ᠦᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠳ᠋ᠦᠩ  ᠾᠧᠩ​ ᠢᠦᠢ ᠵᠡᠷᠭᠡ ᠣᠳᠣᠷᠢᠳᠣᠯᠭ᠎ᠠ ᠪᠠᠷᠠᠭᠤᠨ ᠦᠵᠦᠮᠦᠴᠢᠨ ᠬᠤᠰᠢᠭᠤᠨ ᠳᠤ ᠪᠠᠶᠢᠴᠠᠭᠠᠨ ᠰᠣᠳᠣᠯᠣᠯᠲᠠ ᠬᠢᠭᠰᠡᠨ
ᠨᠡᠶᠢᠲᠡᠯᠡᠭᠰᠡᠨ ᠴᠠᠭ᠄
2017-09-14
  9 ᠰᠠᠷ᠎ᠠ ᠶᠢᠨ11 ᠤ ᠡᠳᠦᠷ᠂ ᠦᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠳ᠋ᠦᠩ ᠾᠧᠩ ᠢᠦᠢ ᠵᠡᠷᠭᠡ ᠣᠳᠣᠷᠢᠳᠣᠯᠭ᠎ᠠ ᠮᠠᠨ ᠤ ᠬᠤᠰᠢᠭᠤᠨ   ᠳᠤ ᠢᠷᠡᠵᠦ ᠤᠯᠤᠰ ᠤᠨ ᠴᠡᠴᠡᠷᠯᠢᠭ ᠪᠣᠯᠣᠨ ᠰᠣᠶᠣᠯ ᠪᠠ ᠪᠠᠶᠢᠭᠠᠯᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠠᠵᠢᠯ ᠳᠤ ᠪᠠᠶᠢᠴᠠᠭᠠᠨ ᠰᠣᠳᠣᠯᠣᠯᠲᠠ ᠬᠢᠪᠡ᠃ ᠠᠶᠢᠮᠠᠭ ᠤᠨ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠣᠥ ᠰᠢᠦ ᠲᠢᠶᠠᠨ᠂ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠮᠦᠩᠭᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠦᠯᠢ ᠴᠠᠭᠠᠵᠠ ᠶᠢᠨ ᠬᠤᠷᠢᠶᠠᠨ ᠤ ᠱᠦᠵᠢ ᠳᠠᠷᠬᠠᠨᠬᠦᠦ᠂ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠰᠡᠴᠡᠨ ᠨᠠᠷ ᠪᠠᠶᠢᠴᠠᠭᠠᠯᠲᠠ ᠳᠤ ᠣᠷᠣᠯᠴᠠᠵᠠᠢ᠃    ᠳ᠋ᠦᠩ ᠾᠧᠩ ᠢᠦᠢ ᠵᠡᠷᠭᠡ ᠣᠳᠣᠷᠢᠳᠣᠯᠭ᠎ᠠ ᠬᠤᠰᠢᠭᠤᠨ ᠤ ᠲᠦᠯᠦᠪᠵᠢᠭᠦᠯᠭᠡ ᠶᠢᠨ ᠦᠵᠡᠭᠦᠯᠭᠡ ᠶᠢᠨ ᠣᠷᠳᠣᠨ ᠢ ᠲᠣᠭᠤᠷᠢᠨ ᠦᠵᠡᠵᠦ᠂ ᠮᠠᠨ ᠤ ᠬᠤᠰᠢᠭᠤᠨ ᠤ ᠨᠡᠶᠢᠭᠡᠮ ᠠᠵᠦ ᠠᠬᠤᠢ ᠶᠢᠨ ᠬᠦᠭᠵᠢᠯᠲᠡ ᠶᠢᠨ ᠤᠳᠤᠬᠠᠨ ᠤ ᠪᠠᠶᠢᠳᠠᠯ ᠪᠠ ᠬᠤᠶᠢᠰᠢᠳᠠ ᠶᠢᠨ ᠲᠦᠯᠦᠪᠵᠢᠭᠦᠯᠭᠡ᠂ ᠬᠤᠲᠠ ᠶᠢᠨ ᠪᠦᠲᠦᠭᠡᠨ ᠪᠠᠶᠢᠭᠤᠯᠤᠯᠲᠠ᠂ ᠤᠯᠤᠰ ᠤᠨ ᠴᠡᠴᠡᠷᠯᠢᠭ ᠤᠨ ᠪᠠᠶᠢᠭᠤᠯᠤᠯᠲᠠ᠂ ᠦᠨᠳᠦᠰᠦᠲᠡᠨ ᠤ ᠰᠣᠶᠣᠯ ᠤᠨ ᠦᠯᠡᠳᠡᠭᠳᠡᠯ ᠤᠨ ᠬᠠᠮᠠᠭᠠᠯᠠᠯᠲᠠ ᠶᠢᠨ ᠠᠵᠢᠯ ᠪᠠ ᠪᠠᠶᠢᠭᠠᠯᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠠᠵᠢᠯ᠂ ᠵᠢᠭᠤᠯᠴᠢᠯᠠᠯ ᠤᠨ ᠦᠢᠯᠡᠰ ᠤᠨ ᠬᠦᠭᠵᠢᠯᠲᠡ ᠶᠢᠨ ᠶᠡᠷᠦᠩᠭᠡᠢ ᠲᠦᠯᠦᠪᠵᠢᠭᠦᠯᠭᠡ ᠪᠠ ᠬᠦᠭᠵᠢᠯᠳᠡ ᠶᠢᠨ ᠳᠣᠮᠳᠠ ᠣᠷᠣᠰᠢᠵᠦ  ᠪᠠᠶᠢᠭ᠎ᠠ ᠠᠰᠠᠭᠤᠳᠠᠯ ᠤᠨ ᠲᠣᠬᠠᠢ ᠨᠠᠷᠢᠯᠢᠭ ᠪᠠᠶᠢᠴᠠᠭᠠᠨ ᠣᠶᠢᠯᠭᠠᠪᠠ᠃     ᠪᠠᠶᠢᠴᠠᠭᠠᠯᠲᠠ ᠳᠣᠮᠳᠠ᠂ ᠳ᠋ᠦᠩ ᠾᠧᠩ ᠢᠦᠢ ᠮᠠᠨ ᠤ ᠬᠤᠰᠢᠭᠤᠨ ᠤ ᠤᠯᠤᠰ ᠤᠨ ᠴᠡᠴᠡᠷᠯᠢᠭ ᠪᠣᠯᠣᠨ ᠦᠨᠳᠦᠰᠦᠲᠡᠨ ᠤ ᠰᠣᠶᠣᠯ ᠪᠠ ᠪᠠᠶᠢᠭᠠᠯᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠠᠵᠢᠯ ᠳᠤ ᠭᠦᠢᠴᠡᠳ ᠨᠣᠲᠠᠯᠠᠯᠲᠡ ᠥᠭᠴᠦ᠂ ᠦᠨᠳᠦᠰᠦᠲᠡᠨ ᠤ ᠰᠣᠶᠣᠯ ᠢ ᠣᠯᠠᠮᠵᠢᠯᠠᠨ ᠬᠦᠭᠵᠢᠭᠦᠯᠬᠦ ᠪᠠ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠠᠵᠢᠯ ᠳᠤᠮᠳᠠ ᠣᠯᠣᠭᠰᠠᠨ ᠠᠮᠵᠢᠯᠲᠠ ᠪᠦᠲᠦᠮᠵᠢ ᠪᠠᠨ ᠪᠠᠲᠣᠳᠬᠠᠵᠦ᠂ ᠪᠣᠬᠢᠷᠳᠣᠯ ᠦᠭᠡᠢ ᠬᠦᠭᠵᠢᠯᠲᠡ ᠶᠢᠨ ᠣᠬᠠᠮᠰᠠᠷ ᠢᠶᠠᠨ ᠣᠯᠠᠮ ᠪᠠᠲᠣᠳᠬᠠᠨ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠠᠭᠠᠯᠠᠯᠲᠠ ᠪᠠ ᠦᠨᠳᠦᠰᠦᠲᠡᠨ ᠤ ᠰᠣᠶᠣᠯ ᠤᠨ ᠦᠪ ᠢ ᠬᠠᠮᠠᠭᠠᠯᠠᠬᠤ ᠶᠢ ᠦᠷᠭᠦᠯᠵᠢᠯᠡᠨ ᠲᠡᠷᠢᠭᠦᠨ ᠪᠠᠶᠢᠷᠢᠨ ᠳᠤ ᠲᠠᠯᠪᠢᠵᠦ᠂ ᠡᠭᠦᠨ ᠤ ᠬᠠᠮᠲᠦ᠂ ᠪᠠᠶᠢᠭᠠᠯᠢᠯᠢᠭ ᠪᠠ ᠣᠯᠠᠮᠵᠢᠯᠠᠯ ᠢ ᠣᠶᠠᠯᠳᠣᠭᠤᠯᠣᠭᠰᠠᠨ ᠵᠢᠭᠤᠯᠴᠢᠯᠠᠯ ᠤᠨ ᠣᠷᠣᠨ ᠢ ᠪᠠᠶᠢᠭᠤᠯᠵᠦ᠂ ᠵᠢᠭᠤᠯᠴᠢᠯᠠᠯ ᠤᠨ  ᠦᠢᠯᠡᠰ ᠢ ᠬᠦᠭᠵᠢᠭᠦᠯᠬᠦ ᠪᠠᠷ ᠳᠠᠮᠵᠢᠭᠤᠯᠤᠨ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ ᠭᠡᠰᠡᠨ ᠪᠠᠶᠢᠨ᠎ᠠ᠃
 
ᠢᠷᠡᠯᠲᠡ᠄ ᠬᠤᠰᠢᠭᠤ ᠷᠠᠳᠢᠤ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号