2017ᠣᠨ ᠤ ᠪᠦᠬᠦ ᠤᠯᠤᠰ ᠤᠨ ᠳᠣᠮᠳᠠᠳᠦ ᠮᠠᠶ᠋ᠢᠭ ᠤᠨ ᠪᠦᠬᠡ ᠶᠢᠨ ᠠᠪᠣᠷᠭᠤ ᠰᠢᠯᠭᠠᠷᠠᠭᠤᠯᠬᠤ ᠣᠷᠤᠯᠳᠣᠭᠠᠨ ᠮᠠᠨ ᠤ ᠬᠤᠰᠢᠭᠤᠨ ᠳᠤ ᠠᠮᠵᠢᠯᠲᠠᠲᠡᠢ ᠦᠨᠳᠦᠷᠯᠡᠭᠰᠡᠨ
ᠨᠡᠶᠢᠲᠡᠯᠡᠭᠰᠡᠨ ᠴᠠᠭ᠄
2017-08-29
   8 ᠰᠠᠷ᠎ᠠ ᠶᠢᠨ 27 ᠤ ᠡᠳᠦᠷ᠂ 2017 ᠣᠨ ᠤ ᠪᠦᠬᠦ ᠤᠯᠤᠰ ᠤᠨ ᠳᠣᠮᠳᠠᠳᠦ ᠮᠠᠶ᠋ᠢᠭ ᠤᠨ ᠪᠦᠬᠡ ᠶᠢᠨ ᠠᠪᠣᠷᠭᠤ ᠰᠢᠯᠭᠠᠷᠠᠭᠤᠯᠬᠤ ᠣᠷᠤᠯᠳᠣᠭᠠᠨ ᠮᠠᠨ ᠤ ᠬᠤᠰᠢᠭᠤᠨ ᠳᠤ ᠠᠮᠵᠢᠯᠲᠠᠲᠡᠢ ᠦᠨᠳᠦᠷᠯᠡᠵᠦ᠂ ᠮᠠᠨ ᠤ ᠬᠤᠰᠢᠭᠤᠨ ᠤ ᠲᠠᠮᠢᠷᠴᠢᠨ ᠭᠤᠷᠪᠠᠨ ᠠᠯᠲᠠᠨ ᠮᠧᠳᠠᠯ ᠲᠣᠰᠴᠦ᠂ ᠬᠤᠰᠢᠭᠤ ᠨᠤᠲᠤᠭ ᠳᠠᠭᠠᠨ ᠦᠩᠭᠡ ᠭᠡᠷᠡᠯ ᠨᠡᠮᠡᠷᠢᠯᠡᠯ᠎ᠡ᠃    ᠤᠯᠤᠰ ᠤᠨ ᠪᠡᠶ᠎ᠡ ᠲᠠᠮᠢᠷ ᠤᠨ ᠲᠣᠪᠴᠢᠶ᠎ᠠ ᠶᠢᠨ ᠬᠦᠨᠳᠦ ᠡᠷᠭᠦᠯᠲᠡ᠂ ᠵᠢᠥᠳᠣᠣ ᠶᠢᠨ ᠲᠦᠷᠦᠯ ᠤᠨ ᠲᠠᠮᠢᠷ ᠤᠨ ᠬᠠᠮᠢᠶᠠᠷᠣᠯᠲᠠ ᠶᠢᠨ ᠲᠦᠪ᠂ ᠳᠣᠮᠳᠠᠳᠦ ᠤᠯᠤᠰ ᠤᠨ ᠪᠦᠬᠡ ᠶᠢᠨ ᠨᠡᠶᠢᠭᠡᠮᠯᠢᠭ ᠪᠠ ᠬᠤᠰᠢᠭᠤ ᠵᠠᠰᠠᠭ ᠤᠨ ᠣᠷᠳᠣᠨ ᠠᠴᠠ ᠭᠤᠣᠯᠯᠠᠨ᠂ ᠬᠤᠰᠢᠭᠤᠨ ᠤ ᠰᠣᠶᠣᠯ ᠲᠠᠮᠢᠷ ᠷᠠᠳᠢᠣ᠋ ᠲᠧᠯᠸᠢᠰ ᠵᠢᠭᠤᠯᠴᠢᠯᠠᠯ ᠤᠨ ᠲᠣᠪᠴᠢᠶ᠎ᠠ ᠳᠠᠭᠠᠭᠠᠴᠢᠯᠠᠨ ᠡᠷᠬᠢᠯᠡᠵᠦ᠂ ᠳᠦᠭᠦᠷᠡᠩᠵᠠᠭᠠᠨ᠎ᠠ ᠲᠠᠮᠢᠷ ᠤᠨ ᠬᠦᠭᠵᠢᠯᠲᠡ ᠶᠢᠨ ᠬᠢᠵᠠᠭᠠᠷᠲᠦ ᠺᠤᠮᠫᠠᠨᠢ ᠬᠠᠮᠵᠢᠨ ᠡᠷᠬᠢᠯᠡᠭᠰᠡᠨ2017 ᠣᠨ ᠤ ᠪᠦᠬᠦ ᠤᠯᠤᠰ ᠤᠨ ᠳᠣᠮᠳᠠᠳᠦ ᠮᠠᠶ᠋ᠢᠭ ᠤᠨ ᠪᠦᠬᠡ ᠶᠢᠨ ᠠᠪᠣᠷᠭᠤ ᠰᠢᠯᠭᠠᠷᠠᠭᠤᠯᠬᠤ ᠣᠷᠣᠯᠳᠣᠭᠠᠨ ᠨᠢ ᠭᠤᠷᠪᠠᠨ ᠡᠳᠦᠷ ᠤᠨ ᠬᠤᠷᠴᠠ ᠰᠢᠷᠦᠭᠦᠨ ᠦᠷᠢᠰᠦᠯᠳᠣᠭᠡᠨ ᠢᠶᠠᠷ ᠳᠠᠮᠵᠢᠨ᠂ ᠡᠯ᠎ᠡ ᠳᠡᠰ ᠤᠨ ᠪᠠᠷᠢᠯᠳᠣᠭᠠᠨ ᠠᠮᠵᠢᠯᠲᠠᠲᠠᠢ ᠦᠨᠳᠦᠷᠯᠡᠭᠰᠡᠨ ᠪᠠᠶᠢᠨ᠎ᠠ᠃    ᠲᠣᠰ ᠣᠳᠠᠭᠠᠨ ᠤ ᠣᠷᠣᠯᠳᠣᠭᠠᠨ ᠤ ᠡᠷᠡᠭᠲᠡᠢ ᠶᠢᠨ 100 ᠺᠢᠯᠤᠭ᠍ᠷᠠᠮ ᠤᠨ ᠲᠡᠰ ᠤᠨ ᠪᠠᠷᠢᠯᠳᠣᠭᠠᠨ ᠤ ᠲᠡᠷᠢᠭᠦᠨ ᠤ ᠨᠡᠷ᠎ᠡ ᠳᠤ ᠦᠬᠠᠨ ᠬᠤᠲᠠ ᠶᠢᠨ ᠲᠠᠮᠢᠷ ᠤᠨ ᠳᠡᠭᠡᠳᠦ ᠰᠣᠷᠭᠠᠭᠤᠯᠢ ᠶᠢᠨ ᠯᠢ ᠭᠦᠢ ᠯᠢᠨ᠂ ᠡᠷᠡᠭᠲᠡᠢ ᠶᠢᠨ 52 ᠺᠢᠯᠤᠭ᠍ᠷᠠᠮ ᠤᠨ ᠲᠡᠰ ᠤᠨ ᠪᠠᠷᠢᠯᠳᠣᠭᠠᠨ ᠳᠤ ᠰᠢᠯᠢ ᠶᠢᠨ ᠭᠤᠣᠯ ᠠᠶᠢᠮᠠᠭ ᠤᠨ ᠪᠦᠬᠡ ᠶᠢᠨ ᠰᠠᠭᠤᠷᠢᠨ ᠤ ᠬᠤᠷᠸ᠎ᠠ᠂ ᠡᠷᠡᠭᠲᠡᠢ ᠶᠢᠨ 56 ᠺᠢᠯᠤᠭ᠍ᠷᠠᠮ ᠤᠨ ᠲᠡᠰ ᠤᠨ ᠪᠠᠷᠢᠯᠳᠣᠭᠠᠨ ᠳᠤ ᠰᠢᠯᠢ ᠶᠢᠨ ᠭᠤᠣᠯ ᠤᠨ ᠪᠦᠬᠡ ᠶᠢᠨ ᠰᠠᠭᠤᠷᠢᠨ ᠤ ᠮᠠᠩᠯᠠᠢ᠂ 60 ᠺᠢᠯᠣᠭ᠍ᠷᠠᠮ ᠤᠨ ᠲᠡᠰ ᠤᠨ ᠪᠠᠷᠢᠯᠳᠣᠭᠠᠨ ᠳᠤ ᠰᠢᠨ᠎ᠡ ᠪᠠᠷᠭᠤ ᠵᠡᠭᠦᠨ ᠬᠤᠰᠢᠭᠤᠨ ᠤ ᠰᠡᠯᠡᠩᠭᠡ᠂ 70 ᠺᠢᠯᠣᠭ᠍ᠷᠠᠮ ᠤᠨ ᠲᠡᠰ ᠤᠨ ᠪᠠᠷᠢᠯᠳᠣᠭᠠᠨ ᠳᠤ ᠦᠬᠠᠨ ᠬᠤᠲᠠ ᠶᠢᠨ ᠲᠠᠮᠢᠷ ᠤᠨ ᠳᠡᠭᠡᠳᠦ ᠰᠣᠷᠭᠠᠭᠤᠯᠢ ᠶᠢᠨ ᠰᠠᠴᠣᠷᠠᠬᠤ ᠲᠣᠳᠣᠷᠠᠵᠦ᠂ 75 ᠺᠢᠯᠤᠭ᠍ᠷᠠᠮ ᠤᠨ ᠲᠡᠰ ᠤᠨ ᠪᠠᠷᠢᠯᠳᠣᠭᠠᠨ ᠳᠤ ᠦᠬᠠᠨ ᠬᠤᠲᠠ ᠶᠢᠨ ᠡᠦ ᠴᠧᠩ ᠺᠦᠨ᠂ 90 ᠺᠢᠯᠤᠭ᠍ᠷᠠᠮ ᠤᠨ ᠲᠡᠰ ᠤᠨ ᠪᠠᠷᠢᠯᠳᠣᠭᠠᠨ ᠳᠤ ᠰᠢᠯᠢ ᠶᠢᠨ ᠭᠤᠣᠯ ᠠᠶᠢᠮᠠᠭ ᠤᠨ ᠪᠦᠬᠡ ᠶᠢᠨ ᠰᠠᠭᠤᠷᠢᠨ ᠤ ᠴᠡᠩᠭᠡᠯᠪᠠᠶᠠᠷ ᠲᠣᠰ ᠲᠣᠰ ᠲᠡᠷᠢᠭᠦᠯᠡᠭᠰᠡᠨ ᠪᠠᠶᠢᠨ᠎ᠠ᠃    ᠡᠮᠡᠭᠲᠡᠢ ᠶᠢᠨ 48 ᠺᠢᠯᠤᠭ᠍ᠷᠠᠮ ᠤᠨ ᠲᠡᠰ ᠤᠨ ᠪᠠᠷᠢᠯᠳᠣᠭᠠᠨ ᠳᠤ ᠱᠠᠨᠳᠦ᠋ᠩ ᠤᠨ ᠲᠠᠮᠢᠷ ᠤᠨ ᠳᠡᠭᠡᠳᠦ ᠰᠣᠷᠭᠠᠭᠤᠯᠢ ᠶᠢᠨ ᠵᠠᠩ ᠮᠧᠩ ᠶᠣᠣ᠂ 52 ᠺᠢᠯᠤᠭ᠍ᠷᠠᠮ ᠤᠨ ᠲᠡᠰ ᠤᠨ ᠪᠠᠷᠢᠯᠳᠣᠭᠠᠨ ᠳᠤ ᠱᠠᠨᠳᠦ᠋ᠩ ᠤᠨ ᠲᠠᠮᠢᠷ ᠤᠨ ᠳᠡᠭᠡᠳᠦ ᠰᠣᠷᠭᠠᠭᠤᠯᠢ ᠶᠢᠨ ᠰᠦᠩ ᠮᠢᠩ ᠰᠢᠶᠥᠥ᠂ 56 ᠺᠢᠯᠣᠭ᠍ᠷᠠᠮ ᠤᠨ ᠲᠡᠰ ᠤᠨ ᠪᠠᠷᠢᠯᠳᠣᠭᠠᠨ ᠳᠤ ᠵᠠᠢ ᠱᠧᠩ ᠰᠢᠩ ᠡᠦ ᠲᠠᠮᠢᠷ ᠤᠨ ᠳᠡᠭᠡᠳᠦ ᠰᠣᠷᠭᠠᠭᠤᠯᠢ ᠶᠢᠨ ᠯᠢ ᠫᠢᠩ ᠫᠢᠩ᠂ 60 ᠺᠢᠯᠤᠭ᠍ᠷᠠᠮ ᠤᠨ ᠲᠡᠰ ᠤᠨ ᠪᠠᠷᠢᠯᠳᠣᠭᠠᠨ  ᠳᠤ ᠦᠬᠠᠨ ᠬᠤᠲᠠ ᠶᠢᠨ ᠲᠠᠮᠢᠷ ᠤᠨ ᠳᠡᠭᠡᠳᠦ ᠰᠣᠷᠭᠠᠭᠤᠯᠢ ᠶᠢᠨ ᠸᠠᠩ ᠶᠢᠨ ᠹᠧᠩ ᠲᠡᠷᠢᠭᠦᠯᠡᠵᠦ᠂ 65 ᠺᠢᠯᠤᠭ᠍ᠷᠠᠮ ᠤᠨ ᠲᠡᠰ ᠤᠨ ᠪᠠᠷᠢᠯᠳᠣᠭᠠᠨ ᠳᠤ ᠱᠠᠨᠳᠦ᠋ᠩ ᠤᠨ ᠲᠠᠮᠢᠷ ᠤᠨ ᠳᠡᠭᠡᠳᠦ ᠰᠣᠷᠭᠠᠭᠤᠯᠢ ᠶᠢᠨ ᠴᠧᠨ ᠰᠢᠶᠥᠥ ᠢᠦᠢ᠂ 70 ᠺᠢᠯᠤᠭ᠍ᠷᠠᠮ ᠤᠨ ᠲᠡᠰ ᠤᠨ ᠪᠠᠷᠢᠯᠳᠣᠭᠠᠨ ᠳᠤ ᠪᠡᠭᠡᠵᠢᠩ ᠤᠨ ᠵᠢᠶᠠᠨ ᠷᠧᠨ ᠲᠠᠮᠢᠷ ᠤᠨ ᠳᠡᠭᠡᠳᠦ ᠰᠣᠷᠭᠠᠭᠤᠯᠢ ᠶᠢᠨ ᠯᠢᠦ ᠰᠢ ᠢᠦᠢ᠂ 75 ᠺᠢᠯᠣᠭ᠍ᠷᠠᠮ ᠤᠨ ᠲᠡᠰ ᠤᠨ ᠪᠠᠷᠢᠯᠳᠣᠭᠠᠨ ᠳᠤ ᠱᠠᠨᠳᠦ᠋ᠩ ᠤᠨ ᠲᠠᠮᠢᠷ ‍ᠤᠨ‌‍ᠲ᠋ᠡᠭᠡᠳᠦ ᠰᠣᠷᠭᠠᠭᠤᠯᠢ ᠶᠢᠨ ᠰᠣᠷᠭᠤᠭ᠂ 82 ᠺᠢᠯᠣᠭ᠍ᠷᠠᠮ ᠤᠨ ᠲᠡᠰ ᠤᠨ ᠪᠠᠷᠢᠯᠳᠣᠭᠠᠨ ᠳᠤ ᠵᠡᠭᠦᠨ ᠦᠵᠦᠮᠦᠴᠢᠨ ᠤ ᠶᠠᠩ ᠭᠤᠸᠠᠩ ᠲᠠᠮᠢᠷ ᠤᠨ ᠺᠯᠦ᠋ᠪ ᠤᠨ ᠸᠠᠩ ᠢᠦᠢ ᠸᠧᠢ ᠲᠣᠰ ᠲᠣᠰ ᠲᠡᠷᠢᠭᠦᠯᠡᠭᠰᠡᠨ ᠪᠠᠶᠢᠨ᠎ᠠ᠃    ᠲᠣᠰ ᠣᠳᠠᠭᠠᠨ ᠤ ᠣᠷᠣᠯᠳᠣᠭᠠᠨ ᠳᠤ ᠮᠠᠨ ᠤ ᠬᠤᠰᠢᠭᠤᠨ ᠤ 89 ᠲᠠᠮᠢᠷᠴᠢᠳ ᠣᠷᠣᠯᠴᠠᠵᠦ᠂ ᠡᠷᠡᠭᠲᠡᠢ ᠶᠢᠨ 100 ᠺᠢᠯᠤᠭ᠍ᠷᠠᠮ ᠠᠴᠠ ᠳᠡᠭᠡᠭᠰᠢᠬᠢ ᠲᠡᠰ ᠤᠨ ᠪᠠᠷᠢᠯᠳᠣᠭᠠᠨ ᠳᠤ ᠮᠠᠨ ᠤ ᠬᠤᠰᠢᠭᠤᠨ ᠤ ᠲᠠᠮᠢᠷᠴᠢᠨ ᠪᠠᠲᠤᠵᠢᠶᠠᠭ᠎ᠠ ᠠᠯᠲᠠᠨ ᠮᠧᠳᠠᠯ ᠲᠣᠰᠴᠦ᠂ ᠡᠷᠡᠭᠲᠡᠢ ᠶᠢᠨ 65 ᠺᠢᠯᠤᠭ᠍ᠷᠠᠮ ᠤᠨ ᠲᠡᠰ ᠤᠨ ᠪᠠᠷᠢᠯᠳᠣᠭᠠᠨ ᠳᠤ ᠮᠠᠨ ᠤ ᠬᠤᠰᠢᠭᠤᠨ ᠤ ᠲᠠᠮᠢᠷᠴᠢᠨ ᠦᠯᠵᠡᠶᠢᠪᠠᠶᠠᠷ ᠠᠯᠲᠠ ᠮᠧᠳᠠᠯ ᠲᠣᠰᠴᠦ᠂ ᠡᠷᠡᠭᠲᠡᠢ ᠶᠢᠨ 82 ᠺᠢᠯᠤᠭ᠍ᠷᠠᠮ ᠤᠨ ᠲᠡᠰ ᠤᠨ ᠪᠠᠷᠢᠯᠳᠣᠭᠠᠨ  ᠳᠤ ᠮᠠᠨ ᠤ ᠬᠤᠰᠢᠭᠤᠨ ᠤ ᠲᠠᠮᠢᠷᠴᠢᠨ ᠵᠢᠷᠠᠨᠪᠠᠶᠠᠷ ᠲᠡᠷᠢᠬᠦᠯᠡᠨ᠂ ᠠᠯᠲᠠᠨ ᠮᠧᠳᠠᠯ ᠲᠣᠰᠣᠭᠰᠠᠨ ᠢᠶᠠᠷ ᠪᠠᠷᠠᠬᠤ ᠦᠭᠡᠢ ᠂ ᠮᠠᠨ ᠤ ᠬᠤᠰᠢᠭᠤᠨ ᠤ ᠲᠠᠮᠢᠷᠴᠢᠳ ᠨᠢ ᠪᠦᠬᠦ ᠤᠯᠤᠰ ᠤᠨ ᠰᠢᠯᠢᠳᠡᠭ ᠲᠠᠮᠢᠷᠴᠢᠨ ᠲᠠᠢ ᠣᠷ᠎ᠠ ᠮᠡᠷᠭᠡᠵᠢᠯ ᠢᠶᠠᠨ ᠰᠢᠯᠭᠠᠯᠴᠠᠵᠦ᠂ 5 ᠬᠦᠷᠡᠯ ᠮᠧᠳᠠᠯ ᠲᠣᠰᠣᠭᠰᠠᠨ ᠪᠠᠶᠢᠨ᠎ᠠ᠃ ᠮᠠᠨ ᠤ ᠬᠤᠰᠢᠭᠤᠨ ᠤ ᠲᠦᠯᠦᠭᠡᠯᠡᠭᠴᠢ ᠶᠢᠨ ᠠᠩᠬᠢ  ᠨᠢ ᠪᠠᠰᠠ ᠰᠢᠯᠢᠳᠡᠭ ᠶᠣᠰᠣ ᠰᠣᠷᠳᠠᠬᠤᠨ ᠤ ᠱᠠᠩᠨᠠᠯ ᠢ ᠲᠣᠰᠴᠦ᠂ ᠨᠤᠲᠤᠭ ᠣᠰᠣᠨ ᠳᠠᠭᠠᠨ ᠦᠩᠭᠡ ᠭᠡᠷᠡᠯ ᠠᠪᠴᠢᠷᠠᠭᠰᠠᠨ ᠪᠠᠶᠢᠨ᠎ᠠ᠃
 
ᠢᠷᠡᠯᠲᠡ᠄ ᠬᠤᠰᠢᠭᠤ ᠷᠠᠳᠢᠤ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号