ᠪᠠᠷᠠᠭᠤᠨ ᠦᠵᠦᠮᠦᠴᠢᠨ ᠬᠤᠰᠢᠭᠤ ᠪᠠᠭᠰᠢ ᠶᠢᠨ ᠪᠠᠶᠠᠷ ᠲᠤ  ᠵᠤᠷᠢᠭᠤᠯᠣᠨ ᠣᠯᠠᠭᠠᠨᠮᠦᠴᠢᠷ ᠤᠨ ᠲᠣᠰᠬᠠᠢ ᠲᠠᠯᠠᠪᠠᠢ ᠲᠣᠭᠯᠠᠯᠲᠠ  ᠶᠠᠪᠣᠭᠳᠠᠭᠤᠯᠣᠭᠰᠠᠨ
ᠨᠡᠶᠢᠲᠡᠯᠡᠭᠰᠡᠨ ᠴᠠᠭ᠄
2017-09-14
  ᠭᠤᠴᠢᠨ ᠭᠤᠷᠪᠠᠳᠣᠭᠠᠷ ᠣᠳᠠᠭᠠᠨ ᠤ ᠪᠠᠭᠰᠢ ᠶᠢᠨ ᠪᠠᠶᠠᠷ ᠲᠤ ᠵᠣᠷᠢᠭᠤᠯᠣᠨ᠂ 9 ᠰᠠᠷ᠎ᠠ ᠶᠢᠨ 10 ᠤ ᠣᠷᠣᠢ᠂ ᠬᠤᠰᠢᠭᠤᠨ ᠤ ᠣᠯᠠᠭᠠᠨᠮᠦᠴᠢᠷ ᠨᠢ ᠲᠠᠪᠣᠨ ᠦᠵᠡᠭᠳᠡᠯᠲᠦ ᠳᠠᠭᠤᠯᠠᠯᠲᠦ ᠵᠦᠴᠦᠭᠡ ︽ᠡᠭᠦᠷ ᠰᠡᠭᠦᠯᠲᠦ︾ ᠶᠢ ᠬᠤᠰᠢᠭᠤ ᠷᠠᠳᠢᠣ᠋ ᠲᠧᠯᠸᠢᠰ ᠬᠤᠷᠢᠶᠠᠨ ᠤ ᠨᠡᠪᠲᠡᠷᠡᠭᠦᠯᠭᠡ ᠶᠢᠨ ᠲᠢᠩᠬᠢᠮ ᠳᠤ ᠲᠣᠭᠯᠠᠵᠤ᠂ ᠪᠦᠬᠦ ᠬᠤᠰᠢᠭᠤᠨ ᠤ ᠪᠠᠭᠰᠢᠨᠠᠷ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠭᠰᠡᠨ ᠪᠠᠶᠢᠨ᠎ᠠ᠃  ᠬᠤᠰᠢᠭᠤ ᠣᠳᠣᠷᠢᠳᠣᠯᠭ᠎ᠠ ᠳᠠᠷᠬᠠᠨᠬᠦᠦ᠂ ᠣᠯᠠᠭᠠᠨ᠂ ᠬᠤᠰᠢᠭᠤ ᠬᠠᠷᠢᠶ᠎ᠠ ᠡᠯ᠎ᠡ ᠳᠣᠮᠳᠠᠳᠦ ᠪᠠᠭ᠎ᠠ ᠰᠣᠷᠭᠠᠭᠤᠯᠢ ᠶᠢᠨ ᠪᠠᠭᠰᠢᠨᠠᠷ ᠲᠠᠢ ᠬᠠᠮᠲᠦ ᠲᠣᠭᠯᠠᠯᠲᠠ ᠶᠢ ᠰᠣᠨᠢᠷᠬᠠᠭᠰᠠᠨ ᠪᠠᠶᠢᠨ᠎ᠠ᠃    ᠲᠣᠰ ᠵᠦᠴᠦᠭᠡ ᠶᠢ ᠦᠵᠦᠮᠦᠴᠢᠨ ᠠᠷᠠᠳ ᠤᠨ ᠣᠷᠲᠦ ᠶᠢᠨ ᠳᠠᠭᠤᠣ ︽ᠡᠭᠦᠷ ᠰᠡᠭᠦᠯᠲᠦ︾ ᠶᠢ ᠦᠨᠳᠦᠰᠦᠯᠡᠨ ᠨᠠᠶᠢᠷᠠᠭᠤᠯᠣᠨ ᠵᠣᠬᠢᠶᠠᠵᠦ᠂ ᠬᠤᠰᠢᠭᠤᠨ ᠤ ᠣᠯᠠᠭᠠᠨᠮᠦᠴᠢᠷ ᠤᠨ ᠲᠣᠭᠯᠠᠭᠴᠢᠳ ᠠᠴᠠ ᠲᠣᠭᠯᠠᠭᠰᠠᠨ   ᠶᠤᠮ᠃ ᠡᠨᠡᠬᠦ ᠲᠠᠪᠣᠨ ᠦᠵᠡᠭᠳᠡᠯᠲᠦ ᠳᠠᠭᠤᠯᠠᠯᠲᠦ ᠵᠦᠴᠦᠭᠡ ᠨᠢ ᠬᠦᠳᠡᠭᠡ ᠨᠣᠲᠤᠭ ᠤᠨ ᠮᠣᠩᠭᠤᠯ ᠵᠠᠯᠠᠭᠤ ᠬᠤᠣᠰ ᠤᠨ ᠢᠨᠠᠭ ᠬᠠᠶᠢᠷ᠎ᠠ ᠶᠢᠨ ᠦᠯᠢᠭᠡᠷ ᠢᠶᠠᠷ ᠰᠡᠳᠦᠪᠯᠡᠨ ᠪᠢᠴᠢᠭᠳᠡᠵᠦ᠂ ᠣᠶᠠᠷᠠᠭᠤᠨ ᠵᠢᠪᠬᠤᠭᠠᠲᠦ ᠠᠶ᠎ᠠ ᠳᠠᠭᠤᠨ ᠤ ᠳᠣᠮᠳᠠᠬᠢ ᠣᠷᠠᠨ ᠨᠠᠬᠢᠯᠵᠠᠭᠤᠨ ᠪᠦᠵᠢᠭ ᠤᠨ ᠠᠶᠢᠵᠠᠮ ᠨᠢ ᠠᠨᠢᠷ ᠦᠭᠡᠢ ᠠᠭᠤᠳᠠᠮ ᠬᠦᠳᠡᠭᠡ ᠨᠣᠲᠤᠭ᠂ ᠡᠭᠡᠯ ᠪᠣᠷᠣᠬᠠᠨ ᠮᠣᠩᠭᠤᠯ ᠲᠦᠮᠡᠨ ᠤ ᠠᠮᠢᠳᠣᠷᠠᠯ ᠲᠡᠮᠡᠴᠡᠯ ᠤᠨ ᠳᠦᠷᠢ ᠵᠢᠷᠤᠭ ᠢ ᠦᠵᠡᠭᠴᠢᠳ ᠤᠨ ᠬᠠᠷᠠᠭᠠᠨ ᠳᠤ ᠳᠡᠯᠭᠡᠭᠰᠡᠨ ᠪᠠᠶᠢᠨ᠎ᠠ᠃    ᠲᠣᠰ ᠵᠦᠴᠦᠭᠡ ᠨᠢ 2015 ᠣᠨ ᠤ 3 ᠰᠠᠷ᠎ᠠ ᠳᠤ ᠵᠣᠬᠢᠶᠠᠭᠳᠠᠭᠰᠠᠨ ᠠᠴᠠ ᠨᠠᠰᠢ᠂ ᠤᠯᠤᠰ ᠣᠷᠣᠨ ᠤ ᠬᠡᠪᠴᠢᠶᠡᠨ ᠤ ᠣᠷᠠᠯᠢᠭ ᠤᠨ ᠨᠠᠶᠢᠷ ᠲᠤ ᠣᠷᠣᠯᠴᠠᠭᠰᠠᠨ ᠢᠶᠠᠷ ᠦᠯᠦ ᠪᠠᠷᠠᠨ᠂ ᠡᠯ᠎ᠡ ᠭᠠᠵᠠᠷ ᠢᠶᠠᠷ ᠲᠣᠭᠤᠷᠢᠨ ᠲᠣᠭᠯᠠᠯᠲᠠ ᠭᠠᠷᠭᠠᠵᠦ᠂ ᠣᠯᠠᠨ ᠠᠷᠪᠢᠨ ᠢᠷᠠᠭᠤ ᠠᠯᠳᠠᠷ ᠢ ᠬᠦᠷᠲᠡᠭᠰᠡᠨ ᠰᠢᠯᠢᠳᠡᠭ ᠪᠦᠲᠦᠭᠡᠯ ᠪᠣᠯᠬᠤ ᠶᠤᠮ᠃    ᠭᠤᠴᠢᠨ ᠭᠤᠷᠪᠠᠳᠣᠭᠠᠷ ᠣᠳᠠᠭᠠᠨ ᠤ ᠪᠠᠭᠰᠢ ᠶᠢᠨ ᠪᠠᠶᠠᠷ ᠢ ᠲᠣᠬᠢᠶᠠᠯᠳᠣᠭᠤᠯᠣᠨ᠂ ᠬᠤᠰᠢᠭᠤ ᠣᠯᠠᠭᠠᠨᠮᠦᠴᠢᠷ  ᠨᠢ ︽ᠡᠭᠦᠷ ᠰᠡᠭᠦᠯᠲᠦ︾ ᠳᠠᠭᠤᠯᠠᠯᠲᠦ ᠵᠦᠴᠦᠭᠡ ᠪᠠᠨ ᠲᠣᠭᠯᠠᠵᠤ᠂ ᠪᠦᠬᠦ ᠬᠤᠰᠢᠭᠤᠨ ᠤ ᠡᠯ᠎ᠡ ᠳᠣᠮᠳᠠᠳᠦ ᠪᠠᠭ᠎ᠠ ᠰᠣᠷᠭᠠᠭᠤᠯᠢ᠂ ᠬᠡᠦᠬᠡᠳ ᠤᠨ ᠴᠡᠴᠡᠷᠯᠢᠭ ᠤᠨ ᠪᠠᠭᠰᠢᠨᠠᠷ ᠲᠤ ᠪᠠᠶᠠᠷ ᠤᠨ ᠡᠳᠦᠷ ᠤᠨ ᠮᠡᠨᠳᠦᠴᠢᠯᠡᠯ ᠪᠣᠯᠭᠠᠵᠦ᠂ ᠦᠷᠭᠡᠨ ᠣᠯᠠᠨ ᠪᠠᠭᠰᠢ ᠠᠵᠢᠯᠲᠠᠨ ᠤ ᠰᠣᠶᠣᠯ ᠤᠨ ᠠᠮᠢᠳᠣᠷᠠᠯ ᠢ  ᠪᠠᠶᠠᠯᠢᠭᠵᠢᠭᠤᠯᠣᠭᠰᠠᠨ ᠪᠠᠶᠢᠨ᠎ᠠ᠃
 
ᠢᠷᠡᠯᠲᠡ᠄ ᠬᠤᠰᠢᠭᠤ ᠷᠠᠳᠢᠤ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号