ᠮᠠᠨ ᠤ ᠬᠤᠰᠢᠭᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠵᠢᠱᠢᠶ᠎ᠡ ᠦᠵᠡᠭᠦᠯᠭᠦ ᠬᠤᠰᠢᠭᠤ ᠰᠢᠶᠠᠨ ᠢ ᠴᠤᠭᠴᠠᠯᠠᠨ ᠪᠠᠶᠢᠭᠤᠯᠬᠤ ᠪᠠᠷ ᠴᠢᠷᠮᠠᠶᠢᠵᠤ ᠪᠠᠶᠢᠨ᠎ᠠ᠃
ᠨᠡᠶᠢᠲᠡᠯᠡᠭᠰᠡᠨ ᠴᠠᠭ᠄
2018/2/27
     ᠤᠶᠢᠷ᠎ᠠ ᠶᠢᠨ ᠵᠢᠯ᠂ ᠮᠠᠨ ᠤ ᠬᠤᠰᠢᠭᠤ ᠨᠢ ᠪᠤᠬᠢᠷᠳᠤᠯ ᠦᠭᠡᠢ ᠭᠦᠭᠵᠢᠯᠳᠠ ᠶᠢᠨ ᠤᠨᠤᠯ ᠢ ᠤᠶᠢᠯᠡᠳᠦᠯᠭᠡᠵᠢᠭᠦᠯᠵᠤ᠂ ᠠᠮᠢ ᠠᠬᠤᠢ ᠶᠢᠨ ᠪᠤᠯᠪᠠᠰᠤᠨ ᠤ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠦᠨ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠵᠢᠱᠢᠶ᠎ᠡ ᠦᠵᠡᠭᠦᠯᠭᠦ ᠬᠤᠰᠢᠭᠤ ᠰᠢᠶᠠᠨ ᠤ ᠪᠠᠶᠢᠭᠤᠯᠤᠯᠳᠠ ᠶᠢ ᠲᠦᠷᠭᠡᠳᠭᠡᠵᠤ ᠪᠠᠶᠢᠨ᠎ᠠ᠃     ᠮᠠᠨ ᠤ ᠬᠤᠰᠢᠭᠤ ᠤᠯᠤᠰ ᠤᠨ ᠰᠢᠨ᠎ᠡ ᠨᠢᠭᠡ ᠡᠭᠡᠯᠵᠢ ᠶᠢᠨ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠭᠦᠪᠤᠶᠢᠷ ᠱᠠᠩᠨᠠᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠤᠯᠤᠰ ᠤᠨ ᠠᠮᠢ ᠠᠬᠤᠢ ᠶᠢᠨ ᠴᠢᠳᠠᠪᠬᠢᠳᠤ ᠲᠤᠭᠤᠷᠢᠭ ᠤᠨ ᠲᠦᠷᠦ ᠶᠢᠨ ᠪᠤᠳᠤᠯᠭ᠎ᠠ ᠶᠢ ᠲᠤᠤᠱᠯᠠᠭᠤᠯᠵᠤ᠂ ᠮᠠᠯᠴᠢᠨ ᠲᠦᠮᠡᠨ ᠤ ᠠᠮᠢ ᠠᠬᠤᠢ ᠪᠠᠨ ᠬᠠᠮᠠᠭᠠᠯᠠᠬᠤ ᠭᠤᠤᠯ ᠴᠤᠭᠴᠠ ᠶᠢᠨ ᠤᠶᠢᠯᠠᠳᠤᠯ ᠢ ᠭᠦᠢᠴᠡᠳ ᠪᠠᠳᠠᠷᠠᠭᠤᠯᠤᠨ᠂ ᠪᠡᠯᠴᠢᠭᠡᠷ ᠤᠨ ᠲᠠᠭᠠᠭᠠᠴᠠ ᠪᠠᠷ ᠮᠠᠯ ᠮᠠᠯᠵᠢᠬᠤ ᠶᠢ ᠭᠡᠷᠡᠭᠵᠢᠭᠦᠯᠭᠦ ᠶᠢᠨ ᠬᠠᠮᠳᠤ᠂ ᠪᠡᠯᠴᠢᠭᠡᠷᠯᠡᠭᠦᠯᠭᠦ ᠶᠢ ᠵᠤᠭᠰᠤᠭᠠᠬᠤ᠂ ᠰᠡᠯᠭᠦᠨ ᠮᠠᠯᠵᠢᠬᠤ ᠪᠤᠯᠤᠨ ᠮᠠᠯ ᠪᠡᠯᠴᠢᠭᠡᠷ ᠤᠨ ᠲᠠᠩᠴᠡᠭᠦᠷᠢ ᠶᠢ ᠪᠠᠳᠤᠯᠠᠬᠤ ᠲᠦᠷᠢᠮ ᠢᠶᠠᠷ ᠮᠠᠯ ᠪᠡᠯᠴᠢᠭᠡᠷ ᠤᠨ ᠲᠡᠩᠴᠡᠭᠦᠷᠢ  ᠶᠢ ᠪᠠᠳᠤᠯᠠᠬᠤ ᠤᠷᠤᠨ ᠳᠤ ᠮᠠᠯ ᠮᠠᠯᠵᠢᠬᠤ ᠶᠢ ᠬᠤᠷᠢᠭᠯᠠᠵᠠᠢ᠃     ᠨᠤᠳᠤᠭ ᠪᠡᠯᠴᠢᠭᠡᠷ ᠤᠨ ᠲᠠᠭᠠᠭᠠᠴᠢᠯᠠᠯᠳᠠ ᠶᠢᠨ ᠡᠷᠭᠡ ᠶᠢ ᠲᠤᠳᠤᠷᠬᠠᠶᠢᠯᠠᠬᠤ ᠠᠵᠢᠯ ᠢ ᠪᠦᠭᠦ ᠲᠠᠯ᠎ᠠ ᠪᠠᠷ ᠪᠡᠶᠡᠯᠡᠭᠦᠯᠦᠨ᠂ ᠦᠷᠭᠡᠨ ᠤᠯᠠᠨ ᠮᠠᠯᠴᠢᠨ ᠲᠦᠮᠡᠨ ᠳᠤ ᠨᠤᠳᠤᠭ ᠪᠡᠯᠴᠢᠭᠡᠷ ᠤᠨ ᠲᠠᠭᠠᠭᠠᠴᠢᠯᠠᠯᠳᠠ ᠶᠢᠨ ᠡᠷᠭᠡ ᠶᠢ ᠤᠷᠳᠤ ᠬᠤᠭᠤᠴᠠᠭ᠎ᠠ ᠪᠠᠷ ᠲᠤᠭᠳᠠᠪᠤᠷᠢᠳᠠᠢ ᠡᠳ᠋ᠯᠡᠭᠦ ᠬᠠᠤᠯᠢ ᠶᠤᠰᠤᠨ ᠤ ᠡᠷᠭᠡ ᠶᠢ ᠨᠢ ᠤᠯᠭᠤᠬᠤ ᠶᠢᠨ ᠬᠠᠮᠳᠤ ᠨᠤᠳᠤᠭ ᠪᠡᠯᠴᠢᠭᠡᠷ ᠤᠨ ᠭᠤᠷᠪᠡᠨ ᠡᠷᠭᠡ ᠶᠢ ᠰᠠᠯᠭᠠᠬᠤ ᠠᠵᠢᠯ ᠢ ᠠᠬᠢᠭᠤᠯᠤᠨ᠂ ᠬᠠᠮᠳᠤ ᠶᠢᠨ ᠦᠮᠴᠢᠯᠠᠯ ᠤᠨ ᠡᠷᠭᠡ  ᠶᠢ ᠨᠠᠶᠢᠳᠠᠪᠤᠷᠢᠵᠢᠭᠤᠯᠵᠤ᠂ ᠮᠠᠯᠵᠢᠬᠤ ᠡᠷᠦᠭᠡ ᠶᠢᠨ ᠲᠠᠭᠠᠭᠠᠴᠢᠯᠠᠯᠳᠠ ᠶᠢᠨ ᠡᠷᠭᠡ ᠶᠢ ᠲᠤᠭᠳᠠᠪᠤᠷᠢᠵᠢᠭᠤᠯᠤᠨ᠂ ᠨᠤᠳᠤᠭ ᠪᠡᠯᠴᠢᠭᠡᠷ ᠤᠨ ᠡᠵᠡᠩᠨᠡᠯᠳᠠ ᠶᠢᠨ ᠡᠷᠭᠡ ᠶᠢ ᠠᠮᠢᠳᠤᠯᠢᠭ ᠭᠡᠷᠡᠭᠵᠢᠭᠦᠯᠵᠠᠢ᠃ ᠬᠠᠤᠯᠢ ᠪᠤᠰᠤ ᠪᠠᠷ ᠨᠤᠳᠤᠭ ᠪᠡᠯᠴᠢᠭᠡᠷ ᠢ ᠰᠢᠯᠵᠢᠭᠦᠯᠦᠨ ᠭᠡᠷᠡᠭᠯᠡᠭᠦ᠂ ᠠᠷᠠᠯᠵᠢᠶ᠎ᠠ ᠬᠤᠳᠠᠯᠳᠤᠭᠠᠨ ᠤ ᠴᠢᠨᠠᠷᠳᠠᠢ ᠡᠪᠡᠰᠦ ᠬᠠᠳᠤᠬᠤ᠂ ᠭᠠᠳᠠᠨ᠎ᠠ ᠶᠢᠨ ᠮᠠᠯ ᠢ ᠤᠷᠤᠭᠤᠯᠵᠤ᠂ ᠨᠤᠳᠤᠭ ᠪᠡᠯᠴᠢᠭᠡᠷ ᠤᠨ ᠲᠠᠭᠠᠭᠠᠴᠠ ᠠᠴᠠ ᠭᠡᠳᠦᠷᠡᠭᠦᠯᠦᠨ ᠮᠠᠯᠵᠢᠬᠤ ᠪᠤᠯᠤᠨ ᠡᠮᠳᠤ ᠤᠷᠭᠤᠮᠠᠯ ᠢ ᠲᠤᠷ᠎ᠠ ᠪᠠᠷ ᠮᠠᠯᠳᠠᠬᠤ ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠰᠢᠳᠭᠡᠯ ᠦᠭᠴᠠᠢ᠃ ᠠᠮᠢ ᠠᠬᠤᠢ  ᠶᠢᠨ ᠬᠠᠮᠠᠭᠠᠯᠠᠯᠳᠠ ᠶᠢᠨ ᠤᠯᠠᠭᠠᠨ ᠱᠤᠭᠤᠮ ᠤᠨ ᠬᠠᠮᠢᠶᠠᠷᠤᠯᠳᠠ ᠶᠢᠨ ᠠᠷᠭ᠎ᠠ ᠶᠢ ᠲᠤᠭᠳᠠᠭᠠᠵᠤ᠂ ᠨᠤᠳᠤᠭ ᠪᠡᠯᠴᠢᠭᠡᠷ  ᠢ ᠲᠠᠳᠠᠪᠤᠷᠢᠯᠠᠨ ᠭᠡᠷᠡᠭᠯᠡᠭᠦ ᠬᠢᠨᠠᠨ ᠵᠦᠪᠰᠢᠶᠡᠷᠡᠭᠦᠯᠦᠯ ᠤᠨ ᠬᠠᠮᠤᠭ ᠴᠢᠩᠭ᠎ᠠ ᠪᠡᠷᠢᠮᠵᠢᠶ᠎ᠠ ᠶᠢ ᠨᠠᠶᠢᠳᠠᠪᠤᠷᠢᠵᠢᠭᠤᠯᠤᠨ᠂ ᠲᠠᠯ᠎ᠠ ᠨᠤᠳᠤᠭ ᠤᠨ ᠠᠮᠢ ᠠᠬᠤᠢ ᠶᠢᠨ ᠪᠠᠶᠢᠭᠤᠯᠤᠯᠳᠠ ᠪᠤᠯᠤᠨ ᠬᠠᠮᠠᠭᠠᠯᠠᠯᠳᠠ ᠶᠢᠨ ᠬᠠᠤᠯᠢ ᠲᠦᠷᠢᠮᠵᠢᠯᠳᠠ ᠶᠢ ᠠᠬᠢᠭᠤᠯᠤᠭᠰᠠᠨ ᠪᠠᠶᠢᠨ᠎ᠠ᠃ ᠦᠵᠦᠮᠦᠴᠢᠨ ᠤ ᠡᠯᠡᠰᠦᠨ ᠭᠠᠵᠠᠷ ᠤᠨ ᠲᠤᠰᠬᠠᠢ ᠲᠦᠷᠦᠯ ᠤᠨ ᠴᠡᠭᠴᠡᠯᠡᠨ ᠵᠠᠰᠠᠯᠳᠠ  ᠶᠢ ᠭᠡᠷᠡᠭᠵᠢᠭᠦᠯᠵᠤ᠂ PPP ᠲᠦᠷᠦᠯ ᠵᠤᠶᠢᠯ ᠢᠶᠠᠷ 8 ᠲᠦᠮᠡᠨ ᠮᠤ᠋ ᠡᠯᠡᠰᠦᠨ ᠭᠠᠵᠠᠷ ᠢ ᠵᠠᠰᠠᠭᠰᠠᠨ ᠪᠠᠶᠢᠨ᠎ᠠ᠃      ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠶᠢᠨ ᠵᠤᠬᠢᠴᠠᠮᠵᠢ ᠶᠢ ᠤᠯᠠᠮ ᠴᠢᠨᠠᠭᠰᠢᠳᠠ ᠲᠡᠭᠦᠯᠳᠡᠷᠵᠢᠭᠦᠯᠦᠨ᠂ ᠠᠮᠢ ᠠᠬᠤᠢ ᠶᠢᠨ ᠬᠠᠮᠠᠭᠠᠯᠠᠯᠳᠠ ᠶᠢᠨ ᠲᠦᠷᠦ ᠶᠢᠨ ᠪᠤᠳᠤᠯᠭ᠎ᠠ ᠶᠢ ᠭᠡᠷᠡᠭᠵᠢᠭᠦᠯᠵᠤ᠂ ᠠᠮᠢ ᠠᠬᠤᠢ ᠤᠷᠴᠢᠨ ᠲᠤᠭᠤᠷᠢᠨ ᠤ ᠨᠦᠭᠦᠪᠤᠷᠢ ᠶᠢᠨ ᠵᠤᠬᠢᠴᠠᠮᠵᠢ ᠶᠢ ᠲᠠᠰᠤᠷᠠᠯᠳᠠ ᠦᠭᠡᠢ ᠦᠷᠭᠡᠳᠭᠡᠨ᠂ ᠪᠠᠶᠢᠭᠠᠯᠢ  ᠶᠢᠨ ᠬᠠᠮᠠᠭᠠᠯᠠᠯᠳᠠ ᠶᠢᠨ ᠤᠷᠤᠨ ᠤ ᠬᠠᠮᠳᠤ ᠶᠢᠨ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠭᠦᠪᠤᠷᠢ ᠶᠢᠨ ᠵᠤᠬᠢᠴᠠᠮᠵᠢ ᠶᠢ ᠪᠠᠶᠢᠭᠤᠯᠵᠠᠢ᠃ ᠡᠭᠦᠨ ᠤ ᠬᠠᠮᠳᠤ᠂ ᠪᠦᠭᠦ ᠬᠤᠰᠢᠭᠤᠨ ᠤ ᠭᠤᠤᠯ ᠮᠦᠷᠡᠨ ᠤ ᠤᠷᠤᠰᠬᠠᠯ ᠲᠠᠭᠠᠤ ᠪᠠᠶᠢᠭ᠎ᠠ ᠤᠢ ᠮᠤᠳᠤᠨ ᠤ ᠬᠠᠮᠠᠭᠠᠯᠠᠯᠳᠠ ᠶᠢᠨ ᠭᠦᠴᠦᠯᠠᠴᠠ ᠪᠠᠨ ᠨᠡᠮᠡᠭᠳᠡᠭᠦᠯᠵᠠᠢ᠃ ᠠᠮᠢ ᠠᠬᠤᠢ ᠤᠷᠴᠢᠨ ᠲᠤᠭᠤᠷᠢᠨ ᠤ ᠶᠡᠷᠦᠩᠭᠡᠶᠢᠯᠡᠨ ᠴᠡᠭᠴᠡᠯᠡᠨ ᠵᠠᠰᠠᠬᠤ ᠭᠦᠴᠦᠯᠡᠴᠠ ᠪᠠᠨ ᠨᠡᠮᠡᠭᠳᠡᠭᠦᠯᠵᠤ᠂ ᠡᠬᠢ ᠪᠠᠶᠠᠯᠢᠭ ᠢ ᠬᠠᠮᠠᠭᠠᠯᠠᠬᠤ ᠪᠤᠯᠤᠨ ᠤᠷᠴᠢᠨ ᠲᠤᠭᠤᠷᠢᠨ ᠤ ᠠᠴᠢᠶᠠᠯᠠᠬᠤ ᠴᠢᠳᠠᠪᠤᠷᠢ ᠶᠢ ᠴᠢᠬᠤᠯᠠᠴᠢᠯᠠᠨ᠂ ᠰᠢᠨ᠎ᠡ ᠪᠠᠷ ᠨᠡᠮᠡᠭᠳᠡᠵᠤ ᠪᠠᠶᠢᠭ᠎ᠠ ᠡᠬᠢ ᠪᠠᠶᠠᠯᠢᠭ ᠤᠨ ᠭᠡᠯᠪᠡᠷᠢ ᠶᠢᠨ ᠲᠦᠷᠦᠯ ᠵᠤᠶᠢᠯ ᠤᠨ ᠪᠠᠶᠢᠭᠤᠯᠤᠯᠳᠠ ᠶᠢᠨ ᠪᠤᠭᠤᠮᠳᠠ ᠶᠢ ᠴᠢᠩᠭᠠᠳᠬᠠᠨ᠂ ᠭᠦᠮᠦᠨ ᠪᠤᠯᠤᠨ ᠡᠭᠡ ᠪᠠᠶᠢᠭᠠᠯᠢ ᠶᠢᠨ ᠡᠶ᠎ᠡ ᠵᠤᠬᠢᠴᠠᠩᠭᠤᠢ ᠭᠦᠭᠵᠢᠯᠳᠠ ᠶᠢ ᠪᠠᠷᠢᠮᠳᠠᠯᠠᠭᠰᠠᠨ ᠪᠠᠶᠢᠨ᠎ᠠ᠃ ᠤᠷᠴᠢᠨ ᠲᠤᠭᠤᠷᠢᠨ ᠤ ᠬᠢᠨᠠᠨ ᠬᠠᠮᠢᠶᠠᠷᠤᠯᠳᠠ ᠶᠢᠨ ᠭᠦᠴᠦᠯᠡᠴᠠ ᠪᠠᠨ ᠴᠢᠩᠭᠠᠳᠬᠠᠨ᠂ ᠠᠮᠢ ᠠᠬᠤᠢ ᠤᠷᠴᠢᠨ ᠲᠤᠭᠤᠷᠢᠨ ᠪᠤᠯᠤᠨ ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠶᠢᠨ ᠲᠦᠷᠢᠮ ᠢ ᠭᠡᠷᠡᠭᠵᠢᠭᠦᠯᠵᠤ᠂ ︽ᠭᠤᠷᠪᠠᠨ ᠵᠤᠷᠪᠤᠰ ᠤᠯᠠᠭᠠᠨ ᠱᠤᠭᠤᠮ︾᠂ ︽ᠭᠤᠷᠪᠠ ᠶᠢ ᠵᠡᠷᠭᠡᠪᠡᠷ ᠶᠠᠪᠤᠭᠳᠠᠭᠤᠯᠬᠤ ᠲᠦᠷᠢᠮ︾ ᠪᠤᠯᠤᠨ ᠲᠦᠷᠪᠡᠨ ᠢᠵᠢ ᠲᠠᠭᠠᠯᠳᠤᠭᠤᠯᠤᠯ ᠬᠠᠮᠢᠶᠠᠷᠤᠯᠳᠠ ᠶᠢᠨ ᠠᠷᠭ᠎ᠠ ᠶᠢ ᠭᠡᠷᠡᠭᠵᠢᠭᠦᠯᠭᠦ ᠶᠢ ᠪᠠᠷᠢᠮᠳᠠᠯᠠᠵᠤ ᠢᠷᠠᠵᠠᠢ᠃ ᠭᠦᠷᠦᠰᠦ ᠰᠢᠷᠦᠢ  ᠶᠢᠨ ᠪᠤᠬᠢᠷᠳᠤᠯ ᠢ ᠤᠷᠢᠳᠴᠢᠯᠠᠨ ᠰᠡᠷᠭᠡᠶᠢᠯᠡᠭᠦ ᠪᠤᠯᠤᠨ ᠴᠡᠭᠴᠡᠯᠡᠨ ᠵᠠᠰᠠᠬᠤ ᠶᠢ ᠴᠢᠩᠭᠠᠳᠬᠠᠨ᠂ ᠪᠤᠬᠢᠷᠳᠤᠯ ᠭᠠᠳᠠᠭᠰᠢᠯᠠᠭᠤᠯᠬᠤ ᠶᠢ ᠪᠠᠭᠠᠰᠬᠠᠵᠤ᠂ ᠮᠠᠯᠵᠢᠯ ᠤᠨ ᠶᠠᠪᠤᠴᠠ ᠳᠠᠬᠢ ᠬᠠᠶᠠᠭᠳᠠᠮᠠᠯ ᠪᠤᠳᠠᠰ ᠢ ᠬᠤᠤᠷᠳᠤᠯ ᠦᠭᠡᠢ ᠰᠢᠢᠳᠪᠤᠷᠢᠯᠡᠭᠦ ᠶᠢ ᠠᠬᠢᠭᠤᠯᠵᠠᠢ᠃ ᠤᠷᠴᠢᠨ ᠲᠤᠭᠤᠷᠢᠨ ᠤ ᠬᠠᠤᠯᠢ ᠭᠡᠷᠡᠭᠵᠢᠭᠦᠯᠭᠦ ᠭᠦᠴᠦᠯᠡᠴᠠ ᠪᠠᠨ ᠨᠡᠮᠡᠭᠳᠡᠭᠦᠯᠵᠤ ᠂ ᠤᠰᠤᠨ ᠤ ᠪᠤᠬᠢᠷᠳᠤᠯ ᠪᠤᠯᠤᠨ ᠠᠭᠠᠷ ᠮᠠᠨᠳᠠᠯ ᠤᠨ ᠪᠤᠬᠢᠷᠳᠤᠯ ᠢ ᠤᠷᠢᠳᠴᠢᠯᠠᠨ ᠰᠡᠷᠭᠡᠶᠢᠯᠡᠵᠤ ᠵᠠᠰᠠᠬᠤ ᠶᠢ ᠴᠢᠩᠭᠠᠳᠬᠠᠨ᠂ ᠢᠨᠵᠧᠨᠧᠷᠢᠩ ᠪᠤᠯᠤᠨ ᠮᠡᠷᠭᠡᠵᠢᠯ ᠤᠨ ᠠᠷᠭ᠎ᠠ ᠠᠪᠴᠠᠯ ᠢᠶᠠᠷ ᠤᠰᠤ᠂ ᠠᠭᠠᠷ ᠮᠠᠨᠳᠤᠯ ᠤᠨ ᠪᠤᠬᠢᠷᠳᠤᠯ ᠢ ᠬᠢᠵᠠᠭᠠᠷᠯᠠᠭᠰᠠᠨ ᠪᠠᠶᠢᠨ᠎ᠠ᠃ ᠵᠤᠬᠢᠴᠠᠮᠵᠢ ᠶᠢᠨ ᠦᠭᠡᠷᠡᠴᠢᠯᠠᠯᠳᠠ ᠶᠢᠨ ᠰᠢᠨᠡᠴᠢᠯᠠᠯᠳᠠ ᠲᠠᠢ ᠵᠤᠬᠢᠴᠠᠭᠤᠯᠤᠨ᠂ ᠪᠤᠬᠢᠷᠳᠤᠯ ᠢ ᠭᠠᠳᠠᠭᠰᠢᠯᠠᠭᠤᠯᠬᠤ ᠬᠢᠨᠠᠨ ᠵᠦᠪᠰᠢᠶᠡᠷᠡᠭᠦᠯᠦᠯ ᠵᠡᠷᠭᠡ ᠠᠵᠢᠯ ᠲᠠᠢ ᠤᠶᠠᠯᠳᠤᠭᠤᠯᠤᠨ ᠬᠢᠵᠠᠢ᠃ ᠲᠠᠯ᠎ᠠ ᠨᠤᠳᠤᠭ ᠤᠨ ᠠᠮᠢ ᠠᠬᠤᠢ ᠶᠢᠨ ᠬᠢᠨᠠᠨ ᠭᠡᠮᠵᠢᠯᠳᠠ ᠰᠡᠷᠡᠮᠵᠢᠯᠡᠭᠦᠯᠦᠯ ᠤᠨ ᠰᠢᠰᠲ᠋ᠧᠮ ᠢ ᠪᠦᠷᠢᠨᠰᠢᠭᠦᠯᠵᠤ᠂ ᠤᠳᠤᠷᠢᠳᠬᠤ ᠺᠠᠳ᠋ᠷᠴᠤᠳ ᠤᠨ ᠲᠤᠰᠢᠶᠠᠯ ᠳᠤ ᠪᠠᠶᠢᠬᠤ ᠬᠤᠭᠤᠴᠠᠭᠠᠨ ᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠲᠦᠷᠢᠮ᠂ ᠪᠠᠶᠢᠭᠠᠯᠢ ᠶᠢᠨ ᠡᠬᠢ ᠪᠠᠶᠠᠯᠢᠭ ᠡᠳ᠋ ᠭᠦᠷᠦᠩᠭᠡ  ᠶᠢ ᠬᠢᠨᠠᠨ ᠪᠤᠳᠤᠬᠤ ᠪᠤᠯᠤᠨ ᠠᠮᠢ ᠠᠬᠤᠢ ᠶᠢᠨ ᠬᠤᠬᠢᠷᠠᠯ ᠤᠨ ᠬᠠᠷᠢᠭᠤᠴᠠᠯᠭ᠎ᠠ ᠶᠢᠨ ᠨᠠᠰᠤᠨ ᠲᠤᠷᠰᠢᠳᠠ ᠶᠢᠨ ᠬᠠᠷᠢᠭᠤᠴᠠᠯᠭ᠎ᠠ ᠨᠡᠭᠡᠮᠵᠢᠯᠡᠭᠦ ᠲᠦᠷᠢᠮ ᠢ ᠨᠠᠶᠢᠳᠠᠪᠤᠷᠢᠵᠢᠭᠤᠯᠵᠤ᠂ ᠲᠠᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠭᠰᠠᠨ ᠪᠠᠶᠢᠨ᠎ᠠ᠃
 
ᠢᠷᠡᠯᠲᠡ᠄ ᠬᠤᠰᠢᠭᠤ ᠷᠠᠳᠢᠣ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号