ᠪᠠᠷᠠᠭᠤᠨ ᠦᠵᠦᠮᠦᠴᠢᠨ ᠬᠤᠰᠢᠭᠤ ᠪᠦᠬᠦ ᠠᠶᠢᠮᠠᠭ ᠤᠨ ᠣᠶᠣᠨ ᠤ ᠪᠣᠯᠪᠠᠰᠣᠨ ᠤ ᠪᠠᠶᠢᠭᠤᠯᠤᠯᠲᠠ ᠶᠢᠨ ᠲᠣᠷᠰᠢᠯᠭ᠎ᠠ ᠰᠣᠯᠢᠯᠴᠠᠬᠤ ᠬᠤᠷᠠᠯ ᠢ ᠣᠭᠲᠣᠬᠤ ᠠᠬᠤᠢ ᠲᠠᠯᠠᠪᠣᠷ ᠤᠨ ᠲᠣᠬᠢᠷᠠᠭᠤᠯᠣᠯᠲᠠ ᠶᠢᠨ ᠬᠤᠷᠠᠯ ᠬᠤᠷᠠᠯᠳᠣᠭᠰᠠᠨ
ᠨᠡᠶᠢᠲᠡᠯᠡᠭᠰᠡᠨ ᠴᠠᠭ᠄
2017-08-11
   8 ᠰᠠᠷ᠎ᠠ ᠶᠢᠨ 9 ᠤᠨ ᠡᠳᠦᠷ᠂ ᠮᠠᠨ ᠤ ᠬᠤᠰᠢᠭᠤ ᠪᠦᠬᠦ ᠠᠶᠢᠮᠠᠭ ᠤᠨ ᠣᠶᠣᠨ ᠤ ᠪᠣᠯᠪᠠᠰᠣᠨ ᠤ ᠪᠠᠶᠢᠭᠤᠯᠤᠯᠲᠠ ᠶᠢᠨ ᠲᠣᠷᠰᠢᠯᠭ᠎ᠠ ᠰᠣᠯᠢᠯᠴᠠᠬᠤ ᠬᠤᠷᠠᠯ ᠢ ᠣᠭᠲᠣᠬᠤ ᠠᠬᠤᠢ ᠲᠠᠯᠠᠪᠣᠷ ᠤᠨ ᠲᠣᠬᠢᠷᠠᠭᠤᠯᠣᠯᠲᠠ ᠶᠢᠨ ᠬᠤᠷᠠᠯ ᠬᠤᠷᠠᠯᠳᠣᠵᠡᠢ᠃ ᠬᠤᠰᠢᠭᠤ ᠣᠳᠣᠷᠢᠳᠣᠯᠭ᠎ᠠ ᠪᠠᠢ ᠶᠦᠩ ᠴᠦᠨ᠂ ᠴᠢᠯᠠᠭᠤ᠂ ᠭᠤᠦ ᠰᠢᠶᠥᠥ ᠪᠦᠸᠧ᠂ ᠵᠠᠩ ᠶᠦᠩ ᡁᠢ᠂ ᠡᠦ ᠵᠤ᠋᠂ ᠮᠠᠰᠢᠪᠠᠭᠠᠲᠣᠷ ᠪᠣᠯᠣᠨ ᠬᠠᠮᠢᠶᠠᠲᠡᠢ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠬᠤᠷᠠᠯ  ᠳᠤ ᠣᠷᠣᠯᠴᠠᠪᠠ᠃    ᠬᠤᠰᠢᠭᠤ ᠣᠳᠣᠷᠢᠳᠣᠯᠭ᠎ᠠ ᠪᠠᠢ ᠶᠦᠩ ᠴᠦᠨ᠂ ᠴᠢᠯᠠᠭᠤ᠂ ᠭᠤᠦ ᠰᠢᠶᠥᠥ ᠪᠦᠸᠧ᠂  ᠵᠠᠩ ᠶᠦᠩ ᡁᠢ  ᠂ ᠡᠦ ᠵᠤ᠋᠂ ᠮᠠᠰᠢᠪᠠᠭᠠᠲᠣᠷ ᠨᠠᠷ ᠪᠠᠶᠠᠨᠬᠤᠸᠠ ᠪᠠᠯᠭᠠᠰᠣᠨ  ᠤ ᠪᠠᠶᠠᠨᠬᠦ᠋ᠪᠡᠭᠡ ᠭᠠᠴᠠᠭᠠᠨ ᠤ ᠣᠶᠣᠨ ᠤ ᠪᠣᠯᠪᠠᠰᠣᠨ ᠤ ᠪᠠᠶᠢᠭᠤᠯᠤᠯᠲᠠ ᠶᠢᠨ ᠠᠵᠢᠯ ᠢ ᠲᠣᠭᠤᠷᠢᠨ ᠦᠵᠡᠵᠡᠢ᠃ ᠦᠢᠷ᠎ᠠ ᠶᠢᠨ ᠵᠢᠯ᠂  ᠪᠠᠶᠠᠨᠬᠦ᠋ᠪᠡᠭᠡ ᠭᠠᠴᠠᠭᠠᠨ ᠤ ᠡᠭᠦᠷ ᠵᠦᠪᠯᠡᠯ ᠨᠢ ᠮᠠᠯᠴᠢᠳ ᠪᠣᠯᠣᠨ ᠠᠵᠦ ᠠᠬᠤᠶᠢᠯᠠᠯ ᠤᠨ ᠬᠤᠭᠤᠷᠣᠨᠳᠣᠬᠢ ᠬᠦᠬᠦᠷᠭᠡ ᠬᠤᠯᠪᠣᠭᠠᠰᠣ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠣᠨ᠂ ᠡᠶ᠎ᠡ ᠵᠣᠬᠢᠴᠠᠩᠭᠤᠢ ᠮᠠᠯᠴᠢᠳ ᠪᠣᠯᠣᠨ ᠠᠵᠦ ᠠᠬᠤᠶᠢᠯᠠᠯ ᠤᠨ ᠬᠠᠷᠢᠴᠠᠭ᠎ᠠ ᠶᠢ ᠪᠣᠢ ᠪᠣᠯᠭᠠᠭᠰᠠᠨ ᠪᠠᠶᠢᠨ᠎ᠠ᠃    ᠬᠤᠰᠢᠭᠤ ᠨᠠᠮ ᠤᠨ ᠬᠤᠷᠢᠶᠠᠨ ᠤ ᠱᠦᠵᠢ ᠪᠠᠢ ᠶᠦᠩ ᠴᠦᠨ ᠶᠠᠷᠢᠶᠠᠨ ᠳᠠᠭᠠᠨ᠄ ᠪᠠᠶᠠᠨᠬᠦ᠋ᠪᠡᠭᠡ ᠭᠠᠴᠠᠭᠠᠨ ᠤ ᠡᠭᠦᠷ ᠵᠦᠪᠯᠡᠯ ᠨᠢ ᠦᠨᠳᠦᠰᠦᠨ ᠱᠠᠲᠣᠨ ᠤ ᠵᠣᠬᠢᠶᠠᠨ ᠪᠠᠶᠢᠭᠤᠯᠣᠯᠲᠠ ᠶᠢᠨ ᠠᠵᠢᠯ᠂ ᠮᠠᠯᠴᠢᠳ ᠪᠣᠯᠣᠨ ᠠᠵᠦ ᠠᠬᠤᠶᠢᠯᠠᠯ ᠤᠨ ᠬᠠᠷᠢᠴᠠᠭ᠎ᠠ ᠬᠤᠯᠪᠣᠭ᠎ᠠ᠂ ᠦᠨᠳᠦᠰᠦᠲᠡᠨ ᠤ ᠪᠦᠯᠬᠦᠮᠳᠡᠯ ᠵᠡᠷᠭᠡ ᠲᠠᠯ᠎ᠠ ᠶᠢᠨ ᠦᠢᠯᠡᠳᠦᠯ ᠴᠢᠳᠠᠪᠬᠢ ᠪᠠᠨ ᠭᠦᠢᠴᠡᠳ ᠪᠠᠳᠠᠷᠠᠭᠤᠯᠣᠨ᠂ ᠮᠠᠯᠵᠢᠬᠤ ᠣᠷᠣᠨ ᠤ ᠣᠶᠣᠨ ᠤ ᠪᠣᠯᠪᠠᠰᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ ᠭᠡᠵᠡᠢ᠃    ᠬᠤᠰᠢᠭᠤ ᠣᠳᠣᠷᠢᠳᠣᠯᠭ᠎ᠠ ᠨᠠᠷ ᠪᠠᠷᠠᠭᠤᠨ ᠦᠵᠦᠮᠦᠴᠢᠨ ᠬᠤᠰᠢᠭᠤᠨ ᠤ ᠶᠢᠨ ᠱᠠᠨ ᠴᠢᠬᠢᠯᠭᠠᠨ ᠬᠠᠩᠭᠠᠬᠤ ᠬᠢᠵᠠᠭᠠᠷᠲᠦ ᠺᠣᠮᠫᠠᠨᠢ᠂ ᠪᠠᠶᠠᠨᠬᠤᠸᠠ ᠦᠪᠡᠷᠲᠡᠭᠡᠨ ᠪᠡᠯᠡᠳᠭᠡᠭᠰᠡᠨ 2×35 ᠺᠢᠯᠤᠸᠠᠲ ᠮᠠᠰᠢᠨ ᠲᠦᠬᠦᠭᠡᠷᠦᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠪᠠᠷᠢᠯᠭ᠎ᠠ ᠶᠢᠨ ᠠᠬᠤᠢ ᠲᠠᠯᠠᠪᠣᠷ ᠪᠣᠯᠣᠨ ᠦᠪᠦᠷ ᠮᠣᠩᠭᠤᠯ ᠤᠨ ᠬᠢᠩᠭᠠᠨ ᠵᠡᠰ ᠴᠠᠶᠢᠷ ᠬᠠᠶᠢᠯᠣᠭᠤᠯᠣᠨ ᠪᠣᠯᠪᠠᠰᠣᠷᠠᠭᠤᠯᠬᠤ ᠬᠢᠵᠠᠭᠠᠷᠲᠦ ᠺᠣᠮᠫᠠᠨᠢ ᠳᠤ ᠬᠦᠷᠴᠦ᠂ ᠠᠵᠦ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠪᠣᠯᠣᠨ ᠲᠦᠷᠦᠯ ᠵᠦᠢᠯ ᠤᠨ ᠠᠬᠢᠴᠠ ᠤᠨ ᠪᠠᠶᠢᠳᠠᠯ ᠢ ᠨᠠᠷᠢᠨ ᠣᠶᠢᠯᠭᠠᠭᠰᠠᠨ ᠤ ᠳᠠᠷᠠᠭ᠎ᠠ᠂ ᠪᠠᠢ ᠶᠦᠩ ᠴᠦᠨ ᠵᠢᠭᠠᠬᠤ ᠳᠠᠭᠠᠨ᠄ ᠢᠨᠵᠧᠨᠧᠷᠢᠩ ᠤᠨ ᠪᠠᠶᠢᠭᠤᠯᠤᠯᠲᠠ ᠶᠢᠨ ᠠᠵᠢᠯ ᠢ ᠡᠷᠴᠢᠮᠲᠡᠢ ᠲᠦᠯᠬᠢᠨ ᠠᠬᠢᠭᠤᠯᠵᠦ᠂ ᠡᠷᠲᠡ ᠨᠢᠭᠡ ᠡᠳᠦᠷ ᠠᠰᠢᠭᠯᠠᠯᠲᠠ ᠳᠤ ᠣᠷᠣᠭᠤᠯᠣᠨ᠂ ᠠᠵᠦ ᠠᠬᠤᠶᠢᠯᠠᠯ ᠤᠨ ᠡᠷᠡᠭᠦᠯ ᠬᠦᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ ᠭᠡᠵᠡᠢ᠃    ᠦᠳᠡ ᠶᠢᠨ ᠬᠤᠶᠢᠨ᠎ᠠ᠂ ᠬᠤᠰᠢᠭᠤ ᠣᠳᠣᠷᠢᠳᠣᠯᠭ᠎ᠠ ᠨᠠᠷ ᠪᠠᠯᠭᠠᠷᠭᠤᠣᠯ ᠪᠠᠯᠭᠠᠰᠣᠨ ᠤ ᠬᠠᠭ᠋ᠠᠭᠤᠯᠠ ᠨᠡᠶᠢᠭᠡᠮ ᠲᠣᠭᠤᠷᠢᠭ᠂ ︽ᠠᠵᠠᠲᠡᠢ︾ ᠠᠮᠢ ᠠᠬᠤᠢ ᠶᠢᠨ ᠬᠦᠷᠢᠶᠡᠯᠡᠩ ᠤᠨ ᠪᠠᠶᠢᠭᠤᠯᠤᠯᠲᠠ ᠶᠢᠨ ᠲᠦᠷᠦᠯ ᠵᠦᠢᠯ ᠪᠣᠯᠣᠨ ᠮᠤᠩᠭᠤᠯ ᠡᠮᠨᠡᠯᠭᠡ ᠶᠢᠨ ᠬᠤᠷᠢᠶ᠎ᠠ᠂ ᠬᠤᠲᠠ ᠪᠠᠯᠭᠠᠰᠣᠨ ᠤ ᠲᠦᠯᠦᠪᠵᠢᠭᠦᠯᠭᠡ ᠶᠢᠨ ᠲᠢᠩᠬᠢᠮ ᠳᠤ ᠪᠦᠬᠦ ᠠᠶᠢᠮᠠᠭ ᠤᠨ ᠣᠶᠣᠨ ᠤ ᠪᠣᠯᠪᠠᠰᠣᠨ ᠤ ᠪᠠᠶᠢᠭᠤᠯᠤᠯᠲᠠ ᠶᠢᠨ ᠠᠬᠤᠢ ᠲᠠᠯᠠᠪᠦᠷ ᠤᠨ ᠬᠤᠷᠠᠯ ᠤᠨ ᠪᠡᠯᠡᠳᠭᠡᠯ ᠠᠵᠢᠯ ᠤᠨ ᠪᠠᠶᠢᠳᠠᠯ ᠢ ᠣᠶᠢᠯᠭᠠᠵᠡᠢ᠃    ᠬᠤᠰᠢᠭᠤ ᠣᠳᠣᠷᠢᠳᠣᠯᠭ᠎ᠠ ᠨᠠᠷ ᠪᠠᠶᠠᠰᠣᠯ ᠮᠠᠯᠵᠢᠬᠤ ᠣᠷᠣᠨ ᠤ ᠨᠠᠰᠣᠲᠠᠶᠢᠴᠣᠳ ᠢ ᠠᠰᠠᠷᠠᠬᠤ ᠬᠦᠷᠢᠶᠡᠯᠡᠩ ᠤᠨ ᠣᠶᠣᠨᠴᠢᠯᠠᠭᠰᠠᠨ ᠪᠠᠭ᠎ᠠ ᠲᠣᠭᠤᠷᠢᠭ ᠤᠨ ᠲᠦᠷᠦᠯ ᠵᠦᠢᠯ ᠤᠨ ᠪᠠᠶᠢᠭᠤᠯᠤᠯᠲᠠ ᠶᠢᠨ ᠠᠬᠢᠴᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠪᠠᠢ ᠶᠦᠩ ᠴᠦᠨ ᠱᠠᠭᠠᠷᠳᠠᠭᠰᠠᠨ ᠨᠢ᠄ ᠭᠠᠵᠠᠷ ᠣᠷᠣᠨ ᠤ ᠪᠠᠨ ᠪᠣᠲᠠᠲᠡᠢ ᠪᠠᠶᠢᠳᠠᠯ ᠠᠴᠠ ᠡᠭᠦᠰᠴᠦ᠂ ᠮᠤᠩᠭᠤᠯ ᠬᠡᠯᠡᠨ ᠤ ᠬᠡᠷᠡᠭᠯᠡᠭᠡᠨ ᠤ ᠰᠢᠰᠲ᠋ᠧᠮ ᠢ ᠳᠦᠷᠢᠮᠵᠢᠭᠦᠯᠦᠨ᠂  ᠮᠠᠯᠵᠢᠬᠤ ᠤᠷᠤᠨ ᠤ ᠨᠠᠰᠣᠲᠠᠶᠢᠴᠣᠳ ᠲᠤ ᠳᠦᠭᠦᠮ ᠦᠵᠡᠭᠦᠯᠬᠦ ᠬᠡᠷᠡᠭᠲᠡᠢ᠃ ᠣᠶᠣᠨᠴᠢᠯᠠᠭᠰᠠᠨ ᠪᠠᠭ᠎ᠠ ᠲᠣᠭᠤᠷᠢᠭ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠂  ᠦᠷᠭᠡᠨ ᠣᠯᠠᠨ ᠨᠠᠰᠣᠲᠠᠶᠢᠴᠣᠳ ᠲᠤ ᠰᠠᠶᠢᠨ ᠰᠠᠶᠢᠬᠠᠨ ᠦᠲᠡᠯᠦᠭᠡ ᠨᠠᠰᠦ ᠪᠠᠨ ᠦᠩᠭᠡᠷᠡᠭᠦᠯᠬᠦ ᠣᠷᠴᠢᠨ ᠢ  ᠬᠠᠩᠭᠠᠬᠤ ᠬᠡᠷᠡᠭᠲᠡᠢ ᠭᠡᠵᠡᠢ᠃    ᠪᠠᠶᠢᠴᠠᠭᠠᠨ ᠦᠵᠡᠵᠦ ᠪᠠᠶᠢᠳᠠᠯ ᠣᠶᠢᠯᠭᠠᠭᠰᠠᠨ ᠤ ᠳᠠᠷᠠᠭ᠎ᠠ᠂ ᠰᠠᠭᠤᠳᠠᠯ ᠤᠨ ᠬᠤᠷᠠᠯ ᠬᠤᠷᠠᠯᠳᠣᠭᠤᠯᠪᠠ᠃ ᠪᠠᠢ ᠶᠦᠩ ᠴᠦᠨ ᠶᠠᠷᠢᠶᠠᠨ ᠳᠠᠭᠠᠨ᠄ ᠪᠦᠬᠦ ᠠᠶᠢᠮᠠᠭ ᠤᠨ ᠣᠶᠣᠨ ᠤ ᠪᠣᠯᠪᠠᠰᠣᠨ ᠤ ᠪᠠᠶᠢᠭᠤᠯᠤᠯᠲᠠ ᠶᠢᠨ ᠲᠣᠷᠰᠢᠯᠭ᠎ᠠ ᠰᠣᠯᠢᠯᠴᠠᠬᠤ  ᠬᠤᠷᠠᠯ ᠤᠳᠠᠯ ᠦᠭᠡᠢ ᠬᠤᠷᠠᠯᠳᠣᠬᠤ ᠪᠣᠯᠣᠨ᠎ᠠ᠃ ᠬᠠᠮᠢᠶᠠᠲᠡᠢ ᠰᠠᠯᠠᠭ᠎ᠠ ᠮᠦᠴᠢᠷ ᠨᠢ ᠠᠵᠢᠯ ᠤᠨ ᠢᠳᠡᠪᠬᠢᠵᠢᠯ ᠢᠶᠠᠨ ᠳᠠᠶᠢᠴᠢᠯᠠᠨ᠂ ᠡᠭᠦᠷᠭᠡ ᠬᠠᠷᠢᠭᠤᠴᠠᠯᠭ᠎ᠠ ᠢᠶᠠᠨ ᠳᠣᠳᠣᠳᠬᠠᠵᠦ᠂ ᠬᠤᠷᠠᠯ ᠤᠨ ᠡᠯ᠎ᠡ ᠲᠦᠷᠦᠯ ᠤᠨ ᠪᠡᠯᠡᠳᠭᠡᠯ ᠠᠵᠢᠯ ᠢ ᠰᠠᠶᠢᠲᠣᠷ ᠬᠢᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠮᠵᠢᠯᠲᠠ ᠲᠠᠢ ᠬᠤᠷᠠᠯᠳᠣᠬᠤ ᠳᠤ ᠰᠢᠯᠢᠳᠡᠭ ᠰᠠᠶᠢᠨ ᠣᠷᠴᠢᠨ ᠢ ᠪᠣᠢ  ᠪᠣᠯᠭᠠᠵᠦ ᠥᠭᠬᠦ ᠬᠡᠷᠡᠭᠲᠡᠢ᠃ ᠡᠭᠦᠨ ᠤ ᠬᠠᠮᠲᠦ᠂ ᠠᠵᠢᠯ ᠤᠨ ᠬᠦᠴᠦᠯᠡᠴᠡ ᠪᠠᠨ ᠴᠢᠩᠭᠠᠳᠬᠠᠨ᠂ ᠪᠠᠯᠭᠠᠷᠭᠤᠣᠯ ᠪᠠᠯᠭᠠᠰᠦ᠂ ᠪᠠᠶᠠᠨᠬᠤᠸᠠ ᠠᠵᠦ ᠦᠢᠯᠡᠪᠦᠷᠢ ᠶᠢᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠢ ᠰᠠᠶᠢᠲᠣᠷ ᠬᠢᠵᠦ᠂ ᠬᠠᠮᠢᠶᠠᠲᠡᠢ ᠰᠠᠯᠠᠭ᠎ᠠ ᠮᠦᠴᠢᠷ ᠨᠢ ᠠᠵᠢᠯ ᠮᠡᠷᠭᠡᠵᠢᠯ ᠤᠨ ᠵᠢᠯᠤᠭᠤᠳᠣᠯᠭ᠎ᠠ ᠪᠠᠨ ᠴᠢᠩᠭᠠᠳᠬᠠᠨ᠂ ᠬᠤᠰᠢᠭᠤ ᠨᠣᠲᠤᠭ ᠤᠨ ᠢᠶᠠᠨ ᠰᠢᠯᠢᠳᠡᠭ ᠰᠠᠶᠢᠬᠠᠨ ᠳᠦᠷᠢ ᠳᠦᠷᠬᠦ ᠶᠢ ᠴᠣᠭᠴᠠᠯᠠᠨ ᠪᠠᠶᠢᠭᠤᠯᠵᠦ᠂ ᠪᠦᠬᠦ ᠬᠤᠰᠢᠭᠤᠨ ᠤ ᠺᠠᠳ᠋ᠷ ᠣᠯᠠᠨ ᠲᠦᠮᠡᠨ ᠤ ᠣᠶᠣᠨ ᠤ ᠪᠣᠯᠪᠠᠰᠣᠨ ᠤ ᠬᠡᠪ ᠳᠦᠷᠢ ᠶᠢ ᠪᠦᠷᠢᠨ ᠢᠯᠡᠷᠡᠭᠦᠯᠬᠦ ᠬᠡᠷᠡᠭᠲᠡᠢ ᠭᠡᠵᠡᠢ᠃    ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠢᠯᠠᠭᠤ᠂ ᠴᠠᠭ ᠢ ᠠᠮᠵᠢᠨ᠂ ᠠᠵᠢᠯ ᠤᠨ ᠬᠤᠪᠢᠶᠠᠷᠢᠯᠠᠯᠲᠠ ᠶᠣᠰᠣᠭᠠᠷ ᠬᠤᠷᠠᠯ ᠤᠨ ᠪᠡᠯᠡᠳᠭᠡᠯ ᠠᠵᠢᠯ ᠢ ᠰᠠᠶᠢᠲᠣᠷ ᠬᠢᠵᠦ᠂ ᠱᠠᠭᠠᠷᠳᠠᠨ ᠪᠠᠶᠢᠴᠠᠭᠠᠯᠲᠠ ᠶᠢᠨ ᠬᠦᠴᠦᠯᠡᠴᠡ᠂ ᠪᠡᠯᠡᠳᠭᠡᠯ ᠠᠵᠢᠯ ᠤᠨ ᠲᠣᠬᠢᠷᠠᠭᠤᠯᠣᠯᠲᠠ ᠪᠠᠨ ᠴᠢᠩᠭᠠᠳᠬᠠᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠵᠡᠷᠭᠡ ᠭᠤᠣᠯᠳᠠᠯᠭ᠎ᠠ ᠲᠠᠢ ᠠᠵᠢᠯ ᠢ ᠴᠢᠩᠭ᠎ᠠ ᠠᠳᠬᠤᠨ᠂ ᠠᠵᠢᠯ ᠤᠨ ᠬᠢᠷᠢ ᠳᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠪᠠᠷᠠᠭᠤᠨ ᠦᠵᠦᠮᠦᠴᠢᠨ ᠬᠤᠰᠢᠭᠤᠨ ᠤ ᠠᠵᠦ ᠠᠬᠤᠢ ᠂ ᠨᠡᠶᠢᠭᠡᠮ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠭᠦᠢᠴᠡᠳ ᠢᠯᠡᠷᠡᠭᠦᠯᠬᠦ ᠬᠡᠷᠡᠭᠲᠡᠢ ᠭᠡᠵᠡᠢ᠃
 
ᠢᠷᠡᠯᠲᠡ᠄ ᠬᠤᠰᠢᠭᠤ ᠷᠠᠳᠢᠤ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号