ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ᠂ ᠡᠳ᠋ ᠤᠨ ᠵᠠᠰᠠᠭ ᠤᠨ ᠵᠦᠪᠯᠡᠯ ᠤᠨ ᠳᠡᠳ᠋ ᠡᠷᠬᠢᠯᠡᠭᠴᠢ ᠭᠡᠰᠢᠭᠦᠨ ᠣᠷᠲᠦ ᠪᠠᠷᠠᠭᠤᠨ ᠦᠵᠦᠮᠦᠴᠢᠨ ᠬᠤᠰᠢᠭᠤᠨ ᠳᠤ ᠪᠠᠶᠢᠴᠠᠭᠠᠨ ᠰᠣᠳᠣᠯᠣᠯᠲᠠ ᠬᠢᠭᠰᠡᠨ
ᠨᠡᠶᠢᠲᠡᠯᠡᠭᠰᠡᠨ ᠴᠠᠭ᠄
2017-08-29
   8 ᠰᠠᠷ᠎ᠠ ᠶᠢᠨ 26 ᠤ ᠡᠳᠦᠷ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ᠂ ᠡᠳ᠋ ᠤᠨ ᠵᠠᠰᠠᠭ ᠤᠨ ᠵᠦᠪᠯᠡᠯ ᠤᠨ ᠳᠡᠳ᠋ ᠡᠷᠬᠢᠯᠡᠭᠴᠢ ᠭᠡᠰᠢᠭᠦᠨ ᠣᠷᠲᠦ ᠪᠠᠷ ᠳᠣᠭᠤᠶᠢᠯᠠᠩ ᠤᠨ ᠳᠠᠷᠤᠭ᠎ᠠ ᠪᠣᠯᠭᠠᠭᠰᠠᠨ ᠪᠠᠶᠢᠴᠠᠭᠠᠨ ᠰᠣᠳᠣᠯᠬᠤ ᠳᠣᠭᠤᠶᠢᠯᠠᠩ ᠨᠢ ᠮᠠᠨ ᠤ ᠬᠤᠰᠢᠭᠤᠨ ᠤ ᠬᠤᠲᠠ ᠬᠦᠳᠡᠭᠡᠨ ᠤ ᠨᠡᠶᠢᠭᠡᠮ ᠤᠨ ᠪᠠᠲᠣᠯᠠᠭᠠᠨ ᠤ ᠰᠢᠰᠲ᠋ᠧᠮ ᠤᠨ ᠪᠠᠶᠢᠭᠤᠯᠣᠯᠲᠠ ᠶᠢᠨ ᠠᠵᠢᠯ ᠳᠤ ᠪᠠᠶᠢᠴᠠᠭᠠᠨ ᠰᠣᠳᠣᠯᠣᠯᠲᠠ ᠬᠢᠵᠡᠢ᠃ ᠦᠪᠡᠷᠲᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠦᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠠᠲᠣᠯᠠᠭ᠎ᠠ ᠶᠢᠨ ᠲᠢᠩᠬᠢᠮ ᠤᠨ ᠬᠠᠮᠢᠶᠠᠲᠠᠢ ᠬᠠᠷᠢᠭᠤᠴᠠᠯᠭᠠᠲᠠᠨ᠂ ᠠᠶᠢᠮᠠᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠠᠵᠢᠯᠯᠠᠬᠤ ᠵᠦᠪᠯᠡᠯ ᠤᠨ ᠳᠡᠳ᠋ ᠡᠷᠬᠢᠯᠡᠭᠴᠢ ᠪᠠᠭᠠᠲᠣᠷ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠭᠠᠨ᠎ᠠ ᠪᠣᠯᠣᠨ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠴᠡᠩᠬᠡᠯᠲᠦ ᠪᠠᠷ᠎ᠠ ᠪᠣᠯᠵᠡᠢ᠃    ᠪᠠᠶᠢᠴᠠᠭᠠᠨ ᠰᠣᠳᠣᠯᠬᠤ ᠳᠣᠭᠤᠶᠢᠯᠠᠩ ᠨᠢ ᠵᠢᠷᠠᠨ ᠰᠠᠭᠤᠭᠠᠯᠢ ᠲᠣᠭᠤᠷᠢᠭ ᠤᠨ ᠨᠡᠶᠢᠭᠡᠮ ᠤᠨ ᠪᠠᠲᠣᠯᠠᠭᠠᠨ ᠤ ᠺᠠᠷᠲ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠭ ᠪᠣᠯᠣᠨ ᠮᠠᠨ ᠤ ᠬᠤᠰᠢᠭᠤᠨ ᠤ ᠰᠢᠨ᠎ᠡ ᠶᠢ ᠡᠭᠦᠳᠴᠦ ᠦᠢᠯᠡᠰ ᠪᠣᠰᠬᠠᠬᠤ ᠰᠠᠭᠤᠷᠢᠨ ᠳᠤ ᠬᠦᠷᠴᠦ᠂ ᠮᠠᠨ ᠤ ᠬᠤᠰᠢᠭᠤᠨ ᠤ ᠨᠡᠶᠢᠭᠡᠮ ᠤᠨ ᠪᠠᠲᠣᠯᠠᠭᠠᠨ ᠤ ᠰᠢᠰᠲ᠋ᠧᠮ ᠤᠨ ᠪᠠᠶᠢᠭᠤᠯᠤᠯᠲᠠ᠂ ᠰᠢᠨ᠎ᠡ ᠶᠢ ᠡᠭᠦᠳᠴᠦ ᠦᠢᠯᠡᠰ ᠪᠣᠰᠬᠠᠬᠤ ᠠᠵᠢᠯ ᠵᠢᠴᠢ ᠠᠵᠢᠯ ᠤᠨ ᠳᠣᠮᠳᠠ ᠣᠷᠣᠰᠢᠵᠦ ᠪᠠᠶᠢᠭ᠎ᠠ ᠠᠰᠠᠭᠤᠳᠠᠯ ᠢ ᠨᠠᠷᠢᠨ ᠣᠶᠢᠯᠭᠠᠭᠰᠠᠨ ᠪᠠᠶᠢᠨ᠎ᠠ᠃    ᠪᠠᠶᠢᠴᠠᠭᠠᠨ ᠰᠣᠳᠣᠯᠣᠯᠲᠠ ᠳᠣᠮᠳᠠ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ᠂ ᠡᠳ᠋ ᠤᠨ ᠵᠠᠰᠠᠭ ᠤᠨ ᠵᠦᠪᠯᠡᠯ ᠤᠨ ᠳᠡᠳ᠋ ᠡᠷᠬᠢᠯᠡᠭᠴᠢ ᠭᠡᠰᠢᠭᠦᠨ ᠣᠷᠲᠦ ᠮᠠᠨ ᠤ ᠬᠤᠰᠢᠭᠤᠨ ᠤ ᠬᠤᠲᠠ ᠬᠦᠳᠡᠭᠡᠨ  ᠨᠡᠶᠢᠭᠡᠮ ᠤᠨ ᠪᠠᠲᠣᠯᠠᠭᠠᠨ ᠤ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠭᠦᠢᠴᠡᠳ ᠨᠤᠲᠠᠯᠠᠭᠰᠠᠨ ᠤ ᠬᠠᠮᠲᠦ᠂ ᠬᠤᠶᠢᠰᠢᠳᠠ ᠶᠢᠨ ᠠᠵᠢᠯ ᠳᠣᠮᠳᠠ ᠪᠠᠨ ᠬᠠᠮᠢᠶᠠᠲᠡᠢ ᠲᠦᠷᠦ ᠶᠢᠨ ᠪᠣᠳᠣᠯᠭ᠎ᠠ ᠪᠣᠯᠣᠨ ᠨᠡᠶᠢᠭᠡᠮ ᠤᠨ ᠪᠠᠲᠣᠯᠠᠭᠠᠨ ᠤ ᠳᠦᠷᠢᠮ ᠢ ᠳᠦᠷᠢᠮᠵᠢᠭᠦᠯᠦᠨ᠂ ᠣᠬᠠᠭᠤᠯᠭ᠎ᠠ ᠰᠣᠷᠳᠠᠯᠴᠢᠯᠠᠭ᠎ᠠ ᠪᠠᠨ ᠴᠢᠩᠭᠠᠳᠬᠠᠵᠦ᠂ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ ᠶᠢᠨ ᠳᠠᠭᠠᠳᠬᠠᠯ ᠪᠣᠯᠣᠨ ᠬᠤᠲᠠ ᠬᠦᠳᠡᠭᠡᠨ ᠤ ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠤᠨ ᠬᠠᠮᠢᠶᠠᠷᠣᠯᠲᠠ ᠶᠢᠨ ᠵᠣᠬᠢᠴᠠᠮᠵᠢ ᠪᠣᠯᠣᠨ ᠰᠦᠢᠳᠭᠡᠯ ᠲᠣᠰᠢᠶᠠᠬᠤ ᠳᠦᠷᠢᠮ ᠢ ᠲᠡᠭᠦᠯᠳᠡᠷᠵᠢᠭᠦᠯᠦᠨ᠂ ᠨᠡᠶᠢᠭᠡᠮ ᠤᠨ ᠳᠠᠭᠠᠳᠬᠠᠯ᠂ ᠨᠡᠶᠢᠭᠡᠮ ᠤᠨ ᠠᠪᠣᠷᠠᠨ ᠲᠣᠰᠠᠯᠠᠬᠤ ᠪᠤᠯᠤᠨ ᠬᠤᠳᠠᠯᠳᠣᠭᠠᠨ ᠤ ᠳᠠᠭᠠᠳᠬᠠᠯ ᠤᠨ ᠬᠤᠯᠪᠣᠭᠠᠰᠣ ᠶᠢ ᠰᠠᠶᠢᠳᠣᠷ ᠰᠢᠢᠳᠪᠦᠷᠢᠯᠡᠵᠦ᠂ ᠨᠡᠶᠢᠭᠡᠮ ᠤᠨ ᠪᠠᠲᠣᠯᠠᠭᠠᠨ ᠤ ᠰᠢᠰᠲ᠋ᠧᠮ ᠤᠨ ᠪᠠᠶᠢᠭᠤᠯᠤᠯᠲᠠ ᠶᠢᠨ ᠡᠷᠡᠭᠦᠯ ᠬᠦᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ ᠭᠡᠵᠡᠢ
 
ᠢᠷᠡᠯᠲᠡ᠄ ᠬᠤᠰᠢᠭᠤ ᠷᠠᠳᠢᠤ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号