| ᠴᠢᠩ ᡂᠢ ᠭᠦᠳᠡᠭᠡ ᠠᠵᠤ ᠠᠬᠤᠢ ᠶᠢᠨ ᠲᠤᠰᠬᠠᠢ ᠬᠤᠷᠰᠢᠶᠠᠵᠢᠯ ᠨᠢ ᠤᠳᠤᠬᠢᠴᠢᠯᠠᠭᠰᠠᠨ ᠲᠠᠷᠢᠮᠠᠯ ᠤᠨ | ᠮᠡᠷᠭᠡᠵᠢᠯ ᠢᠶᠠᠷ ᠪᠤᠭᠤᠳᠠᠢ ᠶᠢᠨ ᠰᠦᠷᠡᠯ ᠢ ᠪᠤᠯᠪᠠᠰᠤᠷᠠᠭᠤᠯᠤᠨ᠂ ᠭᠦᠭᠡᠭᠡ ᠡᠪᠤᠯ ᠤᠨ ᠭᠦᠢᠳᠠᠨ ᠳᠤ ᠦᠭᠡᠷ ᠬᠤᠨᠢ | ᠪᠠᠨ ᠰᠢᠨ᠎ᠠ ᠰᠤᠷᠭᠤᠭ ᠭᠦᠭᠡ ᠡᠪᠡᠰᠦ ᠪᠠᠷ ᠲᠡᠵᠢᠭᠡᠭᠦ ᠪᠤᠯᠤᠯ᠎ᠠ᠃ | ᠭᠦᠢᠳᠠᠨ ᠤ ᠡᠷᠴᠢ ᠴᠢᠩᠭᠠᠷᠠᠭᠰᠠᠨ ᠠᠴᠠ ᠲᠢᠭ ᠠᠴᠠ ᠲᠤᠷᠤᠭᠰᠢ 30 ᠭᠷᠠᠳᠦ᠋ᠰ ᠤᠨ ᠭᠦᠢᠳᠠᠨ ᠳᠤ | ᠰᠤᠷᠪᠤᠯᠵᠢᠯᠠᠭᠴᠢ ᠴᠢᠩ ᡂᠢ ᠭᠦᠳᠡᠭᠡ ᠠᠵᠤ ᠠᠬᠤᠢ ᠶᠢᠨ ᠲᠤᠰᠬᠠᠢ ᠬᠤᠷᠰᠢᠶᠠᠵᠢᠯ ᠳᠤ ᠭᠦᠷᠭᠦ ᠳᠤ ᠦᠭᠡᠷ ᠬᠤᠨᠢ | ᠨᠢ ᠰᠤᠷᠭᠤᠭ ᠭᠦᠭᠡ ᠡᠪᠡᠰᠦ ᠢᠳᠡᠵᠤ᠂ ᠬᠤᠷᠤᠭᠠᠨ ᠳᠠᠭᠠᠨ ᠲᠠᠪᠠᠳᠠᠢ ᠢᠳᠡᠰᠢᠯᠠᠵᠤ ᠪᠠᠶᠢᠯ᠎ᠠ᠃ ᠰᠤᠷᠪᠤᠯᠵᠢᠯᠠᠭ᠎ᠠ | ᠲᠤᠮᠳᠠ ᠴᠢᠩ ᡂᠢ ᠭᠦᠳᠡᠭᠡ ᠠᠵᠤ ᠠᠬᠤᠢ ᠶᠢᠨ ᠲᠤᠰᠬᠠᠢ ᠬᠤᠷᠰᠢᠶᠠᠵᠢᠯ ᠨᠢ ᠡᠨᠧᠷᠭᠢ ᠠᠷᠪᠢᠯᠠᠬᠤ᠂ ᠲᠤᠯᠠᠭᠠᠨ | ᠬᠠᠳᠠᠭᠠᠯᠠᠬᠤ ᠲᠡᠵᠢᠭᠡᠨ ᠦᠷᠡᠵᠢᠭᠦᠯᠭᠦ ᠭᠦᠯᠡᠮᠵᠢ ᠶᠢᠨ ᠲᠦᠷᠦᠯ ᠵᠤᠶᠢᠯ ᠢ ᠠᠰᠢᠭᠯᠠᠨ᠂ ᠪᠤᠭᠤᠳᠠᠢ ᠶᠢᠨ ᠰᠦᠷᠡᠯ ᠢ | ᠰᠢᠨ᠎ᠡ ᠰᠤᠷᠭᠤᠭ ᠭᠦᠭᠡ ᠡᠪᠡᠰᠦ ᠪᠤᠯᠭᠠᠨ ᠪᠤᠯᠪᠠᠰᠤᠷᠠᠭᠤᠯᠵᠤ᠂ ᠦᠭᠡᠷ ᠬᠤᠨᠢ ᠪᠠᠨ ᠲᠡᠵᠢᠭᠡᠵᠤ ᠪᠠᠶᠢᠬᠤ ᠶᠢ | ᠤᠶᠢᠯᠠᠭᠠᠯ᠎ᠠ᠃ ᠤᠶᠢᠯᠠᠭᠠᠭᠰᠠᠨ ᠢᠶᠠᠷ᠂ ᠡᠨᠡᠭᠦ ᠰᠢᠨ᠎ᠡ ᠮᠡᠷᠭᠡᠵᠢᠯ ᠨᠢ ᠪᠤᠭᠤᠳᠠᠢ ᠶᠢᠨ ᠰᠦᠷᠡᠯ ᠢ ᠰᠤᠩᠭᠤᠨ | ᠠᠪᠤᠭᠰᠠᠨ ᠤ ᠲᠠᠷᠠᠭ᠎ᠠ᠂ ᠤᠬᠢᠶᠠᠵᠤ ᠴᠡᠪᠡᠷᠯᠡᠨ ᠱᠦᠭᠦᠷᠡᠭᠦᠯᠵᠤ᠂ 10 ᠭᠠᠷᠤᠢ ᠴᠠᠭ ᠲᠡᠪᠳᠤᠭᠡᠨ᠂ ᠲᠠᠬᠢᠨ ᠨᠠᠷᠠᠨ | ᠳᠤ ᠬᠠᠳᠠᠭᠠᠨ ᠰᠤᠶᠤᠯᠠᠭᠤᠯᠤᠭᠰᠠᠨ ᠤ ᠲᠠᠷᠠᠭ᠎ᠠ᠂ 15 — 25 ᠭᠷᠠᠳᠦ᠋ᠰ ᠤᠨ ᠲᠤᠯᠠᠭᠠᠨ ᠭᠦᠯᠡᠮᠵᠢ ᠳᠤ 7 ᠡᠳᠦᠷ | ᠤᠨ ᠬᠤᠭᠤᠴᠠᠭ᠎ᠠ ᠲᠠᠢ ᠬᠠᠳᠠᠭᠠᠯᠠᠪᠠᠯ᠂ ᠰᠢᠨ᠎ᠠ ᠰᠤᠷᠭᠤᠭ ᠭᠦᠭᠡ ᠡᠪᠡᠰᠦ ᠶᠢ ᠲᠠᠷᠢᠵᠤ ᠪᠤᠶᠢᠵᠢᠭᠤᠯᠬᠤ ᠪᠤᠯᠤᠨ᠎ᠠ᠃ | ᠲᠤᠰᠬᠠᠢ ᠬᠤᠷᠰᠢᠶᠠᠵᠢᠯ ᠤᠨ ᠮᠡᠷᠭᠡᠵᠢᠯᠳᠠᠨ ᠤ ᠲᠠᠨᠢᠯᠴᠠᠭᠤᠯᠤᠭᠰᠠᠨ ᠢᠶᠠᠷ᠂ ᠡᠨᠡ ᠲᠦᠷᠦᠯ ᠤᠨ ᠭᠦᠭᠡ ᠡᠪᠡᠰᠦ | ᠨᠢ ᠦᠨ᠎ᠡ ᠨᠢ ᠬᠢᠮᠳᠠ ᠮᠦᠷᠳᠡᠭᠡᠨ ᠡᠷᠳᠡᠨᠢ ᠰᠢᠰᠢ ᠵᠡᠷᠭᠡ ᠪᠤᠷᠳᠤᠭ᠎ᠠ ᠶᠢ ᠤᠷᠤᠯᠠᠨ ᠮᠠᠯ ᠲᠡᠵᠢᠭᠡᠪᠤᠷᠢ ᠪᠠᠨ ᠪᠤᠷᠳᠤᠵᠤ | ᠪᠤᠯᠤᠨ᠎ᠠ ᠭᠡᠵᠤ ᠪᠠᠶᠢᠯ᠎ᠠ᠃ | ᠤᠳᠤᠬᠠᠨ ᠳᠤ ᠲᠤᠰ ᠬᠤᠷᠰᠢᠶᠠᠵᠢᠯ ᠨᠢ 30 ᠬᠤᠨᠢ ᠶᠢ ᠡᠨᠡᠬᠦ ᠭᠦᠭᠡ ᠡᠪᠡᠰᠦ ᠪᠠᠷ 6 ᠰᠠᠷ᠎ᠠ ᠶᠢᠨ | ᠬᠤᠭᠤᠴᠠᠭ᠎ᠠ ᠲᠠᠢ ᠪᠤᠷᠳᠤᠨ ᠲᠡᠵᠢᠭᠡᠵᠤ᠂ ᠤᠯᠠᠮᠵᠢᠯᠠᠯᠳᠤ ᠠᠷᠭ᠎ᠠ ᠭᠡᠯᠪᠡᠷᠢ ᠪᠠᠷ ᠲᠡᠵᠢᠭᠡᠨ ᠪᠤᠷᠳᠤᠭᠰᠠᠠᠨ ᠬᠤᠨᠢᠨ | ᠮᠢᠬ᠎ᠠ ᠲᠠᠢ ᠠᠳᠠᠯᠢᠳᠬᠠᠨ ᠲᠤᠷᠰᠢᠨ ᠲᠡᠵᠢᠭᠡᠭᠦ ᠪᠠᠷ ᠪᠠᠶᠢᠨ᠎ᠠ᠃ |