ᠠᠭᠤᠯᠠ ᠤᠰᠤ ᠨᠢ ᠦᠯᠢᠭᠡᠷ ᠲᠤᠮᠤᠭ ᠲᠠᠢ᠂ ᠤᠳᠤᠮ ᠰᠤᠳᠤᠷ ᠨᠢ ᠦᠨᠡᠡ ᠲᠡᠮᠳᠡᠭᠯᠡᠯ ᠲᠠᠢ᠂ ᠤᠬᠠᠭᠠᠲᠤ | ᠲᠦᠮᠡᠡ ᠨᠢ ᠦᠢᠯᠡᠰ ᠬᠦᠳᠡᠯᠮᠦᠷᠢ ᠲᠠᠢ᠂ ᠤᠳᠤᠮᠲᠤ ᠬᠤᠶᠢᠴᠢᠰ ᠨᠢ ᠡᠷᠳᠡᠮ ᠪᠤᠯᠪᠠᠰᠤᠷᠠᠯ ᠲᠠᠢ᠂ ᠠᠷᠠᠳ ᠨᠢ | ᠳᠠᠶᠠᠭᠠᠷ ᠡᠩᠭᠡ ᠵᠢᠷᠭᠠᠭᠰᠠᠠ᠂ ᠠᠰᠢᠲᠠ ᠶᠢᠨ ᠵᠢᠷᠭᠠᠯ ᠢᠶᠠᠨ ᠮᠦᠩᠬᠡ ᠵᠦᠩᠨᠡᠭᠰᠡᠡ ᠪᠠᠭ᠋ᠠᠷᠤᠮ᠎ᠠ ᠰᠠᠶᠢᠬᠠᠨ ᠡᠨᠡ | ᠨᠤᠲᠤᠭ ᠢ ᠪᠠᠷᠠᠭᠤᠨ ᠦᠵᠦᠮᠦᠴᠢᠨ ᠭᠡᠳᠡᠭ ᠶᠤᠮ᠃ | ᠦᠵᠡᠰᠭᠦᠯᠡᠩᠳᠤ ᠰᠠᠶᠢᠬᠠᠨ ᠦᠡᠭ ᠰᠢᠮᠡᠯᠢᠭ ᠪᠠᠷᠠᠭᠤᠨ ᠦᠵᠦᠮᠦᠴᠢᠨ ᠬᠤᠰᠢᠭᠤ ᠪᠤᠯ ᠰᠢᠯᠢ ᠶᠢᠨ ᠭᠤᠤᠯ | ᠠᠶᠢᠮᠠᠭ ᠤᠨ ᠢᠶᠠᠨ ᠵᠡᠭᠦᠨ ᠬᠡᠰᠡᠭ ᠲᠤ ᠪᠠᠶᠢᠷᠢᠯᠠᠵᠤ᠂ ᠵᠠᠰᠠᠭ ᠵᠠᠬᠢᠷᠭᠠᠨ ᠤ ᠬᠠᠷᠢᠶᠠᠨ ᠳᠠᠭᠠᠨ 5 ᠪᠠᠯᠭᠠᠰᠤ 2 ᠰᠤᠮᠤ | ᠲᠠᠢ᠂ 2.2 ᠲᠦᠮᠡᠨ ᠠᠮᠠ ᠲᠦᠷᠪᠡᠯᠵᠢᠨ ᠺᠢᠯᠦᠮᠧᠲᠷ ᠭᠠᠵᠠᠷ ᠨᠤᠲᠤᠭ ᠲᠠᠢ᠂ ᠪᠠᠶᠢᠡᠭᠭᠤ ᠰᠠᠭᠤᠭ᠎ᠠ 8.96 | ᠲᠦᠮᠡᠨ ᠬᠦᠮᠦᠨ ᠠᠮᠠ ᠲᠠᠢ᠂ ᠡᠭᠦᠨᠳᠤ ᠮᠤᠩᠭᠤᠯ ᠦᠨᠳᠤᠰᠦᠳᠠᠨ 5.35 ᠲᠦᠮᠡᠨ ᠭᠦᠮᠦᠨ ᠠᠮᠠ ᠪᠠᠶᠢᠵᠤ᠂ ᠪᠦᠭᠦ | ᠬᠤᠰᠢᠭᠤᠨ ᠤ ᠭᠦᠮᠦᠨ ᠠᠮᠠ ᠶᠢᠨ 68.1% ᠶᠢ ᠡᠵᠡᠯᠡᠵᠤ᠂ ᠮᠠᠯᠵᠢᠬᠤ ᠤᠷᠤᠨ ᠤ ᠭᠦᠮᠦᠨ ᠠᠮᠠ ᠨᠢ ᠪᠦᠭᠦ | ᠬᠤᠰᠢᠭᠤᠨ ᠤ ᠭᠦᠮᠦᠨ ᠠᠮᠠ ᠶᠢᠨ 55% ᠶᠢ ᠡᠵᠡᠯᠠᠵᠤ᠂ ᠮᠤᠩᠭᠤᠯ ᠦᠨᠳᠦᠰᠦᠲᠡᠡ ᠢᠶᠠᠷ ᠭᠤᠤᠯᠯᠠᠭᠰᠠᠨ ᠤᠯᠠᠨ | ᠦᠨᠳᠤᠰᠦᠳᠠᠨ ᠰᠠᠭᠤᠷᠢᠰᠢᠵᠤ ᠪᠠᠶᠢᠭ᠎ᠠ ᠴᠦᠭᠡᠨ ᠲᠤᠭᠠᠳᠤ ᠦᠨᠳᠤᠰᠦᠳᠠᠨ ᠤ ᠬᠤᠰᠢᠭᠤ ᠰᠢᠶᠠᠨ ᠪᠤᠯᠤᠨ᠎ᠠ᠃ | ︽ᠦᠵᠦᠮᠦᠴᠢᠨ︾ ᠭᠡᠳᠡᠭ ᠦᠭᠡ ᠶᠢ ᠤᠳᠬᠠᠴᠢᠯᠠᠨ ᠤᠷᠴᠢᠭᠤᠯᠪᠠᠯ ︽ᠦᠵᠦᠮ ᠲᠡᠭᠦᠳᠡᠭ ᠭᠦᠮᠦᠨ︾ | ᠭᠡᠰᠡᠨ ᠤᠳᠬ᠎ᠠ ᠲᠠᠢ᠃ ᠲᠡᠤᠭᠡ ᠶᠢᠨ ᠲᠡᠮᠳᠡᠭᠯᠡᠯ ᠢ ᠦᠨᠳᠤᠰᠦᠯᠠᠪᠠᠯ᠂ ᠦᠵᠦᠮᠦᠴᠢᠨ ᠨᠡᠭᠦᠳᠡᠯ ᠮᠠᠯᠵᠢᠯ ᠤᠨ | ᠠᠶᠢᠮᠠᠭ ᠪᠦᠯᠦᠭ ᠨᠢ ᠡᠷᠳᠡ 13 ᠳ᠋ᠤᠭᠠᠷ ᠵᠠᠭᠤᠨ ᠳᠤ ᠰᠢᠨᠵᠢᠶᠠᠩ ᠠᠯᠲᠠᠢ ᠨᠢᠷᠤᠭᠤᠨ ᠤ ᠪᠦᠰᠠ ᠪᠠᠷ ᠠᠮᠢᠳᠤᠷᠠᠵᠤ᠂ | 17 ᠳ᠋ᠤᠭᠠᠷ ᠵᠠᠭᠤᠨ ᠤ ᠲᠤᠮᠳᠠᠴᠢ ᠦᠶ᠎ᠡ ᠪᠠᠷ ᠡᠨᠡᠬᠦ ᠨᠤᠲᠤᠭ ᠤᠰᠤᠨ ᠳᠤ ᠤᠷᠤᠰᠢᠨ ᠨᠤᠲᠤᠭᠰᠢᠵᠠᠢ᠃ ᠡᠳᠡᠭᠡᠷ | ᠢ ᠭᠡᠳᠦᠶᠢᠪᠠᠷ ᠤᠯᠠᠨ ᠰᠠᠶᠢᠬᠠᠨ ᠲᠤᠮᠤᠭ ᠦᠯᠢᠭᠡᠷ ᠢᠶᠠᠷ ᠲᠦᠷᠰᠦᠯᠠᠨ ᠭᠦᠤᠷᠨᠢᠵᠤ ᠪᠠᠶᠢᠭᠰᠠᠨ ᠴᠦ ᠴᠦᠮ ᠠᠳᠡᠬᠢ | ᠨᠤᠳᠤᠭ ᠤᠨ ᠦᠵᠡᠰᠭᠦᠯᠡᠩᠳᠤ ᠰᠠᠶᠢᠬᠠᠨ ᠦᠨᠢᠷ ᠪᠠᠶᠠᠯᠢᠭ ᠲᠤ ᠲᠠᠳᠠᠭᠳᠠᠵᠤ ᠪᠠᠶᠢᠵᠠᠢ᠃ | ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠳᠤᠭ ᠪᠤᠯ ᠦᠪᠦᠷ ᠮᠤᠩᠭᠤᠯ ᠤᠨ ᠶᠢᠰᠦᠨ ᠶᠡᠭᠡ ᠲᠦᠷᠦᠯ | ᠤᠨ ᠲᠠᠯ᠎ᠠ ᠨᠤᠳᠤᠭ ᠢ ᠬᠤᠷᠢᠶᠡᠩᠭᠤᠶᠢᠯᠠᠭᠰᠠᠨ ᠴᠤᠷ ᠤᠨ ᠭᠠᠭᠴᠠ ᠭᠠᠵᠠᠷ ᠤᠷᠤᠨ᠂ ᠲᠡᠯᠡᠭᠡᠢ ᠶᠢᠨ ᠲᠦᠷᠪᠠᠨ ᠶᠡᠭᠡ | ᠲᠠᠯ᠎ᠠ ᠨᠤᠳᠤᠭ ᠤᠨ ᠨᠡᠶᠢᠳᠡᠯᠢᠭ ᠤᠷᠤᠨ ᠪᠦᠰᠠ ᠶᠢᠨ ᠨᠢᠭᠡ᠂ ᠮᠦᠨᠴᠤ ᠠᠭᠤᠤ ᠶᠡᠭᠡ ᠡᠭᠡ ᠤᠯᠤᠰ ᠤᠨ ᠤᠮᠠᠷᠠᠳᠤ | ᠬᠢᠯᠢ ᠶᠢᠨ ᠨᠢᠭᠡᠨ ᠬᠢᠯᠠᠯᠵᠠᠭᠰᠠᠨ ᠰᠤᠨᠳᠤᠷ ᠮᠦᠨ᠃ ᠦᠷᠭᠡᠨ ᠠᠭᠤᠳᠠᠮ ᠪᠠᠶᠢᠳᠠᠭ ᠢᠶᠠᠷ ᠢᠶᠠᠨ ᠰᠦᠷᠯᠢᠭ | ᠦᠵᠡᠰᠭᠦᠯᠡᠩᠳᠤ᠂ ᠡᠬᠢ ᠪᠠᠶᠠᠯᠢᠭ ᠡᠯᠪᠡᠭ ᠪᠠᠶᠢᠳᠠᠭ ᠢᠶᠠᠷ ᠢᠶᠠᠨ ᠦᠨᠢᠷ ᠪᠠᠶᠠᠨ᠂ ᠦᠨᠢᠷ ᠦᠳᠬᠡᠡ ᠰᠤᠶᠤᠯ ᠵᠠᠩᠰᠢᠯ | ᠂ ᠦᠪ ᠵᠤᠵᠠᠭᠠᠨ ᠲᠡᠦᠬᠡ ᠰᠤᠷᠪᠤᠯᠵᠢ ᠲᠠᠢ ᠪᠠᠶᠢᠳᠠᠭ ᠢᠶᠠᠷ ᠢᠶᠠᠨ ︽ᠠᠪᠤᠷᠭᠤ ᠪᠦᠬᠡ ᠶᠢᠨ ᠠᠯᠲᠠᠨ ᠦᠯᠦᠭᠡᠢ᠂ | ᠤᠷᠲᠤ ᠶᠢᠨ ᠳᠠᠭᠤᠤ ᠶᠢᠨ ᠤᠤᠭᠠᠯ ᠨᠤᠲᠤᠭ᠂ ᠮᠤᠩᠭᠤᠯ ᠬᠤᠪᠴᠠᠰᠤᠨ ᠤ ᠤᠷ᠎ᠠ ᠶᠢᠨ ᠰᠠᠩ᠂ ᠨᠡᠭᠦᠳᠡᠯᠴᠢᠨ | ᠠᠶᠢᠮᠠᠭ ᠤᠨ ᠰᠤᠶᠤᠯ ᠪᠠᠭ᠋ᠠᠷᠬᠠᠯ᠂ ᠲᠣᠮᠳᠠᠳᠣ ᠣᠯᠣᠰ ᠤᠨ ᠴᠠᠭᠠᠨ ᠠᠳᠣᠭᠤᠨ ᠤ ᠦᠯᠦᠭᠡᠢ᠂ ᠣᠷᠠᠨ | ᠬᠠᠶᠢᠷᠭᠤᠴᠠᠢ ᠶᠢᠨ ᠵᠢᠷᠬᠢᠬᠡᠨᠳᠣ ᠣᠷᠣᠨ ︾ ᠭᠡᠰᠡᠡ ᠰᠠᠶᠢᠬᠠᠨ ᠠᠯᠳᠠᠷ ᠲᠠᠢ ᠪᠠᠶᠢᠳᠠᠭ ᠶᠤᠮ᠃ | ᠪᠠᠷᠠᠭᠤᠨ ᠦᠵᠦᠮᠦᠴᠢᠨ ᠬᠤᠰᠢᠭᠤᠨ ᠤ ᠪᠠᠶᠢᠷᠢᠰᠢᠵᠤ ᠪᠠᠶᠢᠭ᠎ᠠ ᠪᠠᠯᠭᠠᠷᠭᠤᠤᠯ ᠪᠠᠯᠭᠠᠰᠤ ᠨᠢ ᠤᠷᠢᠳ | ᠬᠤᠵᠢᠳ ︽ᠪᠦᠭᠦ ᠤᠯᠤᠰ ᠤᠨ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠳᠠ ᠶᠢᠨ ᠵᠢᠱᠢᠶᠠᠴᠢ ᠪᠠᠯᠭᠠᠰᠤ︾᠂ | ︽ᠤᠯᠤᠰ ᠤᠨ ᠲᠡᠰ ᠤᠨ ᠠᠮᠢ ᠠᠬᠤᠢ ᠶᠢᠨ ᠪᠠᠯᠭᠠᠰᠤ︾᠂ ︽ᠤᠯᠤᠰ ᠤᠨ ᠲᠡᠰ ᠤᠨ ᠡᠷᠡᠭᠦᠯ ᠬᠠᠮᠠᠭᠠᠯᠠᠯ ᠤᠨ | ᠪᠠᠯᠭᠠᠰᠤ︾᠂ ︽ᠪᠦᠭᠦ ᠤᠯᠤᠰ ᠤᠨ ᠤᠨᠴᠠᠯᠢᠭᠳᠤ ᠪᠠᠶᠠᠷ ᠲᠤᠷᠠᠰᠬᠠᠯ ᠤᠨ ᠪᠠᠯᠭᠠᠰᠤ︾᠂ ︽ᠲᠤᠮᠳᠠᠳᠤ ᠤᠯᠤᠰ | ᠤᠨ ᠨᠡᠷᠡᠳᠤ ᠲᠡᠮᠳᠡᠭᠳᠤ ᠪᠠᠶᠠᠷ ᠲᠤᠷᠠᠰᠬᠠᠯ ᠤᠨ ᠵᠢᠱᠢᠶᠠᠴᠢ ᠰᠠᠭᠤᠷᠢᠨ ᠭᠠᠵᠠᠷ︾ ᠵᠡᠷᠭᠡ ᠢᠷᠠᠭᠤ ᠠᠯᠳᠠᠷ ᠢ | ᠭᠦᠷᠳᠡᠵᠤ᠂ 2015 ᠤᠨ ᠳᠤ ᠮᠠᠨ ᠤ ᠬᠤᠰᠢᠭᠤᠨ ᠤ ᠨᠤᠭᠤᠭᠠᠨᠪᠤᠯᠠᠭ ᠭᠠᠴᠠᠭ᠎ᠠ ᠨᠢ cctv ᠲᠡᠯᠭᠡᠴᠠ ᠶᠢᠨ ︽ | ᠲᠤᠮᠳᠠᠳᠤ ᠤᠯᠤᠰ ᠤᠨ ᠠᠷᠪᠠᠨ ᠬᠠᠮᠤᠭ ᠭᠤᠶᠤ ᠭᠠᠴᠠᠭ᠎ᠠ︾ ᠶᠢᠨ ᠨᠡᠷᠡᠶᠢᠳᠤᠯ ᠢ ᠭᠦᠷᠳᠡᠪᠠ᠃ | ᠤᠶᠢᠷ᠎ᠠ ᠶᠢᠨ ᠵᠢᠯ ᠠᠴᠠ ᠨᠠᠰᠢ᠂ ᠪᠠᠷᠠᠭᠤᠨ ᠦᠵᠦᠮᠦᠴᠢᠨ ᠬᠤᠰᠢᠭᠤ ᠨᠢ ᠪᠦᠭᠦ ᠬᠤᠰᠢᠭᠤᠨ ᠤ ᠠᠵᠤ ᠠᠬᠤᠢ | ᠨᠡᠶᠢᠭᠡᠮ ᠤᠨ ᠦᠳᠳᠡᠷ ᠲᠦᠷᠭᠡᠨ ᠭᠦᠭᠵᠢᠯᠳᠠ ᠪᠤᠯᠤᠨ ᠬᠤᠳᠠ ᠪᠠᠯᠭᠠᠰᠤᠵᠢᠯᠳᠠ ᠶᠢᠨ ᠲᠦᠪᠰᠢᠨ ᠢ ᠲᠠᠰᠣᠷᠠᠯᠳᠠ | ᠦᠬᠡᠢ ᠲᠡᠭᠡᠭᠰᠢᠯᠡᠬᠦᠯᠬᠦ ᠠᠰᠢᠬᠳᠠᠢ ᠳᠣᠬᠢᠶᠠᠯ ᠢ ᠠᠳᠬᠤᠵᠣ᠂ ᠰᠤᠶᠤᠯ ᠵᠣᠭᠠᠴᠠᠯ ᠢ ᠭᠦᠭᠵᠢᠭᠦᠯᠭᠦ ᠶᠢ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ ᠴᠢᠬᠤᠯᠠ ᠠᠴᠢᠶᠠᠯᠠᠪᠤᠷᠢ ᠪᠤᠯᠭᠠᠨ᠂ ︽ᠪᠦᠬᠦᠶᠢᠯᠡ ᠣᠷᠣᠨ ᠪᠦᠰᠠ ᠶᠢᠨ | ᠵᠢᠭᠤᠯᠴᠢᠯᠠᠯ ᠤᠨ ᠵᠢᠱᠢᠶᠠᠴᠢ ᠬᠤᠰᠢᠭᠤ ᠰᠢᠶᠠᠨ︾ ᠢ ᠡᠭᠦᠳᠭᠦ ᠲᠤᠬᠢᠶᠠᠯ ᠤᠨ ᠲᠤᠭᠤᠷᠢᠨ ᠳᠤ ᠨᠢᠬᠳᠠᠷᠠᠨ᠂ ︽ | ᠬᠤᠶᠠᠷ ᠶᠡᠭᠡ ᠭᠤᠤᠯ ᠰᠡᠳᠤᠪᠳᠤ ᠭᠦᠳᠡᠯᠭᠡᠭᠡᠨ᠂ ᠲᠦᠷᠪᠡᠨ ᠶᠡᠭᠡ ᠰᠤᠶᠤᠯ ᠲᠠᠮᠢᠷ ᠤᠨ ᠤᠷᠤᠯᠳᠤᠭᠠᠨ︾᠂ ︽ | ᠭᠤᠷᠪᠠᠨ ᠬᠢᠨᠢᠰ ᠤᠨ ᠲᠡᠮᠳᠡᠭᠯᠡᠯ ᠢ ᠡᠬᠦᠳᠬᠦ︾ ᠭᠦᠳᠡᠯᠭᠡᠭᠡᠨ ᠢ ᠢᠳᠡᠪᠬᠢᠳᠠᠢ ᠡᠷᠬᠢᠯᠠᠵᠤ᠂ ᠪᠠᠷᠠᠭᠤᠨ ᠦᠵᠦᠮᠦᠴᠢᠨ | ᠬᠤᠰᠢᠭᠤᠨ ᠤ ᠦᠨᠳᠤᠰᠦᠳᠠᠨ ᠤ ᠰᠤᠶᠤᠯ ᠲᠠᠮᠢᠷ ᠤᠨ ᠭᠦᠳᠡᠯᠭᠡᠭᠡᠨ ᠤ ᠨᠠᠷᠠᠳᠤ ᠲᠡᠮᠳᠡᠭ ᠢ ᠪᠤᠢ ᠪᠤᠯᠭᠠᠪᠠ᠃ | ᠡᠳᠦᠭᠡ᠂ ᠴᠠᠭ ᠦᠶ᠎ᠡ ᠶᠢᠨ ᠭᠦᠭᠵᠢᠯᠳᠠ ᠶᠢ ᠲᠠᠭᠠᠯᠳᠤᠨ᠂ ᠡᠷᠳᠠ ᠦᠶ᠎ᠡ ᠶᠢᠨ ᠭᠠᠶᠢᠬᠠᠮᠰᠢᠭᠳᠤ ᠲᠠᠯ᠎ᠠ | ᠨᠤᠳᠤᠭ ᠲᠤ ᠠᠰᠤᠷᠤ ᠶᠡᠭᠡ ᠬᠤᠪᠢᠷᠠᠯᠳᠠ ᠭᠠᠷᠪᠠ᠃ ᠠᠷᠪᠠᠨ ᠬᠤᠶᠠᠳᠤᠭᠠᠷ ᠲᠠᠪᠤᠨ ᠵᠢᠯ ᠤᠨ ᠲᠦᠯᠦᠪᠵᠢᠭᠦᠯᠭᠡ | ᠶᠢᠨ ᠬᠤᠭᠤᠴᠠᠭᠠᠨ ᠳᠤ ᠲᠤᠭᠳᠠᠮᠠᠯ ᠡᠳ᠋ ᠭᠦᠷᠦᠩᠭᠡ ᠶᠢᠨ ᠪᠡᠯᠡ ᠤᠷᠤᠭᠤᠯᠤᠯᠳᠠ 624.12 ᠳ᠋ᠦᠡᠭᠰᠢᠭᠤᠷ | ᠲᠦᠭᠦᠷᠢᠭ ᠢ ᠪᠡᠶᠡᠯᠡᠭᠦᠯᠵᠤ᠂ ᠵᠢᠯ ᠲᠤᠮᠳᠠᠴᠢ 0.42% ᠪᠠᠷ ᠨᠡᠮᠡᠭᠳᠡᠪᠠ᠃ ᠭᠤᠷᠪᠠᠨ ᠲᠦᠷᠦᠯ ᠤᠨ ᠠᠵᠤ ᠤᠶᠢᠯᠠᠰ | ᠤᠨ ᠪᠦᠳᠦᠴᠠ 2010 ᠤᠨ ᠳᠤ 9᠄ 81᠄ 10 ᠪᠠᠶᠢᠭᠰᠠᠨ ᠠᠴᠠ 14᠄ 73᠄ 13 ᠪᠤᠯᠭᠠᠵᠤ᠂ ᠠᠵᠤ | ᠤᠶᠢᠯᠠᠰ ᠤᠨ ᠪᠦᠳᠦᠴᠠ ᠶᠢ ᠲᠠᠰᠤᠷᠠᠯᠳᠠ ᠦᠭᠡᠢ ᠰᠢᠯᠢᠳᠡᠭᠵᠢᠭᠦᠯᠦᠨ᠂ ᠠᠵᠤ ᠤᠶᠢᠯᠠᠳᠪᠤᠷᠢ ᠶᠢᠨ ᠨᠡᠮᠡᠭᠳᠡᠯ | ᠦᠷᠳᠡᠭ ᠢ 57.88 ᠳ᠋ᠦᠡᠭᠰᠢᠭᠤᠷ ᠲᠦᠭᠦᠷᠢᠭ ᠠᠴᠠ 71.7 ᠳ᠋ᠦᠡᠭᠰᠢᠭᠤᠷ ᠲᠦᠭᠦᠷᠢᠭ ᠪᠤᠯᠭᠠᠨ ᠨᠡᠮᠡᠭᠳᠡᠭᠦᠯᠵᠤ᠂ | ᠵᠢᠯ ᠲᠤᠮᠳᠠᠴᠢ 4.37% ᠪᠠᠷ ᠨᠡᠮᠡᠭᠳᠡᠭᠦᠯᠪᠠ᠃ 2010 ᠤᠨ ᠠᠴᠠ ᠨᠠᠰᠢ ᠠᠶᠢᠮᠠᠭ ᠤᠨ ᠭᠠᠳᠠᠨᠠᠬᠢ ᠪᠡᠯᠡ | ᠮᠦᠡᠭᠭᠦ ᠶᠢ 227 ᠳ᠋ᠦᠡᠭᠰᠢᠭᠤᠷ ᠲᠦᠭᠦᠷᠢᠭ ᠲᠠᠳᠠᠨ ᠤᠷᠤᠭᠤᠯᠵᠤ᠂ ᠨᠡᠶᠢᠳᠠ ᠭᠡᠷᠡᠭᠵᠢᠭᠦᠯᠦᠭᠰᠡᠨ ᠲᠦᠷᠦᠯ ᠵᠤᠶᠢᠯ | 65 ᠪᠠᠶᠢᠵᠤ᠂ ᠡᠭᠦᠨ ᠳᠤ ᠮᠢᠩᠭᠠᠨ ᠲᠦᠮᠡᠨ ᠲᠦᠭᠦᠷᠢᠭ ᠠᠴᠠ ᠲᠡᠭᠡᠭᠰᠢ ᠲᠦᠷᠦᠯ ᠵᠤᠶᠢᠯ 38 ᠪᠠᠶᠢᠵᠤ᠂ | ᠳ᠋ᠦᠡᠭᠰᠢᠭᠤᠷ ᠲᠦᠭᠦᠷᠢᠭ ᠠᠴᠠ ᠲᠡᠭᠡᠭᠰᠢ ᠲᠦᠷᠦᠯ ᠵᠤᠶᠢᠯ 27 ᠪᠤᠢ᠃ | ᠬᠤᠶᠢᠰᠢᠳᠠ ᠲᠦᠷᠦᠯ ᠵᠤᠶᠢᠯ ᠢᠶᠠᠷ ᠲᠠᠭᠠᠭᠤᠯᠬᠤ ᠪᠠᠶᠢᠯᠳᠤᠬᠤ ᠪᠤᠳᠤᠯᠭ᠎ᠠ ᠶᠢ ᠡᠷᠡᠰ ᠭᠤᠶᠢᠪᠢᠰᠢ ᠦᠭᠡᠢ | ᠭᠡᠷᠡᠭᠵᠢᠭᠦᠯᠵᠤ᠂ ᠪᠦᠳᠦᠴᠠ ᠶᠢ ᠲᠤᠬᠢᠷᠠᠭᠤᠯᠤᠨ᠂ ᠠᠷᠠᠳ ᠤᠨ ᠠᠮᠢᠳᠤᠷᠠᠯ ᠢ ᠬᠠᠷᠠᠭᠠᠯᠵᠠᠨ᠂ ᠠᠷᠠᠳ ᠤᠨ | ᠠᠮᠢᠳᠤᠷᠠᠯ ᠢ ᠪᠠᠳᠣᠯᠠᠨ ᠰᠠᠶᠢᠵᠢᠷᠠᠭᠤᠯᠵᠣ᠂ ᠨᠡᠶᠢᠭᠡᠮ ᠤᠨ ᠡᠶ᠎ᠡ ᠵᠤᠬᠢᠴᠠᠯ ᠢ ᠪᠦᠭᠦ ᠭᠦᠴᠦᠨ ᠢᠶᠠᠷ ᠠᠬᠢᠭᠤᠯᠤᠨ᠂ | ᠠᠵᠤ ᠠᠬᠤᠢ ᠨᠡᠶᠢᠭᠡᠮ ᠤᠨ ᠭᠦᠭᠵᠢᠯᠳᠠ ᠶᠢᠨ ᠰᠢᠨ᠎ᠠ ᠪᠠᠶᠢᠳᠠᠯ ᠢ ᠲᠠᠰᠤᠷᠠᠯᠳᠠ ᠦᠭᠡᠢ ᠡᠭᠦᠳᠦᠨ᠎ᠠ᠃ |