ᠪᠠᠶᠢᠩᠭᠤ ᠶᠢᠨ ᠬᠤᠰᠢᠭᠤ  ᠳᠡᠳ᠋ ᠲᠠᠷᠤᠭ᠎ᠠ᠄  ᠬᠠᠢ ᠱᠠᠨ
ᠨᠡᠶᠢᠲᠡᠯᠡᠭᠰᠡᠨ ᠴᠠᠭ᠄
2017/3/8
ᠬᠠᠢ ᠱᠠᠨ᠂ ᠡᠷᠡᠭᠲᠡᠢ᠂ ᠮᠣᠩᠭᠤᠯ ᠦᠨᠳᠦᠰᠦᠲᠡᠨ᠂ 1970 ᠣᠨ ᠤ 5 ᠰᠠᠷ᠎ᠠ ᠳᠤ ᠲᠦᠷᠦᠵᠠᠢ᠂ ᠤᠭ ᠨᠤᠲᠤᠭ  ᠨᠢ ᠥᠪᠥᠷ ᠮᠣᠩᠭᠤᠯ ᠤᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠬᠦᠮᠦᠨ᠂ 1995 ᠣᠨ ᠤ 5 ᠰᠠᠷ᠎ᠠ ᠳᠤ ᠠᠵᠢᠯ ᠳᠤ ᠣᠷᠣᠵᠤ᠂ 1998 ᠣᠨ ᠤ 9 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠢ᠂ ᠠᠵᠢᠯ ᠤᠨ ᠪᠠᠶᠢᠷᠢ ᠶᠢᠨ ᠮᠠᠰᠲ᠋ᠧᠷ ᠴᠣᠯᠠ ᠲᠠᠢ᠂ 2011 ᠣᠨ ᠤ 7 ᠰᠠᠷ᠎ᠠ ᠳᠤ ᠥᠪᠥᠷ ᠮᠣᠩᠭᠤᠯ  ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠮᠠᠰᠲ᠋ᠧᠷ ᠤᠨ ᠲᠤᠰᠬᠠᠢ ᠮᠡᠷᠭᠡᠵᠢᠯ ᠠᠴᠠ ᠲᠡᠭᠦᠰᠴᠡᠢ᠃ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃ 1990 ᠣᠨ ᠤ 9 ᠰᠠᠷ᠎ᠠ ᠠᠴᠠ 1994 ᠣᠨ ᠤ 7 ᠰᠠᠷ᠎ᠠ ᠪᠣᠯᠲᠠᠯ᠎ᠠ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠳᠡᠭᠡᠳᠦ ᠰᠤᠷᠭᠠᠭᠤᠯᠢ ᠶᠢᠨ ᠨᠤᠲᠤᠭ ᠪᠡᠯᠴᠢᠭᠡᠷ ᠤᠨ ᠰᠠᠯᠪᠤᠷᠢ ᠶᠢᠨ ᠨᠤᠲᠤᠭ ᠪᠡᠯᠴᠢᠭᠡᠷ ᠤᠨ ᠲᠤᠰᠬᠠᠶ ᠮᠡᠷᠭᠡᠵᠢᠯ ᠳᠤ ᠰᠤᠷᠤᠯᠴᠠᠪᠠ᠃ 1994 ᠣᠨ ᠤ 7 ᠰᠠᠷ᠎ᠠ ᠠᠴᠠ 1995 ᠣᠨ ᠤ 5 ᠰᠠᠷ᠎ᠠ ᠪᠣᠯᠲᠠᠯ᠎ᠠ ᠠᠵᠢᠯ ᠬᠦᠯᠢᠶᠡᠪᠡ᠃ 1995 ᠣᠨ ᠤ 5 ᠰᠠᠷ᠎ᠠ ᠠᠴᠠ 1995 ᠣᠨ ᠤ 7 ᠰᠠᠷ᠎ᠠ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠰᠢᠭᠤ ᠰᠤᠮᠤ ᠳᠤ ᠠᠵᠢᠯᠯᠠᠪᠠ᠃ 1995 ᠣᠨ ᠤ 7 ᠰᠠᠷ᠎ᠠ ᠠᠴᠠ 1997 ᠣᠨ ᠤ 7 ᠰᠠᠷ᠎ᠠ ᠪᠣᠯᠲᠠᠯ᠎ᠠ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠦᠵᠦᠮᠦᠴᠢᠨ ᠬᠤᠰᠢᠭᠤᠨ ᠤ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ ᠳᠤ ᠠᠵᠢᠯᠯᠠᠪᠠ᠃ 1997 ᠣᠨ ᠤ 7 ᠰᠠᠷ᠎ᠠ ᠠᠴᠠ 1999 ᠣᠨ ᠤ 5 ᠰᠠᠷ᠎ᠠ ᠪᠤᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ  ᠤᠨ ᠬᠢᠨᠠᠨ ᠰᠢᠯᠭᠠᠬᠤ ᠠᠯᠪᠠᠨ ᠭᠡᠷ ᠲᠤ ᠠᠵᠢᠯᠯᠠᠪᠠ᠃ 1999 ᠣᠨ ᠤ 5 ᠰᠠᠷ᠎ᠠ ᠠᠴᠠ 2002 ᠣᠨ ᠤ 6 ᠰᠠᠷ᠎ᠠ ᠪᠤᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ  ᠤᠨ ᠬᠢᠨᠠᠨ ᠰᠢᠯᠭᠠᠬᠤ ᠠᠯᠪᠠᠨ ᠭᠡᠷ ᠤᠨ ᠳᠡᠳ᠋ ᠡᠷᠬᠢᠯᠡᠭᠴᠢ ᠪᠠᠷ ᠠᠵᠢᠯᠯᠠᠪᠠ᠃ 2002 ᠣᠨ ᠤ 6 ᠰᠠᠷ᠎ᠠ ᠠᠴᠠ 2002 ᠣᠨ ᠤ 12 ᠰᠠᠷ᠎ᠠ ᠪᠤᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠦᠵᠦᠮᠦᠴᠢᠨ ᠬᠤᠰᠢᠭᠤᠨ ᠤ ᠮᠠᠯ ᠠᠵᠤ ᠠᠬᠤᠢ ᠶᠢᠨ ᠲᠣᠪᠴᠢᠶᠠᠨ ᠤ ᠳᠡᠳ᠋ ᠲᠣᠪᠴᠢᠶᠠᠨ ᠳᠠᠷᠤᠭ᠎ᠠ ᠪᠠᠷ ᠠᠵᠢᠯᠯᠠᠪᠠ᠃ 2002 ᠣᠨ ᠤ 12 ᠰᠠᠷ᠎ᠠ ᠠᠴᠠ 2013 ᠣᠨ ᠤ 3 ᠰᠠᠷ᠎ᠠ ᠪᠤᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠦᠵᠦᠮᠦᠴᠢᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ ᠪᠥᠭᠡᠳ ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠯᠳᠡ ᠶᠢᠨ ᠠᠯᠪᠠᠨ ᠭᠡᠷ ᠤᠨ ᠡᠷᠬᠢᠯᠡᠭᠴᠢ ᠪᠠᠷ ᠠᠵᠢᠯᠯᠠᠪᠠ ︵ᠡᠨᠡ ᠬᠤᠭᠤᠴᠠᠭᠠᠨ ᠳᠤ᠄  2007 ᠣᠨ ᠤ 9 ᠰᠠᠷ᠎ᠠ ᠠᠴᠠ 2011 ᠣᠨ ᠤ 7 ᠰᠠᠷ᠎ᠠ ᠪᠤᠯᠲᠠᠯ᠎ᠠ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠠᠷᠢᠶᠠᠯᠠᠩ ᠤᠨ ᠳᠡᠯᠭᠡᠷᠡᠭᠦᠯᠦᠯᠲᠡ ᠶᠢᠨ ᠮᠠᠭᠢᠰᠲ᠋ᠧᠷ ᠤᠨ ᠲᠤᠰᠬᠠᠢ ᠮᠡᠷᠭᠡᠵᠢᠯ ᠠᠴᠠ ᠲᠡᠭᠦᠰᠴᠡᠢ︶᠃2013 ᠣᠨ ᠤ 3 ᠰᠠᠷ᠎ᠠ ᠠᠴᠠ 2017 ᠣᠨ ᠤ 10 ᠰᠠᠷ᠎ᠠ ᠪᠤᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠦᠵᠦᠮᠦᠴᠢᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ ᠪᠠᠷ ᠠᠵᠢᠯᠯᠠᠪᠠ᠃2017 ᠣᠨ ᠤ 10 ᠰᠠᠷ᠎ᠠ ᠠᠴᠠ 2021 ᠣᠨ ᠤ 7 ᠰᠠᠷ᠎ᠠ ᠪᠤᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠦᠵᠦᠮᠦᠴᠢᠨ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠤᠨ ᠱᠦᠵᠢ ᠪᠠᠷ ᠠᠵᠢᠯᠯᠠᠪᠠ᠃2021 ᠣᠨ ᠤ 7 ᠰᠠᠷ᠎ᠠ ᠠᠴᠠ ᠣᠲᠣ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠪᠠᠷ ᠠᠵᠢᠯᠯᠠᠵᠦ ᠪᠤᠢ᠃ᠬᠤᠪᠢᠳᠠᠨ ᠬᠠᠮᠢᠶᠠᠷᠬᠤ ᠠᠵᠢᠯ  ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ  ︵ᠮᠥᠩᠭᠦᠨ ᠭᠦᠶᠯᠭᠡᠭᠡᠨ ᠤ ᠠᠯᠪᠠᠨ ᠬᠡᠷ᠂ ᠭᠠᠳᠠᠭᠠᠳᠤ ᠶᠠᠪᠤᠳᠠᠯ ᠤᠨ ᠠᠯᠪᠠᠨ ᠬᠡᠷ᠂ ᠦᠵᠦᠮᠦᠴᠢᠨ ᠵᠣᠴᠢᠳ ᠤᠨ ᠪᠠᠭᠤᠳᠠᠯ︶᠂ ᠡᠳ᠋ ᠤᠨ ᠵᠠᠰᠠᠭ ᠤᠨ ᠲᠣᠪᠴᠢᠶ᠎ᠠ  ︵ᠤᠯᠤᠰ ᠤᠨ ᠡᠳ᠋ ᠬᠥᠷᠥᠩᠭᠡ ᠶᠢᠨ ᠵᠥᠪᠯᠡᠯ  ︶᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ  ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠢ ᠬᠤᠪᠢᠳᠠᠨ ᠬᠠᠮᠢᠶᠠᠷᠤᠨ᠎ᠠ᠃  ᠬᠤᠰᠢᠭᠤ ᠳᠠᠷᠤᠭ᠎ᠠ ᠶᠢ ᠬᠠᠮᠵᠢᠨ ᠬᠢᠨᠠᠨ ᠪᠣᠳᠣᠬᠤ ᠠᠵᠢᠯ ᠢ ᠬᠤᠪᠢᠳᠠᠨ ᠬᠠᠮᠢᠶᠠᠷᠤᠨ᠎ᠠ᠃
᠃ ᠬᠤᠰᠢᠭᠤ ᠠᠷᠠᠳ ᠤᠨ
ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ᠂  ᠬᠤᠰᠢᠭᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠪᠠᠶᠠᠨᠬᠤᠸᠠ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ  ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠦᠶᠯᠡᠳᠪᠦᠷᠢ ᠬᠤᠳᠠᠯᠳᠤᠭᠠᠨ ᠤ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠨᠢᠰᠬᠡᠯ ᠤᠨ ᠪᠠᠭᠤᠳᠠᠯ ᠤᠨ ᠠᠯᠪᠠᠨ ᠭᠡᠷ᠂  ᠬᠤᠰᠢᠭᠤ ᠠᠷᠠᠳ ᠤᠨ ᠪᠠᠩᠬᠢ ᠪᠠ ᠬᠤᠰᠢᠭᠤᠨ ᠳᠤ ᠰᠠᠭᠤᠭ᠎ᠠ ᠡᠯ᠎ᠡ ᠪᠠᠩᠬᠢ᠂ ᠳᠠᠭᠠᠳᠬᠠᠯ ᠤᠨ ᠪᠠᠶᠢᠭᠤᠯᠤᠮᠵᠢ ᠲᠠᠢ ᠬᠠᠷᠢᠯᠴᠠᠨ᠎ᠠ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号