ᠭᠦᠷᠦᠭᠡᠰᠦᠲᠠᠢ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ
ᠨᠡᠶᠢᠲᠡᠯᠡᠭᠰᠡᠨ ᠴᠠᠭ᠄
2017/4/6
    ᠭᠦᠷᠦᠭᠡᠰᠦᠲᠠᠢ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠨᠢ ᠪᠠᠷᠠᠭᠤᠨ ᠦᠵᠦᠮᠦᠴᠢᠨ ᠬᠤᠰᠢᠭᠤᠨ ᠠᠴᠠ ᠡᠮᠤᠨᠡᠰᠢ 70 ᠺᠢᠯᠤᠮᠧᠲᠷ ᠤᠨ ᠵᠠᠢ ᠲᠠᠢ ᠠᠭᠤᠯᠠᠰ ᠤᠨ ᠳᠤᠮᠳᠠ ᠤᠷᠤᠰᠢᠵᠤ ᠪᠤᠢ᠂ ᠪᠦᠬᠦ ᠲᠠᠯᠠᠪᠠᠢ ᠨᠢ 147.63 ᠡᠾᠧᠺᠲ᠋ᠠᠷ᠂ ᠪᠠᠭ᠎ᠠ ᠬᠢᠩᠭᠠᠨ ᠳᠠᠪᠠᠭ᠎ᠠ ᠶᠢᠨ ᠦᠵᠦᠭᠦᠷ ᠲᠤ ᠬᠠᠷᠢᠶᠠᠯᠠᠭᠳᠠᠨ᠂ ᠨᠢᠭᠡᠨᠲᠡ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠢᠶᠠᠷ ᠵᠢᠭᠰᠠᠭᠠᠭᠳᠠᠭᠰᠠᠨ ᠪᠠᠶᠢᠨ᠎ᠠ᠃ ᠭᠦᠷᠦᠭᠡᠰᠦᠲᠠᠢ ᠦᠵᠡᠮᠵᠢ ᠶᠢᠨ ᠤᠷᠤᠨ ᠤ ᠳᠦᠷᠪᠡᠨ ᠤᠯᠠᠷᠢᠯ ᠤᠨ ᠦᠵᠡᠮᠵᠢ ᠶᠢ ᠮᠠᠭᠳᠠᠭᠠᠳ ᠪᠠᠷᠠᠰᠢ ᠦᠭᠡᠢ᠂ ᠰᠦᠷᠯᠢᠭ ᠦᠨᠳᠣᠷ ᠠᠭᠤᠯᠠᠰ ᠨᠢ ᠰᠦᠷ ᠵᠢᠪᠬᠤᠭᠠᠯᠢᠭ᠂ ᠪᠦᠷ ᠤᠨᠴᠠᠭᠠᠢ ᠦᠵᠡᠮᠵᠢ ᠪᠠᠷ ᠢᠶᠠᠨ ᠠᠯᠳᠠᠷᠰᠢᠵᠤ ᠪᠠᠶᠢᠳᠠᠭ᠃ ᠳᠠᠯᠠᠢ ᠶᠢᠨ ᠲᠦᠪᠰᠢᠨ  ᠠᠴᠠ 1957 ᠮᠧᠲᠷ ᠦᠨᠳᠦᠷ ᠪᠠᠶᠢᠵᠦ᠂ ᠭᠦᠷᠦᠭᠡᠰᠦᠲᠠᠢ ᠠᠭᠤᠯᠠ ᠪᠤᠯ ᠰᠢᠯᠢ ᠶᠢᠨ ᠭᠤᠤᠯ ᠠᠶᠢᠮᠠᠭ ᠤᠨ ᠬᠠᠮᠤᠭ  ᠤᠨ ᠦᠨᠳᠤᠷ ᠠᠭᠤᠯᠠᠨ ᠤᠷᠭᠢᠯ ᠪᠤᠯᠬᠤ ᠶᠤᠮ᠃ ᠬᠠᠮᠠᠭᠠᠯᠠᠯᠲᠠ ᠶᠢᠨ ᠤᠷᠤᠨ ᠭᠡᠳᠡᠭ ᠨᠢ ᠮᠦᠨ ᠡᠨᠡ ᠠᠭᠤᠯᠠᠨ  ᠠᠴᠠ ᠨᠡᠷᠡᠶᠢᠳᠴᠠᠢ᠃ ᠭᠦᠷᠦᠭᠡᠰᠦᠲᠠᠢ ᠪᠤᠯ ᠮᠤᠩᠭᠤᠯ ᠦᠭᠡ ᠶᠢᠨ ︽ᠪᠤᠭᠤ ᠰᠤᠭᠤ ᠲᠠᠢ ᠠᠭᠤᠯᠠ︾ ᠭᠡᠰᠡᠨ ᠤᠳᠬ᠎ᠠ ᠲᠠᠢ᠃ ᠦᠵᠡᠮᠵᠢ ᠶᠢᠨ ᠤᠷᠤᠨ ᠳᠤ ᠠᠮᠢᠲᠠᠨ ᠠᠷᠢᠶᠠᠲᠠᠨ ᠤ ᠲᠦᠷᠣᠯ ᠵᠦᠢᠯ ᠲᠣᠩ ᠤᠯᠠᠨ ᠪᠠᠶᠢᠵᠤ᠂ ᠤᠯᠠᠨ ᠠᠷᠪᠢᠨ ᠵᠡᠷᠯᠢᠭ ᠠᠮᠢᠲᠡᠨ ᠣᠷᠣᠩᠨᠠᠵᠣ ᠪᠠᠶᠢᠳᠠᠭ᠃ ᠠᠳᠡ 38 ᠵᠦᠢᠯ ᠤᠨ ᠬᠤᠪᠦᠷ ᠴᠣᠬᠠᠭ ᠡᠪᠡᠰᠤ ᠤᠷᠭᠤᠮᠠᠯ ᠢᠶᠠᠷ ᠪᠦᠷᠬᠦᠭᠳᠡᠵᠦ᠂ ᠬᠤᠨ ᠭᠠᠯᠠᠭᠤ᠂ ᠭᠤᠷᠭᠤᠣᠯ᠂ ᠲᠤᠷᠤᠭ ᠪᠤᠭᠤ᠂  ᠪᠤᠷᠤ ᠭᠦᠷᠦᠭᠡᠰᠤ ᠵᠡᠷᠭᠡ ᠠᠷᠪᠠᠨ ᠬᠡᠳᠤᠨ ᠵᠦᠢᠯ ᠤᠨ ᠠᠮᠢᠲᠠᠨ ᠠᠷᠢᠶᠠᠲᠠᠨ ᠡᠨᠡᠬᠦ ᠬᠦᠬᠡ ᠠᠭᠤᠯᠠ ᠬᠦᠬᠡᠮᠳᠡᠭ ᠲᠠᠯ᠎ᠠ ᠳᠤ ᠡᠷᠬᠡ ᠴᠢᠯᠦᠭᠡ ᠲᠠᠢ ᠤᠷᠤᠰᠢᠨ ᠲᠤᠭᠲᠠᠨᠢᠵᠤ ᠪᠤᠢ᠃
 
ᠢᠷᠡᠯᠲᠡ᠄ ᠬᠤᠰᠢᠭᠤ ᠵᠢᠭᠤᠯᠴᠢᠯᠠᠯ ᠤᠨ ᠤᠶᠢᠯᠡᠴᠢᠯᠡᠭᠡᠨ ᠤ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号