ᠮᠠᠨ ᠤ ᠬᠤᠰᠢᠭᠤ ᠪᠦᠬᠦ ᠤᠷᠤᠨ ᠪᠦᠰᠡ ᠶᠢᠨ ᠵᠢᠭᠤᠯᠴᠢᠯᠠᠯ᠂ ᠲᠦᠷᠪᠡᠨ‌ᠤᠯᠠᠷᠢᠯ ᠤᠨ ᠵᠢᠭᠤᠯᠴᠢᠯᠠᠯ ᠢ ᠬᠦᠭᠵᠢᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2017/5/3
                                 ᠪᠦᠬᠦ ᠤᠷᠤᠨ ᠤ ᠵᠢᠭᠤᠯᠴᠢᠯᠠᠯ ᠤᠨ ᠬᠦᠭᠵᠢᠯᠳᠡ ᠶᠢᠨ ᠤᠨ ᠢ ᠳᠣᠬᠢᠶᠠᠯᠳᠣᠭᠤᠯᠤᠨ᠂  ᠮᠠᠨ ᠤ ᠬᠤᠰᠢᠭᠤ ︽ᠰᠦᠷᠯᠢᠭ ᠰᠠᠶᠢᠬᠠᠨ ᠦᠪᠦᠷ ᠮᠤᠩᠭᠤᠯ᠂ ᠰᠤᠳᠤᠨ ᠦᠵᠡᠮᠵᠢᠳᠤ ᠭᠤᠶᠢᠳᠠ ᠤᠷᠤᠨ︾ ᠬᠡᠮᠡᠬᠦ ᠨᠡᠷᠡᠳᠦ ᠳᠡᠮᠳᠡᠭ ᠤᠨ ᠲᠤᠭᠤᠷᠢᠨ ᠳᠤ ︽ᠪᠠᠭ᠋ᠠᠷᠤᠮ᠎ᠠ ᠰᠠᠶᠢᠬᠠᠨ ᠪᠠᠷᠠᠭᠤᠨ ᠦᠵᠦᠮᠦᠴᠢᠨ᠂ ᠪᠠᠶᠠᠰᠣᠨ ᠵᠣᠭᠠᠴᠠᠬᠤ ᠳᠠᠷᠬᠠᠨ ᠤᠷᠤᠨ︾ ᠢᠶᠠᠷ ᠠᠴᠢᠶᠠᠯᠠᠪᠤᠷᠢ ᠪᠤᠯᠭᠠᠵᠤ᠂ ᠦᠩᠬᠡᠷᠡᠭᠰᠡᠨ ᠤ ᠵᠢᠭᠤᠯᠴᠢᠯᠠᠯ ᠤᠨ ᠦᠢᠯᠡᠰ ᠤᠨ ᠬᠦᠭᠵᠢᠯᠳᠡ ᠳᠤ ᠪᠠᠨ ᠰᠠᠭᠤᠷᠢᠯᠠᠨ᠂ ᠳᠠᠪᠠᠭᠤᠯᠢᠭ ᠢᠶᠠᠨ ᠪᠠᠳᠠᠷᠠᠭᠤᠯᠵᠤ᠂ ᠳᠣᠳᠠᠭᠳᠠᠯ ᠢᠶᠠᠨ ᠨᠦᠬᠦᠪᠦᠷᠢᠯᠡᠨ᠂ ᠵᠢᠭᠤᠯᠴᠢᠯᠠᠯ ᠤᠨ ᠦᠢᠯᠡᠰ ᠢ ᠠᠵᠤ ᠠᠬᠤᠢ  ᠶᠢᠨ ᠰᠢᠨ᠎ᠡ ᠨᠡᠮᠡᠭᠳᠡᠯ ᠴᠡᠭ ᠪᠤᠯᠭᠠᠬᠤ ᠪᠠᠷ ᠴᠢᠷᠮᠠᠶᠢᠵᠤ ᠪᠠᠶᠢᠨ᠎ᠠ᠃     ᠳᠠᠪᠤᠨ ᠰᠠᠷ᠎ᠠ ᠶᠢᠨ ᠨᠢᠬᠡᠨ ᠤ ᠠᠮᠠᠷᠠᠯᠳᠠ ᠶᠢᠨ ᠴᠢᠯᠦᠭᠡ ᠣᠶᠢᠷᠠᠳᠬᠤ ᠪᠠᠷ ︽ᠬᠦᠳᠡᠭᠡ ᠠᠶᠠᠯᠠᠯ︾ ᠵᠢᠭᠤᠯᠴᠢᠯᠠᠯ ᠤᠨ ᠬᠤᠷᠢᠶ᠎ᠠ ᠨᠢ ᠠᠮᠠᠷᠠᠯᠳᠠ ᠶᠢᠨ ᠬᠤᠭᠤᠴᠠᠭᠠᠨ ᠤ ᠤᠶᠢᠷ᠎ᠠ ᠵᠠᠮ ᠤᠨ ᠵᠢᠭᠤᠯᠴᠢᠯᠠᠯ ᠤᠨ ᠵᠠᠮ ᠱᠣᠭᠤᠮ ᠢ ᠠᠰᠠᠭᠤᠨ ᠰᠣᠷᠠᠭᠯᠠᠬᠤ ᠪᠠᠷ ᠢᠷᠡᠭᠰᠡᠳ ᠢ ᠣᠭᠳᠣᠭᠠᠳ  ᠶᠠᠭᠠᠷᠠᠨ᠎ᠠ᠃    ᠣᠯᠠᠭᠠᠨᠴᠠᠪ ᠠᠶᠢᠮᠠᠭ ᠤᠨ ᠪᠠᠢ ᠠᠪᠤᠭᠠᠢ ᠪᠠᠷᠠᠭᠤᠨ ᠦᠵᠦᠮᠦᠴᠢᠨ ᠬᠤᠰᠢᠭᠤᠨ ᠳᠤ ᠠᠵᠢᠯᠯᠠᠵᠤ ᠠᠮᠢᠳᠣᠷᠠᠵᠤ ᠪᠠᠶᠢᠳᠠᠭ᠃ ᠳᠠᠯ᠎ᠠ ᠨᠣᠳᠤᠭ ᠤᠨ ᠦᠩᠬᠡ ᠦᠵᠡᠮᠵᠢ ᠶᠢ ᠳᠣᠭᠤᠵᠤ ᠪᠠᠭ᠋ᠠᠷᠬᠠᠳᠠᠭ ᠢᠶᠠᠷ ᠪᠠᠢ ᠠᠪᠤᠭᠠᠢ ᠳᠠᠪᠤᠨ ᠰᠠᠷ᠎ᠠ  ᠶᠢᠨ ᠴᠢᠯᠦᠬᠡᠨ ᠳᠤ ᠨᠣᠳᠤᠭ ᠲᠤ ᠪᠠᠨ ᠪᠠᠶᠢᠭ᠎ᠠ ᠬᠡᠷ ᠤᠨ ᠬᠦᠮᠦᠰ ᠢᠶᠠᠨ ᠪᠠᠷᠠᠭᠤᠨ ᠦᠵᠦᠮᠦᠴᠢᠨ ᠳᠤ ᠵᠤᠭᠠᠴᠠᠭᠤᠯᠬᠤ ᠪᠠᠷ ᠲᠦᠯᠦᠪᠯᠡᠵᠦ᠂ ᠦᠨᠦᠳᠦᠷ ︽ᠬᠦᠳᠡᠭᠡ ᠠᠶᠠᠯᠠᠯ︾ ᠵᠢᠭᠤᠯᠴᠢᠯᠠᠯ ᠤᠨ ᠬᠤᠷᠢᠶᠠᠨ ᠳᠤ ᠵᠢᠭᠤᠯᠴᠢᠯᠠᠯ ᠤᠨ ᠵᠠᠮ ᠱᠣᠭᠤᠮ᠂ ᠵᠢᠭᠤᠯᠴᠢᠯᠠᠯ ᠤᠨ ᠦᠢᠯᠡᠴᠢᠯᠡᠭᠡ ᠵᠡᠷᠬᠡ ᠳᠠᠯ᠎ᠠ ᠪᠠᠷ ᠣᠶᠢᠯᠠᠭᠠᠬᠤ ᠪᠠᠷ ᠢᠷᠡᠭᠰᠡᠨ ᠪᠠᠶᠢᠵᠠᠢ᠃     ︽ᠬᠦᠳᠡᠭᠡ ᠠᠶᠠᠯᠠᠯ︾ ᠵᠢᠭᠤᠯᠴᠢᠯᠠᠯ ᠤᠨ ᠬᠤᠷᠢᠶ᠎ᠠ ᠨᠢ ᠡᠨᠡ ᠵᠢᠯ ᠠᠴᠠ ᠪᠦᠬᠦ ᠤᠷᠤᠨ ᠪᠦᠰᠡ ᠶᠢᠨ ᠵᠢᠭᠤᠯᠴᠢᠯᠠᠯ᠂ ᠲᠦᠷᠪᠡᠨ ᠣᠯᠠᠷᠢᠯ ᠤᠨ ᠵᠢᠭᠤᠯᠴᠢᠯᠠᠯ ᠢ ᠬᠦᠭᠵᠢᠬᠦᠯᠬᠦ ᠱᠠᠭᠠᠷᠳᠠᠯᠭ᠎ᠠ ᠳᠤ ᠵᠤᠬᠢᠴᠠᠭᠤᠯᠤᠨ᠂ ᠣᠣᠯ  ᠤᠨ ᠪᠠᠶᠢᠭᠰᠠᠨ ᠵᠢᠭᠤᠯᠴᠢᠯᠠᠯ ᠤᠨ ᠵᠠᠮ ᠱᠣᠭᠤᠮ᠂ ᠵᠢᠭᠤᠯᠴᠢᠯᠠᠯ ᠤᠨ ᠦᠢᠯᠡᠴᠢᠯᠡᠭᠡ ᠶᠢᠨ ᠢᠶᠠᠨ ᠰᠠᠭᠤᠷᠢᠨ ᠳᠡᠬᠡᠷ᠎ᠡ ᠨᠢᠬᠡ᠂ ᠬᠤᠶᠠᠷ᠂ ᠭᠤᠷᠪᠠᠨ ᠡᠳᠦᠷ ᠤᠨ ᠤᠬᠤᠷ ᠬᠤᠭᠤᠴᠠᠭᠠᠨ ᠤ ᠵᠢᠭᠤᠯᠴᠢᠯᠠᠯ᠂ ᠬᠡᠦᠬᠡᠳ ᠤᠨ ᠵᠤᠰᠠᠯᠠᠩ᠂ ᠦᠪᠡᠷ ᠢᠶᠠᠨ ᠳᠡᠷᠭᠡ ᠲᠠᠢ ᠵᠤᠭᠠᠴᠠᠬᠤ ᠵᠡᠷᠬᠡ ᠣᠯᠠᠨ ᠠᠷᠭ᠎ᠠ ᠵᠠᠮ ᠢ ᠰᠦᠪᠡᠭᠴᠢᠯᠡᠵᠦ᠂ ᠦᠩᠬᠡᠷᠡᠭᠰᠡᠨ ᠵᠢᠯ ᠠᠴᠠ ᠰᠠᠷ᠎ᠠ ᠶᠢᠨ ᠡᠷᠳᠡ ᠡᠨᠡ ᠵᠢᠯ ᠤᠨ ᠠᠵᠢᠯ ᠢᠶᠠᠨ ᠡᠬᠢᠯᠡᠬᠦᠯᠵᠦ᠂ ᠬᠠᠪᠤᠷ ᠤᠨ ᠤᠯᠠᠷᠢᠯ ᠤᠨ ᠵᠤᠭᠠᠴᠠᠯ ᠢᠶᠠᠷ ᠨᠡᠩ ᠣᠯᠠᠨ ᠵᠢᠭᠤᠯᠴᠢᠯᠠᠭᠴᠢᠳ ᠢ ᠳᠠᠳᠠᠬᠤ ᠪᠠᠷ ᠴᠢᠷᠮᠠᠶᠢᠵᠤ ᠪᠠᠶᠢᠨ᠎ᠠ᠃     ᠮᠠᠨ ᠤ ᠬᠤᠰᠢᠭᠤ ᠨᠢ ᠵᠤᠨ ᠤ ᠤᠯᠠᠷᠢᠯ ᠤᠨ ᠳᠠᠯ᠎ᠠ ᠨᠣᠳᠤᠭ ᠤᠨ ᠰᠣᠶᠣᠯ ᠵᠢᠭᠤᠯᠴᠢᠯᠠᠯ ᠤᠨ ᠨᠠᠭᠠᠳᠣᠮ᠂ ᠡᠪᠦᠯ ᠤᠨ ᠤᠯᠠᠷᠢᠯ ᠤᠨ ᠰᠢᠨ᠎ᠡ ᠤᠨ ᠤ ᠨᠠᠭᠠᠳᠣᠮ ᠵᠡᠷᠬᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠠᠷᠪᠠᠭᠠᠳ ᠵᠢᠯ ᠳᠠᠷᠠᠭᠠᠯᠠᠨ ᠵᠤᠬᠢᠶᠠᠨ ᠪᠠᠶᠢᠭᠤᠯᠤᠨ ᠶᠠᠪᠤᠭᠳᠠᠭᠤᠯᠵᠤ᠂ ᠡᠪᠦᠯ ᠵᠤᠨ ᠤ ᠵᠢᠭᠤᠯᠴᠢᠯᠠᠯ ᠤᠨ ᠡᠬᠢ ᠪᠠᠶᠠᠯᠢᠭ ᠢ ᠬᠦᠢᠴᠡᠳ ᠠᠭᠤᠳᠠᠯᠯᠠᠨ᠂ ︽ᠪᠠᠭ᠋ᠠᠷᠤᠮ᠎ᠠ ᠰᠠᠶᠢᠬᠠᠨ ᠪᠠᠷᠠᠭᠤᠨ ᠦᠵᠦᠮᠦᠴᠢᠨ᠂ ᠪᠠᠶᠠᠰᠣᠨ ᠵᠣᠭᠠᠴᠠᠬᠤ ᠳᠠᠷᠬᠠᠨ ᠤᠷᠤᠨ︾ ᠬᠡᠬᠦ ᠵᠢᠭᠤᠯᠴᠢᠯᠠᠯ ᠤᠨ ᠨᠡᠷᠡᠳᠦ ᠳᠡᠮᠳᠡᠭ ᠢ ᠡᠬᠦᠳᠦᠭᠰᠡᠨ ᠪᠦᠭᠡᠳ ᠳᠠᠯ᠎ᠠ ᠨᠣᠳᠤᠭ ᠤᠨ ᠰᠡᠯᠡᠬᠦᠨ ᠳᠠᠭᠠᠳᠠᠢ ᠣᠨᠴᠠᠯᠢᠭ ᠢ ᠳᠣᠪᠤᠶᠢᠯᠭᠠᠭᠰᠠᠨ ᠵᠢᠭᠤᠯᠴᠢᠯᠠᠯ ᠤᠨ ᠦᠵᠡᠮᠵᠢ ᠶᠢᠨ ᠴᠡᠭ ᠤᠳ ᠢ ᠨᠡᠬᠡᠬᠡᠵᠦ᠂ ᠬᠤᠳᠠ ᠶᠢᠨ ᠬᠦᠮᠦᠰ ᠤᠨ ᠪᠠᠴᠢᠮ ᠶᠠᠭᠠᠷᠠᠤ ᠠᠮᠢᠳᠣᠷᠠᠯ ᠠᠴᠠ ᠪᠠᠨ ᠲᠦᠷ ᠰᠠᠯᠵᠤ᠂ ᠬᠦᠳᠡᠭᠡ ᠨᠤᠳᠤᠭ ᠤᠨ ᠨᠠᠮ ᠰᠡᠯᠡᠬᠦᠨ ᠳᠤ ᠠᠮᠠᠷᠠᠯᠳᠠ ᠪᠠᠨ ᠦᠩᠬᠡᠷᠡᠬᠦᠯᠬᠦ ᠳᠡᠷᠢᠬᠦᠨ ᠰᠣᠩᠭᠤᠯᠳᠠ ᠪᠤᠯᠤᠭᠰᠠᠨ ᠪᠠᠶᠢᠨ᠎ᠠ᠃ ᠡᠶᠢᠨᠬᠦ ᠦᠪᠦᠷ ᠮᠤᠩᠭᠤᠯ ᠤᠷᠤᠨ  ᠨᠢ ᠪᠦᠬᠦ ᠤᠷᠤᠨ ᠪᠦᠰᠡ ᠶᠢᠨ ᠵᠢᠭᠤᠯᠴᠢᠯᠠᠯ  ᠂ ᠲᠦᠷᠪᠡᠨ ᠣᠯᠠᠷᠢᠯ ᠤᠨ ᠵᠢᠭᠤᠯᠴᠢᠯᠠᠯ ᠢ ᠬᠦᠭᠵᠢᠬᠦᠯᠬᠦ ᠠᠵᠠᠳᠠᠢ ᠳᠣᠬᠢᠶᠠᠯ ᠢ ᠠᠳᠬᠤᠨ᠂ ᠮᠠᠨ ᠤ ᠬᠤᠰᠢᠭᠤ ᠦᠩᠬᠡᠷᠡᠭᠰᠡᠨ ᠤ ᠠᠵᠢᠯ ᠤᠨ ᠳᠠᠪᠠᠭᠤᠯᠢᠭ ᠰᠠᠭᠤᠷᠢᠨ ᠳᠡᠬᠡᠷ᠎ᠡ ᠪᠠᠨ ᠵᠢᠭᠤᠯᠴᠢᠯᠠᠯ ᠤᠨ ᠡᠬᠢ ᠪᠠᠶᠠᠯᠢᠭ ᠢ ᠬᠦᠢᠴᠡᠳ ᠠᠭᠤᠳᠠᠯᠠᠨ᠂ ᠬᠠᠪᠤᠷ ᠤᠨ ᠤᠯᠠᠷᠢᠯ ᠤᠨ ᠵᠢᠭᠤᠯᠴᠢᠯᠠᠯ ᠢ ᠭᠦᠭᠵᠢᠬᠦᠯᠬᠦ ᠠᠷᠭ᠎ᠠ ᠵᠠᠮ ᠢ ᠡᠷᠢᠯᠬᠢᠯᠡᠵᠦ᠂ ᠡᠷᠳᠡ ᠠᠴᠠ ᠬᠦᠳᠡᠯᠦᠯᠴᠡᠨ᠂ ᠲᠦᠷᠪᠡᠨ ᠰᠠᠷ᠎ᠠ ᠶᠢᠨ ᠡᠬᠢᠨ ᠠᠴᠠ ᠡᠬᠢᠯᠡᠨ ᠪᠡᠬᠡᠵᠢᠩ ᠬᠤᠳᠠ᠂ ᠵᠡᠬᠦᠨ ᠬᠤᠶᠢᠳᠤ ᠶᠢᠨ ᠭᠤᠷᠪᠠᠨ ᠮᠤᠵᠢ᠂ ᠣᠯᠠᠭᠠᠨᠬᠠᠳᠠ ᠵᠡᠷᠬᠡ ᠭᠠᠵᠠᠷ ᠢᠶᠠᠷ ᠬᠦᠷᠴᠦ᠂ ᠵᠢᠭᠤᠯᠴᠢᠯᠠᠯ ᠤᠨ ᠲᠠᠨᠢᠯᠴᠠᠭᠤᠯᠭ᠎ᠠ ᠣᠬᠠᠭᠤᠯᠭ᠎ᠠ ᠬᠢᠵᠦ᠂ ᠨᠡᠩ ᠣᠯᠠᠨ ᠬᠦᠮᠦᠰ ᠲᠤ ᠳᠠᠯ᠎ᠠ ᠨᠣᠳᠤᠭ ᠤᠨ ᠬᠠᠪᠤᠷ  ᠤᠨ ᠤᠯᠠᠷᠢᠯ ᠤᠨ ᠵᠢᠭᠤᠯᠴᠢᠯᠠᠯ ᠤᠨ ᠡᠬᠢ ᠪᠠᠶᠠᠯᠢᠭ ᠢ ᠲᠠᠨᠢᠭᠤᠯᠤᠨ᠂ ᠲᠦᠷᠪᠡᠨ ᠣᠯᠠᠷᠢᠯ ᠤᠨ ᠵᠢᠭᠤᠯᠴᠢᠯᠠᠯ ᠢ ᠬᠦᠭᠵᠢᠬᠦᠯᠬᠦ ᠳᠤ ᠰᠠᠭᠤᠷᠢ  ᠳᠠᠯᠪᠢᠵᠠᠢ᠃ ᠡᠬᠦᠨ ᠤ ᠬᠠᠮᠳᠣ᠂ ᠵᠢᠭᠤᠯᠴᠢᠯᠠᠯ ᠤᠨ ᠦᠵᠡᠮᠵᠢ ᠶᠢᠨ ᠴᠡᠭ ᠲᠠᠢ ᠬᠠᠷᠢᠯᠴᠠᠭ᠎ᠠ ᠬᠤᠯᠪᠤᠭ᠎ᠠ ᠪᠠᠨ ᠴᠢᠩᠭᠠᠳᠬᠠᠭᠰᠠᠨ ᠢᠶᠠᠷ ᠣᠳᠣᠬᠠᠨ ᠪᠤᠯᠬᠤ ᠳᠤ ᠣᠯᠣᠰ ᠤᠨ ᠲᠦᠷᠪᠡᠨ A ᠳᠡᠰ ᠤᠨ ᠦᠵᠡᠮᠵᠢ ᠶᠢᠨ ᠤᠷᠤᠨ ᠪᠤᠯᠬᠤ ︽ᠮᠤᠩᠭᠤᠯ ᠬᠠᠨ ᠬᠤᠳᠠ︾ ᠦᠵᠡᠮᠵᠢ ᠶᠢᠨ ᠤᠷᠤᠨ᠂ ︽ᠤᠯᠠᠭᠠᠨ ᠣᠳᠠᠢ︾ ᠦᠵᠡᠮᠵᠢ ᠶᠢᠨ ᠤᠷᠤᠨ ᠪᠤᠯᠤᠨ ︽ᠬᠠᠪᠴᠢᠭᠠᠢ︾ ᠦᠵᠡᠮᠵᠢ ᠶᠢᠨ ᠤᠷᠤᠨ᠂ ︽ᠰᠡᠷᠬᠦᠯᠡᠩ ᠬᠠᠷᠠᠭᠠᠳᠣ︾ ᠦᠵᠡᠮᠵᠢ  ᠶᠢᠨ ᠤᠷᠤᠨ᠂  ︽ᠬᠦᠷᠦᠬᠡᠰᠦᠳᠡᠢ︾ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠵᠡᠷᠬᠡ ᠬᠡᠪᠴᠢᠶ᠎ᠡ ᠪᠠᠷ ᠨᠡᠯᠢᠶᠡᠳ ᠶᠡᠭᠡ ᠦᠵᠡᠮᠵᠢ ᠶᠢᠨ ᠤᠷᠤᠨ ᠴᠦᠮ ᠡᠵᠡᠩᠨᠡᠯᠳᠡ ᠪᠠᠨ ᠦᠩᠬᠡᠷᠡᠭᠰᠡᠨ ᠵᠢᠯ ᠠᠴᠠ ᠰᠠᠷ᠎ᠠ ᠶᠢᠨ ᠡᠷᠳᠡ ᠡᠬᠢᠯᠡᠬᠦᠯᠵᠦ᠂ ᠮᠤᠷᠢ ᠤᠨᠤᠬᠤ᠂ ᠺᠠᠷᠲ᠋ᠢᠨ ᠮᠠᠰᠢᠨ᠂ ᠰᠤᠷ ᠬᠠᠷᠪᠤᠯᠭ᠎ᠠ ᠪᠤᠯᠤᠨ ᠬᠤᠸᠠᠷ ᠴᠡᠴᠡᠭ ᠰᠣᠨᠢᠷᠬᠠᠬᠤ᠂ ᠤᠩᠭᠤᠴᠠᠨ ᠳᠤ ᠰᠠᠭᠤᠬᠤ᠂ ᠦᠪᠡᠷᠮᠢᠴᠡ ᠣᠨᠴᠠᠯᠢᠭᠳᠣ ᠢᠳᠡᠬᠡᠨ ᠣᠮᠳᠠᠭᠠᠨ ᠵᠤᠭᠤᠭᠯᠠᠬᠤ᠂ ᠦᠨᠳᠦᠰᠦᠳᠡᠨ ᠤ ᠳᠠᠭᠤᠤ ᠪᠦᠵᠢᠭ ᠰᠣᠨᠢᠷᠬᠠᠬᠤ ᠵᠡᠷᠬᠡ ᠠᠵᠢᠯᠯᠠᠭ᠎ᠠ ᠶᠢ ᠴᠦᠮ ᠪᠦᠷᠢᠳᠦᠬᠦᠯᠵᠦ᠂ ᠬᠠᠪᠤᠷ ᠤᠨ ᠤᠯᠠᠷᠢᠯ ᠤᠨ ᠵᠢᠭᠤᠯᠴᠢᠯᠠᠭᠴᠢᠳ ᠢ ᠤᠭᠲᠤᠨ᠂  ᠭᠠᠵᠠᠷ ᠤᠷᠤᠨ ᠤ ᠪᠠᠨ ᠲᠦᠷᠪᠡᠨ ᠣᠯᠠᠷᠢᠯ ᠤᠨ ᠵᠢᠭᠤᠯᠴᠢᠯᠠᠯ ᠤᠨ ᠬᠦᠭᠵᠢᠯᠳᠡ ᠳᠤ ᠰᠠᠶᠢᠨ ᠡᠬᠢᠯᠡᠯᠳᠡ ᠶᠢ ᠪᠤᠢ ᠪᠤᠯᠭᠠᠭᠰᠠᠨ ᠪᠠᠶᠢᠨ᠎ᠠ᠃  
 
ᠢᠷᠡᠯᠲᠡ᠄ ᠬᠤᠰᠢᠭᠤ ᠷᠠᠳᠢᠤ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号