ᠮᠠᠨ ᠤ ᠬᠤᠰᠢᠭᠤ ᠪᠦᠬᠦᠶᠢᠯᠠ ᠤᠷᠤᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠭᠦ ᠬᠤᠰᠢᠭᠤ ᠶᠢ ᠪᠠᠶᠢᠭᠤᠯᠬᠤ ᠪᠠᠷ ᠴᠢᠷᠮᠠᠶᠢᠵᠤ ᠪᠠᠶᠢᠨ᠎ᠠ
ᠨᠡᠶᠢᠲᠡᠯᠡᠭᠰᠡᠨ ᠴᠠᠭ᠄
2017/4/5
    2017 ᠣᠨ ᠪᠤᠯ ᠦᠪᠡᠷᠳᠡᠭᠡᠨ ᠵᠠᠰᠠᠬᠤ ᠤᠷᠤᠨ ᠤ ᠵᠢᠭᠤᠯᠴᠢᠯᠠᠯ ᠤᠨ ᠤᠨ ᠪᠤᠯᠤᠨ᠎ᠠ᠃ ᠡᠶᠢᠨᠬᠦ ᠮᠠᠨ ᠤ ᠬᠤᠰᠢᠭᠤ ᠨᠢ ︽ᠰᠦᠷᠯᠢᠭ ᠰᠠᠶᠢᠬᠠᠨ ᠦᠪᠦᠷ ᠮᠤᠩᠭᠤᠯ᠂ ᠰᠤᠳᠤᠨ ᠦᠵᠡᠮᠵᠢᠳᠤ ᠭᠤᠶᠢᠳᠠ ᠤᠷᠤᠨ︾ ᠭᠡᠬᠦ ᠨᠡᠷᠡᠲᠦ ᠲᠡᠮᠳᠡᠭ ᠤᠨ ᠲᠤᠭᠤᠷᠢᠨ ᠳᠤ ︽ᠪᠠᠭ᠋ᠠᠷᠤᠮ᠎ᠠ ᠰᠠᠶᠢᠬᠠᠨ ᠪᠠᠷᠠᠭᠤᠨ ᠦᠵᠦᠮᠦᠴᠢᠨ᠂ ᠪᠠᠶᠠᠰᠤᠨ ᠵᠤᠭᠠᠴᠠᠬᠤ ᠲᠠᠷᠬᠠᠨ  ᠤᠷᠤᠨ︾ ᠭᠡᠬᠦ ᠤᠷᠢᠶᠠᠯᠠᠭ᠎ᠠ ᠪᠠᠷ ᠠᠴᠢᠶᠠᠯᠠᠪᠤᠷᠢ ᠪᠤᠯᠭᠠᠨ᠂ ᠪᠦᠭᠦᠶᠢᠯᠡ ᠤᠷᠤᠨ ᠪᠦᠰᠡ ᠶᠢᠨ ᠵᠢᠭᠤᠯᠴᠢᠯᠠᠯ᠂ ᠲᠦᠷᠪᠡᠨ ᠤᠯᠠᠷᠢᠯ ᠤᠨ ᠵᠢᠭᠤᠯᠴᠢᠯᠠᠯ ᠢ ᠠᠬᠢᠭᠤᠯᠤᠨ᠂ ᠪᠦᠬᠦᠶᠢᠯᠡ ᠤᠷᠤᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠭᠦ ᠬᠤᠰᠢᠭᠤ ᠰᠢᠶᠠᠨ ᠢ ᠡᠭᠦᠳᠴᠦ᠂ ᠵᠢᠭᠤᠯᠴᠢᠯᠠᠯ ᠤᠨ ᠤᠶᠢᠯᠠᠰ ᠢ ᠠᠵᠤ
ᠠᠬᠤᠢ ᠶᠢᠨ ᠰᠢᠨ᠎ᠡ ᠨᠡᠮᠡᠭᠳᠡᠯ ᠴᠡᠭ ᠪᠤᠯᠭᠠᠬᠤ ᠪᠠᠷ ᠴᠢᠷᠮᠠᠶᠢᠵᠤ ᠪᠠᠶᠢᠨ᠎ᠠ᠃
   ᠵᠢᠭᠤᠯᠴᠢᠯᠠᠯ ᠤᠨ ᠤᠶᠢᠯᠠᠰ ᠢ ᠬᠦᠭᠵᠢᠭᠦᠯᠭᠦ ᠲᠤᠮᠳᠠ ᠮᠠᠨ ᠤ ᠬᠤᠰᠢᠭᠤ ᠨᠢ ᠭᠠᠵᠠᠷ ᠤᠷᠤᠨ ᠤ ᠵᠢᠭᠤᠯᠴᠢᠯᠠᠯ ᠤᠨ ᠤᠨᠴᠠᠯᠢᠭ ᠪᠤᠯᠤᠨ ᠰᠤᠶᠤᠯ ᠤᠨ ᠠᠭᠤᠯᠤᠭᠳᠠᠬᠤᠨ ᠢ ᠲᠤᠪᠤᠶᠢᠯᠭᠠᠨ᠂ ᠵᠢᠷᠭᠤᠭᠠᠨ ᠶᠡᠭᠡ ᠦᠵᠡᠮᠵᠢ ᠶᠢᠨ ᠤᠷᠤᠨ ᠤ ᠨᠠᠷᠢᠯᠢᠭ ᠲᠦᠯᠦᠪᠵᠢᠭᠦᠯᠭᠡ ᠪᠤᠯᠤᠨ ᠬᠦᠳᠡᠭᠡ ᠲᠤᠰᠬᠤᠨ ᠤ ᠵᠢᠭᠤᠯᠴᠢᠯᠠᠯ ᠤᠨ ᠲᠦᠯᠦᠪᠵᠢᠭᠦᠯᠭᠡ ᠶᠢ ᠤᠯᠠᠮ ᠴᠢᠨᠠᠬᠰᠢᠳᠠ ᠲᠡᠭᠦᠯᠳᠡᠷᠵᠢᠭᠦᠯᠵᠤ᠂ ᠵᠢᠷᠭᠤᠭᠠᠨ ᠵᠤᠷᠪᠤᠰ ᠵᠢᠭᠤᠯᠴᠢᠯᠠᠯ ᠤᠨ ᠰᠤᠳᠤᠨ ᠱᠤᠭᠤᠮ ᠢ ᠪᠠᠶᠢᠭᠤᠯᠵᠠᠢ᠃ ᠲᠦᠷᠪᠠᠨ ᠤᠯᠠᠷᠢᠯ ᠤᠨ ᠵᠢᠭᠤᠯᠴᠢᠯᠠᠯ ᠢ ᠭᠦᠴᠦᠯᠠᠨ  ᠬᠦᠭᠵᠢᠭᠦᠯᠵᠦ᠂ ︽ᠠᠷᠪᠠᠨ ᠲᠦᠷᠪᠡᠳᠦᠭᠡᠷ ᠬᠤᠭᠤᠴᠠᠭᠠᠨ ᠤ ᠦᠪᠦᠷ ᠮᠤᠩᠭᠤᠯ ᠤᠨ ᠡᠪᠤᠯ ᠤᠨ ᠤᠯᠠᠷᠢᠯ ᠤᠨ ᠨᠠᠶᠢᠷ︾ ᠪᠤᠯᠤᠨ ︽ᠲᠤᠯᠤᠳᠤᠭᠠᠷ ᠬᠤᠭᠤᠴᠠᠭᠠᠨ ᠤ ᠮᠤᠩᠭᠤᠯ ᠦᠨᠳᠤᠰᠦᠳᠠᠨ ᠤ ᠡᠪᠤᠯ ᠤᠨ ᠤᠯᠠᠷᠢᠯ ᠤᠨ ᠬᠤᠪᠴᠠᠰᠤ ᠵᠠᠰᠠᠯ ᠤᠨ ᠤᠷᠠᠯᠢᠭ ᠤᠨ ᠨᠠᠶᠢᠷ︾ ᠤᠨ ᠨᠦᠯᠦᠭᠡᠯᠡᠯ ᠤᠨ ᠭᠦᠴᠦᠨ ᠢ ᠠᠰᠢᠬᠯᠠᠨ᠂ ᠵᠢᠭᠤᠯᠴᠢᠯᠠᠯ ᠤᠨ ᠡᠬᠢ ᠪᠠᠶᠠᠯᠢᠭ ᠢ ᠤᠯᠠᠮ ᠴᠢᠨᠠᠬᠰᠢᠳᠠ ᠠᠭᠤᠳᠠᠯᠵᠠᠢ᠃ ᠮᠤᠩᠭᠤᠯ ᠬᠠᠨ ᠬᠤᠳᠠ ᠦᠵᠡᠮᠵᠢ ᠶᠢᠨ ᠤᠷᠤᠨ ᠢᠶᠠᠷ ᠭᠤᠤᠯ ᠴᠡᠭ ᠪᠤᠯᠭᠠᠨ᠂ 99 ᠺᠢᠯᠤᠮᠧᠲᠷ ᠤᠨ ᠲᠠᠯ᠎ᠠ ᠨᠤᠲᠤᠭ ᠤᠨ ᠨᠡᠭᠦᠳᠡᠯ ᠰᠤᠶᠤᠯ ᠤᠨ ᠦᠵᠡᠮᠵᠢ ᠶᠢᠨ ᠪᠦᠰᠡ ᠪᠠᠷ ᠰᠠᠭᠤᠷᠢᠯᠠᠵᠤ᠂ ᠲᠠᠯ᠎ᠠ ᠨᠤᠲᠤᠭ ᠤᠨ ᠲᠠᠪᠤᠨ A ᠲᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠢ ᠴᠤᠭᠴᠠᠯᠠᠨ ᠪᠠᠶᠢᠭᠤᠯᠵᠠᠢ᠃ ︽ᠴᠠᠭᠠᠨ ᠠᠳᠤᠭᠤᠨ ᠤ ᠦᠯᠦᠬᠡᠢ︾ ᠵᠢᠭᠤᠯᠴᠢᠯᠠᠯ ᠤᠨ ᠨᠡᠷᠡᠲᠦ ᠲᠡᠮᠳᠡᠭ ᠢ ᠭᠦᠴᠦᠯᠠᠨ ᠬᠦᠭᠵᠢᠭᠦᠯᠵᠦ᠂ ᠲᠤᠮᠳᠠᠳᠤ ᠤᠯᠤᠰ ᠤᠨ ᠲᠠᠯ᠎ᠠ ᠨᠤᠲᠤᠭ ᠤᠨ ᠮᠤᠷᠢᠨ ᠤ ᠤᠷᠤᠯᠳᠤᠭᠠᠨ ᠢ ᠦᠪᠡᠷᠮᠢᠴᠠ ᠤᠨᠴᠠᠯᠢᠭᠳᠠᠢ ᠵᠤᠬᠢᠶᠠᠨ ᠪᠠᠶᠢᠭᠤᠯᠤᠨ᠂ ᠲᠠᠯ᠎ᠠ ᠨᠤᠲᠤᠭ ᠤᠨ ᠠᠷᠪᠠᠨ ᠶᠡᠭᠡ ᠤᠷᠤᠯᠳᠤᠭᠠᠨ ᠤ ᠵᠠᠮ ᠢ ᠪᠠᠶᠢᠭᠤᠯᠤᠭᠰᠠᠨ ᠤ ᠬᠠᠮᠳᠤ᠂ ᠴᠢᠩᠬᠢᠰ ᠤᠨ ᠬᠤᠶᠠᠷ ᠵᠠᠭᠠᠯ ᠤᠨ ᠦᠯᠢᠭᠡᠷ ᠢᠶᠠᠷ ᠰᠡᠳᠦᠪᠯᠠᠨ᠂ ᠠᠳᠤᠭᠤᠨ ᠤ ᠤᠶᠢᠯᠠᠰ ᠪᠤᠯᠤᠨ ᠵᠢᠭᠤᠯᠴᠢᠯᠠᠯ ᠤᠨ ᠤᠶᠢᠯᠠᠰ ᠤᠨ ᠭᠦᠨᠵᠡᠭᠡᠢ ᠤᠶᠠᠯᠳᠤᠯ ᠭᠦᠭᠵᠢᠯᠳᠡ ᠶᠢ ᠠᠬᠢᠭᠤᠯᠬᠤ ᠶᠢ ᠵᠤᠷᠢᠵᠤ ᠪᠠᠶᠢᠨ᠎ᠠ᠃ ᠰᠠᠭᠤᠷᠢ ᠪᠦᠳᠦᠭᠡᠨ ᠪᠠᠶᠢᠭᠤᠯᠤᠯᠳᠠ ᠶᠢ ᠲᠡᠭᠦᠯᠳᠡᠷᠵᠢᠭᠦᠯᠦᠨ᠂ ᠬᠤᠶᠠᠷ ᠭᠤᠤᠯ ᠰᠡᠳᠦᠪᠳᠤ ᠠᠵᠢᠯᠯᠠᠭ᠎ᠠ᠂ ᠲᠦᠷᠪᠡᠨ ᠶᠡᠭᠡ ᠰᠤᠶᠤᠯ ᠲᠠᠮᠢᠷ ᠤᠨ ᠤᠷᠤᠯᠳᠤᠭᠠᠨ ᠢ ᠲᠡᠰᠵᠢᠭᠦᠯᠵᠤ᠂ ᠰᠢᠨ᠎ᠡ ᠪᠠᠷ ᠬᠤᠶᠠᠷ ᠵᠢᠭᠤᠯᠴᠢᠯᠠᠯ ᠤᠨ ᠤᠶᠢᠯᠡᠴᠢᠯᠡᠭᠡᠨ ᠤ ᠲᠦᠪ ᠪᠠᠶᠢᠭᠤᠯᠤᠭᠰᠠᠨ ᠪᠦᠬᠡᠳ ᠬᠤᠶᠠᠷ ᠦᠪᠡᠷᠳᠡᠭᠡᠨ ᠲᠡᠷᠭᠡ ᠵᠢᠯᠤᠭᠤᠳᠤᠨ ᠵᠤᠭᠠᠴᠠᠬᠤ ᠰᠠᠭᠤᠷᠢᠨ ᠢ ᠪᠠᠶᠢᠭᠤᠯᠬᠤ ᠪᠠᠷ ᠲᠦᠯᠦᠪᠯᠠᠵᠤ᠂ ᠨᠡᠩ ᠤᠯᠠᠨ ᠵᠤᠭᠠᠴᠠᠭᠰᠠᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠪᠠᠶᠢᠨ᠎ᠠ᠃ PPP ᠵᠠᠭᠪᠤᠷ ᠢ ᠠᠰᠢᠭᠯᠠᠨ᠂ ᠦᠵᠡᠮᠵᠢ ᠶᠢᠨ ᠤᠷᠤᠨ ᠤ ᠰᠠᠭᠤᠷᠢ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠤᠶᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ᠂ ᠲᠡᠰ ᠲᠡᠪᠰᠢᠭᠦᠯᠭᠦ ᠶᠢ ᠠᠬᠢᠭᠤᠯᠬᠤ ᠶᠢᠨ ᠬᠠᠮᠳᠤ᠂ ᠵᠢᠭᠤᠯᠴᠢᠯᠠᠯ ᠤᠨ ᠦᠵᠡᠮᠵᠢ ᠶᠢᠨ ᠤᠶᠢᠯᠡᠴᠢᠯᠡᠭᠡᠨ ᠤ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠭᠦᠴᠦᠯᠠᠴᠠ ᠪᠠᠨ ᠨᠡᠮᠡᠭᠳᠡᠭᠦᠯᠵᠦ᠂ ︽ᠮᠠᠯᠴᠢᠨ ᠠᠶᠢᠯ︾ ᠵᠤᠭᠠᠴᠠᠯ ᠤᠨ ᠭᠠᠵᠠᠷ ᠤᠨ ᠲᠦᠯᠦᠪᠵᠢᠭᠦᠯᠭᠡ᠂ ᠲᠦᠷᠢᠮᠵᠢᠭᠰᠡᠨ ᠬᠠᠮᠢᠶᠠᠷᠤᠯᠳᠠ ᠵᠡᠷᠭᠡ ᠶᠢ ᠵᠢᠭᠠᠨ ᠵᠢᠯᠤᠭᠤᠳᠴᠦ᠂ ᠦᠪᠡᠷᠳᠡᠭᠡᠨ ᠵᠠᠰᠠᠬᠤ ᠤᠷᠤᠨ ᠤ ᠵᠢᠭᠤᠯᠴᠢᠯᠠᠯ ᠤᠨ ᠪᠠᠷᠢᠮᠵᠢᠶᠠᠵᠢᠭᠰᠠᠨ ᠵᠢᠱᠢᠶ᠎ᠡ ᠦᠵᠡᠭᠦᠯᠭᠦ ᠲᠦᠷᠦᠯ ᠵᠤᠶᠢᠯ ᠢ ᠢᠳᠡᠪᠬᠢᠳᠠᠢ ᠡᠷᠡᠮᠡᠯᠵᠡᠯᠡᠵᠤ᠂ ᠵᠢᠭᠤᠯᠴᠢᠯᠠᠯ ᠤᠨ ᠤᠶᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠭᠦ ᠪᠠᠷ ᠪᠠᠶᠢᠨ᠎ᠠ᠃ ᠤᠯᠠᠨ ᠨᠡᠶᠢᠳᠠ ᠶᠢᠨ ᠰᠤᠶᠤᠯ ᠲᠠᠮᠢᠷ ᠤᠨ ᠤᠶᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠳᠠ ᠶᠢ ᠲᠦᠷᠭᠡᠳᠭᠡᠨ᠂ ᠰᠤᠶᠤᠯ ᠤᠷᠠᠯᠢᠭ ᠤᠨ ᠰᠤᠳᠤᠨ ᠪᠦᠳᠦᠭᠡᠯ᠂ ᠦᠵᠦᠮᠦᠴᠢᠨ ᠰᠤᠶᠤᠯ ᠢᠷᠭᠡᠨᠰᠢᠯ ᠢ ᠠᠭᠤᠳᠠᠯᠯᠠᠨ ᠲᠢᠭᠯᠡᠬᠦ᠂ ᠰᠤᠶᠤᠯ ᠤᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠳᠠ ᠶᠢ ᠲᠦᠷᠭᠡᠳᠭᠡᠵᠤ᠂ ᠰᠤᠶᠤᠯ ᠪᠤᠯᠤᠨ ᠵᠢᠭᠤᠯᠴᠢᠯᠠᠯ ᠤᠨ ᠤᠶᠢᠯᠠᠰ ᠤᠨ ᠤᠶᠠᠯᠳᠤᠭᠰᠠᠨ ᠭᠦᠭᠵᠢᠯᠳᠡ ᠶᠢ ᠠᠬᠢᠭᠤᠯᠬᠤ ᠪᠠᠷ ᠴᠢᠷᠮᠠᠶᠢᠵᠤ ᠪᠠᠶᠢᠨ᠎ᠠ᠃
 
ᠢᠷᠡᠯᠲᠡ᠄ ᠬᠤᠰᠢᠭᠤ ᠷᠠᠳᠢᠤ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号