ᠪᠠᠷᠠᠭᠤᠨ ᠦᠵᠦᠮᠦᠴᠢᠨ ᠬᠤᠰᠢᠭᠤ ᠦᠶᠡᠷ ᠣᠰᠠᠳᠣᠯ ᠢ ᠰᠡᠷᠭᠡᠶᠢᠯᠡᠵᠦ᠂ ᠠᠶᠣᠯ ᠠᠴᠠ ᠠᠪᠣᠷᠠᠬᠤ ᠠᠵᠢᠯ ᠢ ᠡᠷᠴᠢᠮᠲᠡᠢ ᠶᠠᠪᠣᠭᠳᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2017-08-17
   8 ᠰᠠᠷ᠎ᠠ ᠶᠢᠨ 15 ᠤ ᠦᠳᠡ ᠶᠢᠨ ᠡᠮᠦᠨ᠎ᠡ᠂ ᠪᠠᠶᠠᠨᠬᠤᠸᠠ ᠪᠠᠯᠭᠠᠰᠣᠨ ᠳᠤ ᠰᠢᠷᠦᠭᠦᠨ ᠪᠣᠷᠣᠭᠠᠨ ᠣᠷᠣᠵᠦ᠂ ᠬᠡᠰᠡᠭ ᠭᠠᠴᠠᠭ᠎ᠠ᠂ ᠪᠠᠶᠠᠨᠬᠤᠸᠠ ᠨᠡᠶᠢᠭᠡᠮ ᠲᠣᠭᠤᠷᠢᠭ ᠪᠣᠯᠣᠨ ᠨᠡᠭᠦᠷᠡᠰᠦᠨ ᠠᠭᠤᠷᠬᠠᠢ ᠶᠢᠨ ᠪᠠᠭ᠎ᠠ ᠲᠣᠭᠤᠷᠢᠭ ᠰᠢᠷᠦᠭᠦᠨ ᠪᠣᠷᠣᠭᠠᠨ ᠳᠤ ᠳᠠᠭᠠᠷᠢᠭᠳᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠦᠵᠢ ᠪᠠᠢ ᠶᠦᠩ ᠴᠦᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠡᠦ ᠵᠤ᠋᠂ ᠬᠤᠰᠢᠭᠤ ᠳᠡᠳ᠋ ᠳᠠᠷᠤᠭ᠎ᠠ ᠮᠠᠰᠢᠪᠠᠭᠠᠲᠣᠷ᠂ ᠬᠤᠰᠢᠭᠤ ᠣᠰᠣᠨ ᠠᠰᠢᠭᠯᠠᠯᠲᠠ ᠶᠢᠨ ᠲᠣᠪᠴᠢᠶ᠎ᠠ᠂ ᠠᠷᠠᠳ ᠤᠨ ᠶᠠᠪᠣᠳᠠᠯ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠢ ᠳᠠᠭᠠᠭᠤᠯᠣᠨ᠂ ᠲᠣᠬᠠᠢ ᠶᠢᠨ ᠲᠠᠯᠠᠪᠣᠷ ᠲᠤ ᠬᠦᠷᠴᠦ᠂  ᠠᠶᠣᠯ ᠠᠴᠠ ᠠᠪᠣᠷᠠᠬᠤ ᠠᠵᠢᠯ ᠢ ᠵᠢᠭᠠᠨ ᠵᠢᠯᠤᠭᠤᠳᠣᠭᠰᠠᠨ ᠪᠠᠶᠢᠨ᠎ᠠ᠃    ᠡᠨᠡ ᠣᠳᠠᠭᠠᠨ ᠤ ᠰᠢᠷᠦᠭᠦᠨ ᠪᠣᠷᠣᠭᠠᠨ ᠤ ᠳᠠᠷᠠᠭ᠎ᠠ᠂ ᠪᠠᠶᠠᠨᠬᠤᠸᠠ ᠪᠠᠯᠭᠠᠰᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠳᠠᠷᠦᠢ ᠲᠦᠷᠭᠡᠨ ᠬᠦᠳᠦᠯᠦᠯᠴᠡᠨ᠂ ᠺᠠᠳ᠋ᠷ ᠠᠵᠢᠯᠲᠠᠳ ᠪᠣᠯᠣᠨ ᠵᠡᠪᠰᠡᠭᠲᠦ ᠴᠠᠭᠳᠠᠭᠠᠨ ᠤ ᠬᠠᠭᠭᠤᠯᠠ ᠶᠢᠨ ᠣᠢ ᠰᠢᠭᠤᠢ ᠶᠢᠨ ᠳᠣᠮᠳᠠ ᠠᠩᠬᠢ ᠶᠢᠨ ᠴᠡᠷᠢᠭ ᠪᠠᠶᠢᠯᠳᠣᠭᠴᠢᠳ ᠢ ᠵᠣᠬᠢᠶᠠᠨ ᠪᠠᠶᠢᠭᠤᠯᠵᠦ᠂ 15 ᠮᠠᠰᠢᠨ ᠲᠡᠷᠭᠡ᠂ 3 ᠣᠣᠬᠤᠭᠤᠷ ᠮᠠᠰᠢᠨ ᠬᠦᠳᠡᠯᠭᠡᠨ᠂ ᠠᠪᠣᠷᠠᠨ ᠲᠣᠰᠠᠯᠠᠯᠲᠠ  ᠬᠢᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠦᠵᠢ ᠪᠠᠢ ᠶᠦᠩ ᠴᠦᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠡᠦ ᠵᠤ᠋᠂ ᠬᠤᠰᠢᠭᠤ ᠳᠡᠳ᠋ ᠳᠠᠷᠤᠭ᠎ᠠ ᠮᠠᠰᠢᠪᠠᠭᠠᠲᠣᠷ ᠨᠠᠷ ᠬᠤᠰᠢᠭᠤ ᠣᠰᠣᠨ ᠠᠰᠢᠭᠯᠠᠯᠲᠠ ᠶᠢᠨ ᠲᠣᠪᠴᠢᠶ᠎ᠠ᠂ ᠠᠷᠠᠳ ᠤᠨ ᠶᠠᠪᠣᠳᠠᠯ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠢ ᠳᠠᠭᠠᠭᠤᠯᠣᠨ᠂ ᠣᠰᠣᠨ ᠳᠤ ᠳᠠᠭᠠᠷᠢᠭᠳᠠᠭᠰᠠᠨ ᠡᠷᠦᠬᠡ ᠤᠳ ᠢᠶᠠᠷ ᠬᠦᠷᠴᠦ᠂ ᠦᠶᠡᠷ ᠣᠰᠠᠳᠣᠯ ᠤᠨ ᠪᠠᠶᠢᠳᠠᠯ ᠢ ᠣᠶᠢᠯᠭᠠᠨ᠂ ᠠᠪᠣᠷᠠᠨ ᠲᠣᠰᠠᠯᠠᠬᠤ ᠠᠵᠢᠯ ᠢ ᠵᠢᠭᠠᠨ ᠵᠢᠯᠣᠭᠤᠳᠣᠭᠰᠠᠨ ᠪᠠᠶᠢᠨ᠎ᠠ᠃    ᠡᠨᠡ ᠣᠳᠠᠭᠠᠨ ᠤ ᠰᠢᠷᠦᠭᠦᠨ ᠪᠣᠷᠣᠭᠠᠨ ᠳᠤ ᠣᠯᠠᠨ ᠭᠡᠷ ᠪᠠᠶᠢᠰᠢᠩ᠂ ᠫᠧᠩ ᠰᠠᠷᠠᠪᠴᠢ᠂ ᠲᠣᠣᠷ᠂ ᠵᠠᠮ ᠬᠦᠬᠦᠷᠭᠡ᠂ ᠴᠠᠬᠢᠯᠭᠠᠨ ᠵᠡᠷᠭᠡ ᠰᠠᠭᠤᠷᠢ ᠲᠦᠬᠦᠭᠡᠷᠦᠮᠵᠢ ᠡᠪᠳᠡᠭᠳᠡᠵᠦ᠂ ᠪᠠᠶᠠᠨᠬᠤᠸᠠ ᠪᠠᠯᠭᠠᠰᠣ ᠨᠢ ᠣᠳᠣᠬᠠᠨ ᠶᠠᠭ ᠭᠠᠮᠰᠢᠭ ᠤᠨ ᠪᠠᠶᠢᠳᠠᠯ ᠢ ᠪᠦᠷᠢᠳᠭᠡᠨ᠂ ᠳᠠᠷᠣᠢ ᠲᠦᠷᠭᠡᠨ ᠬᠤᠯᠪᠣᠭᠳᠠᠯ ᠪᠦᠬᠦᠢ ᠰᠠᠯᠠᠭ᠎ᠠ ᠮᠦᠴᠢᠷ ᠲᠤ ᠮᠡᠳᠡᠭᠦᠯᠵᠦ᠂ ᠣᠯᠠᠨ ᠲᠦᠮᠡᠨ ᠤ ᠬᠤᠬᠢᠷᠠᠯ ᠢ ᠬᠠᠮᠤᠭ ᠳᠣᠣᠷ᠎ᠠ ᠬᠡᠮᠵᠢᠶᠡᠨ ᠳᠤ ᠬᠢᠵᠠᠭᠠᠷᠯᠠᠬᠤ ᠪᠠᠷ ᠴᠢᠷᠮᠠᠶᠢᠨ ᠠᠵᠢᠯᠯᠠᠵᠦ ᠪᠠᠶᠢᠨ᠎ᠠ᠃    ᠠᠬᠤᠢ ᠲᠠᠯᠠᠪᠣᠷ ᠤᠨ ᠪᠠᠶᠢᠳᠠᠯ ᠤᠨ ᠣᠶᠢᠯᠭᠠᠭᠰᠠᠨ ᠤ ᠳᠠᠷᠠᠭ᠎ᠠ᠂ ᠬᠤᠰᠢᠭᠤ ᠨᠠᠮ ᠤᠨ ᠬᠤᠷᠢᠶᠠᠨ ᠱᠦᠵᠢ ᠪᠠᠢ ᠶᠦᠩ ᠴᠦᠨ ᠪᠠᠶᠠᠨᠬᠤᠸᠠ ᠪᠠᠯᠭᠠᠰᠣᠨ ᠤ ᠵᠠᠰᠠᠭ ᠤᠨ ᠣᠷᠳᠣᠨ ᠤ ᠬᠤᠷᠠᠯ ᠤᠨ ᠭᠡᠷ ᠲᠤ ᠦᠶᠡᠷ ᠢ ᠰᠡᠷᠭᠡᠶᠢᠯᠡᠵᠦ᠂ ᠠᠶᠣᠯ ᠠᠴᠠ ᠠᠪᠣᠷᠠᠬᠤ ᠠᠵᠢᠯ ᠤᠨ ᠪᠠᠴᠢᠮ ᠬᠤᠷᠠᠯ ᠬᠤᠷᠠᠯᠳᠣᠭᠤᠯᠣᠨ᠂ ᠦᠶᠡᠷ ᠢ ᠰᠡᠷᠭᠡᠶᠢᠯᠡᠵᠦ ᠠᠶᠣᠯ ᠠᠴᠠ ᠠᠪᠣᠷᠠᠬᠤ ᠠᠵᠢᠯ  ᠳᠤ ᠳᠠᠬᠢᠨ ᠪᠠᠶᠢᠷᠢᠯᠠᠭᠤᠯᠣᠯᠲᠠ ᠬᠢᠭᠰᠡᠨ ᠪᠠᠶᠢᠨ᠎ᠠ᠃    ᠪᠠᠢ ᠶᠦᠩ ᠴᠦᠨ ᠱᠠᠭᠠᠷᠳᠠᠬᠤ ᠳᠠᠭᠠᠨ᠄ ᠣᠳᠣᠷᠢᠳᠣᠯᠭ᠎ᠠ ᠪᠠᠨ ᠴᠢᠩᠭᠠᠳᠬᠠᠨ᠂ ᠦᠵᠡᠯᠲᠡ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠃ ᠦᠶᠡᠷ ᠣᠰᠠᠳᠣᠯ ᠢ ᠰᠡᠷᠭᠡᠶᠢᠯᠡᠵᠦ᠂ ᠠᠶᠣᠯ ᠠᠴᠠ ᠠᠪᠣᠷᠠᠬᠤ ᠠᠵᠢᠯ ᠢ ᠰᠠᠶᠢᠲᠣᠷ ᠬᠢᠵᠦ᠂ ᠣᠯᠠᠨ ᠲᠦᠮᠡᠨ ᠤ ᠠᠮᠢ ᠨᠠᠰᠣᠨ ᠤ ᠠᠮᠣᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠦ᠂ ᠵᠣᠬᠢᠶᠠᠨ ᠪᠠᠶᠢᠭᠤᠯᠤᠯᠲᠠ ᠣᠳᠣᠷᠢᠳᠣᠯᠭ᠎ᠠ ᠪᠠᠨ ᠴᠢᠩᠭᠠᠳᠬᠠᠨ᠂ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠦᠷᠢᠵᠢᠭᠤᠯᠵᠦ᠂ ᠠᠷᠭ᠎ᠠ ᠠᠪᠴᠠᠯ ᠢᠶᠠᠨ ᠴᠢᠩᠭᠠᠳᠬᠠᠨ᠂ ᠬᠤᠬᠢᠷᠠᠯ ᠢ ᠪᠠᠭᠠᠰᠬᠠᠬᠤ ᠪᠠᠷ ᠴᠢᠷᠮᠠᠶᠢᠬᠤ ᠬᠡᠷᠡᠭᠲᠡᠢ᠃ ᠦᠶᠡᠷ ᠲᠤ ᠳᠠᠭᠠᠷᠢᠭᠳᠠᠭᠰᠠᠨ ᠪᠠᠶᠢᠳᠠᠯ ᠪᠣᠯᠣᠨ ᠭᠡᠷ ᠪᠠᠶᠢᠰᠢᠩ ᠡᠪᠳᠡᠭᠳᠡᠭᠰᠡᠨ ᠪᠠᠶᠢᠳᠠᠯ ᠢ ᠬᠢᠨᠠᠨ ᠲᠣᠭᠲᠠᠭᠠᠵᠣ᠂ ᠭᠠᠮᠰᠢᠭ ᠤᠨ ᠪᠠᠶᠢᠳᠠᠯ ᠢ ᠴᠠᠭ ᠲᠣᠬᠠᠢ ᠳᠤᠨᠢ ᠣᠨᠣᠪᠴᠢᠲᠡᠢ ᠪᠦᠷᠢᠳᠭᠡᠨ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠲᠤ ᠮᠡᠳᠡᠭᠦᠯᠵᠦ᠂ ᠳᠠᠷᠠᠭᠠᠴᠢ ᠶᠢᠨ ᠠᠯᠬᠤᠮ ᠤᠨ ᠲᠣᠰᠠᠯᠠᠨ ᠳᠡᠮᠵᠢᠬᠦ ᠠᠵᠢᠯ ᠳᠤ ᠳᠦᠭᠦᠮ ᠪᠣᠯᠭᠠᠬᠤ ᠬᠡᠷᠡᠭᠲᠡᠢ᠃ ᠬᠢᠷᠢ ᠬᠡᠮ ᠲᠠᠢ ᠰᠠᠯᠠᠭ᠎ᠠ ᠮᠦᠴᠢᠷ ᠢ ᠣᠷᠢᠵᠦ᠂ ᠭᠠᠵᠠᠷ ᠤᠨ ᠪᠠᠶᠢᠴᠠ ᠶᠢᠨ ᠬᠢᠨᠠᠨ ᠬᠡᠮᠵᠢᠯᠲᠡ ᠬᠢᠬᠦ ᠬᠡᠷᠡᠭᠲᠡᠢ᠃ ᠰᠢᠷᠦᠭᠦᠨ ᠪᠣᠷᠣᠭᠠᠨ  ᠳᠤ ᠳᠠᠭᠠᠷᠢᠭᠳᠠᠭᠰᠠᠨ ᠣᠯᠠᠨ ᠲᠦᠮᠡᠨ ᠢ ᠰᠠᠶᠢᠲᠣᠷ ᠲᠣᠬᠤᠨᠢᠭᠤᠯᠵᠦ᠂ ᠨᠡᠩ ᠢᠯᠠᠩᠭᠤᠶ᠎ᠠ ᠣᠨᠴᠠ ᠬᠦᠴᠢᠷᠲᠡᠢ ᠣᠯᠠᠨ ᠲᠦᠮᠡᠨ ᠢ ᠠᠩᠬᠠᠷᠣᠨ ᠬᠠᠯᠠᠮᠵᠢᠯᠠᠬᠤ ᠬᠡᠷᠡᠭᠲᠡᠢ᠃ ᠨᠡᠭᠦᠷᠡᠰᠦᠨ ᠠᠵᠦ ᠠᠬᠤᠶᠢᠯᠠᠯ ᠤᠨ ᠠᠵᠦ ᠠᠬᠤᠶᠢᠯᠠᠯ ᠤᠨ ᠠᠵᠢᠯᠲᠠᠳ ᠢ ᠲᠣᠰᠠᠯᠠᠨ ᠳᠡᠮᠵᠢᠬᠦ ᠶᠢᠨ ᠬᠠᠮᠲᠦ᠂ ᠲᠡᠷᠭᠡ ᠣᠨᠤᠭ᠎ᠠ ᠲᠣᠮᠢᠯᠠᠵᠦ᠂ ᠡᠯ᠎ᠡ ᠰᠠᠯᠠᠭ᠎ᠠ ᠮᠦᠴᠢᠷ ᠲᠠᠢ ᠬᠠᠮᠵᠢᠯᠴᠠᠨ᠂ ᠠᠶᠣᠯ ᠠᠴᠠ ᠠᠪᠣᠷᠠᠬᠤ ᠠᠮᠵᠢᠯ ᠰᠠᠶᠢᠲᠣᠷ ᠬᠢᠬᠦ ᠬᠡᠷᠡᠭᠲᠡᠢ᠃ ᠣᠰᠣᠨ ᠠᠰᠢᠭᠯᠠᠯᠲᠠ ᠶᠢᠨ ᠲᠣᠪᠴᠢᠶ᠎ᠠ ᠂ ᠠᠷᠠᠳ ᠤᠨ ᠶᠠᠪᠣᠳᠠᠯ ᠤᠨ ᠲᠣᠪᠴᠢᠶ᠎ᠠ᠂ ᠣᠷᠣᠨ ᠰᠠᠭᠤᠴᠠ ᠪᠣᠯᠣᠨ ᠬᠤᠲᠠ ᠬᠦᠳᠡᠭᠡᠨ ᠤ ᠪᠦᠲᠦᠭᠡᠨ ᠪᠠᠶᠢᠭᠤᠯᠣᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠦᠴᠢᠷ ᠨᠢ ᠦᠪᠡᠷ ᠦᠪᠡᠷᠰᠡᠳ ᠤᠨ ᠦᠢᠯᠡᠳᠦᠯ ᠴᠢᠳᠠᠪᠬᠢ ᠪᠠᠨ ᠭᠦᠢᠴᠡᠳ ᠪᠠᠳᠠᠷᠠᠭᠤᠯᠵᠦ᠂ ᠬᠠᠷᠢᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠨ᠂ ᠠᠶᠣᠯ ᠠᠴᠠ ᠠᠪᠣᠷᠠᠬᠤ ᠠᠵᠢᠯ ᠢ ᠡᠷᠴᠢᠮᠲᠡᠢ ᠶᠠᠪᠣᠭᠳᠠᠭᠤᠯᠬᠤ ᠬᠡᠷᠡᠭᠲᠡᠢ᠃ ᠦᠶᠡᠷ ᠣᠰᠠᠳᠣᠯ ᠠᠴᠠ ᠰᠡᠷᠭᠡᠶᠢᠯᠡᠵᠦ᠂ ᠠᠶᠣᠯ ᠠᠴᠠ ᠠᠪᠣᠷᠠᠬᠤ ᠶᠠᠪᠣᠴᠠ  ᠳᠤ ᠠᠮᠣᠷ ᠲᠦᠪᠰᠢᠨ ᠤ ᠦᠵᠡᠯ ᠣᠬᠠᠮᠰᠠᠷ ᠢᠶᠠᠨ ᠳᠡᠭᠡᠭᠰᠢᠯᠡᠭᠦᠯᠦᠨ᠂ ᠦᠷᠭᠡᠨ ᠣᠯᠠᠨ ᠲᠦᠮᠡᠨ ᠤ ᠠᠮᠢ ᠨᠠᠰᠦ ᠡᠳ᠋ ᠬᠦᠷᠦᠩᠭᠡ ᠶᠢᠨ ᠠᠮᠣᠷ ᠲᠦᠪᠰᠢᠨ ᠢ ᠬᠠᠮᠠᠭᠠᠯᠠᠬᠤ ᠶᠢᠨ ᠳᠠᠭᠤ᠂ ᠵᠠᠮ ᠬᠠᠷᠢᠯᠴᠠᠭᠠᠨ ᠤ ᠠᠮᠣᠷ ᠲᠦᠪᠰᠢᠨ ᠪᠣᠯᠣᠨ ᠬᠤᠪᠢ ᠪᠡᠶ᠎ᠡ ᠶᠢᠨ ᠠᠮᠣᠷ ᠲᠦᠪᠰᠢᠨ ᠢᠶᠠᠨ ᠠᠩᠬᠠᠷᠬᠤ ᠬᠡᠷᠡᠭᠲᠡᠢ᠃ ᠡᠯ᠎ᠡ ᠵᠦᠢᠯ ᠤᠨ ᠠᠶᠣᠯ ᠤᠨ ᠭᠡᠮ ᠰᠣᠭᠤᠭ ᠢ ᠪᠠᠶᠢᠴᠠᠭᠠᠨ᠂ ᠠᠪᠣᠷᠠᠨ ᠲᠣᠰᠠᠯᠠᠬᠤ ᠡᠳ᠋ ᠬᠦᠷᠦᠩᠭᠡ᠂ ᠣᠳᠣᠷᠢᠳᠣᠯᠭ᠎ᠠ ᠵᠣᠬᠢᠶᠠᠨ ᠪᠠᠶᠢᠭᠤᠯᠤᠯᠲᠠ ᠶᠢ ᠪᠣᠲᠠᠲᠠᠢ ᠳᠤ ᠨᠠᠶᠢᠳᠠᠪᠦᠷᠢᠵᠢᠭᠤᠯᠵᠦ᠂ ᠦᠶᠡᠷ ᠣᠰᠠᠳᠣᠯ ᠠᠴᠠ ᠰᠡᠷᠭᠡᠶᠢᠯᠡᠵᠦ᠂ ᠠᠶᠣᠯ ᠠᠴᠠ ᠠᠪᠣᠷᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠣᠷ ᠬᠢᠬᠦ ᠬᠡᠷᠡᠭᠲᠡᠢ ᠭᠡᠵᠡᠢ᠃    ᠬᠤᠷᠠᠯ ᠳᠤ ᠣᠷᠣᠯᠴᠠᠭᠰᠠᠨ ᠪᠠᠶᠠᠨᠬᠤᠸᠠ ᠪᠠᠯᠭᠠᠰᠦ᠂ ᠣᠰᠣᠨ ᠠᠰᠢᠭᠯᠠᠯᠲᠠ ᠶᠢᠨ ᠲᠣᠪᠴᠢᠶ᠎ᠠ᠂ ᠠᠷᠠᠳ ᠤᠨ ᠶᠠᠪᠣᠳᠠᠯ ᠤᠨ ᠲᠣᠪᠴᠢᠶ᠎ᠠ ᠪᠣᠯᠣᠨ ᠬᠠᠭᠤᠴᠢᠨ ᠬᠠᠷᠠᠭᠠᠨᠲᠡᠢ ᠪᠠᠯᠭᠠᠰᠣᠨ ᠤ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠳ ᠪᠣᠯᠣᠨ ᠨᠡᠭᠦᠷᠡᠰᠦᠨ ᠠᠭᠤᠷᠬᠠᠢ ᠶᠢᠨ ᠠᠵᠦ ᠠᠬᠤᠶᠢᠯᠠᠯ ᠤᠨ ᠬᠢᠨ ᠳᠠᠷᠠᠭᠠᠴᠢ ᠶᠢᠨ ᠠᠯᠬᠤᠮ ᠤᠨ ᠠᠶᠤᠯ ᠠᠴᠠ ᠠᠪᠣᠷᠠᠬᠤ  ᠠᠵᠢᠯ ᠢ ᠦᠷᠨᠢᠭᠦᠯᠬᠦ ᠲᠣᠬᠠᠢ ᠰᠣᠳᠣᠯᠣᠨ ᠶᠠᠷᠢᠯᠴᠠᠵᠠᠢ᠃    ᠬᠤᠷᠠᠯ ᠤᠨ ᠳᠠᠷᠠᠭ᠎ᠠ᠂ ᠬᠤᠰᠢᠭᠤ ᠳᠠᠷᠤᠭ᠎ᠠ ᠮᠠᠰᠢᠪᠠᠭᠠᠲᠣᠷ ᠪᠠᠶᠠᠨᠬᠤᠸᠠ ᠪᠠᠯᠭᠠᠰᠣᠨ ᠤ ᠬᠠᠷᠢᠭᠤᠴᠠᠯᠭᠠᠲᠠᠨ ᠲᠠᠢ ᠬᠠᠮᠲᠦ ᠪᠠᠶᠠᠨᠬᠤᠸᠠ ᠪᠠᠯᠭᠠᠰᠣᠨ ᠤ ᠴᠠᠭᠠᠨᠪᠣᠭᠤᠲᠦ ᠭᠠᠴᠠᠭᠠᠨ ᠤ ᠦᠶᠡᠷ ᠣᠰᠠᠳᠣᠯ ᠳᠤ ᠠᠪᠳᠠᠭᠳᠠᠭᠰᠠᠨ ᠡᠷᠦᠬᠡ ᠳᠤ ᠬᠦᠷᠴᠦ᠂ ᠪᠠᠶᠢᠳᠠᠯ ᠣᠶᠢᠯᠭᠠᠭᠰᠠᠨ ᠪᠠᠶᠢᠨ᠎ᠠ᠃
 
ᠢᠷᠡᠯᠲᠡ᠄ ᠬᠤᠰᠢᠭᠤ ᠷᠠᠳᠢᠤ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号