ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠣᠩᠭᠤᠯ ᠳᠤ ᠲᠣᠭᠤᠷᠢᠨ ᠪᠠᠶᠢᠴᠠᠭᠠᠬᠤ ᠦᠶᠡᠰ ᠤᠨ ᠴᠢᠬᠤᠯᠠ ᠶᠠᠷᠢᠶᠠᠨ ᠤ  ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠲᠣᠣᠱᠯᠠᠭᠤᠯᠬᠤ ᠵᠢᠴᠢ ᠨᠠᠮᠣᠷ ᠤᠨ ᠣᠯᠠᠷᠢᠯ ᠤᠨ ᠮᠠᠯ ᠠᠵᠦ ᠠᠬᠤᠢ ᠶᠢᠨ ᠠᠵᠢᠯ᠂ ᠨᠠᠮᠣᠷ ᠤᠨ ᠣᠯᠠᠷᠢᠯ ᠤᠨ ᠭᠤᠣᠯᠳᠠᠯᠭᠠᠲᠡᠢ ᠲᠦᠷᠦᠯ ᠵᠦᠢᠯ ᠢ ᠵᠤᠬᠢᠴᠠᠭᠤᠯᠬᠤ ᠬᠤᠷᠠᠯ ᠬᠤᠷᠠᠯᠳᠣᠭᠰᠠᠨ
ᠨᠡᠶᠢᠲᠡᠯᠡᠭᠰᠡᠨ ᠴᠠᠭ᠄
2017-08-14
   8 ᠰᠠᠷ᠎ᠠ ᠶᠢᠨ 10 ᠤ ᠡᠳᠦᠷ᠂ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠣᠩᠭᠤᠯ ᠳᠤ ᠲᠣᠭᠤᠷᠢᠨ ᠪᠠᠶᠢᠴᠠᠭᠠᠬᠤ ᠦᠶᠡᠰ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠲᠣᠣᠱᠯᠠᠭᠤᠯᠬᠤ ᠵᠢᠴᠢ ᠨᠠᠮᠣᠷ ᠤᠨ ᠣᠯᠠᠷᠢᠯ ᠤᠨ ᠮᠠᠯ ᠠᠵᠦ ᠠᠬᠤᠢ ᠶᠢᠨ ᠠᠵᠢᠯ᠂ ᠨᠠᠮᠣᠷ ᠤᠨ ᠣᠯᠠᠷᠢᠯ ᠤᠨ ᠭᠤᠣᠯᠳᠠᠯᠭᠠᠲᠡᠢ ᠲᠦᠷᠦᠯ ᠵᠦᠢᠯ ᠢ ᠵᠤᠬᠢᠴᠠᠭᠤᠯᠬᠤ ᠬᠤᠷᠠᠯ ᠬᠤᠷᠠᠯᠳᠣᠵᠦ᠂ ᠬᠤᠷᠠᠯ ᠠᠴᠠ ᠪᠦᠬᠦ ᠠᠶᠢᠮᠠᠭ ᠤᠨ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠣᠩᠭᠤᠯ ᠳᠤ ᠲᠣᠭᠤᠷᠢᠨ ᠪᠠᠶᠢᠴᠠᠭᠠᠬᠤ ᠦᠶᠡᠰ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠲᠣᠣᠱᠯᠠᠭᠤᠯᠬᠤ ᠵᠢᠴᠢ ᠨᠠᠮᠣᠷ ᠤᠨ ᠣᠯᠠᠷᠢᠯ ᠤᠨ ᠮᠠᠯ ᠠᠵᠦ ᠠᠬᠤᠢ ᠶᠢᠨ ᠠᠵᠢᠯ᠂ ᠨᠠᠮᠣᠷ ᠤᠨ ᠣᠯᠠᠷᠢᠯ ᠤᠨ ᠭᠤᠣᠯᠳᠠᠯᠭᠠᠲᠡᠢ ᠲᠦᠷᠦᠯ ᠵᠦᠢᠯ  ᠤᠨ ᠠᠵᠢᠯ ᠢ ᠪᠠᠶᠢᠷᠢᠯᠠᠭᠤᠯᠤᠭᠰᠠᠨ ᠪᠠᠶᠢᠨ᠎ᠠ᠃    ᠬᠤᠰᠢᠭᠤ ᠨᠠᠮ ᠤᠨ ᠬᠤᠷᠢᠶᠠᠨ ᠤ ᠱᠦᠵᠢ ᠪᠠᠢ ᠶᠦᠩ ᠴᠦᠨ᠂ ᠬᠤᠷᠠᠯ ᠳᠡᠭᠡᠷ᠎ᠡ ᠪᠦᠬᠦ ᠠᠶᠢᠮᠠᠭ ᠤᠨ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠣᠩᠭᠤᠯ ᠳᠤ ᠲᠣᠭᠤᠷᠢᠨ ᠪᠠᠶᠢᠴᠠᠭᠠᠬᠤ ᠦᠶᠡᠰ ᠤᠨ ᠴᠢᠬᠤᠯᠠ ᠶᠠᠷᠢᠶᠠᠨ ᠤ  ᠵᠣᠷᠢᠭ ᠰᠠᠨᠠᠭ᠎ᠠ ᠶᠢ ᠣᠯᠠᠮᠵᠢᠯᠠᠭᠰᠠᠨ ᠤ ᠬᠠᠮᠲᠦ ᠶᠠᠷᠢᠶ᠎ᠠ ᠬᠢᠵᠡᠢ᠃    ᠲᠡᠷᠡ ᠵᠢᠭᠠᠬᠤ ᠳᠠᠭᠠᠨ᠄ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠣᠩᠭᠤᠯ ᠳᠤ ᠲᠣᠭᠤᠷᠢᠨ ᠪᠠᠶᠢᠴᠠᠭᠠᠬᠤ ᠦᠶᠡᠰ ᠤᠨ ᠴᠢᠬᠤᠯᠠ ᠶᠠᠷᠢᠶᠠᠨ ᠤ  ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠲᠣᠣᠱᠯᠠᠭᠤᠯᠵᠤ᠂ ᠶᠡᠷᠦᠩᠬᠡᠢ ᠱᠦᠵᠢ ᠶᠢᠨ ᠰᠢᠷᠢᠰ ᠶᠠᠷᠢᠶᠠᠨ ᠤ ᠵᠣᠷᠢᠭ ᠰᠠᠨᠠᠭ᠎ᠠ ᠂ ᠨᠡᠩ ᠢᠯᠠᠩᠭᠤᠶ᠎ᠠ ᠦᠪᠦᠷ ᠮᠣᠩᠭᠤᠯ ᠳᠤ ᠲᠣᠭᠤᠷᠢᠨ ᠪᠠᠶᠢᠴᠠᠭᠠᠬᠤ ᠦᠶᠡᠰ ᠤᠨ ᠶᠠᠷᠢᠶᠠᠨ ᠤ ᠵᠣᠷᠢᠭ ᠰᠠᠨᠠᠭ᠎ᠠ ᠶᠢ ᠰᠣᠷᠣᠯᠴᠠᠬᠤ ᠶᠢ ᠣᠷᠲᠦ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠨ ᠠᠳᠬᠤᠨ᠂ ᠳᠦᠷᠪᠡᠨ ᠣᠬᠠᠮᠰᠠᠷ ᠢ ᠴᠢᠩᠭᠠᠳᠬᠠᠬᠤ ᠶᠢ ᠪᠣᠲᠠᠲᠡᠢ ᠢᠯᠡᠷᠡᠯ ᠪᠣᠯᠭᠠᠵᠦ᠂ ᠤᠯᠤᠰ ᠲᠦᠷᠦ ᠶᠢᠨ ᠴᠢᠳᠠᠪᠦᠷᠢ ᠪᠠᠨ ᠳᠡᠭᠡᠭᠰᠢᠯᠡᠭᠦᠯᠦᠨ᠂ ᠰᠣᠷᠣᠯᠴᠠᠯᠭ᠎ᠠ ᠰᠣᠳᠣᠯᠭᠠᠨ ᠢ ᠴᠢᠩᠭᠠᠳᠬᠠᠵᠦ᠂ ᠣᠬᠠᠭᠤᠯᠭ᠎ᠠ ᠶᠢ ᠭᠦᠨᠵᠡᠭᠡᠶᠢᠷᠡᠭᠦᠯᠦᠨ᠂ ᠰᠠᠶᠢᠲᠣᠷ ᠡᠵᠡᠮᠰᠢᠨ ᠲᠣᠣᠱᠯᠠᠭᠤᠯᠵᠤ᠂ ᠶᠡᠷᠦᠩᠬᠡᠢ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠮᠠᠨ ᠤ ᠬᠤᠰᠢᠭᠤᠨ ᠤ ᠪᠠᠨ ᠠᠵᠦ ᠠᠬᠤᠢ ᠨᠡᠶᠢᠭᠡᠮ ᠤᠨ ᠬᠦᠭᠵᠢᠯᠲᠡ ᠪᠣᠯᠣᠨ ᠨᠠᠮ ᠤᠨ ᠪᠠᠶᠢᠭᠤᠯᠤᠯᠲᠠ ᠶᠢᠨ ᠠᠵᠢᠯ ᠢ ᠰᠢᠨ᠎ᠡ ᠱᠠᠲᠣᠨ ᠳᠤ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠵᠡᠢ᠃    ᠪᠠᠢ ᠶᠦᠩ ᠴᠦᠨ ᠵᠢᠭᠠᠬᠤ ᠳᠠᠭᠠᠨ᠄ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ  ᠤ ᠮᠠᠯ ᠠᠵᠦ ᠠᠬᠤᠢ ᠶᠢᠨ ᠠᠵᠢᠯ ᠢ ᠰᠠᠶᠢᠲᠣᠷ ᠬᠢᠬᠦ ᠨᠢ ᠭᠠᠩ ᠲᠠᠢ ᠲᠡᠮᠡᠴᠡᠵᠦ ᠬᠤᠬᠢᠷᠠᠯ ᠢ ᠪᠠᠭᠠᠰᠬᠠᠬᠤ ᠠᠵᠢᠯ ᠤᠨ ᠦᠷ᠎ᠡ ᠪᠦᠲᠦᠮᠵᠢ ᠶᠢᠨ ᠪᠠᠲᠣᠳᠬᠠᠬᠤ ᠱᠠᠭᠠᠷᠳᠠᠯᠭ᠎ᠠ᠂ ᠮᠠᠯ ᠠᠵᠦ ᠠᠬᠤᠢ ᠶᠢᠨ ᠬᠠᠩᠭᠠᠯᠭ᠎ᠠ ᠶᠢᠨ ᠪᠦᠲᠦᠴᠡ ᠶᠢᠨ ᠴᠢᠨᠠᠷᠲᠡᠢ ᠦᠭᠡᠷᠡᠴᠢᠯᠡᠯᠲᠡ ᠶᠢ ᠠᠬᠢᠭᠤᠯᠬᠤ ᠱᠠᠭᠠᠷᠳᠠᠯᠭ᠎ᠠ᠂ ᠮᠦᠨᠴᠦ ᠠᠮᠢ ᠠᠬᠤᠢ ᠶᠢᠨ ᠪᠣᠯᠪᠠᠰᠣᠨ ᠤ ᠪᠠᠶᠢᠭᠤᠯᠤᠯᠲᠠ ᠶᠢ ᠠᠬᠢᠭᠤᠯᠬᠤ ᠱᠠᠭᠠᠷᠳᠠᠯᠭ᠎ᠠ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠦᠨ᠂ ᠮᠠᠯᠵᠢᠬᠤ ᠣᠷᠣᠨ ᠤ ᠲᠣᠭᠲᠠᠭᠤᠨ ᠢ ᠬᠠᠮᠠᠭᠠᠯᠠᠬᠤ ᠶᠢᠨ ᠱᠠᠭᠠᠷᠳᠠᠯᠭ᠎ᠠ ᠪᠣᠯᠣᠨ᠎ᠠ᠃ ᠡᠶᠢᠨᠬᠦ ᠪᠦᠬᠦ ᠬᠤᠰᠢᠭᠤᠨ ᠤ ᠡᠯ᠎ᠡ ᠱᠠᠲᠣᠨ ᠤ ᠣᠳᠣᠷᠢᠳᠬᠤ ᠺᠠᠳ᠋ᠷᠴᠣᠳ ᠦᠨᠡᠨ ᠪᠣᠲᠠᠲᠡᠢ ᠠᠵᠢᠯᠯᠠᠵᠦ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠨ᠂ ᠭᠤᠣᠯᠳᠠᠯᠭ᠎ᠠ ᠪᠠᠨ ᠠᠳᠬᠤᠵᠦ᠂ ᠬᠦᠴᠢᠷ ᠪᠡᠷᠭᠡ ᠶᠢ ᠢᠯᠠᠨ ᠳᠠᠪᠠᠵᠦ᠂ ᠵᠠᠩᠭᠢᠯᠠᠭ᠎ᠠ ᠢ ᠠᠳᠬᠤᠨ᠂ ᠬᠡᠷᠡᠭᠵᠢᠭᠦᠯᠦᠰᠢᠲᠡᠢ ᠠᠷᠭ᠎ᠠ ᠠᠪᠴᠢᠯ ᠢᠶᠠᠷ ᠪᠣᠲᠠᠲᠡᠢ ᠦᠷ᠎ᠡ ᠪᠦᠲᠦᠮᠵᠢ ᠭᠠᠷᠭᠠᠨ᠂ ᠣᠷᠭᠢᠯᠤᠮ᠎ᠠ ᠬᠠᠯᠠᠭᠤᠨ ᠰᠡᠳᠬᠢᠯᠭᠡ ᠪᠣᠯᠣᠨ ᠣᠷᠣᠭᠰᠢᠯᠠᠨ ᠳᠠᠪᠰᠢᠬᠤ ᠣᠮᠤᠭ ᠵᠣᠷᠢᠭ ᠢᠶᠠᠷ ᠡᠯ᠎ᠡ ᠲᠦᠷᠦᠯ ᠤᠨ ᠠᠵᠢᠯ ᠢᠶᠠᠨ ᠪᠣᠲᠠᠲᠡᠢ ᠳᠤ ᠨᠠᠶᠢᠳᠠᠪᠦᠷᠢᠵᠢᠭᠤᠯᠬᠤ ᠬᠡᠷᠡᠭᠲᠡᠢ ᠭᠡᠵᠡᠢ᠃    ᠪᠠᠢ ᠶᠦᠩ ᠴᠦᠨ ᠴᠢᠬᠤᠯᠠᠴᠢᠯᠠᠬᠤ ᠳᠠᠭᠠᠨ᠄ ᠡᠨᠡ ᠵᠢᠯ ᠪᠦᠬᠦ ᠬᠤᠰᠢᠭᠤᠨ ᠤ ᠠᠵᠦ ᠠᠬᠤᠢ ᠶᠢᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠳᠠᠯ ᠲᠠᠢ᠂ ᠠᠵᠦ ᠠᠬᠤᠢ ᠶᠢᠨ ᠵᠢᠭᠠᠯᠲᠠ ᠲᠤᠭ᠎ᠠ ᠨᠡᠮᠡᠭᠳᠡᠵᠦ᠂ ᠭᠤᠣᠯᠳᠠᠯᠭᠠᠲᠡᠢ ᠲᠦᠷᠦᠯ ᠵᠦᠢᠯ ᠤᠨ ᠪᠠᠶᠢᠭᠤᠯᠤᠯᠲᠠ ᠶᠢ ᠲᠣᠭᠲᠠᠭᠤᠨ ᠠᠬᠢᠭᠤᠯᠣᠭᠰᠠᠨ ᠪᠠᠶᠢᠨ᠎ᠠ᠃ ᠡᠭᠦᠨ ᠤ  ᠰᠠᠭᠤᠷᠢᠨ ᠳᠤ ᠣᠳᠣᠬᠠᠨ ᠤ ᠠᠵᠦ ᠠᠬᠤᠢ ᠶᠢ ᠪᠠᠶᠢᠳᠠᠯ ᠢ ᠣᠨᠣᠪᠴᠢᠲᠡᠢ ᠣᠶᠢᠯᠭᠠᠵᠦ᠂ ᠠᠰᠠᠭᠤᠳᠠᠯ ᠤᠨ ᠴᠢᠭᠯᠡᠯ ᠢ ᠳᠣᠪᠣᠶᠢᠯᠭᠠᠨ᠂ ᠠᠵᠢᠯ ᠤᠨ ᠠᠷᠭ᠎ᠠ ᠠᠪᠴᠠᠯ ᠢᠶᠠᠨ ᠴᠢᠩᠭᠠᠳᠬᠠᠵᠦ᠂ ᠡᠯ᠎ᠡ ᠲᠦᠷᠦᠯ ᠤᠨ ᠭᠤᠣᠯᠳᠠᠯᠭᠠᠲᠡᠢ ᠠᠵᠢᠯ ᠢ ᠪᠠᠲᠣᠲᠡᠢ ᠠᠬᠢᠭᠤᠯᠬᠤ ᠬᠡᠷᠡᠭᠲᠡᠢ᠃ ᠭᠤᠣᠯᠳᠠᠯᠭᠠᠲᠡᠢ ᠲᠦᠷᠦᠯ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠦ᠂ ᠠᠵᠦ ᠠᠬᠤᠢ ᠶᠢᠨ ᠡᠷᠭᠢᠯᠲᠡ ᠶᠢᠨ ᠵᠣᠬᠢᠴᠠᠭᠤᠯᠭ᠎ᠠ ᠶᠢ ᠴᠢᠩᠭᠠᠳᠬᠠᠨ᠂ ᠠᠷᠠᠯᠵᠢᠶᠠᠴᠢᠨ ᠣᠷᠢᠵᠦ ᠪᠡᠯᠡ ᠲᠠᠲᠠᠬᠤ ᠠᠵᠢᠯ ᠢ ᠴᠢᠩᠭᠠᠳᠬᠠᠵᠦ᠂ ᠮᠦᠩᠭᠦᠨ ᠭᠦᠢᠯᠭᠡᠭᠡ ᠪᠠᠷ ᠠᠵᠦ ᠠᠬᠤᠢ ᠶᠢ ᠳᠡᠮᠵᠢᠬᠦ ᠬᠦᠴᠦᠯᠡᠴᠡ ᠶᠢ ᠨᠡᠮᠡᠭᠳᠡᠭᠦᠯᠬᠦ ᠬᠡᠷᠡᠭᠲᠡᠢ᠃ ᠬᠤᠰᠢᠭᠤ ᠳᠦᠷᠪᠡᠨ ᠶᠡᠭᠡ ᠣᠳᠣᠷᠢᠳᠬᠤ ᠪᠠᠭ ᠨᠢ ᠵᠢᠱᠢᠶᠡᠴᠢ ᠦᠢᠯᠡᠳᠦᠯ ᠢᠶᠠᠨ  ᠪᠠᠳᠠᠷᠠᠭᠤᠯᠵᠦ᠂ ᠵᠢᠯ ᠤᠨ ᠡᠬᠢᠨ ᠤ ᠭᠤᠣᠯᠳᠠᠯᠭᠠᠲᠡᠢ ᠲᠦᠷᠦᠯ ᠵᠦᠢᠯ ᠤᠨ ᠪᠠᠶᠢᠭᠤᠯᠤᠯᠲᠠ ᠶᠢᠨ ᠠᠵᠢᠯ ᠢ ᠦᠨᠳᠦᠰᠦᠯᠡᠨ᠂ ᠡᠭᠦᠷᠭᠡ ᠬᠠᠷᠢᠭᠤᠴᠠᠯᠭ᠎ᠠ ᠪᠠᠨ ᠬᠠᠷᠢᠭᠤᠴᠠᠵᠦ᠂ ᠬᠦᠳᠡᠯᠦᠩᠭᠦᠢ ᠪᠠᠷ ᠦᠢᠯᠡᠴᠢᠯᠡᠭᠡ ᠶᠢ ᠵᠤᠬᠢᠴᠠᠭᠤᠯᠤᠨ᠂ ᠬᠢᠨᠠᠨ ᠪᠠᠶᠢᠴᠠᠭᠠᠯᠲᠠ ᠶᠢᠨ ᠬᠦᠴᠦᠯᠡᠴᠡ ᠪᠠᠨ ᠨᠡᠮᠡᠭᠳᠡᠭᠦᠯᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠲᠣᠷᠠᠯ ᠤᠨ ᠬᠦᠴᠦᠨ ᠢ ᠪᠣᠢ ᠪᠣᠯᠭᠠᠨ᠂ ᠡᠯ᠎ᠡ ᠲᠦᠷᠦᠯ ᠤᠨ ᠠᠵᠢᠯ ᠢ ᠪᠣᠲᠠᠲᠡᠢ ᠳᠤ ᠨᠠᠶᠢᠳᠠᠪᠦᠷᠢᠵᠢᠭᠤᠯᠵᠦ᠂ ᠪᠣᠲᠠᠲᠡᠢ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠵᠡᠢ᠃    ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠳᠡᠳ᠋ ᠳᠠᠷᠤᠭ᠎ᠠ ᠴᠢᠯᠠᠭᠤ ᠬᠤᠷᠠᠯ ᠳᠡᠭᠡᠷᠡᠬᠢ ᠶᠠᠷᠢᠶᠠᠨ  ᠳᠠᠭᠠᠨ᠄ ᠡᠨᠡ ᠵᠢᠯ ᠪᠦᠬᠦ ᠬᠤᠰᠢᠭᠤᠨ ᠤ ᠡᠯ᠎ᠡ ᠰᠣᠮᠣ ᠪᠠᠯᠭᠠᠰᠣ ᠬᠦᠨᠳᠦ ᠨᠣᠴᠢᠲᠡᠢ ᠭᠠᠩᠳᠠᠵᠦ᠂ ᠮᠠᠯ ᠠᠵᠦ ᠠᠬᠤᠢ  ᠳᠤ ᠶᠡᠬᠡᠬᠡᠨ ᠨᠦᠯᠦᠭᠡᠯᠡᠯ ᠣᠴᠠᠷᠠᠭᠤᠯᠣᠭᠰᠠᠨ ᠪᠠᠶᠢᠨ᠎ᠠ᠃ ᠡᠶᠢᠨᠬᠦ ᠮᠠᠯ ᠠᠵᠦ ᠠᠬᠤᠢ ᠶᠢᠨ ᠠᠵᠢᠯ ᠢ ᠰᠠᠶᠢᠲᠣᠷ ᠬᠢᠬᠦ  ᠳᠤ ᠠᠵᠦ ᠠᠬᠤᠢ ᠶᠢᠨ ᠬᠠᠩᠭᠠᠯᠭ᠎ᠠ ᠶᠢᠨ ᠪᠦᠲᠦᠴᠡ ᠶᠢᠨ ᠴᠢᠨᠠᠷᠲᠡᠢ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠮᠠᠯᠴᠢᠳ ᠢ ᠳᠠᠶᠢᠴᠢᠯᠠᠨ᠂ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠬᠡᠯᠪᠡᠷᠢ ᠶᠢ ᠨᠢ ᠬᠤᠪᠢᠷᠠᠭᠤᠯᠵᠦ᠂ ᠮᠠᠯ ᠪᠡᠯᠴᠢᠭᠡᠷ ᠤᠨ ᠲᠡᠩᠴᠡᠭᠦᠷᠢ ᠶᠢᠨ ᠳᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠦᠨ᠂  ︽ᠬᠤᠨᠢ ᠶᠢ ᠴᠦᠭᠡᠳᠭᠡᠨ᠂ ᠦᠬᠡᠷ ᠦᠰᠭᠡᠭᠦ︾᠂ ︽ᠡᠯᠡᠰᠦᠨ ᠭᠠᠵᠠᠷ ᠬᠤᠨᠢ ᠮᠠᠯᠵᠢᠬᠤ ᠦᠭᠡᠢ᠂ ᠡᠯᠡᠰᠦᠨ ᠭᠠᠵᠠᠷ ᠤᠨ ᠠᠮᠢ ᠠᠬᠤᠢ ᠶᠢ ᠵᠠᠰᠠᠬᠤ ᠵᠡᠷᠭᠡ ᠠᠵᠢᠯ ᠢ ᠰᠠᠶᠢᠲᠣᠷ ᠬᠡᠷᠡᠭᠵᠢᠭᠦᠯᠬᠦ ᠬᠡᠷᠡᠭᠲᠡᠢ᠃ ᠡᠯ᠎ᠡ ᠰᠣᠮᠣ ᠪᠠᠯᠭᠠᠰᠣ᠂ ᠡᠯ᠎ᠡ ᠬᠠᠮᠢᠶᠠᠲᠡᠢ ᠰᠠᠯᠠᠭ᠎ᠠ ᠮᠦᠴᠢᠷ ᠨᠢ ᠮᠠᠯ ᠤᠨᠤᠭ᠎ᠠ ᠪᠠᠨ ᠮᠡᠨᠳᠦ ᠣᠨᠳᠣᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠷᠲᠡ ᠠᠴᠠ ᠪᠠᠶᠢᠷᠢᠯᠠᠭᠤᠯᠤᠨ᠂ ᠮᠠᠯ ᠠᠵᠦ ᠠᠬᠤᠢ ᠶᠢᠨ ᠦᠷᠭᠦᠯᠵᠢᠯᠡᠭᠰᠡᠨ ᠡᠷᠡᠭᠦᠯ ᠬᠦᠭᠵᠢᠯᠲᠡ ᠶᠢ ᠪᠠᠲᠣᠯᠠᠵᠦ᠂ ᠮᠠᠯᠴᠢᠳ ᠤᠨ ᠣᠷᠣᠯᠭ᠎ᠠ ᠶᠢ ᠲᠣᠭᠲᠠᠭᠤᠨ  ᠢᠶᠠᠷ ᠨᠡᠮᠡᠭᠳᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠡᠢ᠃    ᠴᠢᠯᠠᠭᠤ ᠴᠢᠬᠤᠯᠠᠴᠢᠯᠠᠬᠤ ᠳᠠᠭᠠᠨ᠄ ᠠᠮᠢ ᠠᠬᠤᠢ ᠶᠢᠨ ᠬᠤᠷᠢᠭ᠎ᠠ ᠴᠡᠭᠡᠷ ᠢ ᠪᠠᠷᠢᠮᠲᠠᠯᠠᠨ᠂ ᠠᠮᠢ ᠠᠬᠤᠢ ᠶᠢᠨ ᠠᠮᠣᠷ ᠲᠦᠪᠰᠢᠨ ᠤ ᠬᠠᠯᠬᠠᠪᠴᠢ ᠶᠢ ᠪᠠᠲᠣᠳᠬᠠᠬᠤ ᠬᠡᠷᠡᠭᠲᠡᠢ᠃ ᠡᠯ᠎ᠡ ᠰᠣᠮᠣ ᠪᠠᠯᠭᠠᠰᠣ᠂ ᠬᠠᠮᠢᠶᠠᠲᠡᠢ ᠰᠠᠯᠠᠭ᠎ᠠ ᠮᠦᠴᠢᠷ ᠨᠢ ᠭᠤᠷᠪᠠᠨ ᠮᠠᠯᠵᠢᠯ ᠤᠨ ᠠᠵᠢᠯ ᠤᠨ ᠴᠢᠬᠤᠯᠠ ᠴᠢᠨᠠᠷ ᠤᠨ ᠲᠣᠬᠠᠢ ᠦᠵᠡᠯᠲᠡ ᠲᠠᠨᠢᠯᠲᠠ ᠪᠠᠨ ᠳᠡᠭᠡᠭᠰᠢᠯᠡᠭᠦᠯᠵᠦ᠂ ᠮᠠᠯ ᠠᠵᠦ ᠠᠬᠤᠢ ᠶᠢᠨ ᠦᠷ᠎ᠡ ᠠᠰᠢᠭ᠂ ᠮᠠᠯᠴᠢᠳ ᠤᠨ ᠣᠷᠣᠯᠭ᠎ᠠ ᠶᠢᠨ ᠨᠡᠮᠡᠭᠳᠡᠯ᠂ ᠮᠠᠯᠵᠢᠬᠤ ᠣᠷᠣᠨ ᠤ ᠠᠮᠢ ᠠᠬᠤᠢ ᠶᠢ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠵᠢᠷᠭᠤᠭᠠᠨ ᠣᠨᠣᠪᠴᠢᠲᠡᠢ᠂ ︽ᠲᠠᠪᠤ ᠵᠢ‌ᠨᠢᠭᠡ ᠴᠣᠭᠴᠠᠵᠢᠭᠤᠯᠬᠤ︾  ᠱᠠᠭᠠᠷᠳᠠᠯᠭ᠎ᠠ ᠶᠢ ᠦᠷᠭᠦᠯᠵᠢᠯᠡᠨ  ᠨᠠᠶᠢᠳᠠᠪᠦᠷᠢᠵᠢᠭᠤᠯᠵᠦ᠂ ᠬᠤᠶᠠᠷ ᠳᠤ ᠰᠠᠨᠠᠭ᠎ᠠ  ᠵᠣᠪᠠᠭ᠋ᠤ ᠦᠭᠡᠢ᠂ ᠭᠤᠷᠪᠠ ᠶᠢ ᠪᠠᠲᠤᠯᠠᠬᠤ ᠬᠠᠷᠠᠯᠲᠠ ᠪᠣᠯᠣᠨ ︽ ᠶᠠᠭᠤ ᠳᠣᠲᠠᠪᠠᠯ᠂ ᠶᠠᠭᠤ ᠶᠢ ᠨᠦᠬᠦᠪᠦᠷᠢᠯᠡᠬᠦ︾ ᠠᠵᠢᠯ ᠤᠨ ᠰᠡᠳᠬᠢᠮᠵᠢ ᠪᠠᠷ ᠣᠨᠣᠪᠴᠢᠲᠡᠢ ᠪᠠᠷ ᠶᠠᠳᠠᠭᠤ ᠶᠢ ᠲᠡᠳᠭᠦᠬᠦ ᠠᠵᠢᠯ ᠢ ᠪᠦᠬᠦ ᠲᠠᠯ᠎ᠠ ᠪᠠᠷ ᠠᠬᠢᠭᠤᠯᠵᠦ᠂ ᠮᠠᠯᠴᠢᠳ ᠤᠨ ᠭᠠᠩ ᠭᠠᠮᠰᠢᠭ ᠠᠴᠠ ᠶᠠᠳᠠᠭᠤᠷᠠᠬᠤ ᠦᠭᠡᠢ᠂ ᠭᠠᠩ ᠭᠠᠮᠰᠢᠭ ᠠᠴᠠ ᠪᠣᠯᠵᠦ ᠳᠠᠬᠢᠨ ᠶᠠᠳᠠᠭᠤᠷᠠᠬᠤ ᠦᠭᠡᠢ ᠪᠠᠶᠢᠬᠤ ᠶᠢ ᠪᠠᠲᠣᠯᠠᠬᠤ ᠬᠡᠷᠡᠭᠲᠡᠢ ᠭᠡᠵᠡᠢ᠃    ᠴᠢᠯᠠᠭᠤ ᠱᠠᠭᠠᠷᠳᠠᠬᠤ ᠳᠠᠭᠠᠨ᠄ ᠠᠵᠦ ᠠᠬᠤᠢ ᠶᠢᠨ ᠠᠵᠢᠯ ᠢ ᠵᠤᠬᠢᠴᠠᠭᠤᠯᠬᠤ ᠠᠵᠢᠯ ᠢ ᠰᠠᠶᠢᠲᠣᠷ ᠬᠢᠬᠦ ᠬᠡᠷᠡᠭᠲᠡᠢ ᠃ ᠨᠢᠭᠡ ᠳᠤ ᠲᠦᠷᠦᠯ ᠵᠦᠢᠯ ᠢ ᠠᠳᠬᠤᠵᠦ ᠪᠠᠶᠢᠭ᠎ᠠ ᠨᠢ ᠬᠦᠭᠵᠢᠯᠲᠡ ᠶᠢ ᠠᠳᠬᠤᠵᠦ ᠪᠠᠶᠢᠨ᠎ᠠ ᠭᠡᠬᠦ ᠣᠨᠣᠯ ᠢ ᠪᠠᠲᠣᠳᠬᠠᠨ᠂ ᠲᠦᠷᠦᠯ ᠵᠦᠢᠯ ᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠠᠵᠢᠯ ᠡᠬᠢᠯᠡᠭᠦᠯᠦᠭᠰᠡᠨ ᠲᠦᠷᠦᠯ ᠵᠦᠢᠯ ᠤᠨ ᠪᠠᠶᠢᠭᠤᠯᠤᠯᠲᠠ᠂ ᠠᠵᠢᠯ ᠰᠡᠷᠭᠦᠭᠡ ᠦᠭᠡᠢ ᠲᠦᠷᠦᠯ ᠵᠦᠢᠯ ᠤᠨ ᠳᠠᠬᠢᠨ ᠠᠵᠢᠯ ᠡᠬᠢᠯᠡᠬᠦ ᠪᠣᠯᠣᠨ ᠲᠦᠷᠦᠯ ᠵᠦᠢᠯ ᠤᠨ ᠪᠡᠯᠡᠳᠭᠡᠯ ᠠᠵᠢᠯ ᠵᠡᠷᠭᠡ ᠶᠢ ᠨᠢᠭᠡᠲᠦᠯᠲᠡᠢ ᠲᠦᠯᠦᠪᠵᠢᠭᠦᠯᠦᠨ ᠠᠳᠬᠤᠵᠦ᠂ ᠲᠦᠷᠦᠯ ᠵᠦᠢᠯ ᠤᠨ ᠪᠡᠯᠡ ᠣᠷᠣᠭᠤᠯᠣᠯᠲᠠ ᠶᠢᠨ ᠳᠠᠶᠢᠴᠢᠯᠠᠯ ᠤᠨ  ᠬᠦᠴᠦᠨ ᠢ ᠭᠦᠢᠴᠡᠳ ᠪᠠᠳᠠᠷᠠᠭᠤᠯᠣᠨ᠂ ᠠᠵᠦ ᠠᠬᠤᠢ ᠶᠢᠨ ᠲᠣᠭᠲᠠᠭᠤᠨ ᠨᠡᠮᠡᠭᠳᠡᠯ ᠢ ᠠᠬᠢᠭᠤᠯᠬᠤ ᠬᠡᠷᠡᠭᠲᠡᠢ᠃ ᠲᠦᠷᠦᠯ ᠵᠦᠢᠯ ᠤᠨ ᠦᠢᠯᠡᠳᠦᠯ ᠢ ᠭᠦᠢᠴᠡᠳ ᠪᠠᠳᠠᠷᠠᠭᠤᠯᠵᠦ᠂ ᠲᠦᠷᠦᠯ ᠵᠦᠢᠯ ᠢ ᠳᠠᠭᠠᠭᠠᠴᠢᠯᠠᠵᠦ ᠪᠠᠶᠢᠭ᠎ᠠ ᠣᠳᠣᠷᠢᠳᠣᠯᠭ᠎ᠠ ᠨᠢ ᠠᠵᠢᠯ ᠤᠨ ᠳᠣᠭᠤᠶᠢᠯᠠᠩ ᠢᠶᠠᠨ ᠳᠠᠭᠠᠭᠤᠯᠣᠨ᠂ ᠠᠵᠦ  ᠠᠬᠤᠶᠢᠯᠠᠯ ᠢᠶᠠᠷ ᠭᠦᠨᠵᠡᠭᠡᠶᠢᠷᠡᠵᠦ᠂ ᠠᠵᠢᠯ ᠢᠶᠠᠨ ᠵᠣᠬᠢᠴᠠᠭᠤᠯᠣᠨ᠂ ᠲᠦᠷᠦᠯ ᠵᠦᠢᠯ ᠤᠨ ᠡᠷᠲᠡ ᠠᠵᠢᠯ ᠢᠶᠠᠨ ᠡᠬᠢᠯᠡᠭᠦᠯᠵᠦ᠂ ᠡᠷᠲᠡ ᠠᠰᠢᠭᠯᠠᠯᠲᠠ ᠳᠤ ᠣᠷᠣᠭᠤᠯᠣᠨ᠂ ᠦᠷ᠎ᠡ ᠠᠰᠢᠭ ᠡᠭᠦᠳᠬᠦ ᠶᠢ ᠠᠬᠢᠭᠤᠯᠬᠤ ᠬᠡᠷᠡᠭᠲᠡᠢ᠃ ᠬᠤᠶᠠᠷ ᠲᠤ᠂ ᠡᠷᠴᠢᠮᠵᠢᠭᠦᠯᠦᠭᠰᠡᠨ᠂ ᠣᠨᠴᠠᠯᠢᠭᠲᠤ᠂ ᠳᠦᠷᠢᠮᠵᠢᠭᠰᠡᠨ᠂ ᠪᠣᠬᠢᠷᠳᠣᠯ ᠦᠭᠡᠢ ᠱᠠᠭᠠᠷᠳᠠᠯᠭ᠎ᠠ ᠶᠢ ᠦᠨᠳᠦᠰᠦᠯᠡᠨ᠂ ᠤᠯᠤᠰ ᠤᠨ ᠠᠵᠦ ᠦᠢᠯᠡᠰ ᠤᠨ ᠲᠦᠷᠦ ᠶᠢᠨ ᠪᠣᠳᠣᠯᠭ᠎ᠠ ᠪᠣᠯᠣᠨ ᠠᠵᠦ ᠦᠢᠯᠡᠳᠪᠦᠷᠢ ᠶᠢᠨ ᠲᠣᠭᠤᠷᠢᠭ ᠤᠨ ᠬᠦᠭᠵᠢᠯᠲᠡ ᠶᠢᠨ ᠰᠠᠭᠤᠷᠢ᠂ ᠳᠠᠪᠠᠭᠤᠯᠢᠭ ᠨᠦᠭᠦᠴᠡᠯ ᠳᠡᠭᠡᠨ ᠰᠠᠭᠤᠷᠢᠯᠠᠨ᠂ ᠪᠠᠶᠠᠨᠬᠤᠸᠠ ᠠᠵᠦ ᠦᠢᠯᠡᠳᠪᠦᠷᠢ ᠶᠢᠨ ᠲᠣᠭᠤᠷᠢᠭ ᠢ ᠣᠯᠠᠮ ᠨᠢᠭᠡ ᠠᠯᠬᠤᠮ ᠵᠠᠰᠠᠪᠦᠷᠢ ᠤᠷᠤᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠭᠤᠷᠪᠠ ᠳᠤ ᠠᠷᠠᠯᠵᠢᠶᠠᠴᠢᠨ ᠣᠷᠢᠵᠦ ᠪᠡᠯᠡ ᠲᠠᠲᠠᠬᠤ ᠠᠵᠢᠯ ᠤᠨ ᠬᠦᠴᠦᠯᠡᠴᠡ ᠪᠠᠨ ᠨᠡᠮᠡᠭᠳᠡᠭᠦᠯᠬᠦ ᠬᠡᠷᠡᠭᠲᠡᠢ᠃ ᠮᠠᠨ ᠤ ᠬᠤᠰᠢᠭᠤᠨ ᠤ ᠠᠵᠦ ᠠᠬᠤᠢ ᠶᠢᠨ ᠬᠤᠯᠪᠣᠭᠠᠰᠣ ᠶᠢᠨ ᠬᠡᠷᠡᠭᠴᠡᠭᠡ ᠱᠠᠭᠠᠷᠳᠠᠯᠭ᠎ᠠ ᠶᠢ ᠶᠡᠷᠦᠩᠬᠡᠢ ᠳᠤᠨᠢ ᠪᠣᠳᠣᠯᠬᠢᠯᠠᠵᠦ᠂ ᠪᠡᠭᠡᠵᠢᠩ ᠲᠢᠶᠠᠨᠵᠢᠨ ᠾᠧᠪᠸᠢ ᠣᠷᠣᠨ ᠤ ᠤᠯᠤᠰ  ᠤᠨ ᠠᠵᠦ ᠦᠢᠯᠡᠰ ᠤᠨ ᠲᠦᠷᠦ ᠶᠢᠨ ᠪᠣᠳᠣᠯᠭ᠎ᠠ ᠳᠤ ᠨᠡᠶᠢᠴᠡᠵᠦ ᠪᠠᠶᠢᠭ᠎ᠠ ᠪᠣᠯᠪᠠᠴᠦ ᠭᠠᠵᠠᠷ ᠣᠷᠣᠨ ᠤ ᠴᠢᠨᠠᠷᠲᠡᠢ ᠦᠢᠯᠡᠳᠪᠦᠷᠢᠯᠡᠯ ᠤᠨ ᠬᠢᠵᠠᠭᠠᠷᠯᠠᠯ ᠢᠶᠠᠷ ᠭᠠᠳᠠᠭᠰᠢ ᠨᠡᠭᠦᠯᠭᠡᠵᠦ ᠪᠠᠶᠢᠭ᠎ᠠ ᠠᠵᠦ ᠠᠬᠤᠶᠢᠯᠠᠯ ᠢ ᠢᠳᠡᠪᠬᠢᠲᠡᠢ ᠲᠠᠲᠠᠨ ᠣᠷᠣᠭᠤᠯᠵᠦ᠂ ᠠᠵᠦ ᠠᠬᠤᠢ ᠶᠢᠨ ᠡᠷᠡᠭᠦᠯ ᠦᠷᠭᠦᠯᠵᠢᠯᠡᠭᠰᠡᠨ ᠬᠦᠭᠵᠢᠯᠲᠡ ᠶᠢ ᠠᠬᠢᠭᠤᠯᠬᠤ ᠬᠡᠷᠡᠭᠲᠡᠢ᠃ ᠳᠦᠷᠪᠡ ᠳᠤ ᠪᠡᠯᠡ ᠨᠡᠶᠢᠯᠡᠭᠦᠯᠬᠦ ᠠᠵᠢᠯ ᠢ ᠰᠠᠶᠢᠲᠣᠷ ᠬᠢᠬᠦ ᠬᠡᠷᠡᠭᠲᠡᠢ᠃ ᠵᠠᠰᠠᠭ ᠤᠨ ᠣᠷᠳᠣᠨ ᠠᠴᠠ ᠵᠢᠯᠣᠭᠤᠳᠴᠤ᠂ ᠠᠵᠦ ᠠᠬᠤᠶᠢᠯᠠᠯ ᠠᠵᠢᠯᠯᠠᠨ᠂  ᠬᠠᠮᠲᠣᠪᠡᠷ ᠠᠰᠢᠭ ᠬᠦᠷᠲᠡᠬᠦ ᠵᠠᠬ᠎ᠠ ᠳᠡᠯᠭᠡᠬᠦᠷᠴᠢᠯᠡᠭᠰᠡᠨ ᠠᠷᠭ᠎ᠠ ᠮᠠᠶ᠋ᠢᠭ ᠢ ᠬᠡᠷᠡᠭᠯᠡᠵᠦ᠂ ᠪᠡᠯᠡ ᠣᠷᠣᠭᠤᠯᠬᠤ ᠪᠡᠯᠡ ᠨᠡᠶᠢᠯᠡᠭᠦᠯᠬᠦ ᠳᠤ ᠰᠢᠨ᠎ᠡ ᠠᠷᠭ᠎ᠠ ᠠᠪᠴᠠᠯ ᠢ ᠡᠭᠦᠳᠦᠨ᠂ ᠠᠮᠣᠷ ᠲᠦᠪᠰᠢᠨ ᠦᠨᠳᠦᠷ ᠦᠷ᠎ᠡ ᠪᠦᠲᠦᠮᠵᠢᠲᠡᠢ ᠪᠡᠯᠡ ᠣᠷᠣᠭᠤᠯᠬᠤ᠂ ᠪᠡᠯᠡ ᠨᠡᠶᠢᠯᠡᠭᠦᠯᠬᠦ ᠪᠠᠲᠣᠯᠠᠭ᠎ᠠ ᠶᠢ ᠬᠠᠩᠭᠠᠬᠤ ᠬᠡᠷᠡᠭᠲᠡᠢ ᠭᠡᠵᠡᠢ᠃    ᠴᠢᠯᠠᠭᠤ ᠴᠢᠬᠤᠯᠠᠴᠢᠯᠠᠬᠤ ᠳᠠᠭᠠᠨ᠄ ᠡᠯ᠎ᠡ ᠲᠦᠷᠦᠯ ᠤᠨ ᠠᠵᠢᠯ ᠡᠭᠦᠷᠭᠡ ᠶᠢ ᠪᠡᠶᠡᠯᠡᠭᠦᠯᠬᠦ ᠳᠤ ᠴᠠᠭ ᠪᠠᠴᠢᠮ᠂ ᠡᠭᠦᠷᠭᠡ ᠬᠦᠨᠳᠦ ᠪᠠᠶᠢᠨ᠎ᠠ᠃ ᠡᠶᠢᠨᠬᠦ ᠳᠣᠬᠢᠶᠠᠯ ᠢ ᠠᠳᠬᠤᠨ᠂ ᠢᠳᠡᠪᠬᠢᠲᠡᠢ ᠠᠵᠢᠯᠯᠠᠬᠤ ᠬᠤᠶᠢᠰᠢᠲᠠ ᠶᠢᠨ ᠨᠢᠭᠡ ᠬᠤᠭᠤᠴᠠᠭᠠᠨ ᠤ ᠡᠯ᠎ᠡ ᠲᠦᠷᠦᠯ ᠤᠨ ᠠᠵᠢᠯ ᠢᠶᠠᠨ ᠪᠦᠬᠦ ᠬᠦᠴᠦᠨ ᠢᠶᠠᠷ ᠢᠶᠠᠨ ᠰᠠᠶᠢᠲᠣᠷ ᠬᠢᠵᠦ᠂ ᠵᠢᠯ ᠤᠨ ᠡᠬᠢᠨ  ᠳᠤ ᠲᠣᠭᠳᠠᠭᠠᠭᠰᠠᠨ ᠠᠵᠢᠯ ᠡᠭᠦᠷᠭᠡ ᠪᠠᠨ ᠪᠡᠶᠡᠯᠡᠭᠦᠯᠦᠨ᠂ ᠬᠤᠰᠢᠭᠤ ᠨᠣᠲᠤᠭ ᠤᠨ ᠢᠶᠠᠨ ᠠᠵᠦ ᠠᠬᠤᠢ ᠨᠡᠶᠢᠭᠡᠮ ᠤᠨ ᠲᠣᠭᠲᠠᠭᠤᠨ ᠡᠷᠡᠭᠦᠯ ᠬᠦᠭᠵᠢᠯᠲᠡ ᠶᠢ ᠴᠢᠷᠮᠠᠶᠢᠨ ᠠᠬᠢᠭᠤᠯᠵᠦ᠂ ᠠᠵᠢᠯ ᠤᠨ ᠰᠢᠯᠢᠳᠡᠭ ᠬᠢᠷᠢ ᠪᠦᠲᠦᠮᠵᠢ ᠪᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠲᠠᠲᠡᠢ ᠬᠤᠷᠠᠯᠳᠣᠬᠤ ᠶᠢ ᠣᠭᠲᠣᠬᠤ ᠬᠡᠷᠡᠭᠲᠡᠢ ᠭᠡᠵᠡᠢ᠃    ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠦ ᠰᠢᠶᠥᠥ ᠪᠦᠸᠧ ᠭᠤᠣᠯᠳᠠᠯᠭᠠᠲᠡᠢ ᠲᠦᠷᠦᠯ ᠵᠦᠢᠯ ᠤᠨ ᠪᠠᠶᠢᠭᠤᠯᠤᠯᠲᠠ᠂ ᠠᠵᠦ ᠦᠢᠯᠡᠳᠪᠦᠷᠢ ᠶᠢᠨ ᠲᠣᠭᠤᠷᠢᠭ ᠤᠨ ᠪᠠᠶᠢᠭᠤᠯᠤᠯᠲᠠ ᠪᠣᠯᠣᠨ ᠬᠠᠮᠢᠶᠠᠷᠣᠯᠲᠠ ᠶᠢ ᠴᠢᠩᠭᠠᠳᠬᠠᠬᠤ᠂ ᠠᠷᠠᠯᠵᠢᠶᠠᠴᠢᠨ ᠣᠷᠢᠵᠦ ᠪᠡᠯᠡ ᠲᠠᠲᠠᠬᠤ ᠠᠵᠢᠯ ᠵᠡᠷᠭᠡ ᠲᠠᠯ᠎ᠠ ᠪᠠᠷ ᠪᠣᠲᠠᠲᠠᠢ ᠪᠠᠶᠢᠷᠢᠯᠠᠭᠤᠯᠵᠦ᠂ ᠬᠤᠰᠢᠭᠤ ᠳᠡᠳ᠋ ᠳᠠᠷᠤᠭ᠎ᠠ ᠮᠠᠰᠢᠪᠠᠭᠠᠲᠣᠷ ᠮᠠᠯ ᠠᠵᠦ ᠠᠬᠤᠢ ᠶᠢᠨ ᠬᠠᠩᠭᠠᠯᠭ᠎ᠠ ᠶᠢᠨ ᠪᠦᠲᠦᠴᠡ ᠶᠢᠨ ᠴᠢᠨᠠᠷᠲᠡᠢ ᠦᠭᠡᠷᠡᠴᠢᠯᠡᠯᠲᠠ᠂ ᠨᠣᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ᠂ ᠭᠠᠮᠰᠢᠭ ᠲᠠᠢ ᠲᠡᠮᠡᠴᠡᠵᠦ ᠬᠤᠬᠢᠷᠠᠯ ᠢ ᠪᠠᠭᠠᠰᠬᠠᠬᠤ᠂ ᠶᠠᠳᠠᠭᠤ ᠶᠢ ᠲᠡᠳᠭᠦᠵᠦ ᠪᠣᠭᠤᠮᠲᠠ ᠰᠢᠪᠲᠣᠯᠬᠤ ᠵᠡᠷᠭᠡ ᠠᠭᠤᠯᠭ᠎ᠠ ᠠᠴᠠ ᠡᠨᠡ ᠵᠢᠯ ᠤᠨ ᠡᠬᠢᠨ ᠠᠴᠠ ᠨᠠᠰᠢᠬᠢ ᠮᠠᠯᠵᠢᠬᠤ ᠣᠷᠣᠨ ᠤ ᠠᠵᠢᠯ ᠢ ᠳ᠋ᠦᠩᠨᠡᠵᠦ᠂ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠤ ᠮᠠᠯᠵᠢᠬᠤ ᠣᠷᠣᠨ ᠤ ᠠᠵᠢᠯ ᠤᠨ ᠡᠭᠦᠷᠭᠡ ᠬᠠᠷᠠᠯᠲᠠ ᠶᠢ ᠪᠠᠶᠢᠷᠢᠯᠠᠭᠤᠯᠤᠭᠰᠠᠨ ᠪᠠᠶᠢᠨ᠎ᠠ᠃
 
ᠢᠷᠡᠯᠲᠡ᠄ ᠬᠤᠰᠢᠭᠤ ᠷᠠᠳᠢᠤ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号