ᠪᠠᠷᠠᠭᠤᠨ ᠦᠵᠦᠮᠦᠴᠢᠨ ᠬᠤᠰᠢᠭᠤ ᠵᠤᠨ ᠨᠠᠮᠣᠷ ᠤᠨ ᠤᠯᠠᠷᠢᠯ ᠤᠨ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠬᠢᠭᠰᠡᠨ
ᠨᠡᠶᠢᠲᠡᠯᠡᠭᠰᠡᠨ ᠴᠠᠭ᠄
2017-08-15
   8 ᠰᠠᠷ᠎ᠠ ᠶᠢᠨ 13 ᠤ ᠡᠳᠦᠷ᠂ ᠬᠤᠰᠢᠭᠤ ᠠᠷᠠᠳ ᠤᠨ ᠡᠮᠨᠡᠯᠭᠡ  ᠶᠢᠨ ᠬᠤᠷᠢᠶ᠎ᠠ ᠨᠢ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠬᠢᠭᠰᠡᠨ ᠪᠠᠶᠢᠨ᠎ᠠ᠃    ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠳᠤ ᠪᠡᠶ᠎ᠡ ᠪᠠᠶᠢᠴᠠᠭᠠᠭᠰᠠᠳ ᠨᠢ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠠᠵᠢᠯᠲᠠᠳ ᠤᠨ ᠵᠣᠬᠢᠶᠠᠨ ᠪᠠᠶᠢᠭᠤᠯᠤᠯᠲᠠ ᠪᠠᠷ ᠳᠣᠲᠣᠷ ᠰᠠᠯᠠᠭ᠎ᠠ᠂ ᠭᠠᠳᠠᠷ ᠰᠠᠯᠠᠭ᠎ᠠ᠂ ᠲᠠᠪᠣᠨ ᠡᠷᠭᠡᠲᠡᠨ ᠤ ᠰᠠᠯᠠᠭ᠎ᠠ᠂ ᠵᠢᠷᠦᠬᠡᠨ ᠤ ᠪᠠᠶᠢᠴᠠᠭᠠᠯᠲᠠ ᠪᠣᠯᠣᠨ B ᠳᠤᠯᠭᠢᠶᠠᠨ ᠤ ᠪᠠᠶᠢᠴᠠᠭᠠᠯᠲᠠ ᠵᠡᠷᠭᠡ 11 ᠲᠦᠷᠦᠯ ᠵᠦᠢᠯ ᠤᠨ ᠪᠠᠶᠢᠴᠠᠭᠠᠯᠲᠠ ᠬᠢᠭᠰᠡᠨ ᠪᠠᠶᠢᠨ᠎ᠠ᠃    ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ ᠶᠠᠪᠣᠭᠳᠠᠬᠤ ᠶᠢ ᠪᠠᠲᠣᠯᠠᠨ᠂ ᠴᠡᠷᠢᠭ  ᠠᠩᠬᠢ ᠳᠤ ᠬᠢᠷᠢ ᠲᠡᠩᠴᠡᠭᠰᠡᠨ ᠵᠠᠯᠠᠭᠤᠴᠤᠳ ᠢ  ᠬᠦᠷᠭᠡᠬᠦ  ᠶᠢᠨ ᠲᠣᠰᠠᠲᠠ᠂ ᠮᠠᠨ ᠤ ᠬᠤᠰᠢᠭᠤ ᠨᠢ ᠴᠡᠷᠢᠭ ᠡᠯᠰᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠴᠡᠷᠢᠭ ᠡᠯᠰᠡᠬᠦ ᠠᠵᠢᠯ ᠤᠨ ᠣᠳᠣᠷᠢᠳᠬᠤ ᠪᠠᠭ᠎ᠠ ᠳᠣᠭᠤᠶᠢᠯᠠᠩ ᠢ ᠪᠠᠶᠢᠭᠤᠯᠤᠨ᠂ ᠪᠡᠶ᠎ᠡ ᠶᠢᠨ ᠪᠠᠶᠢᠴᠠᠭᠠᠯᠲᠠ ᠬᠢᠬᠦ ᠠᠵᠢᠯ ᠤᠨ ᠳᠦᠷᠢᠮ ᠢ ᠲᠣᠭᠲᠠᠭᠠᠨ ᠬᠡᠷᠡᠭᠵᠢᠭᠦᠯᠵᠦ᠂ ᠤᠯᠤᠰ ᠲᠦᠷᠦ ᠶᠢᠨ ᠦᠵᠡᠯ ᠤᠬᠠᠮᠰᠠᠷ ᠦᠨᠳᠦᠷ᠂ ᠲᠣᠰᠬᠠᠢ ᠮᠡᠷᠭᠡᠵᠢᠯ ᠤᠨ ᠬᠢᠷᠢ ᠲᠦᠪᠰᠢᠨ ᠦᠨᠳᠦᠷ᠂ ᠤᠳᠠᠭᠠᠨ ᠵᠢᠯ ᠤᠨ ᠠᠵᠢᠯ ᠤᠨ ᠲᠣᠷᠰᠢᠯᠭ᠎ᠠ ᠲᠠᠢ ᠡᠮ ᠡᠮᠨᠡᠯᠭᠡ ᠶᠢᠨ ᠠᠵᠢᠯᠲᠠᠳ ᠢ ᠵᠣᠬᠢᠶᠠᠨ ᠪᠠᠶᠢᠭᠤᠯᠣᠨ᠂ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠡᠩᠨᠡᠭᠡ ᠶᠢ ᠪᠠᠶᠢᠭᠤᠯᠤᠨ ᠶᠠᠪᠤᠭᠳᠠᠭᠤᠯᠣᠭᠰᠠᠨ ᠤ ᠬᠠᠮᠲᠦ᠂ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠬᠢᠨᠠᠨ ᠪᠠᠶᠢᠴᠠᠭᠠᠯᠲᠠ᠂ ᠠᠮᠣᠷ ᠲᠦᠪᠰᠢᠨ ᠤ ᠪᠠᠲᠣᠯᠠᠭ᠎ᠠ ᠵᠡᠷᠭᠡ ᠠᠵᠢᠯ ᠢ ᠴᠢᠩᠭᠠᠳᠬᠠᠵᠦ᠂ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠡᠷᠬᠡ ᠲᠡᠭᠰᠢ ᠲᠦᠪ ᠭᠤᠣᠯᠴᠢ ᠶᠠᠪᠣᠭᠳᠠᠭᠤᠯᠣᠨ᠂ ᠴᠡᠷᠢᠭ ᠡᠯᠰᠡᠬᠦ ᠠᠵᠢᠯ ᠤᠨ ᠤᠷᠤᠭᠰᠢᠲᠠᠢ ᠶᠠᠪᠣᠭᠳᠠᠬᠤ ᠳᠤ ᠪᠠᠲᠣᠯᠠᠭ᠎ᠠ ᠬᠠᠩᠭᠠᠵᠦ ᠪᠠᠶᠢᠨ᠎ᠠ᠃    ᠣᠶᠢᠯᠭᠠᠭᠰᠠᠨ ᠢᠶᠠᠷ᠂ ᠡᠨᠡ ᠵᠢᠯ ᠮᠠᠨ ᠤ ᠬᠤᠰᠢᠭᠤᠨ ᠤ 7 ᠰᠣᠮᠣ ᠪᠠᠯᠭᠠᠰᠤᠨ ᠤ 108 ᠬᠦᠮᠦᠨ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠳᠤ ᠣᠷᠣᠯᠴᠠᠭᠰᠠᠨ ᠪᠠᠶᠢᠨ᠎ᠠ᠃
 
ᠢᠷᠡᠯᠲᠡ᠄ ᠬᠤᠰᠢᠭᠤ ᠷᠠᠳᠢᠤ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号