢ ᠭᠦᠢᠴᠡᠳᠭᠡᠪᠠ᠃ ᠵᠠᠰᠠᠭ ᠤᠨ ᠴᠢᠨᠠᠷᠳᠠᠢ ᠦᠷᠢ ᠦᠭᠴᠡᠭᠡᠨ  ᠤ ᠬᠠᠮᠢᠶᠠᠷᠤᠯᠳᠠ ᠶᠢ ᠪᠦᠭᠦ ᠲᠠᠯ᠎ᠠ ᠪᠠᠷ ᠲᠦᠷᠢᠮᠵᠢᠭᠦᠯᠦᠨ ᠴᠢᠩᠭᠠᠳᠬᠠᠵᠤ᠂ ︽ᠭᠤᠷᠪᠠᠨ ᠠᠯᠪᠠᠨ︾ ᠵᠠᠷᠤᠳᠠᠯ ᠢ ᠴᠢᠩᠭ᠎ᠠ ᠬᠢᠵᠠᠭᠠᠷᠯᠠᠨ᠂ ᠤᠯᠠᠨ ᠨᠠᠶᠢᠳᠠ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠪᠦᠳᠦᠴᠡ ᠶᠢ ᠰᠢᠯᠢᠳᠡᠭᠵᠢᠭᠦᠯᠪᠠ᠃ ᠤᠯᠠᠨ ᠨᠠᠶᠢᠳᠠ ᠶᠢᠨ ᠡᠬᠢ ᠪᠠᠶᠠᠯᠢᠭ ᠤᠨ ᠰᠤᠯᠢᠯᠴᠠᠭᠠᠨ ᠤ ᠬᠠᠮᠢᠶᠠᠷᠤᠯᠳᠠ ᠶᠢᠨ ᠪᠠᠶᠢᠭᠤᠯᠤᠮᠵᠢ  ᠶᠢᠨ ᠦᠭᠡᠷᠡᠴᠢᠯᠠᠯᠳᠠ ᠶᠢ ᠲᠦᠷᠭᠡᠳᠭᠡᠵᠤ᠂ ᠵᠠᠰᠠᠭ ᠤᠨ ᠡᠷᠭᠡ ᠶᠢ ᠴᠤᠮᠬᠠᠳᠬᠠᠨ ᠡᠷᠭᠡ ᠶᠢ ᠲᠠᠯᠪᠢᠵᠤ᠂ ᠤᠶᠢᠯᠡᠴᠢᠯᠡᠭᠡ ᠪᠠᠨ ᠰᠢᠯᠢᠳᠡᠭᠵᠢᠭᠦᠯᠦᠨ᠂ ᠵᠠᠰᠠᠭ ᠵᠠᠬᠢᠷᠭᠠᠨ ᠤ ᠴᠢᠳᠠᠪᠬᠢ ᠶᠢ ᠤᠯᠠᠮ ᠨᠢᠭᠡ ᠠᠯᠬᠤᠮ ᠲᠡᠭᠡᠭᠰᠢᠯᠡᠭᠦᠯᠪᠠ᠃     ᠲᠦᠯᠦᠭᠡᠯᠡᠭᠴᠢᠳ ᠡ᠂ ᠦᠡᠭᠭᠡᠷᠡᠭᠰᠡᠨ ᠨᠢᠭᠡ ᠵᠢᠯ ᠨᠢ ᠪᠦᠭᠦ ᠬᠤᠰᠢᠭᠤᠨ ᠤ ᠠᠷᠠᠳ ᠲᠦᠮᠡᠨ ᠳᠤ ᠠᠪᠴᠤ ᠭᠡᠯᠡᠪᠡᠯ ᠶᠠᠷᠦ ᠪᠤᠰᠤ ᠶᠢᠨ ᠨᠢᠭᠡ ᠵᠢᠯ ᠪᠤᠯᠤᠨ᠎ᠠ᠂ ᠮᠦᠨᠴᠤ ᠮᠠᠷᠳᠠᠭᠳᠠᠰᠢ ᠦᠭᠡᠢ ᠨᠢᠭᠡ ᠵᠢᠯ ᠪᠤᠯᠤᠨ᠎ᠠ᠃ ᠪᠢᠳᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭ᠎ᠠ ᠪᠠᠨ ᠠᠮᠵᠢᠯᠳᠠᠳᠠᠢ ᠡᠬᠢᠯᠡᠭᠦᠯᠵᠤ᠂ ᠪᠠᠷᠠᠭᠤᠨ ᠦᠵᠦᠮᠦᠴᠢᠨ ᠬᠤᠰᠢᠭᠤᠨ ᠤ ᠭᠦᠭᠵᠢᠯᠳᠠ ᠶᠢ ᠨᠢᠭᠡᠨ ᠰᠢᠨ᠎ᠠ ᠲᠡᠤᠭᠡᠨ ᠵᠤᠭᠰᠤᠴᠠ ᠳᠤ ᠭᠦᠷᠭᠡᠪᠠ᠃ 2016 ᠤᠨ ᠢᠶᠠᠨ ᠡᠷᠬᠢᠴᠡᠭᠦᠯᠪᠠᠯ᠂ ᠮᠠᠨ ᠤ ᠬᠤᠰᠢᠭᠤᠨ ᠤ ᠠᠵᠤ ᠠᠬᠤᠢ ᠶᠢᠨ ᠪᠠᠶᠢᠭᠤᠯᠤᠯᠳᠠ᠂ ᠤᠯᠤᠰ ᠲᠦᠷᠦ  ᠶᠢᠨ ᠪᠠᠶᠢᠭᠤᠯᠤᠯᠳᠠ᠂ ᠰᠤᠶᠤᠯ ᠤᠨ ᠪᠠᠶᠢᠭᠤᠯᠤᠯᠳᠠ᠂ ᠨᠡᠶᠢᠭᠡᠮ ᠤᠨ ᠪᠠᠶᠢᠭᠤᠯᠤᠯᠳᠠ ᠪᠤᠯᠤᠨ ᠠᠮᠢ ᠠᠬᠤᠢ ᠶᠢᠨ ᠪᠠᠶᠢᠭᠤᠯᠤᠯᠳᠠ ᠴᠦᠮ ᠪᠦᠭᠦ ᠲᠠᠯ᠎ᠠ ᠪᠠᠷ ᠠᠬᠢᠯᠳᠠ ᠲᠠᠢ ᠪᠤᠯᠵᠤ᠂ ᠭᠦᠭᠵᠢᠯᠳᠠ ᠶᠢᠨ ᠠᠷᠭ᠎ᠠ ᠭᠡᠯᠪᠡᠷᠢ ᠶᠢ ᠲᠦᠷᠭᠡᠳᠭᠡᠨ ᠬᠤᠪᠢᠷᠠᠭᠤᠯᠵᠤ᠂ ᠭᠦᠭᠵᠢᠯᠳᠠ ᠶᠢᠨ ᠰᠠᠭᠤᠷᠢ ᠶᠢ ᠨᠡᠩ ᠪᠠᠬᠢᠵᠢᠭᠦᠯᠦᠨ᠂ ᠪᠦᠭᠦ ᠲᠠᠯ᠎ᠠ ᠶᠢᠨ ᠮᠦᠷᠳᠡᠭᠡᠨ ᠦᠷᠭᠦᠯᠵᠢᠯᠠᠨ ᠭᠦᠭᠵᠢᠭᠦ ᠶᠢ ᠪᠡᠶᠡᠯᠡᠭᠦᠯᠵᠤ᠂ ᠦᠭᠡᠷᠡᠴᠢᠯᠠᠯᠳᠠ ᠶᠢ ᠭᠦᠨᠵᠡᠭᠡᠶᠢᠷᠡᠭᠦᠯᠦᠨ᠂ ᠬᠤᠳᠠ ᠭᠦᠳᠡᠭᠡ ᠶᠢᠨ ᠲᠦᠷᠰᠤ ᠪᠠᠶᠢᠳᠠᠯ ᠠᠰᠤᠷᠤ ᠶᠡᠭᠡ ᠬᠤᠪᠢᠷᠠᠯᠳᠠ ᠲᠠᠢ ᠪᠤᠯᠵᠤ᠂ ᠤᠯᠠᠨ ᠲᠦᠮᠡᠨ ᠳᠤ ᠨᠡᠩ ᠪᠤᠳᠠᠳᠠᠢ ᠬᠠᠷᠠᠭᠠᠯᠵᠠᠯ ᠢ ᠦᠷᠭᠦᠯᠵᠢᠯᠠᠨ ᠭᠦᠷᠳᠡᠭᠡᠭᠰᠡᠨ ᠪᠠᠶᠢᠨ᠎ᠠ᠃ 2016 ᠤᠨ ᠤ ᠠᠵᠢᠯ ᠢᠶᠠᠨ ᠳ᠋ᠦᠡᠭᠨᠡᠪᠠᠯ᠂ ᠪᠢᠳᠠ ᠤᠯᠠᠨ ᠡᠷᠭᠢᠮ ᠨᠠᠨᠳᠢᠨ ᠲᠤᠷᠰᠢᠯᠭ᠎ᠠ ᠶᠢ ᠬᠤᠷᠠᠮᠳᠤᠭᠤᠯᠪᠠ᠂ ᠡᠭᠦᠨ ᠳᠤ ᠬᠠᠮᠤᠭ ᠤᠨ ᠦᠨᠳᠤᠰᠦ ᠪᠤᠯᠬᠤ ᠨᠢ᠄ ᠦᠵᠡᠯ ᠰᠠᠨᠠᠭ᠎ᠠ᠂ ᠤᠯᠤᠰ ᠲᠦᠷᠦ᠂ ᠤᠶᠢᠯᠠ ᠠᠵᠢᠯᠯᠠᠭ᠎ᠠ ᠲᠡᠭᠡᠷ᠎ᠡ ᠪᠠᠨ ᠨᠠᠮ ᠤᠨ ᠲᠦᠪ ᠬᠤᠷᠢᠶ᠎ᠠ ᠲᠠᠢ ᠲᠡᠭᠡᠳᠦ ᠭᠡᠮᠵᠢᠶ᠎ᠠ ᠪᠠᠷ ᠨᠢᠭᠡᠳᠦᠯᠳᠠᠢ ᠪᠠᠶᠢᠵᠤ᠂ ᠪᠦᠭᠦ ᠬᠤᠰᠢᠭᠤᠨ ᠤ ᠡᠯ᠎ᠡ ᠦᠨᠳᠤᠰᠦᠳᠠᠨ ᠤ ᠠᠷᠠᠳ ᠲᠦᠮᠡᠨ ᠳᠤ ᠲᠦᠰᠢᠭᠯᠡᠨ᠂ ᠰᠠᠬᠢᠨ ᠪᠠᠷᠠᠭᠠᠯᠠᠵᠤ᠂ ᠬᠠᠷᠢᠯᠴᠠᠨ ᠬᠠᠪᠰᠤᠷᠤᠯᠴᠠᠨ᠂ ᠪᠦᠯᠭᠦᠮᠳᠡᠨ ᠲᠡᠮᠡᠴᠡᠵᠤ᠂ ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠯᠤᠨ ᠬᠤᠰᠢᠭᠤ ᠨᠠᠮ  ᠤᠨ ᠬᠤᠷᠢᠶᠠᠨ ᠤ ᠡᠯ᠎ᠡ ᠲᠦᠷᠦᠯ ᠤᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ ᠦᠷᠭᠦᠯᠵᠢᠯᠡᠭᠰᠡᠨ ᠭᠦᠭᠵᠢᠯᠳᠠ ᠶᠢ ᠭᠦᠳᠦᠯᠦᠨ ᠲᠠᠭᠠᠭᠤᠯᠪᠠ᠃ ᠡᠨᠡ ᠪᠤᠯ ᠪᠢᠳᠠᠨ ᠤ 2016 ᠤᠨ ᠳᠤ ᠤᠯᠤᠭᠰᠠᠨ ᠠᠵᠢᠯ ᠤᠨ ᠠᠮᠵᠢᠯᠳᠠ ᠶᠢᠨ ᠦᠨᠳᠤᠰᠦᠨ ᠰᠢᠯᠳᠠᠭᠠᠨ ᠮᠦᠨ᠂ ᠮᠦᠨᠴᠤ ᠪᠢᠳᠠᠨ ᠤ 2017 ᠤᠨ ᠤ ᠰᠢᠨ᠎ᠠ ᠶᠢ ᠡᠭᠦᠳᠴᠤ ᠨᠡᠭᠡᠭᠡᠨ ᠤᠷᠤᠭᠰᠢᠯᠠᠬᠤ ᠶᠢᠨ ᠦᠨᠳᠤᠰᠦᠨ ᠪᠠᠳᠤᠯᠠᠭ᠎ᠠ ᠪᠤᠯᠬᠤ ᠨᠢ ᠭᠠᠷᠴᠠᠭ᠎ᠠ ᠦᠭᠡᠢ᠃ ᠪᠢᠳᠠ ᠡᠷᠭᠡᠪᠰᠢ ᠭᠢᠯᠪᠠᠷ ᠪᠤᠰᠤ ᠠᠮᠵᠢᠯᠳᠠ ᠪᠤᠯᠤᠨ ᠡᠷᠭᠢᠮ ᠨᠠᠨᠳᠢᠨ ᠲᠤᠷᠰᠢᠯᠭ᠎ᠠ ᠪᠠᠨ ᠤᠯᠠᠮ ᠨᠠᠨᠳᠢᠩᠨᠠᠵᠤ᠂ ᠰᠢᠨ᠎ᠠ ᠨᠢᠭᠡᠨ ᠲᠡᠤᠭᠡᠨ ᠵᠤᠭᠰᠤᠴᠠ ᠠᠴᠠ ᠪᠦᠭᠦ ᠬᠤᠰᠢᠭᠤᠨ ᠤ ᠦᠭᠡᠷᠡᠴᠢᠯᠠᠯᠳᠠ ᠨᠡᠭᠡᠭᠡᠯᠳᠠ ᠪᠤᠯᠤᠨ ᠤᠳᠤᠬᠢᠴᠢᠯᠠᠯᠳᠠ ᠶᠢᠨ ᠪᠠᠶᠢᠭᠤᠯᠤᠯᠳᠠ  ᠶᠢ ᠲᠠᠰᠤᠷᠠᠯᠳᠠ ᠦᠭᠡᠢ ᠲᠦᠯᠬᠢᠨ ᠠᠬᠢᠭᠤᠯᠬᠤ ᠭᠡᠷᠡᠭᠳᠠᠢ ᠪᠠᠶᠢᠨ᠎ᠠ᠃     ᠲᠦᠯᠦᠭᠡᠯᠡᠭᠴᠢᠳ ᠡ᠂ ᠦᠡᠭᠭᠡᠷᠡᠭᠰᠡᠨ ᠨᠢᠭᠡ ᠵᠢᠯ ᠳᠤ ᠪᠢᠳᠠᠨ ᠤ ᠤᠯᠤᠭᠰᠠᠨ ᠠᠮᠵᠢᠯᠳᠠ ᠬᠢᠯᠪᠠᠷ ᠪᠤᠰᠤ ᠶᠤᠮ ᠃ ᠡᠳᠡᠭᠡᠷ ᠠᠮᠵᠢᠯᠳᠠ ᠪᠦᠳᠦᠮᠵᠢ ᠤᠳ ᠪᠤᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠯᠤᠨ ᠬᠤᠰᠢᠭᠤ ᠨᠠᠮ  ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ᠂ ᠭᠤᠶᠢᠪᠢᠰᠢ ᠦᠭᠡᠢ ᠰᠢᠢᠳᠪᠤᠷᠢᠳᠤ ᠪᠤᠳᠤᠯᠭ᠎ᠠ ᠶᠢᠨ ᠦᠷ᠎ᠡ ᠳ᠋ᠦᠡᠭ ᠮᠦᠨ᠂ ᠮᠦᠨᠴᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠬᠠᠯᠠᠮᠵᠢ ᠲᠡᠮᠵᠢᠯᠭᠡ ᠶᠢᠨ ᠦᠷ᠎ᠡ ᠳ᠋ᠦᠡᠭ ᠮᠦᠨ᠂ ᠮᠦᠨᠴᠦ ᠪᠦᠭᠦ ᠬᠤᠰᠢᠭᠤᠨ ᠤ ᠡᠯ᠎ᠡ ᠦᠨᠳᠤᠰᠦᠳᠠᠨ ᠤ ᠺᠠᠳ᠋ᠷ ᠤᠯᠠᠨ ᠲᠦᠮᠡᠨ ᠤ ᠬᠠᠮᠳᠤ ᠶᠢᠨ ᠴᠢᠷᠮᠠᠶᠢᠯᠭ᠎ᠠ᠂ ᠪᠦᠯᠭᠦᠮᠳᠠᠨ ᠲᠡᠮᠡᠴᠡᠭᠰᠡᠨ ᠤ ᠦᠷ᠎ᠡ ᠳ᠋ᠦᠡᠭ ᠮᠦᠨ᠃ ᠠᠳᠠ ᠪᠢ᠂ ᠬᠤᠰᠢᠭᠤ ᠵᠠᠰᠠᠭ ᠤᠨ ᠤᠷᠳᠤᠨ ᠤ ᠡᠮᠦᠨ᠎ᠠ ᠠᠴᠠ ᠪᠦᠭᠦ ᠬᠤᠰᠢᠭᠤᠨ ᠤ ᠡᠯ᠎ᠡ ᠦᠨᠳᠤᠰᠦᠳᠠᠨ ᠤ ᠠᠷᠠᠳ ᠲᠦᠮᠡᠨ᠂ ᠪᠠᠷᠠᠭᠤᠨ ᠦᠵᠦᠮᠦᠴᠢᠨ ᠬᠤᠰᠢᠭᠤᠨ ᠤ ᠦᠭᠡᠷᠡᠴᠢᠯᠠᠯᠳᠠ ᠭᠦᠭᠵᠢᠯᠳᠠ ᠪᠠ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠳᠤ ᠬᠤᠪᠢ ᠨᠡᠮᠡᠷᠢ ᠪᠠᠨ ᠬᠠᠷᠠᠮ ᠦᠭᠡᠢ ᠵᠤᠷᠢᠭᠤᠯᠤᠭᠰᠠᠨ ᠪᠦᠭᠦ ᠨᠦᠭᠦᠳ ᠪᠠ ᠪᠠᠷᠠᠭᠤᠨ ᠦᠵᠦᠮᠦᠴᠢᠨ ᠬᠤᠰᠢᠭᠤᠨ ᠤ ᠭᠦᠭᠵᠢᠯᠳᠠ ᠴᠡᠴᠡᠭᠯᠠᠯᠳᠠ ᠶᠢ ᠠᠩᠬᠠᠷᠤᠨ ᠬᠠᠯᠠᠮᠵᠢᠯᠠᠭᠰᠠᠭᠠᠷ ᠢᠷᠡᠭᠰᠡᠨ ᠪᠦᠭᠦ ᠨᠠᠶᠢᠵᠠ ᠨᠠᠷ ᠲᠠᠭᠠᠨ ᠴᠢᠩ ᠰᠡᠳᠬᠢᠯ ᠤᠨ ᠲᠠᠯᠠᠷᠬᠠᠯ ᠪᠤᠯᠤᠨ ᠡᠷᠭᠢᠮ ᠲᠡᠭᠡᠳᠦ ᠭᠦᠨᠳᠤᠳᠭᠡᠯ ᠢᠶᠠᠨ ᠲᠡᠪᠰᠢᠭᠦᠯᠵᠤ ᠪᠠᠶᠢᠨ᠎ᠠ︕     ᠪᠢᠳᠠ ᠠᠮᠵᠢᠯᠳᠠ ᠪᠦᠳᠦᠮᠵᠢ ᠪᠠᠨ ᠤᠯᠵᠤ ᠬᠠᠷᠠᠬᠤ ᠶᠢᠨ ᠬᠠᠮᠳᠤ᠂ ᠪᠠᠷᠠᠭᠤᠨ ᠦᠵᠦᠮᠦᠴᠢᠨ ᠬᠤᠰᠢᠭᠤᠨ ᠤ ᠬᠠᠷᠠᠬᠠᠨ ᠭᠦᠭᠵᠢᠭᠡ ᠦᠭᠡᠢ ᠦᠨᠳᠦᠰᠦᠨ ᠪᠠᠶᠢᠳᠠᠯ᠂ ᠭᠦᠭᠵᠢᠯᠳᠠ ᠶᠢᠨ ᠲᠤᠮᠳᠠ ᠲᠡᠩᠴᠡᠭᠦᠷᠢ ᠦᠭᠡᠢ᠂ ᠵᠤᠬᠢᠴᠠᠩᠭᠤᠢ ᠪᠤᠰᠤ᠂ ᠦᠷᠭᠦᠯᠵᠢᠯᠡᠭᠦᠶᠢᠴᠠ ᠪᠤᠰᠤ ᠠᠰᠠᠭᠤᠳᠠᠯ ᠪᠠᠰᠠᠴᠤ ᠤᠷᠤᠰᠢᠵᠤ ᠪᠠᠶᠢᠬᠤ ᠶᠢ ᠰᠡᠷᠭᠡᠭ ᠢᠶᠠᠷ ᠲᠠᠨᠢᠬᠤ ᠭᠡᠷᠡᠭᠳᠠᠢ᠃ ᠲᠤᠭᠳᠠᠭᠤᠨ ᠨᠡᠮᠡᠭᠳᠡᠯ ᠢ ᠪᠡᠶᠡᠯᠡᠭᠦᠯᠬᠦ ᠲᠠᠷᠤᠭᠠᠰᠤ ᠨᠡᠯᠢᠶᠠᠳ ᠬᠦᠨᠳᠤ᠂ ᠭᠡᠰᠡᠭ ᠠᠵᠤ ᠠᠬᠤᠶᠢᠯᠠᠯ ᠤᠨ ᠤᠶᠢᠯᠠᠳᠪᠤᠷᠢᠯᠠᠯ ᠡᠵᠡᠩᠨᠡᠯᠳᠠ ᠭᠦᠴᠢᠷᠳᠠᠯ ᠲᠤᠯᠭᠠᠷᠠᠵᠤ ᠪᠠᠶᠢᠨ᠎ᠠ︔ ᠠᠵᠤ ᠤᠶᠢᠯᠠᠰ ᠤᠨ ᠭᠡᠯᠪᠡᠷᠢ  ᠪᠠᠨ ᠬᠤᠪᠢᠷᠠᠭᠤᠯᠬᠤ ᠡᠭᠦᠷᠭᠡ ᠬᠠᠳᠠᠭᠤ ᠪᠡᠷᠭᠡᠰᠢᠶᠠᠯᠳᠠᠢ ᠪᠠᠶᠢᠵᠤ᠂ ᠤᠳᠤᠬᠢᠴᠢᠯᠠᠭᠰᠠᠨ ᠤᠶᠢᠯᠡᠴᠢᠯᠡᠭᠡᠨ ᠤ ᠤᠶᠢᠯᠠᠰ ᠪᠤᠯᠤᠨ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠭᠰᠠᠨ ᠠᠵᠤ ᠤᠶᠢᠯᠠᠰ ᠤᠨ ᠭᠦᠭᠵᠢᠯᠳᠠ ᠭᠦᠷᠦᠯᠴᠡᠭᠦ ᠦᠭᠡᠢ ᠪᠠᠶᠢᠨ᠎ᠠ︔ ᠰᠢᠨ᠎ᠠ ᠶᠢ ᠡᠭᠦᠳᠭᠦ ᠭᠦᠭᠵᠢᠯᠳᠠ ᠶᠢᠨ ᠴᠢᠳᠠᠪᠤᠷᠢ ᠴᠢᠩᠭ᠎ᠠ ᠪᠤᠰᠤ᠂ ᠴᠢᠳᠠᠪᠤᠷᠢᠳᠠᠨ  ᠤ ᠡᠬᠢ ᠪᠠᠶᠠᠯᠢᠭ ᠲᠤᠳᠠᠮᠠᠭ ᠪᠠᠶᠢᠨ᠎ᠠ︔ ᠬᠤᠳᠠ ᠭᠦᠳᠡᠭᠡ ᠶᠢᠨ ᠭᠦᠭᠵᠢᠯᠳᠠ ᠲᠡᠩᠴᠡᠭᠦᠷᠢ ᠦᠭᠡᠢ᠂ ᠰᠠᠭᠤᠷᠢ ᠲᠦᠭᠦᠭᠡᠷᠦᠮᠵᠢ ᠶᠢᠨ ᠪᠠᠳᠤᠯᠠᠨ ᠲᠤᠯᠭᠠᠭᠤᠷᠢᠯᠠᠬᠤ ᠴᠢᠳᠠᠪᠤᠷᠢ ᠰᠤᠯᠠ︔ ᠰᠢᠨ᠎ᠠ ᠪᠠᠷ ᠨᠡᠮᠡᠭᠳᠡᠭᠰᠡᠨ ᠭᠠᠶᠢᠯᠢ ᠶᠢᠨ ᠢᠷᠠᠯᠳᠠ ᠪᠠᠭ᠎ᠠ᠂ ᠲᠤᠭᠳᠠᠮᠠᠯ ᠵᠠᠷᠤᠯᠭ᠎ᠠ ᠦᠷᠭᠦᠯᠵᠢᠯᠠᠨ ᠨᠡᠮᠡᠭᠳᠡᠵᠤ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ  ᠶᠢᠨ ᠵᠦᠷᠢᠴᠡᠯ ᠲᠤᠪᠤᠶᠢᠮ᠎ᠠ ᠪᠤᠢ︔ ᠤᠷᠴᠢᠨ ᠲᠤᠭᠤᠷᠢᠨ ᠤ ᠠᠰᠠᠭᠤᠳᠠᠯ ᠪᠤᠯᠤᠨ ᠠᠶᠤᠯᠭᠦᠢ ᠤᠶᠢᠯᠠᠳᠪᠤᠷᠢᠯᠠᠯ ᠤᠨ ᠠᠵᠢᠯ ᠢ ᠪᠠᠰᠠ ᠴᠢᠩᠭᠠᠳᠬᠠᠬᠤ ᠴᠢᠬᠤᠯᠠᠳᠠᠢ ᠪᠠᠶᠢᠬᠤ ᠶᠢ ᠪᠠᠰᠠ ᠰᠡᠷᠭᠡᠭ ᠢᠶᠠᠷ ᠤᠯᠵᠤ ᠲᠠᠨᠢᠬᠤ ᠭᠡᠷᠡᠭᠳᠠᠢ᠃ ᠪᠢᠳᠠ ᠰᠠᠨᠠᠭᠠᠰᠢᠷᠠᠬᠤ ᠤᠬᠠᠮᠰᠠᠷ ᠪᠤᠯᠤᠨ ᠬᠠᠷᠢᠭᠤᠴᠠᠯᠭ᠎ᠠ ᠡᠭᠦᠷᠭᠡᠯᠡᠭᠦ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠰᠠᠭᠤᠳᠠᠯ ᠳᠤ ᠰᠢᠭᠤᠳ ᠬᠠᠨᠳᠤᠨ᠂ ᠠᠰᠠᠭᠤᠳᠠᠯ ᠢ ᠰᠢᠢᠳᠪᠤᠷᠢᠯᠠᠵᠤ᠂ ᠵᠠᠰᠠᠭ ᠤᠨ ᠤᠷᠳᠤᠨ ᠤ ᠠᠵᠢᠯ ᠢ ᠪᠦᠭᠦ ᠭᠦᠴᠦᠨ ᠢᠶᠠᠷ ᠢᠶᠠᠨ ᠰᠠᠶᠢᠳᠤᠷ ᠬᠢᠭᠦ ᠭᠡᠷᠡᠭᠳᠠᠢ ᠪᠠᠶᠢᠨ᠎ᠠ᠃     ᠬᠤᠶᠠᠷ᠂ 2017 ᠤᠨ ᠤ ᠭᠤᠤᠯᠳᠠᠯᠭ᠎ᠠ ᠲᠠᠢ ᠠᠵᠢᠯ     ᠦᠨᠦ ᠵᠢᠯ ᠪᠤᠯ ᠮᠠᠨ ᠤ ᠬᠤᠰᠢᠭᠤᠨ ᠤ ᠦᠭᠡᠷᠡᠴᠢᠯᠠᠯᠳᠠ ᠭᠦᠭᠵᠢᠯᠳᠠ ᠶᠢᠨ ᠠᠬᠢᠴᠠ ᠲᠤᠮᠳᠠᠬᠢ ᠵᠠᠩᠭᠢᠯᠠᠭ᠎ᠠ  ᠶᠢᠨ ᠨᠢᠭᠡ ᠵᠢᠯ ᠪᠤᠯᠤᠨ᠎ᠠ᠃ ᠵᠠᠰᠠᠭ ᠤᠨ ᠤᠷᠳᠤᠨ ᠤ ᠠᠵᠢᠯ ᠢ ᠰᠠᠶᠢᠳᠤᠷ ᠬᠢᠭᠦ ᠳᠤ ᠡᠷᠭᠡᠪᠰᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠭᠦᠳᠠ ᠬᠤᠷᠠᠯ ᠤᠨ ᠵᠤᠷᠢᠭ ᠰᠠᠨᠠᠭ᠎ᠠ ᠵᠢᠴᠢ ᠲᠦᠪ ᠬᠤᠷᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠡᠭ ᠶᠡᠷᠦᠩᠭᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠤᠯᠤᠨ ᠤᠯᠤᠰ ᠢ ᠵᠠᠰᠠᠵᠤ ᠲᠦᠷᠦ ᠪᠠᠷᠢᠬᠤ ᠰᠢᠨ᠎ᠠ ᠤᠶᠢᠯᠠᠭᠠᠭᠳᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠭᠦᠨᠵᠡᠭᠡᠢ ᠲᠤᠤᠱᠯᠠᠭᠤᠯᠤᠨ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯᠤᠨ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠤᠳᠠᠭᠠᠨ ᠤ ᠪᠦᠭᠦᠳᠠ ᠬᠤᠷᠠᠯ᠂ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠭᠡᠷ ᠤᠳᠠᠭᠠᠨ ᠤ ︵ᠦᠷᠭᠡᠳᠭᠡᠭᠰᠡᠨ︶ ᠬᠤᠷᠠᠯ᠂ ᠬᠤᠰᠢᠭᠤ ᠠᠷᠪᠠᠨ ᠬᠤᠶᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ᠂ ᠠᠷᠪᠠᠨ ᠬᠤᠶᠠᠳᠤᠭᠠᠷ ᠬᠤᠭᠤᠴᠠᠭᠠᠨ ᠤ ᠭᠤᠷᠪᠠᠳᠤᠭᠠᠷ ᠤᠳᠠᠭᠠᠨ ᠤ ᠪᠦᠭᠦ ᠭᠡᠰᠢᠭᠦᠳ ᠤᠨ ︵ᠦᠷᠭᠡᠳᠭᠡᠭᠰᠡᠨ︶ ᠬᠤᠷᠠᠯ ᠵᠢᠴᠢ ᠪᠦᠭᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠭᠡᠢ ᠪᠠᠶᠢᠷᠢᠯᠠᠭᠤᠯᠤᠯᠳᠠ ᠶᠢ ᠨᠢᠭᠡᠳᠦᠯᠳᠠᠢ ᠲᠦᠯᠦᠪᠵᠢᠭᠦᠯᠦᠨ ᠠᠬᠢᠭᠤᠯᠵᠤ᠂ ︽ᠲᠦᠷᠪᠠᠨ ᠪᠦᠭᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠵᠤᠬᠢᠴᠠᠭᠤᠯᠤᠨ ᠠᠬᠢᠭᠤᠯᠵᠤ᠂ ᠲᠤᠭᠳᠠᠭᠤᠨ ᠤ ᠲᠤᠮᠳᠠ ᠤᠷᠤᠭᠰᠢᠯᠠᠬᠤ ᠠᠵᠢᠯ ᠤᠨ ᠶᠡᠷᠦᠩᠭᠡᠢ ᠭᠦᠭ ᠠᠶᠠᠰ ᠢ ᠪᠠᠷᠢᠮᠳᠠᠯᠠᠨ᠂ ᠠᠵᠤ ᠠᠬᠤᠢ ᠶᠢᠨ ᠭᠦᠭᠵᠢᠯᠳᠠ ᠶᠢ ᠡᠵᠡᠮᠳᠠᠵᠤ ᠭᠦᠳᠦᠯᠦᠨ ᠲᠠᠭᠠᠭᠤᠯᠵᠦ ᠰᠢᠨ᠎ᠠ ᠭᠡᠪ ᠪᠠᠶᠢᠳᠠᠯ ᠳᠤ ᠲᠤᠬᠢᠷᠠᠯᠴᠠᠵᠤ᠂ ᠭᠦᠭᠵᠢᠯᠳᠠ ᠶᠢᠨ ᠶᠠᠰᠤ ᠴᠢᠨᠠᠷ ᠪᠤᠯᠤᠨ ᠦᠷ᠎ᠡ ᠠᠰᠢᠭ ᠢ ᠨᠡᠮᠡᠭᠳᠡᠭᠦᠯᠭᠦ  ᠪᠠᠷ ᠭᠤᠤᠯ ᠪᠤᠯᠭᠠᠬᠤ ᠶᠢ ᠪᠠᠷᠢᠮᠳᠠᠯᠠᠨ᠂ ᠭᠦᠭᠵᠢᠯᠳᠠ ᠶᠢᠨ ᠰᠢᠨ᠎ᠠ ᠤᠶᠢᠯᠠᠭᠠᠭᠳᠠᠬᠤᠨ ᠢ ᠪᠠᠳᠤ ᠪᠠᠬᠢ ᠪᠤᠯᠭᠠᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠨᠭ᠍ᠭᠠᠯᠭ᠎ᠠ ᠶᠢᠨ ᠲᠠᠯ᠎ᠠ ᠳᠠᠬᠢ ᠪᠦᠳᠦᠴᠠ ᠶᠢᠨ ᠴᠢᠨᠠᠷᠳᠠᠢ ᠦᠭᠡᠷᠡᠴᠢᠯᠠᠯᠳᠠ  ᠶᠢ ᠠᠬᠢᠭᠤᠯᠬᠤ ᠪᠠᠷ ᠭᠤᠤᠯ ᠱᠤᠭᠤᠮ ᠪᠤᠯᠭᠠᠨ᠂ ᠭᠦᠭᠵᠢᠯᠳᠠ᠂ ᠠᠮᠢ ᠠᠬᠤᠢ ᠪᠤᠯᠤᠨ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠳᠤ ᠰᠠᠬᠢᠬᠤ ᠶᠢ ᠪᠠᠷᠢᠮᠳᠠᠯᠠᠵᠤ᠂ ︽ᠲᠠᠪᠤᠵᠢᠯᠳᠠ︾ ᠶᠢ ᠵᠤᠬᠢᠴᠠᠭᠤᠯᠬᠤ᠂ ᠭᠡᠯᠪᠡᠷᠢ ᠶᠢ ᠬᠤᠪᠢᠷᠠᠭᠤᠯᠤᠨ ᠲᠡᠰᠵᠢᠭᠦᠯᠭᠦ ᠶᠢ ᠪᠦᠭᠦ ᠭᠦᠴᠦᠨ ᠢᠶᠠᠷ ᠠᠬᠢᠭᠤᠯᠵᠤ᠂ ᠨᠡᠮᠡᠭᠳᠡᠯ ᠢ ᠲᠤᠭᠳᠠᠪᠤᠷᠢᠵᠢᠭᠤᠯᠬᠤ᠂ ᠪᠦᠳᠦᠴᠠ ᠶᠢ ᠲᠤᠬᠢᠷᠠᠭᠤᠯᠬᠤ᠂ ᠦᠭᠡᠷᠡᠴᠢᠯᠠᠯᠳᠠ ᠶᠢ ᠠᠬᠢᠭᠤᠯᠬᠤ᠂ ᠠᠮᠢ ᠠᠬᠤᠢ ᠶᠢ ᠪᠠᠳᠤᠯᠠᠬᠤ᠂ ᠰᠠᠭᠤᠷᠢ ᠶᠢ ᠪᠠᠬᠢᠵᠢᠭᠦᠯᠭᠦ᠂ ᠬᠤᠳᠠ ᠭᠦᠳᠡᠭᠡ ᠶᠢ ᠨᠢᠭᠡᠳᠦᠯᠳᠠᠢ ᠲᠦᠯᠦᠪᠵᠢᠭᠦᠯᠭᠦ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠲᠦᠭᠰᠢᠭᠦᠷᠢ ᠶᠢ ᠰᠡᠷᠭᠡᠶᠢᠯᠡᠭᠦ ᠵᠡᠷᠭᠡ ᠡᠯ᠎ᠡ ᠲᠦᠷᠦᠯ ᠤᠨ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠤ᠂ ᠠᠵᠤ ᠠᠬᠤᠢ ᠶᠢᠨ ᠲᠤᠭᠳᠠᠭᠤᠨ ᠡᠷᠡᠭᠦᠯ ᠢᠶᠠᠷ ᠭᠦᠭᠵᠢᠭᠦ ᠪᠠ ᠨᠡᠶᠢᠭᠡᠮ ᠤᠨ ᠡᠶ᠎ᠡ ᠵᠤᠬᠢᠴᠠᠩᠭᠤᠢ ᠲᠤᠭᠳᠠᠭᠤᠨ ᠪᠠᠶᠢᠬᠤ ᠶᠢ ᠠᠬᠢᠭᠤᠯᠤᠨ᠂ ᠪᠦᠭᠦ ᠠᠶᠢᠮᠠᠭ ᠤᠨ ᠦᠭᠡᠷᠡᠴᠢᠯᠠᠯᠳᠠ ᠭᠦᠭᠵᠢᠯᠳᠠ ᠶᠢᠨ ᠬᠤᠰᠢᠭᠤᠴᠢ ᠪᠤᠯᠬᠤ ᠪᠠᠷ ᠴᠢᠷᠮᠠᠶᠢᠵᠤ᠂ ᠰᠢᠯᠢᠳᠡᠭ ᠪᠦᠳᠦᠮᠵᠢ ᠪᠠᠷ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠᠳᠠᠢ ᠬᠤᠷᠠᠯᠳᠤᠬᠤ ᠶᠢ ᠤᠭᠳᠤᠨ᠎ᠠ᠃     ᠭᠤᠤᠯ ᠵᠢᠱᠢᠭᠰᠡᠨ ᠬᠠᠷᠠᠯᠳᠠ ᠪᠤᠯ᠄ ᠭᠠᠵᠠᠷ ᠤᠷᠤᠨ ᠤ ᠤᠶᠢᠯᠠᠳᠪᠤᠷᠢᠯᠠᠯ ᠤᠨ ᠶᠡᠷᠦᠩᠭᠡᠢ ᠦᠷᠳᠡᠭ ᠢ 123.7 ᠳ᠋ᠦᠡᠭᠰᠢᠭᠤᠷ ᠲᠦᠭᠦᠷᠢᠭ ᠲᠤ ᠭᠦᠷᠭᠡᠵᠤ᠂ 8.2% ᠢᠶᠠᠷ ᠨᠡᠮᠡᠭᠳᠡᠭᠦᠯᠦᠨ᠎ᠠ᠃ ᠡᠭᠦᠨ ᠳᠤ᠄ ᠨᠢᠭᠡᠳᠦᠭᠡᠷ ᠠᠵᠤ ᠤᠶᠢᠯᠠᠰ ᠤᠨ ᠨᠡᠮᠡᠭᠳᠡᠯ ᠦᠷᠳᠡᠭ ᠢ 17.2 ᠳ᠋ᠦᠡᠭᠰᠢᠭᠤᠷ ᠲᠦᠭᠦᠷᠢᠭ ᠲᠤ ᠭᠦᠷᠭᠡᠵᠤ᠂ 4.3% ᠪᠠᠷ ᠨᠡᠮᠡᠭᠳᠡᠭᠦᠯᠦᠨ᠎ᠠ᠃ ᠬᠤᠶᠠᠳᠤᠭᠠᠷ ᠠᠵᠤ ᠤᠶᠢᠯᠠᠰ ᠤᠨ ᠨᠡᠮᠡᠭᠳᠡᠯ ᠦᠷᠳᠡᠭ ᠢ 85.9 ᠳ᠋ᠦᠡᠭᠰᠢᠭᠤᠷ ᠲᠦᠭᠦᠷᠢᠭ ᠲᠤ ᠭᠦᠷᠭᠡᠵᠤ᠂ 8.6% ᠪᠠᠷ ᠨᠡᠮᠡᠭᠳᠡᠭᠦᠯᠦᠨ᠎ᠠ᠃ ᠭᠤᠷᠪᠠᠳᠤᠭᠠᠷ ᠠᠵᠤ ᠤᠶᠢᠯᠠᠰ ᠤᠨ ᠨᠡᠮᠡᠭᠳᠡᠯ ᠦᠷᠳᠡᠭ ᠢ 20.6 ᠳ᠋ᠦᠡᠭᠰᠢᠭᠤᠷ ᠲᠦᠭᠦᠷᠢᠭ ᠲᠤ ᠭᠦᠷᠭᠡᠵᠤ᠂ 10% ᠪᠠᠷ ᠨᠡᠮᠡᠭᠳᠡᠭᠦᠯᠦᠨ᠎ᠠ᠃ ᠪᠦᠭᠦ ᠨᠡᠶᠢᠭᠡᠮ ᠤᠨ ᠲᠤᠭᠳᠠᠮᠠᠯ ᠭᠦᠷᠦᠩᠭᠡ ᠶᠢᠨ ᠪᠡᠯᠡ ᠤᠷᠤᠭᠤᠯᠤᠯᠳᠠ ᠶᠢ 115.4 ᠳ᠋ᠦᠡᠭᠰᠢᠭᠤᠷ ᠲᠦᠭᠦᠷᠢᠭ ᠲᠤ ᠭᠦᠷᠭᠡᠵᠤ᠂ 14% ᠪᠠᠷ ᠨᠡᠮᠡᠭᠳᠡᠭᠦᠯᠦᠨ᠎ᠠ᠃ ᠡᠩ ᠤᠨ ᠤᠯᠠᠨ ᠨᠠᠶᠢᠳᠠ ᠶᠢᠨ ᠡᠳ᠋ ᠤᠨ ᠵᠠᠰᠠᠭ ᠤᠨ  ᠳᠦᠰᠦᠪ ᠤᠨ ᠤᠷᠤᠯᠭ᠎ᠠ ᠶᠢ 21.8 ᠳ᠋ᠦᠡᠭᠰᠢᠭᠤᠷ ᠲᠦᠭᠦᠷᠢᠭ ᠲᠤ ᠭᠦᠷᠭᠡᠵᠤ᠂ 5.3% ᠪᠠᠷ ᠨᠡᠮᠡᠭᠳᠡᠭᠦᠯᠦᠨ᠎ᠠ᠃ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠭᠦᠮᠦᠨ ᠲᠤᠮᠳᠠᠴᠢ ᠶᠢᠨ ᠬᠤᠪᠢᠶᠠᠷᠢᠯᠠᠵᠤ ᠪᠤᠯᠬᠤᠶᠢᠴᠠ ᠤᠷᠤᠯᠭ᠎ᠠ ᠶᠢ 36420 ᠲᠦᠭᠦᠷᠢᠭ ᠲᠤ ᠭᠦᠷᠭᠡᠵᠤ᠂ 8.6% ᠪᠠᠷ ᠨᠡᠮᠡᠭᠳᠡᠭᠦᠯᠦᠨ᠎ᠠ᠃ ᠮᠠᠯᠵᠢᠬᠤ ᠤᠷᠤᠨ ᠤ ᠪᠠᠶᠢᠡᠭᠭᠤ ᠶᠢᠨ ᠰᠠᠭᠤᠭᠠᠯᠢ ᠠᠷᠠᠳ ᠤᠨ ᠭᠦᠮᠦᠨ ᠲᠤᠮᠳᠠᠴᠢ ᠶᠢᠨ ᠬᠤᠪᠢᠶᠠᠷᠢᠯᠠᠵᠤ ᠪᠤᠯᠬᠤᠶᠢᠴᠠ ᠤᠷᠤᠯᠭ᠎ᠠ ᠶᠢ 23860 ᠲᠦᠭᠦᠷᠢᠭ ᠲᠤ ᠭᠦᠷᠭᠡᠵᠤ᠂ 9% ᠪᠠᠷ ᠨᠡᠮᠡᠭᠳᠡᠭᠦᠯᠦᠨ᠎ᠠ᠃ ᠪᠦᠭᠦ ᠨᠡᠶᠢᠭᠡᠮ ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠯᠳᠠ ᠶᠢᠨ ᠶᠡᠷᠦᠩᠭᠡᠢ ᠦᠷᠳᠡᠭ ᠢ 22.5 ᠳ᠋ᠦᠡᠭᠰᠢᠭᠤᠷ ᠲᠦᠭᠦᠷᠢᠭ ᠲᠤ ᠭᠦᠷᠭᠡᠵᠤ᠂ 10% ᠪᠠᠷ ᠨᠡᠮᠡᠭᠳᠡᠭᠦᠯᠦᠨ᠎ᠠ᠃ ᠲᠡᠭᠡᠳᠤ ᠱᠠᠳᠤᠨ ᠠᠴᠠ ᠪᠠᠭᠤᠯᠭᠠᠭᠰᠠᠨ ᠡᠯ᠎ᠡ ᠲᠦᠷᠦᠯ ᠤᠨ ᠬᠢᠵᠠᠭᠠᠷᠯᠠᠯ ᠤᠨ ᠴᠢᠨᠠᠷᠳᠠᠢ ᠭᠦᠢᠴᠡᠳᠭᠡᠯ ᠲᠤᠭᠠᠨ ᠤ ᠡᠭᠦᠷᠭᠡ ᠶᠢ ᠪᠦᠭᠦ ᠲᠠᠯ᠎ᠠ ᠪᠠᠷ ᠪᠡᠶᠡᠯᠡᠭᠦᠯᠦᠨ᠎ᠠ᠃     ᠡᠳᠡᠭᠡᠷ ᠵᠢᠱᠢᠭᠰᠡᠨ ᠬᠠᠷᠠᠯᠳᠠ ᠪᠤᠯ ᠪᠢᠳᠠᠨ ᠤ ᠤᠳᠤ ᠶᠢᠨ ᠲᠤᠯᠭᠠᠷᠠᠵᠤ ᠪᠠᠶᠢᠭ᠎ᠠ ᠴᠠᠭ ᠤᠨ ᠪᠠᠶᠢᠳᠠᠯ ᠪᠤᠯᠤᠨ ᠡᠭᠦᠷᠭᠡ ᠶᠢ ᠨᠢᠭᠡᠳᠦᠯᠳᠠᠢ ᠲᠦᠯᠦᠪᠵᠢᠭᠦᠯᠦᠨ ᠪᠤᠳᠤᠯᠬᠢᠯᠠᠵᠤ᠂ ᠬᠤᠰᠢᠭᠤ ᠠᠷᠪᠠᠨ ᠬᠤᠶᠠᠳᠤᠭᠠᠷ ᠤᠳᠠᠭᠠᠨ ᠤ ᠨᠠᠮ  ᠤᠨ ᠲᠦᠯᠦᠭᠡᠯᠡᠭᠴᠢᠳ ᠤᠨ ᠶᠡᠭᠡ ᠬᠤᠷᠠᠯ ᠪᠤᠯᠤᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ  ᠶᠢᠨ ᠬᠤᠭᠤᠴᠠᠭᠠᠨ ᠤ ᠬᠠᠷᠠᠯᠳᠠ ᠲᠠᠢ ᠬᠤᠯᠪᠤᠭᠳᠠᠭᠤᠯᠤᠨ ᠪᠤᠳᠤᠯᠬᠢᠯᠠᠵᠤ᠂ ᠪᠠᠰᠠᠴᠤ ᠡᠯ᠎ᠡ ᠲᠠᠯ᠎ᠠ ᠶᠢᠨ ᠲᠤᠯᠭᠠᠭᠤᠷᠢᠯᠠᠬᠤ ᠨᠦᠭᠦᠴᠡᠯ ᠢ ᠪᠤᠳᠤᠯᠬᠢᠯᠠᠨ᠂ ᠭᠡᠷᠡᠭᠴᠡᠭᠡ ᠪᠤᠯᠤᠨ ᠪᠤᠯᠤᠯᠴᠠᠭ᠎ᠠ ᠳᠤ ᠰᠠᠭᠤᠷᠢᠯᠠᠵᠤ᠂ ᠶᠡᠷᠦᠩᠭᠡᠢ  ᠳᠤᠨᠢ ᠲᠤᠩᠭᠠᠭᠰᠠᠨ ᠤ ᠲᠠᠷᠠᠭ᠎ᠠ ᠲᠤᠭᠳᠠᠭᠠᠭᠰᠠᠨ ᠬᠠᠷᠠᠯᠳᠠ ᠶᠤᠮ᠃ ᠡᠨᠡᠭᠦ ᠪᠠᠶᠢᠷᠢᠯᠠᠭᠤᠯᠤᠯᠳᠠ ᠨᠢ ᠡᠯ᠎ᠡ ᠲᠠᠯ᠎ᠠ ᠶᠢᠨ ᠢᠳᠡᠪᠬᠢᠵᠢᠯ ᠢ ᠲᠠᠶᠢᠴᠢᠯᠠᠬᠤ ᠳᠤ ᠠᠰᠢᠬᠳᠠᠢ ᠮᠦᠷᠳᠡᠭᠡᠨ ᠠᠵᠤ ᠠᠬᠤᠢ ᠶᠢᠨ ᠭᠡᠯᠪᠡᠷᠢ ᠶᠢ ᠬᠤᠪᠢᠷᠠᠭᠤᠯᠤᠨ ᠲᠡᠰᠵᠢᠭᠦᠯᠭᠦ ᠶᠢ ᠠᠬᠢᠭᠤᠯᠬᠤ ᠳᠤ ᠠᠰᠢᠬᠳᠠᠢ ᠶᠤᠮ᠃     ᠪᠢᠳᠠᠨ ᠤ ᠮᠡᠳᠡᠭᠡᠵᠢ ᠪᠠᠷ ᠤᠯᠤᠰ ᠤᠨ ᠲᠤᠳᠤᠭᠠᠳᠤ ᠭᠠᠳᠠᠭᠠᠳᠤ ᠳᠠᠬᠢ ᠠᠵᠤ ᠠᠬᠤᠢ ᠶᠢᠨ ᠪᠠᠶᠢᠳᠠᠯ ᠪᠤᠳᠤᠯᠢᠶᠠᠨᠳᠠᠢ ᠮᠦᠷᠳᠡᠭᠡᠨ ᠬᠠᠳᠠᠭᠤᠵᠢᠯᠳᠠᠢ᠂ ᠠᠵᠤ ᠠᠬᠤᠢ ᠦᠷᠭᠦᠯᠵᠢᠯᠠᠨ ᠪᠠᠭᠤᠷᠠᠵᠤ ᠪᠠᠶᠢᠭ᠎ᠠ ᠪᠠᠶᠢᠳᠠᠯ ᠲᠤᠤᠷ᠎ᠠ᠂ ᠡᠳᠡᠭᠡᠷ ᠬᠠᠷᠠᠯᠳᠠ ᠶᠢ ᠪᠡᠶᠡᠯᠡᠭᠦᠯᠭᠦ ᠳᠤ ᠬᠢᠯᠪᠠᠷ ᠪᠤᠰᠤ ᠶᠤᠮ᠃ ᠪᠢᠳᠠ ᠡᠷᠭᠡᠪᠰᠢ ᠭᠦᠴᠢᠷ ᠢ ᠢᠯᠠᠨ ᠲᠠᠪᠠᠭ᠋ᠤ ᠭᠦᠢᠴᠡᠳ ᠪᠡᠯᠡᠳᠭᠡᠯ ᠲᠠᠢ ᠪᠠᠶᠢᠬᠤ ᠭᠡᠷᠡᠭᠳᠠᠢ᠃ ᠪᠢᠳᠠ ᠪᠠᠰᠠ ᠮᠠᠨ ᠤ ᠬᠤᠰᠢᠭᠤᠨ ᠤ ᠤᠬᠢ ᠰᠠᠶᠢᠨ ᠭᠦᠭᠵᠢᠯᠳᠠ  ᠶᠢᠨ ᠲᠠᠪᠠᠭᠤᠯᠢᠭ᠂ ᠭᠦᠭᠵᠢᠯᠳᠠ ᠶᠢᠨ ᠰᠠᠭᠤᠷᠢ ᠪᠤᠯᠤᠨ ᠭᠦᠭᠵᠢᠯᠳᠠ ᠶᠢᠨ ᠲᠠᠯᠳᠠ ᠭᠦᠴᠦᠨ ᠢ ᠤᠯᠵᠤ ᠬᠠᠷᠠᠬᠤ ᠭᠡᠷᠡᠭᠳᠠᠢ᠃ ᠤᠯᠤᠰ ᠤᠨ ︽ᠨᠢᠭᠡ ᠪᠦᠰᠠ ᠨᠢᠭᠡ ᠵᠠᠮ︾ ᠤᠨ ᠪᠠᠶᠢᠭᠤᠯᠤᠯᠳᠠ᠂ ᠪᠡᠭᠡᠵᠢᠩ ᠲᠢᠶᠠᠨᠵᠢᠨ ᠾᠧᠪᠸᠢ ᠶᠢ ᠵᠤᠬᠢᠴᠠᠭᠤᠯᠤᠨ ᠭᠦᠭᠵᠢᠭᠦᠯᠭᠦ᠂ ᠪᠠᠷᠠᠭᠤᠨ ᠤᠷᠤᠨ ᠢ ᠶᠡᠭᠡᠪᠡᠷ ᠨᠡᠭᠡᠭᠡᠨ ᠭᠦᠭᠵᠢᠭᠦᠯᠭᠦ᠂ ᠰᠢᠨ᠎ᠠ ᠨᠢᠭᠡ ᠡᠭᠡᠯᠵᠢ ᠶᠢᠨ ᠵᠡᠭᠦᠨ ᠬᠤᠶᠢᠳᠤ ᠤᠷᠤᠨ ᠢ ᠰᠡᠷᠭᠦᠭᠡᠨ ᠮᠠᠨᠳᠤᠭᠤᠯᠬᠤ᠂ ᠬᠢᠯᠢ ᠲᠠᠭᠠᠤ ᠤᠷᠤᠨ ᠢ ᠨᠡᠭᠡᠭᠡᠨ ᠭᠦᠭᠵᠢᠭᠦᠯᠭᠦ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠤᠷᠠᠳᠤᠭᠰᠠᠨ ᠵᠡᠭᠦᠨ ᠭᠡᠰᠡᠭ ᠤᠨ ᠠᠶᠢᠮᠠᠭ ᠬᠤᠳᠠ ᠶᠢ ᠰᠡᠷᠭᠦᠭᠡᠨ ᠮᠠᠨᠳᠤᠭᠤᠯᠬᠤ ᠲᠦᠷᠦ ᠶᠢᠨ ᠪᠤᠳᠤᠯᠭ᠎ᠠ ᠶᠢᠨ ᠠᠵᠠ ᠲᠤᠬᠢᠶᠠᠯ ᠢ ᠰᠠᠶᠢᠳᠤᠷ ᠠᠳᠬᠤᠵᠤ᠂ ᠬᠤᠰᠢᠭᠤ ᠠᠷᠪᠠᠨ ᠬᠤᠶᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯᠤᠨ ᠠᠷᠪᠠᠨ ᠬᠤᠶᠠᠳᠤᠭᠠᠷ ᠬᠤᠭᠤᠴᠠᠭᠠᠨ ᠤ ᠭᠤᠷᠪᠠᠳᠤᠭᠠᠷ ᠤᠳᠠᠭᠠᠨ ᠤ ᠪᠦᠭᠦ ᠭᠡᠰᠢᠭᠦᠳ ᠤᠨ ︵ᠦᠷᠭᠡᠳᠭᠡᠭᠰᠡᠨ︶ ᠬᠤᠷᠠᠯ ᠵᠢᠴᠢ ᠪᠦᠭᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠲᠡᠭᠡᠷ᠎ᠡ ᠲᠤᠭᠳᠠᠭᠠᠭᠰᠠᠨ ᠭᠦᠭᠵᠢᠯᠳᠠ ᠶᠢᠨ ᠰᠡᠳᠬᠢᠴᠠ ᠨᠢ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠭᠦᠭᠵᠢᠯᠳᠠ ᠳᠤ ᠰᠢᠨ᠎ᠠ ᠠᠮᠢᠵᠢᠷᠠᠯ ᠤᠨ ᠭᠦᠴᠦᠨ᠂ ᠰᠢᠨ᠎ᠠ ᠭᠦᠳᠡᠯᠭᠡᠭᠦ ᠭᠦᠴᠦᠨ ᠢ ᠨᠡᠮᠡᠭᠳᠡᠭᠦᠯᠭᠦ ᠨᠢ ᠲᠠᠮᠵᠢᠭ ᠦᠭᠡᠢ᠃ ᠪᠢᠳᠠ ᠡᠷᠭᠡᠪᠰᠢ ᠢᠳᠡᠭᠡᠯ ᠵᠤᠷᠢᠭ ᠢᠶᠠᠨ ᠭᠦᠪᠴᠢᠯᠠᠵᠤ᠂ ᠠᠵᠠ ᠲᠤᠬᠢᠶᠠᠯ ᠢ ᠠᠳᠬᠤᠨ᠂ ᠭᠦᠴᠢᠷ ᠪᠡᠷᠭᠡᠰᠢᠶᠠᠯ ᠢ ᠢᠯᠠᠨ ᠲᠠᠪᠠᠵᠤ᠂ ᠪᠦᠭᠦ ᠵᠢᠯ ᠤᠨ ᠡᠯ᠎ᠡ ᠲᠦᠷᠦᠯ ᠤᠨ ᠡᠭᠦᠷᠭᠡ ᠬᠠᠷᠠᠯᠳᠠ ᠶᠢ ᠪᠦᠭᠦ ᠭᠦᠴᠦᠨ ᠢᠶᠠᠷ ᠢᠶᠠᠨ ᠰᠠᠶᠢᠳᠤᠷ ᠪᠡᠶᠡᠯᠡᠭᠦᠯᠭᠦ ᠭᠡᠷᠡᠭᠳᠠᠢ᠃ ᠡᠨᠡ ᠵᠢᠯ ᠲᠤᠤᠷᠠᠬᠢ ᠭᠤᠤᠯᠳᠠᠯᠭ᠎ᠠ ᠲᠠᠢ ᠠᠵᠢᠯ ᠢ ᠰᠠᠶᠢᠳᠤᠷ ᠬᠢᠨ᠎ᠠ᠄     ︵ᠨᠢᠭᠡ︶ ᠠᠵᠣ ᠠᠬᠤᠢ ᠶᠢᠨ ᠨᠡᠮᠡᠭᠳᠡᠯ ᠢ ᠲᠣᠭᠳᠠᠭᠤᠨ ᠢᠶᠠᠷ ᠠᠬᠢᠭᠤᠯᠵᠣ᠂ ᠠᠵᠣ ᠠᠬᠤᠢ ᠶᠢᠨ ᠦᠷᠬᠦᠯᠵᠢᠯᠡᠨ ᠡᠷᠡᠭᠦᠯ ᠢᠶᠠᠷ ᠬᠦᠭᠵᠢᠬᠦ ᠶᠢ ᠪᠠᠳᠣᠯᠠᠨ᠎ᠠ᠃ ᠠᠵᠣ ᠠᠬᠤᠢ ᠶᠢᠨ ᠳᠠᠷᠤᠯᠲᠠ ᠪᠠ ᠮᠠᠨ ᠤ ᠬᠤᠰᠢᠭᠤᠨ ᠤ ᠠᠵᠣ ᠠᠬᠤᠢ ᠶᠢᠨ ᠬᠡᠯᠪᠡᠷᠢ ᠶᠢ ᠬᠤᠪᠢᠷᠠᠭᠤᠯᠣᠨ ᠲᠡᠰᠵᠢᠬᠦᠯᠬᠦ ᠬᠦᠭᠵᠢᠯᠳᠡ ᠶᠢᠨ ᠱᠠᠭᠠᠷᠳᠠᠯᠭ᠎ᠠ ᠳᠤ ᠬᠠᠨᠳᠣᠭᠤᠯᠣᠨ᠂ ᠡᠷᠬᠡᠪᠰᠢ ᠲᠣᠭᠳᠠᠭᠤᠨ ᠨᠡᠮᠡᠭᠳᠡᠯ ᠢ ᠲᠡᠷᠢᠬᠦᠨ ᠡᠬᠦᠷᠬᠡ ᠪᠣᠯᠭᠠᠵᠣ᠂ ᠭᠤᠣᠯᠳᠠᠯᠭ᠎ᠠ ᠲᠠᠢ ᠲᠦᠷᠦᠯ ᠵᠦᠢᠯ᠂ ᠠᠵᠤ ᠠᠬᠤᠢ ᠶᠢᠨ ᠠᠵᠢᠯᠯᠠᠭ᠎ᠠ ᠶᠢ ᠳᠤᠬᠢᠷᠠᠭᠤᠯᠬᠤ᠂ ᠪᠡᠯᠡ ᠤᠷᠤᠭᠤᠯᠤᠨ ᠪᠡᠯᠡ ᠬᠤᠷᠠᠮᠳᠤᠭᠤᠯᠬᠤ ᠶᠢ ᠪᠦᠬᠦ ᠬᠦᠴᠦᠨ ᠢᠶᠠᠷ ᠢᠶᠠᠨ ᠠᠳᠬᠤᠵᠦ᠂ ᠠᠵᠣ ᠠᠬᠤᠢ ᠶᠢᠨ ᠲᠣᠭᠳᠠᠭᠤᠨ ᠤ ᠲᠣᠮᠳᠠ ᠣᠷᠣᠭᠰᠢᠯᠠᠬᠤ᠂ ᠲᠣᠭᠳᠠᠭᠤᠨ ᠤ ᠲᠣᠮᠳᠠ ᠴᠢᠨᠠᠷᠵᠢᠬᠤ ᠶᠢ ᠪᠠᠳᠤᠯᠠᠨ᠎ᠠ᠃     ᠭᠤᠣᠯᠳᠠᠯᠭ᠎ᠠ ᠲᠠᠢ ᠲᠦᠷᠦᠯ ᠵᠦᠢᠯ ᠤᠨ ᠪᠡᠯᠡᠳᠭᠡᠯ ᠠᠵᠢᠯ ᠤᠨ ᠪᠠᠶᠢᠭᠤᠯᠣᠯᠳᠠ ᠶᠢ ᠲᠣᠭᠳᠠᠭᠤᠨ ᠢᠶᠠᠷ ᠠᠬᠢᠭᠤᠯᠣᠨ᠎ᠠ᠃ ︽ᠳᠦᠷᠦᠯ ᠵᠦᠢᠯ ᠢ ᠠᠳᠬᠤᠬᠤ ᠪᠣᠯ ᠲᠠᠷᠤᠢ ᠬᠦᠭᠵᠢᠯᠳᠡ ᠶᠢ ᠠᠳᠬᠤᠬᠤ ᠶᠠᠪᠤᠳᠠᠯ ᠪᠤᠯᠤᠨ᠎ᠠ︾ ᠭᠡᠭᠦ ᠣᠶᠢᠯᠭᠠᠭᠳᠠᠬᠤᠨ ᠢ ᠪᠠᠳᠤ ᠪᠠᠬᠢ ᠪᠣᠢ ᠪᠣᠯᠭᠠᠵᠣ᠂ ᠪᠡᠯᠡ ᠣᠷᠣᠭᠤᠯᠣᠯᠳᠠ ᠪᠠᠷ ᠨᠡᠮᠡᠭᠳᠡᠯ ᠢ ᠠᠬᠢᠭᠤᠯᠬᠤ ᠪᠠ ᠬᠡᠯᠪᠡᠷᠢ ᠪᠠᠨ ᠬᠤᠪᠢᠷᠠᠭᠤᠯᠣᠨ ᠭᠦᠭᠵᠢᠭᠦᠯᠭᠦ ᠵᠠᠩᠭᠢᠯᠠᠭ᠎ᠠ ᠶᠢᠨ ᠦᠢᠯᠡᠳᠣᠯ ᠢ ᠬᠦᠢᠴᠡᠳ  ᠪᠠᠳᠠᠷᠠᠭᠤᠯᠤᠨ᠂ ᠰᠢᠨ᠎ᠡ ᠬᠡᠪ ᠪᠠᠶᠢᠳᠠᠯ ᠲᠣᠣᠷᠠᠬᠢ ᠲᠦᠪ᠂ ᠦᠪᠡᠷᠳᠡᠭᠡᠨ ᠵᠠᠰᠠᠬᠤ ᠣᠷᠣᠨ ᠪᠠ ᠠᠶᠢᠮᠠᠭ ᠤᠨ ᠠᠵᠣ ᠦᠢᠯᠡᠰᠵᠢᠯᠳᠠ ᠶᠢᠨ ᠲᠥᠷᠦ ᠶᠢᠨ ᠪᠣᠳᠣᠯᠭ᠎ᠠ ᠪᠠ ᠪᠡᠯᠡ ᠣᠷᠣᠭᠤᠯᠣᠯᠳᠠ ᠶᠢᠨ ᠭᠤᠣᠯᠳᠠᠯᠭ᠎ᠠ ᠶᠢ ᠬᠦᠨᠵᠡᠬᠡᠢ ᠰᠣᠳᠣᠯᠵᠣ᠂ ᠣᠯᠣᠰ ᠤᠨ ︽ᠨᠢᠭᠡ ᠪᠦᠰᠡ ᠨᠢᠭᠡ ᠵᠠᠮ︾᠂ ᠰᠢᠨ᠎ᠡ ᠨᠢᠭᠡᠨ ᠡᠭᠡᠯᠵᠢ ᠶᠢᠨ ᠵᠡᠬᠦᠨ ᠬᠤᠶᠢᠳᠣ ᠣᠷᠣᠨ ᠢ ᠰᠡᠷᠭᠦᠭᠡᠨ ᠮᠠᠨᠳᠣᠭᠤᠯᠬᠤ ᠲᠦᠯᠦᠪᠵᠢᠭᠦᠯᠭᠡ ᠪᠠ ᠦᠪᠡᠷᠳᠡᠭᠡᠨ ᠵᠠᠰᠠᠬᠤ ᠣᠷᠣᠨ ᠤ ᠤᠮᠠᠷᠠᠰᠢ ᠨᠡᠬᠡᠬᠡᠨ ᠬᠦᠭᠵᠢᠬᠦᠯᠬᠦ ᠪᠠᠶᠢᠯᠳᠣᠬᠤ ᠪᠣᠳᠣᠯᠭ᠎ᠠ᠂ ᠰᠢᠯᠢ ᠶᠢᠨ ᠭᠤᠣᠯ᠂ ᠣᠯᠠᠭᠠᠨᠬᠠᠳᠠ᠂ ᠲᠦᠩᠯᠢᠶᠣᠣ ᠶᠢ ᠵᠤᠬᠢᠴᠠᠭᠤᠯᠤᠨ ᠬᠦᠭᠵᠢᠬᠦᠯᠬᠦ᠂ ︽ᠢᠨᠲ᠋ᠧᠷ ᠰᠦᠯᠵᠢᠶ᠎ᠡ +︾ ᠠᠵᠣ ᠦᠢᠯᠡᠰ ᠵᠢᠴᠢ ᠠᠷᠠᠳ ᠤᠨ ᠠᠮᠢᠳᠣᠷᠠᠯ ᠤᠨ ᠭᠦᠷᠢᠶ᠎ᠠ ᠭᠡᠪᠴᠢᠶᠠᠨ ᠤ ᠴᠢᠬᠤᠯᠠ ᠪᠠᠶᠢᠯᠳᠣᠬᠤ ᠪᠣᠳᠣᠯᠭ᠎ᠠ ᠲᠠᠢ ᠨᠢᠭᠲᠠ ᠬᠤᠯᠪᠤᠯᠳᠤᠭᠤᠯᠵᠦ᠂ ᠮᠠᠨ ᠤ ᠬᠤᠰᠢᠭᠤᠨ ᠤ ᠲᠠᠪᠠᠭᠤᠯᠢᠭ ᠣᠨᠴᠠᠯᠢᠭᠳᠣ ᠡᠬᠢ ᠪᠠᠶᠠᠯᠢᠭ ᠪᠠ ᠠᠵᠣ ᠦᠢᠯᠡᠰᠵᠢᠯᠳᠠ ᠶᠢᠨ ᠲᠦᠯᠦᠪᠵᠢᠭᠦᠯᠭᠡ ᠳᠤ ᠲᠦᠰᠢᠭᠯᠡᠨ᠂ ︽ᠨᠢᠭᠡ ᠪᠦᠯᠦᠭ ᠢ ᠲᠥᠯᠦᠪᠯᠡᠨ᠂ ᠨᠢᠭᠡ ᠪᠦᠯᠦᠭ ᠢ ᠨᠦᠭᠡᠴᠡᠯᠡᠵᠣ᠂ ᠨᠢᠭᠡ ᠪᠦᠯᠦᠭ ᠢ ᠨᠤᠲᠠᠯᠠᠨ᠂ ᠨᠢᠭᠡ ᠪᠦᠯᠦᠭ ᠢ ᠪᠦᠳᠣᠬᠡᠨ ᠪᠠᠶᠢᠭᠤᠯᠬᠤ︾ ᠲᠦᠷᠦᠯ ᠵᠦᠢᠯ ᠢ ᠠᠬᠢᠭᠤᠯᠬᠤ ᠱᠠᠭᠠᠷᠳᠠᠯᠭ᠎ᠠ ᠶᠤᠰᠤᠭᠠᠷ᠂ ᠭᠤᠷᠪᠠᠨ ᠵᠢᠯ ᠳᠤ ᠭᠤᠷᠪᠠᠨ ᠱᠠᠳᠤ ᠪᠠᠷ ᠲᠠᠪᠳᠠᠨ ᠨᠦᠭᠦᠪᠦᠷᠢᠯᠡᠭᠦ ᠲᠦᠷᠦᠯ ᠵᠦᠢᠯ ᠤᠨ ᠬᠦᠮᠦᠷᠭᠡ ᠶᠢ ᠪᠦᠷᠢᠨᠰᠢᠭᠦᠯᠵᠤ᠂ ᠡᠬᠢ ᠪᠠᠶᠠᠯᠢᠭ ᠢ ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ᠂  ᠰᠢᠨ᠎ᠡ ᠡᠨᠧᠷᠬᠢ᠂ ᠮᠡᠳᠡᠭᠡ ᠵᠠᠩᠭᠢᠵᠢᠯᠳᠠ᠂ ᠮᠠᠯ ᠤᠨ ᠠᠰᠢᠭ ᠰᠢᠮ᠎ᠡ ᠶᠢ ᠨᠠᠷᠢᠯᠢᠭᠵᠢᠭᠤᠯᠣᠨ ᠡᠳ᠋ᠰᠢᠭᠦᠯᠭᠦ᠂ ᠰᠣᠶᠣᠯ ᠵᠢᠭᠤᠯᠴᠢᠯᠠᠯ ᠵᠡᠷᠭᠡ ᠣᠯᠣᠰ ᠤᠨ ᠲᠡᠳᠬᠦᠨ ᠲᠡᠮᠵᠢᠵᠣ ᠪᠠᠶᠢᠭ᠎ᠠ ᠠᠵᠣ ᠦᠢᠯᠡᠰ ᠤᠨ ᠲᠦᠷᠦᠯ ᠵᠦᠢᠯ ᠳᠠᠬᠢ ᠠᠷᠠᠯᠵᠢᠶᠠᠴᠢᠨ ᠤᠷᠢᠵᠤ ᠪᠡᠯᠡ ᠲᠠᠳᠠᠬᠤ ᠠᠵᠢᠯ ᠢ ᠢᠳᠡᠪᠬᠢᠳᠠᠢ ᠦᠷᠨᠢᠬᠦᠯᠵᠣ᠂ ᠠᠷᠭ᠎ᠠ ᠪᠦᠬᠦᠨ ᠢ ᠰᠦᠪᠡᠭᠴᠢᠯᠡᠨ ᠲᠡᠭᠡᠳᠣ ᠱᠠᠳᠣᠨ ᠤ ᠡᠯ᠎ᠡ ᠲᠦᠷᠦᠯ ᠤᠨ ᠳᠦᠰᠦᠪ ᠤᠨ ᠪᠡᠯᠡ ᠣᠷᠣᠭᠤᠯᠣᠯᠳᠠ ᠶᠢ ᠡᠷᠡᠮᠡᠯᠵᠡᠯᠡᠵᠣ᠂ ᠪᠦᠳᠦᠴᠡ ᠶᠢ ᠳᠤᠬᠢᠷᠠᠭᠤᠯᠬᠤ᠂ ᠲᠣᠳᠠᠭᠳᠠᠯ ᠢᠶᠠᠨ ᠨᠦᠬᠦᠪᠦᠷᠢᠯᠡᠬᠦ᠂ ᠠᠷᠠᠳ ᠤᠨ ᠠᠮᠢᠳᠣᠷᠠᠯ ᠢ ᠬᠠᠷᠠᠭᠠᠯᠵᠠᠬᠤ ᠳᠤ ᠠᠰᠢᠭᠳᠠᠢ ᠭᠤᠣᠯᠳᠠᠯᠭ᠎ᠠ ᠲᠠᠢ ᠲᠦᠷᠦᠯ ᠵᠦᠢᠯ ᠢ ᠲᠦᠷᠭᠡᠳᠭᠡᠨ ᠠᠬᠢᠭᠤᠯᠵᠤ᠂ ᠣᠳᠣᠬᠢᠴᠢᠯᠠᠭᠰᠠᠨ ᠮᠠᠯ ᠠᠵᠣ ᠠᠬᠤᠢ᠂ ᠵᠢᠭᠤᠯᠴᠢᠯᠠᠯ ᠤᠨ ᠦᠢᠯᠡᠰ᠂ ᠣᠶᠣᠨᠴᠢ ᠬᠤᠳᠠ ︵ᠮᠠᠯᠵᠢᠬᠤ ᠣᠷᠣᠨ︶᠂ ᠰᠠᠭᠤᠷᠢ ᠪᠦᠳᠣᠬᠡᠨ ᠪᠠᠶᠢᠭᠤᠯᠣᠯᠳᠠ ᠵᠡᠷᠭᠡ ᠲᠠᠯ᠎ᠠ ᠳᠤ ᠨᠡᠩ ᠶᠡᠭᠡ ᠠᠬᠢᠴᠠ ᠲᠠᠢ ᠪᠤᠯᠬᠤ ᠶᠢ ᠪᠠᠳᠣᠯᠠᠨ᠎ᠠ᠃ 2017 ᠣᠨ ᠳᠤ 115.4 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠬᠤ ᠪᠠᠷ ᠳᠦᠯᠦᠪᠯᠡᠵᠦ᠂ ᠮᠠᠨ ᠤ ᠬᠤᠰᠢᠭᠤᠨ ᠤ ᠡᠯ᠎ᠡ ᠬᠦᠷᠢᠶ᠎ᠡ ᠬᠡᠪᠴᠢᠶᠡᠨ ᠤ 104 ᠲᠦᠷᠦᠯ ᠵᠦᠢᠯ ᠢ ᠬᠡᠷᠡᠭᠵᠢᠬᠦᠯᠬᠦ ᠪᠠᠷ ᠪᠠᠶᠢᠨ᠎ᠠ᠃     ᠠᠵᠣ ᠠᠬᠤᠢ ᠶᠢᠨ ᠡᠷᠬᠢᠯᠲᠡ ᠶᠢᠨ ᠲᠤᠬᠢᠷᠠᠭᠤᠯᠤᠯᠳᠠ ᠪᠠᠨ ᠴᠢᠩᠭᠠᠳᠬᠠᠨ᠎ᠠ᠃ ︽ᠰᠠᠷ᠎ᠠ ᠳᠤ ᠲᠤᠬᠢᠷᠠᠭᠤᠯᠬᠤ᠂ ᠤᠯᠠᠷᠢᠯ ᠳᠤ ᠵᠠᠳᠠᠯᠬᠤ᠂ ᠬᠠᠭᠠᠰ ᠵᠢᠯ ᠳᠤ ᠳ᠋ᠦᠡᠭᠨᠡᠭᠦ︾ ᠠᠵᠢᠯ ᠤᠨ ᠵᠤᠬᠢᠴᠠᠮᠵᠢ ᠶᠢ ᠪᠠᠷᠢᠮᠳᠠᠯᠠᠵᠣ᠂ ︽ᠨᠢᠭᠡ ᠠᠵᠣ ᠠᠬᠤᠶᠢᠯᠠᠯ ᠳᠤ ᠨᠢᠭᠡ ᠲᠦᠰᠦᠪ ᠲᠤᠭᠳᠠᠭᠠᠬᠤ︾ ᠠᠷᠭ᠎ᠠ ᠶᠣᠰᠣᠭᠠᠷ᠂ ᠣᠨᠣᠪᠴᠢᠳᠠᠢ ᠪᠠᠷ ᠵᠣᠬᠢᠴᠠᠭᠤᠯᠣᠨ᠂ ᠣᠨᠣᠪᠴᠢᠳᠠᠢ ᠪᠠᠷ ᠲᠦᠷᠥ ᠶᠢᠨ ᠪᠣᠳᠣᠯᠭ᠎ᠠ ᠶᠢ ᠬᠡᠷᠡᠭᠵᠢᠬᠦᠯᠵᠦ᠂ ᠠᠵᠣ ᠠᠬᠤᠶᠢᠯᠠᠯ ᠤᠨ ᠲᠤᠭᠳᠠᠭᠤᠨ ᠤᠶᠢᠯᠠᠳᠪᠤᠷᠢᠯᠠᠯ ᠪᠠ ᠦᠷ᠎ᠡ ᠠᠰᠢᠭ ᠢ ᠪᠠᠳᠣᠯᠠᠨ᠎ᠠ᠃ ᠦᠪᠡᠷᠳᠡᠭᠡᠨ ᠵᠠᠰᠠᠬᠤ ᠣᠷᠣᠨ ᠤ ᠠᠵᠣ ᠠᠬᠤᠢ ᠰᠣᠷᠠᠭ ᠵᠠᠩᠭᠢᠵᠢᠯᠳᠠ ᠶᠢᠨ ᠵᠦᠪᠯᠡᠯ᠂ ᠦᠪᠡᠷᠳᠡᠭᠡᠨ ᠵᠠᠰᠠᠬᠤ ᠣᠷᠣᠨ ᠤ ᠴᠠᠬᠢᠯᠭᠠᠨ ᠬᠦᠴᠦᠨ ᠤ ᠪᠦᠯᠦᠭᠯᠡᠯ ᠵᠡᠷᠭᠡ ᠴᠠᠬᠢᠯᠭᠠᠨ ᠬᠤᠯᠪᠣᠭᠠᠨ ᠤ ᠺᠣᠮᠫᠠᠨᠢ ᠲᠠᠢ ᠢᠳᠡᠪᠬᠢᠳᠠᠢ ᠬᠠᠷᠢᠯᠴᠠᠨ ᠲᠡᠮᠵᠢᠯᠭᠡ ᠤᠯᠵᠤ᠂ ᠴᠠᠬᠢᠯᠭᠠᠨ ᠦᠢᠯᠡᠳᠪᠦᠷᠢ ᠶᠢᠨ ᠭᠠᠳᠠᠭᠰᠢ ᠴᠠᠬᠢᠯᠭᠠᠨ ᠬᠦᠷᠭᠡᠬᠦ ᠬᠡᠮᠵᠢᠶ᠎ᠡ ᠶᠢ ᠨᠡᠮᠡᠭᠳᠡᠭᠦᠯᠦᠨ᠎ᠡ᠃ ᠬᠡᠰᠡᠭ ᠪᠦᠯᠦᠭ ᠠᠵᠢᠯ ᠲᠦᠷᠦᠯ ᠤᠨ ᠦᠢᠯᠡᠳᠪᠦᠷᠢᠯᠡᠬᠦ ᠶᠠᠪᠣᠴᠠ ᠳᠠᠬᠢ ᠴᠠᠬᠢᠯᠭᠠᠨ ᠤ ᠵᠠᠷᠣᠳᠠᠯ ᠢ ᠨᠢ ᠲᠦᠷ ᠴᠠᠭ ᠲᠣᠰᠠᠯᠠᠨ ᠲᠡᠮᠵᠢᠬᠦ ᠲᠦᠷᠥ ᠶᠢᠨ ᠪᠣᠳᠣᠯᠭ᠎ᠠ ᠶᠢ ᠦᠷᠬᠦᠯᠵᠢᠯᠡᠨ ᠬᠡᠷᠡᠭᠵᠢᠬᠦᠯᠵᠦ᠂ ᠴᠠᠬᠢᠯᠭᠠᠨ ᠬᠦᠴᠦᠨ ᠤ ᠣᠯᠠᠨ ᠲᠠᠯᠠᠳᠤ ᠰᠣᠯᠢᠯᠴᠠᠭᠠᠨ ᠤ ᠲᠦᠷᠥ ᠶᠢᠨ ᠪᠣᠳᠣᠯᠭ᠎ᠠ ᠶᠢ ᠢᠳᠡᠪᠬᠢᠳᠠᠢ ᠡᠷᠡᠮᠡᠯᠵᠡᠯᠡᠨ᠎ᠡ᠃ 2017 ᠣᠨ ᠳᠤ ᠠᠵᠤ ᠤᠶᠢᠯᠠᠳᠪᠤᠷᠢ ᠶᠢᠨ ᠤᠶᠢᠯᠠᠳᠪᠤᠷᠢᠯᠠᠯ ᠤᠨ ᠦᠷᠳᠡᠭ ᠢ 130 ᠳ᠋ᠦᠡᠭᠰᠢᠭᠤᠷ ᠲᠦᠭᠦᠷᠢᠭ ᠲᠤ ᠭᠦᠷᠭᠡᠭᠦ ᠪᠠᠷ ᠲᠦᠯᠦᠪᠯᠠᠵᠤ᠂ 7.6% ᠪᠠᠷ ᠨᠡᠮᠡᠭᠳᠡᠭᠦᠯᠦᠨ᠎ᠠ᠃ ᠬᠦᠷᠠᠩ ᠨᠡᠭᠦᠷᠡᠰᠣ 3590 ᠲᠦᠮᠡᠨ ᠲᠣᠨ ᠦᠢᠯᠡᠳᠪᠦᠷᠢᠯᠡᠬᠦ ᠪᠠᠷ ᠲᠦᠯᠦᠪᠯᠡᠵᠣ᠂ 8.4% ᠪᠠᠷ ᠨᠡᠮᠡᠭᠳᠡᠬᠦᠯᠦᠨ᠎ᠡ︔ ᠬᠠᠷ᠎ᠠ ᠳᠤᠭᠤᠯᠭ᠎ᠠ᠂ ᠴᠠᠶᠢᠷ᠂ ᠵᠡᠰ᠂ ᠮᠦᠩᠬᠦ ᠵᠡᠷᠭᠡ ᠲᠡᠮᠦᠷᠯᠢᠭ ᠢ 4.85 ᠲᠦᠮᠡᠨ ᠲᠣᠨ ᠰᠤᠩᠭᠤᠨ ᠪᠤᠯᠪᠠᠰᠤᠷᠠᠭᠤᠯᠵᠤ᠂ 27% ᠪᠠᠷ ᠨᠡᠮᠡᠭᠳᠡᠬᠦᠯᠦᠨ᠎ᠡ︔ ᠴᠠᠶᠢᠷ ᠤᠨ ᠬᠠᠪᠳᠠᠰᠣ 12.5 ᠲᠦᠮᠡᠨ ᠲᠣᠨ ᠢ ᠬᠠᠶᠢᠯᠤᠭᠤᠯᠤᠨ ᠪᠤᠯᠪᠠᠰᠤᠷᠠᠭᠤᠯᠵᠤ᠂ ᠨᠢᠳᠤᠨᠤᠨ ᠤ ᠠᠳᠠᠯᠢ ᠬᠤᠭᠤᠴᠠᠭ᠎ᠠ ᠲᠠᠢ ᠲᠡᠩᠴᠡᠭᠦᠦ ᠪᠠᠶᠢᠯᠭᠠᠨ᠎ᠠ︔ 55 ᠲᠦᠮᠡᠨ ᠲᠣᠨ ᠱᠦᠢᠨᠢ ᠦᠢᠯᠡᠳᠪᠦᠷᠢᠯᠡᠵᠦ᠂ 26% ᠪᠠᠷ ᠨᠡᠮᠡᠭᠳᠡᠬᠦᠯᠦᠨ᠎ᠡ︔ 68 ᠳ᠋ᠦᠩᠰᠢᠭᠤᠷ ᠺᠢᠯᠣᠸᠠᠲ ᠴᠠᠭ ᠴᠠᠬᠢᠯᠭᠠᠨ ᠭᠠᠷᠭᠠᠵᠣ᠂ ᠨᠢᠳᠤᠨᠤᠨ ᠤ ᠠᠳᠠᠯᠢ ᠬᠤᠭᠤᠴᠠᠭ᠎ᠠ ᠲᠠᠢ ᠲᠡᠩᠴᠡᠭᠦᠦ ᠪᠠᠶᠢᠯᠭᠠᠨ᠎ᠠ︔ 90 ᠲᠦᠮᠡᠨ ᠮᠠᠯ ︵ᠬᠤᠨᠢ ᠪᠠᠷ ᠨᠢᠭᠡᠴᠢᠯᠡᠭᠰᠡᠨ︶ ᠡᠳ᠋ᠰᠢᠬᠦᠯᠦᠨ ᠪᠤᠯᠪᠠᠰᠤᠷᠠᠭᠤᠯᠵᠤ᠂ 2% ᠪᠠᠷ ᠨᠡᠮᠡᠭᠳᠡᠬᠦᠯᠦᠨ᠎ᠡ︔ 2 ᠲᠦᠮᠡᠨ ᠲᠣᠨ ᠹᠯᠦᠷᠳᠣ ᠣᠰᠣᠳᠦ᠋ᠷᠦᠭᠴᠢ ᠶᠢᠨ ᠬᠦᠴᠢᠯ᠂ 15 ᠲᠦᠮᠡᠨ ᠲᠣᠨ ᠬᠦᠬᠦᠷ ᠬᠦᠴᠢᠯ ᠢ ᠦᠢᠯᠡᠳᠪᠦᠷᠢᠯᠡᠵᠣ᠂ ᠴᠦᠮ ᠨᠢᠳᠤᠨᠤᠨ ᠤ ᠠᠳᠠᠯᠢ ᠬᠤᠭᠤᠴᠠᠭ᠎ᠠ ᠲᠠᠢ ᠲᠡᠩᠴᠡᠭᠦᠦ ᠪᠠᠶᠢᠯᠭᠠᠨ᠎ᠠ᠃     ᠪᠠᠯᠡ ᠴᠣᠭᠯᠠᠭᠤᠯᠬᠤ ᠠᠷᠭ᠎ᠠ ᠵᠠᠮ ᠢᠶᠠᠨ ᠦᠷᠭᠡᠳᠭᠡᠨ᠎ᠠ᠃ ᠲᠦᠷᠦᠯ ᠵᠦᠢᠯ ᠤᠨ ᠪᠦᠳᠣᠬᠡᠨ ᠪᠠᠶᠢᠭᠤᠯᠤᠯᠳᠠ ᠪᠠ ᠠᠵᠣ ᠠᠬᠤᠶᠢᠯᠠᠯ ᠤᠨ ᠬᠦᠭᠵᠢᠯᠳᠡ ᠶᠢᠨ ᠱᠠᠭᠠᠷᠳᠠᠯᠭ᠎ᠠ ᠶᠢᠨ ᠲᠣᠭᠤᠷᠢᠨ ᠳᠤ ᠪᠠᠩᠬᠢ ᠪᠣᠯᠣᠨ ᠠᠵᠣ ᠠᠬᠤᠶᠢᠯᠠᠯ ᠤᠨ ᠬᠠᠷᠢᠯᠴᠠᠭ᠎ᠠ ᠶᠢ ᠴᠢᠩᠭᠠᠳᠬᠠᠵᠣ᠂ ᠭᠤᠤᠯᠳᠠᠯᠭ᠎ᠠ ᠲᠠᠢ ᠭᠦᠷᠢᠶ᠎ᠠ ᠭᠡᠪᠴᠢᠶᠠᠨ ᠳᠠᠬᠢ ᠪᠡᠯᠡ ᠴᠤᠭᠯᠠᠭᠤᠯᠬᠤ ᠠᠵᠢᠯ ᠢ ᠲᠣᠭᠳᠠᠭᠤᠨ ᠢᠶᠠᠷ ᠠᠬᠢᠭᠤᠯᠵᠣ᠂ ᠮᠦᠩᠬᠦᠨ ᠬᠦᠢᠯᠬᠡᠬᠡᠨ ᠤ ᠤᠶᠢᠯᠡᠴᠢᠯᠡᠭᠡᠨ ᠤ ᠪᠤᠳᠠᠳᠤ ᠠᠵᠣ ᠠᠬᠤᠢ ᠳᠤ ᠦᠵᠡᠭᠦᠯᠭᠦ ᠦᠢᠯᠡᠳᠣᠯ ᠢ ᠰᠠᠶᠢᠳᠤᠷ ᠪᠠᠳᠠᠷᠠᠭᠤᠯᠣᠨ᠎ᠠ᠃ ᠵᠠᠰᠠᠭ ᠤᠨ ᠣᠷᠳᠣᠨ ᠤ ᠪᠡᠯᠡ ᠣᠷᠣᠭᠤᠯᠬᠤ ᠬᠠᠨᠳᠣᠰᠢ ᠪᠠᠨ ᠰᠢᠯᠢᠳᠡᠭᠵᠢᠬᠦᠯᠵᠦ᠂ ᠵᠠᠰᠠᠭ ᠤᠨ ᠥᠷᠢ ᠥᠭᠴᠡᠭᠡ ᠶᠢ ᠵᠣᠬᠢᠰᠳᠠᠢ ᠬᠢᠵᠠᠭᠠᠷᠯᠠᠨ᠂ ᠲᠦᠭᠰᠢᠭᠦᠷᠢ ᠶᠢ ᠪᠦᠳᠦᠮᠵᠢᠳᠠᠢ ᠰᠡᠷᠭᠡᠶᠢᠯᠠᠨ᠎ᠠ᠃ ᠪᠡᠯᠡ ᠴᠤᠬᠯᠠᠭᠤᠯᠬᠤ ᠲᠦᠷᠦ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠦᠷᠦᠩᠭᠡ ᠶᠢᠨ ᠬᠠᠮᠳᠤᠷᠠᠯᠴᠠᠭ᠎ᠠ ᠪᠠᠷ ᠲᠡᠮᠵᠢᠭᠤᠯᠤᠨ᠂ ᠨᠡᠶᠢᠭᠡᠮ ᠤᠨ ᠪᠡᠯᠡ ᠮᠦᠩᠭᠦ ᠶᠢ ᠲᠠᠳᠠᠵᠤ᠂ ᠤᠯᠠᠨ ᠨᠠᠶᠢᠳᠠ ᠶᠢᠨ ᠤᠶᠢᠯᠡᠴᠢᠯᠡᠭᠡ ᠪᠤᠯᠤᠨ ᠭᠤᠣᠯᠳᠠᠯᠭ᠎ᠠ ᠲᠠᠢ ᠰᠠᠭᠤᠷᠢ ᠲᠦᠭᠦᠭᠡᠷᠦᠮᠵᠢ  ᠶᠢᠨ ᠪᠦᠳᠣᠬᠡᠨ ᠪᠠᠶᠢᠭᠤᠯᠣᠯᠳᠠ᠂ ᠠᠷᠠᠳ ᠤᠨ ᠠᠮᠢᠳᠣᠷᠠᠯ᠂ ᠵᠢᠭᠤᠯᠴᠢᠯᠠᠯ᠂ ᠣᠳᠣᠬᠢᠴᠢᠯᠠᠭᠰᠠᠨ ᠦᠢᠯᠡᠴᠢᠯᠡᠬᠡᠨ ᠤ ᠤᠶᠢᠯᠠᠰ ᠪᠠ ︽ᠢᠨᠲ᠋ᠧᠷ ᠰᠦᠯᠵᠢᠶ᠎ᠡ +  ︾ ᠵᠡᠷᠭᠡ ᠵᠠᠩᠬᠢᠯᠠᠭ᠎ᠠ ᠶᠢᠨ ᠭᠦᠷᠢᠶ᠎ᠠ ᠭᠡᠪᠴᠢᠶᠠᠨ ᠳᠤ ᠪᠡᠯᠡ ᠤᠷᠤᠭᠤᠯᠵᠤ ᠪᠦᠳᠦᠭᠡᠨ ᠪᠠᠶᠢᠭᠤᠯᠬᠤ ᠶᠢ ᠲᠦᠯᠬᠢᠨ ᠠᠬᠢᠭᠤᠯᠤᠨ᠎ᠠ᠃     ︵ᠬᠤᠶᠠᠷ︶ ᠠᠵᠣ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠭᠡᠵᠣ᠂ ᠬᠦᠭᠵᠢᠯᠳᠡ ᠶᠢᠨ ᠴᠢᠨᠠᠷ ᠴᠢᠨᠰᠠᠭ᠎ᠠ ᠪᠠ ᠦᠷ᠎ᠠ ᠠᠰᠢᠭ ᠢ ᠲᠡᠭᠡᠭᠰᠢᠯᠡᠬᠦᠯᠦᠨ᠎ᠡ᠃ ᠬᠠᠩᠭᠠᠯᠭ᠎ᠠ ᠶᠢᠨ ᠲᠠᠯ᠎ᠠ ᠳᠠᠬᠢ ᠪᠦᠳᠦᠴᠡ ᠶᠢᠨ ᠴᠢᠨᠠᠷᠳᠠᠢ ᠦᠭᠡᠷᠡᠴᠢᠯᠡᠯᠳᠠ ᠶᠢ ᠠᠬᠢᠭᠤᠯᠬᠤ ᠪᠠᠷ ᠭᠤᠤᠯ ᠱᠤᠭᠤᠮ ᠪᠤᠯᠭᠠᠬᠤ ᠶᠢ ᠪᠠᠷᠢᠮᠳᠠᠯᠠᠵᠣ᠂ ᠠᠵᠣ ᠠᠬᠤᠢ ᠶᠢᠨ ᠬᠦᠭᠵᠢᠯᠳᠡ ᠶᠢᠨ ᠬᠡᠯᠪᠡᠷᠢ ᠶᠢ ᠢᠳᠡᠪᠬᠢᠳᠠᠢ ᠬᠤᠪᠢᠷᠠᠭᠤᠯᠣᠨ᠂ ᠠᠵᠣ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠣ᠂ ᠴᠢᠨᠠᠷ ᠴᠢᠨᠰᠠᠭ᠎ᠠ ᠪᠠᠷ ᠬᠤᠰᠢᠭᠤ ᠪᠠᠨ ᠬᠦᠴᠦᠷᠭᠡᠭᠵᠢᠬᠦᠯᠬᠦ ᠪᠠᠶᠢᠯᠳᠣᠬᠤ ᠪᠣᠳᠣᠯᠭ᠎ᠠ ᠶᠢ ᠢᠳᠡᠪᠬᠢᠳᠠᠢ ᠠᠬᠢᠭᠤᠯᠵᠣ᠂ ᠨᠡᠷᠡᠳᠣ ᠲᠡᠮᠳᠡᠭ ᠢ ᠡᠬᠦᠳᠦᠨ᠂ ᠣᠯᠠᠨ ᠲᠠᠯ᠎ᠠ ᠳᠤ ᠲᠣᠯᠭᠠᠭᠤᠷᠢᠯᠠᠵᠣ᠂ ᠣᠯᠠᠨ ᠡᠰᠢᠵᠢᠨ ᠬᠦᠭᠵᠢᠭᠰᠡᠨ ᠰᠢᠨ᠎ᠡ ᠬᠡᠯᠪᠡᠷᠢ ᠶᠢᠨ ᠠᠵᠣ ᠦᠢᠯᠡᠰ ᠤᠨ ᠰᠢᠰᠲ᠋ᠧᠮ ᠢ ᠪᠠᠶᠢᠭᠤᠯᠣᠨ᠎ᠠ᠃     ᠮᠠᠯ ᠠᠵᠣ ᠠᠬᠤᠢ ᠶᠢᠨ ᠤᠳᠤᠬᠢᠴᠢᠯᠠᠯᠳᠠ ᠶᠢᠨ ᠠᠬᠢᠴᠠ ᠶᠢ ᠲᠦᠷᠭᠡᠳᠭᠡᠨ᠎ᠠ᠃ ᠮᠠᠯ ᠠᠵᠤ ᠠᠬᠤᠢ ᠶᠢᠨ ᠬᠠᠨᠭ᠍ᠭᠠᠯᠭ᠎ᠠ ᠶᠢᠨ ᠲᠠᠯ᠎ᠠ ᠳᠠᠬᠢ ᠪᠦᠳᠦᠴᠠ ᠶᠢᠨ ᠴᠢᠨᠠᠷᠳᠠᠢ ᠦᠭᠡᠷᠡᠴᠢᠯᠠᠯᠳᠠ ᠶᠢ ᠭᠡᠷᠡᠭᠵᠢᠭᠦᠯᠵᠤ᠂ ᠵᠠᠬ᠎ᠠ ᠲᠡᠯᠭᠡᠭᠦᠷ  ᠤᠨ ᠭᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠤᠯᠭᠠᠨ᠂ ︽ᠬᠤᠨᠢ ᠶᠢ ᠴᠦᠬᠡᠳᠬᠡᠨ᠂ ᠦᠬᠡᠷ ᠮᠠᠯᠵᠢᠬᠤ︾ ᠪᠠᠶᠢᠯᠳᠤᠬᠤ ᠪᠤᠳᠤᠯᠭ᠎ᠠ ᠶᠢ ᠭᠦᠨᠵᠡᠭᠡᠢ ᠭᠡᠷᠡᠭᠵᠢᠭᠦᠯᠵᠤ᠂ ᠨᠤᠳᠤᠭ ᠪᠡᠯᠴᠢᠭᠡᠷ ᠤᠨ ᠠᠮᠢ ᠠᠬᠤᠢ ᠶᠢᠨ ᠲᠦᠷᠦᠯ ᠵᠤᠶᠢᠯ  ᠢ ᠦᠨᠳᠤᠰᠦᠯᠠᠵᠤ᠂ ᠮᠢᠬᠠᠨ ᠤ ᠦᠭᠡᠷ᠂ ᠮᠢᠬᠠᠨ ᠤ ᠬᠤᠨᠢ ᠮᠠᠯᠵᠢᠬᠤ ᠠᠵᠤ ᠤᠶᠢᠯᠠᠰ ᠢ ᠬᠦᠭᠵᠢᠬᠦᠯᠬᠦ ᠲᠠᠪᠠᠭᠤᠯᠢᠭ ᠤᠷᠤᠨ ᠪᠦᠰᠠ ᠶᠢᠨ ᠪᠠᠶᠢᠷᠢᠯᠠᠭᠤᠯᠤᠯᠳᠠ ᠶᠢ ᠰᠢᠨᠵᠢᠯᠡᠬᠦ ᠣᠬᠠᠭᠠᠨᠴᠢ ᠪᠠᠷ ᠲᠤᠭᠳᠠᠭᠠᠵᠤ᠂ ᠦᠭᠡᠷ ᠬᠤᠨᠢᠨ ᠤ ᠪᠠᠷᠢᠮᠵᠢᠶᠠᠵᠢᠭᠰᠠᠨ᠂ ᠲᠤᠰᠬᠠᠶᠢᠵᠢᠭᠰᠠᠨ᠂ ᠵᠤᠬᠢᠰᠳᠠᠢ ᠭᠡᠪᠴᠢᠶᠡᠵᠢᠭᠰᠡᠨ ᠮᠠᠯᠵᠢᠯ ᠤᠨ ᠪᠠᠷᠢᠮᠵᠢᠶᠠᠨ ᠳᠤ ᠵᠠᠰᠠᠪᠤᠷᠢ ᠤᠷᠤᠭᠤᠯᠤᠨ ᠲᠡᠭᠦᠯᠳᠡᠷᠵᠢᠭᠦᠯᠵᠤ᠂ ᠰᠢᠨ᠎ᠠ ᠭᠡᠯᠪᠡᠷᠢ ᠶᠢᠨ ᠮᠠᠯ ᠠᠵᠤ ᠠᠬᠤᠢ ᠶᠢᠨ ᠡᠵᠡᠩᠨᠡᠯᠳᠠ ᠶᠢᠨ ᠭᠤᠤᠯ ᠴᠤᠭᠴᠠ ᠶᠢ ᠪᠤᠶᠢᠵᠢᠭᠤᠯᠤᠨ᠎ᠠ᠃ 2.2 ᠳ᠋ᠦᠡᠭᠰᠢᠭᠤᠷ ᠲᠦᠭᠦᠷᠢᠭ ᠤᠨ ᠪᠡᠯᠡ ᠤᠷᠤᠭᠤᠯᠵᠤ᠂ ᠮᠠᠯ ᠠᠵᠤ ᠠᠬᠤᠢ  ᠶᠢᠨ ᠤᠳᠤᠬᠢᠴᠢᠯᠠᠯᠳᠠ ᠶᠢᠨ ᠠᠬᠢᠴᠠ ᠶᠢ ᠲᠦᠯᠬᠢᠨ ᠠᠬᠢᠭᠤᠯᠤᠨ᠎ᠠ᠃ ᠮᠢᠬᠠᠨ ᠤ ᠦᠬᠡᠷ ᠤᠨ ᠡᠭᠦᠯᠳᠡᠷ ᠢ ᠰᠠᠶᠢᠵᠢᠷᠠᠭᠤᠯᠬᠤ ᠪᠤᠯᠤᠨ ᠭᠠᠳᠠᠨ᠎ᠠ ᠠᠴᠠ ᠤᠷᠤᠭᠤᠯᠬᠤ ᠠᠵᠢᠯ ᠢ ᠴᠢᠩᠭᠠᠳᠬᠠᠨ᠂ ᠠᠩᠭᠢᠰ ᠵᠡᠷᠭᠡ ᠰᠠᠶᠢᠨ ᠡᠭᠦᠯᠳᠡᠷ ᠤᠨ ᠮᠢᠬᠠᠨ ᠤ ᠦᠬᠡᠷ ᠢ 10000 ᠳᠤᠯᠤᠭᠠᠢ ᠤᠷᠤᠭᠤᠯᠬᠤ ᠪᠠᠷ ᠲᠦᠯᠦᠪᠯᠡᠵᠦ ᠪᠤᠢ᠃ ᠱᠠᠷᠦ᠋ᠯᠠᠢ᠂ ᠰᠢᠮᠧᠨ᠋ᠲᠷ ᠦᠬᠡᠷ ᠤᠨ ᠭᠤᠤᠯᠯᠠᠭᠴᠢ ᠰᠦᠷᠦᠭ ᠲᠤ ᠢᠴᠡᠬᠡᠯ ᠦᠷ᠎ᠡ ᠶᠢᠨ ᠭᠡᠭᠡᠯᠳᠦᠬᠦᠯᠭᠡ ᠬᠢᠬᠦ ᠪᠠ ᠠᠷᠠᠴᠢᠯᠠᠨ ᠮᠠᠯᠵᠢᠬᠤ ᠬᠠᠮᠢᠶᠠᠷᠤᠯᠳᠠ ᠪᠠᠨ ᠴᠢᠩᠭᠠᠳᠬᠵᠦ᠂ 2000 ᠲᠤᠯᠤᠭᠠᠢ ᠦᠬᠡᠷ ᠲᠤ ᠢᠴᠡᠬᠡᠯ ᠦᠷ᠎ᠡ ᠶᠢᠨ ᠭᠡᠭᠡᠯᠳᠦᠬᠦᠯᠭᠡ ᠬᠢᠬᠦ ᠶᠢ ᠪᠡᠶᠡᠯᠡᠬᠦᠯᠦᠨ᠎ᠡ᠃ 50 ᠳᠤᠯᠤᠭᠠᠢ ᠠᠴᠠ ᠳᠡᠭᠡᠭᠰᠢ ᠮᠢᠬᠠᠨ ᠤ ᠦᠬᠡᠷ ᠮᠠᠯᠵᠢᠬᠤ ᠪᠠᠷᠢᠮᠵᠢᠶᠠᠵᠢᠭᠰᠠᠨ ᠬᠡᠪᠴᠢᠶᠡᠵᠢᠯ ᠤᠨ ᠳᠤᠰᠬᠠᠢ ᠡᠷᠦᠬᠡ ᠶᠢ 100᠂ 300 ᠲᠤᠯᠤᠭᠠᠢ ᠠᠴᠠ ᠳᠡᠭᠡᠭᠰᠢ ᠮᠢᠬᠠᠨ ᠤ ᠦᠬᠡᠷ ᠮᠠᠯᠵᠢᠬᠤ ᠲᠤᠭᠳᠠᠭᠰᠠᠨ ᠭᠡᠪᠴᠢᠶᠠᠵᠢᠯ ᠤᠨ ᠮᠠᠯᠵᠢᠯ ᠤᠨ ᠲᠠᠯᠠᠪᠠᠢ ᠶᠢ 3᠂ 2000 ᠲᠤᠯᠤᠭᠠᠢ ᠠᠴᠠ ᠳᠡᠭᠡᠭᠰᠢ ᠮᠢᠬᠠᠨ ᠤ ᠦᠬᠡᠷ ᠮᠠᠯᠵᠢᠬᠤ ᠬᠡᠪᠴᠢᠶᠡᠵᠢᠭᠰᠡᠨ ᠮᠠᠯᠵᠢᠯ ᠤᠨ ᠲᠠᠯᠠᠪᠠᠢ 1 ᠶᠢ ᠪᠤᠶᠢᠵᠢᠭᠤᠯᠤᠨ ᠬᠦᠭᠵᠢᠬᠦᠯᠦᠨ᠎ᠡ᠃ ᠦᠵᠦᠮᠦᠴᠢᠨ ᠬᠤᠨᠢᠨ ᠤ ᠡᠭᠦᠯᠳᠡᠷ ᠢ ᠰᠠᠶᠢᠵᠢᠷᠠᠭᠤᠯᠬᠤ ᠠᠵᠢᠯ ᠢ ᠴᠢᠩᠭᠠᠳᠬᠠᠵᠦ᠂ ᠤᠤᠯ ᠡᠭᠦᠯᠳᠡᠷ ᠢ ᠬᠠᠮᠠᠭᠠᠯᠬᠠᠤ ᠲᠠᠯᠠᠪᠠᠢ᠂ ᠦᠷ᠎ᠡ ᠶᠢᠨ ᠮᠠᠯ ᠤᠨ ᠲᠠᠯᠠᠪᠠᠢ ᠪᠠ ᠬᠤᠴᠠ ᠮᠠᠯᠵᠢᠬᠤ ᠳᠤᠰᠬᠠᠢ ᠡᠷᠦᠬᠡ 50  ᠶᠢ ᠪᠠᠶᠢᠭᠤᠯᠤᠨ᠂ 5000 ᠲᠤᠯᠤᠭᠠᠢ ᠣᠨᠴᠠ ᠨᠢᠭᠡᠳᠦᠭᠡᠷ ᠳᠡᠰ ᠤᠨ ᠬᠤᠴᠠ ᠶᠢ ᠪᠤᠶᠢᠵᠢᠭᠤᠯᠤᠨ᠎ᠠ᠃ 300 ᠳᠤᠯᠤᠭᠠᠢ ᠦᠵᠦᠮᠦᠴᠢᠨ ᠬᠤᠨᠢᠨ ᠤ ᠪᠠᠷᠢᠮᠵᠢᠶᠠᠵᠢᠭᠰᠠᠨ ᠭᠡᠪᠴᠢᠶᠠᠵᠢᠯ ᠤᠨ ᠮᠠᠯᠵᠢᠯ ᠤᠨ ᠳᠤᠰᠬᠠᠢ ᠡᠷᠦᠬᠡ ᠶᠢ 1000 ᠶᠢ ᠪᠤᠶᠢᠵᠢᠭᠤᠯᠤᠨ ᠬᠦᠭᠵᠢᠬᠦᠯᠵᠦ᠂ 1000 ᠪᠠᠷᠢᠮᠵᠢᠶᠠᠵᠢᠭᠰᠠᠨ ᠰᠦᠷᠦᠭ ᠢ ᠪᠠᠭᠢᠵᠢᠭᠦᠯᠵᠤ᠂ ᠵᠢᠯ ᠳᠤ 400 ᠳᠤᠯᠤᠭᠠᠢ ᠠᠴᠠ ᠳᠡᠭᠡᠭᠰᠢ ᠬᠤᠷᠠᠭ᠎ᠠ ᠪᠤᠷᠤᠯᠠᠭᠤᠯᠬᠤ ᠦᠵᠦᠮᠦᠴᠢᠨ ᠬᠤᠨᠢᠨ ᠤ ᠲᠤᠭᠳᠠᠭᠰᠠᠨ ᠭᠡᠪᠴᠢᠶᠠᠵᠢᠯ  ᠤᠨ ᠮᠠᠯᠵᠢᠯ ᠤᠨ ᠲᠠᠯᠠᠪᠠᠢ 350 ᠶᠢ ᠭᠦᠭᠵᠢᠭᠦᠯᠦᠨ᠎ᠠ᠃ ᠤᠳᠤᠬᠢᠴᠢᠯᠠᠭᠰᠠᠨ ᠠᠳᠤᠭᠤᠨ ᠤ ᠠᠵᠤ ᠤᠶᠢᠯᠠᠰ ᠤᠨ ᠭᠦᠭᠵᠢᠯᠳᠠ ᠶᠢ ᠪᠦᠭᠦ ᠭᠦᠴᠦᠨ ᠢᠶᠠᠷ ᠠᠬᠢᠭᠤᠯᠵᠤ᠂ ᠮᠠᠨ ᠤ ᠬᠤᠰᠢᠭᠤ ᠨᠢ ︽ᠲᠣᠮᠳᠠᠳᠣ ᠣᠯᠣᠰ ᠤᠨ ᠠᠳᠣᠭᠤᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠣᠨ ᠲᠡᠰᠵᠢᠭᠦᠯᠭᠦ ᠳᠤ ᠵᠢᠳᠬᠦᠯ ᠭᠠᠷᠭᠠᠭᠰᠠᠨ ᠵᠢᠱᠢᠶ᠎ᠡ ᠦᠵᠡᠬᠦᠯᠬᠦ ᠣᠷᠣᠨ︾ ᠭᠡᠵᠤ ᠨᠡᠷᠡᠶᠢᠳᠦᠭᠳᠡᠭᠰᠡᠨ ᠲᠤᠬᠢᠶᠠᠯ ᠢ ᠠᠳᠬᠤᠵᠤ᠂ ᠵᠠᠬ᠎ᠠ ᠲᠡᠯᠭᠡᠭᠦᠷ ᠢᠶᠠᠷ ᠤᠳᠤᠷᠢᠳᠤᠮᠵᠢ ᠪᠤᠯᠭᠠᠨ᠂ ︽ᠤᠳᠤᠬᠢᠴᠢᠯᠠᠭᠰᠠᠨ ᠠᠳᠤᠭᠤᠨ ᠤ ᠠᠵᠤ ᠤᠶᠢᠯᠠᠰ ᠤᠨ ᠭᠦᠭᠵᠢᠯᠳᠠ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠢ ᠲᠤᠭᠳᠠᠭᠠᠵᠤ᠂ ᠵᠢᠭᠤᠯᠴᠢᠯᠠᠯ ᠰᠡᠯᠡᠭᠦᠴᠠᠯ᠂ ᠰᠤᠶᠤᠯ ᠤᠨ ᠠᠵᠤ ᠤᠶᠢᠯᠠᠰ ᠢ ᠵᠤᠷᠢᠭᠵᠢᠭᠤᠯᠤᠨ ᠭᠦᠭᠵᠢᠭᠦᠯᠦᠨ᠎ᠠ᠃ ᠦᠵᠦᠮᠦᠴᠢᠨ ᠴᠠᠭᠠᠨ ᠠᠳᠤᠭᠤ ᠶᠢ ᠦᠰᠭᠡᠭᠦ ᠰᠠᠭᠤᠷᠢᠨ ᠭᠠᠵᠠᠷ ᠤᠨ ᠪᠠᠶᠢᠭᠤᠯᠤᠯᠳᠠ ᠶᠢ ᠴᠢᠩᠭᠠᠳᠬᠠᠵᠤ᠂ ᠭᠦᠭᠵᠢᠯᠳᠠ ᠶᠢᠨ ᠶᠡᠷᠦᠩᠭᠡᠢ ᠲᠦᠯᠦᠪᠵᠢᠭᠦᠯᠭᠡ ᠶᠢ ᠨᠠᠶᠢᠷᠠᠭᠤᠯᠤᠨ᠂ ᠡᠭᠦᠯᠳᠡᠷ  ᠢ ᠬᠠᠮᠠᠭᠠᠯᠠᠬᠤ᠂ ᠡᠭᠦᠯᠳᠡᠷ ᠪᠤᠶᠢᠵᠢᠭᠤᠯᠬᠤ᠂ ᠦᠰᠭᠡᠨ ᠦᠷᠡᠵᠢᠭᠦᠯᠭᠦ ᠵᠡᠷᠭᠡ ᠰᠠᠭᠤᠷᠢ ᠠᠵᠢᠯ ᠢ ᠰᠠᠶᠢᠳᠤᠷ ᠬᠢᠨ᠎ᠠ᠃ ᠬᠤᠤᠰ ᠪᠦᠭᠦᠳᠤ ᠲᠡᠮᠡᠭᠡ ᠶᠢ ᠠᠷᠠᠴᠢᠯᠠᠨ ᠮᠠᠯᠵᠢᠬᠤ ᠲᠤᠰᠬᠠᠶᠢᠵᠢᠭᠰᠠᠨ ᠡᠷᠦᠭᠡ ᠶᠢᠨ ᠰᠠᠭᠤᠷᠢ ᠳᠦᠬᠦᠭᠡᠷᠦᠮᠵᠢ ᠶᠢᠨ ᠪᠠᠶᠢᠭᠤᠯᠤᠯᠳᠠ ᠶᠢ ᠰᠠᠶᠢᠳᠤᠷ ᠠᠳᠬᠤᠵᠤ᠂ ᠬᠤᠤᠰ ᠪᠦᠭᠦᠳᠤ ᠲᠡᠮᠡᠭᠡᠨ ᠤ ᠡᠭᠦᠯᠳᠡᠷ ᠢ ᠪᠦᠳᠦᠮᠵᠢᠳᠠᠢ ᠬᠠᠮᠠᠭᠠᠯᠠᠨ᠎ᠠ᠃ ᠭᠡᠷ ᠪᠦᠯᠢ ᠶᠢᠨ ᠠᠮᠢ ᠠᠬᠤᠢ ᠶᠢᠨ ᠮᠠᠯᠵᠢᠯ ᠤᠨ ᠲᠠᠯᠠᠪᠠᠢ᠂ ᠮᠠᠯᠴᠢᠳ ᠤᠨ ᠬᠤᠷᠰᠢᠶᠠᠵᠢᠯ ᠢ ᠶᠡᠬᠡᠪᠡᠷ ᠬᠦᠭᠵᠢᠬᠦᠯᠵᠦ᠂ ᠬᠤᠷᠰᠢᠶᠠᠵᠢᠯ ᠤᠨ ᠳᠠᠭᠠᠭᠤᠯᠤᠭᠴᠢ ᠶᠢ ᠬᠦᠮᠦᠵᠢᠬᠦᠯᠦᠨ ᠵᠢᠯᠤᠭᠤᠳᠴᠦ᠂ ᠲᠦᠷᠢᠮᠵᠢᠭᠰᠡᠨ ᠡᠵᠡᠩᠨᠡᠯᠳᠠ ᠶᠢ ᠪᠡᠶᠡᠯᠡᠭᠦᠯᠦᠨ᠂ ᠭᠦᠭᠵᠢᠭᠦᠯᠦᠨ ᠪᠤᠵᠠᠭᠠᠶᠢᠷᠠᠭᠤᠯᠤᠨ᠎ᠠ᠃ 30 ᠬᠤᠷᠰᠢᠶᠠᠵᠢᠯ ᠢ ᠴᠡᠭᠴᠡᠯᠡᠨ᠂ ᠭᠡᠷ ᠪᠦᠯᠢ ᠶᠢᠨ ᠠᠮᠢ ᠠᠬᠤᠢ ᠶᠢᠨ ᠮᠠᠯᠵᠢᠯ ᠤᠨ ᠲᠠᠯᠠᠪᠠᠢ 100 ᠶᠢ ᠪᠤᠶᠢᠵᠢᠭᠤᠯᠤᠨ᠎ᠠ᠃ ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ ᠰᠠᠭᠤᠷᠢ ᠠᠵᠢᠯ ᠢ ᠴᠢᠩᠭᠠᠳᠬᠠᠵᠦ᠂ 1000 ᠳᠦᠮᠡᠨ ᠲᠥᠭᠦᠷᠢᠭ ᠤᠨ ᠪᠡᠯᠡ ᠮᠦᠩᠭᠦ ᠤᠷᠤᠭᠤᠯᠤᠨ᠂ ᠭᠠᠮᠰᠢᠭ  ᠲᠠᠢ ᠲᠡᠮᠡᠴᠡᠬᠦ ᠡᠪᠡᠰᠤ ᠪᠤᠷᠳᠤᠭ᠎ᠠ ᠨᠦᠭᠡᠴᠡᠯᠡᠬᠦ ᠰᠠᠭᠤᠷᠢ ᠮᠦᠩᠭᠦ ᠶᠢ ᠪᠠᠶᠢᠭᠤᠯᠤᠨ᠂ 7000 ᠲᠡᠭᠰᠢ ᠳᠦᠷᠪᠡᠯᠵᠢᠨ ᠮᠧᠲᠷ ᠤᠨ ᠡᠪᠡᠰᠤ ᠨᠦᠭᠡᠴᠡᠯᠡᠬᠦ ᠬᠦᠮᠦᠷᠬᠡ ᠶᠢ ᠰᠢᠨ᠎ᠡ ᠪᠠᠷ ᠪᠠᠶᠢᠭᠤᠯᠤᠨ᠂ ᠪᠦᠬᠦ ᠬᠤᠰᠢᠭᠤᠨ ᠤ ᠭᠠᠮᠰᠢᠭ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠭᠠᠬᠤ ᠡᠪᠡᠰᠤ ᠪᠤᠷᠳᠤᠭ᠎ᠠ ᠶᠢᠨ ᠳᠦᠪᠯᠡᠷᠡᠬᠦᠯᠦᠨ ᠨᠦᠭᠡᠴᠡᠯᠡᠬᠦ ᠬᠡᠮᠵᠢᠶ᠎ᠡ ᠶᠢ 2 ᠳᠦᠮᠡᠨ ᠲᠡᠭᠰᠢ ᠳᠦᠷᠪᠡᠯᠵᠢᠨ ᠮᠧᠲᠷ ᠲᠤ ᠬᠦᠷᠭᠡᠵᠦ᠂ 2 ᠳᠦᠮᠡᠨ ᠲᠣᠨ ᠪᠠᠴᠢᠮ ᠪᠠᠶᠢᠳᠠᠯ ᠢ ᠠᠷᠭᠠᠴᠠᠭᠠᠬᠤ ᠡᠪᠡᠰᠤ ᠪᠤᠷᠳᠤᠭ᠎ᠠ ᠶᠢ ᠨᠦᠭᠡᠴᠡᠯᠡᠬᠦ ᠱᠠᠭᠠᠷᠳᠠᠯᠭ᠎ᠠ ᠶᠢ ᠬᠠᠩᠭᠠᠨ᠎ᠠ᠃ ᠬᠤᠨᠢᠨ ᠮᠢᠬᠠᠨ ᠤ ᠢᠷᠠᠯᠳᠠ ᠶᠢ ᠮᠦᠷᠳᠡᠨ ᠬᠠᠶᠢᠬᠤ ᠰᠢᠰᠲ᠋ᠧᠮ ᠤᠨ ᠪᠦᠷᠬᠦᠴᠡ ᠶᠢ ᠦᠷᠬᠡᠳᠬᠡᠵᠦ᠂ ᠡᠪᠦᠯ ᠤᠨ ᠲᠥᠯ ᠡᠷᠳᠠ ᠲᠤᠰᠴᠤ ᠪᠤᠷᠤᠯᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠦᠷᠨᠢᠬᠦᠯᠦᠨ᠂ ︽ᠠᠵᠤ ᠠᠬᠤᠶᠢᠯᠠᠯ + ᠨᠡᠶᠢᠭᠡᠮᠯᠢᠭ + ᠮᠠᠯᠵᠢᠬᠤ ᠡᠷᠦᠬᠡ︾ ᠵᠠᠭᠪᠤᠷ ᠢᠶᠠᠷ ᠳᠠᠮᠵᠢᠨ᠂ 50 ᠳᠦᠮᠡᠨ ᠳᠤᠯᠤᠭᠠᠢ ᠬᠤᠷᠠᠭᠠᠨ ᠳᠤ ᠬᠤᠨᠢᠨ ᠮᠢᠬᠠᠨ ᠤ ᠢᠷᠠᠯᠳᠠ ᠶᠢ ᠮᠦᠷᠳᠡᠨ ᠬᠠᠶᠢᠬᠤ ᠰᠢᠰᠲ᠋ᠧᠮ ᠤᠨ ᠪᠠᠶᠢᠭᠤᠯᠤᠯᠲᠠ ᠶᠢ ᠬᠡᠷᠡᠭᠵᠢᠬᠦᠯᠬᠦ ᠪᠠᠷ ᠲᠦᠯᠦᠪᠯᠡᠵᠦ ᠪᠤᠢ᠃ ᠤᠯᠠᠭᠠᠨ ᠢᠳᠡᠭᠡᠨ ᠤ ᠠᠵᠤ ᠠᠬᠤᠶᠢᠯᠠᠯ ᠤᠨ ᠦᠢᠯᠡᠳᠪᠤᠷᠢᠯᠡᠯ ᠤᠨ ᠡᠳ᠋ᠰᠢᠭᠦᠯᠦᠨ ᠪᠤᠯᠪᠠᠰᠤᠷᠠᠭᠤᠯᠬᠤ ᠴᠢᠳᠠᠪᠤᠷᠢ ᠶᠢ ᠳᠡᠭᠡᠭᠰᠢᠯᠡᠬᠦᠯᠵᠦ᠂ ᠡᠳ᠋ᠰᠢᠭᠦᠯᠦᠨ ᠪᠤᠯᠪᠠᠰᠤᠷᠠᠭᠤᠯᠬᠤ ᠴᠠᠭ ᠢ ᠤᠷᠳᠤᠳᠬᠠᠨ᠂ ᠣᠳᠤ ᠪᠠᠶᠢᠭ᠎ᠠ ᠮᠢᠬᠠᠨ ᠤ ᠪᠦᠳᠦᠭᠡᠭᠳᠡᠭᠦᠨ ᠢ ᠪᠤᠯᠪᠠᠰᠤᠷᠠᠭᠤᠯᠬᠤ ᠠᠵᠤ ᠠᠬᠤᠶᠢᠯᠠᠯ ᠢ ᠨᠢᠭᠡᠳᠭᠡᠨ᠂ ᠤᠳᠤᠬᠢᠴᠢᠯᠠᠭᠰᠠᠨ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠢ ᠤᠷᠢᠨ ᠤᠷᠤᠭᠤᠯᠵᠤ᠂ ᠦᠬᠡᠷ ᠬᠤᠨᠢᠨ ᠮᠢᠬ᠎ᠠ ᠶᠢ ᠪᠤᠯᠪᠠᠰᠤᠷᠠᠭᠤᠯᠤᠨ ᠬᠠᠳᠠᠭᠠᠯᠠᠬᠤ ᠴᠢᠳᠠᠪᠤᠷᠢ ᠶᠢ ᠴᠢᠩᠭᠠᠳᠬᠠᠵᠦ᠂ ᠵᠠᠬ᠎ᠠ ᠳᠡᠯᠭᠡᠬᠦᠷ ᠤᠨ ᠦᠷᠢᠰᠦᠯᠳᠦᠬᠦ ᠬᠦᠴᠦᠨ ᠢ ᠳᠡᠭᠡᠭᠰᠢᠯᠡᠬᠦᠯᠦᠨ᠎ᠡ᠃ ᠮᠠᠯ ᠤᠨ ᠠᠰᠢᠭ ᠰᠢᠮ᠎ᠡ ᠶᠢᠨ ᠪᠦᠳᠦᠭᠡᠭᠳᠡᠭᠦᠨ ᠤ ᠡᠯᠧᠺᠲᠷᠣᠨ ᠬᠤᠳᠠᠯᠳᠤᠭᠠᠨ ᠤ ᠠᠵᠢᠯ ᠢ ᠵᠤᠷᠢᠭᠵᠢᠭᠤᠯᠤᠨ ᠬᠦᠭᠵᠢᠬᠦᠯᠵᠦ᠂ ᠮᠠᠯ ᠤᠨ ᠠᠰᠢᠭ ᠰᠢᠮ᠎ᠠ ᠶᠢ ᠪᠤᠷᠤᠯᠠᠭᠤᠯᠬᠤ ᠮᠡᠳᠡᠭᠡ ᠵᠠᠩᠭᠢ ᠶᠢᠨ ᠰᠦᠯᠵᠢᠶ᠎ᠡ ᠶᠢ ᠪᠠᠶᠢᠭᠤᠯᠤᠨ᠎ᠠ᠃ ᠤᠶᠤᠨᠴᠢᠯᠠᠭᠰᠠᠨ ᠮᠠᠯ ᠠᠵᠤ ᠠᠬᠤᠢ ᠶᠢᠨ ᠢᠨᠵᠧᠨᠧᠷᠢᠩ ᠢ ᠬᠡᠷᠡᠭᠵᠢᠬᠦᠯᠵᠦ᠂ ᠮᠠᠯ ᠤᠨ ᠠᠰᠢᠭ ᠰᠢᠮ᠎ᠡ ᠶᠢᠨ ᠪᠦᠳᠦᠭᠡᠭᠳᠡᠭᠦᠨ ᠢ ᠰᠤᠯᠢᠯᠴᠠᠬᠤ ᠪᠤᠳᠠᠰ ᠤᠨ ᠬᠤᠯᠪᠤᠭᠠᠨ ᠤ ᠰᠦᠯᠵᠢᠶ᠎ᠡ ᠶᠢᠨ ᠪᠠᠶᠢᠭᠤᠯᠤᠯᠲᠠ ᠶᠢ ᠳᠦᠯᠬᠢᠨ ᠠᠬᠢᠭᠤᠯᠤᠨ᠎ᠠ᠃ ᠠᠮᠢᠳᠤ ᠮᠠᠯ ᠤᠨ ᠰᠤᠯᠢᠯᠴᠠᠭᠠᠨ ᠤ ᠵᠠᠬ᠎ᠠ ᠲᠡᠯᠭᠡᠬᠦᠷ ᠤᠨ ᠪᠠᠶᠢᠭᠤᠯᠤᠯᠲᠠ ᠶᠢ ᠴᠢᠩᠭᠠᠳᠬᠠᠵᠦ᠂ ᠮᠠᠯ ᠤᠨ ᠪᠤᠷᠤᠯᠠᠭᠤᠯᠤᠯᠲᠠ ᠶᠢᠨ ᠵᠠᠮ ᠱᠤᠭᠤᠮ ᠢ ᠦᠷᠬᠡᠳᠬᠡᠨ᠎ᠡ᠃ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠬᠤᠷᠢᠭᠯᠠᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠦ᠂ ᠠᠮᠢᠳᠠᠨ ᠤ ᠬᠢᠵᠢᠭ ᠢ ᠰᠡᠷᠭᠡᠶᠢᠯᠡᠬᠦ ᠠᠵᠢᠯ ᠤᠨ ᠬᠠᠷᠠᠯᠳᠠᠳᠤ ᠬᠠᠮᠢᠶᠠᠷᠤᠯᠳᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃     ᠰᠢᠨ᠎ᠡ ᠬᠡᠯᠪᠡᠷᠢ ᠶᠢᠨ ᠠᠵᠣ ᠦᠢᠯᠡᠳᠪᠦᠷᠢᠵᠢᠯᠳᠠ ᠶᠢᠨ ᠠᠬᠢᠴᠠ ᠶᠢ ᠲᠦᠷᠭᠡᠳᠭᠡᠨ᠎ᠡ᠃ ᠣᠯᠣᠰ ᠤᠨ ᠴᠢᠬᠤᠯᠠ ᠴᠡᠪᠡᠷ ᠡᠨᠧᠷᠬᠢ ᠶᠢ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠠᠶᠢᠭᠤᠯᠣᠯᠳᠠ ᠶᠢᠨ ᠲᠣᠭᠤᠷᠢᠨ ᠳᠤ ︽ᠨᠡᠭᠦᠷᠡᠰᠣ — ᠴᠠᠬᠢᠯᠭᠠᠨ — ᠬᠠᠶᠢᠯᠣᠭᠤᠯᠬᠤ — ᠪᠣᠯᠪᠠᠰᠣᠷᠠᠭᠤᠯᠬᠤ︾ ᠪᠠ ︽ᠨᠡᠭᠦᠷᠡᠰᠣ — ᠴᠠᠬᠢᠯᠭᠠᠨ — ᠬᠠᠲᠠᠭᠤ ᠪᠡᠶᠡᠳᠣ ᠬᠠᠶᠠᠭᠳᠠᠮᠠᠯ ᠪᠣᠳᠠᠰ ᠢ ᠲᠠᠬᠢᠨ ᠠᠰᠢᠭᠯᠠᠬᠤ︾ ᠬᠤᠶᠠᠷ ᠠᠵᠣ ᠦᠢᠯᠡᠰ ᠤᠨ ᠬᠡᠯᠬᠢᠶᠡᠵᠢᠯ ᠢ ᠤᠷᠳᠤᠳᠬᠠᠵᠤ᠂ ᠠᠵᠣ ᠠᠬᠤᠶᠢᠯᠠᠯ ᠢ ᠬᠠᠪᠰᠤᠷᠤᠨ᠂ ᠲᠦᠷᠦᠯ ᠵᠦᠢᠯ ᠢ ᠬᠢᠨᠠᠨ ᠬᠠᠷᠭᠤᠭᠤᠯᠬᠤ᠂ ᠣᠷᠴᠢᠨ ᠲᠣᠭᠤᠷᠢᠨ ᠤ ᠦᠨᠡᠯᠡᠯᠳᠠ ᠬᠢᠬᠦ᠂ ᠭᠠᠵᠠᠷ ᠤᠨ ᠪᠠᠶᠢᠷᠢᠰᠢᠯ ᠰᠣᠩᠭᠤᠬᠤ᠂ ᠭᠠᠵᠠᠷ ᠲᠠᠳᠠᠪᠦᠷᠢᠯᠠᠬᠤ ᠶᠢ ᠬᠢᠨᠠᠨ ᠵᠦᠪᠰᠢᠶᠡᠷᠡᠭᠦᠯᠭᠦ᠂ ᠪᠦᠳᠦᠭᠡᠨ ᠪᠠᠶᠢᠭᠤᠯᠤᠯᠳᠠ ᠶᠢᠨ ᠪᠡᠯᠡ ᠮᠦᠩᠬᠦ᠂ ᠨᠢᠬᠡᠳᠣᠬᠦᠯᠬᠦ ᠶᠢ ᠠᠬᠢᠭᠤᠯᠬᠤ ᠵᠡᠷᠭᠡ ᠲᠠᠯ᠎ᠠ  ᠳᠠᠬᠢ ᠣᠷᠣᠰᠢᠵᠣ ᠪᠠᠶᠢᠭ᠎ᠠ ᠬᠦᠴᠢᠷ ᠲᠦᠪᠡᠭᠳᠡᠢ ᠠᠰᠠᠭᠤᠳᠠᠯ ᠢ ᠵᠣᠬᠢᠴᠠᠭᠤᠯᠣᠨ ᠰᠢᠢᠳᠪᠦᠷᠢᠯᠡᠨ᠎ᠡ᠃ ᠣᠨᠴᠠᠭᠠᠶᠢᠯᠠᠨ ᠳ᠋ᠦᠩᠰᠢᠭᠤᠷ ᠲᠦᠭᠦᠷᠢᠭ ᠠᠴᠠ ᠲᠡᠭᠡᠭᠰᠢᠬᠢ ᠲᠦᠷᠦᠯ ᠵᠦᠢᠯ ᠳᠤ ᠬᠠᠨᠳᠣᠭᠤᠯᠣᠨ᠂ ︽ᠨᠢᠭᠡ ᠠᠵᠣ ᠠᠬᠤᠶᠢᠯᠠᠯ ᠳᠤ ᠨᠢᠭᠡ ᠲᠦᠰᠦᠪ ᠲᠤᠭᠳᠠᠭᠠᠬᠤ︾᠂ ︽ᠲᠦᠰᠦᠯ ᠨᠢᠭᠡᠪᠦᠷᠢ ᠶᠢ ᠵᠦᠪᠯᠡᠬᠦ︾ ᠪᠠ ᠲᠦᠷᠦᠯ ᠠᠩᠬᠢᠯᠠᠨ ᠵᠢᠯᠣᠭᠤᠳᠬᠤ ᠠᠷᠭ᠎ᠠ ᠠᠪᠴᠠᠯ ᠢ ᠠᠪᠴᠣ᠂ ᠤᠶᠢᠯᠡᠴᠢᠯᠡᠭᠡᠨ ᠤ ᠶᠠᠰᠤ ᠴᠢᠨᠠᠷ ᠢᠶᠠᠨ ᠲᠡᠭᠡᠭᠰᠢᠯᠡᠬᠦᠯᠦᠨ᠎ᠡ᠃ ᠵᠢᠷ ᠤᠨ ᠭᠤᠣᠯ ᠬᠤᠶᠠᠳᠣᠭᠠᠷ ᠨᠡᠭᠦᠷᠡᠰᠦᠨ ᠠᠭᠤᠷᠬᠠᠢ᠂ ᠪᠠᠷᠠᠭᠤᠨ ᠦᠵᠣᠮᠣᠴᠢᠨ ᠬᠤᠰᠢᠭᠤᠨ ᠤ ᠶᠢᠨ ᠱᠠᠨ ᠴᠠᠬᠢᠯᠭᠠᠨ ᠭᠠᠷᠭᠠᠬᠤ ᠤᠶᠢᠯᠠᠳᠪᠤᠷᠢ ᠪᠠ ᠬᠤᠤ ᠷᠦᠩ ᠨᠢᠺᠧᠯ ᠬᠠᠶᠢᠯᠣᠭᠤᠯᠣᠨ ᠪᠣᠯᠪᠠᠰᠣᠷᠠᠭᠤᠯᠬᠤ ᠤᠶᠢᠯᠠᠳᠪᠤᠷᠢ ᠵᠡᠷᠭᠡ ᠭᠤᠷᠪᠠᠨ ᠠᠵᠣ ᠠᠬᠤᠶᠢᠯᠠᠯ ᠤᠨ ᠬᠠᠮᠳᠣᠷᠠᠯᠴᠠᠭ᠎ᠠ ᠶᠢ ᠦᠷᠬᠦᠯᠵᠢᠯᠡᠨ ᠠᠬᠢᠭᠤᠯᠵᠣ᠂ ᠨᠡᠭᠦᠷᠡᠰᠣ — ᠴᠠᠬᠢᠯᠭᠠᠨ — ᠬᠠᠶᠢᠯᠤᠭᠤᠯᠬᠤ ᠶᠢ ᠨᠢᠭᠡ ᠴᠣᠭᠴᠠᠵᠢᠭᠤᠯᠣᠭᠰᠠᠨ ᠠᠵᠣ ᠦᠢᠯᠡᠰ ᠤᠨ ᠬᠡᠯᠬᠢᠶᠡᠵᠢᠯ ᠢ ᠪᠦᠷᠢᠯᠳᠦᠬᠦᠯᠦᠨ᠎ᠡ︔ ᠦᠪᠦᠷ ᠮᠣᠩᠭᠤᠯ ᠤᠨ ᠬᠢᠩᠭᠠᠨ ᠵᠡᠰ ᠴᠠᠶᠢᠷ ᠬᠠᠶᠢᠯᠣᠭᠤᠯᠣᠨ ᠪᠣᠯᠪᠠᠰᠣᠷᠠᠭᠤᠯᠬᠤ ᠪᠤᠯᠤᠨ ᠶᠢᠨ ᠲᠢᠶᠠᠨ ᠹᠯᠤᠷ ᠬᠢᠮᠢ ᠶᠢᠨ ᠠᠵᠤ ᠦᠢᠯᠡᠳᠪᠤᠷᠢ ᠶᠢᠨ ᠬᠠᠮᠳᠤᠷᠠᠯᠴᠠᠭ᠎ᠠ ᠶᠢ ᠠᠬᠢᠭᠤᠯᠤᠨ᠂ ᠵᠢᠯ ᠳᠤ 3 ᠳᠦᠮᠡᠨ ᠲᠣᠨ ᠤᠰᠤᠳᠦ᠋ᠷᠦᠭᠴᠢ ᠹᠯᠤᠷᠲᠤ ᠬᠦᠴᠢᠯ ᠤᠶᠢᠯᠠᠳᠪᠤᠷᠢᠯᠡᠭᠦ᠂ ᠵᠢᠯ ᠳᠤ 3 ᠳᠦᠮᠡᠨ ᠲᠣᠨ ᠹᠯᠤᠷᠲᠤ ᠬᠦᠩᠭᠡᠨ ᠴᠠᠭᠠᠨ ᠤᠶᠢᠯᠠᠳᠪᠦᠷᠢᠯᠡᠭᠦ ᠳᠦᠷᠦᠯ ᠵᠦᠢᠯ ᠢ ᠡᠷᠳᠡᠬᠡᠨ ᠠᠵᠢᠯ ᠡᠬᠢᠯᠡᠬᠦᠯᠦᠨ᠎ᠡ᠃ ᠬᠤᠸᠠ ᠷᠦᠨ᠂ ᠵᠢᠩ ᠨᠧᠩ ᠪᠦᠯᠦᠭᠯᠡᠯ ᠤᠨ ᠡᠦ ᠵᠢᠶᠠᠨ ᠹᠠᠩ ᠳᠠᠬᠢ ᠴᠠᠬᠢᠯᠭᠠᠨ ᠭᠠᠷᠭᠠᠬᠤ ᠦᠢᠯᠡᠳᠪᠦᠷᠢ ᠶᠢᠨ 2×66 ᠲᠦᠮᠡᠨ ᠺᠢᠯᠣᠸᠠᠲ ᠮᠠᠰᠢᠨ ᠴᠣᠭᠴᠠᠯᠠᠪᠣᠷᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠠᠬᠢᠴᠠ ᠶᠢ ᠲᠦᠷᠭᠡᠳᠭᠡᠵᠤ᠂ ᠵᠢᠯ ᠤᠨ ᠲᠤᠳᠤᠷ᠎ᠠ ᠠᠰᠢᠭᠯᠠᠯᠳᠠ ᠳᠤ ᠣᠷᠣᠭᠤᠯᠬᠤ ᠪᠠᠷ ᠴᠢᠷᠮᠠᠶᠢᠨ᠎ᠠ᠃ ᠣᠯᠣᠰ ᠤᠨ ᠴᠠᠬᠢᠯᠭᠠᠨ ᠬᠦᠴᠦᠨ ᠤ ᠪᠡᠯᠡ ᠤᠷᠤᠭᠤᠯᠤᠯᠳᠠ ᠶᠢᠨ ᠨᠠᠷᠢᠯᠢᠭᠵᠢᠭᠤᠯᠣᠭᠰᠠᠨ ᠬᠦᠩᠬᠡᠨ ᠴᠠᠭᠠᠨ ᠤ ᠬᠠᠪᠳᠠᠰᠣ ᠪᠣᠯᠪᠠᠰᠣᠷᠠᠭᠤᠯᠬᠤ ᠵᠢᠴᠢ 2×35 ᠳᠦᠮᠡᠨ ᠺᠢᠯᠣᠸᠠᠲ  ᠶᠢᠨ ᠦᠪᠡᠷᠳᠡᠬᠡᠨ ᠪᠡᠯᠡᠳᠬᠡᠬᠦ ᠴᠠᠬᠢᠯᠭᠠᠨ ᠭᠠᠷᠭᠠᠬᠤ ᠦᠢᠯᠡᠳᠪᠤᠷᠢ ᠶᠢᠨ ᠳᠦᠷᠦᠯ ᠵᠦᠢᠯ ᠢ ᠪᠦᠬᠦ ᠲᠠᠯ᠎ᠠ ᠪᠠᠷ ᠠᠵᠢᠯ ᠡᠬᠢᠯᠡᠬᠦᠯᠦᠨ᠎ᠡ᠃ ᠶᠢᠨ ᠮᠠᠨ ᠠᠭᠤᠷᠬᠠᠢ ᠶᠢᠨ ᠦᠢᠯᠡᠰ ᠤᠨ ᠡᠳᠣᠷ ᠲᠤ 5000 ᠲᠣᠨ ᠠᠭᠤᠷᠬᠠᠢ ᠶᠢᠨ ᠬᠦᠳᠡᠷ ᠪᠤᠯᠪᠠᠰᠤᠷᠠᠭᠤᠯᠬᠤ ᠦᠢᠯᠡᠳᠪᠤᠷᠢ ᠶᠢ 4 ᠰᠠᠷ᠎ᠠ ᠳᠤ ᠠᠰᠢᠭᠯᠠᠯᠳᠠ ᠳᠤ ᠣᠷᠣᠭᠤᠯᠬᠤ ᠶᠢ ᠪᠠᠳᠤᠯᠠᠨ᠎ᠠ᠃ ᠵᠢᠷ ᠤᠨ ᠭᠤᠣᠯ ᠬᠤᠶᠠᠳᠣᠭᠠᠷ ᠵᠠᠳᠠᠭᠠᠢ ᠨᠡᠬᠦᠷᠡᠰᠣᠨ ᠠᠭᠤᠷᠬᠠᠢ ᠶᠢ ᠵᠢᠯ ᠤᠨ ᠳᠤᠳᠤᠷ᠎ᠠ ᠵᠤᠬᠢᠴᠠᠭᠤᠯᠤᠨ ᠠᠵᠢᠯ ᠢ ᠨᠢ ᠰᠡᠷᠬᠦᠬᠡᠨ᠎ᠡ᠃ ᠣᠨᠴᠠ ᠦᠨᠳᠦᠷ ᠲᠠᠷᠤᠯᠳᠠᠳᠤ ᠳᠤᠭᠳᠠᠮᠠᠯ ᠭᠦᠶᠦᠳᠠᠯᠳᠤ ᠴᠠᠬᠢᠯᠭᠠᠨ ᠴᠡᠭ ᠤᠨ ᠲᠦᠷᠦᠯ ᠵᠦᠢᠯ ᠵᠢᠴᠢ ᠬᠤᠸᠠ ᠷᠦᠨ ᠪᠦᠯᠦᠭᠯᠡᠯ ᠤᠨ ᠡᠣ ᠵᠢᠶᠠᠨ ᠹᠠᠩ ᠳᠠᠬᠢ ᠪᠠᠷᠠᠭᠤᠨ ᠨᠢᠭᠡᠳᠣᠬᠡᠷ ᠠᠭᠤᠷᠬᠠᠢ ᠶᠢᠨ ᠲᠦᠷᠦᠯ ᠵᠦᠢᠯ ᠤᠨ ᠪᠡᠯᠡᠳᠬᠡᠯ ᠠᠵᠢᠯ ᠢ ᠦᠷᠭᠦᠯᠵᠢᠯᠠᠨ ᠠᠬᠢᠭᠤᠯᠤᠨ᠎ᠠ᠃ ᠰᠢᠣᠢ ᠭᠦᠩ ᠪᠦᠯᠦᠭᠯᠡᠯ᠂ ᠭᠡᠷᠡᠯ ᠢᠶᠠᠷ ᠴᠠᠬᠢᠯᠭᠠᠨ ᠭᠠᠷᠭᠠᠬᠤ᠂ ᠢᠯᠴᠢ ᠢᠶᠠᠷ ᠴᠠᠬᠢᠯᠭᠠᠨ ᠭᠠᠷᠭᠠᠬᠤ ᠵᠡᠷᠭᠡ ᠭᠤᠣᠯᠳᠠᠯᠭ᠎ᠠ ᠲᠠᠢ ᠠᠷᠠᠯᠵᠢᠶᠠᠴᠢᠨ ᠣᠷᠢᠬᠤ ᠲᠦᠷᠦᠯ ᠵᠦᠢᠯ ᠢ ᠱᠠᠯᠠᠪᠳᠠᠭᠤᠯᠵᠤ᠂ ᠨᠡᠬᠦᠷᠡᠰᠦᠨ ᠤ ᠦᠨᠡᠰᠤ ᠶᠢ ᠲᠠᠬᠢᠨ ᠠᠰᠢᠭᠯᠠᠬᠤ ᠲᠦᠷᠦᠯ ᠵᠦᠢᠯ ᠢ ᠢᠳᠡᠪᠬᠢᠳᠠᠢ ᠣᠷᠣᠭᠤᠯᠵᠣ᠂ ᠠᠵᠣ ᠦᠢᠯᠡᠰ ᠤᠨ ᠬᠡᠯᠬᠢᠶᠡᠵᠢᠯ ᠢ ᠤᠷᠳᠤᠳᠬᠠᠬᠤ ᠪᠠ ᠣᠷᠴᠢᠯᠳᠣ ᠬᠦᠭᠵᠢᠯᠳᠡ ᠶᠢ ᠪᠡᠶᠡᠯᠡᠬᠦᠯᠦᠨ᠎ᠡ᠃ ᠪᠠᠶᠠᠨᠬᠤᠸᠠ ᠨᠡᠬᠦᠷᠡᠰᠣᠨ ᠠᠭᠤᠷᠬᠠᠢ ᠶᠢᠨ ᠶᠡᠷᠦᠩᠬᠡᠢ ᠲᠦᠯᠦᠪᠵᠢᠬᠦᠯᠬᠡ ᠶᠢ ᠵᠠᠰᠠᠨ ᠨᠠᠶᠢᠷᠠᠭᠤᠯᠬᠤ ᠠᠵᠢᠯ ᠢ ᠦᠷᠬᠦᠯᠵᠢᠯᠡᠨ ᠠᠬᠢᠭᠤᠯᠵᠣ᠂ ᠪᠠᠶᠠᠨᠬᠤᠸᠠ ᠠᠵᠣ ᠦᠢᠯᠡᠳᠪᠦᠷᠢ ᠶᠢᠨ ᠲᠣᠭᠤᠷᠢᠭ ᠤᠨ ᠶᠡᠷᠦᠩᠬᠡᠢ ᠲᠦᠯᠦᠪᠵᠢᠬᠦᠯᠬᠡ ᠶᠢ ᠵᠠᠰᠠᠨ ᠨᠠᠶᠢᠷᠠᠭᠤᠯᠬᠤ᠂ ᠪᠠᠶᠠᠨᠬᠤᠸᠠ ᠳᠠᠬᠢ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠤ ᠦᠨᠡᠯᠡᠯᠳᠠ ᠶᠢ ᠵᠠᠰᠠᠨ ᠨᠠᠶᠢᠷᠠᠭᠤᠯᠬᠤ ᠪᠠ ᠡᠣ ᠵᠢᠶᠠᠨ ᠹᠠᠩ ᠠᠵᠣ ᠦᠢᠯᠡᠰ ᠤᠨ ᠲᠦᠯᠦᠪᠵᠢᠬᠦᠯᠬᠡ ᠶᠢ ᠨᠠᠶᠢᠷᠠᠭᠤᠯᠬᠤ ᠠᠵᠢᠯ ᠢ ᠡᠬᠢᠯᠡᠬᠦᠯᠦᠨ᠎ᠡ᠃ ︽ᠨᠢᠭᠡ ᠲᠤᠭᠤᠷᠢᠭ ᠭᠤᠷᠪᠠᠨ ᠭᠦᠷᠢᠶᠡᠯᠡᠩ︾᠂ ︽ᠨᠢᠭᠡ ᠭᠦᠷᠢᠶᠡᠯᠡᠩ ᠤᠯᠠᠨ ᠬᠡᠰᠡᠭ︾ ᠤᠨ ᠬᠡᠯᠪᠡᠷᠢ ᠪᠠᠷ ᠡᠦ ᠵᠢᠶᠠᠨ ᠹᠠᠩ ᠳᠠᠬᠢ ᠲᠣᠣᠷ᠎ᠠ  ᠨᠡᠭᠦᠷᠡᠰᠦᠳᠦ᠋ᠷᠦᠭᠴᠢᠳᠤ ᠪᠣᠬᠢᠷᠳᠣᠯ ᠢ ᠪᠠᠭᠠᠰᠬᠠᠬᠤ ᠵᠢᠱᠢᠶ᠎ᠡ ᠦᠵᠡᠬᠦᠯᠬᠦ ᠣᠷᠣᠨ ᠪᠠ ᠪᠠᠯᠭᠠᠷᠭᠤᠣᠯ ᠪᠣᠳᠠᠰ ᠤᠨ ᠬᠦᠢᠯᠭᠡᠭᠡᠨ ᠤ ᠬᠦᠷᠢᠶᠡᠯᠡᠩ ᠢ ᠪᠠᠶᠠᠨᠬᠤᠸᠠ ᠠᠵᠣ ᠦᠢᠯᠡᠳᠪᠦᠷᠢ ᠶᠢᠨ ᠲᠣᠭᠤᠷᠢᠭ ᠲᠠᠢ ᠨᠢᠭᠡᠳᠦᠭᠦᠯᠦᠨ᠎ᠠ᠃      ᠪᠦᠭᠦᠶᠢᠯᠠ ᠤᠷᠤᠨ ᠪᠦᠰᠠ ᠶᠢᠨ ᠵᠢᠭᠤᠯᠴᠢᠯᠠᠯ ᠢ ᠬᠦᠭᠵᠢᠬᠦᠯᠬᠦ ᠵᠢᠱᠢᠶ᠎ᠡ ᠦᠵᠡᠬᠦᠯᠬᠦ ᠬᠤᠰᠢᠭᠤ ᠰᠢᠶᠠᠨ ᠢ ᠴᠣᠭᠴᠠᠯᠠᠨ᠎ᠠ᠃ ᠵᠢᠭᠤᠯᠴᠢᠯᠠᠯ ᠤᠨ ᠦᠢᠯᠡᠰ ᠲᠦᠷᠬᠡᠨ ᠢᠶᠠᠷ ᠬᠦᠭᠵᠢᠵᠦ ᠪᠠᠶᠢᠭ᠎ᠠ ᠬᠠᠨᠳᠤᠰᠢ ᠪᠠ ᠵᠢᠭᠤᠯᠴᠢᠯᠠᠯ ᠤᠨ ᠦᠢᠯᠡᠰ ᠤᠨ ᠬᠤᠪᠢᠷᠠᠯᠳᠠ ᠦᠬᠡᠷᠡᠴᠢᠯᠡᠯᠳᠠ ᠶᠢᠨ ᠵᠠᠩᠬᠢᠯᠠᠭ᠎ᠠ ᠶᠢᠨ ᠬᠤᠭᠤᠴᠠᠭ᠎ᠠ ᠶᠢ ᠠᠳᠬᠤᠨ᠂ 2017 ᠣᠨ ᠢ ᠦᠪᠡᠷᠳᠡᠬᠡᠨ ᠵᠠᠰᠠᠬᠤ ᠣᠷᠣᠨ ᠤ ᠵᠢᠭᠤᠯᠴᠢᠯᠠᠯ ᠢ ᠬᠦᠭᠵᠢᠬᠦᠯᠬᠦ ᠣᠨ ᠢᠶᠠᠷ ᠲᠣᠭᠳᠠᠭᠠᠭᠰᠠᠨ ᠠᠵᠠ ᠲᠣᠬᠢᠶᠠᠯ ᠢ ᠠᠰᠢᠭᠯᠠᠵᠤ᠂ ︽ᠰᠦᠷᠯᠢᠭ ᠰᠠᠶᠢᠬᠠᠨ ᠦᠪᠦᠷ ᠮᠣᠩᠭᠤᠯ᠂ ᠰᠣᠳᠣᠨ ᠦᠵᠡᠮᠵᠢᠳᠣ ᠭᠤᠶᠢᠳᠠ ᠣᠷᠣᠨ︾ ᠭᠡᠬᠦ ᠨᠡᠷᠡᠳᠣ ᠲᠡᠮᠳᠡᠭ ᠤᠨ ᠲᠤᠭᠤᠷᠢᠨ ᠳᠤ ︽ᠪᠠᠭ᠋ᠠᠷᠣᠮ᠎ᠠ ᠰᠠᠶᠢᠬᠠᠨ ᠪᠠᠷᠠᠭᠤᠨ ᠦᠵᠣᠮᠣᠴᠢᠨ᠂ ᠪᠠᠶᠠᠰᠤᠨ ᠵᠣᠭᠠᠴᠠᠬᠤ ᠲᠠᠷᠬᠠᠨ ᠣᠷᠣᠨ︾ ᠭᠡᠬᠦ ᠣᠷᠢᠶᠠᠯᠠᠭ᠎ᠠ ᠪᠠᠷ ᠠᠴᠢᠶᠠᠯᠠᠪᠦᠷᠢ ᠪᠣᠯᠭᠠᠨ᠂ ᠮᠠᠨ ᠤ ᠬᠤᠰᠢᠭᠤᠨ ᠤ ᠪᠦᠭᠦᠶᠢᠯᠠ ᠤᠷᠤᠨ ᠪᠦᠰᠠ ᠶᠢᠨ ᠵᠢᠭᠤᠯᠴᠢᠯᠠᠯ᠂ ᠲᠦᠷᠪᠡᠨ ᠣᠯᠠᠷᠢᠯ ᠤᠨ ᠵᠢᠭᠤᠯᠴᠢᠯᠠᠯ ᠢ ᠬᠦᠭᠵᠢᠬᠦᠯᠵᠦ᠂ ᠵᠢᠭᠤᠯᠴᠢᠯᠠᠯ ᠤᠨ ᠦᠢᠯᠡᠰ ᠢᠶᠠᠷ ᠠᠵᠣ ᠠᠬᠤᠢ ᠶᠢᠨ ᠰᠢᠨ᠎ᠡ ᠥᠰᠦᠯᠳᠡ ᠶᠢᠨ ᠴᠡᠭ ᠪᠣᠯᠭᠠᠨ᠎ᠠ᠃ ᠣᠷᠣᠨ ᠨᠤᠲᠤᠭ ᠤᠨ ᠣᠨᠴᠠᠯᠢᠭ ᠪᠠ ᠰᠣᠶᠣᠯ ᠢ ᠲᠣᠪᠣᠶᠢᠯᠭᠠᠭᠰᠠᠨ 6 ᠶᠡᠭᠡ ᠦᠵᠡᠮᠵᠢ ᠶᠢᠨ ᠤᠷᠤᠨ ᠤ ᠨᠠᠷᠢᠯᠢᠭ ᠲᠦᠯᠦᠪᠵᠢᠭᠦᠯᠭᠡ ᠪᠠ ᠭᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠳᠡ ᠶᠢᠨ ᠲᠦᠯᠦᠪᠵᠢᠬᠦᠯᠬᠡ ᠶᠢ ᠲᠡᠭᠦᠯᠳᠡᠷᠵᠢᠭᠦᠯᠵᠤ᠂ 6 ᠵᠣᠷᠪᠣᠰ ᠰᠢᠯᠢᠳᠡᠭ ᠵᠢᠭᠤᠯᠴᠢᠯᠠᠯ ᠤᠨ ᠵᠠᠮ ᠱᠣᠭᠤᠮ ᠢ ᠡᠬᠦᠳᠦᠨ᠎ᠡ᠃ ᠲᠦᠷᠪᠠᠨ ᠤᠯᠠᠷᠢᠯ ᠤᠨ ᠵᠢᠭᠤᠯᠴᠢᠯᠠᠯ ᠢ ᠭᠦᠭᠵᠢᠭᠦᠯᠵᠤ᠂ ︽ᠦᠪᠦᠷ ᠮᠣᠩᠭᠤᠯ ᠤᠨ ᠠᠷᠪᠠᠨ ᠲᠦᠷᠪᠡᠳᠣᠭᠡᠷ ᠬᠤᠭᠤᠴᠠᠭᠠᠨ ᠤ ᠮᠦᠩᠬᠦᠨ ᠡᠪᠣᠯ ᠤᠨ ᠨᠠᠶᠢᠷ ᠵᠢᠴᠢ ᠲᠣᠯᠣᠳᠣᠭᠠᠷ ᠣᠳᠠᠭᠠᠨ ᠤ ᠮᠣᠩᠭᠤᠯ ᠦᠨᠳᠦᠰᠦᠳᠡᠨ ᠤ ᠡᠪᠣᠯ ᠤᠨ ᠣᠯᠠᠷᠢᠯ ᠤᠨ ᠬᠤᠪᠴᠠᠰᠣ ᠵᠠᠰᠠᠯ ᠤᠨ ᠣᠷᠠᠯᠢᠭ ᠤᠨ ᠨᠠᠶᠢᠷ︾ ᠢ ᠠᠮᠵᠢᠯᠳᠠᠳᠠᠢ ᠡᠷᠬᠢᠯᠡᠭᠰᠡᠨ ᠨᠠᠨᠳᠢᠨ ᠲᠣᠷᠰᠢᠯᠭ᠎ᠠ ᠰᠣᠷᠭᠠᠮᠵᠢ ᠪᠠ ᠨᠦᠯᠦᠭᠡ ᠲᠤᠰᠬᠠᠯ ᠢᠶᠠᠨ ᠬᠦᠢᠴᠡᠳ ᠠᠰᠢᠭᠯᠠᠨ᠂ ᠡᠪᠣᠯ ᠤᠨ ᠣᠯᠠᠷᠢᠯ ᠤᠨ ᠵᠢᠭᠤᠯᠴᠢᠯᠠᠯ ᠤᠨ ᠡᠭᠢ ᠪᠠᠶᠠᠯᠢᠭ ᠢ ᠦᠷᠬᠦᠯᠵᠢᠯᠡᠨ ᠨᠡᠭᠡᠭᠡᠨ ᠭᠦᠭᠵᠢᠭᠦᠯᠦᠨ᠎ᠠ᠃ ᠮᠣᠩᠭᠤᠯ ᠬᠠᠨ ᠬᠤᠳᠠ ᠦᠵᠡᠮᠵᠢ ᠶᠢᠨ ᠤᠷᠤᠨ ᠢᠶᠠᠷ ᠭᠤᠣᠯ ᠴᠡᠭ ᠪᠣᠯᠭᠠᠭᠰᠠᠨ ︽99 ᠺᠢᠯᠤᠮᠧᠲᠷ︾ ᠲᠠᠯ᠎ᠠ ᠨᠣᠳᠤᠭ ᠤᠨ ᠨᠡᠭᠦᠳᠡᠯ ᠰᠣᠶᠣᠯ ᠤᠨ ᠦᠵᠡᠮᠵᠢ ᠪᠠᠷ ᠰᠠᠭᠤᠷᠢᠯᠠᠵᠤ᠂ ᠲᠠᠯ᠎ᠠ ᠨᠣᠳᠤᠭ ᠤᠨ 5A ᠲᠡᠰ ᠤᠨ ᠵᠢᠭᠤᠯᠴᠢᠯᠠᠯ ᠤᠨ ᠣᠷᠣᠨ ᠢ ᠡᠭᠦᠳᠦᠨ᠎ᠡ᠃ ︽ᠴᠠᠭᠠᠨ ᠠᠳᠤᠭᠤᠨ ᠤ ᠨᠤᠳᠤᠭ︾ ᠵᠢᠭᠤᠯᠴᠢᠯᠠᠯ ᠤᠨ ᠨᠠᠷᠠᠳᠤ ᠲᠡᠮᠳᠡᠭ ᠢ ᠲᠤᠪᠤᠶᠢᠯᠭᠠᠨ᠂ ᠠᠳᠤᠭᠤᠨ ᠤ ᠠᠵᠤ ᠤᠶᠢᠯᠠᠰ ᠢ ᠪᠦᠭᠦ ᠭᠦᠴᠦᠨ ᠢᠶᠠᠷ ᠭᠦᠭᠵᠢᠭᠦᠯᠵᠤ᠂ ᠲᠤᠮᠳᠠᠳᠤ ᠶᠢᠨ ᠦᠨᠳᠤᠰᠦᠳᠠᠨ ᠤ ᠲᠠᠯ᠎ᠠ ᠨᠤᠳᠤᠭ ᠤᠨ ᠮᠤᠷᠢᠨ ᠤᠷᠤᠯᠳᠤᠭᠠᠨ ᠢ ᠤᠨᠴᠠᠯᠢᠭ ᠲᠠᠢ ᠪᠠᠷ ᠰᠠᠶᠢᠳᠤᠷ ᠡᠷᠭᠢᠯᠠᠨ᠂ ᠲᠣᠮᠳᠠᠳᠣ ᠣᠯᠣᠰ ᠤᠨ ᠠᠷᠪᠠᠨ ᠰᠢᠵᠢᠷ ᠠᠯᠳᠠᠨ ᠣᠷᠣᠯᠳᠣᠭᠠᠨ ᠤ ᠵᠠᠮ ᠱᠣᠭᠤᠮ ᠢ ᠡᠭᠦᠳᠦᠨ᠎ᠠ᠃ ᠴᠢᠩᠭᠢᠰ ᠬᠠᠭᠠᠨ ᠤ ᠬᠤᠶᠠᠷ ᠵᠠᠭᠠᠯ ᠤᠨ ᠦᠯᠢᠭᠡᠷ ᠢ ᠤᠯᠠᠨ ᠳᠤ ᠲᠠᠨᠢᠯᠴᠠᠭᠤᠯᠵᠤ᠂ ᠠᠳᠤᠭᠤᠨ ᠤ ᠠᠵᠤ ᠤᠶᠢᠯᠠᠰ ᠵᠢᠴᠢ ᠵᠢᠭᠤᠯᠴᠢᠯᠠᠯ ᠤᠨ ᠤᠶᠢᠯᠠᠰ ᠤᠨ ᠭᠦᠨᠵᠡᠭᠡᠢ ᠠᠭᠤᠰᠤᠯᠴᠠᠨ ᠭᠦᠭᠵᠢᠭᠦ ᠶᠢ ᠠᠬᠢᠭᠤᠯᠤᠨ᠎ᠠ᠃ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠲᠡᠭᠦᠯᠳᠡᠷᠵᠢᠭᠦᠯᠦᠨ᠂ ︽ᠬᠤᠶᠠᠷ ᠶᠡᠭᠡ ᠭᠤᠣᠯ ᠰᠡᠳᠣᠪᠳᠣ ᠠᠵᠢᠯᠯᠠᠭ᠎ᠠ᠂ ᠲᠦᠷᠪᠡᠨ ᠲᠦᠷᠦᠯ ᠤᠨ ᠰᠣᠶᠣᠯ ᠲᠠᠮᠢᠷ ᠤᠨ ᠣᠷᠣᠯᠳᠣᠭᠠᠨ︾ ᠢ ᠲᠡᠰᠵᠢᠬᠦᠯᠦᠨ᠂ ︽ᠣᠯᠠᠨ ᠣᠯᠣᠰ ᠤᠨ ᠲᠠᠯ᠎ᠠ ᠨᠣᠳᠤᠭ ᠤᠨ ᠲᠦᠮᠡᠨ ᠬᠦᠮᠦᠨ ᠤ ᠮᠠᠷᠠᠽᠣᠨ ᠣᠷᠣᠯᠳᠣᠭᠠᠨ︾᠂ ︽ᠪᠦᠬᠦ ᠣᠯᠣᠰ ᠤᠨ ᠲᠣᠮᠳᠠᠳᠣ ᠮᠠᠶ᠋ᠢᠭ ᠤᠨ ᠪᠦᠬᠡ ᠶᠢᠨ  ᠮᠠᠩᠯᠠᠢ ᠰᠢᠯᠭᠠᠷᠠᠭᠤᠯᠬᠤ ᠣᠷᠣᠯᠳᠣᠭᠠᠨ︾ ᠢ ᠡᠷᠬᠢᠯᠠᠨ ᠶᠠᠪᠤᠭᠳᠠᠭᠤᠯᠬᠤ ᠪᠠᠷ ᠡᠷᠡᠮᠡᠯᠵᠡᠯᠡᠨ᠎ᠠ᠃ ᠵᠣᠭᠠᠴᠠᠭᠰᠠᠳ ᠲᠤ ᠦᠢᠯᠡᠴᠢᠯᠡᠬᠦ ᠲᠦᠪ ᠪᠠ ᠮᠠᠰᠢᠨ ᠢᠶᠠᠷ ᠠᠶᠠᠯᠠᠨ ᠵᠣᠭᠠᠴᠠᠬᠤ ᠳᠤ ᠲᠦᠭᠦᠮ ᠦᠵᠡᠬᠦᠯᠬᠦ ᠰᠠᠭᠤᠷᠢᠨ ᠭᠠᠵᠠᠷ ᠢ ᠲᠤᠰᠪᠤᠷᠢ ᠬᠤᠶᠠᠷ ᠢ ᠰᠢᠨ᠎ᠠ ᠪᠠᠷ ᠪᠠᠶᠢᠭᠤᠯᠬᠤ ᠪᠠᠷ ᠴᠢᠷᠮᠠᠶᠢᠵᠤ᠂ ᠮᠠᠰᠢᠨ ᠢᠶᠠᠷ ᠠᠶᠠᠯᠠᠨ ᠵᠤᠭᠠᠴᠠᠭᠰᠠᠳ ᠤᠨ ᠭᠡᠷᠡᠭᠴᠡᠭᠡ ᠱᠠᠭᠠᠷᠳᠠᠯᠭ᠎ᠠ ᠶᠢ ᠬᠠᠨᠭ᠍ᠭᠠᠨ᠎ᠠ᠃ ppp ᠬᠡᠯᠪᠡᠷᠢ ᠪᠠᠷ ᠦᠵᠡᠮᠵᠢ ᠶᠢᠨ ᠣᠷᠣᠨ ᠤ ᠰᠠᠭᠤᠷᠢ ᠲᠦᠭᠦᠭᠡᠷᠦᠮᠵᠢ ᠶᠢᠨ ᠪᠦᠳᠣᠬᠡᠨ ᠪᠠᠶᠢᠭᠤᠯᠣᠯᠳᠠ ᠶᠢ ᠴᠢᠩᠭᠠᠳᠬᠠᠨ᠂ ᠤᠶᠢᠯᠡᠴᠢᠯᠡᠭᠡᠨ ᠤ ᠴᠢᠳᠠᠪᠭᠢ ᠶᠢ ᠲᠡᠭᠦᠯᠳᠡᠷᠵᠢᠭᠦᠯᠵᠤ᠂ ᠦᠵᠡᠮᠵᠢ ᠶᠢᠨ ᠤᠷᠤᠨ ᠢ ᠲᠡᠰ ᠲᠡᠪᠰᠢᠬᠦᠯᠦᠨ᠎ᠡ᠃ ᠵᠢᠭᠤᠯᠴᠢᠯᠠᠯ ᠤᠨ ᠦᠢᠯᠡᠴᠢᠯᠡᠬᠡᠨ ᠤ ᠵᠠᠬ᠎ᠠ ᠲᠡᠯᠬᠡᠬᠦᠷ ᠤᠨ ᠬᠢᠨᠠᠨ ᠬᠠᠮᠢᠶᠠᠷᠣᠯᠳᠠ ᠪᠠᠨ ᠴᠢᠩᠭᠠᠳᠬᠠᠵᠣ᠂ ︽ᠮᠠᠯᠴᠢᠨ ᠠᠶᠢᠯ︾ ᠵᠣᠭᠠᠴᠠᠯ ᠤᠨ ᠭᠠᠵᠠᠷ ᠤᠨ ᠲᠦᠯᠦᠪᠵᠢᠭᠦᠯᠭᠡ ᠶᠢ ᠵᠢᠭᠠᠨ ᠵᠢᠯᠣᠭᠤᠳᠴᠣ᠂ ᠬᠠᠮᠢᠶᠠᠷᠣᠯᠳᠠ ᠪᠠᠨ ᠲᠦᠷᠢᠮᠵᠢᠬᠦᠯᠦᠨ᠂ ᠦᠪᠡᠷᠳᠡᠬᠡᠨ ᠵᠠᠰᠠᠬᠤ ᠣᠷᠣᠨ ᠤ ᠵᠢᠭᠤᠯᠴᠢᠯᠠᠯ ᠤᠨ ᠪᠠᠷᠢᠮᠵᠢᠶᠠᠵᠢᠭᠰᠠᠨ ᠵᠢᠱᠢᠶ᠎ᠡ ᠦᠵᠡᠬᠦᠯᠬᠦ ᠲᠦᠷᠦᠯ ᠵᠤᠶᠢᠯ ᠢ ᠢᠳᠡᠪᠬᠢᠳᠠᠢ ᠡᠷᠡᠮᠡᠯᠵᠡᠯᠡᠵᠣ᠂ ᠵᠢᠭᠤᠯᠴᠢᠯᠠᠯ ᠤᠨ ᠤᠶᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ ᠤᠯᠠᠨ ᠨᠠᠶᠢᠳᠠ ᠶᠢᠨ ᠤᠶᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠳᠠ ᠶᠢ ᠲᠦᠷᠭᠡᠳᠭᠡᠨ᠂ ᠤᠳᠬ᠎ᠠ ᠤᠷᠠᠯᠢᠭ ᠤᠨ ᠰᠤᠳᠤᠨ ᠪᠦᠳᠦᠭᠡᠯ᠂ ᠦᠵᠦᠮᠦᠴᠢᠨ ᠵᠠᠩ ᠤᠶᠢᠯᠠ ᠰᠤᠶᠤᠯ ᠢ ᠠᠭᠤᠳᠠᠯᠤᠨ ᠡᠮᠬᠢᠳᠭᠡᠭᠦ᠂ ᠰᠤᠶᠤᠯ ᠤᠨ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠳᠠ ᠪᠠᠨ ᠴᠢᠩᠭᠠᠳᠬᠠᠨ᠂ ᠰᠤᠶᠤᠯ ᠪᠤᠯᠤᠨ ᠵᠢᠭᠤᠯᠴᠢᠯᠠᠯ  ᠤᠨ ᠤᠶᠢᠯᠠᠰ ᠤᠨ ᠠᠭᠤᠰᠤᠯᠴᠠᠨ ᠭᠦᠭᠵᠢᠭᠦ ᠶᠢ ᠠᠬᠢᠭᠤᠯᠤᠨ᠎ᠠ᠃ 2017 ᠣᠨ ᠳᠤ ᠵᠤᠭᠠᠴᠠᠭᠰᠠᠳ ᠤᠨ ᠲᠤᠭ᠎ᠠ  ᠶᠢ 100 ᠲᠦᠮᠡ ᠶᠢ ᠲᠠᠪᠠᠭᠤᠯᠵᠣ᠂ ᠵᠢᠭᠤᠯᠴᠢᠯᠠᠯ ᠤᠨ ᠣᠷᠣᠯᠭ᠎ᠠ ᠶᠢ 5 ᠳ᠋ᠦᠩᠰᠢᠭᠤᠷ ᠲᠦᠭᠦᠷᠢᠭ ᠲᠤ ᠭᠦᠷᠭᠡᠭᠦ  ᠪᠠᠷ ᠴᠢᠷᠮᠠᠶᠢᠨ᠎ᠠ᠃     ᠰᠢᠨ᠎ᠡ ᠪᠠᠷ ᠬᠦᠭᠵᠢᠨ ᠮᠠᠨᠳᠣᠵᠣ ᠪᠠᠶᠢᠭ᠎ᠠ ᠠᠵᠣ ᠦᠢᠯᠡᠰ ᠢ ᠢᠳᠡᠪᠬᠢᠳᠠᠢ ᠪᠠᠷ ᠪᠣᠶᠢᠵᠢᠭᠤᠯᠣᠨ᠎ᠠ᠃ ᠪᠦᠬᠦ ᠬᠤᠰᠢᠭᠤᠨ ᠤ ᠶᠡᠭᠡ ᠲᠤᠭ᠎ᠠ ᠪᠠᠷᠢᠮᠳᠠ ᠶᠢᠨ ᠰᠠᠭᠤᠷᠢ ᠲᠦᠭᠦᠭᠡᠷᠣᠮᠵᠢ ᠶᠢᠨ ᠪᠦᠳᠣᠬᠡᠨ ᠪᠠᠶᠢᠭᠤᠯᠣᠯᠳᠠ ᠶᠢ ᠠᠬᠢᠭᠤᠯᠵᠣ᠂ ᠶᠡᠭᠡ ᠲᠤᠭ᠎ᠠ ᠪᠠᠷᠢᠮᠳᠠ ᠶᠢᠨ ᠠᠵᠢᠯᠯᠠᠭᠠᠨ ᠤ ᠲᠦᠪ ᠢ ᠪᠠᠶᠢᠭᠤᠯᠣᠨ᠂ ᠤᠶᠤᠨᠴᠢᠯᠠᠭᠰᠠᠨ ᠵᠠᠰᠠᠭ ᠤᠨ ᠶᠠᠪᠣᠳᠠᠯ᠂ ᠤᠶᠤᠨᠴᠢᠯᠠᠭᠰᠠᠨ ᠨᠡᠶᠢᠭᠡᠮ ᠲᠣᠭᠤᠷᠢᠭ᠂ ᠤᠶᠤᠨᠴᠢᠯᠠᠭᠰᠠᠨ ᠵᠢᠭᠤᠯᠴᠢᠯᠠᠯ᠂ ᠤᠶᠤᠨᠴᠢᠯᠠᠭᠰᠠᠨ ᠬᠦᠳᠡᠯᠮᠦᠷᠢ ᠠᠵᠢᠯᠳᠠᠨ ᠤ ᠶᠠᠪᠣᠳᠠᠯ ︵ᠨᠡᠶᠢᠭᠡᠮ ᠤᠨ ᠪᠠᠳᠣᠯᠠᠭ᠎ᠠ︶᠂ ᠤᠶᠤᠨᠴᠢᠯᠠᠭᠰᠠᠨ ᠠᠶᠣᠯᠬᠦᠢ ᠶᠢᠨ ᠪᠠᠶᠢᠴᠠᠭᠠᠯᠳᠠ᠂ ᠤᠶᠤᠨᠴᠢᠯᠠᠭᠰᠠᠨ ᠠᠮᠣᠷ ᠲᠦᠪᠰᠢᠨ᠂ ᠤᠶᠤᠨᠴᠢᠯᠠᠭᠰᠠᠨ ᠮᠠᠯ ᠠᠵᠣ ᠠᠬᠤᠢ᠂ ᠤᠶᠤᠨᠴᠢᠯᠠᠭᠰᠠᠨ ᠡᠮ ᠡᠮᠨᠡᠯᠭᠡ ᠵᠡᠷᠭᠡ ᠲᠠᠯ᠎ᠠ ᠶᠢ ᠡᠩ ᠲᠡᠷᠢᠭᠦᠨ ᠳᠤ ᠬᠦᠭᠵᠢᠬᠦᠯᠦᠨ ᠬᠡᠷᠡᠭᠯᠡᠨ᠎ᠡ᠃ ᠡᠮ ᠡᠮᠨᠡᠯᠭᠡ ᠡᠷᠡᠬᠦᠯ ᠬᠠᠮᠠᠭᠠᠯᠠᠯ ᠪᠣᠯᠣᠨ ᠨᠠᠰᠣᠳᠠᠨ ᠢ ᠠᠰᠠᠷᠠᠬᠤ ᠦᠢᠯᠡᠴᠢᠯᠡᠭᠡ ᠶᠢ ᠣᠶᠠᠯᠳᠣᠭᠤᠯᠣᠨ᠂ ᠡᠷᠡᠬᠦᠯ ᠮᠡᠨᠳᠣ ᠨᠠᠰᠣᠳᠠᠨ ᠢ ᠠᠰᠠᠷᠠᠬᠤ ᠦᠢᠯᠡᠴᠢᠯᠡᠭᠡᠨ ᠤ ᠦᠢᠯᠡᠰ ᠢ ᠬᠦᠭᠵᠢᠬᠦᠯᠦᠨ᠎ᠡ᠃ ᠭᠤᠣᠯ ᠣᠳᠣᠷᠢᠳᠣᠮᠵᠢ ᠶᠢᠨ ᠠᠵᠣ ᠦᠢᠯᠡᠰ ᠢ ᠤᠷᠳᠤᠳᠬᠠᠨ ᠢᠵᠢ ᠪᠦᠷᠢᠳᠦᠭᠦᠯᠭᠦ᠂ ᠨᠡᠶᠢᠳᠠ ᠶᠢᠨ ᠪᠣᠰᠦ ᠦᠮᠴᠢᠯᠡᠯᠳᠣ ᠠᠵᠣ ᠠᠬᠤᠢ ᠶᠢ ᠪᠣᠵᠠᠭᠠᠶᠢᠷᠠᠭᠤᠯᠬᠤ ᠪᠠ ᠣᠯᠠᠨ ᠲᠦᠮᠡᠨ ᠤ ᠣᠯᠠᠨ ᠬᠡᠯᠪᠡᠷᠢᠵᠢᠯᠳᠠ ᠶᠢᠨ ᠭᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠰᠢᠨ᠎ᠡ ᠡᠨᠧᠷᠬᠢ᠂ ᠰᠢᠨ᠎ᠡ ᠮᠠᠲ᠋ᠧᠷᠢᠶᠠᠯ᠂ ᠶᠡᠭᠡ ᠲᠤᠭ᠎ᠠ ᠪᠠᠷᠢᠮᠳᠠ ᠶᠢᠨ ᠡᠭᠦᠯᠡᠨ ᠪᠣᠳᠣᠯᠳᠠ᠂ ᠰᠣᠷᠠᠭ ᠵᠠᠩᠭᠢ ᠶᠢᠨ ᠦᠢᠯᠡᠴᠢᠯᠡᠭᠡ᠂ ᠡᠷᠡᠬᠦᠯ ᠮᠡᠨᠳᠣ ᠨᠠᠰᠣᠳᠠᠨ ᠤ ᠠᠰᠠᠷᠠᠮᠵᠢ ᠵᠡᠷᠭᠡ ᠰᠢᠨ᠎ᠡ ᠪᠠᠷ ᠭᠦᠭᠵᠢᠨ ᠮᠠᠨᠳᠤᠵᠤ ᠪᠠᠶᠢᠭ᠎ᠠ ᠠᠵᠣ ᠦᠢᠯᠡᠰ ᠢ ᠶᠡᠬᠡᠪᠡᠷ ᠬᠦᠭᠵᠢᠬᠦᠯᠵᠦ᠂ ᠠᠵᠣ ᠠᠬᠤᠢ ᠶᠢᠨ ᠨᠡᠮᠡᠭᠳᠡᠯ ᠤᠨ ᠰᠢᠨ᠎ᠠ ᠭᠦᠳᠡᠯᠭᠡᠭᠦ ᠭᠦᠴᠦᠨ ᠪᠤᠯᠭᠠᠨ᠎ᠠ᠃ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠦᠢᠯᠡᠳᠪᠦᠷᠢᠯᠡᠬᠦ ᠲᠦᠷᠦᠯ ᠵᠦᠢᠯ ᠢ ᠣᠷᠣᠭᠤᠯᠣᠨ᠂ ᠨᠡᠭᠦᠷᠡᠰᠣ᠂ ᠴᠠᠬᠢᠯᠭᠠᠨ᠂ ᠬᠠᠶᠢᠯᠣᠭᠤᠯᠬᠤ᠂ ᠪᠣᠯᠪᠠᠰᠣᠷᠠᠭᠤᠯᠬᠤ  ᠵᠡᠷᠭᠡ ᠬᠤᠯᠪᠣᠭᠳᠠᠯ ᠪᠦᠬᠦᠢ ᠠᠵᠣ ᠦᠢᠯᠡᠰ ᠤᠨ ᠬᠠᠳᠠᠭᠤ ᠪᠡᠶᠡᠳᠣ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠰᠠᠶᠢᠳᠣᠷ ᠠᠰᠢᠭᠯᠠᠨ᠎ᠠ᠃ ᠣᠳᠣᠬᠢᠴᠢᠯᠠᠭᠰᠠᠨ ᠪᠣᠳᠠᠰ ᠤᠨ ᠬᠦᠢᠯᠭᠡᠭᠡᠨ ᠤ ᠦᠢᠯᠡᠰ ᠤᠨ ᠬᠦᠭᠵᠢᠯᠳᠡ ᠶᠢ ᠲᠦᠷᠭᠡᠳᠭᠡᠨ᠂ ᠪᠠᠶᠠᠨᠬᠤᠸᠠ ᠶᠡᠷᠦᠩᠬᠡᠶᠢᠯᠡᠭᠰᠡᠨ ᠪᠣᠳᠠᠰ ᠤᠨ ᠬᠦᠢᠯᠭᠡᠭᠡᠨ ᠤ ᠲᠣᠭᠤᠷᠢᠭ ᠢᠶᠠᠷ ᠭᠤᠣᠯ ᠪᠣᠯᠭᠠᠭᠰᠠᠨ ᠤᠳᠤᠬᠢᠴᠢᠯᠠᠭᠰᠠᠨ ᠪᠣᠳᠠᠰ ᠤᠨ ᠬᠦᠢᠯᠬᠡᠬᠡᠨ ᠤ ᠰᠢᠰᠲ᠋ᠧᠮ ᠤᠨ ᠪᠠᠶᠢᠭᠤᠯᠤᠯᠳᠠ  ᠶᠢ ᠠᠬᠢᠭᠤᠯᠵᠣ᠂ ᠪᠠᠶᠠᠨᠬᠤᠸᠠ ᠲᠣᠳᠣᠭᠠᠳᠣ ᠬᠠᠭᠤᠷᠠᠢ ᠶᠢᠨ ᠭᠠᠷᠠᠮ ᠢ ᠪᠠᠶᠢᠭᠤᠯᠤᠨ᠎ᠠ᠃     ᠨᠡᠶᠢᠳᠠ ᠶᠢᠨ ᠪᠣᠰᠤ ᠦᠮᠴᠢᠯᠡᠯᠳᠣ ᠠᠵᠣ ᠠᠬᠤᠢ ᠶᠢ ᠶᠡᠬᠡᠪᠡᠷ ᠬᠦᠭᠵᠢᠬᠦᠯᠦᠨ᠎ᠡ᠃ ᠠᠷᠠᠳ ᠠᠴᠠ ᠡᠷᠬᠢᠯᠡᠭᠰᠡᠨ ᠠᠵᠣ ᠠᠬᠤᠢ ᠪᠠ ᠲᠣᠮᠳᠠ ᠵᠢᠵᠢᠭ ᠠᠵᠣ ᠠᠬᠤᠶᠢᠯᠠᠯ ᠢ ᠶᠡᠭᠡᠪᠡᠷ ᠬᠦᠭᠵᠢᠬᠦᠯᠬᠦ ᠲᠤᠬᠠᠢ ᠲᠦᠪ᠂ ᠦᠪᠡᠷᠳᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠣ᠂ ᠠᠷᠠᠳ ᠠᠴᠠ ᠡᠷᠬᠢᠯᠡᠭᠰᠡᠨ ᠠᠵᠣ ᠠᠬᠤᠢ ᠶᠢᠨ ᠬᠡᠯᠪᠡᠷᠢ ᠶᠢ ᠬᠤᠪᠢᠷᠠᠭᠤᠯᠣᠨ ᠬᠦᠭᠵᠢᠬᠦᠯᠬᠦ᠂ ᠠᠵᠣ ᠦᠢᠯᠡᠰ ᠤᠨ ᠪᠦᠳᠦᠴᠡ ᠶᠢ ᠰᠢᠯᠢᠳᠡᠭᠵᠢᠬᠦᠯᠬᠦ᠂ ᠠᠵᠢᠯ ᠣᠯᠭᠤᠯᠳᠠ ᠶᠢ ᠲᠤᠭᠳᠠᠪᠤᠷᠢᠵᠢᠭᠤᠯᠬᠤ᠂ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠬᠦᠯᠬᠦ ᠴᠢᠬᠤᠯᠠ ᠠᠳᠬᠤᠴᠠ ᠪᠣᠯᠭᠠᠨ᠎ᠠ᠃ ᠬᠤᠳᠠᠯᠳᠣᠭᠠᠨ ᠤ ᠶᠠᠪᠣᠳᠠᠯ ᠤᠨ ᠲᠦᠷᠢᠮ ᠪᠣᠯᠣᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠢᠮ ᠤᠨ ᠦᠬᠡᠷᠡᠴᠢᠯᠡᠯᠳᠠ ᠶᠢ ᠠᠬᠢᠭᠤᠯᠵᠣ᠂ ᠠᠷᠠᠳ ᠠᠴᠠ ᠡᠷᠬᠢᠯᠡᠭᠰᠡᠨ ᠠᠵᠣ ᠠᠬᠤᠢ ᠶᠢᠨ ᠬᠦᠭᠵᠢᠯᠳᠡ ᠶᠢ ᠬᠦᠯᠢᠶᠡᠰᠦᠯᠡᠵᠣ ᠪᠠᠶᠢᠭ᠎ᠠ ᠡᠯ᠎ᠡ ᠵᠦᠢᠯ ᠤᠨ ᠬᠠᠷᠰᠢ ᠰᠠᠭᠠᠳ ᠢ ᠠᠷᠢᠯᠭᠠᠨ᠎ᠠ᠃ ᠠᠵᠣ ᠦᠢᠯᠡᠰ ᠪᠣᠯᠣᠨ ᠬᠤᠳᠠ ᠪᠠᠯᠭᠠᠰᠣ ᠬᠠᠷᠢᠯᠴᠠᠨ ᠠᠭᠤᠰᠣᠯᠴᠠᠭᠰᠠᠨ ᠵᠢᠱᠢᠶ᠎ᠡ ᠦᠵᠡᠬᠦᠯᠬᠦ ᠰᠠᠭᠤᠷᠢᠨ ᠭᠠᠵᠠᠷ ᠢ ᠢᠳᠡᠪᠬᠢᠳᠠᠢ ᠴᠣᠭᠴᠠᠯᠠᠨ᠂ ᠪᠠᠯᠭᠠᠷᠭᠤᠣᠯ ᠪᠠᠯᠭᠠᠰᠣ ᠶᠢ ᠠᠵᠣ ᠦᠢᠯᠡᠰ᠂ ᠰᠣᠶᠣᠯ᠂ ᠵᠢᠭᠤᠯᠴᠢᠯᠠᠯ ᠵᠡᠷᠭᠡ ᠴᠢᠳᠠᠪᠬᠢ ᠶᠢᠨ ᠲᠠᠯ᠎ᠠ ᠳᠤ ︽ᠭᠤᠷᠪᠡ ᠶᠢ ᠨᠢᠭᠡ ᠴᠣᠭᠴᠠᠵᠢᠭᠤᠯᠣᠭᠰᠠᠨ︾ ᠪᠠ ᠦᠢᠯᠡᠳᠪᠦᠷᠢᠯᠡᠯ ᠂ ᠠᠮᠢᠳᠣᠷᠠᠯ᠂ ᠠᠮᠢ ᠠᠬᠤᠢ ᠬᠠᠷᠢᠯᠴᠠᠨ ᠠᠭᠤᠰᠣᠯᠴᠠᠨ ᠬᠦᠭᠵᠢᠭᠰᠡᠨ ᠣᠨᠴᠠᠯᠢᠭᠳᠣ ᠠᠵᠤ ᠦᠢᠯᠡᠰ ᠤᠨ ᠵᠢᠵᠢᠭ ᠬᠤᠳᠠ ᠪᠠᠯᠭᠠᠰᠣ ᠪᠤᠯᠭᠠᠨ ᠪᠠᠶᠢᠭᠤᠯᠤᠨ᠎ᠠ᠃ ︽ᠣᠯᠠᠨ ᠲᠠᠶᠠᠭᠠᠷ ᠦᠢᠯᠡᠰ ᠪᠣᠰᠬᠠᠵᠣ᠂ ᠲᠦᠮᠡᠨ ᠣᠯᠠᠨ ᠢᠶᠠᠷ ᠰᠢᠨ᠎ᠡ ᠶᠢ ᠡᠬᠦᠳᠬᠦ︾ ᠪᠠᠶᠢᠯᠳᠣᠬᠤ ᠪᠣᠳᠣᠯᠭ᠎ᠠ ᠶᠢ ᠠᠬᠢᠭᠤᠯᠵᠣ᠂ ᠰᠢᠨ᠎ᠡ ᠶᠢ ᠡᠬᠦᠳᠣᠨ ᠦᠢᠯᠡᠰ ᠪᠣᠰᠬᠠᠬᠤ ᠰᠠᠭᠤᠷᠢᠨ ᠭᠠᠵᠠᠷ ᠤᠨ ᠦᠢᠯᠡᠳᠣᠯ ᠢ ᠬᠦᠢᠴᠡᠳ ᠪᠠᠳᠠᠷᠠᠭᠤᠯᠣᠨ᠂ ᠪᠦᠳᠦᠮᠵᠢᠳᠠᠢ ᠠᠷᠭ᠎ᠠ ᠠᠪᠴᠠᠯ ᠢ ᠠᠪᠴᠤ᠂ ᠠᠵᠤ ᠠᠬᠤᠶᠢᠯᠠᠯ ᠤᠨ ᠪᠡᠯᠡ ᠴᠤᠭᠯᠠᠭᠤᠯᠬᠤ ᠳᠤ ᠭᠦᠴᠢᠷ ᠠᠰᠠᠭᠤᠳᠠᠯ ᠢ ᠰᠢᠢᠳᠪᠤᠷᠢᠯᠠᠨ᠎ᠠ᠃ ᠮᠤᠩᠭᠤᠯ ᠬᠤᠭᠤᠯᠠ ᠤᠮᠳᠠ ᠂ ᠦᠨᠳᠤᠰᠦᠳᠠᠨ ᠤ ᠬᠤᠪᠴᠠᠰᠤ ᠵᠠᠰᠠᠯ ᠵᠡᠷᠭᠡ ᠬᠤᠳᠠᠯᠳᠤᠭᠠᠨ ᠤ ᠶᠠᠪᠤᠳᠠᠯ ᠤᠨ ᠨᠡᠶᠢᠭᠡᠮᠯᠢᠭ ᠢ ᠪᠤᠶᠢᠵᠢᠭᠤᠯᠵᠤ᠂ ᠠᠵᠢᠯ ᠲᠦᠷᠦᠯ ᠤᠨ ᠭᠦᠭᠵᠢᠯᠳᠠ ᠶᠢ ᠠᠬᠢᠭᠤᠯᠤᠨ᠎ᠠ᠃ ᠨᠢᠭᠡᠳᠣᠮᠡᠯ ᠹᠠᠷᠣᠨᠲ ᠶᠢᠨ ᠭᠡᠯᠳᠡᠰ᠂ ᠦᠢᠯᠡᠳᠪᠦᠷᠢ ᠬᠤᠳᠠᠯᠳᠣᠭᠠᠨ ᠤ ᠬᠤᠯᠪᠣᠭ᠎ᠠ᠂ ᠠᠵᠢᠯ ᠣᠯᠭᠤᠯᠳᠠ᠂ ᠠᠵᠣ ᠠᠬᠤᠢ ᠶᠢᠨ ᠰᠣᠷᠠᠭ ᠵᠠᠩᠭᠢᠵᠢᠯᠳᠠ᠂ ᠬᠤᠳᠠᠯᠳᠣᠭᠠᠨ ᠤ ᠶᠠᠪᠣᠳᠠᠯ᠂ ᠦᠢᠯᠡᠳᠪᠦᠷᠢ ᠬᠤᠳᠠᠯᠳᠤᠭ᠎ᠠ ᠶᠢᠨ ᠶᠠᠰᠤ ᠴᠢᠨᠠᠷ ᠲᠤ ᠬᠢᠨᠠᠯᠳᠠ ᠲᠠᠯᠪᠢᠬᠤ ᠵᠡᠷᠭᠡ ᠰᠠᠯᠠᠭ᠎ᠠ ᠮᠦᠴᠢᠷ ᠤᠨ ᠬᠤᠯᠪᠣᠭᠠᠯᠠᠬᠤ ᠵᠣᠬᠢᠴᠠᠮᠵᠢ ᠶᠢ ᠪᠠᠶᠢᠭᠤᠯᠵᠣ᠂ ᠤᠶᠢᠯᠡᠴᠢᠯᠡᠭᠡ ᠪᠠᠨ ᠴᠢᠩᠭᠠᠳᠬᠠᠨ᠂ ᠠᠷᠠᠳ ᠠᠴᠠ ᠡᠷᠬᠢᠯᠡᠭᠰᠡᠨ ᠠᠵᠣ ᠠᠬᠤᠶᠢᠯᠳᠠᠳ ᠤᠨ ᠨᠡᠶᠢᠭᠡᠮ ᠤᠨ ᠬᠠᠷᠢᠭᠤᠴᠠᠯᠭ᠎ᠠ ᠪᠠᠨ ᠪᠡᠶᠡᠯᠡᠬᠦᠯᠬᠦ ᠶᠢ ᠵᠤᠷᠢᠭᠵᠢᠭᠤᠯᠤᠨ᠎ᠠ᠃     ︵ᠭᠤᠷᠪᠡ︶ ᠦᠬᠡᠷᠡᠴᠢᠯᠡᠯᠳᠠ ᠨᠡᠭᠡᠭᠡᠯᠳᠠ ᠶᠢ ᠬᠦᠨᠵᠡᠭᠡᠶᠢᠷᠡᠬᠦᠯᠵᠣ᠂ ᠬᠦᠭᠵᠢᠯᠳᠡ ᠶᠢᠨ ᠲᠣᠳᠣᠭᠠᠳᠣ ᠬᠦᠳᠡᠯᠬᠡᠬᠦ ᠬᠦᠴᠦᠨ ᠢ ᠳᠠᠶᠢᠴᠢᠯᠠᠨ᠎ᠠ᠃ ᠦᠬᠡᠷᠡᠴᠢᠯᠡᠯᠳᠠ ᠬᠢᠵᠣ ᠴᠢᠯᠦᠬᠡᠳᠠᠢ ᠶᠠᠪᠣᠯᠴᠠᠬᠤ ᠪᠣᠯ ᠬᠦᠭᠵᠢᠯᠳᠡ ᠶᠢ ᠠᠬᠢᠭᠤᠯᠬᠤ ᠲᠦᠯᠬᠢᠴᠡ ᠬᠦᠴᠦᠨ ᠮᠦᠨ᠃ ᠡᠶᠢᠮᠣ ᠠᠴᠠ ᠦᠬᠡᠷᠡᠴᠢᠯᠡᠯᠳᠠ ᠶᠢᠨ ᠲᠠᠭᠠᠭᠤᠯᠬᠤ ᠦᠢᠯᠡᠳᠣᠯ ᠪᠠ ᠴᠢᠯᠦᠬᠡᠳᠠᠢ ᠶᠠᠪᠣᠯᠴᠠᠬᠤ ᠶᠢᠨ ᠲᠠᠶᠢᠴᠢᠯᠠᠬᠤ ᠦᠢᠯᠡᠳᠣᠯ ᠢ ᠬᠦᠢᠴᠡᠳ ᠪᠠᠳᠠᠷᠠᠭᠤᠯᠵᠣ᠂ ᠬᠦᠭᠵᠢᠯᠳᠡ ᠶᠢᠨ ᠬᠦᠳᠡᠯᠬᠡᠭᠴᠢ ᠬᠦᠴᠦᠨ ᠪᠠ ᠠᠮᠢᠵᠢᠷᠠᠯ ᠤᠨ ᠬᠦᠴᠦᠨ ᠢ ᠬᠠᠮᠤᠭ ᠲᠡᠭᠡᠳᠣ ᠬᠡᠮᠵᠢᠶ᠎ᠡ ᠪᠠᠷ ᠳᠠᠶᠢᠴᠢᠯᠠᠨ᠎ᠠ᠃     ᠦᠬᠡᠷᠡᠴᠢᠯᠡᠯᠳᠠ ᠶᠢ ᠦᠷᠭᠦᠯᠵᠢᠯᠡᠨ ᠬᠦᠨᠵᠡᠭᠡᠶᠢᠷᠡᠬᠦᠯᠦᠨ᠎ᠡ᠃ 2017 ᠣᠨ ᠳᠤ ᠠᠵᠣ ᠠᠬᠤᠢ ᠶᠢᠨ ᠪᠠᠶᠢᠭᠤᠯᠤᠮᠵᠢ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠪᠤᠯᠤᠨ ᠨᠡᠶᠢᠭᠡᠮ ᠤᠨ ᠪᠠᠶᠢᠭᠤᠯᠤᠮᠵᠢ ᠶᠢᠨ  ᠦᠭᠡᠷᠡᠴᠢᠯᠡᠯᠳᠠ ᠶᠢᠨ ᠭᠤᠣᠯ ᠠᠵᠢᠯ ᠢ ᠲᠤᠭᠳᠠᠭᠠᠵᠤ᠂ ᠵᠠᠰᠠᠭ ᠤᠨ ᠣᠷᠳᠣᠨ ᠤ ᠠᠵᠢᠯ ᠤᠨ ᠡᠭᠦᠷᠭᠡ ᠴᠢᠳᠠᠪᠬᠢ ᠶᠢ ᠬᠤᠪᠢᠷᠠᠭᠤᠯᠬᠤ  ᠪᠠᠨ ᠳᠦᠷᠭᠡᠳᠬᠡᠨ᠂ ︽ᠡᠷᠬᠡ ᠶᠢ ᠲᠣᠷᠣᠭᠰᠢ ᠪᠠᠭᠤᠯᠭᠠᠨ᠂ ᠬᠠᠮᠢᠶᠠᠷᠣᠯᠳᠠ ᠪᠠᠨ ᠴᠢᠩᠭᠠᠳᠬᠠᠵᠣ᠂ ᠦᠢᠯᠡᠴᠢᠯᠡᠭᠡ ᠪᠠᠨ ᠰᠢᠯᠢᠳᠡᠭᠵᠢᠬᠦᠯᠬᠦ︾ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠳᠠᠯᠠᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ᠂ ᠨᠡᠶᠢᠭᠡᠮ ᠤᠨ ᠠᠵᠢᠯ ᠦᠢᠯᠡᠰ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠵᠡᠷᠭᠡ ᠭᠤᠤᠯᠳᠠᠯᠭ᠎ᠠ ᠲᠠᠢ ᠭᠦᠷᠢᠶ᠎ᠠ ᠭᠡᠪᠴᠢᠶ᠎ᠠ ᠪᠤᠯᠤᠨ ᠵᠠᠩᠭᠢᠯᠠᠭ᠎ᠠ ᠶᠢᠨ ᠭᠤᠭᠴᠤᠭᠠᠨ ᠤ ᠦᠭᠡᠷᠡᠴᠢᠯᠡᠯᠳᠡ ᠶᠢᠨ ᠠᠵᠢᠯ ᠢ ᠳᠦᠯᠬᠢᠨ ᠠᠬᠢᠭᠤᠯᠤᠨ᠎ᠠ᠃ ᠠᠵᠣ ᠠᠬᠤᠢ ᠶᠢᠨ ᠪᠠᠶᠢᠭᠤᠯᠤᠮᠵᠢ ᠶᠢᠨ ᠦᠬᠡᠷᠡᠴᠢᠯᠡᠯᠳᠠ ᠪᠠᠷ ᠵᠢᠯᠣᠭᠤᠳᠣᠭᠤᠯᠣᠨ᠂ ᠡᠳ᠋ ᠤᠨ ᠵᠠᠰᠠᠭ᠂ ᠭᠠᠶᠢᠯᠢ ᠶᠢᠨ ᠶᠠᠪᠣᠳᠠᠯ᠂ ᠮᠦᠩᠬᠦᠨ ᠬᠦᠢᠯᠭᠡᠭᠡᠨ ᠤ ᠪᠠᠶᠢᠭᠤᠯᠤᠮᠵᠢ ᠶᠢᠨ ᠦᠬᠡᠷᠡᠴᠢᠯᠡᠯᠳᠠ ᠶᠢ ᠭᠦᠨᠵᠡᠭᠡᠶᠢᠷᠡᠭᠦᠯᠵᠤ᠂ ᠳᠦᠰᠦᠪ ᠤᠨ ᠬᠠᠤᠯᠢ ᠶᠢ ᠴᠢᠩᠭ᠎ᠠ ᠭᠡᠷᠡᠭᠵᠢᠭᠦᠯᠦᠨ᠂ ᠡᠳ᠋ ᠤᠨ ᠵᠠᠰᠠᠭ ᠤᠨ ᠪᠠᠶᠢᠭᠤᠯᠤᠮᠵᠢ  ᠶᠢᠨ ᠲᠦᠷᠢᠮ ᠤᠨ ᠤᠳᠤᠬᠢᠴᠢᠯᠠᠯᠳᠠ ᠶᠢ ᠲᠦᠷᠭᠡᠳᠭᠡᠨ᠎ᠠ᠃      ᠪᠦᠬᠦ ᠲᠠᠯ᠎ᠠ ᠪᠠᠷ ᠴᠢᠯᠦᠬᠡᠳᠠᠢ ᠶᠠᠪᠣᠯᠴᠠᠨ᠎ᠠ᠃ ᠣᠯᠣᠰ ᠤᠨ ︽ᠨᠢᠭᠡ ᠪᠦᠰᠡ ᠨᠢᠭᠡ ᠵᠠᠮ︾ ᠪᠠᠶᠢᠯᠳᠣᠬᠤ ᠪᠣᠳᠣᠯᠭ᠎ᠠ ᠶᠢᠨ ᠲᠣᠭᠤᠷᠢᠨ ᠳᠤ᠂ ᠵᠡᠬᠦᠨ ᠬᠤᠶᠢᠳᠣ ᠣᠷᠣᠨ ᠤ ᠠᠵᠣ ᠠᠬᠤᠢ ᠶᠢᠨ ᠲᠣᠭᠤᠷᠢᠭ ᠢ  ᠰᠡᠷᠭᠦᠭᠡᠨ ᠮᠠᠨᠳᠤᠭᠤᠯᠬᠤ ᠳᠤ ᠰᠠᠨᠠᠭᠠᠴᠢᠯᠠᠭ᠎ᠠ ᠠᠴᠠ ᠪᠠᠨ ᠤᠷᠤᠯᠴᠠᠵᠦ᠂ ᠦᠪᠡᠷᠳᠡᠭᠡᠨ ᠵᠠᠰᠠᠬᠤ ᠤᠷᠤᠨ ᠤ ︽ᠬᠤᠣᠯᠢᠩᠭᠤᠣᠯ᠂ ︿ᠤᠯᠠᠭᠠᠢ᠂ ᠪᠠᠷᠠᠭᠤᠨ ᠦᠵᠦᠮᠦᠴᠢᠨ᠂ ᠵᠡᠬᠦᠨ ᠦᠵᠦᠮᠦᠴᠢᠨ  ﹀᠂  ᠬᠠᠷᠠᠨᠠᠭᠤᠷ︾  ᠤᠨ ᠠᠵᠣ ᠠᠬᠤᠢ ᠶᠢᠨ ᠬᠠᠮᠳᠣᠷᠠᠯᠴᠠᠭᠠᠨ ᠤ ᠲᠣᠭᠤᠷᠢᠭ ᠲᠤ ᠢᠳᠡᠪᠬᠢᠳᠠᠢ ᠤᠷᠤᠯᠴᠠᠨ᠂ ᠮᠣᠩᠭᠤᠯ ᠣᠷᠣᠰ ᠤᠨ ᠠᠵᠣ ᠠᠬᠤᠢ ᠶᠢᠨ ᠬᠡᠯᠬᠢᠶᠡᠰᠣ ᠲᠣᠮᠳᠠ ᠴᠢᠬᠤᠯᠠ ᠪᠠᠶᠢᠷᠢ ᠶᠢᠨ ᠦᠢᠯᠡᠳᠣᠯ ᠢᠶᠠᠨ ᠪᠠᠳᠠᠷᠠᠭᠤᠯᠣᠨ᠎ᠠ᠃ ᠭᠠᠵᠠᠷ ᠣᠷᠣᠨ ᠤ ᠬᠤᠭᠤᠷᠣᠨᠳᠦᠬᠢ ᠠᠵᠣ ᠠᠬᠤᠢ ᠶᠢᠨ ᠬᠠᠮᠳᠣᠷᠠᠯᠴᠠᠭ᠎ᠠ ᠪᠠᠨ ᠬᠦᠨᠵᠡᠬᠡᠶᠢᠷᠡᠬᠦᠯᠵᠣ᠂ ᠪᠡᠭᠡᠵᠢᠩ ᠲᠢᠶᠡᠨᠵᠢᠨ ᠾᠧᠪᠸᠢ᠂ ᠵᠡᠬᠦᠨ ᠬᠤᠶᠢᠳᠣ ᠣᠷᠣᠨ᠂ ᠰᠢᠯᠢᠩᠬᠤᠳᠠ ᠤᠯᠠᠭᠠᠨᠬᠠᠳᠠ ᠲᠦᠡᠭᠯᠢᠶᠤᠤ ᠵᠡᠷᠭᠡ ᠤᠷᠤᠨ ᠪᠦᠰᠠ ᠶᠢᠨ ᠠᠵᠤ ᠠᠬᠤᠢ ᠶᠢ ᠵᠤᠬᠢᠴᠠᠭᠤᠯᠤᠨ ᠭᠦᠭᠵᠢᠭᠦᠯᠭᠦ ᠵᠢᠴᠢ ᠬᠦᠷᠰᠢ ᠵᠡᠷᠭᠡᠯᠡᠳᠡᠭᠡ ᠭᠠᠵᠠᠷ ᠣᠷᠣᠨ ᠤ ᠰᠣᠯᠢᠯᠴᠠᠭ᠎ᠠ ᠬᠠᠮᠳᠣᠷᠠᠯᠴᠠᠭ᠎ᠠ ᠪᠠᠨ ᠴᠢᠩᠭᠠᠳᠬᠠᠨ᠂ ᠡᠨᠧᠷᠬᠢ᠂ ᠲᠡᠮᠦᠷᠯᠢᠭ ᠬᠠᠶᠢᠯᠣᠭᠤᠯᠣᠨ ᠪᠣᠯᠪᠠᠰᠣᠷᠠᠭᠤᠯᠬᠤ᠂ ᠮᠠᠯ ᠤᠨ ᠠᠰᠢᠭ ᠰᠢᠮ᠎ᠡ ᠶᠢ ᠡᠳ᠋ᠰᠢᠬᠦᠯᠬᠦ ᠵᠡᠷᠭᠡ ᠲᠠᠯ᠎ᠠ ᠳᠠᠬᠢ ᠬᠠᠮᠳᠤᠷᠠᠯᠴᠠᠭ᠎ᠠ ᠪᠠᠨ ᠭᠤᠣᠯᠳᠠᠯᠭ᠎ᠠ ᠲᠠᠢ ᠴᠢᠩᠭᠠᠳᠬᠠᠵᠤ᠂ ᠴᠠᠶᠢᠷ᠂ ᠨᠢᠺᠧᠯ ᠵᠢᠴᠢ ᠬᠦᠩᠭᠡᠨ ᠴᠠᠭᠠᠨ᠂ ᠬᠠᠶᠢᠯᠤᠰᠢ ᠦᠢᠯᠡᠳᠪᠤᠷᠢᠯᠡᠬᠦ ᠠᠵᠢᠯ ᠲᠦᠷᠦᠯ ᠤᠨ ᠦᠷᠭᠦᠯᠵᠢᠯᠡᠭᠰᠡᠨ ᠠᠵᠣ ᠦᠢᠯᠡᠰ ᠤᠨ ᠬᠡᠯᠬᠢᠶᠡᠵᠢᠯ ᠢ ᠨᠠᠷᠢᠨ ᠰᠣᠳᠣᠯᠵᠣ᠂ ᠤᠷᠴᠢᠯᠳᠤ ᠠᠵᠤ ᠠᠬᠤᠢ᠂ ᠠᠵᠦ ᠦᠢᠯᠡᠰ ᠤᠨ ᠲᠡᠰᠵᠢᠯᠳᠠ ᠶᠢ ᠪᠡᠶᠡᠯᠡᠬᠦᠯᠬᠦ ᠳᠤ ᠪᠠᠳᠤ ᠪᠠᠬᠢ ᠰᠠᠭᠤᠷᠢ ᠶᠢ ᠳᠠᠯᠪᠢᠨ᠎ᠠ᠃ ᠪᠡᠯᠡ ᠲᠠᠳᠠᠬᠤ ᠪᠣᠯᠣᠨ ᠣᠶᠣᠨᠴᠢ ᠢᠨᠵᠧᠨᠧᠷᠢᠩ ᠢ ᠣᠷᠢᠬᠤ ᠠᠵᠢᠯ ᠢ ᠬᠡᠷᠡᠭᠵᠢᠬᠦᠯᠵᠣ᠂ ᠵᠧᠵᠢᠶᠠᠩ ᠶᠡᠭᠡ ᠰᠣᠷᠭᠠᠭᠤᠯᠢ᠂ ᠪᠡᠬᠡᠵᠢᠩ ᠶᠡᠭᠡ ᠰᠣᠷᠭᠠᠭᠤᠯᠢ ᠶᠢᠨ ᠹᠠᠩ ᠵᠧᠩ ᠪᠦᠯᠦᠭᠯᠡᠯ ᠪᠠ ᠲᠣᠮᠳᠠᠳᠣ ᠣᠯᠣᠰ ᠤᠨ ᠨᠡᠬᠦᠷᠡᠰᠣᠨ ᠤ ᠰᠢᠨᠵᠢᠯᠡᠭᠡ ᠮᠡᠷᠭᠡᠵᠢᠯ ᠤᠨ ᠢᠨᠵᠧᠨᠧᠷᠢᠩ ᠤᠨ ᠪᠦᠯᠦᠭᠯᠡᠯ ᠤᠨ ᠨᠠᠨᠵᠢᠩ ᠳᠠᠬᠢ ᠲᠦᠰᠦᠪᠯᠡᠯᠳᠠ ᠶᠢᠨ ᠬᠤᠷᠢᠶ᠎ᠠ ᠵᠡᠷᠭᠡ ᠲᠠᠢ ᠣᠷᠳᠣ ᠬᠤᠭᠤᠴᠠᠭᠠᠨ ᠤ ᠪᠠᠶᠢᠯᠳᠣᠬᠤ ᠪᠣᠳᠣᠯᠭ᠎ᠠ ᠶᠢᠨ ᠴᠢᠨᠠᠷᠳᠠᠢ ᠬᠠᠮᠵᠢᠯᠴᠠᠬᠤ ᠬᠠᠷᠢᠴᠠᠭ᠎ᠠ ᠪᠠᠶᠢᠭᠤᠯᠬᠤ ᠶᠢᠨ ᠬᠠᠮᠳᠣ᠂ ᠠᠵᠣ ᠠᠬᠤᠢ ᠶᠢᠨ ᠠᠰᠠᠭᠤᠨ ᠯᠠᠪᠯᠠᠭᠴᠢ ᠤᠷᠢᠨ ᠬᠡᠷᠡᠭᠯᠡᠬᠦ ᠵᠡᠷᠭᠡ ᠠᠷᠭ᠎ᠠ ᠠᠪᠴᠠᠯ ᠢᠶᠠᠷ ᠴᠢᠳᠠᠪᠦᠷᠢᠳᠠᠨ ᠬᠦᠮᠦᠵᠢᠬᠦᠯᠬᠦ᠂  ᠬᠠᠮᠳᠤᠪᠠᠷ ᠰᠢᠨ᠎ᠡ ᠶᠢ ᠡᠬᠦᠳᠬᠦ᠂ ᠠᠷᠠᠯᠵᠢᠶᠠᠴᠢᠨ ᠣᠷᠢᠵᠣ ᠪᠡᠯᠡ ᠲᠠᠳᠠᠬᠤ᠂ ᠪᠣᠬᠢᠷᠳᠣᠯ ᠦᠬᠡᠢ ᠭᠦᠭᠵᠢᠯᠳᠠ᠂ ᠲᠦᠷᠦᠯ ᠵᠦᠢᠯ ᠢ ᠳᠦᠰᠦᠪᠯᠡᠬᠦ ᠵᠡᠷᠭᠡ ᠲᠠᠯ᠎ᠠ ᠳᠤ ᠰᠢᠨ᠎ᠡ ᠰᠢᠪᠳᠤᠯᠤᠯᠳᠠ ᠲᠠᠢ ᠪᠤᠯᠭᠠᠨ᠎ᠠ᠃     ︵ᠳᠦᠷᠪᠡ︶ ᠪᠤᠬᠢᠷᠳᠤᠯ ᠦᠭᠡᠢ ᠬᠦᠭᠵᠢᠯᠳᠡ ᠶᠢᠨ ᠤᠶᠢᠯᠠᠭᠠᠭᠳᠠᠬᠤᠨ ᠢ ᠤᠶᠢᠯᠡᠳᠦᠯᠭᠡᠵᠢᠭᠦᠯᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠳᠦᠯᠬᠢᠨ ᠠᠬᠢᠭᠤᠯᠤᠨ᠎ᠠ᠃ ︽ᠬᠥᠬᠡ ᠳᠡᠭᠷᠢ ᠬᠦᠬᠡᠮᠳᠦᠭ ᠠᠭᠤᠯᠠ ᠪᠣᠯ ᠠᠯᠳᠠ ᠮᠦᠩᠭᠦᠨ ᠠᠴᠠ ᠴᠦ ᠦᠨᠡᠳᠡᠢ︾ ᠬᠡᠮᠡᠬᠦ ᠬᠦᠭᠵᠢᠯᠳᠡ ᠶᠢᠨ ᠤᠶᠢᠯᠠᠭᠠᠭᠳᠠᠬᠤᠨ ᠢ ᠴᠢᠩᠭᠠᠳᠬᠠᠵᠦ᠂ ᠪᠤᠬᠢᠷᠳᠤᠯ ᠦᠭᠡᠢ ᠬᠦᠭᠵᠢᠯᠳᠡ ᠶᠢ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠡᠯ᠎ᠡ ᠲᠠᠯ᠎ᠠ ᠳᠤ ᠠᠭᠤᠰᠤᠯᠴᠠᠭᠤᠯᠤᠨ᠂ ᠦᠵᠡᠰᠬᠦᠯᠡᠩᠳᠤ ᠰᠠᠶᠢᠬᠠᠨ ᠪᠠᠷᠠᠭᠤᠨ ᠦᠵᠦᠮᠦᠴᠢᠨ ᠤ ᠪᠠᠶᠢᠭᠤᠯᠤᠯᠳᠠ ᠶᠢ ᠠᠬᠢᠭᠤᠯᠤᠨ᠎ᠠ᠃     ᠠᠮᠢ ᠠᠬᠤᠢ ᠶᠢᠨ ᠪᠤᠯᠪᠠᠰᠤᠨ ᠤ ᠳᠦᠷᠢᠮ ᠤᠨ ᠪᠠᠶᠢᠭᠤᠯᠤᠯᠳᠠ ᠶᠢ ᠴᠢᠩᠭᠠᠳᠬᠠᠨ᠎ᠠ᠃ ᠠᠮᠢ ᠠᠬᠤᠢ ᠶᠢᠨ ᠰᠡᠷᠡᠮᠵᠢ ᠶᠢᠨ ᠱᠤᠭᠤᠮ ᠢ ᠳᠤᠭᠳᠠᠭᠠᠬᠤ ᠠᠵᠢᠯ ᠢ ᠪᠡᠶᠡᠯᠡᠬᠦᠯᠵᠦ᠂ ︽ᠪᠠᠷᠠᠭᠤᠨ ᠦᠵᠦᠮᠦᠴᠢᠨ ᠬᠤᠰᠢᠭᠤᠨ ᠤ ᠠᠮᠢ ᠠᠬᠤᠢ ᠶᠢᠨ ᠬᠠᠮᠠᠭᠠᠯᠠᠯᠳᠠ ᠶᠢᠨ ᠰᠡᠷᠡᠮᠵᠢ ᠶᠢᠨ ᠱᠤᠭᠤᠮ ᠢ ᠬᠢᠨᠠᠯᠳᠠ ᠲᠠᠯᠪᠢᠨ ᠬᠠᠮᠢᠶᠠᠷᠬᠤ ᠲᠦᠷ ᠬᠡᠷᠡᠭᠵᠢᠬᠦᠯᠬᠦ ᠠᠷᠭ᠎ᠠ︾ ᠶᠢ ᠳᠤᠭᠳᠠᠭᠠᠨ᠂ ᠠᠮᠢ ᠠᠬᠤᠢ ᠶᠢᠨ ᠰᠡᠷᠡᠮᠵᠢ ᠶᠢᠨ ᠱᠤᠭᠤᠮ ᠢ ᠬᠠᠯᠳᠠᠵᠦ ᠪᠤᠯᠤᠰᠢ ᠦᠭᠡᠢ ︽ᠦᠨᠳᠦᠷ ᠳᠠᠷᠤᠯᠳᠠᠳᠤ ᠴᠠᠬᠢᠯᠭᠠᠨ ᠱᠤᠭᠤᠮ︾ ᠪᠤᠯᠭᠠᠨ᠎ᠠ᠃ ᠲᠠᠯ᠎ᠠ ᠨᠣᠲᠤᠭ ᠤᠨ ᠠᠮᠢ ᠠᠬᠤᠢ ᠶᠢᠨ ᠡᠬᠢ ᠪᠠᠶᠠᠯᠢᠭ ᠤᠨ ᠦᠮᠴᠢᠯᠡᠯ ᠤᠨ ᠡᠷᠬᠡ ᠶᠢᠨ ᠳᠦᠷᠢᠮ ᠢ ᠭᠦᠨᠵᠡᠭᠡᠶᠢᠷᠡᠭᠦᠯᠦᠨ᠂ ᠨᠤᠲᠤᠭ ᠪᠡᠯᠴᠢᠬᠡᠷ ᠤᠨ ᠳᠠᠭᠠᠭᠠᠴᠢᠯᠠᠯᠳᠠ ᠡᠵᠡᠩᠨᠡᠯᠳᠡ ᠶᠢᠨ ᠦᠮᠴᠢᠯᠡᠯ ᠤᠨ ᠡᠷᠬᠡ ᠶᠢ ᠳᠤᠳᠤᠷᠬᠠᠶᠢᠯᠠᠨ ᠳᠠᠩᠰᠠᠯᠠᠬᠤ ᠠᠵᠢᠯ ᠢ ᠪᠦᠬᠦ ᠲᠠᠯ᠎ᠠ ᠪᠠᠷ ᠪᠡᠶᠡᠯᠡᠬᠦᠯᠵᠦ᠂ ᠨᠤᠲᠤᠭ ᠪᠡᠯᠴᠢᠬᠡᠷ ᠢ ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠦᠨ ᠭᠡᠷᠡᠭᠯᠡᠭᠦ ᠡᠮᠬᠢ ᠲᠠᠷᠠᠭᠠᠯᠠᠯ ᠪᠠ ᠰᠢᠯᠵᠢᠭᠦᠯᠦᠨ ᠭᠡᠷᠡᠭᠯᠡᠭᠦ ᠠᠵᠢᠯᠯᠠᠭ᠎ᠠ ᠶᠢ ᠳᠦᠷᠢᠮᠵᠢᠬᠦᠯᠦᠨ᠎ᠡ᠃ ᠲᠠᠯ᠎ᠠ ᠨᠣᠲᠤᠭ ᠤᠨ ᠠᠮᠢ ᠠᠬᠤᠢ ᠶᠢᠨ ᠤᠷᠴᠢᠨ ᠳᠤᠭᠤᠷᠢᠨ ᠤ ᠡᠪᠳᠡᠭᠳᠡᠯ ᠤᠨ ᠨᠦᠭᠦᠪᠦᠷᠢ᠂ ᠡᠬᠢ ᠪᠠᠶᠠᠯᠢᠭ ᠢ ᠲᠥᠯᠦᠪᠦᠷᠢ ᠲᠠᠢ ᠠᠰᠢᠭᠯᠠᠬᠤ ᠪᠠ ᠠᠮᠢ ᠠᠬᠤᠢ ᠶᠢᠨ ᠨᠦᠭᠦᠪᠦᠷᠢ ᠵᠡᠷᠭᠡ ᠳᠦᠷᠢᠮ ᠢ ᠰᠦᠪᠡᠭᠴᠢᠯᠡᠨ ᠲᠤᠭᠳᠠᠭᠠᠵᠤ᠂ ᠬᠤᠰᠢᠭᠤ ᠠᠮᠢ ᠠᠬᠤᠢ ᠶᠢ ᠬᠠᠮᠠᠭᠠᠯᠠᠬᠤ ᠳᠤᠭᠠᠴᠢᠯᠠᠭᠰᠠᠨ ᠲᠥᠪ ᠢ ᠳᠦᠯᠦᠪᠵᠢᠬᠦᠯᠦᠨ ᠪᠠᠶᠢᠭᠤᠯᠵᠤ᠂ ᠪᠦᠬᠦ ᠬᠤᠰᠢᠭᠤᠨ ᠤ ᠠᠮᠢ ᠠᠬᠤᠢ ᠶᠢᠨ ᠡᠬᠢ ᠪᠠᠶᠠᠯᠢᠭ ᠤᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠳᠠ ᠶᠢᠨ ᠰᠢᠰᠲ᠋ᠧᠮ ᠢ ᠪᠠᠶᠢᠭᠤᠯᠤᠨ᠎ᠠ᠃ ︽ᠭᠠᠳᠠᠨᠠᠬᠢ ᠮᠠᠯ ᠢ ᠴᠡᠪᠡᠷᠯᠡᠬᠦ ᠠᠵᠢᠯᠯᠠᠭ᠎ᠠ︾᠂ ︽ᠬᠠᠤᠯᠢ ᠪᠤᠰᠤ ᠪᠠᠷ ᠡᠮ ᠤᠨ ᠦᠨᠳᠦᠰᠤ ᠮᠠᠯᠳᠠᠬᠤ ᠶᠢ ᠴᠡᠭᠴᠡᠯᠡᠨ ᠵᠠᠰᠠᠬᠤ ᠳᠤᠰᠬᠠᠢ ᠠᠵᠢᠯᠯᠠᠭ᠎ᠠ︾᠂ ︽ᠤᠢ ᠰᠢᠭᠤᠢ ᠶᠢ ᠡᠪᠳᠡᠬᠦ ᠵᠢᠴᠢ ᠬᠡᠭᠡᠷ᠎ᠡ ᠶᠢᠨ ᠠᠮᠢᠳᠠᠨ ᠤᠷᠭᠤᠮᠠᠯ ᠤᠨ ᠡᠬᠢ ᠪᠠᠶᠠᠯᠢᠭ ᠢ ᠬᠦᠨᠦᠭᠡᠬᠦ ᠬᠠᠤᠯᠢ ᠵᠦᠷᠢᠴᠡᠭᠰᠡᠨ ᠶᠠᠯᠠᠳᠤ ᠭᠡᠷᠡᠭ ᠲᠤ  ᠴᠤᠬᠢᠯᠳᠠ ᠦᠭᠬᠦ ᠳᠤᠰᠬᠠᠢ ᠠᠵᠢᠯᠯᠠᠭ᠎ᠠ︾ ᠶᠢ ᠦᠷᠭᠦᠯᠵᠢᠯᠡᠨ ᠦᠷᠨᠢᠬᠦᠯᠵᠦ᠂ ᠨᠤᠲᠤᠭ ᠪᠡᠯᠴᠢᠭᠡᠷ ᠤᠢ ᠰᠢᠭᠤᠢ ᠶᠢᠨ ᠠᠮᠢ ᠠᠬᠤᠢ ᠶᠢ ᠬᠠᠮᠠᠭᠠᠯᠠᠬᠤ ᠬᠠᠤᠯᠢ ᠬᠡᠷᠡᠭᠵᠢᠬᠦᠯᠬᠦ ᠰᠠᠯᠠᠭ᠎ᠠ ᠮᠦᠴᠢᠷ ᠪᠠ ᠳᠤᠳᠤᠭᠠᠳᠤ ᠶᠢ ᠬᠠᠮᠠᠭᠠᠯᠠᠬᠤ ᠳᠤᠪᠴᠢᠶ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠳᠤᠪᠴᠢᠶ᠎ᠠ ᠵᠡᠷᠭᠡ ᠰᠠᠯᠠᠭ᠎ᠠ ᠮᠦᠴᠢᠷ ᠨᠢ ᠬᠠᠷᠢᠯᠴᠠᠨ ᠬᠠᠮᠳᠤᠷᠠᠯᠴᠠᠨ᠂ ᠬᠤᠯᠪᠤᠭᠠᠯᠠᠵᠦ ᠶᠡᠷᠤᠩᠭᠡᠶᠢᠯᠡᠨ ᠬᠠᠤᠯᠢ ᠬᠡᠷᠡᠭᠵᠢᠬᠦᠯᠬᠦ ᠶᠢ ᠪᠡᠶᠡᠯᠡᠬᠦᠯᠦᠨ᠎ᠡ᠃ ︽ᠪᠦᠭᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠲᠦᠷᠢᠮ︾ ᠢ ᠦᠨᠳᠤᠰᠦᠯᠠᠵᠤ᠂ ᠭᠦᠷᠦᠭᠡᠰᠦᠳᠠᠢ ᠬᠠᠮᠠᠭᠠᠯᠠᠯᠳᠠ ᠶᠢᠨ ᠤᠷᠤᠨ ᠢ ᠰᠠᠶᠢᠳᠤᠷ ᠬᠠᠮᠠᠭᠠᠯᠠᠨ᠎ᠠ᠃     ᠠᠮᠢ ᠠᠬᠤᠢ ᠶᠢᠨ ᠰᠢᠰᠲ᠋ᠧᠮ ᠤᠨ ᠵᠠᠰᠠᠨ ᠰᠡᠷᠭᠦᠭᠡᠯᠳᠡ ᠶᠢ ᠳᠦᠯᠬᠢᠨ ᠠᠬᠢᠭᠤᠯᠤᠨ᠎ᠠ᠃ ᠤᠯᠤᠰ ᠤᠨ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠪᠬᠢ ᠶᠢᠨ ᠤᠷᠤᠨ ᠤ ᠪᠠᠶᠢᠭᠤᠯᠤᠯᠳᠠ ᠶᠢᠨ ᠲᠤᠭᠤᠷᠢᠨ ᠳᠤ ᠤᠷᠴᠢᠨ ᠲᠤᠭᠤᠷᠢᠨ ᠢ ᠬᠠᠮᠠᠭᠠᠯᠠᠬᠤ ᠪᠤᠯᠤᠨ ᠵᠠᠰᠠᠨ ᠰᠡᠷᠭᠦᠭᠡᠭᠦ ᠭᠦᠴᠦᠯᠠᠴᠠ ᠪᠠᠨ ᠴᠢᠩᠭᠠᠳᠬᠠᠵᠤ᠂ ᠠᠮᠢ ᠠᠬᠤᠢ ᠶᠢᠨ ᠪᠠᠶᠢᠭᠤᠯᠤᠯᠳᠠ ᠶᠢᠨ ᠦᠷ᠎ᠡ ᠪᠦᠳᠦᠭᠡᠯ ᠢ ᠪᠠᠭᠢᠵᠢᠭᠦᠯᠦᠨ᠎ᠠ᠃ ᠰᠢᠨ᠎ᠡ ᠨᠢᠭᠡ ᠡᠭᠡᠯᠵᠢ ᠶᠢᠨ ᠨᠤᠲᠤᠭ ᠪᠡᠯᠴᠢᠬᠡᠷ ᠤᠨ ᠠᠮᠢ ᠠᠬᠤᠢ ᠶᠢ ᠬᠠᠮᠠᠯᠭᠠᠬᠤ ᠨᠦᠬᠦᠪᠦᠷᠢ ᠱᠠᠩᠨᠠᠯ ᠤᠨ ᠲᠥᠷᠦ ᠶᠢᠨ ᠪᠣᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ 70 ᠳᠦᠮᠡᠨ ᠮᠦ ᠪᠡᠯᠴᠢᠭᠡᠷᠯᠡᠬᠦᠯᠬᠦ ᠶᠢ ᠵᠤᠭᠰᠤᠭᠠᠬᠤ ᠤᠷᠤᠨ᠂ 604 ᠳᠦᠮᠡᠨ ᠮᠦ ᠳᠤᠭᠳᠠᠮᠠᠯ ᠬᠠᠳᠤᠯᠠᠩ ᠤᠨ ᠳᠠᠯᠠᠪᠠᠢ᠂ 2258 ᠳᠦᠮᠡᠨ ᠮᠦ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠤᠷᠤᠨ ᠤ ᠬᠢᠨᠠᠨ ᠬᠠᠮᠢᠶᠠᠷᠤᠯᠳᠠ  ᠶᠢ ᠴᠢᠩᠭᠠᠳᠬᠠᠨ᠂ ᠲᠠᠯ᠎ᠠ ᠨᠤᠲᠤᠭ ᠤᠨ ᠠᠮᠢ ᠠᠬᠤᠢ   ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ ᠲᠠᠯ᠎ᠠ ᠨᠤᠲᠤᠭ ᠤᠨ ᠠᠮᠢ ᠠᠬᠤᠢ ᠶᠢᠨ ᠪᠠᠶᠢᠭᠤᠯᠤᠯᠳᠠ ᠶᠢᠨ ᠬᠠᠮᠢᠶᠠᠷᠤᠯᠳᠠ ᠶᠢ ᠪᠦᠬᠦ ᠲᠠᠯ᠎ᠠ ᠪᠠᠷ ᠴᠢᠩᠭᠠᠳᠬᠠᠨ᠂ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠰᠠᠶᠢᠳᠤᠷ ᠠᠳᠬᠤᠵᠤ᠂ 6.7 ᠲᠦᠮᠡᠨ ᠮᠤ᠋ ᠠᠮᠢ ᠠᠬᠤᠢ ᠶᠢᠨ ᠤᠷᠴᠢᠨ ᠲᠤᠭᠤᠷᠢᠨ᠂ 1000 ᠮᠤ᠋ ᠭᠤᠤᠯᠳᠠᠯᠭ᠎ᠠ ᠲᠠᠢ ᠤᠷᠤᠨ ᠪᠦᠰᠡ ᠶᠢ ᠤᠶᠢᠵᠢᠭᠤᠯᠤᠨ᠎ᠠ᠃ ᠨᠤᠲᠤᠭ ᠪᠡᠯᠴᠢᠭᠡᠷ᠂ ᠤᠢ ᠰᠢᠭᠤᠢ ᠶᠢ ᠲᠠᠳᠠᠪᠤᠷᠢᠯᠠᠨ ᠬᠡᠷᠡᠭᠯᠡᠬᠦ ᠶᠢ ᠤᠷᠢᠳᠴᠢᠯᠡᠨ ᠬᠢᠨᠠᠬᠤ ᠠᠵᠢᠯ ᠢ ᠴᠢᠩᠭᠠᠳᠬᠠᠵᠦ᠂ ᠠᠮᠢ ᠠᠬᠤᠢ ᠶᠢᠨ ᠳᠦᠷᠦᠯ ᠵᠦᠢᠯ ᠢ ᠡᠷᠡᠮᠡᠯᠵᠡᠯᠡᠨ ᠤᠯᠬᠤ ᠭᠦᠴᠦᠯᠠᠴᠠ ᠪᠠᠨ ᠴᠢᠩᠭᠠᠳᠬᠠᠨ᠎ᠠ᠃ ᠠᠭᠤᠷᠬᠠᠢ ᠶᠢᠨ ᠭᠠᠵᠠᠷ ᠰᠢᠨᠵᠢᠯᠡᠭᠡᠨ ᠤ ᠤᠷᠴᠢᠨ ᠳᠤᠭᠤᠷᠢᠨ ᠢ ᠬᠠᠮᠠᠭᠠᠯᠠᠬᠤ ᠪᠠ ᠰᠡᠷᠭᠦᠭᠡᠨ ᠵᠠᠰᠠᠬᠤ ᠠᠵᠢᠯ ᠢ ᠴᠢᠩᠭᠠᠳᠬᠠᠨ᠂ ︽ᠭᠤᠷᠪᠠᠨ ᠤᠷᠤᠨ ᠬᠤᠶᠠᠷ ᠱᠤᠭᠤᠮ︾ ᠤᠨ ᠭᠠᠵᠠᠷ ᠰᠢᠨᠵᠢᠯᠡᠭᠡᠨ ᠤ ᠤᠷᠴᠢᠨ ᠳᠤᠭᠤᠷᠢᠨ ᠢ ᠵᠠᠰᠠᠬᠤ ᠢᠨᠵᠧᠨᠧᠷᠢᠩ ᠢ ᠦᠷᠭᠦᠯᠵᠢᠯᠡᠨ ᠦᠷᠨᠢᠬᠦᠯᠬᠦ ᠶᠢᠨ ᠬᠠᠮᠳᠤ ᠰᠤᠮᠤ ᠪᠠᠯᠭᠠᠰᠤᠨ ᠤ ᠬᠠᠷᠢᠶᠠᠨ ᠳᠠᠬᠢ ᠤᠷᠬᠢᠭᠳᠠᠨ ᠬᠠᠶᠠᠭᠳᠠᠭᠰᠠᠨ ᠠᠭᠤᠷᠬᠠᠢ ᠶᠢᠨ ᠨᠦᠭᠡ᠂ ᠬᠠᠶᠢᠷ ᠴᠢᠯᠠᠭᠤ ᠠᠪᠤᠭᠰᠠᠨ ᠭᠠᠵᠠᠷ ᠵᠡᠷᠭᠡ ᠶᠢ ᠬᠤᠭᠤᠴᠠᠭ᠎ᠠ ᠬᠤᠪᠢᠶᠠᠨ ᠴᠡᠭᠴᠡᠯᠡᠨ ᠵᠠᠰᠠᠨ᠎ᠠ᠃     ᠪᠤᠬᠢᠷᠳᠤᠯ ᠦᠭᠡᠢ ᠳᠤᠤᠷ᠎ᠠ ᠨᠡᠭᠦᠰᠦᠳᠦ᠋ᠷᠦᠭᠴᠢᠳᠤ ᠤᠷᠴᠢᠯᠳᠤ ᠬᠦᠭᠵᠢᠯᠳᠡ ᠶᠢ ᠠᠬᠢᠭᠤᠯᠤᠨ᠎ᠠ᠃ ︽ᠠᠷᠪᠠᠨ ᠳᠤᠪᠤᠶᠢᠮ᠎ᠠ ᠠᠰᠠᠭᠤᠳᠠᠯ︾ ᠢ ᠴᠡᠭᠴᠡᠯᠡᠨ ᠵᠠᠰᠠᠭᠰᠠᠨ ᠦᠷ᠎ᠡ ᠪᠦᠳᠦᠭᠡᠯ ᠢᠶᠠᠨ ᠪᠠᠳᠤᠳᠬᠠᠨ ᠳᠡᠭᠡᠭᠰᠢᠯᠡᠬᠦᠯᠵᠦ᠂ ᠤᠷᠳᠤ ᠬᠤᠭᠤᠴᠠᠭᠠᠨ ᠤ ᠵᠤᠬᠢᠴᠠᠮᠵᠢ ᠶᠢ ᠪᠠᠶᠢᠭᠤᠯᠤᠨ ᠳᠡᠭᠦᠯᠳᠡᠷᠵᠢᠬᠦᠯᠵᠦ᠂ ᠠᠵᠤ ᠠᠬᠤᠶᠢᠯᠠᠯ ᠤᠨ ᠭᠤᠣᠯ ᠴᠤᠭᠴᠠ ᠶᠢᠨ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂ ᠰᠠᠯᠠᠭ᠎ᠠ ᠮᠦᠴᠢᠷ ᠤᠨ ᠬᠢᠨᠠᠨ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠨᠧᠷᠬᠢ ᠠᠷᠪᠢᠯᠠᠨ ᠪᠤᠬᠢᠷᠳᠤᠯ ᠢ ᠪᠠᠭᠠᠰᠬᠠᠬᠤ ᠠᠵᠢᠯ ᠢ ᠴᠢᠩᠭᠠᠳᠬᠠᠨ᠂ ᠡᠨᠧᠷᠭᠢ᠂ ᠤᠰᠤᠨ ᠤ ᠡᠬᠢ ᠪᠠᠶᠠᠯᠢᠭ ᠤᠨ ᠬᠤᠷᠤᠭᠳᠠᠯ ᠤᠨ ᠶᠡᠷᠦᠩᠬᠡᠢ ᠬᠡᠮᠵᠢᠶ᠎ᠡ ᠪᠠ ᠳᠡᠭᠡᠳᠤ ᠬᠡᠮᠵᠢᠶ᠎ᠡ ᠪᠠᠷ ︽ᠬᠤᠶᠠᠷ ᠢ ᠴᠢᠩᠭ᠎ᠠ ᠬᠢᠵᠠᠭᠠᠷᠯᠠᠬᠤ︾ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠭᠤᠤᠯᠳᠠᠯᠭ᠎ᠠ ᠲᠠᠢ ᠠᠵᠢᠯ ᠳᠦᠷᠦᠯ᠂ ᠭᠤᠤᠯᠳᠠᠯᠭ᠎ᠠ ᠲᠠᠢ ᠠᠵᠦ ᠠᠬᠤᠶᠢᠯᠠᠯ ᠤᠨ ᠡᠨᠧᠷᠬᠢ ᠠᠷᠪᠢᠯᠠᠨ ᠬᠤᠷᠤᠭᠳᠠᠯ ᠢ ᠪᠠᠭᠠᠰᠬᠠᠬᠤ ᠮᠡᠷᠭᠡᠵᠢᠯ ᠢ ᠦᠭᠡᠷᠡᠴᠢᠯᠡᠨ ᠰᠠᠶᠢᠵᠢᠷᠠᠭᠤᠯᠵᠤ᠂ ᠵᠢᠯ ᠤᠨ ᠪᠤᠬᠢᠷᠳᠤᠯ ᠢ ᠪᠠᠭᠠᠰᠬᠠᠬᠤ ᠬᠠᠷᠠᠯᠲᠠ ᠶᠢ ᠪᠡᠶᠡᠯᠡᠬᠦᠯᠤᠨ᠎ᠠ᠃ ᠤᠰᠤᠨ ᠤ ᠪᠤᠬᠢᠷᠳᠤᠯ ᠢ ᠰᠡᠷᠭᠡᠶᠢᠯᠡᠨ ᠵᠠᠰᠬᠠᠤ ᠠᠵᠢᠯ ᠢ ᠰᠠᠶᠢᠳᠤᠷ ᠠᠳᠬᠤᠵᠤ᠂ ᠪᠠᠯᠭᠠᠷᠭᠤᠤᠯ ᠪᠠᠯᠭᠠᠰᠤᠨ ᠤ ᠠᠮᠢᠳᠤᠷᠠᠯ ᠤᠨ ᠪᠤᠬᠢᠷ ᠤᠰᠤ ᠶᠢ ᠰᠢᠢᠳᠪᠤᠷᠢᠯᠡᠬᠦ ᠦᠢᠯᠡᠳᠪᠤᠷᠢ ᠶᠢᠨ ᠪᠠᠷᠢᠮᠵᠢᠶ᠎ᠠ ᠶᠢ ᠳᠡᠭᠡᠭᠰᠢᠯᠡᠬᠦᠯᠦᠨ ᠰᠠᠶᠢᠵᠢᠷᠠᠭᠤᠯᠬᠤ ᠢᠨᠵᠧᠨᠧᠷᠢᠩ ᠢ ᠠᠬᠢᠭᠤᠯᠵᠦ᠂ ᠪᠠᠶᠠᠨᠬᠤᠸᠠ ᠠᠵᠤ ᠦᠢᠯᠡᠳᠪᠤᠷᠢ ᠶᠢᠨ ᠳᠤᠭᠤᠷᠢᠭ ᠤᠨ ᠪᠤᠬᠢᠷ ᠤᠰᠤ ᠶᠢ ᠰᠢᠢᠳᠪᠤᠷᠢᠯᠡᠬᠦ ᠦᠢᠯᠡᠳᠪᠤᠷᠢ ᠶᠢ ᠡᠷᠳᠠ ᠠᠰᠢᠭᠯᠠᠯᠳᠠ ᠳᠤ ᠤᠷᠤᠭᠤᠯᠬᠤ ᠪᠠᠷ ᠴᠢᠷᠮᠠᠶᠢᠨ᠂ ᠪᠤᠬᠢᠷ ᠤᠰᠤ ᠶᠢ ᠳᠦᠪᠯᠡᠷᠡᠬᠦᠯᠦᠨ ᠰᠢᠢᠳᠪᠤᠷᠢᠯᠡᠬᠦ ᠶᠢ ᠪᠡᠶᠡᠯᠡᠬᠦᠯᠦᠨ᠎ᠡ᠃ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠪᠠᠨ ᠴᠢᠩᠭᠠᠳᠬᠠᠵᠦ᠂ ᠪᠠᠶᠠᠨᠬᠤᠸᠠ ᠠᠵᠤ ᠦᠢᠯᠡᠳᠪᠤᠷᠢ ᠶᠢᠨ ᠳᠤᠭᠤᠷᠢᠭ ᠤᠨ ᠬᠠᠶᠠᠭᠳᠠᠮᠠᠯ ᠪᠤᠳᠠᠰ ᠤᠨ ᠲᠠᠯᠠᠪᠠᠢ ᠶᠢ ᠱᠠᠯᠠᠪᠳᠠᠨ ᠪᠠᠶᠢᠭᠤᠯᠵᠦ᠂ ᠠᠵᠤ ᠤᠶᠢᠯᠠᠳᠪᠤᠷᠢ ᠶᠢᠨ ᠠᠵᠤ ᠠᠬᠤᠶᠢᠯᠠᠯ ᠤᠨ ᠨᠡᠭᠦᠷᠡᠰᠦ ᠰᠢᠳᠠᠭᠠᠬᠤ ᠵᠤᠤᠬ᠎ᠠ ᠶᠢᠨ ᠭᠦᠭᠦᠷ ᠢ ᠠᠷᠢᠯᠭᠠᠬᠤ᠂ ᠲᠤᠭᠤᠰᠤ ᠠᠷᠢᠯᠭᠠᠬᠤ ᠶᠢ ᠦᠭᠡᠷᠡᠴᠢᠯᠠᠭᠦ ᠪᠠ ᠨᠡᠭᠦᠷᠡᠰᠦ ᠰᠢᠲᠠᠭᠠᠬᠤ ᠪᠠᠭ᠎ᠠ ᠵᠤᠤᠬ᠎ᠠ ᠶᠢ ᠦᠭᠡᠷᠡᠴᠢᠯᠡᠨ ᠰᠠᠶᠢᠵᠢᠷᠠᠭᠤᠯᠬᠤ ᠶᠢ ᠠᠬᠢᠭᠤᠯᠵᠤ᠂ ᠪᠠᠷᠢᠯᠭ᠎ᠠ ᠪᠠᠷᠢᠬᠤ᠂ ᠵᠠᠮ ᠲᠡᠭᠡᠭᠡᠪᠦᠷᠢ ᠵᠡᠷᠭᠡ ᠠᠴᠠ ᠡᠭᠦᠰᠦᠭᠰᠡᠨ ᠳᠤᠭᠤᠰᠤ ᠰᠢᠷᠤᠢ ᠶᠢᠨ ᠪᠤᠬᠢᠷᠳᠤᠯ ᠵᠢᠴᠢ ᠠᠮᠢᠳᠤᠷᠠᠯ ᠤᠨ ᠪᠤᠬᠢᠷᠳᠤᠯ ᠵᠡᠷᠭᠡ ᠲᠠᠯ᠎ᠠ ᠶᠢᠨ ᠪᠤᠬᠢᠷᠳᠤᠯ ᠢ ᠪᠦᠬᠦ ᠲᠠᠯ᠎ᠠ ᠪᠠᠷ ᠵᠠᠰᠠᠨ᠎ᠠ᠃ ᠤᠷᠴᠢᠨ ᠳᠤᠭᠤᠷᠢᠨ ᠤ ᠬᠠᠤᠯᠢ ᠬᠡᠷᠡᠭᠵᠢᠬᠦᠯᠬᠦ ᠳᠤ ᠬᠢᠨᠠᠯᠳᠠ ᠳᠠᠯᠪᠢᠨ ᠬᠠᠮᠢᠶᠠᠷᠬᠤ ᠡᠷᠴᠢᠮ ᠢᠶᠠᠨ ᠴᠢᠩᠭᠠᠳᠬᠠᠵᠦ᠂ ᠡᠯ᠎ᠡ ᠳᠦᠷᠦᠯ ᠤᠨ ᠤᠷᠴᠢᠨ ᠳᠤᠭᠤᠷᠢᠨ ᠤ ᠬᠠᠤᠯᠢ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠤᠷᠢᠯᠡᠨ᠎ᠡ᠃     ︵ᠲᠠᠪᠤ︶ ᠬᠤᠳᠠ ᠬᠦᠳᠡᠭᠡ ᠶᠢ ᠨᠢᠭᠡᠳᠦᠯᠳᠡᠢ ᠳᠦᠯᠦᠪᠵᠢᠬᠦᠯᠦᠨ᠂ ᠪᠦᠬᠦ ᠲᠠᠯ᠎ᠠ ᠶᠢᠨ ᠵᠤᠬᠢᠴᠠᠩᠭᠤᠢ ᠬᠦᠭᠵᠢᠯᠳᠡ ᠶᠢ ᠳᠦᠯᠬᠢᠨ ᠠᠬᠢᠭᠤᠯᠤᠨ᠎ᠠ᠃ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ᠂ ᠰᠢᠨ᠎ᠡ ᠮᠠᠯᠵᠢᠬᠤ ᠤᠷᠤᠨ ᠤ ᠪᠠᠶᠢᠭᠤᠯᠤᠯᠳᠠ ᠶᠢ ᠢᠳᠡᠪᠬᠢᠳᠠᠢ ᠳᠦᠯᠬᠢᠨ ᠠᠬᠢᠭᠤᠯᠵᠦ᠂ ᠬᠤᠳᠠ ᠬᠦᠳᠡᠭᠡ ᠬᠠᠮᠳᠤᠪᠠᠷ ᠴᠡᠴᠡᠭᠯᠡᠨ᠂ ᠵᠤᠬᠢᠴᠠᠩᠭᠤᠢ ᠬᠦᠭᠵᠢᠬᠦ ᠶᠢ ᠠᠬᠢᠭᠤᠯᠤᠨ᠎ᠠ᠃     ᠬᠤᠳᠠ ᠪᠠᠯᠭᠠᠰᠤᠨ ᠤ ᠪᠠᠶᠢᠭᠤᠯᠤᠯᠳᠠ ᠶᠢᠨ ᠳᠡᠰ ᠳᠡᠪᠰᠢᠬᠦ ᠶᠢ ᠳᠦᠷᠭᠡᠳᠬᠡᠨ᠎ᠡ᠃ ᠪᠦᠬᠦ ᠠᠶᠢᠮᠠᠭ ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠳᠤᠷᠰᠢᠯᠭ᠎ᠠ ᠰᠤᠯᠢᠯᠴᠠᠬᠤ ᠠᠬᠤᠢ ᠲᠠᠯᠠᠪᠠᠢ ᠶᠢᠨ ᠬᠤᠷᠠᠯ ᠢ ᠰᠠᠶᠢᠳᠤᠷ ᠲᠠᠭᠠᠭᠠᠴᠢᠯᠠᠨ ᠡᠷᠬᠢᠯᠡᠵᠦ᠂ ᠬᠤᠷᠠᠯ ᠢᠶᠠᠷ ᠪᠠᠶᠢᠭᠤᠯᠤᠯᠳᠠ ᠪᠤᠯᠤᠨ ᠡᠭᠦᠳᠦᠯᠳᠡ ᠶᠢ ᠠᠬᠢᠭᠤᠯᠵᠤ᠂ ︽ᠤᠶᠤᠨᠴᠢ ᠬᠤᠳᠠ ︵ᠮᠠᠯᠵᠢᠬᠤ ᠤᠷᠤᠨ︶︾ ᠶᠢᠨ ᠪᠠᠶᠢᠭᠤᠯᠤᠯᠳᠠ ᠶᠢ ᠠᠬᠢᠭᠤᠯᠤᠨ᠂ ᠪᠠᠯᠭᠠᠷᠭᠤᠤᠯ ᠪᠠᠯᠭᠠᠰᠤ ᠪᠤᠯᠤᠨ ᠪᠠᠶᠠᠨᠬᠤᠸᠠ ᠪᠠᠯᠭᠠᠰᠤᠨ ᠤ ᠴᠢᠳᠠᠪᠬᠢ ᠶᠢ ᠲᠡᠭᠦᠯᠳᠡᠷᠵᠢᠭᠦᠯᠦᠨ᠎ᠠ᠃ ︽ᠠᠷᠠᠳ ᠤᠨ ᠠᠮᠢᠳᠤᠷᠠᠯ ᠤᠨ ᠪᠠᠶᠢᠭᠤᠯᠤᠯᠳᠠ  ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠂ ᠡᠷᠡᠭᠦᠯ ᠡᠩᠭᠡ ᠪᠠᠷᠠᠭᠤᠨ ᠦᠵᠦᠮᠦᠴᠢᠨ ᠢ ᠪᠦᠳᠦᠭᠡᠨ ᠪᠠᠶᠢᠭᠤᠯᠬᠤ︾ ᠤᠶᠢᠯᠠᠭᠠᠭᠳᠠᠬᠤᠨ ᠢ ᠲᠤᠪᠤᠶᠢᠯᠭᠠᠨ᠂ ᠪᠠᠯᠭᠠᠷᠭᠤᠤᠯ ᠪᠠᠯᠭᠠᠰᠤ ᠪᠠ ᠪᠠᠶᠠᠨᠬᠤᠸᠠ ᠪᠠᠯᠭᠠᠰᠤᠨ ᠤ ᠴᠢᠳᠠᠪᠬᠢ ᠶᠢ ᠳᠡᠭᠦᠯᠳᠡᠷᠵᠢᠬᠦᠯᠬᠦ ᠪᠠᠷ ᠭᠤᠤᠯᠳᠠᠯᠭ᠎ᠠ ᠪᠤᠯᠭᠠᠵᠦ᠂ ᠬᠤᠳᠠ ᠪᠠᠯᠭᠠᠰᠤᠨ ᠤ ᠰᠠᠭᠤᠷᠢ ᠳᠦᠬᠦᠭᠡᠷᠦᠮᠵᠢ ᠳᠠᠬᠢ ᠪᠡᠯᠡ ᠤᠷᠤᠭᠤᠯᠤᠯᠳᠠ ᠪᠠᠨ ᠨᠡᠮᠡᠭᠳᠡᠬᠦᠯᠦᠨ᠂ ᠬᠤᠳᠠ ᠪᠠᠯᠭᠠᠰᠤᠨ ᠤ ︽ᠲᠠᠪᠤᠵᠢᠯᠳᠠ︾ ᠶᠢᠨ ᠢᠨᠵᠧᠨᠧᠷᠢᠩ ᠢ ᠠᠬᠢᠭᠤᠯᠤᠨ᠎ᠠ᠃ 20 ᠲᠦᠮᠡᠨ ᠲᠡᠭᠰᠢ ᠲᠥᠷᠪᠡᠯᠵᠢᠨ ᠮᠧᠲᠷ ᠭᠠᠵᠠᠷ ᠢ ᠨᠤᠭᠤᠭᠠᠷᠠᠭᠤᠯᠵᠦ᠂ ᠴᠠᠶᠢᠳᠠᠮ ᠵᠠᠮ᠂ ᠪᠠᠯᠭᠠᠷᠭᠤᠤᠯ ᠵᠡᠭᠡᠯᠢ ᠵᠡᠷᠭᠡ ᠵᠠᠮ ᠱᠤᠭᠤᠮ ᠤᠨ ᠬᠠᠵᠠᠭᠤ ᠪᠠᠷ ᠮᠤᠳᠤ ᠵᠠᠶᠢᠯᠠᠵᠤ᠂ ᠤᠤᠯ ᠤᠨ ᠮᠤᠩᠭᠤᠯ ᠡᠮᠨᠡᠯᠭᠡ ᠶᠢᠨ ᠬᠤᠷᠢᠶᠠᠨ ᠤ ᠲᠤᠨᠤᠯᠵᠢᠨ ᠵᠠᠮ ᠤᠨ ᠠᠭᠤᠯᠵᠠᠭᠤᠷ᠂ ᠪᠠᠶᠠᠨᠬᠤᠸᠠ ᠵᠡᠭᠡᠯᠢ ᠶᠢᠨ ᠴᠡᠴᠡᠷᠯᠢᠭ ᠵᠡᠷᠭᠡ ᠭᠠᠵᠠᠷ ᠢ ᠨᠤᠭᠤᠭᠠᠷᠠᠭᠤᠯᠤᠨ᠎ᠠ᠃ ᠪᠠᠶᠠᠨᠭᠤᠤᠯ ᠵᠠᠮ ᠵᠡᠷᠭᠡ 5 ᠵᠣᠷᠪᠤᠰ ᠵᠡᠭᠡᠯᠢ ᠶᠢᠨ 40 ᠠᠰᠠᠷ ᠢ ᠭᠤᠤᠯᠳᠠᠯᠭ᠎ᠠ ᠲᠠᠢ ᠭᠡᠷᠡᠯᠳᠦᠭᠦᠯᠦᠨ᠂ ᠪᠠᠯᠭᠠᠷ ᠨᠠᠭᠤᠷ ᠲᠤ ᠤᠰᠤᠨ ᠲᠡᠯᠭᠡᠴᠡᠳᠤ ᠺᠢᠨᠤ᠋ ᠭᠠᠷᠭᠠᠬᠤ ᠳᠦᠬᠦᠭᠡᠷᠦᠮᠵᠢ ᠤᠭᠰᠠᠷᠠᠨ᠎ᠠ᠃ ᠭᠤᠷᠤᠬᠠᠨ ᠵᠡᠭᠡᠯᠢ ᠠᠴᠠ ᠵᠡᠬᠦᠨᠰᠢ ᠬᠤᠳᠠ ᠲᠤᠭᠤᠷᠢᠭᠰᠠᠨ ᠵᠠᠮ ᠭᠦᠷᠳᠡᠯ᠎ᠠ ᠤᠷᠳᠤᠰᠬᠠᠨ ᠵᠠᠰᠠᠵᠦ᠂ ᠪᠠᠶᠠᠨᠬᠤᠸᠠ ᠵᠡᠭᠡᠯᠢ ᠶᠢᠨ ᠭᠠᠵᠠᠷ ᠳᠤᠤᠷᠠᠬᠢ ᠬᠤᠭᠤᠯᠠᠢ ᠶᠢ 1.2 ᠺᠢᠯᠤᠮᠧᠲᠷ ᠰᠢᠨ᠎ᠡ ᠪᠠᠷ ᠪᠠᠶᠢᠭᠤᠯᠤᠨ᠎ᠠ᠃ ᠭᠠᠯᠲᠤ ᠳᠡᠷᠭᠡᠨ ᠦᠷᠳᠡᠭᠡᠨ ᠤ ᠡᠮᠦᠨᠡᠬᠢ ᠠᠭᠤᠳᠠᠮ ᠲᠠᠯᠠᠪᠠᠢ᠂ ᠦᠨᠳᠦᠰᠦᠳᠡᠨ ᠤ ᠭᠤᠣᠯ ᠰᠡᠳᠦᠪᠳᠤ ᠴᠡᠴᠡᠷᠯᠢᠭ᠂ ᠪᠦᠬᠡ ᠶᠢᠨ ᠰᠤᠶᠤᠯ ᠤᠨ ᠬᠦᠷᠢᠶᠡᠯᠡᠩ᠂ ᠪᠠᠷᠠᠭᠤᠨ ᠦᠵᠦᠮᠦᠴᠢᠨ ᠬᠤᠰᠢᠭᠤᠨ ᠤ ᠲᠠᠮᠢᠷ ᠤᠨ ᠲᠠᠯᠠᠪᠠᠢ᠂ ᠭᠡᠤᠭᠡᠳ ᠤᠨ ᠣᠪᠤᠭ᠎ᠠ ᠴᠡᠴᠡᠷᠯᠢᠭ᠂ ᠠᠮᠢ ᠠᠬᠤᠢ ᠶᠢᠨ ᠴᠡᠴᠡᠷᠯᠢᠭ ᠪᠠ ᠪᠠᠯᠭᠠᠷ ᠨᠠᠭᠤᠷ ᠤᠨ ᠦᠵᠡᠮᠵᠢ ᠶᠢ ᠳᠡᠰ ᠳᠡᠪᠰᠢᠬᠦᠯᠬᠦ ᠢᠨᠵᠧᠨᠧᠷᠢᠩ ᠢ ᠬᠡᠷᠡᠭᠵᠢᠬᠦᠯᠵᠦ᠂ ᠦᠵᠦᠮᠦᠴᠢᠨ ᠰᠤᠶᠤᠯ ᠤᠨ ᠲᠥᠪ ᠤᠨ ᠢᠨᠵᠧᠨᠧᠷᠢᠩ ᠢ ᠲᠦᠯᠦᠪᠵᠢᠭᠦᠯᠦᠨ ᠠᠬᠢᠭᠤᠯᠤᠨ᠎ᠠ᠃ ᠭᠡᠷ ᠪᠠᠶᠢᠰᠢᠩ ᠢ ᠲᠠᠳᠠᠪᠤᠷᠢᠯᠠᠬᠤ ᠪᠤᠯᠤᠨ ᠲᠦᠭᠦᠮ ᠪᠦᠳᠦᠴᠡᠳᠤ ᠤᠷᠤᠨ ᠰᠠᠭᠤᠴᠠ ᠶᠢᠨ ᠲᠤᠭᠤᠷᠢᠭ ᠢ ᠦᠭᠡᠷᠡᠴᠢᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠳᠦᠯᠬᠢᠨ ᠠᠬᠢᠭᠤᠯᠵᠦ᠂ ᠨᠤᠷᠠᠭᠠᠨ ᠨᠡᠭᠦᠯᠭᠡᠭᠦ ᠠᠵᠢᠯ ᠤᠨ ᠡᠷᠴᠢᠮ ᠢᠶᠠᠨ ᠴᠢᠩᠭᠠᠳᠬᠠᠨ᠂ ᠬᠠᠭᠤᠴᠢᠨ ᠰᠠᠭᠤᠭᠠᠯᠢ ᠠᠷᠠᠳ ᠤᠨ ᠳᠤᠭᠤᠷᠢᠭ ᠢ ᠦᠭᠡᠷᠡᠴᠢᠯᠡᠭᠦ ᠠᠬᠢᠴᠠ ᠪᠠᠨ ᠲᠦᠷᠭᠡᠳᠭᠡᠨ᠎ᠠ᠃ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠶᠢᠨ ᠰᠡᠭᠦᠯᠴᠢ ᠶᠢᠨ ᠬᠤᠭᠤᠴᠠᠭᠠᠨ  ᠤ ᠢᠨᠵᠧᠨᠧᠷᠢᠩ ᠢ ᠪᠦᠭᠦ ᠲᠠᠯ᠎ᠠ ᠪᠠᠷ ᠪᠡᠶᠡᠯᠡᠭᠦᠯᠵᠤ᠂ ᠭᠡᠷ ᠬᠦᠷᠦᠩᠭᠡ ᠶᠢᠨ ᠵᠠᠬ᠎ᠠ ᠳᠡᠯᠭᠡᠬᠦᠷ ᠤᠨ ᠬᠢᠨᠠᠨ ᠬᠠᠮᠢᠶᠠᠷᠤᠯᠳᠠ ᠪᠠᠨ ᠴᠢᠩᠭᠠᠳᠬᠠᠨ᠂ ᠤᠯᠠᠨ ᠳᠦᠮᠡᠨ ᠤ ᠤᠷᠤᠨ ᠰᠠᠭᠤᠴᠠ ᠶᠢᠨ ᠨᠦᠬᠦᠴᠡᠯ ᠢ ᠰᠠᠶᠢᠵᠢᠷᠠᠭᠤᠯᠬᠤ ᠶᠢᠨ ᠬᠠᠮᠳᠤ ᠭᠡᠷ ᠬᠦᠷᠦᠩᠭᠡ ᠶᠢᠨ ᠬᠦᠮᠦᠷᠭᠡ ᠶᠢᠨ ᠬᠠᠳᠠᠭᠠᠯᠠᠭᠳᠠᠴᠠ ᠶᠢ ᠰᠢᠢᠳᠪᠤᠷᠢᠯᠡᠨ᠂ ᠭᠡᠷ ᠬᠦᠷᠦᠩᠭᠡ ᠶᠢᠨ ᠠᠵᠤ ᠦᠢᠯᠡᠰ ᠢ ᠡᠷᠡᠬᠦᠯ ᠢᠶᠠᠷ ᠭᠦᠭᠵᠢᠭᠦᠯᠦᠨ᠎ᠠ᠃ ︽ᠬᠤᠳᠠ ᠪᠠᠯᠭᠠᠰᠤᠨ ᠤ ᠲᠦᠷᠢᠮᠵᠢᠭᠰᠡᠨ ᠬᠠᠮᠢᠶᠠᠷᠤᠯᠳᠠ ᠶᠢ ᠰᠠᠶᠢᠵᠢᠷᠠᠭᠤᠯᠬᠤ ᠠᠵᠢᠯᠯᠠᠭ᠎ᠠ︾ ᠶᠢ ᠡᠬᠢᠯᠡᠭᠦᠯᠦᠨ᠂ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠳᠠ ᠶᠢ ᠴᠢᠩᠭᠠᠳᠬᠠᠵᠤ᠂ ᠬᠠᠤᠯᠢ ᠵᠦᠷᠢᠴᠡᠭᠰᠡᠨ ᠪᠦᠳᠦᠭᠡᠨ ᠪᠠᠶᠢᠭᠤᠯᠤᠯᠳᠠ ᠶᠢᠨ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠵᠤ᠂ ᠭᠡᠷ ᠬᠤᠷᠢᠶᠠᠯᠠᠯ ᠤᠨ ᠬᠠᠮᠢᠶᠠᠷᠤᠯᠳᠠ ᠶᠢ ᠲᠦᠷᠢᠮᠵᠢᠭᠦᠯᠦᠨ᠂ ᠬᠤᠳᠠ ᠪᠠᠯᠭᠠᠰᠤᠨ ᠤ ᠬᠠᠮᠢᠶᠠᠷᠤᠯᠳᠠ ᠶᠢᠨ ᠲᠠᠯ᠎ᠠ ᠳᠤ ᠰᠢᠨ᠎ᠡ ᠶᠢ ᠡᠭᠦᠳᠦᠨ᠎ᠡ᠃     ᠦᠵᠡᠰᠭᠦᠯᠡᠩᠳᠤ ᠰᠠᠶᠢᠬᠠᠨ ᠭᠦᠳᠡᠭᠡ ᠲᠤᠰᠬᠤᠨ ᠤ ᠪᠠᠶᠢᠭᠤᠯᠤᠯᠳᠠ ᠶᠢ ᠳᠦᠷᠭᠡᠳᠬᠡᠨ᠎ᠡ᠃ ︽ᠲᠦᠯᠦᠪᠵᠢᠭᠦᠯᠭᠡ ᠪᠠᠶᠢᠷᠢᠯᠠᠭᠤᠯᠤᠯᠳᠠ ᠰᠢᠨᠵᠢᠯᠡᠭᠦ ᠤᠬᠠᠭᠠᠨᠴᠢ᠂ ᠤᠯᠠᠨ ᠨᠠᠶᠢᠳᠠ ᠶᠢᠨ ᠤᠶᠢᠯᠡᠴᠢᠯᠡᠭᠡᠨ ᠤ ᠲᠦᠭᠦᠭᠡᠷᠦᠮᠵᠢ ᠪᠦᠷᠢᠨ᠂ ᠤᠷᠤᠰᠢᠨ ᠠᠮᠢᠳᠤᠷᠠᠬᠤ ᠤᠷᠴᠢᠨ ᠳᠤᠭᠤᠷᠢᠨ ᠴᠡᠪᠡᠷ ᠲᠣᠬᠢᠯᠢᠭ᠂ ᠰᠤᠶᠤᠯ ᠤᠨ ᠠᠮᠢᠳᠤᠷᠠᠯ ᠤᠨ ᠤᠶᠢᠯᠡᠴᠢᠯᠡᠭᠡ ᠲᠡᠭᠦᠯᠳᠡᠷ᠂ ᠤᠶᠢᠯᠠᠰ ᠪᠦᠳᠦᠭᠡᠵᠤ ᠪᠠᠶᠠᠵᠢᠨ ᠴᠢᠨᠡᠭᠡᠯᠢᠭᠵᠢᠭᠰᠡᠨ᠂ ᠠᠷᠠᠳ ᠤᠨ ᠰᠤᠷᠳᠠᠯ ᠪᠤᠯᠪᠠᠰᠤᠨ︾ ᠬᠠᠷᠠᠯᠲᠠ ᠶᠢ ᠪᠡᠶᠡᠯᠡᠬᠦᠯᠬᠦ ᠳᠤᠭᠤᠷᠢᠨ ᠳᠤ᠂ ᠪᠡᠯᠡ ᠤᠷᠤᠭᠤᠯᠤᠯᠳᠠ ᠶᠢᠨ ᠭᠦᠴᠦᠯᠡᠴᠠ ᠪᠠᠨ ᠨᠡᠮᠡᠭᠳᠡᠭᠦᠯᠦᠨ᠂ ᠦᠵᠡᠰᠭᠦᠯᠡᠩᠳᠤ ᠰᠠᠶᠢᠬᠠᠨ ᠬᠦᠳᠡᠭᠡ ᠨᠤᠲᠤᠭ ᠢ ᠪᠠᠶᠢᠭᠤᠯᠤᠨ᠎ᠠ᠃ ᠦᠵᠡᠰᠭᠦᠯᠡᠩᠳᠤ ᠰᠠᠶᠢᠬᠠᠨ ᠭᠦᠳᠡᠭᠡ ᠲᠤᠰᠬᠤᠨ ᠤ ᠪᠠᠶᠢᠭᠤᠯᠤᠯᠲᠠ ᠶᠢᠨ ᠶᠡᠷᠤᠩᠬᠡᠢ ᠳᠦᠯᠦᠪᠵᠢᠬᠦᠯᠭᠡ ᠶᠢ ᠳᠡᠭᠦᠯᠳᠡᠷᠵᠢᠬᠦᠯᠵᠦ᠂ ᠠᠵᠢᠯ ᠤᠨ ᠬᠠᠷᠠᠯᠲᠠ ᠪᠠᠨ ᠰᠢᠨᠵᠢᠯᠡᠬᠦ ᠤᠬᠠᠭᠠᠨᠴᠢ ᠪᠠᠷ ᠳᠤᠭᠳᠠᠭᠠᠨ᠂ ᠵᠢᠯ ᠤᠨ ᠡᠭᠦᠷᠬᠡ ᠪᠤᠯᠤᠨ ᠠᠷᠭ᠎ᠠ ᠠᠪᠴᠠᠯ ᠢᠶᠠᠨ ᠨᠠᠷᠢᠯᠢᠭᠵᠢᠭᠤᠯᠤᠨ᠎ᠠ᠃ ︽ᠠᠷᠪᠠ ᠶᠢ ᠪᠦᠷᠬᠦᠬᠦᠯᠬᠦ︾ ᠢᠨᠵᠧᠨᠧᠷᠢᠩ ᠤᠨ ᠰᠠᠭᠦᠯ ᠬᠤᠷᠢᠶᠠᠬᠤ ᠠᠵᠢᠯ ᠢ ᠰᠠᠶᠢᠳᠣᠷ ᠪᠡᠶᠡᠯᠡᠬᠦᠯᠵᠦ᠂ ᠮᠠᠯᠵᠢᠬᠤ ᠤᠷᠤᠨ ᠤ ᠳᠦᠷᠢ ᠳᠦᠷᠬᠦ ᠶᠢ ᠰᠠᠶᠢᠵᠢᠷᠠᠭᠤᠯᠤᠨ᠎ᠠ᠃ ᠮᠠᠯᠵᠢᠬᠤ ᠤᠷᠤᠨ ᠤ ᠰᠤᠶᠤᠯ ᠲᠠᠮᠢᠷ ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠨᠡᠶᠢᠭᠡᠮ ᠤᠨ ᠦᠢᠯᠡᠰ ᠢ ᠬᠦᠭᠵᠢᠬᠦᠯᠵᠦ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠳᠦᠪᠰᠢᠨ ᠢ ᠳᠡᠭᠡᠭᠰᠢᠯᠡᠭᠦᠯᠦᠨ᠎ᠡ᠃ ᠮᠠᠯᠵᠢᠬᠤ ᠤᠷᠤᠨ ᠤ ᠫᠧᠩ ᠬᠤᠷᠤᠭ᠎ᠠ᠂ ᠴᠠᠬᠢᠯᠭᠠᠨ ᠳᠤᠤᠷ᠂ ᠲᠤᠤᠷ ᠰᠦᠯᠵᠢᠶ᠎ᠠ᠂ ᠵᠠᠰᠠᠮᠠᠯ ᠵᠠᠮ᠂ ᠮᠠᠰᠢᠨ ᠮᠧᠬᠠᠨᠢᠭ ᠵᠡᠷᠭᠡ ᠰᠠᠭᠤᠷᠢ ᠲᠦᠭᠦᠭᠡᠷᠦᠮᠵᠢ ᠶᠢᠨ ᠲᠠᠯ᠎ᠠ ᠳᠠᠬᠢ ᠲᠡᠮᠵᠢᠭᠦ ᠭᠦᠴᠦᠯᠠᠴᠠ ᠪᠠᠨ ᠨᠡᠮᠡᠭᠳᠡᠭᠦᠯᠵᠤ᠂ ᠤᠷᠳᠤ ᠬᠤᠭᠤᠴᠠᠭᠠᠨ ᠤ ᠬᠠᠮᠠᠭᠠᠯᠠᠨ ᠬᠠᠮᠢᠶᠠᠷᠬᠤ ᠵᠤᠬᠢᠴᠠᠮᠵᠢ ᠶᠢ ᠪᠠᠶᠢᠭᠤᠯᠤᠨ ᠪᠦᠷᠢᠨᠰᠢᠬᠦᠯᠵᠦ᠂ ᠮᠠᠯᠵᠢᠬᠤ ᠤᠷᠤᠨ ᠤ ᠰᠠᠭᠤᠷᠢ ᠳᠦᠬᠦᠭᠡᠷᠦᠮᠵᠢ ᠶᠢᠨ ᠪᠠᠶᠢᠭᠤᠯᠤᠯᠲᠠ ᠪᠤᠯᠤᠨ ᠤᠷᠤᠰᠢᠨ ᠰᠠᠭᠤᠬᠤ ᠤᠷᠴᠢᠨ ᠳᠤᠭᠤᠷᠢᠨ ᠢ ᠴᠡᠭᠴᠡᠯᠠᠨ ᠵᠠᠰᠠᠭᠰᠠᠨ ᠦᠷ᠎ᠡ ᠪᠦᠳᠦᠭᠡᠯ ᠢ ᠪᠠᠳᠤᠳᠬᠠᠨ᠎ᠠ᠃      ︵ᠵᠢᠷᠭᠤᠭ᠎ᠠ︶ ᠰᠠᠭᠤᠷᠢ ᠳᠦᠬᠦᠬᠡᠷᠦᠮᠵᠢ ᠶᠢᠨ ᠨᠦᠬᠦᠴᠡᠯ ᠢ ᠰᠠᠶᠢᠵᠢᠷᠠᠭᠤᠯᠵᠦ᠂ ᠬᠦᠭᠵᠢᠯᠳᠡ ᠶᠢ ᠪᠠᠳᠤᠯᠠᠬᠤ ᠴᠢᠳᠠᠪᠤᠷᠢ ᠶᠢ ᠳᠡᠭᠡᠭᠰᠢᠯᠡᠬᠦᠯᠦᠨ᠎ᠡ᠃ ᠠᠯᠤᠰ ᠭᠡᠳᠤ ᠳᠤ ᠳᠤᠬᠢᠷᠠᠭᠰᠠᠨ᠂ ᠪᠠᠶᠢᠷᠢᠯᠠᠭᠤᠯᠤᠯᠲᠠ ᠨᠢ ᠵᠦᠢ ᠵᠤᠬᠢᠰᠳᠠᠢ᠂ ᠳᠤᠤᠷ ᠰᠦᠯᠵᠢᠶ᠎ᠡ ᠨᠢ ᠳᠡᠭᠦᠯᠳᠡᠷ᠂ ᠶᠠᠰᠦ ᠴᠢᠨᠠᠷ ᠢ ᠳᠡᠭᠡᠭᠰᠢᠯᠡᠬᠦᠯᠬᠦ ᠵᠠᠷᠴᠢᠮ ᠶᠤᠰᠤᠭᠠᠷ᠂ ᠭᠦᠨᠵᠡᠭᠡᠢ ᠰᠤᠳᠤᠯᠤᠨ ᠲᠦᠯᠦᠪᠯᠠᠵᠤ᠂ ᠳᠦᠷᠦᠯ ᠵᠦᠢᠯ ᠢ ᠢᠳᠡᠪᠬᠢᠳᠠᠢ ᠡᠷᠡᠮᠡᠯᠵᠡᠯᠡᠨ᠂ ᠪᠡᠯᠡ ᠤᠷᠤᠭᠤᠯᠤᠯᠳᠠ ᠶᠢᠨ ᠠᠷᠭ᠎ᠠ ᠵᠠᠮ ᠢᠶᠠᠨ ᠦᠷᠭᠡᠳᠭᠡᠵᠤ᠂ ᠠᠷᠭ᠎ᠠ ᠪᠦᠬᠦᠨ ᠢ ᠰᠦᠪᠡᠭᠴᠢᠯᠡᠨ ᠰᠠᠭᠤᠷᠢ ᠳᠦᠬᠦᠭᠡᠷᠦᠮᠵᠢ ᠶᠢᠨ ᠪᠡᠯᠡ ᠤᠷᠤᠭᠤᠯᠤᠯᠳᠠ ᠪᠠ ᠪᠦᠳᠦᠭᠡᠨ ᠪᠠᠶᠢᠭᠤᠯᠤᠯᠳᠠ ᠶᠢᠨ ᠡᠷᠴᠢᠮ ᠢᠶᠠᠨ ᠴᠢᠩᠭᠠᠳᠬᠠᠨ᠂ ᠪᠦᠬᠦ ᠤᠷᠤᠨ ᠪᠦᠰᠠ ᠶᠢ ᠪᠦᠷᠬᠦᠭᠰᠡᠨ᠂ ᠢᠵᠢ ᠪᠦᠷᠢᠳᠦᠭᠰᠡᠨ ᠴᠢᠳᠠᠪᠬᠢ ᠲᠠᠢ᠂ ᠤᠶᠤᠨᠴᠢᠯᠠᠭᠰᠠᠨ ᠦᠨᠳᠤᠷ ᠦᠷ᠎ᠡ ᠪᠦᠳᠦᠮᠵᠢᠳᠠᠢ᠂ ᠠᠮᠦᠷ ᠳᠦᠪᠰᠢᠨ ᠳᠦᠭᠦᠮ ᠠᠪᠰᠠᠷ ᠤᠳᠤᠬᠢᠴᠢᠯᠠᠭᠰᠠᠨ ᠰᠠᠭᠤᠷᠢ ᠳᠦᠬᠦᠭᠡᠷᠦᠮᠵᠢ ᠶᠢᠨ  ᠰᠢᠰᠲ᠋ᠧᠮ ᠢ ᠪᠠᠶᠢᠭᠤᠯᠤᠨ᠎ᠠ᠃ ᠪᠦᠬᠦ ᠬᠤᠰᠢᠭᠤᠨ ᠤ ︽ᠠᠷᠪᠠᠨ ᠭᠤᠷᠪᠠᠳᠤᠭᠠᠷ ᠳᠠᠪᠤᠨ ᠵᠢᠯ︾ ᠤᠨ ᠳᠦᠯᠦᠪᠵᠢᠬᠦᠯᠭᠡ ᠶᠢᠨ ᠳᠤᠭᠤᠷᠢᠨ ᠳᠤ ᠰᠠᠭᠤᠷᠢ ᠳᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠳᠦᠷᠦᠯ ᠵᠦᠢᠯ ᠢ ᠡᠮᠬᠢᠳᠭᠡᠵᠤ᠂ ᠤᠯᠤᠰ᠂ ᠦᠪᠡᠷᠳᠡᠭᠡᠨ ᠵᠠᠰᠠᠬᠤ ᠤᠷᠤᠨ ᠪᠠ ᠠᠶᠢᠮᠠᠭ ᠤᠨ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠷᠢᠯᠴᠠᠨ᠂ ᠮᠠᠨ ᠤ ᠬᠤᠰᠢᠭᠤᠨ ᠤ ᠭᠤᠤᠯᠳᠠᠯᠭ᠎ᠠ ᠲᠠᠢ ᠰᠠᠭᠤᠷᠢ ᠳᠦᠬᠦᠭᠡᠷᠦᠮᠵᠢ ᠶᠢᠨ ᠳᠦᠷᠦᠯ ᠵᠦᠢᠯ ᠢ ᠤᠯᠤᠰ᠂ ᠦᠪᠡᠷᠳᠡᠭᠡᠨ ᠵᠠᠰᠠᠬᠤ ᠤᠷᠤᠨ ᠪᠠ ᠠᠶᠢᠮᠠᠭ ᠤᠨ ᠳᠦᠷᠦᠯ ᠵᠦᠢᠯ ᠤᠨ ᠬᠡᠪᠴᠢᠶᠡᠨ ᠳᠤ ᠤᠷᠤᠭᠤᠯᠤᠨ᠎ᠠ᠃ ᠵᠠᠰᠠᠮᠠᠯ ᠵᠠᠮ ᠤᠨ ᠲᠠᠯ᠎ᠠ ᠪᠠᠷ ᠳᠡᠭᠡᠳᠤ ᠱᠠᠳᠤᠨ ᠤ ᠳᠡᠮᠵᠢᠯᠭᠡ ᠶᠢ ᠢᠳᠡᠪᠬᠢᠳᠡᠢ ᠡᠷᠡᠮᠡᠯᠵᠡᠯᠡᠨ᠂ ᠤᠯᠤᠰ ᠤᠨ ᠳᠡᠰ ᠤᠨ 306 ᠱᠣᠭᠤᠮ ᠤᠨ ᠳᠠᠰᠢᠭᠤᠷ ᠤᠨ ᠪᠤᠯᠠᠭ ᠠᠴᠠ ᠪᠠᠯᠠᠭᠠᠷᠭᠤᠤᠯ ᠬᠦᠷᠬᠦ ᠵᠠᠰᠠᠮᠠᠯ ᠵᠠᠮ᠂ ᠮᠤᠵᠢ ᠶᠢᠨ ᠳᠡᠰ ᠤᠨ 221 ᠱᠤᠭᠤᠮ ᠤᠨ ᠵᠡᠬᠦᠨ ᠦᠵᠦᠮᠦᠴᠢᠨ ᠬᠤᠰᠢᠭᠤᠨ ᠤ ᠡᠵᠢᠨᠠᠭᠤᠷ ᠠᠴᠠ ᠡᠤ ᠵᠢᠶᠠᠨ ᠹᠠᠩ ᠬᠦᠷᠬᠦ ᠵᠠᠰᠠᠮᠠᠯ ᠵᠠᠮ ᠢ ᠪᠠᠶᠢᠭᠤᠯᠵᠦ᠂ ᠤᠯᠤᠰ ᠤᠨ ᠳᠡᠰ ᠤᠨ 207 ᠱᠣᠭᠤᠮ ᠤᠨ ᠰᠢᠯᠢᠩᠬᠤᠲᠠ ᠠᠴᠠ ᠪᠠᠶᠠᠨᠬᠤᠸᠠ ᠬᠦᠷᠬᠦ ᠭᠡᠰᠡᠭ ᠤᠨ ᠬᠤᠶᠠᠳᠤᠭᠠᠷ ᠬᠤᠭᠤᠴᠠᠭᠠᠨ ᠤ ᠵᠠᠰᠠᠮᠠᠯ ᠵᠠᠮ ᠤᠨ ᠳᠦᠷᠦᠯ ᠵᠦᠢᠯ ᠢ ᠪᠠᠶᠢᠭᠤᠯᠬᠤ ᠪᠠᠷ ᠴᠢᠷᠮᠠᠶᠢᠨ᠎ᠠ᠃ ᠭᠠᠴᠠᠭ᠎ᠠ ᠳᠤᠰᠬᠤᠨ ᠳᠤ ᠨᠡᠪᠳᠡᠷᠡᠬᠦ ᠱᠦᠢᠨᠢ ᠵᠠᠮ 251 ᠺᠢᠯᠤᠮᠧᠲᠷ ᠵᠠᠰᠠᠨ᠂ ᠮᠠᠯᠵᠢᠬᠤ ᠤᠷᠤᠨ ᠤ ᠪᠠᠷᠳᠠᠭ᠎ᠠ ᠲᠠᠢ ᠵᠠᠮ ᠢᠶᠠᠷ ᠭᠤᠤᠯᠳᠠᠯᠭ᠎ᠠ ᠪᠤᠯᠭᠠᠨ᠂ 100 ᠺᠢᠯᠤᠮᠧᠲᠷ ᠤᠨ ᠬᠠᠶᠢᠷ ᠴᠢᠯᠠᠭᠤᠨ ᠵᠠᠮ ᠢ ᠵᠠᠰᠠᠵᠤ᠂ ᠵᠢᠭᠤᠯᠴᠢᠯᠠᠯ ᠤᠨ ᠵᠠᠰᠠᠮᠠᠯ ᠵᠠᠮ ᠢ ᠲᠡᠰᠵᠢᠭᠦᠯᠦᠨ᠂ ᠰᠢᠨᠡᠭᠤᠤᠯ ᠠᠴᠠ ᠭᠤᠷᠤᠬᠠᠨ ᠬᠦᠷᠬᠦ ᠵᠠᠮ ᠱᠤᠭᠤᠮ ᠢ ᠰᠡᠯᠪᠢᠨ ᠵᠠᠰᠠᠵᠦ᠂ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠠᠵᠢᠯ ᠢ ᠴᠢᠩᠭᠠᠳᠬᠠᠨ᠎ᠠ᠃ ᠳᠡᠮᠦᠷ ᠵᠠᠮ ᠤᠨ ᠲᠠᠯ᠎ᠠ ᠪᠠᠷ᠂ ᠬᠤᠸᠠ ᠷᠦᠨ ᠴᠠᠬᠢᠯᠭᠠᠨ ᠬᠦᠴᠦᠨ ᠤ ᠡᠤ ᠵᠢᠶᠠᠨ ᠹᠠᠩ  ᠳᠠᠬᠢ ᠴᠠᠬᠢᠯᠭᠠᠨ ᠦᠢᠯᠡᠳᠪᠤᠷᠢ ᠶᠢᠨ ᠳᠡᠮᠦᠷ ᠵᠠᠮ ᠤᠨ ᠳᠤᠰᠬᠠᠢ ᠱᠤᠭᠤᠮ᠂ ᠪᠠᠶᠠᠨᠬᠤᠸᠠ ᠵᠡᠬᠦᠨ ᠦᠷᠳᠡᠭᠡᠨ ᠠᠴᠠ ᠰᠠᠶᠢᠠᠠᠦ᠋ᠨᠳᠤᠷ ᠬᠦᠷᠬᠦ ᠲᠡᠮᠦᠷ ᠵᠠᠮ᠂ ᠪᠠᠶᠠᠨᠬᠤᠸᠠ ᠨᠠᠷᠢᠯᠢᠭᠵᠢᠭᠤᠯᠤᠭᠰᠠᠨ ᠬᠦᠩᠬᠡᠨ ᠴᠠᠭᠠᠨ ᠬᠠᠪᠳᠠᠰᠤ ᠶᠢᠨ ᠦᠢᠯᠡᠳᠪᠤᠷᠢ ᠶᠢᠨ ᠳᠤᠰᠬᠠᠢ ᠳᠡᠮᠦᠷ ᠵᠠᠮ᠂ ᠪᠠᠶᠠᠨᠬᠤᠸᠠ ᠳ᠋ᠦᠩ ᠹᠠᠩ ᠪᠤᠳᠠᠰ ᠤᠨ ᠬᠦᠢᠯᠭᠡᠭᠡᠨ ᠤ ᠳᠤᠭᠤᠷᠢᠭ ᠳᠤᠳᠤᠷᠠᠬᠢ ᠲᠡᠮᠦᠷ ᠵᠠᠮ ᠤᠨ ᠳᠦᠷᠦᠯ ᠵᠦᠢᠯ ᠢ ᠰᠢᠨ᠎ᠡ ᠪᠠᠷ ᠪᠠᠶᠢᠭᠤᠯᠤᠨ᠎ᠠ᠃ ᠴᠠᠬᠢᠯᠭᠠᠨ ᠬᠦᠴᠦᠨ ᠤ ᠲᠠᠯ᠎ᠠ ᠪᠠᠷ ᠪᠤᠯᠠᠭ ᠠᠴᠠ ᠤᠯᠢᠶᠠᠰᠤᠳᠠᠢ ᠬᠦᠷᠬᠦ 500 ᠺᠢᠯᠣᠸᠣᠯᠲ ᠶᠢᠨ ᠬᠦᠴᠦᠳᠡᠯ ᠦᠬᠡᠷᠡᠴᠢᠯᠡᠬᠦ ᠢᠨᠵᠧᠨᠧᠷᠢᠩ ᠢ ᠳᠦᠯᠬᠢᠨ ᠠᠬᠢᠭᠤᠯᠵᠦ᠂ ᠪᠠᠶᠠᠨᠬᠤᠸᠠ ᠪᠠᠯᠭᠠᠰᠤᠨ ᠤ ᠬᠠᠭᠭᠤᠯᠠ ᠭᠠᠴᠠᠭ᠎ᠠ᠂ ᠭᠤᠷᠤᠬᠠᠨ ᠪᠠᠯᠭᠠᠰᠤᠨ ᠤ ᠪᠠᠶᠠᠨᠳᠡᠯ ᠭᠠᠴᠠᠭ᠎ᠠ ᠶᠢᠨ 10 ᠺᠢᠯᠣᠸᠣᠯᠲ ᠵᠢᠴᠢ ᠡᠭᠦᠨ ᠠᠴᠠ ᠳᠤᠷᠤᠭᠰᠢᠬᠢ ᠢᠨᠵᠧᠨᠧᠷᠢᠩ ᠤᠨ ᠱᠤᠭᠤᠮ ᠢ ᠦᠭᠡᠷᠡᠴᠢᠯᠠᠵᠤ᠂ 600 ᠮᠠᠯᠵᠢᠬᠤ ᠡᠷᠦᠭᠡ ᠳᠤ ᠴᠠᠬᠢᠯᠭᠠᠨ ᠨᠡᠪᠳᠡᠷᠡᠭᠦᠯᠭᠦ ᠪᠠᠷ ᠴᠢᠷᠮᠠᠶᠢᠨ᠎ᠠ᠃ ᠤᠰᠤᠨ ᠠᠰᠢᠭᠯᠠᠯᠳᠠ ᠶᠢᠨ ᠲᠠᠯ᠎ᠠ ᠪᠠᠷ ︽ᠤᠰᠤᠨ ᠤ ᠪᠤᠬᠢᠷᠳᠤᠯ ᠢ ᠵᠠᠰᠠᠬᠤ︾ ᠲᠦᠷᠢᠮ ᠢ ᠴᠢᠩᠭ᠎ᠠ ᠭᠡᠷᠡᠭᠵᠢᠭᠦᠯᠵᠤ᠂ ᠬᠤᠸᠠ ᠷᠦᠨ ᠴᠠᠬᠢᠯᠭᠠᠨ ᠬᠦᠴᠦᠨ ᠤ ᠶᠡᠭᠡ ᠵᠢᠷ ᠤᠨ ᠭᠤᠣᠯ ᠤᠨ ᠤᠰᠤᠨ ᠴᠦᠬᠦᠷᠦᠮ ᠵᠢᠴᠢ ᠤᠰᠤ ᠲᠠᠮᠵᠢᠭᠤᠯᠬᠤ ᠬᠤᠭᠤᠯᠠᠢ ᠶᠢᠨ ᠢᠨᠵᠧᠨᠧᠷᠢᠩ ᠢ ᠠᠬᠢᠭᠤᠯᠵᠤ᠂ 100 ᠬᠤᠳᠳᠤᠭ ᠮᠠᠯᠳᠠᠵᠤ᠂ 200 ᠤᠰᠤ ᠬᠠᠳᠠᠭᠠᠯᠠᠬᠤ ᠵᠤᠭᠤᠷᠢ ᠶᠢ ᠰᠢᠨ᠎ᠠ  ᠪᠠᠷ ᠪᠠᠶᠢᠭᠤᠯᠤᠨ᠂ 200 ᠢᠵᠢ ᠤᠰᠤ ᠴᠡᠪᠡᠷᠰᠢᠭᠦᠯᠭᠦ ᠲᠦᠭᠦᠭᠡᠷᠦᠮᠵᠢ ᠤᠭᠰᠠᠷᠠᠨ᠂ 10000 ᠮᠤ᠋ ᠲᠠᠷᠢᠮᠠᠯ ᠤᠨ ᠭᠠᠵᠠᠷ ᠲᠤ ᠤᠰᠤ ᠠᠷᠪᠢᠯᠠᠬᠤ ᠰᠦᠷᠴᠢᠭᠦᠷ ᠤᠬᠰᠠᠷᠠᠨ᠎ᠠ᠃ ᠨᠢᠰᠬᠡᠯ ᠤᠨ ᠪᠠᠭᠤᠳᠠᠯ ᠤᠨ ᠪᠦᠳᠦᠬᠡᠨ ᠪᠠᠶᠢᠭᠤᠯᠤᠯᠳᠠ  ᠶᠢᠨ ᠲᠠᠯ᠎ᠠ ᠪᠠᠷ ᠪᠡᠯᠡᠳᠬᠡᠯ ᠱᠠᠳᠤᠨ ᠤ ᠰᠤᠳᠤᠯᠤᠯᠭ᠎ᠠ ᠵᠢᠴᠢ ᠬᠠᠮᠢᠶ᠎ᠠ ᠪᠦᠬᠦᠢ ᠳᠡᠮᠵᠢᠯᠭᠡ ᠶᠢᠨ ᠴᠢᠨᠠᠷᠳᠠᠢ ᠮᠡᠳᠡᠬᠦᠯᠦᠯᠳᠡ ᠶᠢ ᠨᠠᠶᠢᠷᠠᠭᠤᠯᠬᠤ ᠠᠵᠢᠯ ᠢ ᠪᠡᠶᠡᠯᠡᠬᠦᠯᠵᠦ᠂ ᠬᠢᠨᠠᠨ ᠵᠦᠪᠰᠢᠶᠡᠷᠡᠬᠦᠯᠬᠦ ᠪᠠᠷ ᠴᠢᠷᠮᠠᠶᠢᠨ᠎ᠠ᠃     ︵ᠲᠤᠯᠤᠭ᠎ᠠ︶ ᠠᠷᠠᠳ ᠤᠨ ᠠᠮᠢᠳᠣᠷᠠᠯ ᠢ ᠣᠯᠠᠮ ᠨᠢᠬᠡ ᠠᠯᠬᠤᠮ ᠪᠠᠳᠣᠯᠠᠨ ᠰᠠᠶᠢᠵᠢᠷᠠᠭᠤᠯᠵᠤ᠂ ᠤᠯᠠᠨ ᠲᠦᠮᠡᠨ ᠤ ᠵᠤᠯ ᠵᠢᠷᠭᠠᠯᠳᠤ ᠠᠮᠢᠳᠤᠷᠠᠯ ᠢ ᠴᠤᠭᠴᠠᠯᠠᠨ᠎ᠠ᠃ ᠠᠷᠠᠳ ᠳᠦᠮᠡᠨ ᠤ ᠨᠡᠶᠢᠳᠡᠮ ᠬᠠᠯᠠᠮᠵᠢᠯᠠᠵᠦ ᠪᠠᠶᠢᠭ᠎ᠠ ᠳᠣᠪᠤᠶᠢᠮ᠎ᠠ ᠠᠰᠠᠭᠤᠳᠠᠯ ᠠᠴᠠ ᠭᠠᠷᠳᠠᠨ᠂ ᠰᠤᠷᠤᠯᠴᠠᠬᠤ ᠳᠤ ᠰᠤᠷᠭᠠᠨ ᠬᠦᠮᠦᠵᠢᠯ ᠲᠠᠢ᠂ ᠭᠦᠳᠡᠯᠮᠦᠷᠢᠯᠡᠭᠦ ᠳᠤ ᠬᠦᠯᠦᠰᠤ ᠤᠯᠭᠤᠮᠵᠢ ᠲᠠᠢ᠂ ᠡᠪᠡᠳᠴᠢᠯᠡᠪᠡᠯ ᠡᠮ ᠡᠮᠨᠡᠯᠭᠡ ᠲᠠᠢ᠂ ᠦᠳᠡᠯᠪᠡᠯ ᠠᠰᠠᠷᠠᠮᠵᠢ ᠲᠠᠢ᠂ ᠤᠷᠤᠰᠢᠨ ᠰᠠᠭᠤᠬᠤ ᠳᠤ ᠤᠷᠤᠨ ᠰᠠᠭᠤᠴᠠ ᠲᠠᠢ ᠪᠠᠶᠢᠬᠤ ᠶᠢ ᠦᠷᠭᠦᠯᠵᠢᠯᠡᠨ ᠰᠢᠨ᠎ᠡ ᠠᠬᠢᠴᠠ ᠲᠠᠢ ᠪᠤᠯᠭᠠᠨ᠂ ᠦᠭᠡᠷᠡᠴᠢᠯᠡᠯᠳᠡ ᠶᠢᠨ ᠦᠷ᠎ᠡ ᠪᠦᠳᠦᠭᠡᠯ ᠢ ᠡᠯ᠎ᠡ ᠦᠨᠳᠦᠰᠦᠳᠡᠨ ᠤ ᠤᠯᠠᠨ ᠳᠦᠮᠡᠨ ᠳᠤ ᠭᠦᠷᠳᠡᠭᠡᠨ᠎ᠠ᠃     ᠨᠠᠷᠢᠯᠢᠭ ᠤᠨᠤᠪᠴᠢᠳᠠᠢ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠶᠢ ᠰᠢᠪᠳᠤᠯᠬᠤ ᠢᠨᠵᠧᠨᠧᠷᠢᠩ ᠢ ᠭᠦᠨᠵᠡᠭᠡᠢ ᠬᠡᠷᠡᠭᠵᠢᠬᠦᠯᠦᠨ᠎ᠡ᠃ ︽ᠵᠢᠷᠭᠤᠭᠠᠨ ᠨᠠᠷᠢᠯᠢᠭ ᠤᠨᠤᠪᠴᠢᠳᠡᠢ︾᠂ ︽ᠲᠠᠪᠦᠨ ᠨᠢᠬᠡ ᠪᠦᠯᠦᠭ︾ ᠤᠨ ᠱᠠᠭᠠᠷᠳᠠᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠦ᠂ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠳᠤᠯᠠᠬᠤ︾ ᠬᠠᠷᠠᠯᠲᠠ ᠶᠤᠰᠤᠭᠠᠷ᠂ ᠡᠳ᠋ ᠤᠨ ᠵᠠᠰᠠᠭ ᠤᠨ ᠪᠡᠯᠡ ᠤᠷᠤᠭᠤᠯᠤᠯᠳᠠ ᠶᠢᠨ ᠡᠷᠴᠢᠮ ᠢᠶᠠᠨ ᠴᠢᠩᠭᠠᠳᠬᠠᠵᠦ᠂ ᠭᠠᠵᠠᠷ ᠤᠷᠤᠨ ᠤ ᠶᠠᠳᠠᠭᠤ ᠶᠢ ᠳᠡᠳᠬᠦᠬᠦ ᠪᠡᠯᠡ ᠮᠦᠩᠭᠦ 1200 ᠳᠦᠮᠡᠨ ᠳᠦᠭᠦᠷᠢᠭ ᠲᠤᠬᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠶᠢ ᠰᠢᠪᠳᠤᠯᠬᠤ ᠢᠨᠵᠧᠨᠧᠷᠢᠩ ᠢ ᠪᠦᠭᠦ ᠲᠠᠯ᠎ᠠ ᠪᠠᠷ ᠠᠬᠢᠭᠤᠯᠤᠨ᠎ᠠ᠃ ︽ᠶᠠᠭᠤ ᠳᠤᠳᠠᠪᠠᠯ ᠶᠠᠭᠤ ᠶᠢ ᠨᠢ ᠨᠦᠬᠦᠪᠦᠷᠢᠯᠡᠭᠦ︾ ᠵᠠᠷᠴᠢᠮ ᠶᠤᠰᠤᠭᠠᠷ᠂ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠶᠢ ᠶᠡᠬᠡᠪᠡᠷ ᠦᠷᠨᠢᠬᠦᠯᠦᠨ᠂ ᠪᠡᠯᠴᠢᠭᠡᠷᠯᠡᠬᠦᠯᠬᠦ ᠶᠢ ᠵᠤᠭᠰᠤᠭᠠᠬᠤ ᠤᠷᠤᠨ ᠠᠴᠠ ᠭᠠᠷᠤᠭᠰᠠᠨ 40 ᠭᠠᠴᠠᠭᠠᠨ ᠳᠤ ᠠᠵᠦ ᠦᠢᠯᠡᠰᠵᠢᠯᠳᠡ ᠶᠢᠨ ᠳᠦᠷᠦᠯ ᠵᠦᠢᠯ ᠢ ᠭᠤᠤᠯᠳᠠᠯᠭ᠎ᠠ ᠲᠠᠢ ᠬᠡᠷᠡᠭᠵᠢᠭᠦᠯᠦᠨ᠎ᠡ᠃ ︽ᠭᠤᠷᠪᠠ ᠶᠢ ᠭᠠᠴᠠᠭ᠎ᠠ ᠳᠤᠰᠬᠤᠨ  ᠳᠤ ᠬᠦᠷᠬᠡᠬᠦ᠂ ᠭᠤᠷᠪᠠ ᠶᠢ ᠡᠷᠦᠬᠡ ᠳᠤ ᠬᠦᠷᠬᠡᠬᠦ︾᠂ ᠠᠵᠦ ᠦᠢᠯᠡᠰ ᠢᠶᠠᠷ ᠶᠠᠳᠠᠭᠤ ᠶᠢ ᠳᠡᠳᠬᠦᠬᠦ ᠵᠡᠷᠭᠡ ᠭᠤᠤᠯᠳᠠᠯᠭ᠎ᠠ ᠲᠠᠢ ᠶᠠᠳᠠᠭᠤ ᠶᠢ ᠳᠡᠳᠬᠦᠬᠦ ᠢᠨᠵᠧᠨᠧᠷᠢᠩ ᠢ ᠯᠠᠪᠳᠠᠭᠤᠨ ᠠᠬᠢᠭᠤᠯᠵᠦ᠂ ᠴᠡᠭ ᠳᠤᠭᠳᠠᠭᠠᠨ ᠬᠠᠪᠰᠤᠷᠤᠨ ᠳᠡᠳᠬᠦᠬᠦ᠂ ᠠᠵᠢᠯ ᠤᠯᠭᠤᠯᠳᠠ ᠪᠠᠷ ᠶᠠᠳᠠᠭᠤ ᠶᠢ ᠳᠡᠳᠬᠦᠬᠦ᠂ ᠮᠦᠩᠭᠦᠨ ᠭᠦᠢᠯᠭᠡᠭᠡ ᠪᠠᠷ ᠶᠠᠳᠠᠭᠤ ᠶᠢ ᠳᠡᠳᠬᠦᠬᠦ᠂ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ᠂ ᠡᠮ ᠡᠮᠨᠡᠯᠭᠡ ᠶᠢᠨ ᠳᠤᠰᠠᠯᠠᠮᠵᠢ᠂ ᠨᠡᠶᠢᠭᠡᠮ ᠤᠨ ᠪᠠᠳᠤᠯᠠᠭ᠎ᠠ ᠪᠠᠷ ᠶᠠᠳᠠᠭᠤ ᠶᠢ ᠳᠡᠳᠬᠦᠬᠦ ᠶᠢ ᠨᠢᠭᠡᠳᠦᠯᠳᠡᠢ ᠳᠦᠯᠦᠪᠵᠢᠬᠦᠯᠦᠨ ᠰᠠᠶᠢᠳᠤᠷ ᠠᠳᠬᠤᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠶᠢ ᠰᠢᠪᠳᠤᠯᠬᠤ ᠠᠵᠢᠯ ᠤᠨ ᠦᠷ᠎ᠡ ᠪᠦᠳᠦᠭᠡᠯ ᠢ ᠦᠷᠭᠦᠯᠵᠢᠯᠡᠨ ᠪᠠᠳᠤᠳᠬᠠᠨ᠎ᠠ᠃ ᠰᠠᠯᠠᠭ᠎ᠠ ᠮᠦᠴᠢᠷ ᠤᠨ ᠬᠤᠯᠪᠤᠭᠠᠯᠠᠬᠤ ᠵᠤᠬᠢᠴᠠᠮᠵᠢ ᠶᠢ ᠪᠠᠶᠢᠭᠤᠯᠤᠨ᠂ ᠶᠠᠳᠠᠭᠤ ᠬᠦᠴᠢᠷᠳᠡᠯᠳᠡᠢ ᠬᠦᠮᠦᠨ ᠠᠮᠠ ᠶᠢ ᠨᠠᠷᠢᠨ ᠤᠨᠤᠪᠴᠢᠳᠠᠢ ᠤᠶᠢᠯᠠᠭᠠᠨ᠂ ᠲᠥᠷᠥ ᠶᠢᠨ ᠪᠤᠳᠤᠯᠭ᠎ᠠ ᠶᠢ ᠨᠠᠷᠢᠨ ᠤᠨᠤᠪᠴᠢᠳᠠᠢ ᠨᠠᠶᠢᠳᠠᠪᠤᠷᠢᠵᠢᠭᠤᠯᠵᠦ᠂ ᠶᠠᠳᠠᠭᠤ ᠭᠦᠴᠢᠷᠳᠠᠯᠳᠠᠢ ᠭᠦᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠬᠤ ᠵᠤᠬᠢᠴᠠᠮᠵᠢ ᠶᠢ ᠭᠡᠷᠡᠭᠵᠢᠭᠦᠯᠭᠦ ᠠᠷᠭ᠎ᠠ  ᠶᠢ ᠲᠡᠭᠦᠯᠳᠡᠷᠵᠢᠭᠦᠯᠦᠨ᠂ ᠠᠮᠢᠳᠤᠯᠢᠭ ᠬᠠᠮᠢᠶᠠᠷᠤᠯᠲᠠ ᠶᠢ ᠭᠡᠷᠡᠭᠵᠢᠭᠦᠯᠵᠤ᠂ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠬᠠᠮᠢᠶᠠᠷᠤᠯᠳᠠ ᠶᠢᠨ ᠳᠠᠪᠴᠠᠩ ᠪᠠ ᠠᠵᠢᠯ ᠤᠯᠭᠤᠵᠦ ᠦᠢᠯᠡᠰ ᠪᠤᠰᠬᠠᠬᠤ ᠳᠠᠪᠴᠠᠩ ᠢ ᠪᠠᠶᠢᠭᠤᠯᠤᠨ᠂ ᠳᠡᠲᠡᠨ ᠳᠤ ᠮᠡᠷᠭᠡᠵᠢᠯ ᠤᠨ ᠪᠤᠯᠪᠠᠰᠤᠷᠠᠯ ᠬᠦᠷᠳᠡᠭᠡᠬᠦ ᠪᠠᠨ ᠴᠢᠩᠭᠠᠳᠬᠠᠨ᠂ ᠳᠤᠭᠳᠠᠭᠤᠨ ᠠᠵᠢᠯ ᠤᠯᠭᠤᠯᠳᠠ ᠶᠢ ᠪᠡᠶᠡᠯᠡᠬᠦᠯᠵᠦ᠂ ᠶᠠᠳᠠᠭᠤ ᠬᠦᠴᠢᠷᠳᠡᠯᠳᠡᠢ ᠬᠦᠮᠦᠰ ᠤᠨ ᠦᠪᠡᠷᠳᠡᠭᠡᠨ ᠳᠡᠭᠵᠢᠷᠡᠬᠦ ᠴᠢᠳᠠᠪᠤᠷᠢ ᠶᠢ ᠳᠡᠭᠡᠭᠰᠢᠯᠡᠬᠦᠯᠦᠨ᠎ᠡ᠃     ᠠᠵᠢᠯ ᠤᠯᠭᠤᠯᠳᠠ ᠪᠠᠷ ᠣᠷᠤᠯᠭ᠎ᠠ ᠶᠢ ᠨᠡᠮᠡᠭᠳᠡᠬᠦᠯᠬᠦ ᠶᠢ ᠢᠳᠡᠪᠬᠢᠳᠡᠢ ᠠᠬᠢᠭᠤᠯᠤᠨ᠎ᠠ᠃ ︽ᠤᠯᠠᠨ ᠲᠠᠶᠠᠭᠠᠷ ᠦᠢᠯᠡᠰ ᠪᠦᠳᠦᠭᠡᠵᠦ᠂ ᠳᠦᠮᠡᠨ ᠤᠯᠠᠨ ᠢᠶᠠᠷ ᠰᠢᠨ᠎ᠡ ᠶᠢ ᠡᠭᠦᠳᠬᠦ︾ ᠶᠢ ᠠᠬᠢᠭᠤᠯᠵᠦ᠂ ᠭᠤᠤᠯᠳᠠᠯᠭ᠎ᠠ ᠲᠠᠢ ᠳᠦᠷᠦᠯ ᠵᠦᠢᠯ ᠤᠨ ᠠᠵᠤ ᠠᠬᠤᠶᠢᠯᠠᠯ ᠤᠨ ᠠᠵᠢᠯ ᠣᠯᠭᠤᠬᠤ ᠮᠡᠳᠡᠭᠡ ᠵᠠᠩᠭᠢ ᠶᠢ ᠬᠠᠨᠭ᠍ᠭᠠᠬᠤ᠂ ᠠᠵᠢᠯ ᠤᠨ ᠪᠠᠶᠢᠷᠢ ᠲᠠᠨᠢᠯᠴᠠᠭᠤᠯᠬᠤ᠂ ᠠᠵᠢᠯ ᠮᠡᠷᠭᠡᠵᠢᠯ ᠤᠨ ᠪᠤᠯᠪᠠᠰᠤᠷᠠᠯ ᠭᠦᠷᠳᠡᠭᠡᠭᠦ ᠪᠠ ᠠᠵᠢᠯ ᠤᠯᠭᠤᠯᠳᠠ ᠶᠢ ᠳᠡᠮᠵᠢᠬᠦ ᠳᠦᠷᠦ ᠶᠢᠨ ᠪᠤᠳᠤᠯᠭ᠎ᠠ ᠶᠢ ᠰᠠᠶᠢᠳᠤᠷ ᠤᠬᠠᠭᠤᠯᠵᠦ᠂ ᠭᠤᠤᠯᠳᠠᠯᠭ᠎ᠠ ᠲᠠᠢ ᠳᠦᠷᠦᠯ ᠵᠦᠢᠯ ᠤᠨ ᠠᠵᠤ ᠠᠬᠤᠶᠢᠯᠠᠯ ᠠᠵᠢᠯᠳᠠᠨ ᠬᠡᠷᠡᠭᠯᠡᠬᠦ ᠳᠤ ᠤᠷᠢᠳᠠᠪᠠᠷ ᠤᠷᠤᠨ ᠨᠤᠳᠤᠭ ᠤᠨ ᠬᠦᠮᠦᠰ ᠢ ᠡᠯᠰᠠᠨ ᠭᠡᠷᠡᠭᠯᠡᠭᠦ ᠶᠢ ᠱᠠᠭᠠᠷᠳᠠᠨ᠂ ᠬᠤᠳᠠ ᠬᠦᠳᠡᠭᠡ ᠶᠢᠨ ᠡᠯ᠎ᠡ ᠳᠦᠷᠦᠯ ᠤᠨ ᠬᠦᠮᠦᠰ ᠤᠨ ᠳᠤᠭᠲᠠᠭᠤᠨ ᠠᠵᠢᠯ ᠤᠯᠭᠤᠯᠳᠠ ᠶᠢ ᠪᠠᠳᠤᠯᠠᠨ᠎ᠠ᠃ ᠡᠨᠡ ᠵᠢᠯ 1 ᠤᠳᠠᠭᠠᠨ ᠤ ᠲᠤᠮᠤ ᠭᠡᠯᠪᠡᠷᠢ ᠶᠢᠨ ᠠᠵᠢᠯᠴᠢᠨ ᠤᠷᠢᠬᠤ ᠬᠤᠷᠠᠯ᠂ 4 ᠤᠳᠠᠭᠠᠨ ᠤ ᠠᠵᠤ ᠠᠬᠤᠶᠢᠯᠠᠯ ᠤᠨ ᠲᠤᠰᠬᠠᠢ ᠮᠡᠷᠭᠡᠵᠢᠯ ᠤᠨ ᠠᠵᠢᠯᠴᠢᠨ ᠤᠷᠢᠬᠤ ᠬᠤᠷᠠᠯ ᠢ ᠵᠤᠬᠢᠶᠠᠨ ᠪᠠᠶᠢᠭᠤᠯᠤᠨ᠎ᠠ᠃ ᠨᠡᠶᠢᠲᠡ ᠶᠢᠨ ᠪᠤᠰᠤ ᠦᠮᠴᠢᠯᠡᠯᠳᠤ ᠠᠵᠤ ᠠᠬᠤᠢ ᠪᠠ ᠦᠢᠯᠡᠴᠢᠯᠡᠭᠡᠨ ᠤ ᠦᠢᠯᠡᠰ ᠢ ᠳᠡᠮᠵᠢᠵᠦ᠂ ᠤᠷᠤᠨ ᠨᠣᠲᠤᠭ ᠤᠨ ᠠᠵᠤ ᠠᠬᠤᠶᠢᠯᠠᠯ ᠤᠨ ᠠᠵᠢᠯ ᠣᠯᠭᠤᠬᠤ ᠴᠢᠳᠠᠪᠤᠷᠢ ᠶᠢ ᠳᠡᠭᠡᠭᠰᠢᠯᠡᠬᠦᠯᠦᠨ᠎ᠡ᠃ ︽ᠢᠨᠲ᠋ᠧᠷ ᠰᠦᠯᠵᠢᠶ᠎ᠡ +  ︾ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠭᠵᠢᠯᠳᠡ ᠶᠢ ᠲᠦᠷᠭᠡᠳᠭᠡᠨ ᠠᠬᠢᠭᠤᠯᠤᠨ᠎ᠠ᠃ ᠵᠠᠬᠢᠶᠠᠯᠠᠭ᠎ᠠ ᠶᠢᠨ ᠬᠡᠯᠪᠡᠷᠢᠳᠤ᠂ ᠠᠵᠢᠯ ᠤᠨ ᠬᠡᠷᠡᠭᠴᠡᠭᠡ ᠱᠠᠭᠠᠷᠳᠠᠯᠭ᠎ᠠ ᠪᠤᠯᠤᠨ ᠲᠤᠭᠳᠠᠭᠰᠠᠨ ᠠᠵᠢᠯ ᠤᠨ ᠪᠠᠶᠢᠷᠢ ᠳᠤ ᠬᠠᠨᠳᠤᠭᠤᠯᠤᠭᠰᠠᠨ ᠮᠡᠷᠭᠡᠵᠢᠯ ᠤᠨ ᠪᠤᠯᠪᠠᠰᠤᠷᠠᠯ ᠢ ᠦᠷᠨᠢᠬᠦᠯᠵᠦ᠂ ︽ᠵᠢᠭᠤᠯᠴᠢᠯᠠᠯ +︾ ᠴᠢᠳᠠᠪᠤᠷᠢᠳᠠᠨ ᠤ ᠪᠤᠯᠪᠠᠰᠤᠷᠠᠯ ᠢ ᠴᠢᠩᠭᠠᠳᠬᠠᠨ᠂ ᠬᠦᠳᠡᠯᠮᠦᠷᠢᠴᠢᠳ ᠤᠨ ᠠᠵᠢᠯ ᠣᠯᠬᠤ ᠮᠡᠷᠭᠡᠵᠢᠯ ᠴᠢᠳᠠᠪᠤᠷᠢ ᠶᠢ ᠳᠡᠭᠡᠭᠰᠢᠯᠡᠬᠦᠯᠦᠨ᠂ ᠳᠡᠭᠦᠰᠦᠭᠰᠡᠨ ᠤᠶᠤᠳᠠᠳ᠂ ᠴᠡᠷᠢᠭ ᠠᠴᠠ ᠬᠠᠯᠠᠭᠳᠠᠭᠰᠠᠳ᠂ ᠬᠤᠳᠠ ᠪᠠᠯᠭᠠᠰᠤᠨ ᠤ ᠠᠵᠢᠯ ᠤᠯᠤᠭᠠᠳᠤᠢ ᠭᠡᠷ ᠪᠦᠯᠢ ᠶᠢᠨ ᠬᠥᠮᠦᠰ᠂ ᠬᠤᠲᠠ ᠤᠷᠤᠭᠰᠠᠨ ᠮᠠᠯᠴᠢᠨ ᠵᠡᠷᠭᠡ ᠭᠤᠤᠯᠳᠠᠯᠭ᠎ᠠ ᠲᠠᠢ ᠤᠯᠠᠨ ᠳᠦᠮᠡᠨ ᠳᠤ ᠠᠵᠢᠯ ᠲᠠᠨᠢᠯᠴᠠᠭᠤᠯᠬᠤ ᠶᠢ ᠳᠤᠪᠤᠶᠢᠮ᠎ᠠ ᠠᠳᠬᠤᠵᠦ᠂ ᠳᠤᠭᠳᠠᠭᠤᠨ ᠠᠵᠢᠯ ᠤᠯᠭᠤᠯᠳᠠ ᠪᠠᠷ ᠳᠠᠮᠵᠢᠨ ᠣᠷᠤᠯᠭ᠎ᠠ ᠶᠢ ᠨᠢ ᠨᠡᠶᠢᠳᠡᠮ ᠨᠡᠮᠡᠭᠳᠡᠬᠦᠯᠬᠦ ᠶᠢ ᠠᠬᠢᠭᠤᠯᠵᠦ᠂ ᠥᠨᠦ ᠵᠢᠯ 4000 ᠲᠦᠮᠡᠨ ᠲᠦᠭᠦᠷᠢᠭ ᠠᠴᠠ ᠲᠡᠭᠡᠭᠰᠢᠬᠢ ᠤᠶᠢᠯᠠᠰ ᠪᠤᠰᠬᠠᠬᠤ ᠶᠢ ᠵᠤᠷᠢᠭᠵᠢᠭᠤᠯᠬᠤ ᠪᠠᠳᠤᠯᠠᠭᠠᠳᠤ ᠵᠢᠭᠡᠯᠡᠯᠭᠡ ᠲᠠᠷᠬᠠᠭᠠᠨ᠂ ᠬᠤᠳᠠ ᠪᠠᠯᠭᠠᠰᠤᠨ ᠤ ᠠᠵᠢᠯ ᠠᠯᠳᠠᠬᠤ ᠨᠣᠷᠮ᠎ᠠ ᠶᠢ 3.5 % ᠶᠢᠨ ᠳᠤᠳᠤᠷ᠎ᠠ ᠬᠢᠵᠠᠭᠠᠷᠯᠠᠨ᠎ᠠ᠃     ᠨᠡᠶᠢᠬᠡᠮ ᠤᠨ ᠪᠠᠳᠣᠯᠠᠭ᠎ᠠ ᠶᠢᠨ ᠠᠵᠢᠯ ᠢ ᠴᠢᠩᠭᠠᠳᠬᠠᠨ᠎ᠠ᠃  ᠨᠠᠰᠤᠵᠢᠯ ᠤᠨ ᠳᠠᠭᠠᠳᠬᠠᠯ ᠤᠨ ᠰᠦᠢᠳᠬᠡᠯ ᠳᠤᠰᠢᠶᠠᠬᠤ ᠪᠠ ᠭᠠᠵᠠᠷ ᠰᠢᠯᠵᠢᠭᠰᠡᠨ ᠴᠦ ᠵᠠᠯᠭᠠᠵᠦ ᠲᠤᠰᠢᠶᠠᠵᠤ ᠪᠤᠯᠬᠤ ᠲᠥᠷᠥ ᠶᠢᠨ ᠪᠤᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠤᠳᠣᠯᠭ᠎ᠠ ᠪᠠ ᠭᠦᠢᠴᠡᠳᠭᠡᠭᠦ ᠵᠤᠬᠢᠴᠠᠮᠵᠢ ᠶᠢ ᠨᠢᠭᠡᠳᠬᠡᠨ᠂ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠬᠤᠳᠠ ᠬᠦᠳᠡᠭᠡ ᠶᠢ ᠨᠢᠭᠡᠳᠦᠯᠳᠡᠢ ᠳᠦᠯᠦᠪᠵᠢᠬᠦᠯᠬᠦ ᠠᠵᠢᠯ ᠢ ᠪᠦᠬᠦ ᠲᠠᠯ᠎ᠠ ᠪᠠᠷ ᠪᠡᠶᠡᠯᠡᠬᠦᠯᠦᠨ᠎ᠡ᠃ ᠬᠦᠴᠢᠷᠳᠡᠯᠳᠡᠢ ᠤᠯᠠᠨ ᠳᠦᠮᠡᠨ ᠳᠤ ᠳᠠᠩᠰᠠ ᠡᠪᠭᠡᠮᠡᠯ ᠪᠠᠶᠢᠭᠤᠯᠬᠤ ᠠᠵᠢᠯ ᠢ ᠴᠢᠩᠭᠠᠳᠬᠠᠵᠦ᠂ ᠨᠠᠰᠦᠳᠠᠳ ᠢ ᠠᠰᠠᠷᠠᠬᠤ᠂ ᠵᠡᠮᠳᠡᠭᠴᠦᠳ ᠢ ᠬᠠᠪᠰᠤᠷᠬᠤ᠂ ᠦᠨᠦᠴᠢᠨ ᠬᠥᠮᠦᠰ ᠢ ᠲᠤᠰᠠᠯᠠᠬᠤ᠂ ᠴᠡᠷᠢᠭ ᠤᠨ ᠭᠡᠷ ᠪᠦᠯᠢ ᠶᠢ ᠲᠤᠬᠤᠨᠢᠭᠤᠯᠬᠤ ᠵᠡᠷᠭᠡ ᠠᠰᠠᠷᠠᠮᠵᠢ ᠶᠢᠨ ᠦᠢᠯᠡᠰ ᠤᠨ ᠬᠦᠭᠵᠢᠯᠳᠡ ᠶᠢ ᠨᠢᠭᠡᠳᠦᠯᠳᠡᠢ ᠳᠦᠯᠦᠪᠵᠢᠬᠦᠯᠦᠨ ᠠᠬᠢᠭᠤᠯᠤᠨ᠎ᠠ᠃ ᠥᠨᠦ ᠵᠢᠯ ᠦᠷᠬᠦᠯᠵᠢᠯᠡᠨ 1400 ᠲᠦᠮᠡᠨ ᠲᠥᠭᠦᠷᠢᠭ ᠤᠨ ᠪᠡᠯᠡ ᠤᠷᠤᠭᠤᠯᠵᠦ᠂  ᠬᠠᠤᠯᠢ ᠳᠤ ᠳᠤᠭᠳᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠨᠢ 10 ᠵᠢᠯ ᠬᠦᠷᠬᠦ ᠦᠬᠡᠢ᠂ ᠤᠤᠯ ᠤᠨ ᠤᠯᠤᠰ ᠤᠨ ᠦᠮᠴᠢᠯᠡᠯᠳᠤ ᠠᠵᠤ ᠠᠬᠤᠶᠢᠯᠠᠯ ᠪᠤᠯᠤᠨ ᠬᠠᠮᠳᠤ ᠶᠢᠨ ᠦᠮᠴᠢᠯᠡᠯᠳᠤ ᠠᠵᠤ ᠠᠬᠤᠶᠢᠯᠠᠯ ᠤᠨ ᠠᠵᠢᠯ ᠠᠯᠳᠠᠭᠰᠠᠨ 3500 ᠨᠡᠷ᠎ᠡ ᠠᠵᠢᠯᠳᠠᠳ ᠲᠤ ᠨᠡᠶᠢᠬᠡᠮ ᠤᠨ ᠳᠠᠭᠠᠳᠬᠠᠯ ᠤᠨ ᠨᠦᠬᠦᠪᠦᠷᠢ ᠤᠯᠭᠤᠨ᠎ᠠ᠃ ᠨᠡᠶᠢᠭᠡᠮ ᠤᠨ ᠳᠠᠭᠠᠳᠬᠠᠯ ᠢᠶᠠᠷ ᠭᠤᠣᠯ ᠴᠤᠭᠴᠠ ᠪᠤᠯᠭᠠᠵᠦ᠂ ᠨᠡᠶᠢᠭᠡᠮ ᠤᠨ ᠳᠤᠰᠠᠯᠠᠮᠵᠢ ᠪᠠᠷ ᠰᠠᠭᠤᠷᠢ ᠪᠤᠯᠭᠠᠨ᠂ ᠨᠡᠶᠢᠭᠡᠮ ᠤᠨ ᠠᠰᠠᠷᠠᠮᠵᠢ ᠪᠠᠷ ᠨᠦᠬᠦᠪᠦᠷᠢ ᠪᠤᠯᠭᠠᠭᠰᠠᠨ ᠤᠯᠠᠨ ᠳᠠᠪᠬᠤᠷᠭ᠎ᠠ ᠶᠢᠨ ᠪᠠᠳᠤᠯᠠᠭ᠎ᠠ ᠶᠢᠨ ᠰᠢᠰᠲ᠋ᠧᠮ ᠢ ᠪᠦᠷᠢᠨᠰᠢᠬᠦᠯᠦᠨ ᠳᠡᠭᠦᠯᠳᠡᠷᠵᠢᠬᠦᠯᠵᠦ᠂ ᠨᠦᠭᠦᠪᠦᠷᠢ ᠡᠮ ᠡᠮᠨᠡᠯᠭᠡ ᠶᠢᠨ ᠳᠠᠭᠠᠳᠬᠠᠯ ᠪᠤᠯᠤᠨ ᠬᠤᠳᠠᠯᠳᠤᠭᠠᠨ ᠤ ᠶᠠᠪᠤᠳᠠᠯ ᠤᠨ ᠡᠷᠡᠬᠦᠯ ᠮᠠᠨᠳᠤ ᠶᠢᠨ ᠳᠠᠭᠠᠳᠬᠠᠯ ᠢᠶᠠᠷ ᠨᠦᠭᠦᠪᠦᠷᠢᠯᠡᠭᠦ ᠶᠢ ᠵᠤᠷᠢᠭᠵᠢᠭᠤᠯᠤᠨ ᠭᠦᠭᠵᠢᠭᠦᠯᠵᠤ᠂ ᠤᠯᠠᠨ ᠳᠠᠪᠬᠤᠷᠭ᠎ᠠ ᠶᠢᠨ ᠪᠠᠳᠤᠯᠠᠭ᠎ᠠ ᠶᠢᠨ ᠰᠢᠰᠲ᠋ᠧᠮ ᠢ ᠪᠦᠷᠢᠯᠳᠦᠭᠦᠯᠤᠨ᠎ᠠ᠃ ᠠᠵᠢᠯᠳᠠᠳ ᠤᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠵᠤ᠂ ᠡᠶ᠎ᠡ ᠵᠤᠬᠢᠴᠠᠩᠭᠤᠢ ᠭᠦᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃     ᠰᠤᠷᠭᠠᠨ ᠬᠦᠮᠦᠵᠢᠯ ᠢ ᠡᠩ ᠲᠡᠷᠢᠭᠦᠨ ᠳᠤ ᠬᠦᠭᠵᠢᠬᠦᠯᠦᠨ᠎ᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠭᠦᠮᠦᠵᠢᠯ ᠤᠨ ᠬᠢᠷᠢ ᠲᠦᠪᠰᠢᠨ ᠢ ᠪᠦᠭᠦᠶᠢᠯᠠ ᠴᠤᠭᠴᠠ ᠪᠠᠷ ᠲᠡᠭᠡᠭᠰᠢᠯᠡᠭᠦᠯᠵᠤ᠂ ᠪᠦᠭᠦ ᠤᠯᠤᠰ ᠤᠨ ᠠᠯᠪᠠᠨ ᠵᠢᠷᠤᠮ  ᠤᠨ ᠰᠤᠷᠭᠠᠨ ᠭᠦᠮᠦᠵᠢᠯ ᠤᠨ ᠭᠦᠭᠵᠢᠯᠳᠠ ᠦᠨᠳᠤᠰᠦᠨ ᠳᠡᠭᠡᠨ ᠲᠡᠩᠴᠡᠭᠦᠷᠢᠳᠠᠢ ᠬᠤᠰᠢᠭᠤ ᠰᠢᠶᠠᠨ ᠤ ᠦᠷ᠎ᠡ ᠪᠦᠳᠦᠭᠡᠯ ᠢᠶᠠᠨ ᠪᠠᠬᠢᠵᠢᠭᠦᠯᠦᠨ᠂ ᠤᠨᠴᠠᠭᠠᠢ ᠰᠤᠷᠭᠠᠨ ᠭᠦᠮᠦᠵᠢᠯ ᠪᠠ ᠦᠨᠳᠤᠷ ᠵᠡᠷᠭᠡ ᠶᠢᠨ ᠲᠤᠮᠳᠠᠳᠤ ᠰᠤᠷᠭᠠᠭᠤᠯᠢ  ᠶᠢᠨ ᠱᠠᠳᠤᠨ ᠤ ᠰᠤᠷᠭᠠᠨ ᠭᠦᠮᠦᠵᠢᠯ ᠢ ᠴᠢᠩᠭᠠᠳᠬᠠᠵᠤ᠂ ᠪᠠᠶᠢᠭᠠᠯᠢ ᠶᠢᠨ ᠰᠢᠨᠵᠢᠯᠡᠭᠦ ᠤᠬᠠᠭᠠᠨ ᠤ ᠭᠢᠴᠢᠶᠠᠯ ᠲᠦᠷᠦᠯ ᠤᠨ ᠰᠤᠷᠭᠠᠨ ᠭᠦᠮᠦᠵᠢᠯ ᠢ ᠲᠤᠪᠤᠶᠢᠯᠭᠠᠨ᠂ ᠠᠵᠢᠯ ᠮᠡᠷᠭᠡᠵᠢᠯ ᠤᠨ ᠰᠤᠷᠭᠠᠨ ᠭᠦᠮᠦᠵᠢᠯ ᠤᠨ ᠰᠤᠷᠭᠠᠭᠤᠯᠢ ᠡᠷᠬᠢᠯᠡᠭᠦ ᠵᠠᠬᠪᠤᠷ ᠢ ᠤᠯᠠᠮ ᠨᠢᠭᠡ ᠠᠯᠬᠤᠮ ᠰᠢᠨᠡᠴᠢᠯᠠᠵᠤ᠂ ᠦᠨᠳᠤᠰᠦᠳᠠᠨ ᠤ ᠰᠤᠷᠭᠠᠨ ᠭᠦᠮᠦᠵᠢᠯ ᠢ ᠡᠩ ᠲᠡᠷᠢᠭᠦᠨ  ᠳᠤ ᠭᠤᠤᠯᠳᠠᠯᠭ᠎ᠠ ᠲᠠᠢ ᠭᠦᠭᠵᠢᠭᠦᠯᠦᠨ᠎ᠠ᠃ ᠪᠠᠭᠰᠢ ᠶᠢᠨ ᠡᠩᠨᠡᠭᠡ ᠪᠤᠯᠤᠨ ᠪᠠᠭᠰᠢ ᠶᠢᠨ ᠶᠤᠰᠤ ᠰᠤᠷᠳᠠᠬᠤᠨ ᠤ ᠪᠠᠶᠢᠭᠤᠯᠤᠯᠳᠠ ᠶᠢ ᠤᠯᠠᠮ ᠨᠢᠭᠡ ᠠᠯᠬᠤᠮ ᠴᠢᠩᠭᠠᠳᠬᠠᠵᠦ᠂ ᠪᠠᠭᠰᠢ ᠶᠢᠨ ᠡᠩᠨᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠠ᠃ ᠰᠤᠷᠭᠠᠭᠤᠯᠢ ᠶᠢᠨ ᠭᠦᠷᠢᠶᠠᠨ ᠤ ᠨᠠᠷᠢᠯᠢᠭᠵᠢᠭᠤᠯᠤᠭᠰᠠᠨ ᠬᠠᠮᠢᠶᠠᠷᠤᠯᠳᠠ ᠶᠢ ᠲᠡᠭᠦᠯᠳᠡᠷᠵᠢᠭᠦᠯᠵᠤ᠂ ᠰᠤᠷᠭᠠᠭᠤᠯᠢ ᠡᠷᠬᠢᠯᠡᠭᠦ ᠤᠨᠴᠠᠯᠢᠭ ᠢ ᠲᠤᠪᠤᠶᠢᠯᠭᠠᠨ᠂ ᠰᠤᠷᠠᠭ ᠵᠠᠩᠭᠢᠵᠢᠯᠳᠠ ᠶᠢᠨ ᠪᠠᠶᠢᠭᠤᠯᠤᠯᠳᠠ ᠪᠠᠨ ᠴᠢᠩᠭᠠᠳᠬᠠᠵᠤ᠂ ᠰᠤᠷᠭᠠᠭᠤᠯᠢ ᠶᠢᠨ ᠲᠤᠳᠤᠭᠠᠳᠤ  ᠭᠦᠭᠵᠢᠯᠳᠠ ᠶᠢ ᠠᠬᠢᠭᠤᠯᠤᠨ᠎ᠠ᠃ ᠶᠡᠷᠦᠩᠭᠡᠶᠢᠯᠡᠭᠰᠡᠨ ᠦᠨᠳᠤᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠲᠠᠮᠢᠷ ᠤᠨ ᠲᠠᠯᠠᠪᠠᠢ᠂ ᠵᠢᠷ ᠤᠨ ᠭᠤᠤᠯ ᠭᠡᠤᠭᠡᠳ ᠤᠨ ᠴᠡᠴᠡᠷᠯᠢᠭ ᠵᠡᠷᠭᠡ ᠭᠤᠤᠯᠳᠠᠯᠭ᠎ᠠ ᠲᠠᠢ ᠦᠷᠭᠦᠯᠵᠢᠯᠠᠨ ᠪᠠᠶᠢᠭᠤᠯᠬᠤ ᠲᠦᠷᠦᠯ ᠵᠤᠶᠢᠯ ᠢ ᠵᠢᠯ ᠤᠨ ᠲᠤᠳᠤᠷ᠎ᠠ ᠠᠰᠢᠬᠯᠠᠯᠳᠠ ᠳᠤ ᠤᠷᠤᠭᠤᠯᠤᠨ᠂ ᠮᠤᠩᠭᠤᠯ ᠦᠨᠳᠤᠰᠦᠳᠠᠨ ᠤ ᠲᠤᠮᠳᠠᠳᠤ ᠰᠤᠷᠭᠠᠭᠤᠯᠢ᠂ ᠮᠤᠩᠭᠤᠯ ᠦᠨᠳᠤᠰᠦᠳᠠᠨ ᠤ ᠨᠢᠭᠡᠳᠦᠭᠡᠷ ᠪᠠᠭ᠎ᠠ ᠰᠤᠷᠭᠠᠭᠤᠯᠢ ᠵᠡᠷᠭᠡ ᠰᠤᠷᠭᠠᠭᠤᠯᠢ ᠶᠢᠨ ᠰᠢᠨ᠎ᠠ ᠪᠠᠷ ᠪᠠᠶᠢᠭᠤᠯᠬᠤ ᠲᠠᠮᠢᠷ ᠤᠨ ᠲᠠᠯᠠᠪᠠᠢ ᠶᠢᠨ ᠲᠦᠷᠦᠯ ᠵᠤᠶᠢᠯ ᠤᠨ ᠪᠡᠯᠡᠳᠭᠡᠯ ᠠᠵᠢᠯ ᠢ ᠡᠭᠢᠯᠡᠭᠦᠯᠦᠨ᠎ᠠ᠃     ᠡᠮ ᠡᠮᠨᠡᠯᠭᠡ ᠶᠢᠨ ᠤᠶᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠭᠦᠯᠦᠨ᠎ᠠ᠃ ᠰᠢᠨ᠎ᠠ ᠴᠠᠭ ᠦᠶ᠎ᠡ ᠶᠢᠨ ᠡᠷᠡᠭᠦᠯ ᠬᠠᠮᠠᠭᠠᠯᠠᠯ ᠪᠤᠯᠤᠨ ᠡᠷᠡᠭᠦᠯ ᠮᠡᠨᠳᠤ ᠶᠢᠨ ᠠᠵᠢᠯ ᠤᠨ ᠴᠢᠭᠯᠡᠯᠳᠠ ᠪᠠᠷ ᠵᠢᠯᠤᠭᠤᠳᠤᠮᠵᠢ ᠪᠤᠯᠭᠠᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠠᠯᠳᠠ ᠶᠢ ᠭᠦᠨᠵᠡᠭᠡᠶᠢᠷᠡᠭᠦᠯᠵᠤ᠂ ᠭᠦᠮᠦᠨ ᠠᠮᠠ ᠶᠢᠨ ᠲᠡᠩᠴᠡᠭᠦᠷᠢᠳᠠᠢ ᠭᠦᠭᠵᠢᠯᠳᠠ ᠪᠠ ᠡᠷᠡᠭᠦᠯ ᠡᠩᠭᠡ ᠪᠠᠷᠠᠭᠤᠨ ᠦᠵᠦᠮᠦᠴᠢᠨ ᠤ ᠪᠠᠶᠢᠭᠤᠯᠤᠯᠳᠠ ᠶᠢ ᠠᠬᠢᠭᠤᠯᠤᠨ᠎ᠠ᠃ ᠬᠤᠰᠢᠭᠤ ᠶᠡᠷᠦᠩᠭᠡᠶᠢᠯᠡᠭᠰᠡᠨ ᠡᠮᠨᠡᠯᠭᠡ ᠶᠢᠨ ᠬᠤᠷᠢᠶ᠎ᠠ ᠪᠤᠯᠤᠨ ᠠᠶᠢᠮᠠᠭ ᠤᠨ ᠡᠮᠨᠡᠯᠭᠡ ᠶᠢᠨ ᠬᠤᠷᠢᠶ᠎ᠠ᠂ ᠬᠤᠰᠢᠭᠤ ᠶᠡᠷᠦᠩᠭᠡᠶᠢᠯᠡᠭᠰᠡᠨ ᠮᠤᠩᠭᠤᠯ ᠡᠮᠨᠡᠯᠭᠡ ᠶᠢᠨ ᠬᠤᠷᠢᠶ᠎ᠠ ᠪᠤᠯᠤᠨ ᠦᠪᠦᠷ ᠮᠤᠩᠭᠤᠯ ᠤᠨ ᠤᠯᠠᠨ ᠤᠯᠤᠰ ᠤᠨ ᠮᠤᠩᠭᠤᠯ ᠡᠮᠨᠡᠯᠭᠡ ᠶᠢᠨ ᠬᠤᠷᠢᠶ᠎ᠠ᠂ ᠬᠤᠰᠢᠭᠤ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠪᠤᠯᠤᠨ ᠦᠪᠦᠷ ᠮᠤᠩᠭᠤᠯ ᠤᠨ ᠡᠭᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠲᠠᠢ ᠬᠠᠮᠳᠤᠷᠠᠯᠴᠠᠬᠤ ᠲᠤᠭᠳᠠᠴᠠ ᠶᠢ ᠪᠠᠶᠢᠭᠤᠯᠤᠨ᠂ ᠱᠠᠳᠤ ᠬᠤᠪᠢᠶᠠᠨ ᠡᠮᠴᠢᠯᠠᠨ ᠤᠨᠤᠰᠢᠯᠠᠬᠤ ᠲᠦᠷᠢᠮ ᠢ ᠭᠡᠷᠡᠭᠵᠢᠭᠦᠯᠦᠨ᠎ᠠ᠃ ᠶᠡᠷᠦᠩᠭᠡᠶᠢᠯᠡᠭᠰᠡᠨ ᠮᠤᠩᠭᠤᠯ ᠡᠮᠨᠡᠯᠭᠡ ᠶᠢᠨ ᠬᠤᠷᠢᠶ᠎ᠠ ᠪᠤᠯᠤᠨ ᠠᠵᠠᠳᠠᠢ ᠰᠤᠪᠢᠯᠠᠯᠳᠠ ᠶᠢᠨ ᠭᠠᠵᠠᠷ ᠨᠢ ᠬᠠᠮᠳᠤᠷᠠᠯᠴᠠᠭᠠᠨ ᠤ ᠬᠠᠷᠢᠴᠠᠭ᠎ᠠ ᠪᠠᠶᠢᠭᠤᠯᠵᠤ᠂ ᠡᠮᠨᠡᠭᠦ ᠰᠤᠪᠢᠯᠠᠬᠤ ᠶᠢ ᠤᠶᠠᠯᠳᠤᠭᠤᠯᠤᠨ᠂ ᠨᠠᠰᠤᠳᠠᠶᠢᠴᠤᠳ ᠤᠨ ᠡᠷᠡᠭᠦᠯ ᠮᠠᠨᠳᠤ ᠶᠢᠨ ᠰᠤᠪᠢᠯᠠᠯᠳᠠ ᠶᠢᠨ ᠠᠵᠢᠯ ᠢ ᠠᠬᠢᠭᠤᠯᠤᠨ᠎ᠠ᠃ ᠡᠷᠡᠭᠦᠯ ᠮᠡᠨᠳᠤ ᠪᠠᠷ ᠶᠠᠳᠠᠭᠤ ᠶᠢ ᠲᠡᠳᠭᠦᠭᠦ ᠢᠨᠵᠧᠨᠧᠷᠢᠩ ᠢ ᠭᠡᠷᠡᠭᠵᠢᠭᠦᠯᠵᠤ᠂ ᠡᠮᠨᠡᠯᠭᠡ ᠶᠢᠨ ᠲᠠᠭᠠᠳᠬᠠᠯ ᠢᠶᠠᠨ ᠲᠤᠰᠢᠶᠠᠬᠤ ᠳᠤ ᠭᠦᠴᠢᠷᠳᠠᠵᠤ ᠪᠠᠶᠢᠭ᠎ᠠ ᠭᠦᠮᠦᠨ ᠠᠮᠠ ᠳᠤ ᠨᠦᠭᠦᠪᠦᠷᠢ ᠤᠯᠭᠤᠬᠤ ᠲᠦᠷᠦ ᠶᠢᠨ ᠪᠤᠳᠤᠯᠭ᠎ᠠ ᠶᠢ ᠭᠡᠷᠡᠭᠵᠢᠭᠦᠯᠦᠨ᠎ᠠ᠃ ᠰᠢᠨ᠎ᠠ ᠭᠡᠯᠪᠡᠷᠢ ᠶᠢᠨ ᠬᠤᠷᠰᠢᠭᠰᠠᠨ ᠡᠮᠨᠡᠯᠭᠡ ᠶᠢᠨ ᠲᠠᠭᠠᠳᠬᠠᠯ ᠤᠨ ᠭᠡᠪᠴᠢᠶ᠎ᠠ ᠶᠢ ᠦᠷᠭᠡᠳᠭᠡᠨ᠂ 2017 ᠤᠨ ᠳᠤ ᠰᠢᠨ᠎ᠠ ᠭᠡᠯᠪᠡᠷᠢ ᠶᠢᠨ ᠬᠤᠷᠰᠢᠭᠰᠠᠨ ᠡᠮᠨᠡᠯᠭᠡ ᠶᠢᠨ ᠲᠠᠭᠠᠳᠬᠠᠯ ᠳᠤ ᠤᠷᠤᠭᠰᠠᠨ ᠨᠤᠷᠮ᠎ᠠ ᠶᠢ 98% ᠠᠴᠠ ᠲᠡᠭᠡᠭᠰᠢ ᠳᠤ ᠭᠦᠷᠭᠡᠨ᠎ᠠ᠃ ᠪᠦᠭᠦᠯᠢ ᠴᠤᠭᠴᠠ ᠶᠢᠨ ᠰᠠᠯᠠᠭ᠎ᠠ᠂ ᠭᠡᠤᠭᠡᠳ ᠤᠨ ᠰᠠᠯᠠᠭ᠎ᠠ᠂ ᠮᠤᠩᠭᠤᠯ ᠡᠮᠨᠡᠯᠭᠡ ᠪᠠᠷ ᠭᠤᠤᠯᠳᠠᠯᠭ᠎ᠠ ᠪᠤᠯᠭᠠᠨ᠂ ᠪᠡᠴᠢᠮ ᠭᠡᠷᠡᠭᠰᠡᠭᠦ ᠴᠢᠳᠠᠪᠤᠷᠢᠳᠠᠨ ᠤ ᠭᠦᠮᠦᠵᠢᠯ ᠪᠤᠯᠪᠠᠰᠤᠷᠠᠯ ᠢ ᠴᠢᠩᠭᠠᠳᠬᠠᠨ ᠂ ᠮᠡᠷᠭᠡᠵᠢᠯ ᠢᠶᠠᠷ ᠰᠠᠶᠢᠨ ᠰᠠᠯᠪᠤᠷᠢ ᠶᠢᠨ ᠲᠠᠭᠠᠭᠤᠯᠤᠭᠴᠢ ᠶᠢ ᠤᠷᠢᠨ᠂ ᠨᠡᠷᠡᠳᠤ ᠡᠮᠴᠢ ᠶᠢ ᠭᠦᠮᠦᠵᠢᠭᠦᠯᠵᠤ᠂ ᠴᠢᠳᠠᠪᠤᠷᠢᠳᠠᠨ ᠤ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠨ᠎ᠠ᠃ ᠦᠨᠦ ᠵᠢᠯ ᠶᠡᠷᠦᠩᠭᠡᠶᠢᠯᠡᠭᠰᠡᠨ ᠮᠤᠩᠭᠤᠯ ᠡᠮᠨᠡᠯᠭᠡ ᠶᠢᠨ ᠬᠤᠷᠢᠶᠠᠨ ᠤ ᠡᠮ ᠨᠠᠶᠢᠷᠠᠭᠤᠯᠬᠤ ᠲᠠᠰᠤᠭ ᠢ ᠠᠰᠢᠬᠯᠠᠯᠳᠠ ᠳᠤ ᠤᠷᠤᠭᠤᠯᠤᠨ᠂ ᠡᠬᠡ ᠨᠢᠯᠬᠠᠰ ᠤᠨ ᠡᠷᠡᠭᠦᠯᠵᠢᠯ᠂ ᠲᠦᠯᠦᠪᠯᠡᠭᠡᠳᠦ ᠦᠷᠡᠵᠢᠯ ᠤᠨ ᠤᠶᠢᠯᠡᠴᠢᠯᠠᠭᠡᠨ ᠤ ᠲᠦᠪ ᠤᠨ ᠲᠤᠬᠠᠶᠢᠯᠠᠭᠰᠠᠨ ᠠᠵᠢᠯ ᠤᠨ ᠠᠰᠠᠷ ᠤᠨ ᠭᠤᠤᠯ ᠪᠠᠷᠢᠯᠭ᠎ᠠ ᠶᠢᠨ ᠠᠵᠢᠯ ᠢ ᠪᠡᠶᠡᠯᠡᠭᠦᠯᠵᠤ᠂ ᠪᠠᠶᠠᠨᠬᠤᠸᠠ ᠡᠷᠡᠭᠦᠯ ᠬᠠᠮᠠᠭᠠᠯᠠᠯ ᠤᠨ ᠬᠤᠷᠢᠶ᠎ᠠ ᠪᠤᠯᠤᠨ ᠪᠠᠶᠠᠡᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠲᠤᠬᠠᠶᠢᠯᠠᠭᠰᠠᠨ ᠠᠵᠢᠯ ᠤᠨ ᠭᠡᠷ ᠢ ᠰᠢᠨ᠎ᠠ ᠪᠠᠷ ᠪᠠᠶᠢᠭᠤᠯᠤᠨ᠎ᠠ᠃     ︵ᠨᠠᠢᠮᠠ︶  ᠨᠡᠶᠢᠭᠡᠮ ᠤᠨ ᠡᠶ᠎ᠡ ᠵᠤᠬᠢᠴᠠᠩᠭᠤᠢ ᠳᠤᠭᠳᠠᠭᠤᠨ ᠪᠠᠶᠢᠬᠤ ᠣᠬᠢ ᠰᠠᠶᠢᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠳᠤᠭᠳᠠᠭᠤᠨ ᠢ ᠬᠠᠮᠠᠭᠠᠯᠠᠬᠤ ᠳᠡᠷᠢᠬᠦᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠡᠯ᠎ᠡ ᠦᠨᠳᠦᠰᠦᠳᠡᠨ ᠪᠦᠯᠭᠦᠮᠳᠡᠭᠰᠡᠨ᠂ ᠨᠡᠶᠢᠭᠡᠮ ᠡᠶ᠎ᠡ ᠵᠤᠬᠢᠴᠠᠩᠭᠤᠢ ᠪᠠᠷᠠᠭᠤᠨ ᠦᠵᠦᠮᠦᠴᠢᠨ ᠬᠤᠰᠢᠭᠤ ᠶᠢ ᠪᠦᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠵᠦ᠂ ᠡᠬᠡ ᠤᠯᠤᠰ ᠤᠨ ᠤᠮᠠᠷᠠᠳᠤ ᠬᠢᠯᠢ ᠶᠢᠨ ᠠᠮᠤᠷ ᠳᠤᠭᠳᠠᠭᠤᠨ ᠤ ᠬᠠᠯᠬᠠᠪᠴᠢ ᠶᠢ ᠪᠠᠬᠢᠵᠢᠬᠦᠯᠦᠨ᠎ᠡ᠃     ᠬᠠᠤᠯᠢ ᠪᠠᠷ ᠬᠤᠰᠢᠭᠤ ᠪᠠᠨ ᠵᠠᠰᠠᠬᠤ ᠠᠬᠢᠴᠠ ᠶᠢ ᠳᠦᠯᠬᠢᠨ ᠠᠬᠢᠭᠤᠯᠤᠨ᠎ᠠ᠃  ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠳᠠ ᠶᠢ ᠴᠢᠩᠭᠠᠳᠬᠠᠨ᠂ ᠵᠠᠰᠠᠭ ᠤᠨ ᠤᠷᠳᠤᠨ ᠤ ᠡᠷᠬᠡ ᠶᠢᠨ ᠨᠠᠷᠢᠨ ᠳᠠᠩᠰᠠᠳᠤ ᠳᠦᠷᠢᠮ ᠢ ᠠᠬᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠲᠥᠪ ᠭᠤᠣᠯᠴᠢ ᠪᠤᠯᠪᠠᠰᠤᠨ ᠢᠶᠠᠷ ᠬᠠᠤᠯᠢ ᠬᠡᠷᠡᠭᠵᠢᠬᠦᠯᠬᠦ ᠶᠢ ᠴᠢᠩᠭ᠎ᠠ  ᠵᠢᠷᠤᠮᠵᠢᠭᠤᠯᠤᠨ᠎ᠠ᠃ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠬᠦᠯᠦᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠬᠠᠤᠯᠢ ᠶᠤᠰᠤᠭᠠᠷ᠂ ᠳᠤᠰᠠᠭᠠᠷ᠂ ᠲᠥᠪ ᠭᠤᠣᠯᠴᠢ ᠪᠠᠷ ᠡᠷᠬᠡ ᠳᠤᠰᠢᠶᠠᠯ ᠢᠶᠠᠨ ᠬᠡᠷᠡᠭᠵᠢᠬᠦᠯᠬᠦ ᠶᠢ ᠳᠡᠮᠵᠢᠵᠦ᠂ ᠬᠠᠤᠯᠢ ᠴᠠᠭᠠᠵᠠ ᠶᠢᠨ ᠲᠥᠪ ᠭᠤᠣᠯᠴᠢ ᠶᠢ ᠬᠠᠮᠠᠭᠠᠯᠠᠨ᠎ᠠ᠃ ᠠᠷᠠᠳ ᠤᠨ ᠠᠮᠢᠳᠤᠷᠠᠯ  ᠤᠨ ᠭᠦᠷᠢᠶ᠎ᠠ ᠭᠡᠪᠴᠢᠶᠠᠨ ᠳᠠᠬᠢ ᠬᠠᠤᠯᠢ ᠶᠤᠰᠤᠨ ᠤ ᠡᠷᠭᠡ ᠶᠢ ᠬᠠᠮᠠᠭᠠᠯᠠᠨ ᠬᠠᠤᠯᠢ ᠭᠡᠷᠡᠭᠵᠢᠭᠦᠯᠭᠦ ᠵᠢᠴᠢ ᠬᠠᠤᠯᠢ ᠴᠠᠭᠠᠵᠠ ᠶᠢᠨ ᠬᠢᠨᠠᠯᠳᠠ ᠶᠢᠨ ᠭᠦᠴᠦᠯᠠᠴᠠ ᠪᠠᠨ ᠨᠡᠮᠡᠭᠳᠡᠭᠦᠯᠦᠨ᠂ ᠡᠯ᠎ᠡ ᠲᠦᠷᠦᠯ ᠤᠨ ᠬᠠᠤᠯᠢ ᠵᠦᠷᠢᠴᠡᠭᠰᠠᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠭᠦᠨ᠎ᠠ᠃ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠳᠡᠭᠦᠯᠳᠡᠷᠵᠢᠬᠦᠯᠵᠦ᠂ ᠭᠠᠴᠠᠭ᠎ᠠ ︵ᠨᠡᠶᠢᠭᠡᠮ ᠳᠤᠭᠤᠷᠢᠭ︶   ᠳᠤ ᠭᠡᠷ᠎ᠡ ᠳᠤᠭᠳᠠᠵᠢᠯᠲᠠ ᠶᠢᠨ ᠬᠠᠮᠢᠶᠠᠷᠤᠯᠳᠠ ᠶᠢ ᠭᠡᠷᠡᠭᠵᠢᠭᠦᠯᠵᠤ᠂ ᠦᠨᠳᠦᠰᠦᠡ ᠱᠠᠳᠤᠨ ᠤ ᠺᠠᠳ᠋ᠷ ᠤᠨ ᠬᠠᠤᠯᠢ ᠪᠠᠷ ᠵᠠᠰᠠᠬᠤ ᠦᠵᠡᠯ ᠤᠬᠠᠮᠰᠠᠷ ᠢ ᠦᠨᠡᠨᠬᠦ ᠴᠢᠩᠭᠠᠳᠬᠠᠨ᠂ ᠦᠨᠳᠦᠰᠦᠡ ᠱᠠᠳᠤᠨ ᠤ ᠬᠠᠤᠯᠢᠵᠢᠯᠳᠠ ᠶᠢᠨ ᠬᠢᠷᠢ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠬᠦᠯᠦᠨ᠎ᠡ᠃ ︽ᠳᠤᠯᠤᠳᠤᠭᠠᠷ ᠳᠠᠪᠤᠨ ᠵᠢᠯ︾ ᠤᠨ ᠬᠠᠤᠯᠢ ᠳᠦᠭᠡᠮᠡᠯᠵᠢᠬᠦᠯᠬᠦ ᠠᠵᠢᠯ ᠢ ᠯᠠᠪᠳᠠᠭᠤᠨ ᠪᠤᠳᠠᠳᠠᠢ ᠦᠷᠨᠢᠬᠦᠯᠵᠦ᠂ ᠬᠠᠤᠯᠢ ᠪᠠᠷ ᠵᠠᠰᠠᠬᠤ ᠶᠤᠰᠤ ᠮᠤᠷᠠᠯ ᠲᠠᠢ ᠴᠢᠳᠠᠪᠤᠷᠢᠳᠠᠨ ᠤ ᠡᠩᠨᠡᠭᠡ ᠶᠢ ᠪᠠᠶᠢᠭᠤᠯᠤᠨ᠂ ᠪᠦᠬᠦ ᠨᠡᠶᠢᠭᠡᠮ ᠢᠶᠠᠷ ᠢᠶᠠᠨ ᠬᠠᠮᠵᠢᠯᠴᠠᠨ᠂ ᠬᠠᠤᠯᠢ ᠪᠠᠷ ᠬᠡᠷᠡᠭ ᠰᠢᠢᠳᠪᠤᠷᠢᠯᠡᠵᠦ᠂ ᠤᠴᠢᠷ ᠳᠤᠬᠢᠶᠠᠯᠳᠤᠪᠠᠯ ᠬᠠᠤᠯᠢ ᠶᠢ ᠡᠷᠢᠵᠦ᠂ ᠬᠠᠤᠯᠢ ᠪᠠᠷ ᠠᠰᠠᠭᠤᠳᠠᠯ ᠰᠢᠢᠳᠪᠤᠷᠢᠯᠡᠨ᠂ ᠬᠠᠤᠯᠢ ᠳᠤ ᠳᠦᠰᠢᠭᠯᠡᠨ ᠵᠦᠷᠢᠴᠡᠯ ᠢ ᠰᠢᠢᠳᠪᠤᠷᠢᠯᠡᠬᠦ ᠣᠬᠢ ᠰᠠᠶᠢᠨ ᠬᠠᠤᠯᠢ ᠪᠠᠷ ᠵᠠᠰᠬᠠᠤ ᠤᠷᠴᠢᠨ ᠢ ᠪᠦᠷᠢᠯᠳᠦᠭᠦᠯᠦᠨ᠎ᠡ᠃     ᠠᠮᠦᠷ ᠠᠮᠤᠭᠤᠯᠠᠩ ᠪᠠᠷᠠᠭᠤᠨ ᠦᠵᠦᠮᠦᠴᠢᠨ ᠤ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠠᠮᠤᠷ ᠢ ᠬᠠᠮᠠᠭᠠᠯᠠᠬᠤ ᠠᠰᠠᠭᠤᠳᠠᠯ ᠢ ᠳᠤᠪᠤᠶᠢᠯᠭᠠᠬᠤ ᠪᠠᠷ ᠤᠳᠤᠷᠢᠳᠤᠮᠵᠢ ᠪᠤᠯᠭᠠᠵᠦ᠂ ᠵᠦᠷᠢᠴᠡᠯ ᠵᠢᠭᠤᠷᠭᠠᠨ ᠢ ᠪᠠᠶᠢᠴᠠᠭᠠᠨ ᠰᠢᠢᠳᠪᠦᠷᠢᠯᠡᠬᠦ᠂ ᠵᠠᠮ ᠬᠠᠷᠢᠯᠴᠠᠭᠠᠨ ᠤ ᠠᠮᠤᠷ ᠳᠦᠪᠰᠢᠨ ᠤ ᠠᠰᠠᠭᠤᠳᠠᠯ ᠢ ᠴᠡᠭᠴᠡᠯᠡᠨ ᠵᠠᠰᠠᠬᠤ ᠵᠡᠷᠭᠡ ᠠᠮᠤᠷ ᠠᠮᠤᠭᠤᠯᠠᠩ ᠢ ᠡᠭᠦᠳᠭᠦ ᠳᠤᠰᠬᠠᠢ ᠰᠢᠷᠢᠰ ᠠᠵᠢᠯᠯᠠᠭ᠎ᠠ ᠶᠢ ᠦᠷᠭᠦᠯᠵᠢᠯᠡᠨ ᠵᠤᠬᠢᠶᠠᠨ ᠪᠠᠶᠢᠭᠤᠯᠵᠦ᠂ ᠱᠠᠯᠢᠭ ᠵᠠᠪᠬᠠᠢ᠂ ᠵᠤᠭᠤᠰ ᠮᠦᠷᠦᠶᠢᠴᠡᠬᠦ᠂ ᠬᠤᠤᠷ ᠲᠠᠲᠠᠬᠤ ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠦ᠂ ᠨᠡᠶᠢᠭᠡᠮ ᠤᠨ ᠠᠮᠦᠷ ᠳᠦᠪᠰᠢᠨ ᠤ ᠶᠡᠷᠤᠩᠬᠡᠶᠢᠯᠡᠭᠰᠡᠨ ᠵᠠᠰᠠᠯᠲᠠ ᠶᠢ ᠴᠢᠩᠭᠠᠳᠬᠠᠵᠦ᠂ ᠬᠠᠨᠳᠤᠯᠭᠠᠳᠤ ᠴᠢᠨᠠᠷᠳᠠᠢ ᠪᠠᠷ ᠳᠦᠪᠯᠡᠷᠡᠬᠦᠯᠦᠨ ᠵᠠᠰᠠᠬᠤ ᠶᠢ ᠦᠷᠨᠢᠭᠦᠯᠤᠨ᠂ ᠤᠯᠠᠨ ᠳᠦᠮᠡᠨ ᠤ ᠠᠮᠤᠷ ᠳᠦᠪᠰᠢᠨ ᠪᠠ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠬᠦᠯᠦᠨ᠎ᠡ᠃ ᠤᠳᠤᠷᠢᠳᠬᠤ ᠺᠠᠳ᠋ᠷ ᠳᠤᠭᠳᠠᠭᠰᠠᠨ ᠬᠤᠭᠤᠴᠠᠭ᠎ᠠ ᠲᠠᠢ ᠪᠠᠷ ᠵᠠᠬᠢᠳᠠᠯ ᠰᠤᠷᠪᠤᠯᠵᠢᠯᠠᠭᠰᠠᠳ ᠢ ᠬᠦᠯᠢᠶᠡᠨ ᠠᠪᠬᠤ ᠳᠦᠷᠢᠮ ᠢ ᠴᠢᠩᠭ᠎ᠠ ᠬᠡᠷᠡᠭᠵᠢᠬᠦᠯᠵᠦ᠂ ︽1328︾ ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠬᠤ ᠡᠳᠦᠷ ᠤᠨ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠤᠳᠤᠷᠢᠳᠤᠯᠭ᠎ᠠ ᠬᠡᠷᠡᠭ ᠵᠠᠷᠭᠤ ᠶᠢ ᠳᠠᠭᠠᠭᠠᠨ ᠰᠢᠢᠳᠪᠤᠷᠢᠯᠡᠬᠦ ᠠᠵᠢᠯ ᠤᠨ ᠵᠤᠬᠢᠴᠠᠮᠵᠢ ᠶᠢ ᠳᠡᠭᠦᠯᠳᠡᠷᠵᠢᠭᠦᠯᠦᠨ᠂ ᠵᠠᠬᠢᠳᠠᠯ ᠰᠤᠷᠪᠤᠯᠵᠢᠯᠠᠭ᠎ᠠ ᠶᠢᠨ ᠡᠮᠬᠢ ᠳᠠᠷᠠᠭᠠᠯᠠᠯ ᠢ ᠢᠯᠡᠳᠲᠡ ᠰᠠᠶᠢᠵᠢᠷᠠᠭᠤᠯᠤᠨ᠎ᠠ᠃ ᠠᠶᠤᠯᠬᠦᠢ ᠦᠢᠯᠡᠳᠪᠤᠷᠢᠯᠡᠯ ᠤᠨ ᠠᠵᠢᠯ ᠤᠨ ᠡᠯ᠎ᠡ ᠳᠦᠷᠦᠯ ᠤᠨ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠦ᠂ ᠡᠯ᠎ᠡ ᠬᠦᠷᠢᠶ᠎ᠡ ᠬᠡᠪᠴᠢᠶᠡᠨ ᠳᠤ ᠠᠶᠤᠯᠭᠦᠢ ᠶᠢᠨ ᠳᠠᠯᠳᠠ ᠭᠡᠮ ᠤᠨ ᠪᠠᠶᠢᠴᠠᠭᠠᠨ ᠵᠠᠰᠠᠯᠳᠠ ᠶᠢ ᠪᠦᠬᠦᠨ ᠢ ᠪᠦᠷᠬᠦᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠳᠬᠠᠵᠦ᠂ ᠡᠯ᠎ᠡ ᠲᠦᠷᠦᠯ ᠤᠨ ᠦᠢᠯᠡᠳᠪᠦᠷᠢᠯᠡᠯ ᠤᠨ ᠠᠮᠦᠷ ᠳᠦᠪᠰᠢᠨ ᠤ ᠠᠳᠡᠯ ᠬᠡᠷᠡᠭ ᠭᠠᠷᠬᠤ ᠶᠢ ᠪᠦᠳᠦᠮᠵᠢᠳᠡᠢ ᠰᠡᠷᠭᠡᠶᠢᠯᠡᠵᠦ᠂ ᠤᠯᠠᠨ ᠳᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠳᠦᠪᠰᠢᠨ ᠢ ᠪᠠᠳᠤᠯᠠᠨ᠎ᠠ᠃ ᠢᠳᠡᠭᠡᠨ ᠡᠮ ᠤᠨ ᠵᠦᠢᠯ ᠤᠨ ᠠᠮᠤᠷ ᠳᠦᠪᠰᠢᠨ ᠢ ᠴᠢᠩᠭᠠᠳᠬᠠᠵᠦ᠂ ᠬᠠᠮᠤᠭ ᠴᠢᠩᠭ᠎ᠠ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠦ᠂ ᠢᠳᠡᠭᠡᠨ ᠤ ᠵᠦᠢᠯ ᠤᠨ ᠠᠮᠤᠷ ᠲᠦᠪᠰᠢᠨ ᠤ ᠵᠢᠱᠢᠶ᠎ᠡ ᠦᠵᠡᠬᠦᠯᠬᠦ ᠬᠤᠳᠠ ᠪᠠᠯᠭᠠᠰᠤ ᠶᠢ ᠬᠦᠴᠦᠯᠡᠨ ᠪᠠᠶᠢᠭᠤᠯᠵᠦ᠂ ᠠᠷᠠᠳ ᠳᠦᠮᠡᠨ ᠤ ᠢᠳᠡᠭᠡᠨ ᠤᠮᠳᠠᠭᠠᠨ᠂ ᠡᠮ  ᠤᠨ ᠵᠤᠶᠢᠯ ᠤᠨ ᠠᠮᠤᠷ ᠳᠦᠪᠰᠢᠨ ᠢ ᠪᠠᠳᠤᠯᠠᠨ᠎ᠠ᠃     ᠦᠨᠳᠦᠰᠦᠳᠡᠨ ᠤ ᠪᠦᠯᠬᠦᠮᠳᠡᠯ ᠢ ᠦᠨᠡᠨᠬᠦ ᠴᠢᠩᠭᠠᠳᠬᠠᠨ᠎ᠠ᠃ ᠨᠠᠮ ᠤᠨ ᠦᠨᠳᠦᠰᠦᠳᠡᠨ ᠤ ᠳᠦᠷᠥ ᠶᠢᠨ ᠪᠣᠳᠤᠯᠭ᠎ᠠ ᠪᠠ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠲᠠᠢ ᠤᠶᠠᠯᠳᠤᠭᠤᠯᠤᠨ᠂ ᠦᠨᠳᠦᠰᠦᠳᠡᠨ ᠤ ᠳᠦᠷᠥ ᠶᠢᠨ ᠪᠣᠳᠤᠯᠭ᠎ᠠ ᠶᠢᠨ ᠤᠬᠠᠭᠤᠯᠭ᠎ᠠ᠂ ᠦᠨᠳᠦᠰᠦᠳᠡᠨ ᠤ ᠪᠦᠯᠬᠦᠮᠳᠡᠯ ᠳᠠᠪᠰᠢᠯᠲᠠ ᠶᠢᠨ ᠬᠦᠮᠦᠵᠢᠯ ᠪᠠ ᠡᠭᠦᠳᠦᠨ ᠪᠠᠶᠢᠭᠤᠯᠤᠯᠳᠠ ᠶᠢᠨ ᠠᠵᠢᠯᠯᠠᠭ᠎ᠠ ᠶᠢ ᠶᠡᠬᠡᠪᠡᠷ ᠦᠷᠨᠢᠬᠦᠯᠦᠨ᠂ ︽ᠭᠤᠷᠪᠠᠨ ᠰᠠᠯᠵᠦ ᠪᠤᠯᠤᠰᠢ ᠦᠭᠡᠢ︾᠂ ︽ᠲᠠᠪᠤᠨ ᠡᠨᠡᠭᠰᠢᠯ︾ ᠤᠨ ᠦᠵᠡᠯ ᠰᠠᠨᠠᠭ᠎ᠠ ᠶᠢ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠳᠦᠮᠡᠨ ᠤ ᠰᠡᠳᠬᠢᠯ ᠳᠤ ᠬᠤᠨᠤᠭᠰᠢᠭᠤᠯᠤᠨ᠎ᠠ᠃ ᠦᠢᠯᠡᠴᠢᠯᠡᠭᠡᠨ ᠤ ᠪᠠᠶᠢᠭᠤᠯᠭ᠎ᠠ  ᠨᠤᠭᠤᠳ ᠮᠤᠩᠭᠤᠯ ᠬᠡᠯᠡ ᠪᠠᠷ ᠦᠢᠯᠡᠴᠢᠯᠡᠬᠦ ᠠᠵᠢᠯ ᠢ ᠰᠠᠶᠢᠳᠤᠷ ᠬᠢᠵᠦ᠂ ᠨᠡᠶᠢᠭᠡᠮ ᠤᠨ ᠳᠠᠪᠬᠤᠷᠭ᠎ᠠ᠂ ᠦᠨᠳᠤᠰᠦᠨ ᠱᠠᠳᠤᠨ ᠳᠤ ᠪᠠᠭᠤᠯᠭᠠᠬᠤ ᠮᠠᠲ᠋ᠧᠷᠢᠶᠠᠯ ᠲᠤ ᠮᠤᠩᠭᠤᠯ ᠬᠢᠲᠠᠳ ᠬᠡᠯᠡ ᠶᠢ ᠵᠡᠷᠭᠡᠪᠡᠷ ᠬᠡᠷᠡᠭᠯᠡᠬᠦ ᠶᠢ ᠴᠢᠩᠭᠠᠳᠬᠠᠨ᠎ᠠ᠃ ᠦᠪᠡᠷᠳᠡᠭᠡᠨ ᠵᠠᠰᠠᠬᠤ ᠤᠷᠤᠨ ᠤ ᠴᠦᠬᠡᠨ ᠳᠤᠭᠠᠳᠤ ᠦᠨᠳᠦᠰᠦᠳᠡᠨ   ᠤ ᠠᠵᠢᠯ ᠦᠢᠯᠡᠰ ᠢ ᠭᠦᠭᠵᠢᠭᠦᠯᠭᠦ ᠪᠡᠯᠡ ᠮᠦᠩᠭᠦ ᠶᠢ ᠢᠳᠡᠪᠬᠢᠳᠡᠢ ᠡᠷᠡᠮᠡᠯᠵᠡᠯᠡᠨ ᠤᠯᠵᠦ᠂ ᠮᠠᠯᠴᠢᠳ ᠤᠨ ᠳᠤᠰᠬᠠᠢ ᠬᠤᠷᠰᠢᠶᠠᠵᠢᠯ᠂ ᠦᠨᠳᠦᠰᠦᠳᠡᠨ ᠤ ᠠᠷᠠᠯᠵᠢᠶᠠᠨ ᠤ ᠠᠵᠤ ᠠᠬᠤᠶᠢᠯᠠᠯ ᠪᠠ ᠦᠨᠳᠦᠰᠦᠳᠡᠨ ᠤ ᠤᠯᠠᠮᠵᠢᠯᠠᠯᠳᠤ ᠰᠤᠶᠤᠯ ᠵᠢᠭᠤᠯᠴᠢᠯᠠᠯ ᠤᠨ ᠦᠢᠯᠡᠰ ᠢ ᠤᠯᠠᠮᠵᠢᠯᠠᠨ ᠪᠠᠳᠠᠷᠠᠭᠤᠯᠬᠤ ᠶᠢ ᠳᠡᠮᠵᠢᠵᠦ᠂ ᠦᠨᠳᠦᠰᠦᠳᠡᠨ ᠤ ᠪᠦᠯᠬᠦᠮᠳᠡᠯ ᠤᠨ ᠦᠵᠡᠰᠭᠦᠯᠡᠩᠳᠤ ᠰᠠᠶᠢᠬᠠᠨ ᠦᠵᠡᠮᠵᠢ ᠶᠢᠨ ᠱᠤᠭᠤᠮ ᠢ ᠡᠭᠦᠳᠦᠨ ᠪᠠᠶᠢᠭᠤᠯᠤᠨ᠎ᠠ᠃      ︵ᠶᠢᠰᠦ︶ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠪᠠᠨ ᠴᠢᠩᠭᠠᠳᠬᠠᠨ᠎ᠠ᠃ ︽ᠳᠥᠷᠪᠡᠨ ᠤᠬᠠᠮᠰᠠᠷ︾ ᠢᠯᠠᠩᠭᠤᠶ᠎ᠠ ᠭᠤᠤᠯᠯᠠᠭᠴᠢ ᠤᠬᠠᠮᠰᠠᠷ ᠪᠠ ᠨᠢᠭᠡᠳᠦᠯᠳᠡᠢ ᠪᠠᠶᠢᠬᠤ ᠤᠬᠠᠮᠰᠠᠷ ᠢ ᠪᠠᠲᠤ  ᠪᠠᠭᠢ ᠪᠤᠢ ᠪᠤᠯᠭᠠᠵᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠶᠢᠯᠠᠭᠠᠭᠳᠠᠬᠤᠨ ᠢ ᠤᠬᠠᠮᠰᠠᠷ ᠠᠴᠠ ᠪᠠᠨ ᠤᠶᠢᠯᠡᠳᠦᠯᠭᠡᠵᠢᠭᠦᠯᠦᠨ᠎ᠠ᠃ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠳᠠᠯᠠᠵᠤ᠂ ᠡᠷᠭᠡ ᠶᠢᠨ ᠲᠦᠷᠢᠮᠵᠢᠯᠳᠠ  ᠶᠢ ᠢᠯᠠ ᠪᠠᠷ ᠶᠠᠪᠤᠭᠳᠠᠭᠤᠯᠬᠤ ᠶᠢ ᠪᠠᠳᠤᠯᠠᠨ᠂ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠶᠢᠨ ᠬᠢᠨᠠᠯᠳᠠ ᠶᠢ ᠬᠠᠤᠯᠢ ᠶᠤᠰᠤᠭᠠᠷ ᠬᠦᠯᠢᠶᠡᠵᠦ᠂ ᠤᠯᠤᠰ ᠳᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠳᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠨ ᠠᠪᠴᠦ᠂ ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠳᠠ ᠶᠢ ᠬᠦᠯᠢᠶᠡᠨ ᠠᠪᠤᠨ᠎ᠠ᠃ ᠢᠯᠡ ᠲᠤᠳᠤ᠂ ᠦᠨᠡᠨᠴᠢ ᠢᠳᠡᠬᠡᠮᠵᠢᠳᠡᠢ᠂ ᠦᠨᠳᠦᠷ ᠦᠷ᠎ᠡ ᠪᠦᠳᠦᠮᠵᠢᠳᠡᠢ᠂ ᠠᠷᠢᠭᠤᠨ ᠴᠢᠬᠡᠴᠢ ᠦᠢᠯᠡᠴᠢᠯᠡᠭᠡᠨ ᠤ ᠮᠠᠶ᠋ᠢᠭ ᠤᠨ ᠵᠠᠰᠠᠭ ᠤᠨ ᠤᠷᠳᠤᠨ ᠢ ᠪᠠᠶᠢᠭᠤᠯᠤᠨ᠎ᠠ᠃ ᠵᠠᠰᠠᠭ ᠤᠨ ᠤᠷᠳᠤᠨ ᠤ ᠡᠷᠬᠡ ᠶᠢᠨ ᠬᠢᠵᠠᠭᠠᠷᠯᠠᠯ᠂ ᠡᠭᠦᠷᠭᠡ ᠳᠤᠰᠢᠶᠠᠯ ᠢ ᠰᠠᠶᠢᠳᠤᠷ ᠡᠵᠡᠮᠰᠢᠵᠦ᠂ ︽ᠢᠯᠡ ᠨᠡᠶᠢᠳᠡᠯᠡᠭᠦ ᠶᠢ ᠬᠡᠪ ᠤᠨ ᠪᠠᠶᠢᠳᠠᠯ ᠲᠠᠢ ᠪᠤᠯᠭᠠᠬᠤ︾ ᠶᠢ ᠪᠠᠷᠢᠮᠳᠠᠯᠠᠵᠦ᠂ ᠵᠠᠰᠠᠭ ᠤᠨ ᠶᠠᠪᠤᠳᠠᠯ ᠢ ᠪᠦᠬᠦ ᠲᠠᠯ᠎ᠠ ᠪᠠᠷ ᠢᠯᠡ ᠨᠡᠶᠢᠲᠡᠯᠡᠨ᠎ᠡ᠃ ᠵᠠᠰᠠᠭ ᠤᠨ ᠶᠠᠪᠤᠳᠠᠯ ᠤᠨ ᠦᠨᠡᠨᠴᠢ ᠢᠳᠡᠭᠡᠮᠵᠢᠳᠡᠢ ᠪᠠᠶᠢᠬᠤ ᠪᠠᠶᠢᠭᠤᠯᠤᠯᠳᠠ ᠶᠢ ᠳᠦᠯᠬᠢᠨ ᠠᠬᠢᠭᠤᠯᠵᠦ᠂ ᠬᠡᠯᠡᠭᠰᠡᠨ ᠨᠢ ᠢᠳᠡᠬᠡᠭᠦᠰᠢᠳᠡᠢ᠂ ᠬᠢᠭᠰᠡᠨ ᠨᠢ ᠪᠦᠳᠦᠮᠵᠢᠳᠡᠢ ᠪᠠᠶᠢᠬᠤ ᠶᠢ ᠪᠡᠶᠡᠯᠡᠬᠦᠯᠦᠨ᠎ᠡ᠃ ︽ᠳᠠᠷᠤᠶᠢᠬᠠᠨ ᠬᠢᠵᠦ ᠭᠦᠢᠴᠡᠳᠬᠡᠬᠦ︾ ᠵᠣᠷᠢᠭ ᠰᠠᠨᠠᠭ᠎ᠠ ᠪᠠ ︽ᠮᠤᠩᠭᠤᠯ ᠮᠤᠷᠢᠨ ᠤ ᠮᠤᠬᠤᠰᠢ ᠦᠭᠡᠢ ᠵᠣᠷᠢᠭ ᠰᠠᠨᠠᠭ᠎ᠠ ︾ ᠶᠢ ᠪᠠᠳᠠᠷᠠᠭᠤᠯᠤᠨ᠂ ᠵᠠᠰᠠᠭ ᠤᠨ ᠤᠷᠳᠤᠨ ᠤ ᠭᠦᠢᠴᠡᠳᠬᠡᠬᠦ ᠴᠢᠳᠠᠪᠤᠷᠢ ᠪᠠ ᠵᠠᠰᠠᠭ ᠵᠠᠬᠢᠷᠭᠠᠨ ᠤ ᠠᠵᠢᠯ ᠤᠨ ᠦᠷ᠎ᠡ ᠪᠦᠳᠦᠮᠵᠢ ᠶᠢ ᠳᠡᠭᠡᠭᠰᠢᠯᠡᠬᠦᠯᠦᠨ᠎ᠡ᠃ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠ ᠬᠢᠨᠠᠨ ᠪᠤᠳᠤᠯᠲᠠ ᠶᠢᠨ ᠬᠢᠨᠠᠯᠳᠠ ᠲᠠᠯᠪᠢᠬᠤ ᠶᠢ ᠴᠢᠩᠭᠠᠳᠬᠠᠵᠦ᠂ ᠵᠠᠰᠠᠭ ᠤᠨ ᠤᠷᠳᠤᠨ ᠤ ᠰᠢᠰᠲ᠋ᠧᠮ ᠤᠨ ᠨᠠᠮ ᠤᠨ ᠰᠤᠷᠳᠠᠯ᠂ ᠴᠢᠭᠡᠴᠢ ᠵᠠᠰᠠᠭ ᠤᠨ ᠪᠠᠶᠢᠭᠤᠯᠤᠯᠲᠠ ᠪᠠ ᠢᠯᠵᠢᠷᠠᠯ ᠢ ᠡᠰᠡᠷᠭᠦᠴᠡᠬᠦ ᠠᠵᠢᠯ ᠢ ᠦᠷᠭᠦᠯᠵᠢᠯᠡᠨ ᠠᠬᠢᠭᠤᠯᠤᠨ᠎ᠠ᠃ ᠪᠦᠭᠦᠳᠡᠭᠡᠷ ᠢᠶᠠᠨ ᠰᠤᠷᠤᠯᠴᠠᠬᠤ ᠰᠤᠷᠳᠠᠯ ᠢ ᠶᠡᠬᠡᠪᠡᠷ ᠡᠷᠬᠢᠮᠯᠡᠨ᠂ ᠴᠢᠳᠠᠪᠤᠷᠢ ᠪᠤᠯᠤᠨ ᠭᠡᠪ ᠪᠤᠯᠪᠠᠰᠤᠷᠠᠯ ᠢᠶᠠᠨ ᠳᠠᠰᠤᠷᠠᠯᠳᠠ ᠦᠭᠡᠢ ᠳᠡᠭᠡᠭᠰᠢᠯᠡᠬᠦᠯᠵᠦ᠂ ᠴᠠᠭ ᠥᠶ᠎ᠡ ᠶᠢᠨ ᠲᠡᠷᠢᠭᠦᠨ ᠤ ᠵᠤᠭᠰᠤᠴᠠ ᠠᠴᠠ ᠠᠰᠠᠭᠤᠳᠠᠯ ᠢ ᠰᠡᠳᠬᠢᠨ᠂ ᠠᠵᠢᠯ ᠢᠶᠠᠨ ᠠᠬᠢᠭᠤᠯᠬᠤ ᠶᠢ ᠢᠮᠠᠭᠳᠠ ᠪᠠᠷᠢᠮᠳᠠᠯᠠᠵᠦ᠂ ᠰᠤᠷᠤᠯᠴᠠᠬᠤ ᠮᠠᠶ᠋ᠢᠭ ᠤᠨ ᠵᠠᠰᠠᠭ ᠤᠨ ᠤᠷᠳᠤᠨ ᠪᠠ ᠰᠢᠨ᠎ᠡ ᠶᠢ ᠡᠭᠦᠳᠬᠦ ᠮᠠᠶ᠋ᠢᠭ ᠤᠨ ᠵᠠᠰᠠᠭ ᠤᠨ ᠤᠷᠳᠤᠨ ᠢ ᠪᠠᠶᠢᠭᠤᠯᠤᠨ᠎ᠠ᠃     ᠳᠦᠯᠦᠬᠡᠯᠡᠭᠴᠢᠳ ᠡ᠂ ︽ᠴᠢᠷᠮᠠᠶᠢᠨ ᠳᠡᠮᠡᠴᠡᠪᠡᠯ ᠰᠠᠶ᠋ᠢ ᠢᠷᠡᠭᠡᠳᠦᠢ ᠶᠢᠨ ᠵᠣᠷᠢᠯᠲᠠ ᠳᠠᠭᠠᠨ ᠬᠦᠷᠴᠦ ᠴᠢᠳᠠᠨ᠎ᠠ ︾᠃ ᠪᠢᠳᠡ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠵᠦ᠂ ᠰᠢ ᠶᠢᠨ ᠫᠢᠩ ᠨᠦᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶᠠᠨ ᠤ ᠳᠤᠭᠤᠷᠢᠨ ᠳᠤ ᠨᠢᠭᠲᠠᠷᠠᠨ ᠪᠦᠯᠬᠦᠮᠳᠡᠵᠦ᠂ ᠤᠭ ᠰᠠᠨᠠᠭ᠎ᠠ ᠪᠠᠨ ᠮᠠᠷᠳᠠᠬᠤ ᠦᠭᠡᠢ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠦ᠂ ᠪᠤᠴᠠᠯᠳᠠ ᠦᠭᠡᠢ ᠤᠷᠤᠭᠰᠢᠯᠠᠨ᠂ ᠴᠢᠷᠮᠠᠶᠢᠨ ᠠᠵᠢᠯᠯᠠᠵᠤ᠂ ᠰᠢᠯᠢᠳᠡᠭ ᠪᠦᠳᠦᠮᠵᠢ ᠪᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠᠳᠠᠢ ᠬᠤᠷᠠᠯᠳᠤᠬᠤ ᠪᠠ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠤᠭᠳᠤᠵᠤ᠂ ᠦᠵᠡᠰᠬᠦᠯᠡᠩᠲᠦ ᠰᠠᠶᠢᠬᠠᠨ ᠪᠠᠷᠠᠭᠤᠨ ᠦᠵᠦᠮᠦᠴᠢᠨ ᠤ ᠰᠢᠨ᠎ᠡ ᠬᠠᠭᠤᠳᠠᠰᠤ ᠶᠢ ᠪᠢᠴᠢᠭᠯᠡᠶ᠎ᠡ᠃
 
ᠢᠷᠡᠯᠲᠡ᠄ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号