ᠬᠤᠰᠢᠭᠤ ᠳᠠᠳ᠋ ᠳᠠᠷᠤᠭ᠎ᠠ᠄ ᠡᠦ ᡁᠢ ᠴᠢᠶᠠᠩ
ᠨᠡᠶᠢᠲᠡᠯᠡᠭᠰᠡᠨ ᠴᠠᠭ᠄
2017/3/8
   ᠦ᠋ ᡁᠢ ᠴᠢᠶᠠᠩ᠂ ᠮᠣᠩᠭᠤᠯ ᠦᠨᠳᠦᠰᠦᠲᠡᠨ᠂ ᠡᠷᠡᠭᠲᠡᠢ᠂ 1973 ᠣᠨ ᠤ 9 ᠰᠠᠷ᠎ᠠ ᠳᠤ ᠲᠦᠷᠦᠵᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠃   ᠣᠳᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ   ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃    ᠠᠵᠢᠯ ᠤᠨ ᠬᠤᠪᠢᠶᠠᠷᠢᠯᠠᠯ     ᠬᠤᠰᠢᠭᠤ ᠳᠠᠷᠤᠭ᠎ᠠ ᠶᠢ ᠬᠠᠪᠰᠤᠷᠤᠨ ᠬᠥᠭᠵᠢᠭᠦᠯᠦᠯᠲᠡ ᠥᠭᠡᠷᠡᠴᠢᠯᠡᠯᠲᠡ᠂ ᠠᠮᠤ ᠪᠤᠳᠠᠭ᠎ᠠ ᠪᠠ ᠡᠳ᠋ ᠪᠣᠳᠠᠰ ᠤᠨ ᠨᠥᠭᠡᠴᠡ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠵᠤ ᠦᠢᠯᠡᠳᠪᠦᠷᠢ ᠠᠵᠤ ᠠᠬᠤᠢ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠲᠤᠭ᠎ᠠ ᠪᠦᠷᠢᠳᠬᠡᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃     ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ︶᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃      ᠬᠤᠰᠢᠭᠤ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠪᠠᠯᠭᠠᠷ ᠨᠢᠰᠬᠡᠯ ᠤᠨ ᠪᠠᠭᠤᠳᠠᠯ ᠤᠨ ᠺᠣᠮᠫᠠᠨᠢ᠂ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠰᠢᠤᠳᠠᠨ ᠤ ᠬᠤᠪᠢᠶᠠᠷᠢ ᠺᠣᠮᠫᠠᠨᠢ᠂ ᠳᠠᠪᠤᠰᠤᠨ ᠤ ᠦᠢᠯᠡᠰ ᠤᠨ ᠺᠣᠮᠫᠠᠨᠢ᠂ ᠴᠢᠯᠠᠭᠤᠨ ᠲᠣᠰᠣᠨ ᠤ ᠺᠣᠮᠫᠠᠨᠢ ᠂ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ᠂ ᠷᠠᠳᠢᠣ᠋ ᠲᠧᠯᠸᠢᠰ ᠤᠨ ᠰᠦᠯᠵᠢᠶᠡᠨ ᠤ ᠬᠤᠪᠢᠶᠠᠷᠢ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ᠂ ᠰᠢᠯᠵᠢᠮᠡᠯ ᠬᠤᠯᠪᠣᠭᠠᠨ ᠤ ᠺᠣᠮᠫᠠᠨᠢ᠂ ᠨᠢᠭᠡᠳᠦᠮᠡᠯ ᠬᠤᠯᠪᠣᠭ᠎ᠠ ᠶᠢᠨ ᠺᠣᠮᠫᠠᠨᠢ᠂ ᠲᠡᠮᠦᠷ ᠰᠤᠪᠤᠷᠭ᠎ᠠ ᠶᠢᠨ ᠺᠣᠮᠫᠠᠨᠢ ᠲᠠᠢ ᠬᠠᠷᠢᠯᠴᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号