ᠨᠡᠭᠦᠳᠡᠯ ᠰᠣᠶᠣᠯ ᠤᠨ ᠬᠠᠮᠠᠭᠠᠯᠠᠯᠲᠠ ᠶᠢᠨ ᠣᠷᠣᠨ
ᠨᠡᠶᠢᠲᠡᠯᠡᠭᠰᠡᠨ ᠴᠠᠭ᠄
2017/4/6
       ᠨᠡᠭᠦᠳᠡᠯ ᠰᠣᠶᠣᠯ ᠤᠨ ᠬᠠᠮᠠᠭᠠᠯᠠᠯᠲᠠ ᠶᠢᠨ ᠣᠷᠣᠨ ᠨᠢ ᠪᠠᠷᠠᠭᠤᠨ ᠦᠵᠦᠮᠦᠴᠢᠨ ᠬᠤᠰᠢᠭᠤᠨ ᠲᠦᠪ ᠎ ᠠᠴᠠ50 ᠺᠢᠯᠤᠮᠧᠲᠷ ᠵᠠᠢ ᠲᠠᠢ ᠪᠠᠶᠢᠵᠣ᠂ ᠪᠠᠷᠠᠭᠤᠨ ᠦᠵᠦᠮᠦᠴᠢᠨ ᠠᠴᠠ ᠪᠠᠷᠠᠭᠤᠨ ᠪᠠᠭᠠᠷᠢᠨ ᠳᠤ ᠬᠦᠷᠬᠦ ᠵᠠᠮ ᠤᠨ ᠵᠠᠪᠡᠯ ᠦᠡᠭᠭᠡᠷᠡᠬᠦ ᠦᠵᠡᠮᠵᠢ ᠶᠢᠨ ᠣᠷᠣᠨ ᠪᠣᠯᠣᠨ᠎ᠠ᠃ ᠪᠦᠬᠦ ᠦᠵᠡᠮᠵᠢ ᠶᠢᠨ ᠣᠷᠣᠨ ᠤ ᠲᠠᠯᠠᠪᠠᠢ ᠨᠢ 82 ᠺᠤᠸᠠᠲ ᠺᠢᠯᠤᠮᠧᠲᠷ ᠪᠠᠶᠢᠵᠣ᠂ ᠡᠭᠦᠨ ᠳᠤ ᠭᠤᠣᠯ ᠦᠵᠡᠮᠵᠢ ᠶᠢᠨ ᠲᠠᠯᠠᠪᠠᠢ ᠨᠢ 2 ᠲᠦᠮᠡᠨ ᠮᠤ᠋ ᠪᠣᠯᠣᠨ᠎ᠠ᠃      ᠲᠣᠰ ᠦᠵᠡᠮᠵᠢ ᠶᠢᠨ ᠣᠷᠣᠨ ᠨᠢ ᠪᠠᠶᠢᠭᠠᠯᠢᠯᠢᠭ ᠲᠠᠯ᠎ᠠ ᠨᠣᠲᠤᠭ ᠤᠨ ᠦᠵᠡᠮᠵᠢ ᠪᠣᠯᠦᠨ ᠮᠣᠩᠭᠤᠯ ᠦᠨᠳᠣᠰᠣᠲᠡᠨ ᠤ ᠨᠡᠭᠦᠳᠡᠯ ᠮᠠᠯᠵᠢᠯ ᠤᠨ ᠰᠣᠶᠣᠯ ᠢ ᠰᠣᠨᠢᠷᠬᠠᠬᠤ ᠪᠠᠷ ᠭᠤᠣᠯ ᠪᠣᠯᠭᠠᠨ᠂ ᠦᠵᠡᠮᠵᠢ ᠶᠢᠨ ᠣᠷᠣᠨ ᠤ ᠭᠠᠵᠠᠷ ᠤᠨ ᠪᠠᠶᠢᠴᠠ ᠡᠲᠡᠭᠡᠳ ᠰᠣᠨᠢᠨ ᠪᠠᠶᠢᠵᠣ᠂ ᠲᠠᠯ᠎ᠠ ᠭᠠᠵᠠᠷ ᠪᠠᠷ ᠭᠤᠣᠯᠯᠡᠨ᠂ ᠡᠯᠡᠰᠣᠨ ᠲᠣᠪᠤ ᠪᠣᠯᠤᠨ ᠣᠢ ᠰᠢᠭᠤᠢ ᠪᠠᠷ ᠵᠠᠯᠭᠠᠯᠳᠣᠵᠣ᠂ ᠵᠠᠬ᠎ᠠ ᠪᠠᠷ ᠢᠶᠠᠨ ᠨᠠᠮᠬᠠᠨ ᠠᠭᠤᠯᠠ ᠲᠣᠯᠣᠭᠠᠳ ᠢᠶᠠᠷ ᠭᠦᠷᠢᠶᠡᠯᠡᠵᠤ᠂ ᠳᠣᠮᠳᠠ ᠪᠠᠨ ᠨᠠᠮᠣᠷᠬᠠᠭ ᠭᠤᠪᠢ ᠲᠠᠢ ᠪᠠᠶᠢᠵᠤ᠂ ᠡᠨᠡ ᠪᠦᠬᠦᠨ ᠤ ᠳᠤᠮᠳᠠᠭᠤᠷ ᠭᠦᠮᠦᠨ ᠮᠠᠯ ᠤᠨ ᠣᠮᠳᠠ ᠪᠣᠯᠣᠭᠰᠡᠨ ᠪᠠᠯᠭᠠᠷ ᠭᠤᠣᠯ ᠲᠦᠮᠡ ᠮᠢᠩᠭᠠᠨ ᠨᠤᠭᠤᠯᠤᠭ᠎ᠠ ᠲᠠᠲᠠᠭᠤᠯᠣᠨ᠂ ᠬᠠᠯᠬᠢᠨ ᠴᠠᠯᠬᠢᠨ ᠣᠮᠠᠷᠠᠰᠢ ᠣᠷᠣᠰᠤᠨ᠎ᠠ᠃ ᠦᠵᠡᠮᠵᠢ ᠶᠢᠨ ᠣᠷᠣᠨ ᠳᠤ ᠴᠠᠭᠠᠨ ᠬᠤᠰᠣ ᠮᠣᠳᠣ ᠵᠢᠭᠲᠡᠷᠯᠡᠵᠤ᠂ ᠦᠨᠳᠣᠷ ᠰᠦᠷᠯᠢᠭ ᠶᠣᠯᠣ ᠬᠠᠶᠢᠷᠬᠠᠨ ᠰᠦᠨᠳᠡᠷᠯᠡᠨ᠂ ᠠᠯᠳᠠᠩᠬᠸ᠎ᠠ ᠴᠡᠴᠡᠭ ᠨᠢᠳᠦ ᠪᠣᠯᠢᠶᠠᠨ ᠳᠡᠯᠭᠡᠷᠡᠨ᠎ᠡ᠃ ᠭᠡᠷᠪᠡ ᠦᠵᠦᠮᠦᠴᠢᠨ ᠪᠠᠶᠢᠭᠠᠯᠢᠯᠢᠭ ᠲᠠᠯ᠎ᠠ ᠨᠣᠲᠤᠭ ᠪᠣᠯᠣᠨ ᠨᠡᠭᠦᠳᠡᠯ ᠮᠠᠯᠵᠢᠯ ᠤᠨ ᠰᠣᠶᠣᠯ ᠢ ᠰᠢᠯᠢ ᠶᠢᠨ ᠭᠤᠣᠯ ᠠᠶᠢᠮᠠᠭ ᠤᠨ ᠦᠡᠭᠭᠡ ᠦᠵᠡᠮᠵᠢ ᠪᠦᠷᠢᠲᠦᠭᠰᠡᠨ ᠦᠨᠳᠦᠰᠦᠳᠡᠨ ᠎ ᠤ ᠶᠡᠭᠡ ᠰᠣᠶᠣᠯ ‍ᠤᠨ‌ᠦᠪ ᠭᠡᠵᠤ ᠬᠡᠯᠡᠳᠡᠭ ᠪᠣᠯ ᠡᠨᠡ ᠪᠦᠬᠦᠨ ᠢ ᠨᠡᠭᠦᠳᠡᠯᠴᠢᠨ ᠠᠶᠢᠮᠠᠭ ᠵᠢᠭᠤᠯᠴᠢᠯᠠᠯ ᠤᠨ ᠣᠷᠣᠨ ᠎ ᠨᠢ ᠲᠠ ᠪᠦᠬᠦᠨ ᠤ ᠬᠠᠷᠠᠭ᠎ᠠ ᠢ ᠪᠠᠶᠠᠰᠬᠠᠨ᠂ ᠰᠡᠳᠬᠢᠯ ᠳᠤ ᠴᠢᠨᠢ ᠬᠦᠷᠭᠡᠬᠦ ᠪᠣᠯᠣᠨ᠎ᠠ  ᠃
 
ᠢᠷᠡᠯᠲᠡ᠄ ᠬᠤᠰᠢᠭᠤ ᠵᠢᠭᠤᠯᠴᠢᠯᠠᠯ ᠤᠨ ᠤᠶᠢᠯᠡᠴᠢᠯᠡᠭᠡᠨ ᠤ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号