ᠮᠠᠨ ᠤ ᠬᠤᠰᠢᠭᠤ ︽ᠪᠠᠭ᠋ᠠᠷᠤᠮ᠎ᠠ ᠰᠠᠶᠢᠬᠠᠨ ᠪᠠᠷᠠᠭᠤᠨ ᠦᠵᠦᠮᠦᠴᠢᠨ︾ ᠰᠤᠶᠤᠯ ᠵᠤᠭᠠᠴᠠᠯ ᠤᠨ ᠨᠡᠷᠡᠲᠦ ᠳᠡᠮᠳᠡᠭ ᠢ ᠡᠬᠦᠳᠴᠦ ᠪᠠᠶᠢᠨ᠎ᠠ
ᠨᠡᠶᠢᠲᠡᠯᠡᠭᠰᠡᠨ ᠴᠠᠭ᠄
2017/4/20
      ᠮᠠᠨ ᠤ ᠬᠤᠰᠢᠭᠤ ᠨᠢ ᠵᠤᠭᠠᠴᠠᠯ ᠤᠨ ᠲᠤᠮᠤ ᠬᠤᠰᠢᠭᠤ ᠶᠢ ᠪᠠᠶᠢᠭᠤᠯᠬᠤ ᠪᠤᠳᠤᠯᠭ᠎ᠠ ᠶᠢ ᠲᠤᠭᠳᠠᠭᠠᠨ ᠬᠡᠷᠡᠭᠵᠢᠬᠦᠯᠵᠦ᠂ ᠦᠨᠳᠦᠰᠦᠳᠡᠨ ᠤ ᠤᠨᠴᠠᠯᠢᠭᠲᠦ ᠬᠤᠪᠴᠠᠰᠦ ᠵᠠᠰᠠᠯ᠂ ᠤᠷᠲᠦ ᠶᠢᠨ ᠳᠠᠭᠤᠤ᠂ ᠠᠳᠤᠭᠤᠨ ᠰᠤᠶᠤᠯ ᠵᠡᠷᠭᠡ ᠲᠠᠯ᠎ᠠ ᠨᠤᠲᠤᠭ ᠤᠨ ᠤᠯᠠᠮᠵᠢᠯᠠᠯᠲᠦ ᠰᠤᠶᠤᠯ ᠤᠨ ᠡᠬᠢ ᠪᠠᠶᠠᠯᠢᠭ ᠢ ᠬᠦᠢᠴᠡᠳ ᠠᠭᠤᠳᠠᠯᠯᠠᠨ᠂ ᠪᠦᠬᠡ ᠶᠢᠨ ᠤᠷᠤᠯᠳᠤᠭᠠᠨ᠂ ᠠᠵᠢᠨᠠᠢ ᠬᠦᠯᠦᠭ ᠤᠨ ᠤᠷᠤᠯᠳᠤᠭᠠᠨ ᠪᠤᠯᠤᠨ ᠮᠤᠩᠭᠤᠯ ᠠᠳᠤᠭᠤᠨ ᠰᠤᠶᠤᠯ ᠤᠨ ᠤᠷᠠᠯᠢᠭ ᠤᠨ ᠨᠠᠶᠢᠷ ᠪᠤᠯᠤᠨ ᠰᠤᠷ ᠬᠠᠷᠪᠤᠯᠲᠠ ᠶᠢᠨ ᠤᠷᠤᠯᠳᠤᠭᠠᠨ ᠢ ᠤᠳᠠᠭ᠎ᠠ ᠳᠠᠷᠠᠭᠠᠯᠠᠨ ᠡᠷᠬᠢᠯᠡᠨ ᠬᠢᠵᠠᠢ᠃    2006 ᠤᠨ ᠠᠴᠠ ᠡᠬᠢᠯᠡᠨ᠂ ᠮᠠᠨ ᠤ ᠬᠤᠰᠢᠭᠤ ᠨᠢ ︽ᠪᠠᠭ᠋ᠠᠷᠤᠮ᠎ᠠ ᠰᠠᠶᠢᠬᠠᠨ ᠪᠠᠷᠠᠭᠤᠨ ᠦᠵᠦᠮᠦᠴᠢᠨ ᠠᠮᠤᠭᠤᠯᠠᠩᠲᠦ ᠨᠠᠭᠠᠳᠤᠮ︾᠂ ︽ᠦᠵᠦᠮᠦᠴᠢᠨ ᠡᠪᠦᠯ ᠤᠨ ᠨᠠᠶᠢᠷ︾᠂ ︽ᠲᠠᠯ᠎ᠠ ᠨᠤᠲᠤᠭ ᠤᠨ ᠰᠤᠶᠤᠯ ᠵᠤᠭᠠᠴᠠᠯ ᠎ ᠤᠨ ᠰᠢᠨ᠎ᠡ ᠤᠨ ᠤ ᠨᠠᠭᠠᠳᠤᠮ︾ ᠭᠤᠤᠯ ᠰᠡᠳᠦᠪᠲᠦ ᠠᠵᠢᠯᠯᠠᠭ᠎ᠠ ᠪᠤᠯᠤᠨ ᠲᠤᠮᠳᠠᠲᠦ ᠤᠯᠤᠰ ᠤᠨ ᠲᠠᠯ᠎ᠠ ᠨᠤᠲᠤᠭ ᠎ ᠤᠨ ᠮᠤᠷᠢᠨ ᠤ ᠤᠷᠤᠯᠳᠤᠭᠠᠨ᠂ ᠲᠤᠮᠳᠠᠲᠦ ᠤᠯᠤᠰ ᠤᠨ ︽ᠲᠡᠮᠦᠵᠢᠨ︾ ᠨᠡᠷᠡᠮᠵᠢᠲᠦ ᠳᠡᠯᠡᠭᠡᠢ ᠶᠢᠨ ᠮᠠᠷᠠᠽᠤᠨ ᠤᠷᠤᠯᠳᠤᠭᠠᠨ ᠢ ᠡᠷᠬᠢᠯᠡᠵᠦ᠂ ︽ᠪᠠᠭ᠋ᠠᠷᠤᠮ᠎ᠠ ᠰᠠᠶᠢᠬᠠᠨ ᠪᠠᠷᠠᠭᠤᠨ ᠦᠵᠦᠮᠦᠴᠢᠨ ᠪᠠᠶᠠᠰᠤᠨ ᠵᠤᠭᠠᠴᠠᠬᠤ ᠲᠠᠷᠬᠠᠨ ᠤᠷᠤᠨ︾ ᠵᠤᠭᠠᠴᠠᠯ ᠤᠨ ᠳᠡᠮᠳᠡᠭ ᠢ ᠦᠷᠬᠦᠯᠵᠢᠯᠡᠨ ᠴᠤᠭᠴᠠᠯᠠᠵᠦ᠂ ᠲᠦᠷᠪᠡᠨ ᠤᠯᠠᠷᠢᠯ ᠤᠨ ᠵᠤᠭᠠᠴᠠᠯ ᠤᠨ ᠦᠢᠯᠡᠰ ᠢᠶᠠᠨ ᠬᠦᠴᠦᠯᠡᠨ ᠬᠦᠭᠵᠢᠬᠦᠯᠵᠠᠢ᠃ 1.04 ᠳ᠋ᠦᠡᠭᠰᠢᠭᠤᠷ ᠲᠦᠬᠦᠷᠢᠭ ᠤᠨ ᠪᠡᠯᠡ ᠤᠷᠤᠭᠤᠯᠵᠦ᠂ ᠤᠯᠠᠭᠠᠨ ᠤᠲᠠᠢ ᠶᠢᠨ ᠦᠵᠡᠮᠵᠢ ᠶᠢᠨ ᠤᠷᠤᠨ ᠵᠡᠷᠭᠡ ︽ᠲᠠᠪᠤᠨ ᠶᠬᠡ ᠦᠵᠡᠮᠵᠢ ᠶᠢᠨ ᠤᠷᠤᠨ︾᠎ ᠢ ᠲᠡᠰ ᠳᠡᠪᠰᠢᠬᠦᠯᠵᠦ᠂ 2016 ᠤᠨ ᠳᠤ ︽ᠦᠪᠦᠷ ᠮᠤᠩᠭᠤᠯ ᠤᠨ ᠠᠷᠪᠠᠨ ᠲᠦᠷᠪᠡᠳᠦᠭᠡᠷ ᠬᠤᠭᠤᠴᠠᠭᠠᠨ ᠤ ᠴᠠᠰᠦ ᠮᠦᠰᠦᠨ ᠤ ᠨᠠᠶᠢᠷ ᠵᠢᠴᠢ ᠲᠤᠯᠤᠳᠤᠭᠠᠷ ᠬᠤᠭᠤᠴᠠᠭᠠᠨ ᠤ ᠮᠤᠩᠭᠤᠯ ᠦᠨᠳᠦᠰᠦᠳᠡᠨ ᠤ ᠡᠪᠦᠯ ᠤᠨ ᠤᠯᠠᠷᠢᠯ ᠤᠨ ᠬᠤᠪᠴᠠᠰᠦ ᠵᠠᠰᠠᠯ ᠤᠨ ᠤᠷᠠᠯᠢᠭ ᠤᠨ ᠨᠠᠶᠢᠷ︾᠎ ᠢ ᠠᠮᠵᠢᠯᠲᠠ ᠲᠠᠢ ᠡᠷᠬᠢᠯᠡᠨ ᠶᠠᠪᠤᠭᠳᠠᠭᠤᠯᠵᠦ᠂ ᠪᠦᠬᠦ ᠵᠢᠯ ᠳᠤ ᠵᠤᠭᠠᠴᠠᠭᠰᠠᠳ ᠢ 80 ᠲᠦᠮᠡᠨ ᠬᠦᠮᠦᠨ ᠤᠳᠠᠭ᠎ᠠ ᠶᠢ ᠬᠦᠯᠢᠶᠡᠨ ᠠᠪᠴᠦ᠂ ᠵᠤᠭᠠᠴᠠᠯ ᠤᠨ ᠤᠷᠤᠯᠭ᠎ᠠ 4 ᠳ᠋ᠦᠡᠭᠰᠢᠭᠤᠷ ᠲᠦᠬᠦᠷᠢᠭ ᠲᠤ ᠬᠦᠷᠦᠭᠰᠡᠨ ᠪᠠᠶᠢᠨ᠎ᠠ᠃
 
ᠢᠷᠡᠯᠲᠡ᠄ ᠬᠤᠰᠢᠭᠤ ᠷᠠᠳᠢᠤ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号