ᠪᠠᠷᠠᠭᠤᠨ ᠦᠵᠦᠮᠦᠴᠢᠨ ᠬᠤᠰᠢᠭᠤᠨ ᠤ ᠲᠤᠶᠢᠮᠤ ᠪᠠᠶᠢᠳᠠᠯ
ᠨᠡᠶᠢᠲᠡᠯᠡᠭᠰᠡᠨ ᠴᠠᠭ᠄
2017/4/6
                 ᠪᠠᠷᠠᠭᠤᠨ ᠦᠵᠦᠮᠦᠴᠢᠨ ᠬᠤᠰᠢᠭᠤᠨ ᠤ ᠲᠤᠶᠢᠮᠤ ᠪᠠᠶᠢᠳᠠᠯ       ᠪᠠᠷᠠᠭᠤᠨ ᠦᠵᠦᠮᠦᠴᠢᠨ ᠬᠤᠰᠢᠭᠤ ᠪᠤᠯ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠯᠢ  ᠶᠢᠨ ᠭᠤᠤᠯ ᠠᠶᠢᠮᠠᠭ ᠤᠨ ᠢᠶᠠᠨ ᠵᠡᠭᠦᠨ ᠬᠡᠰᠡᠭ ᠲᠤ ᠪᠠᠶᠢᠷᠢᠯᠠᠵᠤ᠂ ᠵᠠᠰᠠᠭ ᠵᠠᠬᠢᠷᠭᠠᠨ ᠤ ᠬᠠᠷᠢᠶᠠᠨ ᠳᠠᠭᠠᠨ 5 ᠪᠠᠯᠭᠠᠰᠤ 2 ᠰᠤᠮᠤ ᠲᠠᠢ᠂ 22434.5 ᠲᠡᠭᠰᠢ ᠲᠦᠷᠪᠡᠯᠵᠢᠨ ᠺᠢᠯᠦᠮᠧᠲᠷ ᠭᠠᠵᠠᠷ ᠨᠤᠲᠤᠭ ᠲᠠᠢ᠂ ᠪᠠᠶᠢᠡᠭᠭᠤ ᠰᠠᠭᠤᠭ᠎ᠠ 8.7 ᠲᠦᠮᠡᠨ ᠬᠦᠮᠦᠨ ᠠᠮᠠ ᠲᠠᠢ᠂ ᠡᠭᠦᠨ ᠳᠤ ᠮᠤᠩᠭᠤᠯ ᠦᠨᠳᠤᠰᠦᠳᠠᠨ 5.35 ᠲᠦᠮᠡᠨ ᠭᠦᠮᠦᠨ ᠠᠮᠠ ᠪᠠᠶᠢᠵᠤ᠂ ᠪᠦᠭᠦ ᠬᠤᠰᠢᠭᠤᠨ ᠤ ᠭᠦᠮᠦᠨ ᠠᠮᠠ ᠶᠢᠨ 68.1% ᠡᠵᠡᠯᠡᠵᠤ᠂ ᠮᠠᠯᠵᠢᠬᠤ ᠤᠷᠤᠨ ᠤ ᠭᠦᠮᠦᠨ ᠠᠮᠠ ᠨᠢ ᠪᠦᠭᠦ ᠬᠤᠰᠢᠭᠤᠨ ᠤ ᠭᠦᠮᠦᠨ ᠠᠮᠠ ᠶᠢᠨ 55% ᠶᠢ ᠡᠵᠡᠯᠠᠵᠤ᠂ ᠮᠤᠩᠭᠤᠯ ᠦᠨᠳᠦᠰᠦᠲᠡᠡ ᠢᠶᠠᠷ ᠭᠤᠤᠯᠯᠠᠭᠰᠠᠨ ᠤᠯᠠᠨ ᠦᠨᠳᠤᠰᠦᠳᠠᠨ ᠬᠠᠮᠳᠤ ᠰᠠᠭᠤᠷᠢᠰᠢᠵᠤ ᠪᠠᠶᠢᠭ᠎ᠠ ᠴᠦᠭᠡᠨ ᠲᠤᠭᠠᠳᠤ ᠦᠨᠳᠤᠰᠦᠳᠠᠨ ᠤ ᠬᠤᠰᠢᠭᠤ ᠰᠢᠶᠠᠨ ᠪᠤᠯᠤᠨ᠎ᠠ᠃ ᠪᠦᠬᠦ ᠬᠤᠰᠢᠭᠤᠨ ᠤ ᠠᠰᠢᠬᠯᠠᠵᠤ ᠪᠤᠯᠬᠤ ᠨᠤᠳᠤᠭ ᠪᠡᠯᠴᠢᠭᠡᠷ ᠤᠨ ᠲᠠᠯᠠᠪᠠᠢ 20290 ᠲᠡᠭᠰᠢ ᠲᠦᠷᠪᠡᠯᠵᠢᠨ ᠺᠢᠯᠦᠮᠧᠲᠷ ᠪᠠᠶᠢᠵᠤ᠂ ᠭᠠᠵᠠᠷ ᠨᠤᠳᠤᠭ ᠤᠨ ᠶᠡᠷᠦᠩᠭᠡᠢ ᠲᠠᠯᠠᠪᠠᠢ ᠶᠢᠨ 90% ᠶᠢ ᠡᠵᠡᠯᠡᠵᠤ ᠪᠠᠶᠢᠨ᠎ᠠ᠃ ᠬᠤᠰᠢᠭᠤ ᠵᠠᠰᠠᠭ ᠤᠨ ᠤᠷᠳᠤᠨ ᠤ ᠪᠠᠶᠢᠭ᠎ᠠ ᠪᠠᠯᠭᠠᠷᠭᠤᠤᠯ ᠪᠠᠯᠭᠠᠰᠤ ᠪᠤᠯ ︽ᠪᠦᠬᠦ ᠤᠯᠤᠰ ᠤᠨ ᠬᠠᠷᠰᠢ ᠰᠠᠭᠠᠳ ᠦᠭᠡᠢ ᠪᠦᠳᠦᠭᠡᠨ ᠪᠠᠶᠢᠭᠤᠯᠤᠯᠳᠠ ᠲᠠᠢ ᠬᠤᠳᠠ ᠰᠢᠶᠠᠨ︾᠂ ︽ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠶᠢᠨ ᠤᠷᠤᠰᠢᠨ ᠰᠠᠭᠤᠬᠤ ᠳ᠋ᠠ ᠲᠠᠭᠠᠳᠠᠢ ᠵᠢᠱᠢᠶᠡᠴᠢ ᠬᠤᠰᠢᠭᠤ ᠰᠢᠶᠠᠨ︾᠂ ︽ᠦᠪᠡᠷᠳᠡᠭᠡᠨ ᠵᠠᠰᠠᠬᠤ ᠤᠷᠤᠨ ᠤ ᠲᠡᠰ ᠤᠨ ᠤᠨᠴᠠᠯᠢᠬᠳᠦ ᠵᠢᠭᠤᠯᠴᠢᠯᠠᠯ ᠤᠨ ᠨᠡᠷᠡᠲᠦ ᠪᠠᠯᠭᠠᠰᠤ︾ ᠪᠤᠯᠤᠨ᠎ᠠ᠃       ᠪᠠᠷᠠᠭᠤᠨ ᠦᠵᠦᠮᠦᠴᠢᠨ ᠬᠤᠰᠢᠭᠤ ᠦᠨᠢᠷ ᠦᠳᠬᠡᠡ ᠰᠤᠶᠤᠯ ᠵᠠᠩᠰᠢᠯ᠂ ᠦᠪ ᠵᠤᠵᠠᠭᠠᠨ ᠲᠡᠦᠬᠡ ᠰᠤᠷᠪᠤᠯᠵᠢ ᠲᠠᠢ ᠪᠠᠶᠢᠳᠠᠭ ᠢᠶᠠᠷ ᠢᠶᠠᠨ ︽ᠠᠪᠤᠷᠭᠤ ᠪᠦᠬᠡ ᠶᠢᠨ ᠠᠯᠲᠠᠨ ᠦᠯᠦᠭᠡᠢ᠂ ᠤᠷᠲᠤ ᠶᠢᠨ ᠳᠠᠭᠤᠤ ᠶᠢᠨ ᠤᠤᠭᠠᠯ ᠨᠤᠲᠤᠭ᠂ ᠮᠤᠩᠭᠤᠯ ᠬᠤᠪᠴᠠᠰᠤᠨ ᠤ ᠤᠷ᠎ᠠ ᠶᠢᠨ ᠰᠠᠩ᠂ ᠨᠡᠭᠦᠳᠡᠯᠴᠢᠨ ᠠᠶᠢᠮᠠᠭ ᠤᠨ ᠰᠤᠶᠤᠯ ᠪᠠᠭ᠋ᠠᠷᠬᠠᠯ᠂ ᠲᠣᠮᠳᠠᠳᠣ ᠣᠯᠣᠰ ᠤᠨ ᠴᠠᠭᠠᠨ ᠠᠳᠣᠭᠤᠨ ᠤ ᠦᠯᠦᠭᠡᠢ᠂ ᠣᠷᠠᠨ ᠬᠠᠶᠢᠷᠭᠤᠴᠠᠢ ᠶᠢᠨ ᠵᠢᠷᠬᠢᠬᠡᠨᠳᠣ ᠣᠷᠣᠨ︾ ᠭᠡᠰᠡᠡ ᠰᠠᠶᠢᠬᠠᠨ ᠠᠯᠳᠠᠷ ᠲᠠᠢ ᠪᠠᠶᠢᠵᠤ᠂ ᠲᠠᠯ᠎ᠠ ᠨᠤᠳᠤᠭ ᠤᠨ ᠤᠨᠴᠠᠯᠢᠭᠳᠤ ᠵᠢᠭᠤᠯᠴᠢᠯᠠᠯ ᠤᠨ ᠤᠶᠢᠯᠠᠰ᠂ ᠦᠨᠳᠤᠰᠦᠳᠠᠨ ᠤ ᠰᠤᠶᠤᠯ ᠤᠨ ᠤᠶᠢᠯᠠᠰ ᠢ ᠭᠦᠭᠵᠢᠭᠦᠯᠭᠦ ᠳᠤ ᠲᠠᠪᠠᠭᠤᠯᠢᠭ ᠨᠦᠭᠦᠴᠡᠯ ᠲᠠᠢ ᠪᠠᠶᠢᠳᠠᠭ᠃       ᠪᠠᠷᠠᠭᠤᠨ ᠦᠵᠦᠮᠦᠴᠢᠨ ᠬᠤᠰᠢᠭᠤ ᠨᠢ ᠡᠬᠢ ᠪᠠᠶᠠᠯᠢᠭ ᠡᠯᠪᠡᠭ ᠲᠡᠯᠪᠡᠭ ᠪᠠᠶᠢᠵᠤ᠂ ᠢᠯᠡᠷᠡᠭᠦᠯᠦᠭᠰᠡᠨ ᠠᠭᠤᠷᠬᠠᠢ ᠶᠢᠨ ᠪᠤᠯᠠᠭᠳᠠᠴᠠ ᠨᠢ ᠭᠤᠤᠯᠳᠠᠭᠤ ᠨᠡᠭᠦᠷᠡᠰᠦ᠂ ᠬᠠᠷ᠎ᠠ ᠲᠤᠭᠤᠯᠭ᠎ᠠ᠂ ᠴᠠᠶᠢᠷ᠂ ᠵᠠᠰ᠂ ᠲᠡᠮᠤᠷ᠂ ᠮᠦᠡᠭᠭᠦ᠂ ᠨᠢᠺᠧᠯ᠂ ᠭᠠᠨᠳᠢᠭ ᠴᠢᠯᠠᠭᠤ ᠵᠡᠷᠭᠡ ᠪᠤᠢ᠃ ᠬᠠᠶᠢᠵᠤ ᠤᠯᠤᠭᠰᠠᠨ ᠨᠡᠭᠦᠷᠡᠰᠦᠨ ᠤ ᠪᠤᠯᠠᠭᠳᠠᠴᠠ 522.7 ᠳ᠋ᠦᠡᠭᠰᠢᠭᠤᠷ ᠲᠤᠨ ᠪᠠᠶᠢᠵᠤ᠂ ᠡᠭᠦᠨ ᠳᠤ ᠪᠠᠶᠠᠨᠬᠤᠸᠠ ᠨᠡᠭᠦᠷᠡᠰᠦᠨ ᠠᠭᠤᠷᠬᠠᠢ ᠶᠢᠨ ᠪᠤᠯᠠᠭᠳᠠᠴᠠ 141 ᠳ᠋ᠦᠡᠭᠰᠢᠭᠤᠷ ᠲᠤᠨ ᠪᠠᠶᠢᠵᠤ᠂ ᠴᠢᠨᠠᠷ ᠰᠠᠶᠢᠨ ᠲᠤᠤᠷ᠎ᠠ ᠭᠦᠭᠦᠷᠳᠤ ᠭᠦᠷᠡᠩ ᠨᠡᠭᠦᠷᠡᠰᠦ ᠪᠤᠯᠤᠨ᠎ᠠ᠃ ᠵᠠᠭᠤᠨ ᠳ᠋ᠦᠡᠭᠰᠢᠭᠤᠷ ᠲᠤᠨ ᠠᠴᠠ ᠲᠤᠷᠤᠭᠰᠢ ᠠᠷᠪᠠᠨ ᠳ᠋ᠦᠡᠭᠰᠢᠭᠤᠷ ᠲᠤᠨ ᠠᠴᠠ ᠲᠡᠭᠡᠭᠰᠢ ᠪᠤᠯᠠᠭᠳᠠᠴᠠ ᠲᠠᠢ ᠨᠡᠭᠦᠷᠡᠰᠦᠨ ᠠᠭᠤᠷᠬᠠᠢ 8 ᠪᠤᠢ᠃ ᠬᠠᠶᠢᠵᠤ ᠤᠯᠤᠭᠰᠠᠨ ᠦᠡᠭᠭᠡᠳᠦ ᠲᠡᠮᠦᠷᠯᠢᠭ ᠤᠨ ᠬᠠᠳᠠᠭᠠᠯᠠᠭᠳᠠᠴᠠ 228 ᠲᠦᠮᠡᠨ ᠲᠤᠨ ᠪᠤᠢ᠃     2016 ᠤᠨ ᠳᠤ᠂ ᠪᠦᠭᠦ ᠬᠤᠰᠢᠭᠤᠨ ᠤ ᠭᠠᠵᠠᠷ ᠤᠷᠤᠨ ᠤ ᠤᠶᠢᠯᠠᠳᠪᠤᠷᠢᠯᠠᠯ ᠤᠨ ᠶᠡᠷᠦᠩᠭᠡᠢ ᠦᠷᠳᠡᠭ 118.5 ᠳ᠋ᠦᠡᠭᠰᠢᠭᠤᠷ ᠲᠦᠭᠦᠷᠢᠭ ᠪᠠᠶᠢᠵᠤ᠂ 8.9% ᠪᠠᠷ ᠨᠡᠮᠡᠭᠳᠡᠪᠡ︔ ᠪᠦᠭᠦ ᠨᠡᠶᠢᠭᠡᠮ ᠤᠨ ᠲᠤᠭᠳᠠᠮᠠᠯ ᠭᠦᠷᠦᠩᠭᠡ ᠶᠢᠨ ᠪᠡᠯᠡ ᠤᠷᠤᠭᠤᠯᠤᠯᠳᠠ 102.25 ᠳ᠋ᠦᠡᠭᠰᠢᠭᠤᠷ ᠲᠦᠭᠦᠷᠢᠭ ᠪᠠᠶᠢᠵᠤ᠂ 23.2% ᠢᠶᠠᠷ ᠨᠡᠮᠡᠭᠳᠡᠪᠡ︔ ᠤᠯᠠᠨ ᠨᠠᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ 20.72 ᠳ᠋ᠦᠡᠭᠰᠢᠭᠤᠷ ᠲᠦᠭᠦᠷᠢᠭ ᠢ ᠪᠡᠶᠡᠯᠡᠭᠦᠯᠵᠤ᠂ 9.2% ᠢᠶᠠᠷ ᠨᠡᠮᠡᠭᠳᠡᠪᠡ︔ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠭᠦᠮᠦᠨ ᠲᠤᠮᠳᠠᠴᠢ ᠶᠢᠨ ᠬᠤᠪᠢᠶᠠᠷᠢᠯᠠᠵᠤ ᠪᠤᠯᠬᠤᠶᠢᠴᠠ ᠤᠷᠤᠯᠭ᠎ᠠ 33537 ᠲᠦᠭᠦᠷᠢᠭ ᠲᠤ ᠭᠦᠷᠴᠦ᠂ 8.5% ᠪᠠᠷ  ᠨᠡᠮᠡᠭᠳᠡᠪᠡ︔ ᠮᠠᠯᠵᠢᠬᠤ ᠤᠷᠤᠨ ᠤ ᠪᠠᠶᠢᠡᠭᠭᠤ ᠶᠢᠨ ᠰᠠᠭᠤᠭᠠᠯᠢ ᠠᠷᠠᠳ ᠤᠨ ᠭᠦᠮᠦᠨ ᠲᠤᠮᠳᠠᠴᠢ ᠶᠢᠨ ᠬᠤᠪᠢᠶᠠᠷᠢᠯᠠᠵᠤ ᠪᠤᠯᠬᠤᠶᠢᠴᠠ ᠤᠷᠤᠯᠭ᠎ᠠ 21889 ᠲᠦᠭᠦᠷᠢᠭ ᠲᠤ ᠭᠦᠷᠴᠦ᠂ 7.9% ᠪᠠᠷ ᠨᠡᠮᠡᠭᠳᠡᠪᠡ︔ ᠪᠦᠭᠦ ᠨᠡᠶᠢᠭᠡᠮ ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠯᠳᠠ ᠶᠢᠨ ᠶᠡᠷᠦᠩᠭᠡᠢ ᠦᠷᠳᠡᠭ 20.5 ᠳ᠋ᠦᠡᠭᠰᠢᠭᠤᠷ ᠲᠦᠭᠦᠷᠢᠭ ᠲᠤ ᠭᠦᠷᠴᠦ᠂ 9.8% ᠪᠠᠷ ᠨᠡᠮᠡᠭᠳᠡᠪᠡ᠃     2017 ᠤᠨ ᠤ ᠭᠤᠤᠯ ᠵᠢᠱᠢᠭᠰᠡᠨ ᠬᠠᠷᠠᠯᠳᠠ ᠪᠤᠯ᠄ ᠭᠠᠵᠠᠷ ᠤᠷᠤᠨ ᠤ ᠤᠶᠢᠯᠠᠳᠪᠤᠷᠢᠯᠠᠯ ᠤᠨ ᠶᠡᠷᠦᠩᠭᠡᠢ ᠦᠷᠳᠡᠭ ᠢ 123.7 ᠳ᠋ᠦᠡᠭᠰᠢᠭᠤᠷ ᠲᠦᠭᠦᠷᠢᠭ ᠲᠤ ᠭᠦᠷᠭᠡᠵᠤ᠂ 8.2% ᠢᠶᠠᠷ ᠨᠡᠮᠡᠭᠳᠡᠭᠦᠯᠦᠨ᠎ᠠ᠃ ᠡᠭᠦᠨ ᠳᠤ᠄ ᠨᠢᠭᠡᠳᠦᠭᠡᠷ ᠠᠵᠤ ᠤᠶᠢᠯᠠᠰ ᠤᠨ ᠨᠡᠮᠡᠭᠳᠡᠯ ᠦᠷᠳᠡᠭ ᠢ 17.2 ᠳ᠋ᠦᠡᠭᠰᠢᠭᠤᠷ ᠲᠦᠭᠦᠷᠢᠭ ᠲᠤ ᠭᠦᠷᠭᠡᠵᠤ᠂ 4.3%  ᠪᠠᠷ ᠨᠡᠮᠡᠭᠳᠡᠭᠦᠯᠦᠨ᠎ᠠ᠃ ᠬᠤᠶᠠᠳᠤᠭᠠᠷ ᠠᠵᠤ ᠤᠶᠢᠯᠠᠰ ᠤᠨ ᠨᠡᠮᠡᠭᠳᠡᠯ ᠦᠷᠳᠡᠭ ᠢ 85.9 ᠳ᠋ᠦᠡᠭᠰᠢᠭᠤᠷ ᠲᠦᠭᠦᠷᠢᠭ  ᠲᠤ ᠭᠦᠷᠭᠡᠵᠤ᠂ 8.6% ᠪᠠᠷ ᠨᠡᠮᠡᠭᠳᠡᠭᠦᠯᠦᠨ᠎ᠠ᠃ ᠭᠤᠷᠪᠠᠳᠤᠭᠠᠷ ᠠᠵᠤ ᠤᠶᠢᠯᠠᠰ ᠤᠨ ᠨᠡᠮᠡᠭᠳᠡᠯ ᠦᠷᠳᠡᠭ ᠢ 20.6 ᠳ᠋ᠦᠡᠭᠰᠢᠭᠤᠷ ᠲᠦᠭᠦᠷᠢᠭ ᠲᠤ ᠭᠦᠷᠭᠡᠵᠤ᠂ 10% ᠪᠠᠷ ᠨᠡᠮᠡᠭᠳᠡᠭᠦᠯᠦᠨ᠎ᠠ᠃ ᠪᠦᠭᠦ ᠨᠡᠶᠢᠭᠡᠮ ᠤᠨ ᠲᠤᠭᠳᠠᠮᠠᠯ ᠭᠦᠷᠦᠩᠭᠡ ᠶᠢᠨ ᠪᠡᠯᠡ ᠤᠷᠤᠭᠤᠯᠤᠯᠳᠠ ᠶᠢ 115.4 ᠳ᠋ᠦᠡᠭᠰᠢᠭᠤᠷ ᠲᠦᠭᠦᠷᠢᠭ ᠲᠤ ᠭᠦᠷᠭᠡᠵᠤ᠂ 14% ᠪᠠᠷ ᠨᠡᠮᠡᠭᠳᠡᠭᠦᠯᠦᠨ᠎ᠠ᠃ ᠡᠩ ᠤᠨ ᠤᠯᠠᠨ ᠨᠠᠶᠢᠳᠠ ᠶᠢᠨ ᠡᠳ᠋ ᠤᠨ ᠵᠠᠰᠠᠭ ᠤᠨ  ᠳᠦᠰᠦᠪ ᠤᠨ ᠤᠷᠤᠯᠭ᠎ᠠ ᠶᠢ 21.8 ᠳ᠋ᠦᠡᠭᠰᠢᠭᠤᠷ ᠲᠦᠭᠦᠷᠢᠭ ᠲᠤ ᠭᠦᠷᠭᠡᠵᠤ᠂ 5.3% ᠪᠠᠷ ᠨᠡᠮᠡᠭᠳᠡᠭᠦᠯᠦᠨ᠎ᠠ᠃ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠭᠦᠮᠦᠨ ᠲᠤᠮᠳᠠᠴᠢ ᠶᠢᠨ ᠬᠤᠪᠢᠶᠠᠷᠢᠯᠠᠵᠤ ᠪᠤᠯᠬᠤᠶᠢᠴᠠ ᠤᠷᠤᠯᠭ᠎ᠠ ᠶᠢ 36420 ᠲᠦᠭᠦᠷᠢᠭ ᠲᠤ ᠭᠦᠷᠭᠡᠵᠤ᠂ 8.6% ᠪᠠᠷ ᠨᠡᠮᠡᠭᠳᠡᠭᠦᠯᠦᠨ᠎ᠠ᠃ ᠮᠠᠯᠵᠢᠬᠤ ᠤᠷᠤᠨ ᠤ ᠪᠠᠶᠢᠡᠭᠭᠤ ᠶᠢᠨ ᠰᠠᠭᠤᠭᠠᠯᠢ ᠠᠷᠠᠳ ᠤᠨ ᠭᠦᠮᠦᠨ ᠲᠤᠮᠳᠠᠴᠢ ᠶᠢᠨ ᠬᠤᠪᠢᠶᠠᠷᠢᠯᠠᠵᠤ ᠪᠤᠯᠬᠤᠶᠢᠴᠠ ᠤᠷᠤᠯᠭ᠎ᠠ ᠶᠢ 23860 ᠲᠦᠭᠦᠷᠢᠭ ᠲᠤ ᠭᠦᠷᠭᠡᠵᠤ᠂ 9% ᠪᠠᠷ ᠨᠡᠮᠡᠭᠳᠡᠭᠦᠯᠦᠨ᠎ᠠ᠃ ᠪᠦᠭᠦ ᠨᠡᠶᠢᠭᠡᠮ ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠯᠳᠠ ᠶᠢᠨ ᠶᠡᠷᠦᠩᠭᠡᠢ ᠦᠷᠳᠡᠭ ᠢ 22.5 ᠳ᠋ᠦᠡᠭᠰᠢᠭᠤᠷ ᠲᠦᠭᠦᠷᠢᠭ ᠲᠤ ᠭᠦᠷᠭᠡᠵᠤ᠂ 10% ᠪᠠᠷ ᠨᠡᠮᠡᠭᠳᠡᠭᠦᠯᠦᠨ᠎ᠠ᠃
 
ᠢᠷᠡᠯᠲᠡ᠄ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号