ᠪᠠᠷᠠᠭᠤᠨ ᠦᠵᠦᠮᠦᠴᠢᠨ ᠬᠤᠰᠢᠭᠤᠨ ᠤ ︽ᠪᠠᠶᠠᠰᠣᠯ︾ ᠮᠠᠯᠵᠢᠬᠤ ᠣᠷᠣᠨ ᠤ ᠨᠠᠰᠣᠲᠠᠶᠢᠴᠣᠳ ᠢ ᠠᠰᠠᠷᠠᠬᠤ ᠬᠦᠷᠢᠶᠡᠯᠡᠩ ᠨᠢ ᠠᠰᠠᠷᠠᠮᠵᠢ ᠶᠢᠨ ᠠᠷᠭ᠎ᠠ ᠮᠠᠶ᠋ᠢᠭ ᠳᠠᠭᠠᠨ ᠰᠢᠨᠡᠴᠢᠯᠡᠯᠲᠠ ᠬᠢᠵᠦ ᠪᠠᠶᠢᠨ᠎ᠠ
ᠨᠡᠶᠢᠲᠡᠯᠡᠭᠰᠡᠨ ᠴᠠᠭ᠄
2017-08-23
   ᠡᠨᠡ ᠵᠢᠯ ᠮᠠᠨ ᠤ ᠬᠤᠰᠢᠭᠤ ᠨᠢ ᠮᠠᠯᠵᠢᠬᠤ ᠣᠷᠣᠨ ᠤ ᠨᠠᠰᠣᠲᠠᠶᠢᠴᠣᠳ ᠲᠤ ᠨᠡᠩ ᠲᠣᠬᠢᠯᠢᠭ ᠰᠠᠶᠢᠬᠠᠨ ᠠᠮᠢᠳᠣᠷᠠᠯ ᠤᠨ ᠣᠷᠴᠢᠨ ᠢ ᠪᠣᠢ ᠪᠣᠯᠭᠠᠬᠤ ᠥᠭᠬᠦ ᠶᠢᠨ ᠲᠣᠰᠠᠳᠠ᠂ ︽ᠪᠠᠶᠠᠰᠣᠯ︾ ᠮᠠᠯᠵᠢᠬᠤ ᠣᠷᠣᠨ ᠤ ᠨᠠᠰᠣᠲᠠᠶᠢᠴᠣᠳ ᠢ ᠠᠰᠠᠷᠠᠬᠤ ᠬᠦᠷᠢᠶᠡᠯᠡᠩ ᠢ ᠣᠶᠣᠨᠴᠢᠯᠠᠭᠰᠠᠨ ᠨᠡᠶᠢᠭᠡᠮ ᠲᠣᠭᠤᠷᠢᠭ ᠪᠣᠯᠭᠠᠨ ᠦᠭᠡᠷᠡᠴᠢᠯᠡᠵᠦ᠂ ᠣᠶᠣᠨᠴᠢᠯᠠᠭᠰᠠᠨ ᠦᠢᠯᠡᠴᠢᠯᠡᠭᠡ ᠪᠠᠷ ᠨᠠᠰᠣᠲᠠᠶᠢᠴᠣᠳ ᠲᠤ ᠠᠰᠠᠷᠠᠮᠵᠢ ᠬᠦᠷᠲᠡᠭᠡᠬᠦ ᠪᠣᠯᠣᠭᠰᠠᠨ ᠪᠠᠶᠢᠨ᠎ᠠ᠃     ︽ᠪᠠᠶᠠᠰᠣᠯ︾ ᠮᠠᠯᠵᠢᠬᠤ ᠣᠷᠣᠨ ᠤ ᠨᠠᠰᠣᠲᠠᠶᠢᠴᠣᠳ ᠢ ᠠᠰᠠᠷᠠᠬᠤ ᠬᠦᠷᠢᠶᠡᠯᠡᠩ ᠪᠣᠯ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ︽ᠵᠠᠰᠠᠭ ᠤᠨ ᠣᠷᠳᠣᠨ ᠤ ᠳᠡᠮᠵᠢᠯᠭᠡ  ᠂ ᠵᠠᠬ᠎ᠠ ᠳᠡᠯᠭᠡᠭᠦᠷ ᠤᠨ ᠲᠣᠬᠢᠷᠠᠭᠤᠯᠭ᠎ᠠ᠂ ᠲᠦᠪᠯᠡᠷᠡᠩᠭᠦᠢ ᠣᠷᠣᠨ ᠰᠠᠭᠤᠴᠠ᠂ ᠡᠷᠦᠭᠡ ᠬᠤᠪᠢᠶᠠᠷᠢᠯᠠᠨ ᠠᠮᠢᠳᠣᠷᠠᠬᠤ︾ ᠬᠡᠯᠪᠡᠷᠢ ᠪᠠᠷ ᠪᠦᠲᠦᠭᠡᠨ ᠪᠠᠶᠢᠭᠤᠯᠵᠦ᠂ ᠮᠠᠯᠵᠢᠬᠤ ᠣᠷᠣᠨ ᠤ ᠨᠠᠰᠣᠲᠠᠶᠢᠴᠣᠳ ᠪᠣᠯᠣᠨ ᠬᠤᠲᠠ ᠣᠷᠣᠭᠰᠠᠨ ᠶᠠᠳᠠᠭᠤ ᠬᠦᠴᠢᠷᠳᠡᠯᠲᠡᠢ ᠨᠠᠰᠣᠲᠠᠶᠢᠴᠣᠳ ᠤᠨ ᠨᠠᠰᠣᠵᠢᠯ ᠤᠨ ᠠᠰᠠᠭᠤᠳᠠᠯ᠂ ᠡᠪᠡᠳᠴᠢᠨ ᠡᠮᠬᠡᠭ ᠢᠶᠠᠨ ᠦᠵᠡᠭᠦᠯᠬᠦ᠂ ᠰᠣᠷᠣᠭᠴᠢ ᠬᠠᠷᠠᠬᠤ ᠵᠡᠷᠭᠡ ᠨᠦᠭᠦᠴᠡᠯ ᠬᠠᠩᠭᠠᠨ ᠦᠭᠴᠦ᠂ ᠮᠠᠯᠵᠢᠬᠤ ᠣᠷᠣᠨ ᠤ ᠣᠨᠴᠠᠯᠢᠭᠲᠤ ᠨᠠᠰᠣᠲᠠᠶᠢᠴᠣᠳ ᠢ ᠠᠰᠠᠷᠠᠬᠤ ᠦᠢᠯᠡᠴᠢᠯᠡᠭᠡᠨ ᠤ ᠡᠷᠡᠭᠦᠯ ᠬᠦᠭᠵᠢᠯᠲᠡ ᠶᠢ ᠠᠬᠢᠭᠤᠯᠤᠭᠰᠠᠨ ᠪᠠᠶᠢᠨ᠎ᠠ᠃    ᠡᠨᠡ ᠵᠢᠯ 67 ᠲᠠᠢ ᠬᠡᠦᠬᠡᠨᠪᠣᠷᠣ ᠨᠠᠰᠣᠲᠠᠨ ᠪᠣᠯ ᠵᠢᠷ ᠤᠨ ᠭᠤᠣᠯ ᠪᠠᠯᠭᠠᠰᠣᠨ ᠤ ᠠᠯᠳᠠᠳᠦ ᠭᠠᠴᠠᠭᠠᠨ ᠤ ᠮᠠᠯᠴᠢᠨ᠂ 2015 ᠣᠨ ᠤ 7 ᠰᠠᠷ᠎ᠠ ᠳᠤ ᠭᠡᠷ ᠤᠨ ᠬᠢ ᠲᠠᠢ ᠪᠠᠨ ᠬᠠᠮᠲᠦ ︽ᠪᠠᠶᠠᠰᠣᠯ︾ ᠮᠠᠯᠵᠢᠬᠤ ᠣᠷᠣᠨ ᠤ ᠨᠠᠰᠣᠲᠠᠶᠢᠴᠣᠳ  ᠢ ᠠᠰᠠᠷᠠᠬᠤ ᠬᠦᠷᠢᠶᠡᠯᠡᠩ ᠳᠤ  ᠨᠡᠭᠦᠵᠦ ᠢᠷᠡᠵᠡᠢ᠃ ᠬᠡᠦᠬᠡᠨᠪᠣᠷᠣ ᠨᠠᠰᠣᠲᠠᠨ ᠠᠳᠡ ᠨᠡᠭᠦᠵᠦ ᠢᠷᠡᠭᠰᠡᠨ ᠠᠴᠠ ᠪᠠᠨ ᠨᠠᠰᠢ᠂ ᠳᠣᠯᠠᠭᠠᠯᠠᠭ᠎ᠠ ᠶᠢᠨ ᠰᠦᠢᠳᠭᠡᠯ᠂ ᠠᠳᠠᠯ ᠠᠬᠤᠢ ᠶᠢᠨ ᠰᠦᠢᠳᠭᠡᠯ ᠪᠣᠯᠣᠨ ᠠᠮᠢᠳᠣᠷᠠᠯ ᠤᠨ ᠬᠡᠷᠡᠭᠯᠡᠭᠡᠨ ᠤ ᠵᠦᠢᠯᠡᠰ ᠵᠡᠷᠭᠡ ᠲᠠᠯ᠎ᠠ ᠶᠢᠨ ᠵᠠᠷᠣᠳᠠᠯ ᠮᠦᠩᠭᠦ ᠳᠤ ᠰᠠᠨᠠᠭᠠᠰᠢᠷᠠᠬᠤ ᠦᠭᠡᠢ ᠪᠣᠯᠵᠦ᠂ ᠨᠠᠮ ᠵᠠᠰᠠᠭ ᠤᠨ ᠬᠠᠶᠢᠷ᠎ᠠ ᠬᠠᠯᠠᠮᠵᠢ ᠪᠠᠷ ᠦᠲᠡᠯᠦᠭᠡ ᠨᠠᠰᠤ ᠪᠠᠨ ᠪᠠᠶᠠᠷ ᠵᠢᠷᠭᠠᠯ ᠲᠠᠢ ᠦᠩᠭᠡᠷᠡᠭᠦᠯᠵᠦ ᠪᠠᠶᠢᠨ᠎ᠠ᠃    ᠳᠣᠩᠷᠣᠪ ᠨᠠᠰᠣᠲᠠᠨ ᠪᠣᠯ ᠬᠤᠭᠤᠯᠠᠲᠦ ᠶᠢᠨ ᠭᠤᠣᠯ ᠪᠠᠯᠭᠠᠰᠣᠨ ᠤ ᠣᠨᠳᠣᠷᠠᠬᠤ ᠭᠠᠴᠠᠭᠠᠨ ᠤ ᠮᠠᠯᠴᠢᠨ᠂ ᠡᠨᠡ ᠵᠢᠯ 68 ᠨᠠᠰᠣᠲᠠᠢ ᠲᠡᠷᠡ 2015 ᠤᠨᠢ ᠳᠤ ᠭᠡᠷᠭᠡᠢ ᠲᠠᠢ ᠪᠠᠨ ᠬᠤᠶᠠᠭᠤᠯᠠ ᠣᠮᠪᠤᠯᠤ ᠪᠠᠨ ᠬᠠᠷᠠᠵᠦ ᠰᠠᠭᠤᠬᠤ  ᠳᠠᠭᠠᠨ ᠲᠦᠷᠢᠶᠡᠰᠦᠨ ᠭᠡᠷ ᠤᠨ ᠨᠦᠭᠦᠴᠡᠯ ᠠᠨᠠᠢ ᠪᠣᠯᠬᠤᠷ ᠦᠷᠭᠦᠯᠵᠢ ᠭᠡᠷ ᠰᠣᠯᠢᠳᠠᠭ ᠪᠠᠶᠢᠵᠡᠢ᠃ 2015 ᠣᠨ  ᠳᠤ ᠲᠡᠲᠡᠨᠠᠶᠢᠬᠢᠨ ᠨᠢ ᠬᠠᠮᠢᠶᠠᠲᠡᠢ ᠰᠠᠯᠠᠭ᠎ᠠ ᠮᠦᠴᠢᠷ ᠤᠨ ᠳᠡᠮᠵᠢᠯᠭᠡ ᠪᠠᠨ ︽ᠪᠠᠶᠠᠰᠣᠯ︾ ᠮᠠᠯᠵᠢᠬᠤ ᠣᠷᠣᠨ ᠤ ᠨᠠᠰᠣᠲᠠᠶᠢᠴᠣᠳ ᠢ ᠠᠰᠠᠷᠠᠬᠤ ᠬᠦᠷᠢᠶᠡᠯᠡᠩ ᠳᠤ ᠨᠡᠭᠦᠵᠦ ᠢᠷᠡᠭᠰᠡᠨ ᠠᠴᠠ ᠬᠤᠶᠠᠷ ᠨᠠᠰᠣᠲᠠᠨ ᠰᠡᠳᠬᠢᠯ ᠠᠮᠣᠷ ᠣᠮᠪᠤᠯᠤ ᠪᠠᠨ ᠰᠣᠷᠭᠠᠭᠤᠯᠢ ᠳᠤᠨᠢ ᠰᠠᠭᠤᠯᠭᠠᠵᠦ᠂ ᠦᠲᠡᠯᠦᠭᠡ ᠨᠠᠰᠤ ᠪᠠᠨ ᠰᠡᠳᠬᠢᠯ ᠲᠡᠨᠢᠭᠦᠭᠡᠨ ᠰᠠᠶᠢᠬᠠᠨ ᠦᠩᠭᠡᠷᠡᠭᠦᠯᠵᠦ ᠪᠠᠶᠢᠨ᠎ᠠ ᠭᠡᠵᠦ ᠳᠣᠩᠷᠣᠪ ᠨᠠᠰᠣᠲᠠᠨ ᠶᠠᠷᠢᠵᠦ ᠪᠠᠶᠢᠯ᠎ᠠ᠃    ︽ᠪᠠᠶᠠᠰᠣᠯ︾ ᠮᠠᠯᠵᠢᠬᠤ ᠣᠷᠣᠨ ᠤ ᠨᠠᠰᠣᠲᠠᠶᠢᠴᠣᠳ ᠢ ᠠᠰᠠᠷᠠᠬᠤ ᠬᠦᠷᠢᠶᠡᠯᠡᠩ ᠨᠢ ᠠᠷᠠᠳ ᠲᠤ ᠠᠰᠢᠭ ᠬᠦᠷᠲᠡᠭᠡᠬᠦ ᠲᠦᠭᠡᠭᠡᠯ ᠣᠰᠣᠨ ᠤ ᠮᠠᠰᠢᠨ ᠢ ᠣᠭᠰᠠᠷᠴᠤ᠂ ᠨᠠᠰᠣᠲᠠᠶᠢᠴᠣᠳ IC ᠺᠠᠷᠲ ᠬᠡᠷᠡᠭᠯᠡᠨ᠂ ᠲᠦᠭᠡᠭᠡᠯ ᠣᠰᠣ ᠬᠡᠷᠡᠭᠯᠡᠵᠦ ᠪᠣᠯᠬᠤ ᠪᠠᠷ ᠪᠠᠷᠠᠬᠤ ᠦᠭᠡᠢ᠂ ᠰᠠᠭᠤᠭᠠᠯᠢ ᠡᠷᠦᠭᠡ ᠶᠢᠨ ᠰᠣᠷᠠᠭ ᠵᠠᠩᠬᠢ ᠶᠢ ᠣᠷᠣᠭᠤᠯᠪᠠᠯ᠂ ᠣᠰᠣᠨ ᠤ ᠬᠡᠷᠡᠭᠯᠡᠭᠡᠨ ᠤ ᠱᠠᠭᠠᠷᠳᠠᠯᠭ᠎ᠠ ᠶᠢ ᠭᠦᠢᠴᠡᠳ ᠤᠶᠢᠯᠭᠠᠵᠦ ᠳᠡᠶᠢᠯᠭᠦ ᠴᠢᠳᠠᠪᠬᠢ ᠲᠠᠢ ᠪᠠᠶᠢᠵᠦ᠂ ᠴᠠᠭ ᠲᠣᠬᠠᠢ ᠳᠤᠨᠢ ᠣᠰᠣᠨ ᠤ ᠬᠡᠷᠡᠭᠴᠡᠭᠡ ᠶᠢ  ᠬᠠᠩᠭᠠᠬᠤ ᠪᠣᠯᠣᠨ᠎ᠠ᠃    ︽ᠪᠠᠶᠠᠰᠣᠯ︾ ᠮᠠᠯᠵᠢᠬᠤ ᠣᠷᠣᠨ ᠤ ᠨᠠᠰᠣᠲᠠᠶᠢᠴᠣᠳ  ᠢ ᠠᠰᠠᠷᠠᠬᠤ ᠬᠦᠷᠢᠶᠡᠯᠡᠩ ᠨᠢ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠬᠢ ᠪᠠᠨ ᠳᠡᠭᠡᠭᠰᠢᠯᠡᠭᠦᠯᠦᠨ᠂ ᠲᠣᠰᠬᠠᠢ ᠮᠡᠷᠭᠡᠵᠢᠯ ᠤᠨ ᠨᠠᠰᠣᠲᠠᠶᠢᠴᠣᠳ ᠢ ᠠᠰᠠᠷᠠᠬᠤ ᠲᠡᠪᠴᠠᠩ ᠢ ᠪᠠᠶᠢᠭᠤᠯᠵᠦ᠂ ᠨᠠᠰᠣᠲᠠᠶᠢᠴᠣᠳ ᠣᠶᠣᠨᠴᠢᠯᠠᠭᠰᠠᠨ ᠭᠠᠷ ᠴᠠᠭ ᠵᠡᠭᠦᠪᠡᠯ᠂ ᠲᠣᠰᠬᠠᠢ ᠮᠡᠷᠭᠡᠵᠢᠯ ᠤᠨ ᠠᠰᠠᠷᠠᠬᠤ ᠲᠠᠪᠴᠠᠩ ᠢᠶᠠᠷ ᠳᠡᠮᠵᠢᠨ᠂ ᠨᠠᠰᠣᠲᠠᠶᠢᠴᠣᠳ ᠤᠨ ᠵᠢᠷᠦᠭᠡᠨ ᠴᠣᠬᠢᠯᠭ᠎ᠠ᠂ ᠴᠢᠰᠣᠨ ᠳᠠᠷᠣᠯᠲᠠ ᠵᠡᠷᠭᠡ ᠪᠠᠶᠢᠳᠠᠯ ᠢ ᠭᠦᠢᠴᠡᠳ ᠣᠶᠢᠯᠭᠠᠵᠦ᠂ ᠨᠠᠰᠣᠲᠠᠶᠢᠴᠣᠳ ᠲᠤ ᠴᠠᠭ ᠲᠣᠬᠠᠢ ᠳᠤᠨᠢ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠪᠣᠯᠣᠨ᠎ᠠ᠃    ︽ᠪᠠᠶᠠᠰᠣᠯ︾ ᠮᠠᠯᠵᠢᠬᠤ ᠣᠷᠣᠨ ᠤ ᠨᠠᠰᠣᠲᠠᠶᠢᠴᠣᠳ  ᠢ ᠠᠰᠠᠷᠠᠬᠤ ᠬᠦᠷᠢᠶᠡᠯᠡᠩ ᠨᠢ ᠪᠠᠰᠠ ᠬᠦᠷᠢᠶᠡᠯᠡᠩ ᠤᠨ ᠬᠡᠷᠡᠮ ᠬᠠᠰᠢᠶ᠎ᠠ᠂ ᠡᠭᠦᠳᠡ᠂ ᠵᠠᠮ   ᠭᠤᠳᠣᠮᠵᠢ ᠵᠡᠷᠭᠡ ᠳᠤ ᠡᠯᠧᠺᠲᠷᠣᠨ ᠬᠠᠮᠢᠶᠠᠷᠣᠯᠲᠠ ᠶᠢᠨ ᠲᠣᠨᠤᠭ ᠲᠦᠬᠦᠭᠡᠷᠣᠮᠵᠢ ᠣᠭᠰᠠᠷᠴᠤ᠂ ᠬᠢᠨᠠᠨ ᠬᠠᠮᠢᠶᠠᠷᠣᠯᠲᠠ ᠪᠠᠨ ᠪᠦᠬᠦ ᠲᠠᠯ᠎ᠠ ᠪᠠᠷ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠬᠤᠰᠢᠭᠤ ᠷᠠᠳᠢᠤ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号