ᠪᠠᠷᠠᠭᠤᠨ ᠦᠵᠦᠮᠦᠴᠢᠨ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠦᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠶᠣᠰᠣᠯᠠᠯ ᠤᠨ ᠰᠢᠭᠤᠳ ᠨᠡᠪᠳᠡᠷᠡᠭᠦᠯᠬᠡ ᠶᠢ ᠰᠣᠨᠢᠷᠬᠠᠵᠦ᠂ ᠦᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠪᠠᠨ ᠪᠡᠯᠭᠡᠯᠡᠭᠰᠡᠨ
ᠨᠡᠶᠢᠲᠡᠯᠡᠭᠰᠡᠨ ᠴᠠᠭ᠄
2017-08-09
   ᠪᠠᠢ ᠶᠦᠩ ᠴᠦᠨ᠂ ᠴᠢᠯᠠᠭᠤ ᠵᠡᠷᠭᠡ ᠬᠤᠰᠢᠭᠤ ᠳᠦᠷᠪᠡᠨ ᠶᠡᠭᠡ ᠣᠳᠣᠷᠢᠳᠬᠤ ᠪᠠᠭ ‍ᠤᠨ‌ᠣᠳᠣᠷᠢᠳᠣᠯᠭ᠎ᠠ ᠨᠠᠷ ᠦᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠶᠣᠰᠣᠯᠠᠯ ᠤᠨ ᠰᠢᠭᠤᠳ ᠨᠡᠪᠳᠡᠷᠡᠭᠦᠯᠬᠡ ᠶᠢ ᠦᠵᠡᠨ᠂ ᠦᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠳᠣᠷᠰᠢᠬᠢ ᠴᠡᠴᠡᠭᠯᠡᠨ ᠬᠦᠭᠵᠢᠭᠰᠡᠨ ᠲᠡᠦᠬᠡ᠂ ᠢᠳᠡᠷᠡᠭᠦᠨ ᠢᠶᠠᠷ ᠦᠰᠦᠨ ᠪᠣᠶᠢᠵᠢᠭᠰᠠᠨ ᠣᠨ ᠰᠠᠷ᠎ᠠ ᠶᠢᠨ ᠤᠯᠠ ᠮᠦᠷ ᠤᠳ ᠢ ᠪᠠᠭ᠋ᠠᠷᠬᠠᠨ ᠰᠣᠨᠢᠷᠬᠠᠵᠦ᠂ ᠨᠠᠮ ᠵᠠᠰᠠᠭ ᠤᠨ ᠬᠠᠶᠢᠷ᠎ᠠ ᠬᠠᠯᠠᠮᠵᠢ ᠪᠠᠷ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠤ ᠪᠠᠶᠠᠷ ᠵᠢᠷᠭᠠᠯ ᠲᠠᠢ ᠠᠵᠦ ᠲᠦᠷᠦᠵᠦ ᠪᠠᠶᠢᠭ᠎ᠠ ᠳᠤ ᠰᠡᠳᠬᠢᠯ ᠳᠦᠭᠦᠷᠡᠩ ᠪᠠᠶᠢᠯ᠎ᠠ᠃    ᠪᠠᠶᠠᠨᠬᠤᠰᠢᠭᠤ ᠰᠣᠮᠣᠨ ᠤ ᠰᠠᠶᠢᠬᠠᠨᠨᠠᠭᠤᠷ ᠭᠠᠴᠠᠭᠠᠨ ᠤ ᠮᠠᠯᠴᠢᠨ ᠬᠤᠪᠢᠰᠬᠠᠯᠲᠦ ᠶᠢᠨ ᠬᠢᠨ ᠦᠨᠣᠳᠣᠷ ᠦᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠶᠢᠨ ᠦᠪᠡᠳᠡᠭᠰᠢ ᠶᠣᠰᠣᠯᠠᠯ ᠤᠨ ᠰᠢᠭᠤᠳ ᠨᠡᠪᠲᠡᠷᠡᠭᠦᠯᠭᠡ ᠶᠢ ᠭᠡᠷ ᠪᠦᠯᠢ ᠪᠠᠷ ᠢᠶᠠᠨ ᠰᠠᠭᠤᠯᠴᠠᠨ ᠰᠣᠨᠢᠷᠬᠠᠵᠦ ᠪᠠᠶᠢᠯ᠎ᠠ᠃ ᠮᠠᠯᠴᠢᠨ ᠬᠤᠪᠢᠰᠬᠠᠯᠲᠦ ᠶᠢᠨ ᠬᠢᠨ ᠵᠠᠭᠤᠭᠠᠳ ᠬᠤᠨᠢ᠂ ᠵᠠᠭᠤ ᠳᠦᠴᠢ ᠭᠠᠷᠣᠢ ᠦᠬᠡᠷ ᠲᠠᠢ ᠴᠢᠨᠡᠭᠡᠯᠢᠭ ᠠᠮᠢᠳᠣᠷᠠᠯ ᠲᠠᠢ ᠡᠷᠦᠬᠡ ᠪᠠᠶᠢᠵᠦ᠂ ᠣᠳᠣᠬᠠᠨ ᠡᠳᠡᠨᠠᠶᠢᠬᠢᠨ 90 ᠳᠡᠭᠡᠭᠰᠢ ᠳᠦᠷᠪᠡᠯᠵᠢᠨ ᠮᠧᠲᠷ ᠲᠠᠯᠠᠪᠠᠢ ᠪᠦᠬᠦᠢ ᠲᠣᠭᠤᠰᠬᠠᠨ ᠪᠠᠶᠢᠰᠢᠩ ᠪᠠᠷᠢᠭᠤᠯᠵᠦ᠂ ᠲᠧᠯᠸᠢᠰ ᠂ ᠴᠠᠬᠢᠯᠭᠠᠨ᠂ ᠭᠠᠷ ᠣᠲᠠᠰᠣᠨ ᠳᠣᠬᠢᠶ᠎ᠠ᠂ ᠱᠦᠢᠨᠢ ᠵᠡᠮ ᠭᠡᠬᠦ ᠵᠡᠷᠭᠡ ᠣᠳᠣᠬᠢᠴᠢᠯᠠᠭᠰᠠᠨ ᠠᠮᠢᠳᠣᠷᠠᠯ ᠳᠤ ᠪᠠᠶᠢᠬᠤ ᠪᠦᠬᠦᠨ ᠢ ᠡᠳ᠋ᠯᠡᠨ᠎ᠡ᠃ ᠶᠠᠳᠠᠭᠤ ᠲᠠᠷᠴᠢᠭ ᠠᠮᠢᠳᠣᠷᠠᠯ ᠢ ᠲᠣᠭᠤᠯᠵᠦ᠂ ᠴᠢᠨᠡᠭᠡᠯᠢᠭ ᠰᠠᠶᠢᠬᠠᠨ ᠠᠮᠢᠳᠣᠷᠠᠯ ᠢᠶᠠᠨ ᠡᠳ᠋ᠯᠡᠵᠦ ᠶᠠᠪᠣᠭ᠎ᠠ ᠲᠡᠷᠡ ᠪᠠᠷ᠂ ᠦᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ70 ᠵᠢᠯ ᠤᠨ ᠣᠢ ᠳᠤ ᠰᠡᠳᠬᠢᠯ ᠲᠡᠨᠢᠭᠦᠨ ᠪᠠᠶᠠᠷᠲᠡᠢ ᠪᠠᠶᠢᠯ᠎ᠠ᠃    ᠦᠳᠡ ᠶᠢᠨ ᠬᠤᠶᠢᠨᠠᠬᠢ ᠭᠤᠷᠪᠠᠨ ᠴᠠᠭ ᠣᠷᠴᠢᠮ᠂ ᠪᠠᠶᠠᠨᠬᠤᠰᠢᠭᠤ ᠰᠣᠮᠣᠨ ᠤ ᠪᠣᠯᠭᠠᠨ ᠭᠠᠴᠠᠭᠠᠨ ᠤ ᠨᠠᠮ ᠤᠨ ᠭᠡᠰᠢᠭᠦᠨ ᠤ ᠭᠤᠣᠯᠳᠠᠯᠭᠠᠲᠦ ᠡᠷᠦᠬᠡ ᠣᠯᠠᠭᠠᠨᠲᠣᠶᠠᠭ᠎ᠠ ᠶᠢᠨ ᠬᠢᠨ ᠳᠤ᠂ ᠲᠡᠷᠡ ᠡᠳᠦᠷ ᠤᠨ ᠠᠵᠢᠯ ᠢᠶᠠᠨ ᠡᠷᠲᠡᠬᠡᠨ ᠳᠠᠭᠤᠰᠬᠠᠭᠠᠳ ᠣᠶᠢᠷ᠎ᠠ ᠬᠠᠪᠢ ᠶᠢᠨ ᠮᠠᠯᠴᠢᠳ ᠲᠠᠢ ᠪᠠᠨ ᠬᠠᠮᠲᠦ ᠦᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠳᠣᠷᠰᠢᠬᠢ ᠬᠦᠭᠵᠢᠯ ᠬᠤᠪᠢᠷᠠᠯᠲᠠ ᠶᠢ ᠵᠢᠷᠣᠭᠯᠠᠭᠰᠠᠨ᠂ ᠢᠷᠡᠬᠦ ᠮᠠᠷᠭᠠᠰᠢ ᠶᠢᠨ ᠬᠦᠭᠵᠢᠯ ᠮᠠᠨᠳᠣᠯ ᠢ ᠬᠦᠰᠡᠨ ᠪᠡᠯᠭᠡᠳᠡᠭᠰᠡᠨ ᠦᠪᠡᠳᠡᠭᠰᠢ ᠶᠣᠰᠣᠯᠠᠯ ᠤᠨ ᠠᠬᠤᠢ ᠲᠠᠯᠠᠪᠠᠢ ᠶᠢᠨ ᠰᠢᠭᠤᠳ ᠨᠡᠪᠲᠡᠷᠡᠭᠦᠯᠬᠡ ᠶᠢ ᠰᠡᠳᠬᠢᠯ ᠳᠣᠭᠳᠣᠯᠣᠨ ᠰᠣᠨᠢᠷᠬᠠᠵᠦ᠂ ᠨᠠᠮ ᠵᠠᠰᠠᠭ ᠤᠨ ᠬᠠᠶᠢᠷ᠎ᠠ ᠬᠠᠯᠠᠮᠵᠢ᠂ ᠲᠦᠷᠦ ᠶᠢᠨ ᠪᠣᠳᠣᠯᠭ᠎ᠠ ᠶᠢᠨ ᠬᠠᠷᠠᠭᠠᠯᠵᠠᠯ ᠢᠶᠠᠷ ᠡᠯ᠎ᠡ ᠦᠨᠳᠦᠰᠦᠲᠡᠨ ᠤ ᠠᠷᠠᠳ ᠲᠦᠮᠡᠨ ᠪᠦᠯᠬᠦᠮᠳᠡᠨ ᠨᠢᠭᠲᠠᠷᠠᠵᠤ᠂ ᠦᠨᠳᠦᠰᠦᠨ ᠱᠠᠲᠣᠨ ᠤ ᠮᠠᠯᠴᠢᠨ ᠲᠦᠮᠡᠨ ᠵᠣᠯ ᠵᠢᠷᠭᠠᠯᠲᠡᠢ ᠠᠵᠦ ᠲᠦᠷᠦᠵᠦ ᠪᠠᠶᠢᠭ᠎ᠠ ᠰᠠᠶᠢᠬᠠᠨ ᠪᠠᠶᠢᠳᠠᠯ   ᠳᠤ ᠰᠡᠳᠬᠢᠯ ᠬᠠᠩᠭᠠᠮᠵᠢᠲᠠᠢ ᠪᠠᠶᠢᠵᠦ᠂ ᠬᠤᠵᠢᠮ ᠢᠷᠡᠭᠡᠳᠦᠢ ᠳᠤ ᠦᠪᠡᠷᠲᠡᠭᠡᠨ ᠵᠠᠰᠠᠬᠤ ᠣᠷᠣᠨ ᠮᠠᠨᠢ ᠨᠡᠩ ᠢᠯᠡᠭᠦᠦ ᠴᠡᠴᠡᠭᠯᠡᠨ ᠮᠠᠨᠳᠦᠵᠦ᠂ ᠠᠷᠠᠳ ᠤᠨ ᠠᠮᠢᠳᠣᠷᠠᠯ ᠣᠯᠠᠮ ᠰᠠᠶᠢᠵᠢᠷᠠᠨ᠎ᠠ ᠭᠡᠵᠦ ᠢᠲᠡᠭᠡᠯ ᠲᠡᠭᠦᠯᠳᠡᠷ ᠪᠠᠶᠢᠯ᠎ᠠ᠃    ᠬᠤᠰᠢᠭᠤ ᠰᠢᠭᠤᠳ  ᠬᠠᠷᠢᠶ᠎ᠠ ᠪᠠᠶᠢᠭᠤᠯᠭ᠎ᠠ ᠨᠢᠭᠡᠴᠡ᠂ ᠰᠣᠮᠣ ᠪᠠᠯᠭᠠᠰᠣ᠂ ᠨᠡᠶᠢᠭᠡᠮ ᠲᠣᠭᠤᠷᠢᠭ ᠪᠣᠯᠣᠨ ᠭᠠᠴᠠᠭ᠎ᠠ ᠨᠢ ᠴᠦ ᠺᠠᠳ᠋ᠷ ᠠᠵᠢᠯᠲᠠᠳ ᠪᠣᠯᠣᠨ ᠰᠠᠭᠤᠭᠠᠯᠢ ᠠᠷᠠᠳ ᠢᠶᠠᠨ ᠵᠣᠬᠢᠶᠠᠨ ᠪᠠᠶᠢᠭᠤᠯᠵᠦ᠂ ᠦᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ‍ᠦᠨ‌ᠣᠢ ᠶᠢ ᠪᠡᠯᠭᠡᠯᠡᠬᠦ ᠶᠣᠰᠣᠯᠠᠯ ᠤᠨ ᠰᠢᠭᠤᠳ ᠨᠡᠪᠳᠡᠷᠡᠭᠦᠯᠬᠡ ᠪᠠᠷ ᠳᠠᠮᠵᠢᠨ ᠦᠪᠡᠷᠲᠡᠭᠡᠨ ᠵᠠᠰᠠᠬᠤ ᠣᠷᠣᠨ  ᠤ ᠪᠠᠨ ᠠᠰᠣᠷᠣ ᠶᠡᠭᠡ ᠬᠦᠭᠵᠢᠯᠲᠡ ᠳᠠᠪᠰᠢᠯᠲᠡ ᠶᠢᠨ ᠲᠡᠦᠬᠡᠨ ᠶᠠᠪᠣᠴᠠ ᠶᠢ ᠠᠮᠲᠠᠷᠬᠠᠨ ᠰᠣᠨᠢᠷᠬᠠᠵᠦ᠂ ᠦᠪᠡᠷᠲᠡᠭᠡᠨ  ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠪᠠᠨ ᠪᠠᠶᠠᠷᠯᠠᠨ ᠪᠡᠯᠭᠡᠯᠡᠭᠰᠡᠨ ᠪᠠᠶᠢᠨ᠎ᠠ᠃
 
ᠢᠷᠡᠯᠲᠡ᠄ ᠬᠤᠰᠢᠭᠤ ᠷᠠᠳᠢᠤ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号