ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠶᠢᠰᠦᠳᠦᠭᠡᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠠᠮᠵᠢᠯᠲᠠᠲᠡᠢ ᠦᠨᠳᠦᠷᠯᠡᠭᠰᠡᠨ
ᠨᠡᠶᠢᠲᠡᠯᠡᠭᠰᠡᠨ ᠴᠠᠭ᠄
2017-08-24
   8 ᠰᠠᠷ᠎ᠠ ᠶᠢᠨ 21 — 24 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠶᠢᠰᠦᠳᠦᠭᠡᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠠᠮᠵᠢᠯᠲᠠᠲᠡᠢ ᠬᠤᠷᠠᠯᠳᠣᠪᠠ᠃ ᠬᠤᠰᠢᠭᠤ ᠠᠵᠢᠯᠴᠢᠨ ᠤ ᠶᠡᠷᠦᠩᠬᠡᠢ ᠡᠪᠯᠡᠯ ᠤᠨ ᠦᠩᠭᠡᠷᠡᠭᠰᠡᠨ 8 ᠵᠢᠯ ᠤᠨ ᠭᠤᠣᠯᠳᠠᠯᠭ᠎ᠠ ᠲᠠᠢ ᠠᠵᠢᠯ ᠢᠶᠠᠨ ᠡᠷᠭᠢᠴᠡᠭᠦᠯᠦᠨ ᠳ᠋ᠦᠩᠨᠡᠵᠦ  ᠂ ᠬᠤᠶᠢᠰᠢᠳᠠ ᠶᠢᠨ ᠲᠠᠪᠣᠨ ᠵᠢᠯ ᠤᠨ ᠠᠵᠢᠯ ᠤᠨ ᠵᠢᠯᠣᠭᠤᠳᠬᠤ ᠦᠵᠡᠯ ᠰᠠᠨᠠᠭ᠎ᠠ ᠪᠣᠯᠣᠨ ᠲᠡᠮᠡᠴᠡᠬᠦ ᠬᠠᠷᠠᠯᠲᠠ ᠪᠠᠨ ᠰᠣᠳᠣᠯᠣᠨ ᠲᠣᠭᠲᠠᠭᠠᠵᠠᠢ᠃    8 ᠰᠠᠷ᠎ᠠ ᠶᠢᠨ 21 ᠤ ᠦᠳᠡ ᠶᠢᠨ ᠬᠤᠶᠢᠨ᠎ᠠ᠂ ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠶᠢᠰᠦᠳᠦᠭᠡᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ  ᠤᠨ ᠪᠡᠯᠡᠳᠭᠡᠯ ᠬᠤᠷᠠᠯ ᠬᠤᠷᠠᠯᠳᠣᠵᠦ᠂ ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠶᠢᠰᠦᠳᠦᠭᠡᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠪᠦᠯᠭᠦᠮ ᠪᠣᠯᠣᠨ ᠬᠤᠷᠠᠯ ᠤᠨ ᠬᠢᠨᠠᠨ ᠪᠠᠲᠣᠯᠠᠬᠤ ᠠᠷᠭ᠎ᠠ ᠬᠡᠯᠪᠡᠷᠢ ᠶᠢ ᠲᠣᠭᠲᠠᠭᠠᠵᠤ᠂ ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠶᠢᠰᠦᠳᠦᠭᠡᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠤᠨ ᠬᠡᠷᠡᠭᠵᠢᠭᠦᠯᠦᠭᠴᠢ᠂ ᠲᠡᠷᠢᠭᠦᠯᠡᠭᠴᠢ ᠶᠢᠨ ᠨᠡᠷᠡᠰ᠂ ᠲᠦᠯᠦᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠮᠡᠳᠡᠭᠦᠯᠦᠯᠲᠡ᠂ ᠶᠡᠭᠡ ᠬᠤᠷᠠᠯ ᠤᠨ ᠳᠠᠷᠠᠭᠠᠯᠠᠯ ᠪᠣᠯᠣᠨ ᠶᠡᠭᠡ ᠬᠤᠷᠠᠯ ᠤᠨ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ᠢ ᠬᠢᠨᠠᠨ ᠪᠠᠲᠣᠯᠠᠭᠰᠠᠨ ᠤ ᠬᠠᠮᠲᠦ᠂ ᠶᠡᠭᠡ ᠬᠤᠷᠠᠯ ᠤᠨ ᠪᠦᠯᠭᠦᠮ ᠤᠨ ᠨᠡᠷᠡᠰ ᠢ ᠲᠣᠭᠲᠠᠭᠠᠵᠠᠢ᠃    8 ᠰᠠᠷ᠎ᠠ ᠶᠢᠨ 22 ᠤ ᠦᠳᠡ ᠶᠢᠨ ᠡᠮᠦᠨ᠎ᠡ᠂ ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠶᠢᠰᠦᠳᠦᠭᠡᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠣᠳᠠᠭᠠᠨ ᠤ ᠪᠦᠬᠦ ᠲᠦᠯᠦᠭᠡᠯᠡᠭᠴᠢᠳ ᠤᠨ ᠬᠤᠷᠠᠯ ᠬᠤᠷᠠᠯᠳᠣᠪᠠ᠃    ᠬᠤᠰᠢᠭᠤ ᠠᠷᠠᠳ ᠤᠨ ᠲᠦᠯᠦᠭᠡᠯᠡᠭᠴᠢᠳ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠭᠠᠨ᠎ᠠ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠢᠯᠠᠭᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠦᠯᠢ ᠴᠠᠭᠠᠵᠠ ᠶᠢᠨ ᠬᠤᠷᠢᠶᠠᠨ ᠤ ᠱᠦᠵᠢ ᠳᠠᠷᠬᠠᠨᠬᠦᠦ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠰᠠᠷᠠᠨᠲᠣᠶᠠᠭ᠎ᠠ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠰᠡᠴᠡᠨ᠂ ᠠᠶᠢᠮᠠᠭ ᠤᠨ ᠠᠵᠢᠯᠴᠢᠨ ᠤ ᠶᠡᠷᠦᠩᠬᠡᠢ ᠡᠪᠯᠡᠯ ᠤᠨ ᠳᠡᠳ᠋ ᠲᠡᠷᠢᠭᠦᠯᠡᠭᠴᠢ ᠵᠠᠩ ᠪᠦᠸᠧ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠦᠷ ᠲᠤ ᠰᠠᠭᠤᠯᠴᠠᠵᠦ᠂ ᠠᠷᠠᠳ ᠤᠨ ᠪᠦᠯᠭᠦᠮ ᠤᠨ ᠵᠤᠬᠢᠶᠠᠨ ᠪᠠᠶᠢᠭᠤᠯᠬᠤ ᠬᠠᠷᠢᠭᠤᠴᠠᠯᠭᠠᠲᠠᠨ᠂ ᠡᠯ᠎ᠡ ᠱᠠᠲᠣᠨ ᠤ ᠬᠦᠳᠡᠯᠮᠦᠷᠢ ᠶᠢᠨ ᠵᠢᠱᠢᠶᠡᠴᠢ᠂ ᠲᠡᠷᠢᠭᠦᠨ ᠤ ᠠᠵᠢᠯᠴᠢᠨ ᠤ ᠲᠦᠯᠦᠭᠡᠯᠡᠭᠴᠢ ᠬᠤᠷᠠᠯ ᠳᠤ ᠣᠷᠣᠯᠴᠠᠵᠡᠢ᠃    ᠠᠶᠢᠮᠠᠭ ᠤᠨ ᠠᠵᠢᠯᠴᠢᠨ ᠤ ᠶᠡᠷᠦᠩᠬᠡᠢ ᠡᠪᠯᠡᠯ ᠤᠨ ᠳᠡᠳ᠋ ᠲᠡᠷᠢᠭᠦᠯᠡᠭᠴᠢ ᠵᠠᠩ ᠪᠦᠸᠧ ᠶᠠᠷᠢᠶᠠᠨ ᠳᠠᠭᠠᠨ᠄ ᠪᠠᠷᠠᠭᠤᠨ ᠦᠵᠦᠮᠦᠴᠢᠨ ᠬᠤᠰᠢᠭᠤᠨ ᠤ ᠳᠦᠷᠪᠡᠨ ᠶᠡᠭᠡ ᠣᠳᠣᠷᠢᠳᠬᠤ ᠪᠠᠭ ᠨᠢ ᠠᠵᠢᠯᠴᠢᠨ ᠤ ᠶᠡᠷᠦᠩᠬᠡᠢ ᠡᠪᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠠᠳᠬᠤᠵᠦ᠂ ᠪᠠᠷᠠᠭᠤᠨ ᠦᠵᠦᠮᠦᠴᠢᠨ ᠬᠤᠰᠢᠭᠤᠨ  ᠤ ᠠᠵᠢᠯᠴᠢᠨ ᠤ ᠶᠡᠷᠦᠩᠬᠡᠢ ᠡᠪᠯᠡᠯ ᠤᠨ ᠠᠵᠢᠯ ᠤᠨ ᠬᠦᠭᠵᠢᠯᠲᠡ ᠳᠤ ᠰᠢᠯᠢᠳᠡᠭ ᠰᠠᠶᠢᠨ ᠨᠦᠭᠦᠴᠡᠯ ᠪᠣᠯᠣᠨ ᠬᠦᠴᠦᠲᠡᠢ ᠪᠠᠲᠣᠯᠠᠭ᠎ᠠ ᠶᠢ ᠬᠠᠩᠭᠠᠭᠰᠠᠨ ᠪᠠᠶᠢᠨ᠎ᠠ᠃ ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ   ᠨᠢ ᠪᠦᠬᠦ ᠬᠤᠰᠢᠭᠤᠨ ᠤ ᠦᠷᠭᠡᠨ ᠣᠯᠠᠨ ᠠᠵᠢᠯᠴᠢᠨ ᠠᠵᠢᠯᠲᠠᠨ ᠢ ᠲᠠᠶᠢᠴᠢᠯᠠᠨ᠂ ᠭᠠᠵᠠᠷ ᠣᠷᠣᠨ ᠤ ᠠᠵᠦ ᠠᠬᠤᠢ ᠨᠡᠶᠢᠭᠡᠮ ᠤᠨ ᠬᠦᠭᠵᠢᠯᠲᠡ ᠳᠤ ᠢᠳᠡᠪᠬᠢᠲᠡᠢ ᠦᠢᠯᠡᠳᠦᠯ ᠭᠠᠷᠭᠠᠭᠰᠠᠨ ᠪᠠᠶᠢᠨ᠎ᠠ ᠭᠡᠰᠡᠨ ᠤ ᠬᠠᠮᠲᠦ᠂ ᠬᠤᠶᠢᠰᠢᠳᠠ ᠶᠢᠨ ᠠᠵᠢᠯ ᠳᠣᠮᠳᠠ ᠪᠠᠨ ᠬᠠᠷᠢᠭᠤᠴᠠᠯᠭᠠᠲᠦ ᠰᠡᠳᠬᠢᠯᠭᠡ ᠪᠠᠨ ᠣᠯᠠᠮ ᠨᠢᠭᠡ ᠠᠯᠬᠤᠮ ᠴᠢᠩᠭᠠᠳᠬᠠᠨ᠂ ᠪᠠᠷᠠᠭᠤᠨ ᠦᠵᠦᠮᠦᠴᠢᠨ ᠬᠤᠰᠢᠭᠤᠨ ᠤ ᠬᠦᠭᠵᠢᠯᠲᠡ ᠳᠤ  ᠬᠤᠪᠢ ᠨᠡᠮᠡᠷᠢ ᠪᠠᠨ ᠦᠵᠡᠭᠦᠯᠵᠦ᠂ ᠰᠢᠨ᠎ᠡ ᠠᠮᠵᠢᠯᠲᠠ ᠪᠦᠲᠦᠮᠵᠢ ᠪᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢ ᠣᠭᠲᠣᠨ‌ᠠᠪᠬᠤ ᠬᠡᠷᠡᠭᠲᠡᠢ ᠭᠡᠵᠡᠢ᠃    ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ  ᠂ ᠤᠯᠤᠰ ᠲᠦᠷᠦ ᠬᠠᠦᠯᠢ ᠴᠠᠭᠠᠵᠠ ᠶᠢᠨ ᠬᠤᠷᠢᠶᠠᠨ ᠤ ᠱᠦᠵᠢ ᠳᠠᠷᠬᠠᠨᠬᠦᠦ ᠬᠤᠰᠢᠭᠤ ᠨᠠᠮ ᠤᠨ ᠬᠤᠷᠢᠶ᠎ᠠ ᠶᠢ ᠲᠦᠯᠦᠭᠡᠯᠡᠨ ᠳᠦᠷᠪᠡᠨ ᠲᠠᠯ᠎ᠠ ᠶᠢᠨ ᠱᠠᠭᠠᠷᠳᠠᠯᠭ᠎ᠠ ᠳᠤᠷᠠᠳᠴᠡᠢ ᠃ ᠨᠢᠭᠡ ᠳᠤ᠂ ᠨᠠᠮ ᠤᠨ ᠠᠵᠢᠯᠴᠢᠨ ᠤ ᠶᠡᠷᠦᠩᠬᠡᠢ ᠡᠪᠯᠡᠯ ᠤᠨ ᠠᠵᠢᠯ ᠤᠨ ᠰᠢᠨ᠎ᠡ ᠱᠠᠭᠠᠷᠳᠠᠯᠭ᠎ᠠ ᠶᠢ ᠵᠦᠪ ᠣᠨᠣᠪᠴᠢᠲᠡᠢ ᠡᠵᠡᠮᠰᠢᠵᠦ᠂ ᠤᠯᠤᠰ ᠲᠦᠷᠦ ᠶᠢᠨ ᠴᠢᠭᠯᠡᠯᠲᠡ ᠶᠢ ᠴᠢᠩᠭ᠎ᠠ ᠵᠢᠷᠣᠮᠯᠠᠬᠤ ᠬᠡᠷᠡᠭᠲᠡᠢ᠃ ᠬᠤᠰᠢᠭᠤ ᠠᠵᠢᠯᠴᠢᠨ ᠤ ᠶᠡᠷᠦᠩᠬᠡᠢ ᠡᠪᠯᠡᠯ ᠨᠢ ᠳᠣᠮᠳᠠᠳᠦ ᠤᠯᠤᠰ ᠤᠨ ᠣᠨᠴᠠᠯᠢᠭ ᠲᠠᠢ ᠨᠡᠶᠢᠭᠡᠮ ᠵᠢᠷᠣᠮᠲᠦ ᠠᠵᠢᠯᠴᠢᠨ ᠤ ᠡᠪᠯᠡᠯ ᠤᠨ ᠬᠦᠭᠵᠢᠯᠲᠡ ᠶᠢᠨ ᠠᠭᠤᠯᠣᠭᠳᠠᠬᠤᠨ ᠪᠣᠯᠣᠨ ᠭᠤᠣᠯ ᠴᠦᠮ᠎ᠠ ᠶᠢ ᠨᠠᠷᠢᠨ ᠲᠣᠳᠣᠷᠬᠠᠢ ᠣᠶᠢᠯᠭᠠᠵᠦ᠂ ᠠᠵᠢᠯᠴᠢᠨ ᠤ ᠡᠪᠯᠡᠯ ᠤᠨ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠦ᠂ ᠤᠯᠤᠰ ᠲᠦᠷᠦ ᠶᠢᠨ  ᠣᠬᠠᠮᠰᠠᠷ᠂ ᠶᠡᠭᠡ ᠲᠠᠯ᠎ᠠ ᠶᠢᠨ ᠣᠬᠠᠮᠰᠠᠷ᠂ ᠭᠤᠣᠯᠯᠠᠬᠤ ᠣᠬᠠᠮᠰᠠᠷ ᠪᠣᠯᠣᠨ ᠨᠢᠭᠡᠳᠦᠯᠲᠡᠢ ᠪᠠᠶᠢᠬᠤ ᠣᠬᠠᠮᠰᠠᠷ ᠪᠠᠨ ᠳᠡᠭᠡᠭᠰᠢᠯᠡᠭᠦᠯᠦᠨ᠂ ᠨᠠᠮ ᠤᠨ ᠣᠳᠣᠷᠢᠳᠣᠯᠭ᠎ᠠ ᠪᠣᠯᠣᠨ ᠠᠵᠢᠯᠴᠢᠨ ᠤ ᠡᠪᠯᠡᠯ ᠢ ᠨᠢᠭᠡᠳᠭᠡᠨ᠂ ᠶᠡᠭᠡ ᠲᠠᠯ᠎ᠠ ᠳᠤ ᠦᠢᠯᠡᠴᠢᠯᠡᠬᠦ ᠪᠣᠯᠣᠨ ᠠᠵᠢᠯᠴᠢᠨ ᠳᠤ ᠦᠢᠯᠡᠴᠢᠯᠡᠬᠦ ᠶᠢ ᠨᠢᠭᠡᠳᠭᠡᠵᠦ᠂ ᠡᠷᠬᠡ ᠠᠰᠢᠭ ᠤᠨ ᠠᠵᠢᠯ ᠢ ᠦᠷᠨᠢᠭᠦᠯᠬᠦ ᠪᠣᠯᠣᠨ ᠨᠡᠶᠢᠭᠡᠮ ᠤᠨ ᠡᠭᠦᠷᠭᠡ ᠪᠠᠨ ᠪᠡᠶᠡᠯᠡᠭᠦᠯᠬᠦ ᠶᠢ ᠨᠢᠭᠡᠳᠭᠡᠬᠦ ᠬᠡᠷᠡᠭᠲᠡᠢ᠃ ᠬᠤᠶᠠᠷ ᠲᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠪᠠᠶᠢᠳᠠᠯ ᠢ ᠵᠦᠪ ᠣᠨᠣᠪᠴᠢᠲᠡᠢ ᠡᠵᠡᠮᠰᠢᠵᠦ᠂ ᠡᠷᠭᠢᠯᠲᠡ ᠬᠦᠭᠵᠢᠯᠲᠡ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃ ᠭᠤᠷᠪᠠ ᠳᠤ᠂ ᠠᠵᠢᠯᠴᠢᠨ ᠤ ᠡᠩᠨᠡᠭᠡᠨ ᠤ ᠰᠢᠨ᠎ᠡ ᠬᠤᠪᠢᠷᠠᠯᠲᠠ ᠶᠢ ᠵᠦᠪ ᠣᠨᠣᠪᠴᠢᠲᠡᠢ ᠡᠵᠡᠮᠰᠢᠵᠦ᠂  ᠠᠵᠢᠯᠴᠢᠳ ᠤᠨ ᠬᠠᠦᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠃ ᠡᠶ᠎ᠡ ᠵᠤᠬᠢᠴᠠᠩᠭᠤᠢ ᠬᠦᠳᠡᠯᠮᠦᠷᠢ ᠶᠢᠨ ᠬᠠᠷᠢᠴᠠᠭ᠎ᠠ ᠶᠢ ᠪᠣᠢ ᠪᠣᠯᠭᠠᠨ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠠᠵᠢᠯᠴᠢᠨ ᠠᠵᠢᠯᠲᠠᠨ ᠤ ᠬᠠᠦᠯᠢ ᠶᠣᠰᠣᠨ ᠤ ᠡᠷᠬᠡ ᠠᠰᠢᠭ ᠢ ᠰᠠᠶᠢᠲᠣᠷ ᠬᠠᠮᠠᠭᠠᠯᠠᠬᠤ ᠬᠡᠷᠡᠭᠲᠡᠢ᠃ ᠳᠦᠷᠪᠡ ᠳᠤ᠂ ᠰᠢᠨ᠎ᠡ ᠴᠠᠭ ᠦᠶ᠎ᠡ ᠶᠢᠨ ᠠᠵᠢᠯᠴᠢᠨ ᠤ ᠶᠡᠷᠦᠩᠭᠡᠢ ᠡᠪᠯᠡᠯ ᠤᠨ ᠠᠵᠢᠯ ᠤᠨ ᠰᠢᠨ᠎ᠡ ᠣᠨᠴᠠᠯᠢᠭ ᠢ ᠵᠦᠪ ᠣᠨᠣᠪᠴᠢᠲᠡᠢ ᠡᠵᠡᠮᠰᠢᠵᠦ᠂ ᠲᠣᠰ ᠪᠡᠶ᠎ᠡ  ᠶᠢᠨ ᠢᠶᠠᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃    ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠲᠡᠷᠢᠭᠦᠯᠡᠭᠴᠢ᠂ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠰᠠᠷᠠᠨᠲᠣᠶᠠᠭ᠎ᠠ ᠬᠤᠰᠢᠭᠤ ᠠᠵᠢᠯᠴᠢᠨ ᠤ ᠶᠡᠷᠦᠩᠬᠡᠢ ᠡᠪᠯᠡᠯ ᠤᠨ ᠨᠠᠶᠢᠮᠠᠳᠣᠭᠠᠷ ᠬᠤᠭᠤᠴᠠᠭᠠᠨ ᠤ ᠵᠦᠪᠯᠡᠯ ᠢ ᠲᠦᠯᠦᠭᠡᠯᠡᠨ᠂ ︽ ᠪᠦᠯᠬᠦᠮᠳᠡᠨ ᠨᠢᠭᠲᠠᠷᠠᠵᠤ᠂ ᠰᠢᠨ᠎ᠡ ᠶᠢ ᠡᠭᠦᠳᠦᠨ᠂ ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠡᠪᠯᠡᠯ ᠤᠨ ᠠᠵᠢᠯ ᠤᠨ ᠰᠢᠨ᠎ᠡ ᠬᠡᠪ ᠳᠦᠷᠢ ᠶᠢ ᠴᠢᠷᠮᠠᠶᠢᠨ ᠴᠣᠭᠴᠠᠯᠠᠶ᠎ᠠ︾ ᠭᠡᠬᠦ ᠭᠤᠣᠯ ᠰᠡᠳᠦᠪ ᠢᠶᠠᠷ ᠬᠠᠷᠢᠭᠤ ᠮᠡᠳᠡᠭᠦᠯᠦᠯᠲᠡ ᠬᠢᠵᠡᠢ᠃ ᠦᠩᠭᠡᠷᠡᠭᠰᠡᠨ ᠨᠠᠶᠢᠮᠠᠨ ᠵᠢᠯ ᠪᠣᠯ ᠮᠠᠨ ᠤ ᠬᠤᠰᠢᠭᠤᠨ ᠤ ᠠᠵᠦ ᠠᠬᠤᠢ ᠨᠡᠶᠢᠭᠡᠮ ᠲᠦᠷᠭᠡᠨ ᠢᠶᠠᠷ ᠬᠦᠭᠵᠢᠵᠦ᠂ ᠨᠡᠶᠢᠭᠡᠮ ᠡᠶ᠎ᠡ ᠵᠣᠬᠢᠴᠠᠩᠭᠤᠢ ᠪᠠᠷ ᠬᠦᠭᠵᠢᠭᠰᠡᠨ ᠨᠠᠶᠢᠮᠠᠨ ᠵᠢᠯ᠂ ᠮᠦᠨᠴᠦ ᠪᠦᠬᠦ ᠬᠤᠰᠢᠭᠤᠨ ᠤ ᠦᠷᠭᠡᠨ ᠣᠯᠠᠨ ᠠᠵᠢᠯᠴᠢᠳ ᠦᠪᠡᠷ ᠦᠪᠡᠷᠰᠡᠳ ᠤᠨ ᠠᠵᠢᠯ ᠤᠨ ᠪᠠᠶᠢᠷᠢᠨ ᠳᠠᠭᠠᠨ ᠴᠢᠷᠮᠠᠶᠢᠨ ᠠᠵᠢᠯᠯᠠᠵᠦ᠂ ᠪᠦᠬᠦ ᠬᠤᠰᠢᠭᠤᠨ ᠤ ᠦᠭᠡᠷᠡᠴᠢᠯᠡᠯᠲᠡ ᠬᠦᠭᠵᠢᠯᠲᠡ ᠶᠢᠨ ᠢᠳᠡᠪᠬᠢ ᠦᠢᠯᠡᠳᠦᠯ ᠭᠠᠷᠭᠠᠭᠰᠠᠨ ᠨᠠᠶᠢᠮᠠᠨ ᠵᠢᠯ᠂ ᠮᠦᠨᠴᠦ ᠬᠤᠰᠢᠭᠤ ᠠᠵᠢᠯᠴᠢᠨ ᠶᠡᠷᠦᠩᠬᠡᠢ ᠡᠪᠯᠡᠯ ᠨᠢ ᠠᠶᠢᠮᠠᠭ ᠤᠨ ᠠᠵᠢᠯᠴᠢᠨ ᠤ ᠶᠡᠷᠦᠩᠬᠡᠢ ᠡᠪᠯᠡᠯ ᠪᠣᠯᠣᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠦᠪ ᠣᠳᠣᠷᠢᠳᠣᠯᠭ᠎ᠠ ᠳᠣᠣᠷ᠎ᠠ᠂ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠠᠭᠠᠨ ᠶᠡᠭᠡ ᠲᠠᠯ᠎ᠠ ᠳᠤ ᠦᠢᠯᠡᠴᠢᠯᠡᠨ᠂ ᠡᠯ᠎ᠡ ᠲᠦᠷᠦᠯ ᠤᠨ ᠭᠤᠣᠯᠳᠠᠯᠭ᠎ᠠ   ᠲᠠᠢ ᠠᠵᠢᠯ ᠢᠶᠠᠨ ᠲᠦᠯᠬᠢᠨ ᠠᠬᠢᠭᠤᠯᠵᠦ᠂ ᠠᠵᠢᠯ ᠤᠨ ᠬᠢᠷᠢ ᠲᠦᠪᠰᠢᠨ ᠪᠦᠬᠦ ᠲᠠᠯ᠎ᠠ ᠪᠠᠷ ᠳᠡᠭᠡᠭᠰᠢᠯᠡᠭᠰᠡᠨ ᠨᠠᠶᠢᠮᠠᠨ ᠵᠢᠯ ᠪᠣᠯᠣᠨ᠎ᠠ ᠭᠡᠵᠡᠢ᠃    ᠰᠠᠷᠠᠨᠲᠣᠶᠠᠭ᠎ᠠ ᠪᠠᠰᠠ᠂ ᠬᠤᠶᠢᠰᠢᠳᠠ ᠶᠢᠨ  ᠲᠠᠪᠣᠨ ᠵᠢᠯ ᠤᠨ ᠠᠵᠢᠯ ᠳᠣᠮᠳᠠ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠶᠡᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠣᠨ ᠨᠠᠶᠢᠳᠠᠪᠦᠷᠢᠵᠢᠭᠤᠯᠵᠦ᠂ ᠦᠷᠭᠡᠨ ᠣᠯᠠᠨ ᠠᠵᠢᠯᠴᠢᠳ ᠢ ᠳᠠᠶᠢᠴᠢᠯᠠᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠵᠦ᠂ ᠠᠵᠢᠯᠲᠠᠳ ᠤᠨ ᠡᠭᠦᠳᠦᠨ ᠪᠦᠲᠦᠭᠡᠬᠦ ᠴᠢᠳᠠᠪᠬᠢ ᠶᠢ ᠪᠠᠳᠠᠷᠠᠭᠤᠯᠣᠨ᠂ ᠨᠡᠶᠢᠭᠡᠮ ᠵᠢᠷᠦᠮ ᠤᠨ ᠭᠤᠤᠯᠯᠠᠬᠤ ᠦᠷᠲᠡᠭ ᠤᠨ ᠦᠵᠡᠯᠲᠡ ᠶᠢ ᠪᠠᠷᠢᠮᠲᠠᠯᠠᠵᠦ᠂ ᠰᠢᠨᠵᠢᠯᠡᠬᠦ ᠣᠬᠠᠭᠠᠨᠴᠢ ᠬᠦᠭᠵᠢᠯᠲᠡ ᠶᠢᠨ ᠳᠣᠮᠲᠠ ᠠᠵᠢᠯᠲᠠᠳ ᠤᠨ ᠬᠡᠪ ᠪᠣᠯᠪᠠᠰᠣᠷᠠᠯ ᠢ ᠳᠡᠭᠡᠭᠰᠢᠯᠡᠭᠦᠯᠬᠦ ᠬᠡᠷᠡᠭᠲᠡᠢ᠃ ᠡᠶ᠎ᠡ ᠵᠤᠬᠢᠴᠠᠩᠭᠤᠢ ᠬᠦᠳᠡᠯᠮᠦᠷᠢ ᠶᠢᠨ ᠬᠠᠷᠢᠴᠠᠭ᠎ᠠ ᠶᠢ ᠪᠠᠷᠢᠮᠲᠠᠯᠠᠨ᠂ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠳᠣᠮᠳᠠ ᠠᠵᠢᠯᠲᠠᠳ ᠤᠨ ᠬᠠᠦᠯᠢ ᠶᠣᠰᠣᠨ ᠤ ᠡᠷᠬᠡ ᠠᠰᠢᠭ ᠢ ᠬᠠᠮᠠᠭᠠᠯᠠᠵᠦ᠂ ᠠᠵᠢᠯᠴᠢᠨ ᠤ ᠡᠪᠯᠡᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠠᠵᠢᠯ ᠤᠨ ᠰᠢᠨᠵᠢᠯᠡᠬᠦ ᠣᠬᠠᠭᠠᠨᠴᠢ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ ᠭᠡᠵᠡᠢ᠃    ᠬᠤᠷᠠᠯ ᠠᠴᠠ ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠨᠠᠶᠢᠮᠠᠳᠣᠭᠠᠷ ᠬᠤᠭᠤᠴᠠᠭᠠᠨ ᠤ ᠵᠦᠪᠯᠡᠯ ᠠᠴᠠ ᠡᠳ᠋ ᠶᠪᠣᠳᠠᠯ ᠤᠨ ᠠᠵᠢᠯ ᠤᠨ ᠮᠡᠳᠡᠭᠦᠯᠦᠯᠲᠡ ᠪᠣᠯᠣᠨ ᠵᠠᠷᠣᠳᠠᠯ ᠮᠦᠩᠭᠦ ᠶᠢ ᠬᠢᠨᠠᠨ ᠪᠠᠶᠢᠴᠠᠭᠠᠬᠤ ᠵᠦᠪᠯᠡᠯ ᠤᠨ ᠠᠵᠢᠯ ᠤᠨ ᠮᠡᠳᠡᠭᠦᠯᠦᠯᠲᠡ ᠶᠢ ᠬᠢᠨᠠᠨ ᠪᠠᠲᠣᠯᠠᠵᠡᠢ᠃    ᠡᠭᠦᠨ ᠤ ᠳᠠᠷᠠᠭ᠎ᠠ᠂ ᠡᠯ᠎ᠡ ᠲᠦᠯᠦᠭᠡᠯᠡᠭᠴᠢ ᠶᠢᠨ ᠪᠦᠯᠬᠦᠮ ᠠᠴᠠ ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠶᠢᠨ ᠨᠠᠶᠢᠮᠠᠳᠣᠭᠠᠷ ᠬᠤᠭᠤᠴᠠᠭᠠᠨ ᠤ ᠵᠦᠪᠯᠡᠯ ᠤᠨ ᠠᠵᠢᠯ ᠤᠨ ᠮᠡᠳᠡᠭᠦᠯᠦᠯᠲᠡ᠂ ᠡᠳ᠋ ᠤᠨ ᠶᠠᠪᠣᠳᠠᠯ ᠤᠨ ᠠᠵᠢᠯ ᠤᠨ ᠮᠡᠳᠡᠭᠦᠯᠦᠯᠲᠡ ᠪᠣᠯᠣᠨ ᠵᠠᠷᠣᠳᠠᠯ ᠮᠦᠩᠭᠦ ᠶᠢ ᠬᠢᠨᠠᠨ ᠪᠠᠶᠢᠴᠠᠭᠠᠬᠤ ᠵᠦᠪᠯᠡᠯ ᠢ ᠠᠵᠢᠯ ᠤᠨ ᠮᠡᠳᠡᠭᠦᠯᠦᠯᠲᠡ ᠶᠢ ᠰᠣᠳᠣᠯᠣᠨ ᠶᠠᠷᠢᠯᠴᠠᠭᠰᠠᠨ ᠪᠠᠶᠢᠨ᠎ᠠ᠃    ᠦᠳᠡ ᠶᠢᠨ ᠬᠤᠶᠢᠨ᠎ᠠ᠂ ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠶᠢᠰᠦᠳᠦᠭᠡᠷ ᠣᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ ᠣᠳᠠᠭᠠᠨ ᠤ ᠲᠦᠯᠦᠭᠡᠯᠡᠭᠴᠢ ᠶᠢᠨ ᠬᠤᠷᠠᠯ ᠬᠤᠷᠠᠯᠳᠣᠵᠦ᠂ ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ  ᠤᠨ ᠶᠢᠰᠦᠳᠦᠭᠡᠷ ᠣᠳᠠᠭᠠᠨ ᠤ ᠲᠦᠯᠦᠭᠡᠯᠡᠭᠴᠢᠳ ᠰᠣᠩᠭᠤᠭᠤᠯᠢ ᠶᠢᠨ ᠠᠷᠭ᠎ᠠ᠂ ᠶᠡᠷᠦᠩᠬᠡᠢ ᠪᠡᠯᠧᠲ ᠬᠢᠨᠠᠭᠴᠢ᠂ ᠪᠡᠯᠧᠲ ᠳᠡᠮᠳᠡᠭᠯᠡᠭᠴᠢ ᠶᠢᠨ ᠨᠡᠷᠡᠰ ᠢ ᠬᠢᠨᠠᠨ ᠪᠠᠲᠣᠯᠠᠭᠰᠠᠨ ᠤ ᠬᠠᠮᠲᠦ᠂  ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠶᠢᠰᠦᠳᠦᠭᠡᠷ ᠣᠳᠠᠭᠠᠨ ᠤ ᠲᠦᠯᠦᠭᠡᠯᠡᠭᠴᠢᠨ ᠤ ᠶᠡᠭᠡ ᠬᠤᠷᠠᠯ ᠤᠨ ᠰᠣᠩᠭᠤᠭᠤᠯᠢ  ᠳᠤ ᠣᠷᠣᠯᠴᠠᠬᠤ ᠬᠦᠮᠦᠨ ᠤ ᠨᠡᠷᠡᠰ ᠪᠣᠯᠣᠨ ᠲᠣᠪᠴᠢ ᠲᠠᠨᠢᠯᠴᠠᠭᠤᠯᠭ᠎ᠠ᠂ ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ  ᠤᠨ ᠶᠢᠰᠦᠳᠦᠭᠡᠷ ᠬᠤᠭᠤᠴᠠᠭᠠᠨ ᠤ ᠵᠠᠷᠣᠳᠠᠯ ᠮᠦᠩᠭᠦ ᠶᠢ ᠬᠢᠨᠠᠨ ᠪᠠᠶᠢᠴᠠᠭᠠᠬᠤ ᠵᠦᠪᠯᠡᠯ ᠤᠨ ᠰᠣᠩᠭᠤᠭᠤᠯᠢ ᠳᠤ ᠣᠷᠣᠯᠴᠠᠬᠤ ᠬᠦᠮᠦᠨ ᠤ ᠨᠡᠷᠡᠰ ᠪᠣᠯᠣᠨ ᠲᠣᠪᠴᠢ ᠲᠠᠨᠢᠯᠴᠠᠭᠤᠯᠭ᠎ᠠ ᠶᠢ ᠨᠠᠶᠢᠳᠡᠯᠡᠵᠢ᠃    22 ᠶᠢᠨ ᠦᠳᠡ ᠶᠢᠨ ᠬᠤᠶᠢᠨ᠎ᠠ ᠶᠢᠨ 5 ᠴᠠᠭ ᠲᠤ᠂ ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠶᠢᠰᠦᠳᠦᠭᠡᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ  ᠤᠨ ᠭᠤᠷᠪᠠᠳᠣᠭᠠᠷ ᠣᠳᠠᠭᠠᠨ ᠤ ᠲᠦᠯᠦᠭᠡᠯᠡᠭᠴᠢᠳ  ᠤᠨ ᠬᠤᠷᠠᠯ ᠬᠤᠷᠠᠯᠳᠣᠵᠦ᠂ ᠬᠤᠰᠢᠭᠤ ᠠᠠᠷᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠰᠠᠷᠠᠨᠲᠣᠶᠠᠭ᠎ᠠ ᠶᠢ ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠶᠢᠰᠦᠳᠦᠭᠡᠷ  ᠬᠤᠭᠤᠴᠠᠭᠠᠨ ᠤ ᠵᠦᠪᠯᠡᠯ ᠤᠨ ᠲᠡᠷᠢᠭᠦᠯᠡᠭᠴᠢ᠂ ᠸᠠᠩ ᠱᠤ᠋ ᠳ᠋ᠧ ᠶᠢ ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠶᠢᠰᠦᠳᠦᠭᠡᠷ ᠬᠤᠭᠤᠴᠠᠭᠠᠨ ᠤ ᠵᠦᠪᠯᠡᠯ ᠤᠨ ᠳᠡᠳ᠋ ᠲᠡᠷᠢᠭᠦᠯᠡᠭᠴᠢ᠂ ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠶᠢᠰᠦᠳᠦᠭᠡᠷ ᠬᠤᠭᠤᠴᠠᠭᠠᠨ ᠤ ᠵᠦᠪᠯᠡᠯ ᠤᠨ  ᠵᠠᠷᠣᠳᠠᠯ ᠮᠦᠩᠭᠦ ᠶᠢ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠪᠠᠷ ᠰᠣᠩᠭᠤᠵᠡᠢ᠃    ᠬᠤᠷᠠᠯ ᠠᠴᠠ  ᠂ ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠨᠠᠶᠢᠮᠠᠳᠣᠭᠠᠷ ᠬᠤᠭᠤᠴᠠᠭᠠᠨ ᠤ ᠵᠦᠪᠯᠡᠯ ᠤᠨ ᠠᠵᠢᠯ ᠤᠨ ᠮᠡᠳᠡᠭᠦᠯᠦᠯᠲᠡ ᠶᠢᠨ ᠰᠢᠢᠳᠪᠦᠷᠢ᠂ ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠨᠠᠶᠢᠮᠠᠳᠣᠭᠠᠷ ᠬᠤᠭᠤᠴᠠᠭᠠᠨ ᠤ ᠵᠦᠪᠯᠡᠯ ᠤᠨ ᠵᠠᠷᠣᠳᠠᠯ ᠮᠦᠩᠭᠦ ᠶᠢ ᠬᠢᠨᠠᠨ ᠪᠠᠶᠢᠴᠠᠭᠠᠬᠤ ᠠᠵᠢᠯ ᠤᠨ ᠮᠡᠳᠡᠭᠦᠯᠦᠯᠲᠡ ᠶᠢᠨ ᠰᠢᠢᠳᠪᠦᠷᠢ ᠶᠢ ᠬᠢᠨᠠᠨ ᠪᠠᠲᠣᠯᠠᠭᠰᠠᠨ ᠪᠠᠶᠢᠨ᠎ᠠ᠃
 
ᠢᠷᠡᠯᠲᠡ᠄ ᠬᠤᠰᠢᠭᠤ ᠷᠠᠳᠢᠤ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号