ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠠᠢ ᠶᠦᠩ ᠴᠦᠨ ᠠᠶᠦᠯᠭᠦᠢ ᠦᠢᠯᠡᠳᠪᠦᠷᠢᠯᠡᠯ ᠤᠨ ᠠᠵᠢᠯ ᠢ ᠱᠠᠭᠠᠷᠳᠠᠨ ᠪᠠᠶᠢᠴᠠᠭᠠᠵᠦ ᠵᠢᠭᠠᠨ ᠵᠢᠯᠣᠭᠤᠳᠣᠭᠰᠠᠨ
ᠨᠡᠶᠢᠲᠡᠯᠡᠭᠰᠡᠨ ᠴᠠᠭ᠄
2017-08-08
   8 ᠰᠠᠷ᠎ᠠ ᠶᠢᠨ 7  ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠪᠠᠢ ᠶᠦᠩ ᠴᠦᠨ ᠪᠠᠯᠭᠠᠷᠭᠤᠣᠯ ᠪᠠᠯᠭᠠᠰᠣᠨ ᠤ ᠬᠡᠰᠡᠭ ᠠᠵᠦ ᠠᠬᠤᠶᠢᠯᠠᠯ ᠳᠤ ᠬᠦᠷᠴᠦ᠂ ᠦᠪᠡᠷᠲᠡᠭᠡᠨ ᠵᠠᠰᠠᠬᠤ ᠣᠷᠣᠨ ᠪᠠᠶᠢᠭᠤᠯᠣᠭᠳᠠᠭᠰᠠᠨ70 ᠵᠢᠯ ᠤᠨ ᠣᠢ ᠶᠢᠨ ᠪᠠᠶᠠᠷ ᠢ ᠪᠡᠯᠭᠡᠯᠡᠬᠦ ᠬᠤᠭᠤᠴᠠᠭᠠᠨ ᠳᠠᠬᠢ ᠠᠶᠦᠯᠭᠦᠢ ᠦᠢᠯᠡᠳᠪᠦᠷᠢᠯᠡᠯ ᠤᠨ ᠠᠵᠢᠯ ᠳᠤ ᠱᠠᠭᠠᠷᠳᠠᠨ ᠪᠠᠶᠢᠴᠠᠭᠠᠵᠦ᠂ ᠵᠢᠭᠠᠨ ᠵᠢᠯᠣᠭᠤᠳᠴᠡᠢ᠃    ᠬᠤᠰᠢᠭᠤ ᠨᠠᠮ ᠤᠨ ᠬᠤᠷᠢᠶᠠᠨ ᠤ ᠱᠦᠵᠢ ᠪᠠᠢ ᠶᠦᠩ ᠴᠦᠨ ᠤᠷᠢᠳ ᠬᠤᠵᠢᠳ ᠴᠢᠨ ᠶᠤᠸᠠᠨ ᠤᠯᠠᠭᠠᠨ ᠢᠳᠡᠭᠡᠨ ᠡᠳ᠋ᠰᠢᠭᠦᠯᠬᠦ ᠬᠢᠵᠠᠭᠠᠷᠲᠦ ᠺᠣᠮᠫᠠᠨᠢ᠂ ᠪᠠᠯᠭᠠᠷᠭᠤᠣᠯ ᠪᠠᠯᠭᠠᠰᠣᠨ ᠤ ᠪᠣᠬᠢᠷ ᠣᠰᠣ ᠰᠢᠢᠳᠪᠦᠷᠢᠯᠡᠬᠦ ᠦᠢᠯᠡᠳᠪᠦᠷᠢ ᠪᠣᠯᠣᠨ ᠳ᠋ᠧ ᠺᠧ ᠯᠦᠩ ᠬᠡᠳᠦ ᠳᠡᠯᠭᠡᠭᠦᠷ ᠲᠤ ᠬᠦᠷᠴᠦ᠂ ᠬᠢᠨᠠᠨ ᠡᠵᠡᠮᠰᠢᠯ ᠤᠨ ᠹᠢᠯᠢᠮ ᠢ ᠰᠢᠯᠭᠠᠨ ᠦᠵᠡᠬᠦ᠂ ᠳᠠᠩᠰᠠ ᠡᠪᠬᠡᠮᠡᠯ ᠪᠠᠶᠢᠴᠠᠭᠠᠬᠤ᠂ ᠰᠡᠷᠭᠡᠶᠢᠯᠡᠨ ᠬᠠᠮᠠᠭᠠᠯᠠᠬᠤ ᠲᠣᠨᠤᠭ ᠲᠦᠭᠦᠭᠡᠷᠦᠮᠵᠢ ᠶᠢ ᠪᠠᠶᠢᠴᠠᠭᠠᠨ ᠦᠵᠡᠬᠦ ᠬᠡᠯᠪᠡᠷᠢ ᠪᠠᠷ ᠠᠵᠦ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠪᠠᠨ ᠬᠡᠷᠬᠢᠨ ᠲᠣᠣᠱᠯᠠᠭᠤᠯᠵᠤ ᠪᠠᠶᠢᠭ᠎ᠠ ᠪᠠᠶᠢᠳᠠᠯ ᠢ ᠨᠠᠷᠢᠨ ᠣᠶᠢᠯᠭᠠᠵᠡᠢ᠃    ᠴᠢᠨ ᠶᠤᠸᠠᠨ ᠣᠯᠠᠭᠠᠨ ᠢᠳᠡᠭᠡᠨ ᠡᠳ᠋ᠰᠢᠭᠦᠯᠬᠦ ᠬᠢᠵᠠᠭᠠᠷᠲᠦ ᠺᠤᠮᠫᠠᠨᠢ ᠪᠣᠯᠣᠨ ᠪᠠᠯᠭᠠᠷᠭᠤᠣᠯ ᠪᠠᠯᠭᠠᠰᠣᠨ ᠤ ᠪᠣᠬᠢᠷ ᠣᠰᠣ ᠰᠢᠢᠳᠪᠦᠷᠢᠯᠡᠬᠦ ᠦᠢᠯᠡᠳᠪᠦᠷᠢ ᠳᠤ ᠱᠠᠭᠠᠷᠳᠠᠨ ᠪᠠᠶᠢᠴᠠᠭᠠᠬᠤ ᠳᠣᠮᠳᠠ ᠪᠠᠨ ᠪᠠᠢ ᠶᠦᠩ ᠴᠦᠨ᠂ ᠣᠶᠢᠷ᠎ᠠ ᠶᠢᠨ ᠬᠤᠭᠤᠴᠠᠭᠠᠨ ᠳᠤ ᠪᠦᠬᠦ ᠠᠶᠢᠮᠠᠭ ᠤᠨ ᠬᠡᠪᠴᠢᠶᠠᠨ ᠳᠤ ᠳᠦᠷᠢᠮ ᠲᠣᠭᠲᠠᠭᠠᠯ ᠢ ᠵᠦᠷᠢᠴᠡᠨ᠂ ᠪᠠᠭ᠎ᠠ ᠣᠷᠴᠢᠨ ᠲᠣᠭᠤᠷᠢᠨ ᠳᠤ ᠦᠢᠯᠡᠳᠪᠦᠷᠢᠯᠡᠯ ᠬᠢᠭᠰᠡᠨ ᠠᠴᠠ ᠪᠣᠯᠵᠦ᠂ ᠠᠳᠡᠵᠦ ᠰᠢᠷᠬᠠᠳᠣᠭᠰᠠᠨ ᠬᠡᠷᠡᠭ ᠶᠠᠪᠣᠳᠠᠯ ᠣᠯᠠᠨ ᠤᠳᠠᠭ᠎ᠠ ᠡᠭᠦᠰᠴᠡᠢ᠃ ᠡᠭᠦᠨ ᠢᠶᠠᠷ ᠰᠣᠷᠭᠠᠮᠵᠢ ᠪᠣᠯᠭᠠᠨ᠂ ᠦᠢᠯᠡᠳᠪᠦᠷᠢᠯᠡᠯ ᠤᠨ ᠣᠷᠴᠢᠨ ᠲᠣᠭᠤᠷᠢᠨ ᠢ ᠠᠭᠤᠵᠢᠭᠤ ᠲᠠᠯᠪᠢᠵᠦ᠂ ᠡᠷᠬᠡᠪᠰᠢ ᠬᠢᠨᠠᠨ ᠵᠦᠪᠰᠢᠶᠡᠷᠡᠭᠦᠯᠦᠯᠲᠡ᠂ ᠳᠡᠮᠳᠡᠭᠯᠡᠯ᠂ ᠭᠠᠷ ᠭᠦᠢᠴᠡᠳᠭᠡᠯ ᠵᠡᠷᠭᠡ ᠶᠢ ᠭᠦᠢᠴᠡᠳ ᠪᠦᠷᠢᠯᠳᠦᠭᠦᠯᠵᠦ᠂ ᠠᠮᠣᠷ ᠲᠦᠪᠰᠢᠨ ᠤ ᠰᠡᠷᠭᠡᠶᠢᠯᠡᠨ ᠳᠦᠷᠢᠮᠵᠢᠭᠦᠯᠬᠦ ᠠᠷᠭ᠎ᠠ ᠬᠡᠯᠪᠡᠷᠢ ᠶᠢ ᠲᠣᠣᠱᠯᠠᠭᠤᠯᠣᠨ ᠨᠠᠶᠢᠳᠠᠪᠦᠷᠢᠵᠢᠭᠤᠯᠣᠨ᠂ ᠪᠠᠷᠢᠯᠭ᠎ᠠ ᠶᠢᠨ ᠠᠵᠢᠯ ᠤᠨ ᠠᠮᠣᠷ ᠲᠦᠪᠰᠢᠨ ᠢ ᠪᠠᠲᠣᠯᠠᠬᠤ ᠬᠡᠷᠡᠭᠲᠡᠢ᠃ ᠡᠭᠦᠨ ᠤ ᠬᠠᠮᠲᠦ᠂ ᠠᠶᠦᠯᠭᠦᠢ ᠦᠢᠯᠡᠳᠪᠦᠷᠢᠯᠡᠯ ᠤᠨ ᠠᠵᠢᠯ ᠢ ᠦᠷᠨᠢᠭᠦᠯᠬᠦ ᠳᠣᠮᠳᠠ᠂ ᠠᠶᠦᠯᠭᠦᠢ ᠦᠢᠯᠡᠳᠪᠦᠷᠢᠯᠡᠯ ᠤᠨ ᠣᠬᠠᠮᠰᠠᠷ ᠢ ᠣᠯᠠᠮ ᠳᠡᠭᠡᠭᠰᠢᠯᠡᠭᠦᠯᠦᠨ᠂ ᠬᠢᠨᠠᠨ ᠡᠵᠡᠮᠰᠢᠬᠦ ᠲᠣᠨᠤᠭ ᠲᠦᠭᠦᠭᠡᠷᠦᠮᠵᠢ ᠪᠠᠨ ᠪᠦᠷᠢᠨᠰᠢᠭᠦᠯᠵᠦ᠂ ᠬᠢᠨᠠᠨ ᠬᠠᠮᠢᠶᠠᠷᠣᠯᠲᠠ ᠶᠢᠨ ᠠᠵᠢᠯ ᠢ ᠰᠠᠶᠢᠲᠣᠷ ᠦᠷᠨᠢᠭᠦᠯᠬᠦ ᠬᠡᠷᠡᠭᠲᠡᠢ᠃ ᠠᠶᠦᠯᠭᠦᠢ ᠦᠢᠯᠡᠳᠪᠦᠷᠢᠯᠡᠯ ᠤᠨ ᠵᠣᠬᠢᠴᠠᠮᠵᠢ ᠪᠠᠨ ᠳᠡᠭᠦᠯᠳᠡᠷᠵᠢᠭᠦᠯᠦᠨ᠂ ᠪᠠᠷᠢᠯᠭ᠎ᠠ ᠶᠢᠨ ᠠᠵᠢᠯ ᠢ ᠦᠷᠨᠢᠭᠦᠯᠬᠦ ᠳᠣᠮᠳᠠ ᠬᠠᠮᠢᠶᠠᠲᠡᠢ ᠳᠦᠷᠢᠮ ᠲᠣᠭᠲᠠᠭᠠᠯ᠂ ᠮᠡᠷᠭᠡᠵᠢᠯ ᠤᠨ ᠵᠢᠯᠣᠭᠤᠳᠣᠯᠭ᠎ᠠ ᠪᠠᠷ ᠶᠠᠪᠣᠭᠳᠠᠭᠤᠯᠵᠤ᠂ ᠳᠠᠩᠰᠠ ᠡᠪᠬᠡᠮᠡᠯ ᠪᠣᠯᠣᠨ ᠠᠵᠦ ᠠᠬᠤᠶᠢᠯᠠᠯ ᠤᠨ ᠡᠳᠦᠷ ᠳᠣᠲᠣᠮ ᠤᠨ ᠬᠠᠮᠢᠶᠠᠷᠣᠯᠲᠠ ᠶᠢᠨ ᠠᠵᠢᠯ ᠢ ᠰᠠᠶᠢᠲᠣᠷ ᠬᠢᠵᠦ᠂ ᠪᠠᠴᠢᠮ ᠢ ᠠᠷᠭᠠᠴᠠᠬᠤ ᠲᠦᠰᠦᠯ ᠢ ᠰᠢᠨᠵᠢᠯᠡᠬᠦ ᠣᠬᠠᠭᠠᠨᠴᠢ ᠪᠠᠷ ᠲᠣᠭᠲᠠᠭᠠᠨ᠂ ᠠᠶᠦᠯᠭᠦᠢ ᠦᠢᠯᠡᠳᠪᠦᠷᠢᠯᠡᠯ ᠤᠨ ᠡᠯ᠎ᠡ ᠭᠤᠭᠴᠤᠭ᠎ᠠ᠂ ᠡᠯ᠎ᠡ  ᠡᠯᠧᠮᠧᠨ᠋ᠲ ᠲᠤ ᠪᠦᠬᠦ ᠲᠠᠯ᠎ᠠ ᠪᠠᠷ ᠪᠠᠶᠢᠴᠠᠭᠠᠯᠲᠠ ᠬᠢᠬᠦ ᠶᠢᠨ ᠬᠠᠮᠲᠦ᠂ ᠪᠠᠴᠢᠮ ᠢ ᠠᠷᠭᠠᠴᠠᠬᠤ ᠰᠣᠷᠢᠯᠲᠠ ᠪᠣᠯᠪᠠᠰᠣᠷᠠᠯ ᠢ ᠴᠢᠩᠭᠠᠳᠬᠠᠬᠤ ᠬᠡᠷᠡᠭᠲᠡᠢ ᠭᠡᠵᠡᠢ᠃    ᠳ᠋ᠧ ᠺᠧ ᠯᠦᠩ ᠳᠡᠯᠭᠡᠭᠦᠷ ᠲᠤ ᠪᠠᠢ ᠶᠦᠩ ᠴᠦᠨ ᠶᠠᠷᠢᠶᠠᠨ ᠳᠠᠭᠠᠨ᠄ ᠭᠡᠳᠦ ᠳᠡᠯᠭᠡᠭᠦᠷ ᠪᠣᠯ ᠬᠦᠮᠦᠨ ᠬᠠᠷ᠎ᠠ ᠶᠡᠭᠡ ᠴᠣᠭᠯᠠᠷᠠᠭᠰᠠᠨ ᠭᠠᠵᠠᠷ ᠪᠤᠯᠣᠨ᠎ᠠ᠃ ᠡᠷᠬᠡᠪᠰᠢ ᠭᠠᠯ ᠣᠨᠲᠠᠷᠭᠠᠬᠤ ᠠᠮᠣᠷ ᠲᠦᠪᠰᠢᠨ ᠤ ᠠᠵᠢᠯ ᠢ ᠴᠢᠬᠤᠯᠠᠴᠢᠯᠠᠨ ᠠᠳᠬᠤᠵᠦ᠂ ᠠᠵᠢᠯᠴᠢᠳ ᠤᠨ ᠭᠠᠯ ᠣᠨᠲᠠᠷᠭᠠᠬᠤ ᠠᠮᠣᠷ ᠲᠦᠪᠰᠢᠨ ᠤ ᠣᠬᠠᠭᠤᠯᠭ᠎ᠠ ᠰᠣᠷᠲᠠᠯᠴᠢᠯᠠᠭ᠎ᠠ ᠶᠢ ᠴᠢᠩᠭᠠᠳᠬᠠᠨ᠂ ᠭᠠᠯ ᠣᠨᠲᠠᠷᠭᠠᠬᠤ ᠲᠤᠨᠤᠭ ᠲᠦᠬᠦᠭᠡᠷᠦᠮᠵᠢ ᠶᠢᠨ ᠰᠡᠯᠪᠢᠨ ᠵᠠᠰᠠᠯᠲᠠ ᠪᠣᠯᠣᠨ ᠬᠢᠨᠠᠨ ᠬᠠᠮᠢᠶᠠᠷᠣᠯᠲᠠ ᠪᠠᠨ ᠴᠢᠩᠭᠠᠳᠬᠠᠵᠦ᠂ ᠠᠶᠦᠯ ᠤᠨ ᠭᠡᠮ ᠰᠣᠭᠤᠭ ᠣᠷᠣᠰᠢᠬᠤ ᠦᠭᠡᠢ ᠪᠠᠶᠢᠬᠤ ᠶᠢ ᠪᠠᠲᠣᠯᠠᠬᠤ ᠬᠡᠷᠡᠭᠲᠡᠢ᠃ ᠡᠯ᠎ᠡ ᠬᠢᠨᠠᠨ ᠬᠠᠮᠢᠶᠠᠷᠣᠯᠲᠠ ᠶᠢᠨ ᠰᠠᠯᠠᠭ᠎ᠠ ᠮᠦᠴᠢᠷ ᠨᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠶᠦᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠬᠠᠮᠢᠶᠠᠲᠡᠢ ᠱᠠᠭᠠᠷᠳᠠᠯᠭ᠎ᠠ ᠶᠣᠰᠣᠭᠠᠷ᠂ ᠠᠶᠦᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠯᠡᠪᠳᠠᠭᠤᠨ ᠢᠶᠠᠷ ᠦᠷᠨᠢᠭᠦᠯᠵᠦ᠂ ᠬᠢᠨᠠᠨ ᠬᠠᠮᠢᠶᠠᠷᠣᠯᠲᠠ ᠶᠢᠨ ᠡᠭᠦᠷᠭᠡ ᠬᠠᠷᠢᠭᠤᠴᠠᠯᠭ᠎ᠠ ᠪᠠᠨ ᠰᠠᠶᠢᠲᠣᠷ ᠲᠣᠣᠱᠯᠠᠭᠤᠯᠣᠨ᠂ ᠦᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠬᠤᠭᠤᠴᠠᠭᠠᠨ ᠳᠠᠬᠢ ᠠᠮᠣᠷ ᠲᠣᠭᠳᠠᠭᠤᠨ  ᠣᠷᠴᠢᠨ ᠢ ᠪᠣᠢ ᠪᠣᠯᠭᠠᠬᠤ ᠬᠡᠷᠡᠭᠲᠡᠢ ᠭᠡᠵᠡᠢ᠃
 
ᠢᠷᠡᠯᠲᠡ᠄ ᠬᠤᠰᠢᠭᠤ ᠷᠠᠳᠢᠤ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号