ᠬᠤᠷᠠᠯᠳᠤᠭᠠᠨ ᠤ ᠪᠢᠴᠢᠭ ᠮᠠᠲ᠋ᠧᠷᠢᠶᠠᠯ ︵ᠠᠷᠪᠠᠨ ᠵᠢᠷᠭᠤᠭ᠎ᠠ︶ | | | ᠵᠠᠰᠠᠭ ᠤᠨ ᠤᠷᠳᠤᠨ ᠤ ᠠᠵᠢᠯ ᠤᠨ ᠢᠯᠡᠳᠭᠡᠯ | | | — 2018 ᠤᠨ ᠤ 1 ᠰᠠᠷ᠎ᠠ ᠶᠢᠨ 8 ᠤ ᠡᠳᠦᠷ ᠪᠠᠷᠠᠭᠤᠨ ᠦᠵᠦᠮᠦᠴᠢᠨ ᠬᠤᠰᠢᠭᠤᠨ ᠤ ᠠᠷᠪᠠᠨ | ᠲᠠᠪᠤᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭᠠᠨ ᠤ | ᠬᠤᠷᠠᠯᠳᠤᠭᠠᠨ ᠲᠡᠭᠡᠷ᠎ᠡ | | ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠲᠠᠷᠤᠭ᠎ᠠ ᠴᠢᠯᠠᠭᠤ | ᠲᠦᠯᠦᠭᠡᠯᠡᠭᠴᠢᠳ ᠡ᠄ | ᠤᠳᠤ᠂ ᠪᠢ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ | ᠵᠠᠰᠠᠭ ᠤᠨ ᠤᠷᠳᠤᠨ ᠤ ᠡᠮᠦᠨ᠎ᠠ ᠠᠴᠠ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠃ ᠲᠠ ᠪᠦᠭᠦᠨ ᠬᠢᠨᠠᠨ | ᠵᠦᠪᠯᠡᠭᠦ ᠪᠤᠯᠪᠠᠤ᠃ ᠲᠡᠷᠡᠴᠢᠯᠡᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠪᠤᠯᠤᠨ ᠬᠤᠷᠠᠯ ᠳᠤ ᠰᠤᠯᠠ | ᠤᠷᠤᠯᠴᠠᠭᠰᠠᠳ ᠰᠠᠨᠠᠯ ᠢᠶᠠᠨ ᠲᠤᠷᠠᠳᠬᠤ ᠶᠢ ᠭᠦᠰᠡᠵᠤ ᠪᠠᠶᠢᠨ᠎ᠠ᠃ | ᠨᠢᠭᠡ᠂ ᠦᠩᠭᠡᠷᠡᠭᠰᠡᠨ ᠲᠠᠪᠤᠨ ᠵᠢᠯ ᠤᠨ ᠠᠵᠢᠯ ᠤᠨ ᠡᠷᠬᠢᠴᠡᠭᠦᠯᠦᠯ | ᠬᠤᠰᠢᠭᠤ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠨᠢᠭᠡᠳᠦᠭᠡᠷ ᠤᠳᠠᠭᠠᠨ ᠤ ᠬᠤᠷᠠᠯᠳᠤᠭᠠᠨ ᠠᠴᠠ ᠨᠠᠰᠢᠬᠢ ᠲᠠᠪᠤᠨ ᠵᠢᠯ ᠪᠤᠯ ᠮᠠᠨ ᠤ ᠬᠤᠰᠢᠭᠤᠨ ᠤ ᠲᠤᠭᠳᠠᠭᠤᠨ ᠤ | ᠲᠤᠮᠳᠠ ᠭᠦᠭᠵᠢᠯᠳᠠ ᠶᠢ ᠠᠬᠢᠭᠤᠯᠵᠤ᠂ ᠠᠷᠠᠳ ᠤᠨ ᠠᠮᠢᠳᠤᠷᠠᠯ ᠢ ᠴᠢᠨᠡᠭᠡᠯᠢᠭᠵᠢᠭᠦᠯᠦᠨ ᠬᠤᠰᠢᠭᠤ ᠪᠠᠨ | ᠭᠦᠴᠦᠷᠭᠡᠭᠵᠢᠭᠦᠯᠭᠦ ᠶᠢ ᠪᠡᠶᠡᠯᠡᠭᠦᠯᠭᠦ ᠶᠠᠪᠤᠴᠠ ᠲᠤᠮᠳᠠᠬᠢ ᠶᠡᠷᠦ ᠪᠤᠰᠤ ᠶᠢᠨ ᠲᠠᠪᠤᠨ ᠵᠢᠯ ᠪᠤᠯᠤᠨ᠎ᠠ᠃ ᠲᠠᠪᠤᠨ ᠵᠢᠯ | ᠤᠨ ᠲᠤᠷᠰᠢ᠂ ᠪᠢᠳᠠ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ᠂ ᠬᠤᠰᠢᠭᠤ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠡᠭᠭᠤ ᠶᠢᠨ ᠬᠤᠷᠢᠶ᠎ᠡ᠂ ᠤᠯᠤᠰ ᠲᠦᠷᠦ ᠶᠢᠨ ᠵᠦᠪᠯᠡᠯᠭᠡᠨ ᠤ | ᠬᠢᠨᠠᠯᠳᠠ ᠪᠠ ᠲᠡᠮᠵᠢᠯᠭᠡ ᠲᠤᠤᠷ᠎ᠠ᠂ ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠳᠤ | ᠴᠡᠭᠡᠵᠢᠯᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ | ᠂ ᠲᠦᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠭᠦᠳᠠ ᠬᠤᠷᠠᠯ ᠵᠢᠴᠢ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠨᠠᠮ ᠤᠨ ᠲᠦᠪ ᠬᠤᠷᠢᠶ᠎ᠠ᠂ ᠦᠪᠡᠷᠳᠡᠭᠡᠨ | ᠵᠠᠰᠠᠬᠤ ᠤᠷᠤᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠯᠤᠨ ᠬᠤᠰᠢᠭᠤ ᠨᠠᠮ ᠤᠨ ᠬᠤᠷᠢᠶᠠᠨ ᠤ | ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠡᠷᠡᠰ ᠲᠤᠤᠱᠯᠠᠭᠤᠯᠤᠨ᠂ ︽ᠲᠠᠪᠤ ᠶᠢ ᠨᠢᠭᠡ | ᠴᠤᠭᠴᠠᠵᠢᠭᠤᠯᠬᠤ︾ ᠶᠡᠷᠦᠩᠭᠡᠢ ᠪᠠᠶᠢᠷᠢᠯᠠᠭᠤᠯᠤᠯᠳᠠ ᠶᠢ ᠨᠢᠭᠡᠳᠦᠯᠳᠠᠢ ᠲᠦᠯᠦᠪᠵᠢᠭᠦᠯᠦᠨ ᠠᠬᠢᠭᠤᠯᠬᠤ ᠪᠤᠯᠤᠨ ︽ | ᠲᠦᠷᠪᠡᠨ ᠪᠦᠭᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠵᠤᠬᠢᠴᠠᠩᠭᠤᠢ ᠠᠬᠢᠭᠤᠯᠬᠤ | ᠲᠤᠭᠤᠷᠢᠨ ᠳᠤ᠂ ᠲᠤᠭᠳᠠᠭᠤᠨ ᠤ ᠲᠤᠮᠳᠠ ᠤᠷᠤᠭᠰᠢᠯᠠᠬᠤ ᠠᠵᠢᠯ ᠤᠨ ᠶᠡᠷᠦᠩᠭᠡᠢ ᠭᠦᠭ ᠠᠶᠠᠰ ᠢ ᠪᠠᠷᠢᠮᠳᠠᠯᠠᠨ᠂ | ᠭᠦᠭᠵᠢᠯᠳᠠ᠂ ᠠᠮᠢ ᠠᠬᠤᠢ ᠪᠤᠯᠤᠨ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠳᠤ ᠰᠠᠬᠢᠵᠤ᠂ | ᠲᠤᠭᠳᠠᠭᠤᠨ ᠢᠶᠠᠷ ᠨᠡᠮᠡᠭᠳᠡᠭᠦᠯᠭᠦ᠂ ᠪᠦᠳᠦᠴᠠ ᠶᠢ ᠲᠤᠬᠢᠷᠠᠭᠤᠯᠬᠤ᠂ ᠦᠭᠡᠷᠡᠴᠢᠯᠠᠯᠳᠠ ᠶᠢ ᠠᠬᠢᠭᠤᠯᠬᠤ᠂ ᠠᠷᠠᠳ ᠤᠨ | ᠠᠮᠢᠳᠤᠷᠠᠯ ᠢ ᠬᠠᠷᠠᠭᠠᠯᠵᠠᠬᠤ᠂ ᠲᠦᠭᠰᠢᠭᠦᠷᠢ ᠶᠢ ᠰᠡᠷᠭᠡᠶᠢᠯᠡᠭᠦ ᠵᠡᠷᠭᠡ ᠡᠯ᠎ᠡ ᠲᠦᠷᠦᠯ ᠤᠨ ᠠᠵᠢᠯ ᠢ ᠯᠠᠪᠳᠠᠭᠤᠨ | ᠪᠠᠳᠤᠳᠠᠢ ᠦᠷᠨᠢᠭᠦᠯᠵᠦ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢ ᠠᠮᠵᠢᠯᠳᠠᠳᠠᠢ | ᠪᠡᠶᠡᠯᠡᠭᠦᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢ ᠤᠷᠤᠭᠰᠢᠳᠠᠢ ᠭᠡᠷᠡᠭᠵᠢᠭᠦᠯᠦᠨ᠂ | ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ ᠪᠠᠶᠢᠭᠤᠯᠤᠯᠳᠠ ᠶᠢᠨ ᠰᠢᠨ᠎ᠠ ᠠᠮᠵᠢᠯᠳᠠ ᠶᠢ ᠤᠯᠪᠠ᠃ | ︵ᠨᠢᠭᠡ︶ ᠠᠵᠤ ᠤᠶᠢᠯᠠᠰ ᠤᠨ ᠪᠦᠳᠦᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠤ᠂ ᠠᠵᠤ ᠠᠬᠤᠢ | ᠶᠢᠨ ᠶᠡᠷᠦᠩᠭᠡᠶᠢᠯᠡᠭᠰᠡᠨ ᠪᠤᠳᠠᠳᠤ ᠭᠦᠴᠦᠠ ᠢ ᠢᠯᠡᠳᠳᠠ ᠴᠢᠩᠭᠠᠳᠬᠠᠪᠠ᠃ ᠪᠢᠳᠠ ᠭᠦᠭᠵᠢᠯᠳᠠ ᠶᠢᠨ ᠰᠢᠨ᠎ᠠ | ᠤᠶᠢᠯᠠᠭᠠᠭᠳᠠᠬᠤᠨ ᠢ ᠡᠷᠡᠰ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠭᠦᠭᠵᠢᠯᠳᠠ ᠶᠢᠨ ᠰᠢᠨ᠎ᠠ ᠭᠡᠪ | ᠪᠠᠶᠢᠳᠠᠯ ᠳᠤ ᠢᠳᠡᠪᠬᠢᠳᠠᠢ ᠵᠤᠬᠢᠴᠠᠨ᠂ ᠬᠠᠩᠭᠠᠯᠭ᠎ᠠ ᠶᠢᠨ ᠲᠠᠯ᠎ᠠ ᠶᠢᠨ ᠪᠦᠳᠦᠴᠠ ᠶᠢᠨ ᠴᠢᠨᠠᠷᠳᠠᠢ ᠦᠭᠡᠷᠡᠴᠢᠯᠠᠯᠳᠠ ᠶᠢ | ᠴᠢᠷᠮᠠᠶᠢᠨ ᠠᠬᠢᠭᠤᠯᠵᠤ᠂ ᠠᠵᠤ ᠠᠬᠤᠢ ᠶᠢᠨ ᠶᠠᠰᠤ ᠴᠢᠨᠠᠷ ᠪᠤᠯᠤᠨ ᠦᠷ᠎ᠠ ᠠᠰᠢᠭ ᠢ ᠮᠡᠳᠡᠭᠳᠡᠮ᠎ᠠ | ᠲᠡᠭᠡᠭᠰᠢᠯᠡᠭᠦᠯᠦᠭᠰᠡᠨ ᠠᠴᠠ ᠠᠵᠤ ᠠᠬᠤᠢ ᠶᠢᠨ ᠪᠦᠳᠦᠴᠠ ᠲᠠᠰᠤᠷᠠᠯᠳᠠ ᠦᠭᠡᠢ ᠰᠢᠯᠢᠳᠡᠭᠵᠢᠨ᠂ ᠭᠤᠷᠪᠠᠨ ᠲᠦᠷᠦᠯ | ᠤᠨ ᠠᠵᠤ ᠤᠶᠢᠯᠠᠰ ᠤᠨ ᠪᠦᠳᠦᠴᠠ 2012 ᠤᠨ ᠳᠤ 11᠄ 78᠄ 11 ᠪᠠᠶᠢᠭᠰᠠᠨ ᠠᠴᠠ ᠤᠳᠤᠬᠠᠨ ᠳᠤ 14 | ᠄ 69᠄ 17 ᠪᠤᠯᠪᠠ᠃ ᠲᠠᠪᠤᠨ ᠵᠢᠯ ᠤᠨ ᠲᠤᠷᠰᠢ᠂ ᠪᠦᠭᠦ ᠬᠤᠰᠢᠭᠤᠨ ᠤ ᠭᠠᠵᠠᠷ ᠤᠷᠤᠨ ᠤ ᠤᠶᠢᠯᠠᠳᠪᠤᠷᠢᠯᠠᠯ | ᠤᠨ ᠶᠡᠷᠦᠩᠭᠡᠢ ᠦᠷᠳᠡᠭ ᠵᠢᠯ ᠲᠤᠮᠳᠠᠴᠢ 11% ᠪᠠᠷ ᠨᠡᠮᠡᠭᠳᠡᠪᠡ᠃ ᠡᠩ ᠤᠨ ᠤᠯᠠᠨ ᠨᠠᠶᠢᠳᠠ ᠶᠢᠨ ᠡᠳ᠋ ᠤᠨ | ᠵᠠᠰᠠᠭ ᠤᠨ ᠲᠦᠰᠦᠪ ᠤᠨ ᠤᠷᠤᠯᠭ᠎ᠠ ᠵᠢᠯ ᠲᠤᠮᠳᠠᠴᠢ 7.2% ᠢᠶᠠᠷ ᠨᠡᠮᠡᠭᠳᠡᠵᠠᠢ᠃ ᠬᠤᠳᠠ ᠪᠠᠯᠭᠠᠰᠤᠨ ᠤ | ᠰᠠᠭᠤᠭᠠᠯᠢ ᠠᠷᠠᠳ ᠤᠨ ᠭᠦᠮᠦᠨ ᠲᠤᠮᠳᠠᠴᠢ ᠶᠢᠨ ᠬᠤᠪᠢᠶᠠᠷᠢᠯᠠᠵᠤ ᠪᠤᠯᠬᠤᠶᠢᠴᠠ ᠤᠷᠤᠯᠭ᠎ᠠ ᠵᠢᠯ ᠲᠤᠮᠳᠠᠴᠢ 12% | ᠢᠶᠠᠷ ᠨᠡᠮᠡᠭᠳᠡᠪᠡ᠃ ᠮᠠᠯᠵᠢᠬᠤ ᠤᠷᠤᠨ ᠤ ᠰᠠᠭᠤᠭᠠᠯᠢ ᠠᠷᠠᠳ ᠤᠨ ᠭᠦᠮᠦᠨ ᠲᠤᠮᠳᠠᠴᠢ ᠶᠢᠨ ᠬᠤᠪᠢᠶᠠᠷᠢᠯᠠᠵᠤ | ᠪᠤᠯᠬᠤᠶᠢᠴᠠ ᠤᠷᠤᠯᠭ᠎ᠠ ᠵᠢᠯ ᠲᠤᠮᠳᠠᠴᠢ 11% ᠪᠠᠷ ᠨᠡᠮᠡᠭᠳᠡᠪᠡ᠃ ᠪᠦᠭᠦ ᠨᠡᠶᠢᠭᠡᠮ ᠤᠨ ᠭᠡᠷᠡᠭᠯᠡᠭᠡᠨ ᠤ ᠪᠤᠳᠠᠰ ᠤᠨ | ᠵᠢᠵᠢᠭᠯᠡᠨ ᠪᠤᠷᠤᠯᠠᠭᠤᠯᠤᠯᠳᠠ ᠶᠢᠨ ᠶᠡᠷᠦᠩᠭᠡᠢ ᠦᠷᠳᠡᠭ 10.7% ᠪᠠᠷ ᠨᠡᠮᠡᠭᠳᠡᠵᠠᠢ᠃ ᠪᠦᠭᠦ ᠨᠡᠶᠢᠭᠡᠮ ᠤᠨ | ᠲᠤᠭᠳᠠᠮᠠᠯ ᠭᠦᠷᠦᠩᠭᠡ ᠶᠢᠨ ᠪᠡᠯᠡ ᠤᠷᠤᠭᠤᠯᠤᠯᠳᠠ ᠨᠠᠶᠢᠳᠠ 468.2 ᠳ᠋ᠦᠡᠭᠰᠢᠭᠤᠷ ᠲᠦᠭᠦᠷᠢᠭ ᠢ ᠪᠡᠶᠡᠯᠡᠭᠦᠯᠦᠭᠰᠡᠨ | ᠪᠠᠶᠢᠨ᠎ᠠ᠃ | ︵ᠬᠤᠶᠠᠷ︶ ᠮᠠᠯ ᠠᠵᠤ ᠠᠬᠤᠢ ᠶᠢᠨ ᠠᠵᠤ ᠤᠶᠢᠯᠠᠰᠵᠢᠯᠳᠠ ᠶᠢᠨ ᠬᠢᠷᠢ ᠲᠦᠪᠰᠢᠨ ᠮᠡᠳᠡᠭᠳᠡᠮ᠎ᠡ | ᠲᠡᠭᠡᠭᠰᠢᠯᠡᠵᠤ᠂ ᠤᠯᠠᠮᠵᠢᠯᠠᠯᠳᠤ ᠮᠠᠯ ᠠᠵᠤ ᠠᠬᠤᠢ ᠶᠢ ᠤᠳᠤᠬᠢᠴᠢᠯᠠᠭᠰᠠᠨ ᠮᠠᠯ ᠠᠵᠤ ᠠᠬᠤᠢ ᠵᠦᠭ ᠲᠤᠭᠳᠠᠭᠤᠨ | ᠢᠶᠠᠷ ᠠᠬᠢᠭᠤᠯᠪᠠ᠃ ᠲᠠᠪᠤᠨ ᠵᠢᠯ ᠤᠨ ᠲᠤᠷᠰᠢ᠂ ᠪᠢᠳᠠ ᠠᠵᠤ ᠤᠶᠢᠯᠡᠰᠵᠢᠭᠰᠡᠨ᠂ ᠭᠡᠪᠴᠢᠶᠡᠵᠢᠭᠰᠡᠨ᠂ | ᠪᠠᠷᠢᠮᠵᠢᠶᠠᠵᠢᠭᠰᠠᠨ᠂ ᠨᠡᠷᠡᠳᠦ ᠲᠡᠮᠳᠡᠭᠳᠤ ᠭᠦᠭᠵᠢᠯᠳᠠ ᠶᠢᠨ ᠴᠢᠭᠯᠡᠯ ᠢ ᠪᠠᠷᠢᠮᠳᠠᠯᠠᠨ᠂ ᠤᠳᠤᠬᠢᠴᠢᠯᠠᠭᠰᠠᠨ ᠮᠠᠯ ᠠᠵᠤ | ᠠᠬᠤᠢ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠪᠠ᠃ ᠮᠠᠯ ᠤᠨ ᠡᠭᠦᠯᠳᠡᠷ ᠰᠠᠶᠢᠵᠢᠷᠠᠭᠤᠯᠬᠤ | ᠠᠵᠢᠯ ᠢ ᠰᠠᠶᠢᠳᠤᠷ ᠦᠷᠨᠢᠭᠦᠯᠦᠭᠰᠡᠨ ᠠᠴᠠ ᠮᠠᠯ ᠠᠵᠤ ᠠᠬᠤᠢ ᠶᠢᠨ ᠦᠷ᠎ᠡ ᠠᠰᠢᠭ ᠮᠡᠳᠡᠭᠳᠡᠮ᠎ᠡ ᠳᠡᠭᠡᠭᠰᠢᠯᠡᠭᠰᠡᠨ | ᠪᠠᠶᠢᠨ᠎ᠠ᠃ ᠨᠡᠷᠡᠳᠦ ᠮᠠᠯ ᠤᠨ ᠠᠰᠢᠭ ᠰᠢᠮ᠎ᠠ ᠶᠢ ᠡᠳ᠋ᠰᠢᠭᠦᠯᠦᠨ ᠪᠤᠯᠪᠠᠰᠤᠷᠠᠭᠤᠯᠬᠤ ᠰᠠᠭᠤᠷᠢᠨ ᠭᠠᠵᠠᠷ ᠤᠨ | ᠪᠠᠶᠢᠭᠤᠯᠤᠯᠳᠠ ᠶᠢ ᠲᠦᠷᠭᠡᠳᠭᠡᠵᠤ᠂ ᠨᠢᠭᠡ ᠪᠦᠯᠦᠭ ᠲᠠᠸᠠᠷ ᠤᠨ ᠨᠡᠷᠡᠳᠦ ᠲᠡᠮᠳᠡᠭ ᠢ ᠡᠭᠦᠳᠪᠡ᠃ ᠦᠵᠦᠮᠦᠴᠢᠨ | ᠰᠢᠯᠢᠳᠡᠭ ᠡᠭᠦᠯᠳᠡᠷ ᠤᠨ ᠬᠤᠨᠢᠨ ᠮᠢᠬᠠᠨ ᠤ ᠬᠠᠩᠭᠠᠯᠭ᠎ᠠ ᠶᠢᠨ ᠵᠠᠬ᠎ᠠ ᠲᠡᠯᠭᠡᠭᠦᠷ ᠢ ᠦᠷᠭᠡᠳᠭᠡᠨ᠂ ᠬᠤᠨᠢᠨ ᠮᠢᠬᠠᠨ ᠤ | ᠠᠵᠤ ᠤᠶᠢᠯᠠᠰ ᠤᠨ ᠭᠡᠯᠬᠢᠶᠠᠵᠢᠯ ᠤᠨ ᠮᠦᠷᠳᠠᠨ ᠬᠠᠶᠢᠬᠤ ᠰᠢᠰᠲ᠋ᠧᠮ ᠤᠨ ᠪᠠᠶᠢᠭᠤᠯᠤᠯᠳᠠ ᠶᠢ ᠠᠬᠢᠭᠤᠯᠵᠤ᠂ | ᠮᠦᠷᠳᠡᠨ ᠬᠠᠶᠢᠬᠤ ᠰᠢᠰᠲ᠋ᠧᠮ ᠤᠨ ᠬᠤᠷᠠᠭ᠎ᠠ ᠨᠠᠶᠢᠳᠠ 70 ᠲᠦᠮᠡᠨ ᠲᠤᠯᠤᠭᠠᠢ ᠶᠢ ᠡᠳ᠋ᠰᠢᠭᠦᠯᠦᠨ ᠪᠤᠷᠤᠯᠠᠭᠤᠯᠵᠠᠢ᠃ | ᠦᠵᠦᠮᠦᠴᠢᠨ ᠬᠤᠨᠢᠨ ᠤ ᠡᠭᠦᠯᠳᠡᠷ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠰᠠᠶᠢᠳᠤᠷ ᠬᠢᠵᠤ᠂ ᠬᠤᠴᠠᠨ ᠤ | ᠨᠦᠭᠦᠪᠤᠷᠢ ᠶᠢ ᠭᠡᠷᠡᠭᠵᠢᠭᠦᠯᠦᠨ᠂ ᠡᠭᠦᠯᠳᠡᠷ ᠰᠠᠶᠢᠵᠢᠷᠠᠭᠤᠯᠬᠤ ᠠᠬᠢᠴᠠ ᠪᠠᠨ ᠲᠦᠷᠭᠡᠳᠭᠡᠵᠤ᠂ ᠶᠠᠰᠤ ᠴᠢᠨᠠᠷ ᠢ | ᠰᠠᠶᠢᠵᠢᠷᠠᠭᠤᠯᠤᠨ᠂ ᠭᠠᠷᠭᠠᠯᠳᠠ ᠪᠠᠨ ᠲᠡᠭᠡᠭᠰᠢᠯᠡᠭᠦᠯᠭᠦ ᠪᠠᠷ ᠲᠠᠮᠵᠢᠭᠤᠯᠤᠨ᠂ ᠵᠠᠬ᠎ᠠ ᠲᠡᠯᠭᠡᠭᠦᠷ ᠤᠨ ᠦᠷᠢᠰᠦᠯᠳᠦᠭᠡᠨ | ᠤ ᠴᠢᠳᠠᠪᠤᠷᠢ ᠶᠢ ᠲᠡᠭᠡᠭᠰᠢᠯᠡᠭᠦᠯᠦᠨ᠂ ᠮᠠᠯᠴᠢᠳ ᠤᠨ ᠤᠷᠤᠯᠭ᠎ᠠ ᠶᠢᠨ ᠨᠡᠮᠡᠭᠳᠡᠯ ᠢ ᠦᠷᠭᠦᠯᠵᠢᠯᠡᠨ ᠪᠠᠳᠤᠯᠠᠵᠤ᠂ ᠬᠢᠨᠠᠨ | ᠲᠤᠭᠳᠠᠭᠠᠯᠳᠠ ᠬᠢᠭᠦ ᠪᠠᠷ ᠲᠠᠮᠵᠢᠨ᠂ ᠨᠡᠶᠢᠳᠠ 24991 ᠲᠤᠯᠤᠭᠠᠢ ᠬᠤᠴᠠᠨ ᠤ 2545 ᠲᠦᠮᠡᠨ ᠲᠦᠭᠦᠷᠢᠭ ᠤᠨ | ᠨᠦᠭᠦᠪᠤᠷᠢ ᠲᠠᠷᠬᠠᠭᠠᠨ᠂ 6549 ᠡᠷᠦᠭᠡ ᠳᠤ ᠠᠰᠢᠭ ᠭᠦᠷᠳᠡᠭᠡᠵᠤ᠂ ᠦᠷ᠎ᠠ ᠶᠢᠨ ᠮᠠᠯ ᠤᠨ ᠲᠠᠯᠠᠪᠠᠢ 5 ᠶᠢ | ᠪᠠᠶᠢᠭᠤᠯᠤᠨ᠂ ᠬᠤᠴᠠ ᠮᠠᠯᠵᠢᠬᠤ ᠲᠤᠰᠬᠠᠢ ᠡᠷᠦᠭᠡ 130 ᠶᠢ ᠬᠢᠨᠠᠨ ᠲᠤᠭᠳᠠᠭᠠᠪᠠ᠃ ᠮᠢᠬᠠᠨ ᠤ ᠬᠤᠨᠢ ᠶᠢ | ᠮᠠᠯᠵᠢᠵᠤ ᠪᠠᠶᠢᠭ᠎ᠠ ᠪᠠᠷᠢᠮᠵᠢᠶᠠᠳᠤ ᠭᠡᠷ ᠪᠦᠯᠢ ᠶᠢᠨ ᠮᠠᠯᠵᠢᠯ ᠤᠨ ᠲᠠᠯᠠᠪᠠᠢ 50᠂ 300 ᠲᠤᠯᠤᠭᠠᠢ ᠠᠴᠠ ᠲᠡᠭᠡᠭᠰᠢᠬᠢ | ᠡᠬᠡ ᠮᠠᠯ ᠮᠠᠯᠵᠢᠵᠦ ᠪᠠᠶᠢᠭ᠎ᠠ ᠬᠡᠪᠴᠢᠶᠡᠵᠢᠭᠰᠡᠨ ᠮᠠᠯᠵᠢᠬᠤ ᠡᠷᠦᠭᠡ 1000 ᠶᠢ ᠭᠦᠭᠵᠢᠭᠦᠯᠪᠡ᠃ ︽ᠬᠤᠨᠢ ᠶᠢ | ᠴᠢᠨᠠᠷᠵᠢᠭᠤᠯᠵᠤ᠂ ᠦᠭᠡᠷ ᠢ ᠨᠡᠮᠡᠭᠳᠡᠭᠦᠯᠭᠦ︾ ᠪᠠᠶᠢᠯᠳᠤᠬᠤ ᠪᠤᠳᠤᠯᠭ᠎ᠠ ᠶᠢ ᠲᠤᠭᠳᠠᠭᠤᠨ ᠢᠶᠠᠷ ᠭᠡᠷᠡᠭᠵᠢᠭᠦᠯᠵᠤ᠂ | ᠰᠢᠯᠢᠳᠡᠭ ᠡᠭᠦᠯᠳᠡᠷ ᠤᠨ ᠮᠢᠬᠠᠨ ᠤ ᠦᠭᠡᠷ ᠤᠨ ᠠᠵᠤ ᠤᠶᠢᠯᠠᠰ ᠢ ᠭᠦᠭᠵᠢᠭᠦᠯᠭᠦ ᠪᠠᠷ ᠰᠢᠪᠳᠤᠯᠤᠯᠳᠠ ᠪᠤᠯᠭᠠᠨ᠂ ᠮᠠᠯ | ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠳᠦᠴᠠ ᠶᠢᠨ ᠴᠢᠨᠠᠷᠳᠠᠢ ᠦᠭᠡᠷᠡᠴᠢᠯᠠᠯᠳᠠ ᠶᠢ ᠠᠬᠢᠭᠤᠯᠵᠤ᠂ | 2017 ᠤᠨ ᠤ ᠵᠢᠯ ᠤᠨ ᠡᠴᠦᠰ ᠤᠨ ᠮᠢᠬᠠᠨ ᠤ ᠦᠭᠡᠷ ᠤᠨ ᠲᠤᠭ᠎ᠠ ᠶᠢ 2013 ᠤᠨ ᠠᠴᠠ 8.7 ᠲᠦᠮᠡᠨ | ᠲᠤᠯᠤᠭᠠᠢ ᠨᠡᠮᠡᠭᠳᠡᠭᠦᠯᠪᠡ᠃ ᠮᠢᠬᠠᠨ ᠤ ᠦᠭᠡᠷ ᠦᠰᠭᠡᠭᠦ ᠪᠠᠷᠢᠮᠵᠢᠶᠠᠵᠢᠭᠰᠠᠨ ᠭᠡᠪᠴᠢᠶᠠᠵᠢᠯ ᠢ ᠦᠷᠭᠡᠳᠭᠡᠵᠤ᠂ | ᠰᠢᠯᠢᠳᠡᠭ ᠡᠭᠦᠯᠳᠡᠷ ᠤᠨ ᠮᠢᠬᠠᠨ ᠤ ᠦᠭᠡᠷ ᠤᠨ ᠭᠤᠤᠯᠯᠠᠭᠴᠢ ᠰᠦᠷᠦᠭ ᠨᠡᠶᠢᠳᠠ 24 ᠶᠢ ᠪᠠᠶᠢᠭᠤᠯᠵᠤ᠂ ᠬᠢᠨᠠᠨ | ᠲᠤᠭᠳᠠᠭᠠᠯᠳᠠ ᠬᠢᠭᠦ ᠪᠠᠷ ᠲᠠᠮᠵᠢᠨ᠂ ᠬᠢᠷᠢ ᠲᠡᠩᠴᠡᠭᠰᠡᠨ ᠭᠤᠤᠯᠯᠠᠭᠴᠢ ᠰᠦᠷᠦᠭ ᠤᠨ 3000 ᠲᠤᠯᠤᠭᠠᠢ ᠦᠨᠢᠶᠡᠨ | ᠤ 70 ᠲᠦᠮᠡᠨ ᠲᠦᠭᠦᠷᠢᠭ ᠤᠨ ᠨᠦᠭᠦᠪᠤᠷᠢ ᠶᠢ ᠲᠠᠷᠬᠠᠭᠠᠵᠠᠢ᠃ ᠬᠢᠨᠠᠨ ᠲᠤᠭᠳᠠᠭᠠᠯᠳᠠ ᠬᠢᠭᠦ ᠪᠠᠷ ᠲᠠᠮᠵᠢᠨ᠂ ᠬᠢᠷᠢ | ᠲᠡᠩᠴᠡᠭᠰᠡᠨ 10 ᠲᠦᠮᠡᠨ ᠲᠤᠯᠤᠭᠠᠢ ᠰᠠᠶᠢᠨ ᠡᠭᠦᠯᠳᠡᠷ ᠤᠨ ᠦᠨᠢᠶᠠᠨ ᠤ 1100 ᠲᠦᠮᠡᠨ ᠲᠦᠭᠦᠷᠢᠭ ᠤᠨ | ᠨᠦᠭᠦᠪᠤᠷᠢ ᠶᠢ ᠲᠠᠷᠬᠠᠭᠠᠵᠤ᠂ 9500 ᠮᠠᠯᠵᠢᠬᠤ ᠡᠷᠦᠭᠡ ᠳᠤ ᠠᠰᠢᠭ ᠭᠦᠷᠳᠡᠭᠡᠪᠡ᠃ ᠮᠢᠬᠠᠨ ᠤ ᠦᠭᠡᠷ ᠤᠨ ᠭᠡᠷ | ᠪᠦᠯᠢ ᠶᠢᠨ ᠮᠠᠯᠵᠢᠯ ᠤᠨ ᠲᠠᠯᠠᠪᠠᠢ 56 ᠶᠢ ᠭᠦᠭᠵᠢᠭᠦᠯᠦᠨ᠂ 300 ᠲᠤᠯᠤᠭᠠᠢ ᠠᠴᠠ ᠲᠡᠭᠡᠭᠰᠢᠬᠢ ᠡᠭᠡ ᠮᠠᠯ ᠲᠠᠢ | ᠭᠡᠪᠴᠢᠶᠡᠵᠢᠭᠰᠡᠨ ᠮᠠᠯᠵᠢᠯ ᠤᠨ ᠲᠠᠯᠠᠪᠠᠢ 3 ᠶᠢ ᠪᠠᠶᠢᠭᠤᠯᠵᠤ᠂ ᠵᠢᠯ ᠤᠨ ᠭᠠᠷᠭᠠᠯᠳᠠ 500 ᠲᠤᠯᠤᠭᠠᠢ ᠠᠴᠠ | ᠲᠡᠭᠡᠭᠰᠢᠬᠢ ᠭᠡᠪᠴᠢᠶᠡᠵᠢᠭᠰᠡᠨ ᠪᠤᠷᠳᠤᠨ ᠲᠠᠷᠭᠤᠯᠠᠭᠤᠯᠬᠤ ᠲᠠᠯᠠᠪᠠᠢ 3 ᠶᠢ ᠪᠠᠶᠢᠭᠤᠯᠵᠠᠢ᠃ ᠦᠭᠡᠷ ᠤᠨ ᠡᠭᠦᠯᠳᠡᠷ | ᠰᠠᠶᠢᠵᠢᠷᠠᠭᠤᠯᠬᠤ ᠠᠵᠢᠯ ᠤᠨ ᠦᠷ᠎ᠡ ᠪᠦᠳᠦᠭᠡᠯ ᠢᠶᠠᠨ ᠪᠠᠬᠢᠵᠢᠭᠦᠯᠵᠤ᠂ 39.3 ᠲᠦᠮᠡᠨ ᠲᠤᠯᠤᠭᠠᠢ ᠦᠨᠢᠶᠠᠨ ᠳᠤ | ᠢᠴᠡᠭᠡᠯ ᠦᠷ᠎ᠡ ᠶᠢᠨ ᠭᠡᠭᠡᠯᠳᠦᠭᠦᠯᠭᠡ ᠬᠢᠪᠡ᠃ ᠵᠢᠯ ᠪᠦᠷᠢ ᠶᠢᠨ ᠡᠪᠦᠯᠵᠢᠬᠦ ᠮᠠᠯ ᠤᠨ ᠲᠤᠭ᠎ᠠ ᠶᠢ 100 ᠲᠦᠮᠡᠨ | ᠲᠤᠯᠤᠭᠠᠢ ᠤᠷᠴᠢᠮ ᠳᠤ ᠬᠢᠵᠠᠭᠠᠷᠯᠠᠪᠠ᠃ ᠦᠵᠦᠮᠦᠴᠢᠨ ᠴᠠᠭᠠᠨ ᠠᠳᠤᠭᠤᠨ ᠤ ᠭᠤᠤᠯᠯᠠᠭᠴᠢ ᠰᠦᠷᠦᠭ ᠤᠨ | ᠪᠠᠶᠢᠭᠤᠯᠤᠯᠳᠠ ᠶᠢ ᠴᠢᠩᠭᠠᠳᠬᠠᠵᠤ᠂ ᠤᠷᠤᠨ ᠨᠤᠳᠤᠭ ᠤᠨ ᠰᠢᠯᠢᠳᠡᠭ ᠡᠭᠦᠯᠳᠡᠷ ᠢ ᠬᠠᠮᠠᠭᠠᠯᠠᠪᠠ᠃ ᠲᠠᠷᠢᠶᠠᠯᠠᠩ ᠮᠠᠯ | ᠠᠵᠤ ᠠᠬᠤᠢ ᠶᠢᠨ ᠶᠡᠷᠦᠩᠭᠡᠶᠢᠯᠡᠭᠰᠡᠨ ᠨᠡᠭᠡᠭᠡᠨ ᠭᠦᠭᠵᠢᠭᠦᠯᠦᠯᠳᠠ᠂ ᠪᠡᠯᠴᠢᠭᠡᠷ ᠤᠨ ᠮᠠᠯ ᠠᠵᠤ ᠠᠬᠤᠢ ᠶᠢᠨ | ᠲᠤᠷᠰᠢᠯᠳᠠ ᠶᠢᠨ ᠴᠡᠭ ᠪᠤᠯᠤᠨ ᠤᠳᠤᠬᠢᠴᠢᠯᠠᠭᠰᠠᠨ ᠮᠢᠬᠠᠨ ᠤ ᠬᠤᠨᠢᠨ ᠤ ᠠᠵᠤ ᠤᠶᠢᠯᠠᠰ ᠪᠠ ᠮᠢᠬᠠᠨ ᠤ ᠦᠭᠡᠷ | ᠬᠤᠨᠢᠨ ᠤ ᠪᠠᠷᠢᠮᠵᠢᠶᠠᠵᠢᠭᠰᠠᠨ ᠮᠠᠯᠵᠢᠯ ᠵᠡᠷᠭᠡ ᠲᠦᠷᠦᠯ ᠵᠤᠶᠢᠯ ᠤᠨ ᠪᠠᠶᠢᠭᠤᠯᠤᠯᠳᠠ ᠶᠢ ᠯᠠᠪᠳᠠᠭᠤᠨ ᠢᠶᠠᠷ | ᠦᠷᠨᠢᠭᠦᠯᠵᠤ᠂ ᠮᠠᠯᠴᠢᠳ ᠤᠨ ᠤᠶᠢᠯᠠᠳᠪᠤᠷᠢᠯᠠᠯ ᠡᠵᠡᠩᠨᠡᠯᠳᠠ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠶᠢ | ᠭᠦᠳᠦᠯᠦᠨ ᠲᠠᠭᠠᠭᠤᠯᠬᠤ ᠶᠢᠨ ᠬᠠᠮᠳᠤ ᠭᠦᠴᠦᠯᠠᠨ ᠲᠡᠮᠵᠢᠭᠰᠡᠨ ᠪᠠᠶᠢᠨ᠎ᠠ᠃ | ︵ᠭᠤᠷᠪᠠ︶ ᠤᠳᠤᠬᠢᠴᠢᠯᠠᠭᠰᠠᠨ ᠠᠵᠤ ᠤᠶᠢᠯᠠᠳᠪᠤᠷᠢ ᠶᠢᠨ ᠠᠵᠤ ᠤᠶᠢᠯᠠᠰ ᠤᠨ ᠲᠤᠭᠳᠠᠴᠠ ᠶᠢ ᠠᠩᠬ᠎ᠠ | ᠠᠯᠬᠤᠮ ᠪᠦᠷᠢᠯᠳᠦᠭᠦᠯᠵᠤ᠂ ᠠᠵᠤ ᠠᠬᠤᠢ ᠶᠢᠨ ᠨᠡᠮᠡᠭᠳᠡᠯ ᠢ ᠲᠠᠶᠢᠴᠢᠯᠠᠬᠤ ᠭᠦᠳᠡᠯᠭᠡᠭᠦ ᠭᠦᠴᠦᠨ ᠤ ᠤᠶᠢᠯᠠᠳᠤᠯ ᠢ | ᠤᠯᠠᠮ ᠨᠢᠭᠡ ᠠᠯᠬᠤᠮ ᠴᠢᠩᠭᠠᠳᠬᠠᠪᠠ᠃ ᠮᠠᠨ ᠤ ᠬᠤᠰᠢᠭᠤᠨ ᠤ ᠪᠤᠳᠠᠳᠤ ᠠᠵᠤ ᠠᠬᠤᠢ ᠶᠢᠨ ᠭᠡᠪᠴᠢᠶᠡᠵᠢᠯ ᠢ | ᠦᠷᠭᠦᠯᠵᠢᠯᠡᠨ ᠦᠷᠭᠡᠳᠭᠡᠵᠤ᠂ ᠨᠢᠭᠡ ᠪᠦᠯᠦᠭ ᠪᠤᠳᠠᠳᠤ ᠭᠦᠴᠦᠨ ᠢᠶᠠᠷ ᠴᠢᠩᠭ᠎ᠠ ᠲᠤᠮᠤ ᠬᠡᠯᠪᠡᠷᠢ ᠶᠢᠨ ᠠᠵᠤ | ᠠᠬᠤᠶᠢᠯᠠᠯ ᠨᠢ ᠮᠠᠨ ᠤ ᠬᠤᠰᠢᠭᠤᠨ ᠳᠤ ᠪᠡᠯᠡ ᠤᠷᠤᠭᠤᠯᠵᠤ ᠤᠶᠢᠯᠡᠳᠪᠤᠷᠢ ᠪᠠᠶᠢᠭᠤᠯᠤᠨ᠂ ᠪᠦᠭᠦ ᠠᠶᠢᠮᠠᠭ ᠤᠨ | ᠠᠩᠬᠠᠳᠠᠭᠴᠢ ᠰᠲ᠋ᠤᠺ ᠤᠨ ᠵᠠᠬ᠎ᠠ ᠳᠤ ᠲᠠᠩᠰᠠᠯᠠᠭᠤᠯᠤᠭᠰᠠᠨ ᠺᠤᠮᠫᠠᠨᠢ — ᠶᠢᠨ ᠲᠠᠢ ᠺᠤᠮᠫᠠᠨᠢ ᠶᠢᠨ ᠶᠡᠷᠦᠩᠭᠡᠢ ᠭᠡᠯᠳᠡᠰ | ᠨᠢ ᠮᠠᠨ ᠤ ᠬᠤᠰᠢᠭᠤᠨ ᠳᠤ ᠰᠠᠭᠤᠷᠢᠰᠢᠭᠰᠠᠨ ᠪᠠᠶᠢᠨ᠎ᠠ᠃ ᠦᠨᠳᠤᠷ ᠦᠷ᠎ᠠ ᠠᠰᠢᠭᠳᠤ ᠡᠨᠧᠷᠭᠢ ᠠᠷᠪᠢᠯᠠᠬᠤ᠂ | ᠬᠠᠮᠤᠭ ᠪᠠᠭ᠎ᠠ ᠭᠡᠮᠵᠢᠶ᠎ᠠ ᠪᠠᠷ ᠭᠠᠳᠠᠭᠰᠢᠯᠠᠭᠤᠯᠬᠤ ᠪᠠᠷᠢᠮᠵᠢᠶ᠎ᠠ ᠶᠢ ᠦᠨᠳᠦᠰᠦᠯᠠᠵᠤ᠂ ᠰᠢᠯᠢ ᠶᠢᠨ ᠭᠤᠤᠯ ᠠᠶᠢᠮᠠᠭ | ᠠᠴᠠ ᠱᠠᠨᠳᠦ᠋ᠩ ᠭᠦᠷᠭᠦ 1000 ᠺᠢᠯᠤᠸᠤᠯᠲ ᠤᠨᠴᠠ ᠦᠨᠳᠤᠷ ᠭᠦᠴᠦᠳᠠᠯᠳᠤ ᠴᠠᠬᠢᠯᠭᠠᠨ ᠡᠭᠦᠰᠭᠡᠭᠴᠢ ᠶᠢᠨ | ᠬᠤᠸᠠ ᠷᠦᠨ᠂ ᠵᠢᠩ ᠨᠧᠩ ᠪᠦᠯᠦᠭᠯᠡᠯ ᠤᠨ 4×66 ᠳᠦᠮᠡᠨ ᠺᠢᠯᠣᠸᠠᠲ ᠶᠢᠨ ᠴᠠᠬᠢᠯᠭᠠᠨ ᠤᠶᠢᠯᠡᠳᠪᠤᠷᠢ ᠶᠢ | ᠪᠠᠶᠢᠭᠤᠯᠤᠨ ᠠᠵᠢᠯ ᠡᠬᠢᠯᠡᠭᠦᠯᠵᠦ᠂ ᠤᠳᠤ ᠮᠠᠰᠢᠨ ᠴᠤᠭᠴᠠᠯᠠᠪᠤᠷᠢ ᠪᠠᠨ ᠨᠢᠬᠡᠨᠳᠠ ᠲᠤᠬᠢᠷᠠᠭᠤᠯᠵᠤ᠂ ᠴᠠᠬᠢᠯᠭᠠᠨ | ᠭᠠᠷᠭᠠᠬᠤ ᠨᠦᠭᠦᠴᠡᠯ ᠢ ᠦᠨᠳᠤᠰᠦᠨ ᠳᠡᠭᠡᠨ ᠪᠦᠷᠢᠯᠳᠦᠭᠦᠯᠪᠡ᠃ ᠰᠢᠯᠢ ᠶᠢᠨ ᠭᠤᠤᠯ ᠠᠶᠢᠮᠠᠭ ᠠᠴᠠ ᠵᠢᠶᠠᠩᠰᠦ | ᠮᠤᠵᠢ ᠶᠢᠨ ᠲᠠᠶᠢᠵᠸᠤ ᠭᠦᠷᠭᠦ ±800 ᠺᠢᠯᠤᠸᠤᠯᠲ ᠶᠢᠨ ᠤᠨᠴᠠ ᠦᠨᠳᠤᠷ ᠭᠦᠴᠦᠳᠠᠯᠳᠤ ᠴᠠᠬᠢᠯᠭᠠᠨ ᠭᠦᠴᠦᠨ ᠢ | ᠭᠠᠳᠠᠭᠰᠢ ᠭᠦᠷᠭᠡᠭᠦ ᠴᠠᠬᠢᠯᠭᠠᠨ ᠡᠭᠦᠰᠭᠡᠭᠴᠢ ᠶᠢᠨ ᠪᠠᠶᠢᠭᠤᠯᠤᠯᠳᠠ ᠶᠢᠨ ᠲᠤᠭᠤᠷᠢᠨ ᠳᠤ᠂ 3 ᠴᠠᠬᠢᠯᠭᠠᠨ ᠭᠦᠴᠦᠨ ᠤ | ᠠᠵᠤ ᠠᠬᠤᠶᠢᠯᠠᠯ ᠤᠨ ᠲᠦᠷᠦᠯ ᠵᠤᠶᠢᠯ ᠢ ᠦᠨᠡᠯᠡᠭᠦᠯᠭᠦ ᠠᠵᠢᠯ ᠢ ᠡᠮᠬᠢ ᠴᠡᠭᠴᠡ ᠲᠠᠢ ᠠᠬᠢᠭᠤᠯᠪᠠ᠃ ᠪᠠᠶᠠᠨᠬᠤᠸᠠ | ᠨᠠᠷᠢᠯᠢᠭᠵᠢᠭᠤᠯᠤᠭᠰᠠᠨ ᠭᠦᠩᠭᠡᠨᠴᠠᠭᠠᠨ ᠬᠠᠪᠳᠠᠰᠤ ᠶᠢᠨ ᠤᠶᠢᠯᠠᠳᠪᠤᠷᠢ ᠶᠢᠨ ᠦᠪᠡᠷ ᠢ ᠪᠠᠨ ᠬᠠᠩᠭᠠᠬᠤ 2×35 | ᠳᠦᠮᠡᠨ ᠺᠢᠯᠣᠸᠠᠲ ᠴᠠᠬᠢᠯᠭᠠᠨ ᠭᠠᠷᠭᠠᠬᠤ ᠲᠦᠷᠦᠯ ᠵᠤᠶᠢᠯ ᠢ ᠠᠵᠢᠯ ᠡᠬᠢᠯᠡᠭᠦᠯᠪᠡ᠃ ᠬᠢᠩᠭᠠᠨ ᠵᠡᠰ ᠴᠠᠶᠢᠷ | ᠬᠠᠶᠢᠯᠤᠭᠤᠯᠤᠨ ᠪᠤᠯᠪᠠᠰᠤᠷᠠᠭᠤᠯᠬᠤ ᠤᠶᠢᠯᠠᠳᠪᠤᠷᠢ ᠨᠢ ᠤᠯᠠᠨ ᠤᠯᠤᠰ ᠤᠨ ᠲᠡᠷᠢᠭᠦᠨ ᠤ ᠮᠡᠷᠭᠡᠵᠢᠯ ᠪᠤᠯᠬᠤ | ᠤᠰᠧᠮᠠᠶᠢᠲ ᠵᠤᠤᠬ᠎ᠠ ᠶᠢᠨ ᠮᠡᠷᠭᠡᠵᠢᠯ ᠢ ᠤᠷᠤᠭᠤᠯᠵᠤ᠂ ᠶᠢᠨ ᠮᠠᠨ ᠠᠭᠤᠷᠬᠠᠢ ᠶᠢᠨ ᠤᠶᠢᠯᠠᠰ ᠤᠨ ᠡᠳᠦᠷ ᠲᠤ | 5000 ᠲᠤᠨ ᠭᠦᠳᠡᠷ ᠰᠤᠩᠭᠤᠨ ᠪᠤᠯᠪᠠᠰᠤᠷᠠᠭᠤᠯᠬᠤ ᠲᠦᠷᠦᠯ ᠵᠤᠶᠢᠯ ᠢ ᠪᠦᠳᠦᠭᠡᠨ ᠪᠠᠶᠢᠭᠤᠯᠵᠤ ᠠᠰᠢᠭᠯᠠᠯᠳᠠ ᠳᠤ | ᠤᠷᠤᠭᠤᠯᠵᠠᠢ᠃ ᠲᠠᠪᠤᠨ ᠵᠢᠯ ᠤᠨ ᠲᠤᠷᠰᠢ᠂ ᠪᠢᠳᠠ ᠤᠯᠤᠰ ᠤᠨ ᠴᠢᠬᠤᠯᠠ ᠴᠡᠪᠡᠷ ᠡᠨᠧᠷᠭᠢ ᠶᠢ ᠭᠠᠳᠠᠭᠰᠢ | ᠭᠠᠷᠭᠠᠬᠤ ᠰᠠᠭᠤᠷᠢᠨ ᠭᠠᠵᠠᠷ ᠤᠨ ᠪᠠᠶᠢᠭᠤᠯᠤᠯᠳᠠ ᠶᠢᠨ ᠲᠤᠭᠤᠷᠢᠨ ᠳᠤ᠂ ︽ᠨᠡᠭᠦᠷᠡᠰᠣ — ᠴᠠᠬᠢᠯᠭᠠᠨ — | ᠬᠠᠶᠢᠯᠣᠭᠤᠯᠬᠤ — ᠪᠣᠯᠪᠠᠰᠣᠷᠠᠭᠤᠯᠬᠤ︾ ᠪᠠ ︽ᠨᠡᠭᠦᠷᠡᠰᠣ — ᠴᠠᠬᠢᠯᠭᠠᠨ — ᠠᠵᠤ ᠤᠶᠢᠯᠠᠳᠪᠤᠷᠢ ᠶᠢᠨ | ᠬᠠᠲᠠᠭᠤ ᠪᠡᠶᠡᠳᠣ ᠬᠠᠶᠠᠭᠳᠠᠮᠠᠯ ᠪᠣᠳᠠᠰ ᠢ ᠶᠡᠷᠦᠩᠭᠡᠶᠢᠯᠡᠨ ᠠᠰᠢᠭᠯᠠᠬᠤ︾ ᠠᠵᠣ ᠦᠢᠯᠡᠰ ᠤᠨ ᠬᠡᠯᠬᠢᠶᠡᠵᠢᠯ ᠢ | ᠤᠷᠳᠤᠳᠬᠠᠨ᠂ ᠤᠳᠤᠬᠢᠴᠢᠯᠠᠭᠰᠠᠨ ᠠᠵᠤ ᠤᠶᠢᠯᠠᠳᠪᠤᠷᠢ ᠶᠢᠨ ᠲᠤᠭᠳᠠᠴᠠ ᠶᠢ ᠠᠩᠬ᠎ᠠ ᠠᠯᠬᠤᠮ ᠪᠠᠶᠢᠭᠤᠯᠪᠠ᠃ | 2017 ᠤᠨ ᠳᠤ᠂ ᠪᠦᠭᠦ ᠬᠤᠰᠢᠭᠤᠨ ᠤ ᠭᠡᠪᠴᠢᠶᠠᠵᠢᠯ ᠠᠴᠠ ᠲᠡᠭᠡᠭᠰᠢᠬᠢ ᠠᠵᠤ ᠤᠶᠢᠯᠠᠳᠪᠤᠷᠢ ᠶᠢᠨ ᠠᠵᠤ | ᠠᠬᠤᠶᠢᠯᠠᠯ 31 ᠳᠤ ᠭᠦᠷᠴᠦ᠂ ᠡᠭᠦᠨ ᠳᠤ ᠤᠶᠢᠯᠠᠳᠪᠤᠷᠢᠯᠠᠯ ᠤᠨ ᠦᠷᠳᠡᠭ ᠳ᠋ᠦᠩᠰᠢᠭᠤᠷ ᠲᠦᠭᠦᠷᠢᠭ ᠠᠴᠠ | ᠲᠠᠪᠠᠭᠰᠠᠨ ᠨᠢ 16 ᠪᠤᠢ᠃ ᠨᠡᠭᠦᠷᠡᠰᠦ ᠪᠠᠷ ᠴᠠᠬᠢᠯᠭᠠᠨ ᠭᠠᠷᠭᠠᠬᠤ ᠮᠠᠰᠢᠨ ᠴᠤᠭᠴᠠᠯᠠᠪᠤᠷᠢ ᠶᠢᠨ ᠪᠠᠭᠳᠠᠭᠠᠮᠵᠢ ᠶᠢᠨ | ᠭᠡᠮᠵᠢᠶ᠎ᠡ 160 ᠲᠦᠮᠡᠨ ᠺᠢᠯᠤᠸᠠᠲ ᠳᠤ ᠭᠦᠷᠴᠦ᠂ ᠦᠩᠭᠡᠳᠦ ᠲᠡᠮᠦᠷᠯᠢᠭ ᠢ ᠬᠠᠶᠢᠯᠤᠭᠤᠯᠬᠤ ᠴᠢᠳᠠᠪᠤᠷᠢ 10 | ᠲᠦᠮᠡᠨ ᠲᠤᠨ ᠳᠤ ᠭᠦᠷᠴᠦ᠂ ᠦᠩᠭᠡᠳᠦ ᠲᠡᠮᠦᠷᠯᠢᠭ ᠢ ᠰᠤᠩᠭᠤᠨ ᠪᠤᠯᠪᠠᠰᠤᠷᠠᠭᠤᠯᠬᠤ ᠴᠢᠳᠠᠪᠤᠷᠢ 9500 ᠲᠦᠮᠡᠨ | ᠲᠤᠨ ᠳᠤ ᠭᠦᠷᠴᠦ᠂ ᠭᠦᠷᠡᠩ ᠨᠡᠭᠦᠷᠡᠰᠦᠨ ᠤ ᠤᠶᠢᠯᠠᠳᠪᠤᠷᠢᠯᠡᠯ ᠤᠨ ᠴᠢᠳᠠᠪᠬᠢ 4945 ᠲᠦᠮᠡᠨ ᠲᠤᠨ ᠳᠤ | ᠭᠦᠷᠴᠦ᠂ 30 ᠲᠦᠮᠡᠨ ᠲᠤᠨ ᠨᠡᠭᠦᠷᠡᠰᠦᠨ ᠤ ᠤᠶᠢᠯᠡᠳᠪᠤᠷᠢᠯᠡᠯ ᠤᠨ ᠴᠢᠳᠠᠪᠬᠢ ᠶᠢ ᠰᠢᠭᠰᠢᠭᠳᠡᠭᠦᠯᠦᠭᠰᠡᠨ ᠪᠠᠶᠢᠨ᠎ᠠ᠃ | | ︵ᠲᠦᠷᠪᠡ︶ ᠰᠤᠶᠤᠯ ᠵᠢᠭᠤᠯᠴᠢᠯᠠᠯ ᠢ ᠦᠷᠨᠢᠭᠦᠨ ᠭᠦᠭᠵᠢᠭᠦᠯᠵᠤ᠂ ᠭᠤᠷᠪᠠᠳᠤᠭᠠᠷ ᠠᠵᠤ ᠤᠶᠢᠯᠠᠰ ᠤᠨ | ᠠᠮᠢᠵᠢᠷᠠᠯ ᠤᠨ ᠭᠦᠴᠦᠨ ᠢ ᠭᠦᠭᠵᠢᠭᠡᠪᠡ᠃ ᠲᠠᠪᠤᠨ ᠵᠢᠯ ᠤᠨ ᠲᠤᠷᠰᠢ᠂ ᠪᠢᠳᠠ ᠪᠦᠭᠦᠶᠢᠯᠡ ᠤᠷᠤᠨ ᠪᠦᠰᠠ ᠶᠢᠨ | ᠵᠢᠭᠤᠯᠴᠢᠯᠠᠯ᠂ ᠲᠦᠷᠪᠡᠨ ᠤᠯᠠᠷᠢᠯ ᠤᠨ ᠵᠢᠭᠤᠯᠴᠢᠯᠠᠯ ᠳᠤ ᠰᠠᠭᠤᠷᠢᠯᠠᠵᠤ᠂ ᠨᠢᠭᠡᠳᠦᠯᠳᠠᠢ ᠲᠦᠯᠦᠪᠵᠢᠭᠦᠯᠦᠨ᠂ | ᠨᠠᠷᠢᠯᠢᠭ ᠤᠨᠤᠪᠴᠢᠳᠠᠢ ᠠᠷᠭ᠎ᠠ ᠪᠤᠳᠤᠯᠭ᠎ᠠ ᠶᠢ ᠠᠪᠴᠤ᠂ ︽ᠰᠤᠶᠤᠯ ᠤᠨ ᠭᠦᠴᠦᠷᠭᠡᠭ ᠬᠤᠰᠢᠭᠤ︾᠂ ︽ | ᠵᠢᠭᠤᠯᠴᠢᠯᠠᠯ +︾ ᠪᠠᠶᠢᠯᠳᠤᠬᠤ ᠪᠤᠳᠤᠯᠭ᠎ᠠ ᠶᠢ ᠭᠦᠨᠵᠡᠭᠡᠢ ᠭᠡᠷᠡᠭᠵᠢᠭᠦᠯᠵᠤ᠂ ᠰᠤᠶᠤᠯ ᠲᠠᠮᠢᠷ ᠵᠢᠭᠤᠯᠴᠢᠯᠠᠯ ᠤᠨ | ᠤᠶᠢᠯᠠᠰ ᠤᠨ ᠠᠵᠤ ᠠᠬᠤᠢ ᠶᠢᠨ ᠭᠦᠭᠵᠢᠯᠳᠠ ᠶᠢ ᠲᠠᠶᠢᠴᠢᠯᠠᠬᠤ ᠤᠶᠢᠯᠠᠳᠤᠯ ᠢ ᠤᠯᠠᠮ ᠨᠢᠭᠡ ᠠᠯᠬᠤᠮ | ᠪᠠᠳᠠᠷᠠᠭᠤᠯᠪᠠ᠃ ︽ᠪᠠᠭ᠋ᠠᠷᠤᠮ᠎ᠠ ᠰᠠᠶᠢᠬᠠᠨ ᠪᠠᠷᠠᠭᠤᠨ ᠦᠵᠦᠮᠦᠴᠢᠨ᠂ ᠪᠠᠶᠠᠰᠤᠨ ᠵᠤᠭᠠᠴᠠᠬᠤ ᠲᠠᠷᠬᠠᠨ ᠤᠷᠤᠨ︾ | ᠭᠡᠮᠡᠭᠦ ᠭᠤᠤᠯ ᠭᠦᠭ ᠠᠶᠠᠰ ᠢ ᠴᠢᠪᠬᠠᠳᠠᠵᠤ᠂ ︽ᠬᠤᠶᠠᠷ ᠶᠡᠭᠡ ᠭᠤᠤᠯ ᠰᠡᠳᠦᠪᠳᠤ ᠠᠵᠢᠯᠯᠠᠭ᠎ᠠ᠂ ᠲᠦᠷᠪᠠᠨ | ᠲᠦᠷᠦᠯ ᠤᠨ ᠰᠤᠶᠤᠯ ᠲᠠᠮᠢᠷ ᠤᠨ ᠤᠷᠤᠯᠳᠤᠭᠠᠨ︾ ᠢ ᠭᠦᠨᠵᠡᠭᠡᠢ ᠦᠷᠨᠢᠬᠦᠯᠵᠦ᠂ ᠵᠢᠭᠤᠯᠴᠢᠯᠠᠯ ᠤᠨ ᠤᠶᠢᠯᠠᠰ ᠢ | ᠲᠡᠰ ᠲᠡᠪᠰᠢᠭᠦᠯᠦᠨ᠂ ᠵᠢᠭᠤᠯᠴᠢᠯᠠᠯ ᠰᠡᠯᠡᠭᠦᠴᠡᠯ ᠢ ᠵᠡᠷᠭᠡᠪᠡᠷ ᠠᠳᠬᠤᠵᠤ᠂ ᠤᠯᠠᠮᠵᠢᠯᠠᠯᠳᠤ ᠠᠵᠤ ᠤᠶᠢᠯᠠᠰ ᠪᠤᠯᠤᠨ | ᠰᠢᠨ᠎ᠠ ᠪᠠᠷ ᠮᠠᠨᠳᠤᠭᠰᠠᠨ ᠠᠵᠤ ᠤᠶᠢᠯᠠᠰ ᠢ ᠵᠡᠷᠭᠡᠪᠡᠷ ᠭᠦᠭᠵᠢᠭᠦᠯᠦᠨ᠂ ᠰᠠᠭᠤᠷᠢ ᠲᠦᠭᠦᠭᠡᠷᠦᠮᠵᠢ ᠪᠤᠯᠤᠨ ᠤᠯᠠᠨ | ᠨᠡᠶᠢᠳᠠ ᠶᠢᠨ ᠤᠶᠢᠯᠡᠴᠢᠯᠡᠭᠡ ᠶᠢ ᠵᠡᠷᠭᠡ ᠳᠤᠨᠢ ᠠᠬᠢᠭᠤᠯᠤᠭᠰᠠᠨ ᠰᠢᠨ᠎ᠠ ᠭᠡᠪ ᠪᠠᠶᠢᠳᠠᠯ ᠢ ᠠᠩᠬ᠎ᠠ ᠠᠯᠬᠤᠮ | ᠪᠦᠷᠢᠯᠳᠦᠭᠦᠯᠦᠭᠰᠡᠨ ᠠᠴᠠ ᠮᠠᠨ ᠤ ᠬᠤᠰᠢᠭᠤ ᠨᠢ ᠦᠪᠡᠷᠳᠡᠭᠡᠨ ᠵᠠᠰᠠᠬᠤ ᠤᠷᠤᠨ ᠤ ᠪᠦᠭᠦᠶᠢᠯᠠ ᠤᠷᠤᠨ ᠪᠦᠰᠠ ᠶᠢᠨ | ᠵᠢᠭᠤᠯᠴᠢᠯᠠᠯ ᠤᠨ ᠵᠢᠱᠢᠶ᠎ᠠ ᠦᠵᠡᠭᠦᠯᠭᠦ ᠲᠤᠷᠰᠢᠯᠳᠠ ᠶᠢᠨ ᠴᠡᠭ ᠪᠤᠯᠤᠭᠰᠠᠨ ᠪᠠᠶᠢᠨ᠎ᠠ᠃ ᠦᠪᠦᠷ ᠮᠤᠩᠭᠤᠯ ᠤᠨ | ᠠᠷᠪᠠᠨ ᠲᠦᠷᠪᠡᠳᠦᠭᠡᠷ ᠬᠤᠭᠤᠴᠠᠭᠠᠨ ᠤ ᠮᠦᠡᠭᠭᠦᠨ ᠡᠪᠤᠯ ᠤᠨ ᠨᠠᠭᠠᠳᠤᠮ ᠵᠢᠴᠢ ᠲᠤᠯᠤᠳᠤᠭᠠᠷ ᠤᠳᠠᠭᠠᠨ ᠤ | ᠮᠤᠩᠭᠤᠯ ᠦᠨᠳᠤᠰᠦᠳᠠᠨ ᠤ ᠡᠪᠤᠯ ᠤᠨ ᠤᠯᠠᠷᠢᠯ ᠤᠨ ᠬᠤᠪᠴᠠᠰᠤ ᠵᠠᠰᠠᠯ ᠤᠨ ᠤᠷᠠᠯᠢᠭ ᠤᠨ ᠨᠠᠶᠢᠷ ᠢ ᠠᠮᠵᠢᠯᠳᠠᠳᠠᠢ | ᠡᠷᠬᠢᠯᠠᠵᠤ᠂ ᠬᠤᠰᠢᠭᠤ ᠨᠤᠲᠤᠭ ᠤᠨ ᠢᠶᠠᠨ ᠨᠠᠷᠠ ᠠᠯᠳᠠᠷᠰᠢᠯ ᠪᠤᠯᠤᠨ ᠨᠦᠯᠦᠭᠡᠯᠡᠭᠦ ᠭᠦᠴᠦᠨ ᠢᠶᠠᠨ ᠤᠯᠠᠮ ᠨᠢᠭᠡ | ᠠᠯᠬᠤᠮ ᠲᠡᠭᠡᠭᠰᠢᠯᠡᠭᠦᠯᠪᠠ᠃ ︽ᠮᠦᠩᠭᠦᠨ ᠡᠪᠤᠯ ᠤᠨ ᠦᠵᠦᠮᠦᠴᠢᠨ︾ ᠭᠡᠭᠦ ᠠᠵᠢᠯᠯᠠᠭ᠎ᠠ ᠨᠢ ᠦᠨᠳᠤᠰᠦᠳᠠᠨ ᠤ | ᠤᠨᠴᠠᠯᠢᠭᠳᠤ ᠪᠠᠶᠠᠷ ᠲᠤᠷᠠᠰᠬᠠᠯ ᠤᠨ ᠱᠠᠩᠨᠠᠯ ᠢ ᠲᠤᠰᠴᠤ᠂ ᠮᠠᠨ ᠤ ᠬᠤᠰᠢᠭᠤ ᠨᠢ ᠲᠤᠮᠳᠠᠳᠤ ᠤᠯᠤᠰ ᠤᠨ ᠨᠡᠷᠡᠳᠦ | ᠲᠡᠮᠳᠡᠭᠳᠦ ᠨᠠᠶᠢᠷ ᠨᠠᠭᠠᠳᠤᠮ ᠤᠨ ᠵᠢᠱᠢᠶ᠎ᠠ ᠦᠵᠡᠭᠦᠯᠭᠦ ᠰᠠᠭᠤᠷᠢᠨ ᠭᠠᠵᠠᠷ ᠢᠶᠠᠷ ᠴᠤᠯᠠᠯᠠᠭᠳᠠᠪᠠ᠃ 2017 ᠳᠤ᠂ | ᠪᠦᠭᠦ ᠬᠤᠰᠢᠭᠤᠨ ᠤ ᠭᠡᠪᠴᠢᠶᠠᠨ ᠳᠤ ᠭᠦᠯᠢᠶᠠᠨ ᠵᠤᠴᠢᠯᠠᠭᠰᠠᠨ ᠤᠯᠤᠰ ᠤᠨ ᠲᠤᠳᠤᠭᠠᠳᠤ ᠭᠠᠳᠠᠭᠠᠳᠤ ᠶᠢᠨ | ᠵᠤᠭᠠᠴᠠᠭᠰᠠᠳ ᠤᠨ ᠲᠤᠭ᠎ᠠ 2012 ᠤᠨ ᠠᠴᠠ 157% ᠪᠠᠷ ᠨᠡᠮᠡᠭᠳᠡᠨ᠂ ᠵᠢᠭᠤᠯᠴᠢᠯᠠᠯ ᠤᠨ ᠤᠷᠤᠯᠭ᠎ᠠ 41. | 3% ᠪᠠᠷ ᠨᠡᠮᠡᠭᠳᠡᠪᠡ᠃ ᠠᠷᠠᠯᠵᠢᠶ᠎ᠠ ᠬᠤᠳᠠᠯᠳᠤᠭᠠᠨ ᠤ ᠪᠤᠳᠠᠰ ᠤᠨ ᠭᠦᠢᠯᠭᠡᠭᠡᠨ ᠤ ᠤᠶᠢᠯᠠᠰ ᠢ ᠭᠦᠭᠵᠢᠭᠦᠯᠵᠤ᠂ | ᠪᠠᠶᠠᠨᠬᠤᠸᠠ ᠲᠤᠳᠤᠭᠠᠳᠤ ᠡᠭᠡ ᠬᠠᠭᠤᠷᠠᠢ ᠶᠢᠨ ᠭᠠᠷᠠᠮ ᠢ ᠢᠳᠡᠪᠬᠢᠳᠠᠢ ᠡᠭᠦᠳᠪᠠ︔ ᠪᠤᠳᠠᠰ ᠤᠨ ᠭᠦᠢᠯᠭᠡᠭᠡᠨ ᠤ | ᠠᠵᠤ ᠠᠬᠤᠶᠢᠯᠠᠯ ᠢ ᠤᠷᠢᠨ ᠤᠷᠤᠭᠤᠯᠵᠤ ᠭᠦᠭᠵᠢᠭᠦᠯᠦᠨ᠂ ᠭᠠᠳᠠᠭᠰᠢ ᠲᠤᠳᠤᠭᠰᠢ ᠬᠤᠯᠪᠤᠭᠠᠯᠠᠭᠰᠠᠨ᠂ ᠦᠨᠳᠤᠷ | ᠬᠤᠷᠳᠤᠴᠠᠳᠤ᠂ ᠲᠦᠭᠦᠮ ᠠᠪᠰᠠᠷ᠂ ᠬᠤᠳᠠ ᠭᠦᠳᠡᠭᠡ ᠶᠢ ᠪᠦᠷᠭᠦᠭᠰᠡᠨ ᠪᠤᠳᠠᠰ ᠤᠨ ᠭᠦᠢᠯᠭᠡᠭᠡᠨ ᠤ ᠰᠢᠰᠲ᠋ᠧᠮ ᠢ | ᠦᠨᠳᠤᠰᠦᠨ ᠳᠡᠭᠡᠨ ᠪᠠᠶᠢᠭᠤᠯᠵᠤ᠂ ᠬᠤᠳᠠ ᠭᠦᠳᠡᠭᠡ ᠶᠢᠨ ᠭᠦᠭᠵᠢᠯᠳᠠ ᠶᠢ ᠨᠢᠭᠡᠳᠦᠯᠳᠠᠢ ᠲᠦᠯᠦᠪᠵᠢᠭᠦᠯᠭᠦ ᠳᠤ | ᠰᠠᠭᠤᠷᠢ ᠲᠠᠯᠪᠢᠵᠠᠢ᠃ 2017 ᠤᠨ ᠤ ᠵᠠᠰᠠᠮᠠᠯ ᠵᠠᠮ ᠤᠨ ᠠᠶᠠᠨᠴᠢᠳ ᠵᠦᠭᠡᠭᠡᠪᠦᠷᠢᠯᠡᠭᠰᠡᠨ ᠭᠡᠮᠵᠢᠶ᠎ᠠ᠂ | ᠵᠦᠭᠡᠭᠡᠪᠤᠷᠢᠯᠡᠭᠰᠡᠨ ᠵᠠᠮ ᠤᠨ ᠤᠷᠳᠤ ᠶᠢᠨ ᠭᠡᠮᠵᠢᠶ᠎ᠠ᠂ ᠪᠠᠷᠠᠭ᠎ᠠ ᠲᠡᠭᠡᠭᠡᠪᠦᠷᠢᠯᠡᠭᠰᠡᠨ ᠭᠡᠮᠵᠢᠶ᠎ᠠ ᠵᠢᠴᠢ ᠲᠡᠭᠡᠭᠡᠪᠦᠷᠢᠯᠡᠭᠰᠡᠨ | ᠵᠠᠮ ᠤᠨ ᠤᠷᠳᠤ ᠶᠢᠨ ᠭᠡᠮᠵᠢᠶ᠎ᠠ ᠨᠢ 2012 ᠤᠨ ᠠᠴᠠ ᠲᠤᠰᠪᠤᠷᠢ 47%᠂ 53%᠂ 54% ᠪᠤᠯᠤᠨ 31% | ᠪᠠᠷ ᠨᠡᠮᠡᠭᠳᠡᠭᠰᠡᠨ ᠪᠠᠶᠢᠨ᠎ᠠ᠃ | ︵ᠲᠠᠪᠤ︶ ᠰᠠᠭᠤᠷᠢ ᠲᠦᠭᠦᠭᠡᠷᠦᠮᠵᠢ ᠶᠢᠨ ᠨᠦᠭᠦᠴᠡᠯ ᠢᠯᠡᠳᠳᠠ ᠰᠠᠶᠢᠵᠢᠷᠠᠵᠤ᠂ ᠤᠯᠠᠨ ᠨᠠᠶᠢᠳᠠ ᠶᠢᠨ | ᠤᠶᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠲᠡᠭᠡᠭᠰᠢᠯᠡᠭᠦᠯᠪᠡ᠃ ᠪᠢᠳᠠ ᠭᠦᠭᠵᠢᠯᠳᠠ ᠶᠢ ᠪᠠᠳᠤᠯᠠᠬᠤ | ᠴᠢᠳᠠᠪᠤᠷᠢ ᠪᠠᠨ ᠲᠡᠭᠡᠭᠰᠢᠯᠡᠭᠦᠯᠭᠦ ᠳᠤ ᠰᠠᠭᠤᠷᠢᠯᠠᠨ᠂ ᠲᠦᠷᠦᠯ ᠵᠤᠶᠢᠯ ᠤᠨ ᠪᠡᠯᠡ ᠮᠦᠩᠭᠦ ᠶᠢ ᠢᠳᠡᠪᠬᠢᠳᠠᠢ | ᠡᠷᠡᠮᠡᠯᠵᠡᠯᠡᠨ ᠤᠯᠵᠤ᠂ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠪᠠᠨ ᠲᠠᠰᠤᠷᠠᠯᠳᠠ ᠦᠭᠡᠢ | ᠰᠠᠶᠢᠵᠢᠷᠠᠭᠤᠯᠪᠠ᠃ ᠲᠠᠪᠤᠨ ᠵᠢᠯ ᠤᠨ ᠲᠤᠷᠰᠢ᠂ 8.7 ᠳ᠋ᠦᠩᠰᠢᠭᠤᠷ ᠲᠦᠭᠦᠷᠢᠭ ᠤᠨ ᠪᠡᠯᠡ ᠵᠠᠷᠤᠴᠠᠭᠤᠯᠵᠤ᠂ | 2209 ᠺᠢᠯᠤᠮᠧᠲᠷ ᠤᠷᠳᠤ᠂ 167 ᠵᠤᠷᠪᠤᠰ ᠮᠠᠯᠵᠢᠬᠤ ᠤᠷᠤᠨ ᠤ ᠵᠠᠰᠠᠮᠠᠯ ᠵᠠᠮ ᠢ ᠵᠠᠰᠠᠵᠤ᠂ ᠪᠦᠭᠦ ᠬᠤᠰᠢᠭᠤᠨ | ᠤ ᠵᠠᠰᠠᠮᠠᠯ ᠵᠠᠮ ᠤᠨ 94% ᠶᠢ ᠡᠵᠡᠯᠡᠨ᠂ ᠵᠠᠰᠠᠮᠠᠯ ᠵᠠᠮ ᠤᠨ ᠳᠡᠰᠵᠢᠯᠳᠡ᠂ ᠲᠡᠷᠭᠡ ᠨᠡᠪᠳᠡᠷᠡᠭᠦ ᠵᠠᠮ ᠤᠨ ᠤᠷᠳᠤ᠂ | ᠵᠠᠰᠠᠮᠠᠯ ᠵᠠᠮ ᠤᠨ ᠨᠢᠬᠳᠠᠴᠠ ᠶᠢᠨ ᠭᠡᠮᠵᠢᠶ᠎ᠠ ᠮᠡᠳᠡᠭᠳᠡᠮ᠎ᠠ ᠲᠡᠭᠡᠭᠰᠢᠯᠡᠪᠡ᠃ 3 ᠵᠤᠷᠪᠤᠰ ᠲᠡᠮᠤᠷ ᠵᠠᠮ ᠢ ᠵᠠᠯᠭᠠᠨ | ᠵᠠᠰᠠᠵᠤ᠂ 2 ᠵᠤᠷᠪᠤᠰ ᠲᠡᠮᠤᠷ ᠵᠠᠮ ᠢ ᠰᠢᠨ᠎ᠠ ᠪᠠᠷ ᠵᠠᠰᠠᠵᠤ᠂ ᠶᠡᠷᠦᠩᠭᠡᠢ ᠤᠷᠳᠤ ᠨᠢ 520 ᠺᠢᠯᠤᠮᠧᠲᠷ ᠲᠤ ᠭᠦᠷᠪᠡ | ᠃ ᠰᠢᠯᠢ ᠶᠢᠨ ᠬᠤᠳᠠ ᠠᠴᠠ ᠤᠯᠠᠭᠠᠨᠬᠤᠳᠠ ᠭᠦᠷᠭᠦ ᠲᠡᠮᠤᠷ ᠵᠠᠮ ᠪᠦᠭᠦ ᠱᠤᠭᠤᠮ ᠢᠶᠠᠷ ᠲᠡᠷᠭᠡ ᠨᠡᠪᠳᠡᠷᠡᠵᠤ᠂ ᠮᠠᠨ ᠤ | ᠬᠤᠰᠢᠭᠤᠨ ᠳᠤ ᠠᠶᠠᠨᠴᠢᠳ ᠤᠨ ᠭᠠᠯᠳᠤ ᠲᠡᠷᠭᠡ ᠪᠠᠶᠢᠬᠤ ᠦᠭᠡᠢ ᠲᠡᠤᠭᠡ ᠶᠢ ᠡᠴᠦᠰᠯᠡᠭᠦᠯᠵᠠᠢ᠃ ᠪᠠᠶ᠋ᠬᠠᠭᠤᠯᠠ | ᠨᠢᠰᠭᠡᠯ ᠤᠨ ᠪᠠᠭᠤᠳᠠᠯ ᠤᠨ ᠲᠦᠷᠦᠯ ᠵᠤᠶᠢᠯ ᠢ ᠠᠬᠢᠭᠤᠯᠵᠤ᠂ ᠪᠡᠯᠡᠳᠭᠡᠯ ᠠᠵᠢᠯ ᠨᠢᠬᠡᠨᠳᠠ ᠡᠬᠢᠯᠡᠭᠰᠡᠨ ᠪᠠᠶᠢᠨ᠎ᠠ᠃ | ᠪᠠᠯᠭᠠᠷᠭᠤᠤᠯ ᠪᠠᠯᠭᠠᠰᠤ ᠪᠤᠯᠤᠨ ᠪᠠᠶᠠᠨᠬᠤᠸᠠ ᠪᠠᠯᠭᠠᠰᠤᠨ ᠤ ᠦᠶᠡᠷ ᠢ ᠰᠡᠷᠭᠡᠶᠢᠯᠡᠭᠦ ᠢᠨᠵᠧᠨᠧᠷᠢᠩ ᠤᠨ 16.3 | ᠺᠢᠯᠤᠮᠧᠲᠷ ᠢ ᠰᠡᠯᠪᠢᠨ ᠵᠠᠰᠠᠪᠠ᠃ 4 ᠭᠦᠴᠦᠳᠡᠯ ᠦᠭᠡᠷᠡᠴᠢᠯᠡᠭᠦ ᠦᠷᠳᠡᠭᠡ ᠶᠢ ᠰᠢᠨ᠎ᠠ ᠪᠠᠷ ᠪᠠᠶᠢᠭᠤᠯᠵᠤ᠂ 2 | ᠭᠦᠴᠦᠳᠡᠯ ᠦᠭᠡᠷᠡᠴᠢᠯᠡᠭᠦ ᠦᠷᠳᠡᠭᠡ ᠶᠢ ᠦᠷᠭᠡᠳᠭᠡᠨ ᠪᠠᠶᠢᠭᠤᠯᠵᠤ᠂ 462 ᠺᠢᠯᠤᠮᠧᠲᠷ ᠴᠠᠬᠢᠯᠭᠠᠨ ᠱᠤᠭᠤᠮ ᠤᠨ | ᠢᠨᠵᠧᠨᠧᠷᠢᠩ ᠢ ᠭᠡᠷᠡᠭᠵᠢᠭᠦᠯᠦᠨ᠂ ᠪᠠᠭᠳᠠᠭᠠᠮᠵᠢ ᠶᠢᠨ ᠭᠡᠮᠵᠢᠶ᠎ᠠ ᠨᠢ 10 ᠲᠦᠮᠡᠨ ᠺᠢᠯᠤᠸᠤᠯᠲ ᠠᠮᠫᠧᠷ ᠪᠦᠭᠦᠢ | ᠭᠦᠴᠦᠳᠠᠯ ᠦᠭᠡᠷᠡᠴᠢᠯᠡᠭᠴᠢ ᠶᠢ ᠰᠢᠨ᠎ᠡ ᠪᠠᠷ ᠨᠡᠮᠡᠪᠡ᠃ 17.8 ᠳ᠋ᠦᠩᠰᠢᠭᠤᠷ ᠲᠦᠭᠦᠷᠢᠭ ᠤᠨ ᠪᠡᠯᠡ | ᠵᠠᠷᠤᠴᠠᠭᠤᠯᠤᠨ᠂ ︽ᠦᠵᠡᠰᠭᠦᠯᠡᠩᠳᠤ ᠰᠠᠶᠢᠬᠠᠨ ᠭᠦᠳᠡᠭᠡ ᠲᠤᠰᠬᠤᠨ︾ ᠤ ᠪᠠᠶᠢᠭᠤᠯᠤᠯᠳᠠ ᠶᠢᠨ ᠢᠨᠵᠧᠨᠧᠷᠢᠩ ᠢ | ᠭᠦᠨᠵᠡᠭᠡᠢ ᠭᠡᠷᠡᠭᠵᠢᠭᠦᠯᠵᠤ᠂ ᠨᠡᠶᠢᠳᠠ 17572 ᠡᠷᠦᠭᠡ ᠶᠢᠨ 46246 ᠭᠦᠮᠦᠨ ᠳᠤ ᠠᠰᠢᠭ ᠭᠦᠷᠳᠡᠭᠡᠭᠰᠡᠨ | ᠪᠠᠶᠢᠨ᠎ᠠ᠃ 2071 ᠤᠷᠤᠨ ᠰᠠᠭᠤᠴᠠ ᠶᠢ ᠰᠢᠨ᠎ᠡ ᠪᠠᠷ ᠪᠠᠷᠢᠵᠤ᠂ 12165 ᠤᠷᠤᠨ ᠰᠠᠭᠤᠴᠠ ᠶᠢ ᠦᠭᠡᠷᠡᠴᠢᠯᠡᠨ | ᠵᠠᠰᠠᠪᠠ᠃ 7.6 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠪᠦᠭᠦᠢ 632 ᠫᠧᠩ ᠰᠠᠷᠠᠪᠴᠢ ᠪᠠᠶᠢᠭᠤᠯᠵᠤ᠂ | 1648 ᠬᠤᠳᠳᠤᠭ ᠮᠠᠯᠳᠠᠨ᠂ 400 ᠤᠰᠤ ᠬᠠᠳᠠᠭᠠᠯᠠᠬᠤ ᠵᠤᠭᠤᠷᠢ ᠶᠢ ᠪᠠᠶᠢᠭᠤᠯᠵᠤ᠂ 200 ᠤᠰᠤ | ᠴᠡᠪᠡᠷᠰᠢᠭᠦᠯᠭᠦ ᠲᠦᠭᠦᠭᠡᠷᠦᠮᠵᠢ ᠶᠢ ᠤᠭᠰᠠᠷᠠᠪᠠ᠃ ᠮᠠᠯᠵᠢᠬᠤ ᠤᠷᠤᠨ ᠤ ᠵᠠᠮ ᠱᠤᠭᠤᠮ ᠵᠢᠴᠢ ᠵᠡᠭᠡᠯᠢ ᠭᠤᠳᠤᠮᠵᠢ ᠶᠢ | 402 ᠺᠢᠯᠤᠮᠧᠲᠷ ᠬᠠᠳᠠᠭᠤᠷᠠᠭᠤᠯᠪᠠ᠃ 1016 ᠡᠷᠦᠭᠡ ᠳᠤ ᠪᠠᠶᠢᠩᠭᠤ ᠶᠢᠨ ᠴᠠᠬᠢᠯᠭᠠᠨ ᠨᠡᠪᠳᠡᠷᠡᠭᠦᠯᠵᠤ᠂ | 1500 ᠸᠠᠲ ᠠᠴᠠ ᠲᠡᠭᠡᠭᠰᠢᠬᠢ ᠴᠢᠳᠠᠪᠬᠢ ᠲᠠᠢ ᠨᠠᠷᠠ ᠰᠠᠯᠬᠢᠨ ᠡᠨᠧᠷᠭᠢ ᠪᠠᠷ ᠴᠠᠬᠢᠯᠭᠠᠨ ᠭᠠᠷᠭᠠᠬᠤ | ᠲᠦᠭᠦᠭᠡᠷᠦᠮᠵᠢ ᠶᠢ 1568 ᠢᠵᠢ ᠤᠭᠰᠠᠷᠠᠵᠠᠢ᠃ ᠡᠷᠦᠭᠡ ᠪᠤᠯᠭᠠᠨ ᠳᠤ ᠨᠡᠪᠳᠡᠷᠡᠭᠦᠯᠭᠦ ᠲᠤᠬᠢᠶᠠᠨ ᠦᠷᠳᠡᠭᠡ | ᠪᠤᠯᠤᠨ ᠲᠤᠭᠠᠴᠢᠯᠠᠭᠰᠠᠨ ᠪᠢᠴᠢᠯ ᠲᠤᠯᠬᠢᠶᠠᠨ ᠤ ᠦᠷᠳᠡᠭᠡ 11 ᠶᠢ ᠪᠠᠶᠢᠭᠤᠯᠤᠨ᠂ ᠴᠢᠮᠡᠭᠡ ᠨᠡᠪᠳᠡᠷᠡᠭᠦᠯᠭᠡ ᠶᠢᠨ | ᠦᠷᠳᠡᠭᠡ 35 ᠶᠢ ᠪᠠᠶᠢᠭᠤᠯᠵᠤ᠂ ᠡᠷᠦᠬᠡ ᠪᠤᠯᠭᠠᠨ ᠳᠤ ᠲᠧᠯᠸᠢᠰ ᠨᠡᠪᠳᠡᠷᠡᠭᠦᠯᠭᠦ ᠲᠦᠭᠦᠭᠡᠷᠦᠮᠵᠢ 3200 | ᠤᠭᠰᠠᠷᠠᠨ᠂ ᠮᠠᠯᠵᠢᠬᠤ ᠤᠷᠤᠨ ᠳᠤ ᠭᠠᠷ ᠤᠳᠠᠰᠤᠨ ᠤ ᠲᠤᠬᠢᠶ᠎ᠠ ᠪᠦᠷᠭᠦᠭᠰᠡᠨ ᠨᠤᠷᠮ᠎ᠠ ᠶᠢ 89% ᠳᠤ ᠭᠦᠷᠭᠡᠪᠡ᠃ | 51 ᠭᠠᠴᠠᠭᠠᠨ ᠤ ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠲᠠᠰᠤᠭ ᠢ ᠰᠢᠨ᠎ᠡ ᠪᠠᠷ ᠪᠠᠶᠢᠭᠤᠯᠵᠤ᠂ ᠠᠷᠠᠳ ᠲᠤ | ᠲᠦᠭᠦᠮ ᠦᠵᠡᠭᠦᠯᠭᠦ ᠭᠡᠳᠦ ᠲᠡᠯᠭᠡᠭᠦᠷ 52 ᠢ ᠰᠢᠨ᠎ᠡ ᠪᠠᠷ ᠪᠠᠶᠢᠭᠤᠯᠪᠠ᠃ ᠰᠤᠶᠤᠯ ᠤᠨ ᠭᠦᠳᠡᠯᠭᠡᠭᠡᠨ ᠤ ᠲᠠᠰᠤᠭ ᠢ | ᠭᠠᠴᠠᠭ᠎ᠠ ᠪᠤᠯᠭᠠᠨ ᠳᠤ ᠪᠦᠷᠭᠦᠭᠦᠯᠵᠦ᠂ 84 ᠢᠵᠢ ᠲᠦᠭᠦᠭᠡᠷᠦᠮᠵᠢ ᠲᠠᠷᠬᠠᠭᠠᠪᠠ᠃ ᠮᠠᠯᠵᠢᠬᠤ ᠤᠷᠤᠨ ᠤ ᠲᠦᠷᠰᠦ | ᠪᠠᠶᠢᠳᠠᠯ ᠳᠤ ᠢᠯᠡᠳᠳᠠ ᠬᠤᠪᠢᠷᠠᠯᠳᠠ ᠭᠠᠷᠴᠦ᠂ ᠮᠠᠯᠴᠢᠳ ᠤᠨ ᠦᠢᠯᠡᠳᠪᠦᠷᠢᠯᠡᠯ ᠠᠮᠢᠳᠦᠷᠠᠯ ᠤᠨ ᠬᠢᠷᠢ ᠳᠦᠪᠰᠢᠨ | ᠤᠯᠠᠮ ᠨᠢᠭᠡ ᠠᠯᠬᠤᠮ ᠳᠡᠭᠡᠭᠰᠢᠯᠡᠪᠡ᠃ | ᠰᠢᠨ᠎ᠠ ᠭᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠪᠦᠳᠦᠭᠡᠨ ᠪᠠᠶᠢᠭᠤᠯᠤᠯᠳᠠ ᠰᠢᠨ᠎ᠠ ᠠᠬᠢᠴᠠ ᠲᠠᠢ | ᠪᠤᠯᠪᠠ᠃ ᠲᠠᠪᠤᠨ ᠵᠢᠯ ᠤᠨ ᠲᠤᠷᠰᠢ᠂ ᠬᠤᠳᠠ ᠪᠠᠯᠭᠠᠰᠤᠨ ᠤ ︽ᠲᠠᠪᠤᠵᠢᠯᠳᠠ︾ ᠶᠢᠨ ᠪᠠᠶᠢᠭᠤᠯᠤᠯᠳᠠ ᠳᠤ 10.2 | ᠳ᠋ᠦᠩᠰᠢᠭᠤᠷ ᠲᠦᠭᠦᠷᠢᠭ ᠤᠨ ᠪᠡᠯᠡ ᠵᠠᠷᠤᠴᠠᠭᠤᠯᠤᠨ᠂ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠶᠡᠭᠡᠪᠡᠷ | ᠰᠠᠶᠢᠵᠢᠷᠠᠭᠤᠯᠵᠠᠢ᠃ ᠲᠦᠭᠦᠮ ᠪᠦᠳᠦᠴᠠᠳᠤ ᠤᠷᠤᠨ ᠰᠠᠭᠤᠴᠠ ᠶᠢ ᠦᠭᠡᠷᠡᠴᠢᠯᠡᠭᠦ ᠭᠦᠴᠦᠯᠡᠴᠠ ᠪᠠᠨ ᠨᠡᠮᠡᠭᠳᠡᠭᠦᠯᠦᠨ᠂ | 1429 ᠡᠷᠦᠭᠡ ᠶᠢᠨ 13.4 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠪᠦᠭᠦᠢ ᠬᠠᠭᠤᠴᠢᠨ ᠭᠡᠷ ᠪᠠᠶᠢᠰᠢᠩ | ᠢ ᠲᠠᠳᠠᠪᠤᠷᠢᠯᠠᠪᠠ᠃ 3151 ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠶᠢ ᠪᠠᠶᠢᠭᠤᠯᠵᠤ᠂ 2801 ᠶᠢ ᠨᠢ | ᠬᠤᠪᠢᠶᠠᠨ ᠲᠤᠬᠢᠷᠠᠭᠤᠯᠵᠤ᠂ ᠤᠯᠠᠨ ᠨᠠᠶᠢᠳᠠ ᠶᠢᠨ ᠲᠦᠷᠢᠶᠡᠰᠤᠨ ᠠᠰᠠᠷ ᠢ ᠨᠢᠭᠡᠳᠦᠯᠳᠠᠢ ᠬᠠᠮᠢᠶᠠᠷᠪᠠ᠃ 11 ᠭᠠᠵᠠᠷ | ᠲᠤ ︽ᠠᠷᠠᠳ ᠤᠨ ᠠᠮᠤᠭᠤᠯᠠᠩ ᠤᠷᠤᠨ ᠰᠠᠭᠤᠴᠠ ᠶᠢᠨ ᠢᠨᠵᠧᠨᠧᠷᠢᠩ︾ ᠤᠨ ᠲᠦᠷᠦᠯ ᠵᠤᠶᠢᠯ ᠢ ᠭᠡᠷᠡᠭᠵᠢᠭᠦᠯᠦᠨ᠂ | 839 ᠡᠷᠦᠭᠡ ᠶᠢ ᠨᠡᠭᠦᠯᠭᠡᠨ ᠰᠢᠯᠵᠢᠭᠦᠯᠵᠤ᠂ 1293 ᠡᠷᠦᠭᠡ ᠳᠤ ᠮᠠᠯᠵᠢᠬᠤ ᠤᠷᠤᠨ ᠤ ᠠᠶᠤᠯᠳᠠᠢ ᠭᠡᠷ | ᠪᠠᠶᠢᠰᠢᠩ ᠢ ᠦᠭᠡᠷᠡᠴᠢᠯᠠᠨ ᠵᠠᠰᠠᠬᠤ ᠢᠨᠵᠧᠨᠧᠷᠢᠩ ᠢ ᠭᠡᠷᠡᠭᠵᠢᠭᠦᠯᠵᠠᠢ᠃ 6037 ᠡᠷᠦᠭᠡ ᠶᠢᠨ ᠬᠠᠭᠤᠴᠢᠨ | ᠰᠠᠭᠤᠭᠠᠯᠢ ᠲᠤᠭᠤᠷᠢᠭ ᠢ ᠦᠭᠡᠷᠡᠴᠢᠯᠡᠭᠦ ᠠᠵᠢᠯ ᠢ ᠪᠡᠶᠡᠯᠡᠭᠦᠯᠵᠤ᠂ 2.1 ᠲᠦᠮᠡ ᠢᠯᠡᠭᠦᠦ ᠰᠠᠭᠤᠭᠠᠯᠢ ᠠᠷᠠᠳ ᠲᠤ | ᠠᠰᠢᠭ ᠭᠦᠷᠳᠡᠭᠡᠵᠤ᠂ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠤᠷᠤᠨ ᠰᠠᠭᠤᠴᠠ ᠶᠢᠨ ᠨᠦᠭᠦᠴᠡᠯ ᠢ | ᠶᠡᠭᠡᠪᠡᠷ ᠰᠠᠶᠢᠵᠢᠷᠠᠭᠤᠯᠪᠠ᠃ ᠤᠳᠤᠬᠢᠴᠢᠯᠠᠭᠰᠠᠨ ᠤᠶᠤᠨᠴᠢ ᠬᠤᠳᠠ ᠶᠢ ᠡᠭᠦᠳᠴᠦ᠂ ︽ᠲᠤᠳᠤᠭᠠᠳᠤ ᠠᠭᠤᠯᠬᠤᠨ ᠤ | ᠭᠡᠯᠪᠡᠷᠢ︾ ᠶᠢᠨ ᠭᠦᠭᠵᠢᠯᠳᠠ ᠶᠢ ᠴᠢᠩᠭᠠᠳᠬᠠᠨ᠂ ᠬᠤᠳᠠ ᠶᠢᠨ ᠬᠠᠮᠢᠶᠠᠷᠤᠯᠳᠠ ᠪᠤᠯᠤᠨ ᠨᠡᠶᠢᠭᠡᠮ ᠤᠨ | ᠤᠶᠢᠯᠡᠴᠢᠯᠡᠭᠡᠨ ᠤ ᠪᠠᠷᠢᠮᠵᠢᠶᠠᠵᠢᠭᠰᠠᠨ᠂ ᠨᠠᠷᠢᠯᠢᠭᠵᠢᠭᠰᠠᠨ ᠬᠢᠷᠢ ᠲᠦᠪᠰᠢᠨ ᠢ ᠮᠡᠳᠡᠭᠳᠡᠮ᠎ᠡ ᠲᠡᠭᠡᠭᠰᠢᠯᠡᠭᠦᠯᠵᠠᠢ᠃ | ᠨᠠᠰᠤᠳᠠᠶᠢᠴᠤᠳ ᠤᠨ ᠭᠦᠳᠡᠯᠭᠡᠭᠡᠨ ᠤ ᠲᠦᠪ᠂ ᠲᠠᠩᠰᠠ ᠡᠪᠬᠡᠮᠡᠯ ᠤᠨ ᠤᠷᠳᠤᠨ᠂ ᠪᠠᠯᠭᠠᠷᠭᠤᠤᠯ ᠪᠠᠯᠭᠠᠰᠤᠨ ᠤ | ᠬᠤᠭ ᠨᠤᠪᠰᠢ ᠶᠢ ᠰᠢᠢᠳᠪᠤᠷᠢᠯᠡᠭᠦ ᠲᠠᠯᠠᠪᠠᠢ᠂ ᠲᠦᠭᠡᠭᠡᠯ ᠤᠰᠤᠨ ᠤ ᠤᠶᠢᠯᠠᠳᠪᠤᠷᠢ ᠶᠢ ᠦᠷᠭᠡᠳᠭᠡᠨ ᠪᠠᠶᠢᠭᠤᠯᠬᠤ᠂ | ᠤᠰᠤ ᠠᠷᠪᠢᠯᠠᠨ ᠭᠡᠷᠡᠭᠯᠡᠭᠦ᠂ ᠤᠷᠤᠰᠢᠭᠤᠯᠭ᠎ᠠ ᠶᠢᠨ ᠭᠠᠵᠠᠷ᠂ ᠨᠡᠶᠢᠳᠠ ᠶᠢᠨ ᠪᠤᠩᠬᠤᠨ ᠵᠡᠷᠭᠡ ᠨᠢᠭᠡ ᠪᠦᠯᠦᠭ ᠰᠠᠭᠤᠷᠢ | ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠠᠰᠢᠭᠯᠠᠯᠳᠠ ᠳᠤ ᠤᠷᠤᠭᠤᠯᠪᠠ᠃ ᠪᠠᠶᠠᠨᠬᠤᠸᠠ ᠠᠵᠤ | ᠤᠶᠢᠯᠠᠳᠪᠤᠷᠢ ᠶᠢᠨ ᠲᠤᠭᠤᠷᠢᠭ ᠲᠠᠬᠢ ᠠᠮᠢᠳᠤᠷᠠᠯ ᠤᠨ ᠲᠤᠭᠤᠷᠢᠭ ᠤᠨ ᠪᠠᠶᠢᠭᠤᠯᠤᠯᠳᠠ ᠲᠠᠢ ᠤᠶᠠᠯᠳᠤᠭᠤᠯᠵᠤ᠂ | ᠲᠠᠪᠤᠨ ᠵᠢᠯ ᠤᠨ ᠲᠤᠷᠰᠢ᠂ 3.3 ᠳ᠋ᠦᠩᠰᠢᠭᠤᠷ ᠲᠦᠭᠦᠷᠢᠭ ᠤᠨ ᠪᠡᠯᠡ ᠵᠠᠷᠤᠴᠠᠭᠤᠯᠤᠨ᠂ ᠪᠠᠶᠠᠨᠬᠤᠸᠠ ᠪᠠᠯᠭᠠᠰᠤᠨ ᠤ | ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠪᠠᠶᠠᠨᠬᠤᠸᠠ ᠪᠤᠬᠢᠷ ᠤᠰᠤ ᠶᠢ ᠰᠢᠢᠳᠪᠤᠷᠢᠯᠡᠭᠦ | ᠤᠶᠢᠯᠠᠳᠪᠤᠷᠢ᠂ 30 ᠲᠤᠨ ᠬᠤᠭ ᠨᠤᠪᠰᠢ ᠰᠢᠢᠳᠪᠤᠷᠢᠯᠡᠭᠦ ᠲᠠᠯᠠᠪᠠᠢ ᠶᠢ ᠪᠠᠶᠢᠭᠤᠯᠬᠤ ᠶᠢᠨ ᠬᠠᠮᠳᠤ ᠠᠰᠢᠭᠯᠠᠯᠳᠠ | ᠳᠤ ᠤᠷᠤᠭᠤᠯᠵᠤ᠂ ᠬᠤᠳᠠ ᠪᠠᠯᠭᠠᠰᠤᠨ ᠤ ᠴᠢᠳᠠᠪᠬᠢ ᠶᠢ ᠲᠠᠰᠤᠷᠠᠯᠳᠠ ᠦᠭᠡᠢ ᠲᠡᠭᠦᠯᠳᠡᠷᠵᠢᠭᠦᠯᠪᠡ᠃ ᠮᠠᠨ ᠤ | ᠬᠤᠰᠢᠭᠤ ᠨᠢ ︽ᠤᠯᠤᠰ ᠤᠨ ᠲᠡᠰ ᠤᠨ ᠡᠷᠡᠭᠦᠯ ᠬᠠᠮᠠᠭᠠᠯᠠᠯ ᠤᠨ ᠬᠤᠰᠢᠭᠤ ︵ᠬᠤᠳᠠ︶︾᠂ ︽ᠪᠦᠭᠦ ᠤᠯᠤᠰ | ᠤᠨ ᠬᠠᠷᠰᠢ ᠰᠠᠭᠠᠳ ᠦᠭᠡᠢ ᠪᠦᠳᠦᠭᠡᠨ ᠪᠠᠶᠢᠭᠤᠯᠤᠯᠳᠠ ᠲᠠᠢ ᠬᠤᠳᠠ ᠰᠢᠶᠠᠨ︾᠂ ︽ᠪᠦᠭᠦ ᠤᠯᠤᠰ ᠤᠨ | ᠰᠢᠨᠵᠢᠯᠡᠭᠡ ᠮᠠᠷᠭᠡᠵᠢᠯ ᠢ ᠲᠦᠭᠡᠮᠡᠯᠵᠢᠭᠦᠯᠦᠭᠰᠡᠨ ᠵᠢᠱᠢᠶ᠎ᠠ ᠦᠵᠡᠭᠦᠯᠭᠦ ᠬᠤᠰᠢᠭᠤ︾᠂ ︽ᠦᠪᠡᠷᠳᠡᠭᠡᠨ ᠵᠠᠰᠠᠬᠤ | ᠤᠷᠤᠨ ᠤ ᠪᠤᠯᠪᠠᠰᠤᠨ ᠬᠤᠰᠢᠭᠤ︾᠂ ︽ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠶᠢᠨ ᠤᠷᠤᠰᠢᠨ ᠰᠠᠭᠤᠬᠤ | ᠳᠤ ᠲᠠᠭᠠᠳᠠᠢ ᠵᠢᠱᠢᠶᠠᠴᠢ ᠬᠤᠰᠢᠭᠤ︾᠂ ︽ᠦᠪᠡᠷᠳᠡᠭᠡᠨ ᠵᠠᠰᠠᠬᠤ ᠤᠷᠤᠨ ᠤ ᠴᠡᠴᠡᠷᠯᠢᠭᠳᠦ ᠬᠤᠰᠢᠭᠤ︾᠂ ︽ | ᠦᠪᠡᠷᠳᠡᠭᠡᠨ ᠵᠠᠰᠠᠬᠤ ᠤᠷᠤᠨ ᠤ ᠲᠡᠰ ᠤᠨ ᠤᠨᠴᠠᠯᠢᠭᠳᠤ ᠦᠵᠡᠮᠵᠢᠳᠤ ᠵᠢᠭᠤᠯᠴᠢᠯᠠᠯ ᠤᠨ ᠨᠡᠷᠡᠳᠤ ᠪᠠᠯᠭᠠᠰᠤ︾ ᠪᠠᠷ | ᠨᠡᠷᠡᠶᠢᠳᠦᠭᠳᠡᠪᠡ᠃ ᠨᠤᠭᠤᠭᠠᠨᠪᠤᠯᠠᠭ ᠭᠠᠴᠠᠭ᠎ᠠ ᠨᠢ 2015 ᠤᠨ ᠳᠤ ᠲᠦᠪ ᠲᠧᠯᠸᠢᠰ ᠤᠨ ︽ᠲᠤᠮᠳᠠᠳᠤ ᠤᠯᠤᠰ | ᠤᠨ ᠠᠷᠪᠠᠨ ᠭᠤᠶᠢᠳᠠ ᠰᠠᠶᠢᠬᠠᠨ ᠭᠦᠳᠡᠭᠡ ᠲᠤᠰᠬᠤᠨ︾᠂ 2017 ᠤᠨ ᠳᠤ ᠤᠯᠤᠰ ᠤᠨ ᠦᠨᠳᠤᠰᠦᠳᠠᠨ ᠤ | ᠱᠠᠰᠢᠨ ᠰᠤᠷᠳᠠᠬᠤᠨ ᠤ ᠭᠡᠷᠡᠭ ᠡᠷᠬᠢᠯᠡᠭᠦ ᠵᠦᠪᠯᠡᠯ ᠤᠨ ︽ᠲᠤᠮᠳᠠᠳᠤ ᠤᠯᠤᠰ ᠤᠨ ᠦᠨᠳᠤᠰᠦᠳᠠᠨ ᠤ ᠤᠨᠴᠠᠯᠢᠭᠳᠤ | ᠭᠠᠴᠠᠭ᠎ᠠ︾ ᠪᠠᠷ ᠤᠷᠢᠳ ᠬᠤᠵᠢᠳ ᠨᠡᠷᠡᠶᠢᠳᠦᠭᠳᠡᠭᠰᠡᠨ ᠪᠠᠶᠢᠨ᠎ᠠ᠃ | ︵ᠵᠢᠷᠭᠤᠭ᠎ᠠ︶ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠦᠷ᠎ᠠ ᠪᠦᠳᠦᠮᠵᠢ ᠢᠯᠡᠳᠳᠠ | ᠪᠤᠯᠵᠤ᠂ ᠦᠷᠭᠦᠯᠵᠢᠯᠡᠭᠰᠡᠨ ᠭᠦᠭᠵᠢᠯᠳᠠ ᠶᠢᠨ ᠴᠢᠳᠠᠪᠤᠷᠢ ᠴᠢᠩᠭᠠᠷᠠᠪᠠ᠃ ᠲᠠᠪᠤᠨ ᠵᠢᠯ ᠤᠨ ᠲᠤᠷᠰᠢ᠂ ᠪᠢᠳᠠ | ᠪᠤᠬᠢᠷᠳᠤᠯ ᠦᠭᠡᠢ ᠭᠦᠭᠵᠢᠯᠳᠠ ᠶᠢᠨ ᠤᠶᠢᠯᠠᠭᠠᠭᠳᠠᠬᠤᠨ ᠢ ᠤᠶᠢᠯᠡᠳᠦᠯᠭᠡᠵᠢᠭᠦᠯᠵᠤ᠂ ︽ᠪᠠᠷᠠᠭᠤᠨ ᠦᠵᠦᠮᠦᠴᠢᠨ | ᠬᠤᠰᠢᠭᠤᠨ ᠤ ᠪᠡᠯᠴᠢᠭᠡᠷᠯᠡᠭᠦᠯᠭᠦ ᠶᠢ ᠵᠤᠭᠰᠤᠭᠠᠬᠤ ᠪᠤᠯᠤᠨ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠬᠢᠨᠠᠯᠳᠠ | ᠬᠠᠮᠢᠶᠠᠷᠤᠯᠳᠠ ᠶᠢᠨ ᠠᠷᠭ᠎ᠠ︾ ᠪᠤᠯᠤᠨ ︽ᠪᠠᠷᠠᠭᠤᠨ ᠦᠵᠦᠮᠦᠴᠢᠨ ᠬᠤᠰᠢᠭᠤᠨ ᠤ ᠪᠠᠶᠢᠭᠠᠯᠢᠯᠢᠭ ᠬᠠᠳᠤᠯᠠᠩ ᠤᠨ | ᠬᠠᠮᠢᠶᠠᠷᠤᠯᠳᠠ ᠶᠢᠨ ᠠᠷᠭ᠎ᠠ︾ ᠵᠡᠷᠭᠡ ᠰᠢᠷᠢᠰ ᠲᠦᠷᠢᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠤᠳ ᠢ ᠲᠤᠭᠳᠠᠭᠠᠵᠤ | ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯ ᠤᠨ ᠲᠤᠭᠳᠠᠴᠠ ᠶᠢ ᠲᠡᠭᠦᠯᠳᠡᠷᠵᠢᠭᠦᠯᠪᠡ᠃ ᠨᠠᠶᠢᠳᠠ 5.2 | ᠳ᠋ᠦᠩᠰᠢᠭᠤᠷ ᠲᠦᠭᠦᠷᠢᠭ ᠤᠨ ᠪᠡᠯᠡ ᠵᠠᠷᠤᠴᠠᠭᠤᠯᠵᠤ᠂ ᠨᠢᠭᠡᠳᠦᠭᠡᠷ ᠡᠭᠡᠯᠵᠢ ᠶᠢᠨ ᠨᠤᠳᠤᠭ ᠪᠡᠯᠴᠢᠭᠡᠷ ᠤᠨ ᠠᠮᠢ | ᠠᠬᠤᠢ ᠶᠢᠨ ᠨᠦᠭᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠭᠡᠷᠡᠭᠵᠢᠭᠦᠯᠪᠡ᠃ ᠭᠠᠵᠠᠷ | ᠰᠢᠷᠦᠢ ᠶᠢᠨ ᠲᠠᠯᠠᠪᠠᠢ ᠶᠢᠨ 72% ᠠᠴᠠ ᠲᠡᠭᠡᠭᠰᠢᠬᠢ ᠭᠤᠤᠯᠳᠠᠯᠭ᠎ᠠ ᠲᠠᠢ ᠤᠷᠤᠨ ᠪᠦᠰᠠ ᠶᠢ ᠠᠮᠢ ᠠᠬᠤᠢ ᠶᠢᠨ | ᠬᠠᠮᠠᠭᠠᠯᠠᠯᠳᠠ ᠶᠢᠨ ᠰᠡᠷᠡᠮᠵᠢ ᠶᠢᠨ ᠱᠤᠭᠤᠮ ᠳᠤ ᠤᠷᠤᠭᠤᠯᠵᠤ᠂ 80% ᠠᠴᠠ ᠲᠡᠭᠡᠭᠰᠢᠬᠢ ᠨᠤᠳᠤᠭ ᠪᠡᠯᠴᠢᠭᠡᠷ ᠤᠨ | ᠦᠮᠴᠢᠯᠠᠯ ᠤᠨ ᠡᠷᠭᠡ ᠶᠢ ᠲᠤᠳᠤᠷᠬᠠᠶᠢᠯᠠᠨ ᠲᠠᠩᠰᠠᠯᠠᠬᠤ ᠠᠵᠢᠯ ᠢ ᠪᠡᠶᠡᠯᠡᠭᠦᠯᠦᠨ᠂ ᠨᠤᠳᠤᠭ ᠪᠡᠯᠴᠢᠭᠡᠷ ᠢ | ᠲᠠᠭᠠᠭᠠᠴᠢᠯᠠᠨ ᠡᠵᠡᠩᠨᠡᠭᠦ ᠶᠢ ᠲᠤᠭᠳᠠᠪᠤᠷᠢᠵᠢᠭᠤᠯᠬᠤ ᠪᠤᠯᠤᠨ ᠨᠤᠳᠤᠭ ᠪᠡᠯᠴᠢᠭᠡᠷ ᠤᠨ ︽ᠭᠤᠷᠪᠠᠨ ᠡᠷᠭᠡ ᠶᠢ | ᠰᠠᠯᠭᠠᠬᠤ︾ ᠠᠵᠢᠯ ᠳᠤ ᠰᠠᠭᠤᠷᠢ ᠲᠠᠯᠪᠢᠵᠠᠢ᠃ ᠬᠠᠤᠯᠢ ᠭᠡᠷᠡᠭᠵᠢᠭᠦᠯᠭᠦ ᠡᠷᠴᠢᠮ ᠢᠶᠠᠨ ᠴᠢᠩᠭᠠᠳᠬᠠᠵᠤ᠂ ᠲᠠᠪᠤᠨ ᠵᠢᠯ | ᠤᠨ ᠲᠤᠷᠰᠢ᠂ 10.2 ᠲᠦᠮᠡᠨ ᠲᠤᠯᠤᠭᠠᠢ ᠭᠠᠳᠠᠨ᠎ᠠ ᠶᠢᠨ ᠮᠠᠯ ᠢ ᠴᠡᠪᠡᠷᠯᠡᠵᠤ᠂ ᠲᠠᠭᠠᠭᠠᠴᠠ ᠠᠴᠠ ᠭᠡᠳᠦᠷᠡᠳᠡᠯ᠎ᠡ | ᠮᠠᠯᠵᠢᠭᠰᠠᠨ 518 ᠡᠷᠦᠭᠡ ᠶᠢ ᠲᠤᠷᠭᠠᠨ ᠰᠢᠳᠬᠡᠵᠦ᠂ ᠬᠠᠤᠯᠢ ᠪᠤᠰᠤ ᠪᠠᠷ ᠭᠠᠵᠠᠷ ᠬᠠᠭᠠᠯᠪᠤᠷᠢᠯᠠᠬᠤ᠂ ᠲᠤᠷ᠎ᠠ ᠪᠠᠷ | ᠢᠶᠠᠨ ᠤᠬᠤᠵᠤ ᠮᠠᠯᠳᠠᠬᠤ ᠵᠡᠷᠭᠡ ᠬᠠᠤᠯᠢ ᠵᠦᠷᠢᠴᠡᠭᠰᠡᠨ ᠠᠵᠢᠯᠯᠠᠭ᠎ᠠ ᠳᠤ ᠲᠤᠰᠬᠠᠢ ᠲᠦᠷᠦᠯ ᠤᠨ ᠵᠠᠰᠠᠨ | ᠴᠡᠭᠴᠡᠯᠡᠯᠳᠠ ᠦᠷᠨᠢᠭᠦᠯᠪᠡ᠃ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ | ᠤ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ 30.8 ᠲᠦᠮᠡᠨ ᠮᠤ᠋ ᠲᠠᠯᠠᠪᠠᠢ ᠶᠢᠨ ᠠᠮᠢ ᠠᠬᠤᠢ ᠶᠢ ᠵᠠᠰᠠᠬᠤ ᠂ | 2.7 ᠲᠦᠮᠡᠨ ᠮᠤ᠋ ᠭᠤᠤᠯᠳᠠᠯᠭ᠎ᠠ ᠲᠠᠢ ᠤᠷᠤᠨ ᠪᠦᠰᠠ ᠶᠢ ᠤᠶᠢᠵᠢᠭᠤᠯᠬᠤ ᠢᠨᠵᠧᠨᠧᠷᠢᠩ ᠢ ᠪᠡᠶᠡᠯᠡᠭᠦᠯᠪᠡ᠃ ᠬᠤᠶᠠᠷ | ᠱᠠᠳᠤᠨ ᠤ ︽ᠭᠤᠤᠯ ᠤᠰᠤᠨ ᠤ ᠪᠤᠬᠢᠷᠳᠤᠯ ᠳᠤ ᠬᠠᠷᠢᠭᠤᠴᠠᠬᠤ ᠲᠠᠷᠤᠭ᠎ᠠ ᠶᠢᠨ ᠲᠦᠷᠢᠮ︾ ᠤᠨ ᠲᠦᠰᠦᠪ ᠢ | ᠲᠤᠭᠳᠠᠭᠠᠵᠤ᠂ 1.1 ᠳ᠋ᠦᠩᠰᠢᠭᠤᠷ ᠲᠦᠭᠦᠷᠢᠭ ᠤᠨ ᠤᠰᠤᠨ ᠤ ᠰᠤᠶᠢᠳᠭᠡᠯ᠂ ᠤᠰᠤ ᠭᠦᠷᠦᠰᠦ ᠶᠢ ᠪᠠᠳᠤᠯᠠᠬᠤ | ᠨᠦᠭᠦᠪᠤᠷᠢ ᠰᠤᠶᠢᠳᠭᠡᠯ ᠢ ᠲᠠᠳᠠᠪᠤᠷᠢᠯᠠᠨ ᠬᠤᠷᠢᠶᠠᠪᠠ᠃ ︽ᠠᠷᠪᠠᠨ ᠬᠤᠶᠠᠳᠤᠭᠠᠷ ᠲᠠᠪᠤᠨ ᠵᠢᠯ︾ ᠤᠨ | ᠲᠦᠯᠦᠪᠵᠢᠭᠦᠯᠭᠡ ᠶᠢᠨ ᠬᠤᠭᠤᠴᠠᠭᠠᠨ ᠳᠤ ᠪᠤᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠳᠠ ᠶᠢ | ᠤᠷᠢᠳᠴᠢᠯᠠᠨ ᠲᠠᠪᠠᠭᠤᠯᠤᠨ ᠪᠡᠶᠡᠯᠡᠭᠦᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ | ᠬᠤᠭᠤᠴᠠᠭᠠᠨ ᠳᠤ ᠪᠤᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠡᠭᠦᠷᠭᠡ ᠶᠢ ᠯᠠᠪᠳᠠᠭᠤᠨ ᠢᠶᠠᠷ ᠠᠬᠢᠭᠤᠯᠪᠠ᠃ | ᠤᠷᠴᠢᠨ ᠠᠬᠤᠢ ᠶᠢ ᠬᠠᠮᠠᠭᠠᠯᠠᠵᠤ ᠴᠡᠭᠴᠡᠯᠡᠨ ᠵᠠᠰᠠᠬᠤ ᠠᠵᠢᠯ ᠤᠨ ᠭᠦᠴᠦᠯᠡᠴᠠ ᠪᠠᠨ ᠨᠡᠮᠡᠭᠳᠡᠭᠦᠯᠵᠤ᠂ ᠪᠤᠬᠢᠷᠳᠤᠯ ᠢ | ᠰᠡᠷᠭᠡᠶᠢᠯᠡᠨ ᠵᠠᠰᠠᠬᠤ ᠠᠵᠢᠯ ᠢ ᠪᠦᠭᠦ ᠲᠠᠯ᠎ᠠ ᠪᠠᠷ ᠦᠷᠨᠢᠭᠦᠯᠦᠨ᠂ ᠨᠢᠭᠡ ᠪᠦᠯᠦᠭ ᠤᠷᠴᠢᠨ ᠠᠬᠤᠢ ᠶᠢᠨ ᠲᠤᠪᠤᠶᠢᠮ᠎ᠠ | ᠠᠰᠠᠭᠤᠳᠠᠯ ᠢ ᠲᠦᠪᠯᠡᠷᠡᠩᠭᠦᠢ ᠴᠡᠭᠴᠡᠯᠡᠨ ᠵᠠᠰᠠᠵᠠᠢ᠃ ︽ᠭᠤᠷᠪᠠᠨ ᠤᠷᠤᠨ ᠬᠤᠶᠠᠷ ᠱᠤᠭᠤᠮ︾ ᠤᠨ ᠤᠷᠴᠢᠨ | ᠲᠤᠭᠤᠷᠢᠨ ᠢ ᠴᠡᠭᠴᠡᠯᠡᠭᠦ ᠠᠵᠢᠯ ᠢ ᠦᠷᠭᠦᠯᠵᠢᠯᠡᠨ ᠦᠷᠨᠢᠭᠦᠯᠵᠤ᠂ ᠨᠤᠳᠤᠭ ᠪᠡᠯᠴᠢᠭᠡᠷ ᠤᠨ ᠠᠮᠢ ᠠᠬᠤᠢ ᠶᠢ | ᠬᠠᠮᠠᠭᠠᠯᠠᠵᠤ ᠰᠡᠷᠭᠦᠭᠡᠪᠡ᠃ 2014 ᠤᠨ ᠳᠤ᠂ ᠮᠠᠨ ᠤ ᠬᠤᠰᠢᠭᠤ ᠨᠢ ︽ᠲᠤᠮᠳᠠᠳᠤ ᠤᠯᠤᠰ ᠤᠨ ᠤᠷᠠᠨ | ᠬᠠᠶᠢᠷᠭᠤᠴᠠᠢ ᠶᠢᠨ ᠵᠢᠷᠬᠢᠭᠡᠨᠳᠤ ᠤᠷᠤᠨ︾ ᠢᠶᠠᠷ ᠨᠡᠷᠡᠶᠢᠳᠦᠭᠳᠡᠵᠤ᠂ 2016 ᠤᠨ ᠳᠤ᠂ ᠤᠯᠤᠰ ᠤᠨ | ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠪᠬᠢ ᠶᠢᠨ ᠤᠷᠤᠨ ᠢᠶᠠᠷ ᠲᠤᠭᠳᠠᠭᠠᠭᠳᠠᠭᠰᠠᠨ ᠪᠠᠶᠢᠨ᠎ᠠ᠃ | ︵ᠲᠤᠯᠤᠭ᠎ᠠ︶ ᠦᠭᠡᠷᠡᠴᠢᠯᠠᠯᠳᠠ ᠨᠡᠭᠡᠭᠡᠯᠳᠠ ᠶᠢ ᠭᠦᠨᠵᠡᠭᠡᠢ ᠠᠬᠢᠭᠤᠯᠵᠤ᠂ ᠨᠡᠶᠢᠭᠡᠮ ᠤᠨ ᠭᠦᠭᠵᠢᠯᠳᠠ ᠶᠢᠨ | ᠠᠮᠢᠵᠢᠷᠠᠯ ᠤᠨ ᠭᠦᠴᠦᠨ ᠪᠤᠯᠤᠨ ᠰᠢᠨ᠎ᠠ ᠶᠢ ᠡᠭᠦᠳᠭᠦ ᠠᠮᠢᠵᠢᠷᠠᠯ ᠤᠨ ᠭᠦᠴᠦᠨ ᠢ ᠢᠯᠡᠳᠳᠠ ᠴᠢᠩᠭᠠᠷᠠᠭᠤᠯᠪᠠ᠃ | ᠲᠠᠪᠤᠨ ᠵᠢᠯ ᠤᠨ ᠲᠤᠷᠰᠢ᠂ ᠪᠢᠳᠠ ᠦᠭᠡᠷᠡᠴᠢᠯᠠᠯᠳᠠ ᠶᠢᠨ ᠡᠯ᠎ᠡ ᠲᠦᠷᠦᠯ ᠤᠨ ᠰᠢᠢᠳᠪᠤᠷᠢᠳᠤ ᠪᠤᠳᠤᠯᠭ᠎ᠠ ᠶᠢᠨ | ᠪᠠᠶᠢᠷᠢᠯᠠᠭᠤᠯᠤᠯᠳᠠ ᠶᠢ ᠯᠠᠪᠳᠠᠭᠤᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠪᠠᠶᠢᠭᠤᠯᠤᠯ᠂ ᠠᠮᠢ | ᠠᠬᠤᠢ ᠶᠢᠨ ᠪᠤᠯᠪᠠᠰᠤᠨ ᠤ ᠪᠠᠶᠢᠭᠤᠯᠤᠯ ᠪᠤᠯᠤᠨ ᠨᠡᠶᠢᠭᠡᠮ ᠤᠨ ᠪᠠᠶᠢᠭᠤᠯᠤᠯ ᠤᠨ ᠦᠭᠡᠷᠡᠴᠢᠯᠠᠯᠳᠠ ᠶᠢᠨ ᠠᠵᠢᠯ ᠤᠨ | ᠦᠨᠳᠤᠰᠦᠨ ᠬᠠᠷᠠᠯᠳᠠ ᠶᠢ ᠲᠤᠳᠤᠷᠬᠠᠶᠢᠯᠠᠨ᠂ ᠲᠦᠰᠦᠪ ᠲᠦᠯᠦᠪᠯᠡᠭᠡ ᠲᠤᠭᠳᠠᠭᠠᠨ᠂ ᠴᠠᠭ ᠲᠤᠭᠳᠠᠭᠠᠨ | ᠪᠡᠶᠡᠯᠡᠭᠦᠯᠵᠤ᠂ ᠵᠠᠰᠠᠭ ᠤᠨ ᠤᠷᠳᠤᠨ ᠤ ᠴᠢᠳᠠᠪᠬᠢ ᠶᠢ ᠲᠦᠷᠭᠡᠳᠭᠡᠨ ᠬᠤᠪᠢᠷᠠᠭᠤᠯᠪᠠ᠃ ︽ᠪᠠᠭᠤᠯᠭᠠᠬᠤ᠂ | ᠬᠠᠮᠢᠶᠠᠷᠬᠤ᠂ ᠤᠶᠢᠯᠡᠴᠢᠯᠡᠭᠦ︾ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠳᠠᠯᠠᠵᠤ᠂ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠯ᠂ ᠤᠯᠠᠨ ᠨᠡᠶᠢᠳᠠ ᠶᠢᠨ ᠡᠬᠢ ᠪᠠᠶᠠᠯᠢᠭ ᠤᠨ ᠰᠤᠯᠢᠯᠴᠠᠭ᠎ᠠ᠂ ᠨᠡᠶᠢᠭᠡᠮ ᠤᠨ ᠠᠵᠢᠯ ᠤᠶᠢᠯᠠᠰ᠂ ᠠᠮᠢ | ᠠᠬᠤᠢ ᠶᠢᠨ ᠪᠦᠳᠦᠭᠡᠨ ᠪᠠᠶᠢᠭᠤᠯᠤᠯᠳᠠ ᠵᠡᠷᠭᠡ ᠭᠤᠤᠯᠳᠠᠯᠭ᠎ᠠ ᠲᠠᠢ ᠭᠦᠷᠢᠶ᠎ᠡ ᠭᠡᠪᠴᠢᠶ᠎ᠠ ᠪᠤᠯᠤᠨ ᠵᠠᠩᠭᠢᠯᠠᠭ᠎ᠠ ᠶᠢᠨ | ᠭᠤᠭᠴᠤᠭᠠᠨ ᠤ ᠦᠭᠡᠷᠡᠴᠢᠯᠠᠯᠳᠠ ᠶᠢᠨ ᠠᠵᠢᠯ ᠢ ᠠᠬᠢᠭᠤᠯᠵᠠᠢ᠃ ᠡᠳ᠋ ᠤᠨ ᠵᠠᠰᠠᠭ ᠤᠨ ᠪᠠᠶᠢᠭᠤᠯᠤᠯ ᠤᠨ | ᠦᠭᠡᠷᠡᠴᠢᠯᠠᠯᠳᠠ ᠶᠢ ᠠᠬᠢᠭᠤᠯᠵᠤ᠂ ᠲᠦᠰᠦᠪ ᠢ ᠭᠡᠷᠡᠭᠵᠢᠭᠦᠯᠭᠦ ᠭᠦᠴᠦᠨ ᠢᠶᠠᠨ ᠴᠢᠩᠭᠠᠳᠬᠠᠪᠠ᠃ ᠬᠢᠨᠠᠨ ᠪᠤᠳᠤᠯᠳᠠ | ᠳᠤ ᠬᠢᠨᠠᠯᠳᠠ ᠲᠠᠯᠪᠢᠬᠤ ᠪᠠᠨ ᠴᠢᠩᠭᠠᠳᠬᠠᠵᠤ᠂ ᠬᠠᠤᠯᠢ ᠶᠤᠰᠤᠭᠠᠷ ᠡᠳ᠋ ᠤᠨ ᠵᠠᠰᠠᠭ ᠢ ᠬᠠᠮᠢᠶᠠᠷᠴᠦ᠂ ᠦᠷᠢ | ᠦᠭᠴᠡᠭᠡ ᠭᠠᠶᠢᠯᠢ ᠰᠦᠢᠳᠭᠡᠯ ᠢ ᠴᠡᠪᠡᠷᠯᠡᠭᠦ ᠠᠵᠢᠯ ᠤᠨ ᠭᠦᠴᠦᠯᠡᠴᠠ ᠪᠠᠨ ᠨᠡᠮᠡᠭᠳᠡᠭᠦᠯᠪᠡ᠃ ᠦᠪᠡᠷᠳᠡᠭᠡᠨ ᠵᠠᠰᠠᠬᠤ | ᠤᠷᠤᠨ ᠪᠤᠯᠤᠨ ᠠᠶᠢᠮᠠᠭ ᠤᠨ ᠲᠡᠰ ᠤᠨ ᠲᠤᠷᠰᠢᠯᠳᠠ ᠶᠢᠨ ᠴᠡᠭ ᠤᠨ ᠦᠭᠡᠷᠡᠴᠢᠯᠠᠯᠳᠠ ᠶᠢᠨ ᠠᠵᠢᠯ ᠢ ᠨᠠᠷᠢᠨ | ᠬᠢᠨᠠᠮᠠᠭᠠᠢ ᠠᠳᠬᠤᠬᠤ ᠶᠢᠨ ᠬᠠᠮᠳᠤ᠂ ᠰᠢᠨ᠎ᠡ ᠶᠢ ᠡᠭᠦᠳᠴᠦ᠂ ᠢᠳᠡᠪᠬᠢᠳᠠᠢ ᠰᠦᠪᠡᠭᠴᠢᠯᠠᠨ᠂ ᠭᠡᠷ ᠭᠦᠷᠦᠩᠭᠡ ᠶᠢᠨ | ᠭᠦᠮᠦᠷᠭᠡᠯᠡᠯᠳᠠ ᠶᠢ ᠪᠠᠭᠠᠰᠬᠠᠬᠤ᠂ ᠠᠵᠤ ᠠᠬᠤᠶᠢᠯᠠᠯ ᠤᠨ ︽ᠠᠷᠪᠠᠨ ᠲᠤᠪᠤᠶᠢᠮ᠎ᠠ ᠠᠰᠠᠭᠤᠳᠠᠯ︾ ᠢ ᠲᠦᠪᠯᠡᠷᠡᠭᠦᠯᠦᠨ | ᠴᠡᠭᠴᠡᠯᠡᠭᠦ᠂ ᠬᠠᠤᠯᠢ ᠴᠠᠭᠠᠵᠠ ᠶᠢᠨ ᠵᠦᠪᠯᠡᠭᠴᠢ ᠶᠢᠨ ᠲᠦᠷᠢᠮ ᠢ ᠪᠠᠶᠢᠭᠤᠯᠬᠤ᠂ ᠬᠢᠨᠠᠨ ᠪᠤᠳᠤᠯᠳᠠ ᠶᠢ ᠨᠡᠶᠢᠳᠡᠮ | ᠪᠦᠷᠭᠦᠭᠦᠯᠭᠦ ᠵᠡᠷᠭᠡ ᠤᠯᠠᠨ ᠭᠦᠷᠢᠶ᠎ᠠ ᠭᠡᠪᠴᠢᠶᠠᠨ ᠤ ᠦᠭᠡᠷᠡᠴᠢᠯᠠᠯᠳᠠ ᠶᠢ ᠲᠤᠭᠳᠠᠭᠤᠨ ᠢᠶᠠᠷ ᠠᠬᠢᠭᠤᠯᠵᠤ᠂ ᠨᠢᠭᠡ | ᠪᠦᠯᠦᠭ ᠠᠰᠢᠭᠯᠠᠵᠤ ᠪᠣᠯᠬᠤ᠂ ᠲᠦᠭᠡᠮᠡᠯᠵᠢᠭᠦᠯᠵᠤ ᠪᠣᠯᠬᠤ ᠲᠤᠷᠰᠢᠯᠭ᠎ᠠ ᠶᠢ ᠬᠤᠷᠠᠮᠳᠤᠭᠤᠯᠤᠨ᠂ ᠨᠡᠶᠢᠳᠠ 266 | ᠵᠤᠶᠢᠯ ᠤᠨ ᠦᠭᠡᠷᠡᠴᠢᠯᠠᠯᠳᠠ ᠶᠢᠨ ᠦᠷ᠎ᠠ ᠪᠦᠳᠦᠭᠡᠯ ᠢ ᠤᠯᠤᠭᠰᠠᠨ ᠪᠠᠶᠢᠨ᠎ᠠ᠃ ᠭᠠᠳᠠᠭᠰᠢ ᠨᠡᠭᠡᠭᠡᠯᠳᠠ ᠬᠢᠭᠦ ᠠᠬᠢᠴᠠ | ᠪᠠᠨ ᠤᠯᠠᠮ ᠨᠢᠭᠡ ᠠᠯᠬᠤᠮ ᠴᠢᠩᠭᠠᠳᠬᠠᠪᠠ᠃ ᠪᠠᠶᠠᠨᠬᠤᠸᠠ ᠠᠵᠤ ᠤᠶᠢᠯᠠᠳᠪᠤᠷᠢ ᠶᠢᠨ ᠲᠤᠭᠤᠷᠢᠭ ᠤᠨ ᠶᠡᠷᠦᠩᠭᠡᠢ | ᠲᠦᠯᠦᠪᠵᠢᠭᠦᠯᠭᠡ ᠪᠤᠯᠤᠨ ᠠᠵᠤ ᠤᠶᠢᠯᠠᠰ ᠤᠨ ᠲᠦᠯᠦᠪᠵᠢᠭᠦᠯᠭᠡ ᠶᠢ ᠪᠡᠶᠡᠯᠡᠭᠦᠯᠵᠤ᠂ ᠪᠠᠶᠠᠨᠬᠤᠸᠠ ᠠᠵᠤ | ᠤᠶᠢᠯᠡᠳᠪᠤᠷᠢ ᠶᠢᠨ ᠲᠤᠭᠤᠷᠢᠭ ᠤᠨ ᠪᠠᠶᠢᠭᠤᠯᠤᠯᠳᠠ ᠶᠢ ᠤᠯᠤᠰ ᠤᠨ ᠲᠡᠰ ᠤᠨ ᠠᠵᠤ ᠤᠶᠢᠯᠠᠰ ᠤᠨ ᠭᠦᠷᠢᠶᠡᠯᠡᠩ | ᠪᠤᠯᠤᠨ ᠲᠤᠮᠳᠠᠳᠤ ᠮᠣᠩᠭᠤᠯ ᠣᠷᠣᠰ ᠤᠨ ᠠᠵᠣ ᠠᠬᠤᠢ ᠶᠢᠨ ᠬᠡᠯᠬᠢᠶᠡᠰᠣ ᠲᠤᠮᠳᠠᠬᠢ ᠴᠢᠬᠤᠯᠠ ᠲᠤᠯᠭᠠᠭᠤᠷᠢᠯᠠᠬᠤ | ᠴᠡᠭ ᠪᠤᠯᠭᠠᠬᠤ ᠠᠬᠢᠴᠠ ᠪᠠᠨ ᠲᠦᠷᠭᠡᠳᠭᠡᠪᠡ᠃ ᠪᠡᠯᠡ ᠲᠠᠳᠠᠵᠤ ᠲᠤᠷᠰᠢᠯᠭ᠎ᠠ ᠰᠤᠯᠢᠯᠴᠠᠬᠤ ᠢᠨᠵᠧᠨᠧᠷᠢᠩ ᠢ | ᠭᠡᠷᠡᠭᠵᠢᠭᠦᠯᠦᠨ᠂ ᠵᠧᠵᠢᠶᠠᠩ ᠶᠡᠭᠡ ᠰᠤᠷᠭᠠᠭᠤᠯᠢ᠂ ᠦᠪᠤᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ | ᠵᠡᠷᠭᠡ ᠶᠡᠭᠡ ᠲᠡᠭᠡᠳᠦ ᠰᠤᠷᠭᠠᠭᠤᠯᠢ ᠪᠤᠯᠤᠨ ᠰᠤᠳᠤᠯᠭᠠᠨ ᠤ ᠪᠠᠶᠢᠭᠤᠯᠤᠮᠵᠢ ᠲᠠᠢ ᠪᠠᠶᠢᠯᠳᠤᠬᠤ ᠪᠤᠳᠤᠯᠭ᠎ᠠ ᠶᠢᠨ | ᠬᠠᠮᠳᠤᠷᠠᠯᠴᠠᠭᠠᠨ ᠤ ᠬᠠᠷᠢᠴᠠᠭ᠎ᠠ ᠪᠠᠶᠢᠭᠤᠯᠵᠤ᠂ ᠴᠢᠳᠠᠪᠤᠷᠢᠳᠠᠨ ᠭᠦᠮᠦᠵᠢᠭᠦᠯᠭᠦ᠂ ᠬᠠᠮᠳᠤᠷᠠᠯᠴᠠᠨ ᠰᠢᠨ᠎ᠠ ᠶᠢ ᠡᠭᠦᠳᠭᠦ | ᠂ ᠲᠦᠷᠦᠯ ᠵᠤᠶᠢᠯ ᠢ ᠲᠦᠰᠦᠪᠯᠡᠭᠦ ᠵᠡᠷᠭᠡ ᠲᠠᠯ᠎ᠠ ᠳᠠᠬᠢ ᠰᠢᠨ᠎ᠠ ᠰᠢᠪᠳᠤᠯᠤᠯᠳᠠ ᠶᠢ ᠡᠷᠢᠯᠬᠢᠯᠡᠪᠡ᠃ ᠲᠠᠪᠤᠨ ᠵᠢᠯ ᠤᠨ | ᠲᠤᠷᠰᠢ᠂ ᠠᠷᠠᠯᠵᠢᠶᠠᠴᠢᠨ ᠤᠷᠢᠬᠤ ᠲᠦᠷᠦᠯ ᠵᠦᠢᠯ ᠢᠶᠠᠷ ᠲᠠᠮᠵᠢᠨ᠂ 18 ᠠᠵᠤ ᠠᠬᠤᠶᠢᠯᠠᠯ ᠪᠤᠶᠤ ᠲᠦᠷᠦᠯ ᠵᠤᠶᠢᠯ | ᠢ ᠤᠷᠢᠨ ᠤᠷᠤᠭᠤᠯᠵᠤ᠂ 233.8 ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠶᠢ ᠲᠠᠳᠠᠨ ᠠᠪᠴᠢᠷᠠᠭᠰᠠᠨ | ᠪᠠᠶᠢᠨ᠎ᠠ᠃ | ︵ᠨᠠᠢᠮᠠ︶ ᠨᠡᠶᠢᠭᠡᠮ ᠤᠨ ᠠᠵᠢᠯ ᠤᠶᠢᠯᠠᠰ ᠢ ᠴᠡᠴᠡᠭᠯᠡᠭᠦᠯᠦᠨ ᠭᠦᠭᠵᠢᠭᠦᠯᠵᠤ᠂ ᠠᠷᠠᠳ ᠤᠨ ᠠᠮᠢᠳᠤᠷᠠᠯ ᠢ | ᠲᠠᠰᠤᠷᠠᠯᠳᠠ ᠦᠭᠡᠢ ᠰᠠᠶᠢᠵᠢᠷᠠᠭᠤᠯᠪᠠ᠃ ᠪᠢᠳᠠ ᠠᠷᠠᠳ ᠲᠦᠮᠡᠨ ᠢᠶᠠᠷ ᠭᠤᠤᠯ ᠪᠤᠯᠭᠠᠬᠤ ᠭᠦᠭᠵᠢᠯᠳᠠ ᠶᠢᠨ | ᠰᠡᠳᠬᠢᠴᠠ ᠶᠢ ᠢᠮᠠᠬᠳᠠ ᠪᠠᠷᠢᠮᠳᠠᠯᠠᠨ ᠲᠤᠤᠱᠯᠠᠭᠤᠯᠵᠤ᠂ ᠲᠠᠪᠤᠨ ᠵᠢᠯ ᠤᠨ ᠲᠤᠷᠰᠢ᠂ ᠠᠷᠠᠳ ᠤᠨ ᠠᠮᠢᠳᠤᠷᠠᠯ᠂ | ᠨᠡᠶᠢᠭᠡᠮ ᠤᠨ ᠠᠵᠢᠯ ᠤᠶᠢᠯᠠᠰ ᠤᠨ ᠭᠦᠷᠢᠶ᠎ᠡ ᠭᠡᠪᠴᠢᠶᠠᠨ ᠳᠠᠬᠢ ᠵᠠᠷᠤᠳᠠᠯ 78 ᠳ᠋ᠦᠩᠰᠢᠭᠤᠷ ᠲᠦᠭᠦᠷᠢᠭ ᠲᠤ | ᠭᠦᠷᠴᠦ᠂ ᠡᠩ ᠤᠨ ᠤᠯᠠᠨ ᠨᠡᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠶᠢᠨ 80% ᠠᠴᠠ | ᠲᠡᠭᠡᠭᠰᠢᠬᠢ ᠶᠢ ᠡᠵᠡᠯᠡᠭᠰᠡᠨ ᠪᠠᠶᠢᠨ᠎ᠠ᠃ | ᠨᠠᠷᠢᠯᠢᠭ ᠤᠨᠤᠪᠴᠢᠳᠠᠢ ᠪᠠᠷ ᠶᠠᠳᠠᠭᠤ ᠶᠢ ᠲᠡᠳᠭᠦᠭᠦ᠂ ᠨᠠᠷᠢᠯᠢᠭ ᠤᠨᠤᠪᠴᠢᠳᠠᠢ ᠪᠠᠷ ᠶᠠᠳᠠᠭᠤ ᠠᠴᠠ | ᠠᠩᠬᠢᠵᠢᠷᠠᠭᠤᠯᠬᠤ ᠠᠵᠢᠯ ᠢᠯᠡᠳᠳᠠ ᠦᠷ᠎ᠠ ᠪᠦᠳᠦᠮᠵᠢ ᠤᠯᠪᠠ᠃ ︽ᠵᠢᠷᠭᠤᠭᠠᠨ ᠨᠠᠷᠢᠯᠢᠭ ᠤᠨᠤᠪᠴᠢᠳᠠᠢ︾᠂ | ︽ᠲᠠᠪᠤᠨ ᠨᠢᠭᠡ ᠪᠦᠯᠦᠭ︾ ᠶᠠᠳᠠᠭᠤ ᠶᠢ ᠲᠡᠳᠭᠦᠭᠦ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠲᠤᠤᠱᠯᠠᠭᠤᠯᠵᠤ᠂ ︽ᠬᠤᠶᠠᠷ ᠲᠤ ᠵᠤᠪᠠᠭ᠋ᠤ ᠦᠭᠡᠢ᠂ ᠭᠤᠷᠪᠠ ᠶᠢ ᠪᠠᠳᠤᠯᠠᠬᠤ︾ ᠬᠠᠷᠠᠯᠳᠠ ᠶᠢ ᠦᠨᠳᠤᠰᠦᠯᠠᠨ᠂ | 2016 ᠤᠨ ᠤ ᠰᠡᠭᠦᠯᠴᠢ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ᠂ ᠠᠶᠢᠮᠠᠭ ᠤᠨ ᠲᠡᠰ ᠤᠨ ᠲᠠᠩᠰᠠ ᠺᠠᠷᠲ | ᠪᠠᠶᠢᠭᠤᠯᠤᠭᠰᠠᠨ ᠶᠠᠳᠠᠭᠤ ᠭᠦᠴᠢᠷᠳᠠᠯᠳᠠᠢ ᠡᠷᠦᠭᠡ ᠶᠢ ᠨᠢᠬᠡᠨᠳᠠ ᠪᠦᠭᠦᠨ ᠢ ᠶᠠᠳᠠᠭᠤ ᠠᠴᠠ ᠠᠩᠬᠢᠵᠢᠷᠠᠭᠤᠯᠪᠠ᠃ | ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠦᠷ᠎ᠠ ᠪᠦᠳᠦᠭᠡᠯ ᠢᠶᠠᠨ ᠪᠠᠬᠢᠵᠢᠭᠦᠯᠦᠨ ᠰᠠᠶᠢᠵᠢᠷᠠᠭᠤᠯᠤᠭᠰᠠᠨ | ᠰᠠᠭᠤᠷᠢᠨ ᠲᠡᠭᠡᠷ᠎ᠡ᠂ 2017 ᠤᠨ ᠳᠤ ᠮᠠᠨ ᠤ ᠬᠤᠰᠢᠭᠤᠨ ᠤ ᠨᠠᠷᠢᠯᠢᠭ ᠤᠨᠤᠪᠴᠢᠳᠠᠢ ᠪᠠᠷ ᠶᠠᠳᠠᠭᠤ ᠶᠢ ᠲᠡᠳᠭᠦᠭᠦ | ᠠᠵᠢᠯ ᠤᠨ ᠡᠯ᠎ᠡ ᠲᠦᠷᠦᠯ ᠤᠨ ᠲᠦᠷᠢᠮ ᠲᠤᠭᠳᠠᠭᠠᠯ ᠢ ᠲᠤᠭᠳᠠᠭᠠᠨ ᠲᠡᠭᠦᠯᠳᠡᠷᠵᠢᠭᠦᠯᠵᠤ᠂ ᠪᠦᠭᠦ ᠬᠤᠰᠢᠭᠤᠨ ᠤ | ᠮᠠᠯᠵᠢᠬᠤ ᠤᠷᠤᠨ ᠤ ᠪᠠᠶᠢᠩᠭᠤ ᠰᠠᠭᠤᠭ᠎ᠠ ᠭᠦᠮᠦᠨ ᠠᠮᠠ ᠶᠢᠨ ᠭᠡᠪᠴᠢᠶᠠᠨ ᠳᠤ ᠶᠠᠳᠠᠭᠤ ᠭᠦᠴᠢᠷᠳᠠᠯᠳᠠᠢ ᠭᠦᠮᠦᠨ | ᠠᠮᠠ ᠶᠢᠨ ᠭᠦᠳᠡᠯᠦᠩᠭᠦᠢ ᠬᠠᠮᠢᠶᠠᠷᠤᠯᠳᠠ ᠶᠢᠨ ᠠᠵᠢᠯ ᠢ ᠦᠷᠨᠢᠭᠦᠯᠦᠨ᠂ ᠠᠮᠢᠳᠤᠷᠠᠯ ᠬᠠᠷᠢᠴᠠᠩᠭᠤᠢ ᠪᠠᠷ | ᠭᠦᠴᠢᠷᠳᠠᠯᠳᠠᠢ ᠭᠦᠮᠦᠨ ᠠᠮᠠ ᠶᠢ ᠲᠠᠬᠢᠨᠳᠠ ᠬᠠᠷᠭᠤᠭᠤᠯᠤᠨ ᠪᠠᠶᠢᠴᠠᠭᠠᠵᠤ᠂ ᠶᠠᠳᠠᠭᠤ ᠭᠦᠴᠢᠷᠳᠠᠯᠳᠠᠢ ᠭᠦᠮᠦᠨ ᠠᠮᠠ | ᠶᠢ ᠨᠠᠷᠢᠯᠢᠭ ᠤᠨᠤᠪᠴᠢᠳᠠᠢ ᠪᠠᠷ ᠢᠯᠭᠠᠨ ᠲᠤᠭᠳᠠᠭᠠᠵᠤ᠂ ᠨᠠᠷᠢᠯᠢᠭ ᠤᠨᠤᠪᠴᠢᠳᠠᠢ ᠪᠠᠷ ᠶᠠᠳᠠᠭᠤ ᠠᠴᠠ | ᠠᠩᠬᠢᠵᠢᠷᠠᠭᠤᠯᠬᠤ ᠶᠢ ᠪᠠᠳᠤᠯᠠᠪᠠ᠃ ᠲᠠᠪᠤᠨ ᠵᠢᠯ ᠤᠨ ᠲᠤᠷᠰᠢ᠂ 3522.8 ᠲᠦᠮᠡᠨ ᠲᠦᠭᠦᠷᠢᠭ ᠤᠨ ᠶᠠᠳᠠᠭᠤ ᠶᠢ | ᠲᠡᠳᠭᠦᠭᠦ ᠪᠡᠯᠡ ᠮᠦᠩᠭᠦ ᠵᠠᠷᠤᠴᠠᠭᠤᠯᠤᠨ᠂ ᠭᠠᠴᠠᠭᠠᠨ ᠤ ᠡᠭᠦᠷ ᠵᠦᠪᠯᠡᠯ ᠤᠨ ᠬᠠᠪᠰᠤᠷᠤᠨ ᠲᠡᠳᠭᠦᠭᠦ ᠠᠵᠢᠯ ᠢ | ᠴᠢᠩᠭᠠᠳᠬᠠᠵᠤ᠂ ᠶᠠᠳᠠᠭᠤ ᠭᠦᠴᠢᠷᠳᠠᠯᠳᠠᠢ ᠡᠷᠦᠭᠡ ᠶᠢᠨ ᠦᠪᠡᠷ ᠤᠨ ᠭᠦᠴᠦ ᠪᠠᠷ ᠢᠶᠠᠨ ᠲᠡᠭᠵᠢᠷᠡᠭᠦ ᠤᠷᠮ᠎ᠠ ᠵᠤᠷᠢᠭ | ᠢ ᠭᠦᠭᠵᠢᠭᠡᠭᠰᠡᠨ ᠪᠠᠶᠢᠨ᠎ᠠ᠃ | ᠰᠤᠷᠭᠠᠨ ᠭᠦᠮᠦᠵᠢᠯ ᠲᠧᠭᠨᠢᠭ ᠮᠡᠷᠭᠡᠵᠢᠯ ᠤᠨ ᠤᠶᠢᠯᠠᠰ ᠰᠢᠨ᠎ᠠ ᠠᠬᠢᠴᠠ ᠲᠠᠢ ᠪᠤᠯᠪᠠ᠃ ᠮᠠᠨ ᠤ | ᠬᠤᠰᠢᠭᠤᠨ ᠤ ᠰᠤᠷᠭᠠᠨ ᠭᠦᠮᠦᠵᠢᠯ ᠤᠨ ᠶᠠᠰᠤ ᠴᠢᠨᠠᠷ ᠢ ᠲᠡᠭᠡᠭᠰᠢᠯᠡᠭᠦᠯᠭᠦ ᠲᠠᠪᠤᠨ ᠵᠢᠯ ᠤᠨ ᠠᠵᠢᠯᠯᠠᠭᠠᠨ ᠤ | ᠲᠦᠯᠦᠪᠯᠡᠭᠡ ᠶᠢ ᠭᠡᠷᠡᠭᠵᠢᠭᠦᠯᠦᠨ᠂ 2015 ᠤᠨ ᠳᠤ ︽ᠤᠯᠤᠰ ᠤᠨ ᠠᠯᠪᠠᠨ ᠵᠢᠷᠤᠮ ᠤᠨ ᠰᠤᠷᠭᠠᠨ ᠭᠦᠮᠦᠵᠢᠯ | ᠤᠨ ᠭᠦᠭᠵᠢᠯᠳᠠ ᠦᠨᠳᠤᠰᠦᠨ ᠳᠡᠭᠡᠨ ᠲᠡᠩᠴᠡᠭᠦᠷᠢᠳᠠᠢ ᠬᠤᠰᠢᠭᠤ ᠰᠢᠶᠠᠨ︾ ᠤ ᠦᠨᠡᠯᠡᠯᠳᠠ ᠳᠤ ᠬᠢᠷᠢ ᠲᠡᠩᠴᠡᠪᠡ᠃ | ᠡᠯ᠎ᠡ ᠱᠠᠳᠤᠨ ᠤ ᠰᠤᠷᠭᠠᠨ ᠭᠦᠮᠦᠵᠢᠯ ᠰᠢᠨ᠎ᠠ ᠦᠷ᠎ᠠ ᠪᠦᠳᠦᠮᠵᠢ ᠤᠯᠵᠠᠢ᠃ 1.1 ᠳ᠋ᠦᠩᠰᠢᠭᠤᠷ ᠲᠦᠭᠦᠷᠢᠭ ᠤᠨ | ᠪᠡᠯᠡ ᠵᠠᠷᠤᠴᠠᠭᠤᠯᠤᠨ᠂ ᠮᠤᠩᠭᠤᠯ ᠦᠨᠳᠤᠰᠦᠳᠠᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠲᠠᠮᠢᠷ ᠤᠨ ᠤᠷᠳᠤᠨ᠂ | ᠠᠵᠢᠯ ᠮᠡᠷᠭᠡᠵᠢᠯ ᠤᠨ ᠰᠤᠷᠭᠠᠨ ᠭᠦᠮᠦᠵᠢᠯ ᠤᠨ ᠳᠠᠳᠤᠯᠭ᠎ᠠ ᠪᠤᠯᠪᠠᠰᠤᠷᠠᠯ ᠤᠨ ᠠᠰᠠᠷ ᠵᠡᠷᠭᠡ ᠰᠠᠭᠤᠷᠢ ᠲᠦᠭᠦᠭᠡᠷᠦᠮᠵᠢ | ᠶᠢ ᠪᠠᠶᠢᠭᠤᠯᠤᠨ᠂ ᠰᠤᠷᠭᠠᠭᠤᠯᠢ ᠡᠷᠬᠢᠯᠡᠭᠦ ᠨᠦᠭᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠪᠠ᠃ ᠮᠠᠨ ᠤ | ᠬᠤᠰᠢᠭᠤᠨ ᠤ ᠪᠠᠭᠰᠢ ᠶᠢᠨ ᠡᠩᠨᠡᠭᠡᠨ ᠤ ᠴᠤᠭᠴᠠᠯᠠᠯᠳᠠ ᠶᠢᠨ ᠢᠨᠵᠧᠨᠧᠷᠢᠩ ᠤᠨ ᠬᠤᠶᠠᠳᠤᠭᠠᠷ ᠲᠠᠪᠤᠨ ᠵᠢᠯ ᠤᠨ | ᠲᠦᠯᠦᠪᠯᠡᠭᠡ ᠶᠢ ᠨᠠᠷᠢᠨ ᠬᠢᠨᠠᠮᠠᠭᠠᠢ ᠭᠡᠷᠡᠭᠵᠢᠭᠦᠯᠵᠤ᠂ ᠪᠠᠭᠰᠢ ᠨᠠᠷ ᠲᠤ ᠪᠤᠯᠪᠠᠰᠤᠷᠠᠯ ᠭᠦᠮᠦᠵᠢᠯ ᠭᠦᠷᠳᠡᠭᠡᠭᠦ ᠠᠵᠢᠯ ᠢ | ᠲᠠᠰᠤᠷᠠᠯᠳᠠ ᠦᠭᠡᠢ ᠴᠢᠩᠭᠠᠳᠬᠠᠨ᠂ ᠵᠢᠭᠠᠨ ᠰᠤᠷᠭᠠᠯᠳᠠ ᠶᠢᠨ ᠶᠠᠰᠤ ᠴᠢᠨᠠᠷ ᠢ ᠵᠢᠯ ᠲᠠᠷᠠᠭᠠᠯᠠᠨ ᠲᠡᠭᠡᠭᠰᠢᠯᠡᠭᠦᠯᠵᠤ᠂ | ᠲᠠᠪᠤᠨ ᠵᠢᠯ ᠳᠤ ᠶᠡᠷᠦᠩᠭᠡᠶᠢᠯᠡᠭᠰᠡᠨ ᠦᠨᠳᠤᠷ ᠵᠡᠷᠭᠡ ᠶᠢᠨ ᠲᠤᠮᠳᠠᠳᠤ ᠰᠤᠷᠭᠠᠭᠤᠯᠢ ᠠᠴᠠ ᠶᠡᠭᠡ ᠰᠤᠷᠭᠠᠭᠤᠯᠢ ᠶᠢᠨ | ᠵᠢᠩᠬᠢᠨᠢ ᠠᠩᠭᠢ ᠳᠤ ᠲᠠᠪᠰᠢᠭᠰᠠᠨ ᠨᠤᠷᠮ᠎ᠠ ᠶᠢ ᠵᠠᠭᠤᠨ ᠤ ᠬᠠᠷᠢᠴᠠᠯ ᠢᠶᠠᠷ ᠠᠷᠪᠠᠨ ᠭᠤᠷᠪᠠᠨ ᠴᠡᠭ ᠲᠡᠭᠡᠭᠰᠢᠯᠡᠭᠦᠯᠪᠡ᠃ | ᠶᠠᠳᠠᠭᠤ ᠶᠢ ᠲᠡᠳᠭᠦᠨ ᠰᠤᠷᠤᠯᠭ᠎ᠠ ᠲᠡᠮᠵᠢᠭᠦ ᠡᠯ᠎ᠡ ᠵᠤᠶᠢᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ | ᠲᠠᠪᠤᠨ ᠵᠢᠯ ᠤᠨ ᠲᠤᠷᠰᠢ᠂ ᠡᠯ᠎ᠡ ᠲᠦᠷᠦᠯ ᠤᠨ ᠰᠤᠷᠤᠯᠭ᠎ᠠ ᠶᠢᠨ ᠲᠡᠳᠭᠦᠮᠵᠢ ᠶᠢᠨ ᠪᠡᠯᠡ ᠮᠦᠩᠭᠦ ᠨᠡᠶᠢᠲᠡ 1.1 | ᠳ᠋ᠦᠩᠰᠢᠭᠤᠷ ᠲᠦᠭᠦᠷᠢᠭ ᠲᠠᠷᠬᠠᠭᠠᠪᠠ᠃ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ ᠡᠭᠦᠳᠭᠦ ᠠᠵᠢᠯ | ᠢ ᠢᠳᠡᠪᠬᠢᠳᠠᠢ ᠠᠬᠢᠭᠤᠯᠵᠤ᠂ ᠪᠦᠭᠦ ᠬᠤᠰᠢᠭᠤᠨ ᠤ 19 ᠲᠦᠷᠦᠯ ᠤᠨ ᠡᠭᠦᠳᠦᠯᠳᠠ ᠶᠢᠨ ᠲᠤᠰᠬᠠᠢ ᠠᠰᠢᠭ ᠪᠠ | ᠪᠤᠳᠠᠳᠤ ᠭᠡᠷᠡᠭᠴᠡᠭᠡᠳᠦ ᠰᠢᠨ᠎ᠡ ᠭᠡᠯᠪᠡᠷᠢ ᠶᠢᠨ ᠲᠤᠰᠬᠠᠢ ᠠᠰᠢᠭ ᠨᠢ ᠤᠯᠤᠰ ᠤᠨ ᠮᠡᠳᠡᠯᠭᠡ ᠶᠢᠨ ᠦᠮᠴᠢ ᠶᠢᠨ ᠡᠷᠭᠡ | ᠶᠢᠨ ᠲᠤᠪᠴᠢᠶᠠᠨ ᠤ ᠲᠤᠰᠬᠠᠢ ᠡᠷᠭᠡ ᠶᠢᠨ ᠨᠤᠳᠠᠯᠠᠯᠳᠠ ᠶᠢ ᠤᠯᠵᠤ᠂ 2017 ᠤᠨ ᠳᠤ ᠮᠠᠨ ᠤ ᠬᠤᠰᠢᠭᠤᠨ ᠤ | ᠦᠪᠤᠷ ᠮᠤᠩᠭᠤᠯ ᠤᠨ ᠬᠢᠩᠭᠠᠨ ᠵᠠᠰ ᠴᠠᠶᠢᠷ ᠬᠠᠶᠢᠯᠤᠭᠤᠯᠤᠨ ᠪᠤᠯᠪᠠᠰᠤᠷᠠᠭᠤᠯᠬᠤ ᠺᠤᠮᠫᠠᠨᠢ ᠨᠢ ᠤᠯᠤᠰ ᠤᠨ ᠲᠡᠰ ᠤᠨ | ᠲᠡᠭᠡᠳᠤ ᠰᠢᠨ᠎ᠠ ᠮᠡᠷᠭᠡᠵᠢᠯ ᠤᠨ ᠠᠵᠤ ᠠᠬᠤᠶᠢᠯᠠᠯ ᠢᠶᠠᠷ ᠦᠨᠡᠯᠡᠭᠳᠡᠭᠰᠡᠨ ᠪᠠᠶᠢᠨ᠎ᠠ᠃ | ᠠᠵᠢᠯ ᠤᠯᠭᠤᠯᠳᠠ ᠤᠶᠢᠯᠠᠰ ᠪᠦᠳᠦᠭᠡᠭᠦ ᠠᠵᠢᠯ ᠤᠨ ᠦᠷ᠎ᠡ ᠪᠦᠳᠦᠮᠵᠢ ᠮᠡᠳᠡᠭᠳᠡᠮ᠎ᠠ ᠲᠡᠭᠡᠭᠰᠢᠯᠡᠪᠡ᠃ ︽ | ᠰᠢᠨ᠎ᠠ ᠶᠢ ᠡᠭᠦᠳᠭᠦ᠂ ᠤᠶᠢᠯᠠᠰ ᠪᠦᠳᠦᠭᠡᠭᠦ︾ ᠠᠵᠢᠯ ᠢ ᠴᠢᠩᠭᠠᠳᠬᠠᠵᠤ᠂ 2015 ᠤᠨ ᠳᠤ ᠦᠪᠡᠷᠳᠡᠭᠡᠨ ᠵᠠᠰᠠᠬᠤ | ᠤᠷᠤᠨ ᠤ ᠲᠡᠰ ᠤᠨ ᠤᠶᠢᠯᠠᠰ ᠪᠦᠳᠦᠭᠡᠭᠦ ᠬᠤᠰᠢᠭᠤ ᠰᠢᠶᠠᠨ ᠢ ᠠᠮᠵᠢᠯᠳᠠᠳᠠᠢ ᠴᠤᠭᠴᠠᠯᠠᠨ᠂ 2016 ᠤᠨ ᠳᠤ | ᠤᠶᠢᠯᠠᠰ ᠪᠦᠳᠦᠭᠡᠭᠦ ᠰᠠᠭᠤᠷᠢᠨ ᠭᠠᠵᠠᠷ ᠢ ᠰᠢᠨ᠎ᠠ ᠪᠠᠷ ᠪᠠᠶᠢᠭᠤᠯᠤᠭᠰᠠᠨ ᠤ ᠬᠠᠮᠳᠤ᠂ 2017 ᠤᠨ ᠳᠤ ᠲᠤᠰ | ᠰᠠᠭᠤᠷᠢᠨ ᠭᠠᠵᠠᠷ ᠨᠢ ᠠᠶᠢᠮᠠᠭ ᠤᠨ ᠲᠡᠰ ᠤᠨ ᠵᠢᠱᠢᠶ᠎ᠠ ᠦᠵᠡᠭᠦᠯᠭᠦ ᠰᠠᠭᠤᠷᠢᠨ ᠭᠠᠵᠠᠷ ᠢᠶᠠᠷ ᠦᠨᠡᠯᠡᠭᠳᠡᠭᠰᠡᠨ ᠪᠠᠶᠢᠨ᠎ᠠ | ᠃ ᠠᠵᠢᠯ ᠮᠡᠷᠭᠡᠵᠢᠯ ᠤᠨ ᠴᠢᠳᠠᠪᠤᠷᠢ ᠪᠤᠯᠤᠨ ᠤᠶᠢᠯᠠᠰ ᠪᠦᠳᠦᠭᠡᠭᠦ ᠪᠤᠯᠪᠠᠰᠤᠷᠠᠯ ᠡᠷᠬᠢᠯᠡᠭᠦ᠂ ᠠᠵᠢᠯᠴᠢᠨ ᠡᠯᠰᠡᠭᠦ | ᠲᠤᠰᠬᠠᠢ ᠬᠤᠷᠠᠯ ᠢ ᠬᠤᠷᠠᠯᠳᠤᠭᠤᠯᠬᠤ᠂ ᠨᠠᠶᠢᠳᠠ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ ᠶᠢ ᠨᠡᠭᠡᠭᠡᠨ | ᠭᠦᠭᠵᠢᠭᠦᠯᠭᠦ ᠵᠡᠷᠭᠡ ᠠᠷᠭ᠎ᠠ ᠠᠪᠴᠠᠯ ᠢᠶᠠᠷ ᠨᠡᠶᠢᠳᠠ 8535 ᠭᠦᠮᠦᠨ ᠳᠤ ᠠᠵᠢᠯ ᠤᠯᠭᠤᠵᠤ᠂ ᠬᠤᠳᠠ ᠪᠠᠯᠭᠠᠰᠤᠨ | ᠤ ᠠᠵᠢᠯ ᠠᠯᠳᠠᠭᠰᠠᠳ ᠢ ᠲᠠᠩᠰᠠᠯᠠᠭᠰᠠᠨ ᠨᠤᠷᠮ᠎ᠠ ᠶᠢ ᠲᠠᠪᠤᠨ ᠵᠢᠯ ᠳᠤ 3.5% ᠶᠢᠨ ᠲᠤᠳᠤᠷ᠎ᠠ ᠬᠢᠵᠠᠭᠠᠷᠯᠠᠪᠠ᠃ | ᠲᠠᠪᠤᠨ ᠵᠢᠯ ᠤᠨ ᠲᠤᠷᠰᠢ᠂ ᠨᠡᠶᠢᠳᠠ 2220 ᠡᠷᠦᠭᠡ ᠳᠤ 1.4 ᠳ᠋ᠦᠩᠰᠢᠭᠤᠷ ᠲᠦᠭᠦᠷᠢᠭ ᠤᠨ ᠤᠶᠢᠯᠠᠰ | ᠪᠦᠳᠦᠭᠡᠭᠦ ᠵᠢᠭᠡᠯᠡᠯᠭᠡ ᠤᠯᠭᠤᠵᠤ᠂ ᠤᠶᠢᠯᠠᠰ ᠪᠦᠳᠦᠭᠡᠭᠴᠢᠳ ᠢ ᠤᠷᠮᠠᠰᠢᠭᠤᠯᠤᠭᠰᠠᠨ ᠪᠠᠶᠢᠨ᠎ᠠ᠃ | ᠨᠡᠶᠢᠭᠡᠮ ᠤᠨ ᠪᠠᠳᠤᠯᠠᠭ᠎ᠠ ᠶᠢᠨ ᠬᠢᠷᠢ ᠲᠦᠪᠰᠢᠨ ᠢ ᠦᠷᠭᠦᠯᠵᠢᠯᠡᠨ ᠲᠡᠭᠡᠭᠰᠢᠯᠡᠭᠦᠯᠪᠡ᠃ ᠬᠤᠳᠠ ᠪᠠᠯᠭᠠᠰᠤᠨ | ᠤ ᠠᠵᠤ ᠠᠬᠤᠶᠢᠯᠠᠯ ᠤᠨ ᠠᠵᠢᠯᠳᠠᠨ ᠤ ᠦᠨᠳᠤᠰᠦᠨ ᠨᠠᠰᠤᠵᠢᠯ ᠤᠨ ᠲᠠᠭᠠᠳᠬᠠᠯ ᠤᠨ ᠮᠦᠩᠭᠦ ᠰᠠᠷ᠎ᠠ ᠪᠦᠷᠢ | 2377 ᠲᠦᠭᠦᠷᠢᠭ ᠲᠤ ᠭᠦᠷᠪᠡ᠃ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠤᠰᠦᠨ ᠨᠠᠰᠤᠵᠢᠯ ᠤᠨ | ᠲᠠᠭᠠᠳᠬᠠᠯ ᠢ ᠨᠢᠭᠡᠳᠭᠡᠭᠦ ᠲᠦᠷᠢᠮ ᠢ ᠪᠠᠶᠢᠭᠤᠯᠵᠤ᠂ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠤᠰᠦᠨ | ᠨᠠᠰᠤᠵᠢᠯ ᠤᠨ ᠲᠠᠭᠠᠳᠬᠠᠯ ᠤᠨ ᠮᠦᠩᠭᠦ ᠰᠠᠷ᠎ᠠ ᠲᠤᠮᠳᠠᠴᠢ 370 ᠲᠦᠭᠦᠷᠢᠭ ᠲᠤ ᠭᠦᠷᠴᠦ᠂ ᠤᠯᠭᠤᠮᠵᠢ ᠶᠢᠨ ᠬᠢᠷᠢ | ᠲᠦᠪᠰᠢᠨ ᠪᠦᠭᠦ ᠠᠶᠢᠮᠠᠭ ᠤᠨ ᠲᠡᠷᠢᠭᠦᠨ ᠳᠤ ᠤᠷᠤᠪᠠ᠃ ᠬᠤᠰᠢᠭᠤ ᠡᠳ᠋ ᠤᠨ ᠵᠠᠰᠠᠭ ᠠᠴᠠ ᠨᠠᠶᠢᠳᠠ 1 | ᠳ᠋ᠦᠩᠰᠢᠭᠤᠷ ᠲᠦᠭᠦᠷᠢᠭ ᠤᠨ ᠪᠡᠯᠡ ᠵᠠᠷᠤᠴᠠᠭᠤᠯᠵᠤ᠂ ᠲᠠᠭᠠᠳᠬᠠᠯ ᠳᠤ ᠤᠷᠤᠯᠴᠠᠭᠴᠢ ᠶᠢᠨ ᠰᠤᠶᠢᠳᠭᠡᠯ ᠢ | ᠨᠦᠭᠦᠪᠤᠷᠢᠯᠡᠭᠦ ᠵᠢᠴᠢ ᠤᠷᠤᠨ ᠨᠤᠳᠤᠭ ᠤᠨ ᠨᠠᠰᠤᠵᠢᠯ ᠤᠨ ᠲᠠᠭᠠᠳᠬᠠᠯ ᠤᠨ ᠮᠦᠩᠭᠦ ᠶᠢ ᠲᠠᠷᠬᠠᠭᠠᠬᠤ ᠳᠤ | ᠭᠡᠷᠡᠭᠯᠡᠵᠠᠢ᠃ ᠨᠠᠶᠢᠳᠠ 784 ᠲᠦᠮᠡᠨ ᠲᠦᠭᠦᠷᠢᠭ ᠤᠨ ᠪᠡᠯᠡ ᠵᠠᠷᠤᠴᠠᠭᠤᠯᠵᠤ᠂ ᠬᠤᠳᠠ ᠭᠦᠳᠡᠭᠡ ᠶᠢᠨ ᠨᠠᠭᠠᠳᠤ | ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠭᠦᠷᠳᠡᠭᠰᠡᠳ ᠤᠨ ᠬᠤᠳᠠ ᠭᠦᠳᠡᠭᠡ ᠶᠢᠨ ᠰᠠᠭᠤᠭᠠᠯᠢ ᠠᠷᠠᠳ ᠤᠨ | ᠦᠨᠳᠤᠰᠦᠨ ᠨᠠᠰᠤᠵᠢᠯ ᠤᠨ ᠲᠠᠭᠠᠳᠬᠠᠯ᠂ ᠦᠨᠳᠤᠰᠦᠨ ᠡᠮᠨᠡᠯᠭᠡ ᠶᠢᠨ ᠲᠠᠭᠠᠳᠬᠠᠯ ᠤᠨ ᠰᠤᠶᠢᠳᠭᠡᠯ ᠢ ᠤᠷᠤᠯᠠᠨ | ᠲᠤᠰᠢᠶᠠᠵᠤ ᠦᠭᠭᠦᠭᠰᠡᠨ ᠪᠠᠶᠢᠨ᠎ᠠ᠃ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠤᠰᠦᠨ ᠡᠮᠨᠡᠯᠭᠡ ᠶᠢᠨ | ᠲᠠᠭᠠᠳᠬᠠᠯ ᠢ ᠨᠢᠭᠡᠳᠭᠡᠭᠦ ᠶᠢ ᠪᠡᠶᠡᠯᠡᠭᠦᠯᠵᠦ᠂ ᠬᠤᠳᠠ ᠪᠠᠯᠭᠠᠰᠤᠨ ᠤ ᠠᠵᠢᠯᠳᠠᠨ᠂ ᠬᠤᠳᠠ ᠭᠦᠳᠡᠭᠡ ᠶᠢᠨ | ᠰᠠᠭᠤᠭᠠᠯᠢ ᠠᠷᠠᠳ ᠤᠨ ᠦᠨᠳᠤᠰᠦᠨ ᠡᠮᠨᠡᠯᠭᠡ ᠶᠢᠨ ᠲᠠᠭᠠᠳᠬᠠᠯ ᠤᠨ ᠵᠢᠯ ᠳᠤ ᠨᠦᠭᠦᠪᠤᠷᠢᠯᠡᠭᠦ ᠬᠠᠮᠤᠭ ᠦᠨᠳᠤᠷ | ᠲᠦᠪᠰᠢᠨ ᠨᠢ ᠲᠤᠰᠪᠤᠷᠢ 30 ᠲᠦᠮᠡ᠂ 16 ᠲᠦᠮᠡ ᠳᠤ ᠭᠦᠷᠴᠠᠢ᠃ ᠠᠵᠢᠯ ᠤᠨ ᠰᠢᠷᠠᠭᠳᠤᠯ ᠭᠡᠮᠳᠤᠯ᠂ | ᠭᠦᠩᠭᠡᠵᠢᠯ ᠤᠨ ᠲᠠᠭᠠᠳᠬᠠᠯ ᠢ ᠴᠦᠮ ᠪᠦᠭᠦ ᠠᠶᠢᠮᠠᠭ ᠲᠠᠢ ᠨᠢᠭᠡᠳᠦᠯᠳᠠᠢ ᠲᠦᠯᠦᠪᠵᠢᠭᠦᠯᠭᠦ ᠶᠢ ᠪᠡᠶᠡᠯᠡᠭᠦᠯᠵᠤ᠂ | ᠪᠠᠳᠤᠯᠠᠭ᠎ᠠ ᠶᠢᠨ ᠴᠢᠳᠠᠪᠤᠷᠢ ᠶᠢ ᠤᠯᠠᠮ ᠨᠡᠮᠡᠭᠳᠡᠭᠦᠯᠪᠡ᠃ ᠪᠦᠭᠦ ᠠᠶᠢᠮᠠᠭ ᠲᠤ ᠬᠠᠮᠤᠭ ᠲᠦᠷᠦᠭᠦᠨ ᠳᠤ | ᠤᠷᠤᠰᠢᠭᠤᠯᠭ᠎ᠠ ᠶᠢᠨ ᠲᠠᠯ᠎ᠠ ᠳᠤ ᠬᠠᠷᠠᠭᠠᠯᠵᠠᠯ ᠦᠵᠡᠭᠦᠯᠭᠦ ᠲᠦᠷᠦ ᠶᠢᠨ ᠪᠤᠳᠤᠯᠭ᠎ᠠ ᠶᠢ ᠭᠡᠷᠡᠭᠵᠢᠭᠦᠯᠪᠡ᠃ ᠬᠠᠤᠯᠢ | ᠳᠤ ᠲᠤᠭᠳᠠᠭᠠᠭᠰᠠᠨ ᠠᠵᠢᠯ ᠠᠴᠠ ᠠᠮᠠᠷᠠᠬᠤ ᠨᠠᠰᠤ ᠨᠢ 10 ᠵᠢᠯ ᠭᠦᠷᠭᠦ ᠦᠭᠡᠢ᠂ ᠤᠤᠯ ᠤᠨ ᠤᠯᠤᠰ ᠤᠨ | ᠦᠮᠴᠢᠯᠠᠯᠳᠤ ᠠᠵᠤ ᠠᠬᠤᠶᠢᠯᠠᠯ᠂ ᠬᠠᠮᠳᠤ ᠶᠢᠨ ᠦᠮᠴᠢᠯᠡᠯᠳᠤ ᠠᠵᠤ ᠠᠬᠤᠶᠢᠯᠠᠯ ᠤᠨ ᠠᠵᠢᠯ ᠠᠯᠳᠠᠭᠰᠠᠨ | ᠠᠵᠢᠯᠳᠠᠳ ᠲᠤ11991 ᠭᠦᠮᠦᠨ ᠤᠳᠠᠭ᠎ᠠ᠂ ᠨᠡᠶᠢᠳᠠ 5171.7 ᠲᠦᠮᠡᠨ ᠲᠦᠭᠦᠷᠢᠭ ᠤᠨ ᠨᠠᠰᠤᠵᠢᠯ ᠤᠨ | ᠲᠠᠭᠠᠳᠬᠠᠯ᠂ ᠡᠮᠨᠡᠯᠭᠡ ᠶᠢᠨ ᠲᠠᠭᠠᠳᠬᠠᠯ ᠤᠨ ᠨᠦᠭᠦᠪᠦᠷᠢ ᠤᠯᠭᠤᠵᠤ᠂ ᠠᠵᠢᠯ ᠠᠯᠳᠠᠭᠰᠠᠨ ᠠᠵᠢᠯᠳᠠᠨ ᠤ ᠨᠡᠶᠢᠭᠡᠮ | ᠤᠨ ᠲᠠᠭᠠᠳᠬᠠᠯ ᠤᠨ ᠰᠤᠶᠢᠳᠭᠡᠯ ᠲᠤᠰᠢᠶᠠᠬᠤ ᠲᠠᠷᠤᠭᠠᠰᠤ ᠶᠢ ᠭᠦᠩᠭᠡᠯᠡᠭᠰᠡᠨ ᠪᠠᠶᠢᠨ᠎ᠠ᠃ | ᠦᠵᠡᠯ ᠰᠠᠨᠠᠭ᠎ᠠ ᠰᠤᠶᠤᠯ ᠤᠨ ᠪᠠᠶᠢᠭᠤᠯᠤᠯᠳᠠ ᠡᠯᠪᠡᠭ ᠦᠷ᠎ᠡ ᠪᠦᠳᠦᠭᠡᠯ ᠤᠯᠪᠠ᠃ ᠦᠵᠡᠯ ᠤᠬᠠᠮᠰᠠᠷ ᠤᠨ | ᠭᠡᠯᠪᠡᠷᠢ ᠶᠢᠨ ᠠᠵᠢᠯ ᠢ ᠭᠦᠨᠵᠡᠭᠡᠶᠢᠷᠡᠭᠦᠯᠦᠨ ᠠᠬᠢᠭᠤᠯᠵᠤ᠂ ᠲᠤᠮᠳᠠᠳᠤ ᠤᠯᠤᠰ ᠤᠨ ᠤᠨᠴᠠᠯᠢᠭ ᠪᠦᠭᠦᠢ ᠨᠡᠶᠢᠭᠡᠮ | ᠵᠢᠷᠤᠮ ᠤᠨ ᠦᠵᠡᠯ ᠪᠤᠯᠤᠨ ᠲᠤᠮᠳᠠᠳᠤ ᠶᠢᠨ ᠭᠦᠰᠡᠯᠡᠩ ᠢ ᠭᠦᠮᠦᠰ ᠤᠨ ᠰᠡᠳᠬᠢᠯ ᠳᠤ ᠬᠠᠳᠠᠩᠰᠢᠭᠤᠯᠤᠨ᠂ ᠨᠡᠶᠢᠭᠡᠮ | ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠠ ᠪᠤᠯᠤᠨ ᠲᠤᠮᠳᠠᠳᠤ ᠶᠢᠨ ᠦᠨᠳᠤᠰᠦᠳᠠᠨ ᠤ ᠰᠢᠯᠢᠳᠡᠭ ᠰᠤᠶᠤᠯ | ᠤᠯᠠᠮᠵᠢᠯᠠᠯ ᠢ ᠦᠷᠭᠡᠨ ᠢᠶᠠᠷ ᠰᠤᠷᠳᠠᠯᠴᠢᠯᠠᠪᠠ᠃ ᠤᠯᠠᠨ ᠲᠦᠮᠡᠨᠴᠢ ᠴᠢᠨᠠᠷᠳᠠᠢ ᠤᠶᠤᠨ ᠤ ᠪᠤᠯᠪᠠᠰᠤᠨ ᠢ | ᠴᠤᠭᠴᠠᠯᠠᠬᠤ ᠠᠵᠢᠯᠯᠠᠭ᠎ᠠ ᠶᠢ ᠯᠠᠪᠳᠠᠭᠤᠨ ᠦᠷᠨᠢᠭᠦᠯᠵᠤ᠂ ᠪᠦᠭᠦ ᠠᠶᠢᠮᠠᠭ ᠤᠨ ᠤᠶᠤᠨ ᠤ ᠪᠤᠯᠪᠠᠰᠤᠨ ᠤ | ᠪᠠᠶᠢᠭᠤᠯᠤᠯᠳᠠ ᠶᠢᠨ ᠲᠤᠷᠰᠢᠯᠭ᠎ᠠ ᠰᠤᠯᠢᠯᠴᠠᠬᠤ ᠬᠤᠷᠠᠯ ᠢ ᠠᠮᠵᠢᠯᠳᠠᠳᠠᠢ ᠡᠷᠬᠢᠯᠡᠪᠡ᠃ ᠰᠤᠶᠤᠯ ᠤᠷᠠᠯᠢᠭ ᠤᠨ | ᠪᠦᠳᠦᠭᠡᠯ ᠢ ᠦᠷᠭᠦᠯᠵᠢᠯᠡᠨ ᠴᠡᠴᠡᠭᠯᠡᠭᠦᠯᠦᠨ ᠭᠦᠭᠵᠢᠭᠦᠯᠵᠤ᠂ ᠮᠠᠨ ᠤ ᠬᠤᠰᠢᠭᠤᠨ ᠤ ᠨᠠᠶᠢᠷᠠᠭᠤᠯᠤᠨ ᠵᠤᠬᠢᠶᠠᠭᠰᠠᠨ | ᠪᠦᠵᠢᠭ ︽ᠨᠦᠮᠵᠢᠭ︾ ᠨᠢ ᠪᠦᠭᠦ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠤᠶᠤᠨ ᠤ ᠪᠤᠯᠪᠠᠰᠤᠨ ᠤ | ᠪᠠᠶᠢᠭᠤᠯᠤᠯᠳᠠ ᠶᠢᠨ ︽ᠲᠠᠪᠦ ᠨᠢᠭᠡ ᠶᠢᠨ ᠢᠨᠵᠧᠨᠧᠷᠢᠩ︾ ᠤᠨ ᠰᠢᠯᠢᠳᠡᠭ ᠪᠦᠳᠦᠭᠡᠯ ᠤᠨ ᠱᠠᠩᠨᠠᠯ ᠢ ᠲᠤᠰᠴᠤ᠂ | ᠬᠤᠰᠢᠭᠤ ᠤᠯᠠᠭᠠᠨᠮᠦ᠋ᠴᠢᠷ ᠨᠢ ︽ᠪᠦᠭᠦ ᠤᠷᠤᠨ ᠤ ᠠᠷᠪᠠᠨ ᠰᠢᠯᠢᠳᠡᠭ ᠤᠯᠠᠭᠠᠨᠮᠦ᠋ᠴᠢᠷ︾ ᠤᠨ ᠢᠷᠠᠭᠤ ᠠᠯᠳᠠᠷ ᠢ | ᠭᠦᠷᠳᠡᠪᠡ᠃ ᠪᠦᠭᠦ ᠠᠷᠠᠳ ᠤᠨ ᠪᠡᠶ᠎ᠡ ᠴᠢᠬᠢᠷᠠᠭᠵᠢᠭᠤᠯᠬᠤ ᠠᠵᠢᠯᠯᠠᠭ᠎ᠠ ᠪᠤᠯᠤᠨ ᠪᠡᠶ᠎ᠡ ᠲᠠᠮᠢᠷ ᠤᠨ ᠤᠷᠤᠯᠳᠤᠭᠠᠨ ᠢ | ᠪᠦᠭᠦ ᠲᠠᠯ᠎ᠠ ᠪᠠᠷ ᠭᠦᠭᠵᠢᠭᠦᠯᠵᠤ᠂ 2013 — 2016 ᠤᠨ ᠤ ᠪᠦᠭᠦ ᠤᠯᠤᠰ ᠤᠨ ᠤᠯᠠᠨ ᠲᠦᠮᠡᠨᠴᠢ ᠪᠡᠶ᠎ᠡ | ᠲᠠᠮᠢᠷ ᠤᠨ ᠲᠡᠷᠢᠭᠦᠨ ᠤ ᠨᠢᠭᠡᠴᠠ ᠶᠢᠨ ᠢᠷᠠᠭᠤ ᠠᠯᠳᠠᠷ ᠢ ᠭᠦᠷᠳᠠᠵᠠᠢ᠃ ᠮᠤᠩᠭᠤᠯ ᠬᠢᠳᠠᠳ ᠭᠡᠯᠡ ᠶᠢ ᠵᠡᠷᠭᠡᠪᠡᠷ | ᠭᠡᠷᠡᠭᠯᠡᠭᠦ ᠶᠢ ᠤᠯᠠᠮ ᠨᠢᠭᠡ ᠠᠯᠬᠤᠮ ᠲᠦᠷᠢᠮᠵᠢᠭᠦᠯᠵᠤ᠂ ᠪᠦᠭᠦ ᠬᠤᠰᠢᠭᠤᠨ ᠤ ᠰᠤᠶᠤᠯ ᠤᠨ ᠵᠦᠭᠡᠯᠡᠨ ᠪᠤᠳᠠᠳᠤ | ᠭᠦᠴᠦᠨ᠂ ᠲᠠᠯ᠎ᠠ ᠨᠤᠳᠤᠭ ᠤᠨ ᠰᠤᠶᠤᠯ ᠤᠨ ᠨᠡᠷ᠎ᠡ ᠠᠯᠳᠠᠷᠰᠢᠯ ᠪᠤᠯᠤᠨ ᠨᠦᠯᠦᠭᠡᠯᠡᠭᠦ ᠭᠦᠴᠦᠨ ᠢ ᠶᠡᠭᠡᠪᠡᠷ | ᠲᠡᠭᠡᠭᠰᠢᠯᠡᠭᠦᠯᠦᠭᠰᠡᠨ ᠪᠠᠶᠢᠨ᠎ᠠ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠠᠯᠳᠠ ᠢᠯᠡᠳᠳᠠ ᠦᠷ᠎ᠠ ᠪᠦᠳᠦᠮᠵᠢ | ᠤᠯᠪᠠ᠃ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠦᠭᠡᠷᠡᠴᠢᠯᠠᠯᠳᠠ ᠶᠢ ᠯᠠᠪᠳᠠᠭᠤᠨ ᠢᠶᠠᠷ | ᠠᠬᠢᠭᠤᠯᠵᠤ᠂ ᠡᠮ ᠤᠨ ᠵᠤᠶᠢᠯ ᠤᠨ ᠨᠡᠮᠡᠭᠳᠡᠯ ᠦᠷᠳᠡᠭ ᠢ ᠦᠭᠡᠶᠢᠰᠭᠡᠭᠦ᠂ ᠱᠠᠳᠤ ᠬᠤᠪᠢᠶᠠᠨ ᠤᠨᠤᠰᠢᠯᠠᠬᠤ ᠲᠦᠷᠢᠮ᠂ | ᠭᠡᠷ ᠪᠦᠯᠢ ᠶᠢᠨ ᠡᠮᠴᠢ ᠶᠢᠨ ᠤᠶᠢᠯᠡᠴᠢᠯᠡᠭᠡᠨ ᠤ ᠭᠡᠷ᠎ᠡ ᠲᠤᠭᠳᠠᠬᠤ᠂ ᠡᠮᠨᠡᠯᠭᠡ ᠶᠢᠨ ᠬᠠᠮᠳᠤ ᠶᠢᠨ ᠴᠤᠭᠴᠠ ᠶᠢᠨ | ᠪᠠᠶᠢᠭᠤᠯᠤᠯᠳᠠ ᠵᠡᠷᠭᠡ ᠶᠢ ᠡᠬᠢᠯᠡᠨ ᠭᠡᠷᠡᠭᠵᠢᠭᠦᠯᠵᠤ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠨᠢ | ᠪᠡᠬᠡᠵᠢᠩ ᠤᠨ ᠠᠭᠠᠷ ᠠᠶᠠᠯᠠᠯ ᠤᠨ ᠲᠦᠪ ᠡᠮᠨᠡᠯᠭᠡ ᠲᠠᠢ ᠠᠯᠤᠰ ᠡᠵᠡᠮᠰᠢᠯ ᠢᠶᠠᠷ ᠤᠨᠤᠰᠢᠯᠠᠬᠤ ᠶᠢ ᠪᠡᠶᠡᠯᠡᠭᠦᠯᠪᠡ᠃ | ᠰᠢᠨ᠎ᠠ ᠪᠠᠷ ᠪᠠᠶᠢᠭᠤᠯᠤᠭᠰᠠᠨ ᠮᠤᠩᠭᠤᠯ ᠡᠮᠨᠡᠯᠭᠡ ᠶᠢᠨ ᠬᠤᠷᠢᠶ᠎ᠠ ᠶᠢ ᠠᠰᠢᠭᠯᠠᠯᠳᠠ ᠳᠤ ᠤᠷᠤᠭᠤᠯᠤᠨ᠂ ᠡᠭᠡ ᠨᠢᠯᠬᠠᠰ | ᠤᠨ ᠡᠷᠡᠭᠦᠯᠵᠢᠯ ᠲᠦᠯᠦᠪᠯᠡᠭᠡᠳᠦ ᠦᠷᠡᠵᠢᠯ ᠤᠨ ᠤᠶᠢᠯᠡᠴᠢᠯᠡᠭᠡᠨ ᠤ ᠲᠦᠪ ᠤᠨ ᠶᠡᠷᠦᠩᠭᠡᠶᠢᠯᠡᠭᠰᠡᠨ ᠠᠰᠠᠷ ᠤᠨ | ᠪᠠᠷᠢᠯᠭ᠎ᠠ ᠶᠢᠨ ᠭᠤᠤᠯ ᠴᠤᠭᠴᠠ ᠶᠢᠨ ᠠᠵᠢᠯ ᠢ ᠲᠠᠭᠤᠰᠬᠠᠵᠤ᠂ ᠪᠠᠶᠠᠰᠤᠯ ᠰᠠᠭᠤᠭᠠᠯᠢ ᠲᠤᠭᠤᠷᠢᠭ ᠤᠨ ᠬᠤᠳᠠ | ᠤᠷᠤᠭᠰᠠᠨ ᠮᠠᠯᠴᠢᠳ ᠲᠤ ᠦᠨ᠎ᠠ ᠲᠦᠯᠦᠪᠤᠷᠢ ᠦᠭᠡᠢ ᠪᠡᠶ᠎ᠡ ᠪᠠᠶᠢᠴᠠᠭᠠᠬᠤ ᠭᠠᠵᠠᠷ ᠢ ᠪᠠᠶᠢᠭᠤᠯᠵᠠᠢ︔ ᠬᠤᠳᠠ | ᠭᠦᠳᠡᠭᠡ ᠶᠢᠨ ᠰᠠᠭᠤᠭᠠᠯᠢ ᠠᠷᠠᠳ ᠲᠤ 14 ᠲᠦᠷᠦᠯ ᠤᠨ 55 ᠵᠤᠶᠢᠯ ᠤᠨ ᠤᠯᠠᠨ ᠨᠠᠶᠢᠳᠠ ᠶᠢᠨ ᠡᠷᠡᠭᠦᠯ | ᠬᠠᠮᠠᠭᠠᠯᠠᠯ ᠤᠨ ᠦᠨᠳᠤᠰᠦᠨ ᠤᠶᠢᠯᠡᠴᠢᠯᠡᠭᠡ ᠶᠢ ᠦᠨ᠎ᠡ ᠲᠦᠯᠦᠪᠤᠷᠢ ᠦᠭᠡᠢ ᠬᠠᠩᠭᠠᠵᠤ᠂ ᠲᠦᠷᠪᠡᠨ ᠵᠢᠯ ᠲᠠᠷᠠᠭᠠᠯᠠᠨ | ᠮᠠᠯᠴᠢᠳ ᠲᠤ ᠦᠨ᠎ᠠ ᠲᠦᠯᠦᠪᠤᠷᠢ ᠦᠭᠡᠢ ᠪᠠᠶ᠎ᠡ ᠶᠢᠨ ᠪᠠᠶᠢᠴᠠᠭᠠᠯᠳᠠ ᠬᠢᠵᠤ᠂ 13000 ᠮᠠᠯᠵᠢᠬᠤ ᠡᠷᠦᠭᠡ ᠳᠤ | ᠡᠮ ᠤᠨ ᠬᠠᠶᠢᠷᠴᠠᠭ ᠲᠠᠷᠬᠠᠭᠠᠨ᠂ ᠤᠯᠠᠨ ᠨᠡᠶᠢᠳᠠ ᠶᠢᠨ ᠡᠷᠡᠭᠦᠯ ᠬᠠᠮᠠᠭᠠᠯᠠᠯ ᠤᠨ ᠦᠨᠳᠤᠰᠦᠨ ᠤᠶᠢᠯᠡᠴᠢᠯᠡᠭᠡ ᠶᠢᠨ | ᠶᠠᠰᠤ ᠴᠢᠨᠠᠷ ᠢ ᠮᠡᠳᠡᠭᠳᠡᠮ᠎ᠡ ᠲᠡᠭᠡᠭᠰᠢᠯᠡᠭᠦᠯᠪᠡ᠃ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ᠂ ᠮᠤᠩᠭᠤᠯ | ᠡᠮᠨᠡᠯᠭᠡ ᠶᠢᠨ ᠬᠤᠷᠢᠶ᠎ᠠ ᠶᠢ ᠲᠡᠰ ᠲᠡᠪᠰᠢᠭᠦᠯᠦᠨ᠂ ᠬᠤᠶᠠᠳᠤᠭᠠᠷ ᠲᠡᠰ ᠤᠨ ᠭᠦᠭᠡ ᠵᠡᠷᠭᠡ ᠶᠢᠨ ᠡᠮᠨᠡᠯᠭᠡ ᠶᠢᠨ | ᠬᠤᠷᠢᠶ᠎ᠠ ᠪᠤᠯᠭᠠᠪᠠ᠃ ᠡᠭᠡ ᠤᠷᠤᠨᠴᠢ ᠡᠷᠡᠭᠦᠯ ᠬᠠᠮᠠᠭᠠᠯᠠᠯ ᠤᠨ ᠠᠵᠢᠯᠯᠠᠭ᠎ᠠ ᠶᠢ ᠲᠠᠰᠤᠷᠠᠯᠳᠠ ᠦᠭᠡᠢ ᠠᠬᠢᠭᠤᠯᠵᠤ᠂ | ᠦᠪᠡᠷᠳᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠤᠨ ᠰᠤᠮᠤ ᠪᠠᠯᠭᠠᠰᠤ 4᠂ ᠦᠪᠡᠷᠳᠡᠭᠡᠨ ᠵᠠᠰᠠᠬᠤ ᠤᠷᠤᠨ ᠤ | ᠡᠷᠡᠭᠦᠯ ᠬᠠᠮᠠᠭᠠᠯᠠᠯ ᠤᠨ ᠭᠠᠴᠠᠭ᠎ᠠ 24 ᠶᠢ ᠠᠮᠵᠢᠯᠳᠠᠳᠠᠢ ᠡᠭᠦᠳᠴᠦ᠂ ᠡᠷᠡᠭᠦᠯ ᠡᠩᠭᠡ ᠪᠠᠷᠠᠭᠤᠨ ᠦᠵᠦᠮᠦᠴᠢᠨ ᠤ | ᠲᠤᠷᠰᠢᠯᠳᠠ ᠶᠢᠨ ᠴᠡᠭ ᠢ ᠪᠠᠶᠢᠭᠤᠯᠬᠤ ᠠᠵᠢᠯ ᠢ ᠡᠬᠢᠯᠡᠭᠦᠯᠦᠨ᠂ ᠤᠯᠤᠰ ᠤᠨ ᠲᠡᠰ ᠤᠨ ᠠᠷᠬᠠᠭ ᠡᠪᠡᠳᠴᠢᠨ ᠢ | ᠰᠡᠷᠭᠡᠶᠢᠯᠡᠨ ᠬᠤᠷᠢᠭᠯᠠᠬᠤ ᠵᠢᠱᠢᠶ᠎ᠠ ᠦᠵᠡᠭᠦᠯᠭᠦ ᠤᠷᠤᠨ ᠪᠤᠯᠤᠨ ᠦᠪᠡᠷᠳᠡᠭᠡᠨ ᠵᠠᠰᠠᠬᠤ ᠤᠷᠤᠨ ᠤ ᠲᠡᠰ ᠤᠨ ᠡᠷᠡᠭᠦᠯ | ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠵᠢᠱᠢᠶ᠎ᠠ ᠦᠵᠡᠭᠦᠯᠭᠦ ᠬᠤᠰᠢᠭᠤ ᠶᠢ ᠠᠮᠵᠢᠯᠳᠠᠳᠠᠢ ᠡᠭᠦᠳᠪᠠ᠃ | ᠬᠤᠶᠠᠷ ᠭᠡᠤᠭᠡᠳ ᠠᠪᠬᠤ ᠲᠦᠷᠦ ᠶᠢᠨ ᠪᠤᠳᠤᠯᠭ᠎ᠠ ᠶᠢ ᠪᠦᠭᠦ ᠲᠠᠯ᠎ᠠ ᠪᠠᠷ ᠭᠡᠷᠡᠭᠵᠢᠭᠦᠯᠵᠤ᠂ ᠭᠦᠮᠦᠨ ᠠᠮᠠ ᠶᠢᠨ | ᠤᠷᠳᠤ ᠬᠤᠭᠤᠴᠠᠭᠠᠨ ᠤ ᠲᠡᠩᠴᠡᠭᠦᠷᠢᠳᠠᠢ ᠭᠦᠭᠵᠢᠯᠳᠠ ᠶᠢ ᠠᠬᠢᠭᠤᠯᠤᠭᠰᠠᠨ ᠪᠠᠶᠢᠨ᠎ᠠ᠃ | ᠠᠷᠠᠳ ᠤᠨ ᠠᠭᠠᠷ ᠤᠨ ᠰᠡᠷᠭᠡᠶᠢᠯᠡᠯᠳᠠ᠂ ᠭᠠᠵᠠᠷ ᠭᠦᠳᠡᠯᠦᠯᠳᠠ᠂ ᠴᠠᠭ ᠠᠭᠤᠷ᠂ ᠲᠠᠩᠰᠠ ᠡᠪᠬᠡᠮᠡᠯ᠂ | ᠲᠡᠤᠭᠡ ᠤᠶᠢᠯᠠᠯᠭ᠎ᠠ᠂ ᠱᠠᠰᠢᠨ ᠰᠤᠷᠳᠠᠬᠤᠨ᠂ ᠭᠠᠳᠠᠭᠠᠳᠤ ᠶᠠᠪᠤᠳᠠᠯ᠂ ᠡᠷᠦᠭᠡ ᠶᠢᠨ ᠴᠡᠷᠢᠭ ᠵᠡᠷᠭᠡ ᠠᠵᠢᠯ ᠢ | ᠴᠢᠩᠭᠠᠳᠬᠠᠵᠤ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠡᠮᠡᠭᠳᠡᠶᠢᠴᠤᠳ ᠪᠤᠯᠤᠨ ᠭᠡᠤᠭᠡᠳ ᠪᠠᠭᠠᠴᠤᠳ᠂ | ᠨᠠᠰᠤᠳᠠᠶᠢᠴᠤᠳ ᠪᠤᠯᠤᠨ ᠵᠡᠮᠳᠡᠭᠴᠤᠳ ᠤᠨ ᠠᠵᠢᠯ ᠤᠶᠢᠯᠠᠰ ᠰᠢᠨ᠎ᠠ ᠠᠬᠢᠴᠠ ᠲᠠᠢ ᠪᠤᠯᠵᠤ᠂ ᠤᠯᠠᠨ ᠲᠦᠮᠡᠨ ᠤ | ᠵᠤᠯ ᠵᠢᠷᠭᠠᠯᠳᠤ ᠠᠮᠢᠳᠤᠷᠠᠯ ᠤᠨ ᠬᠢᠷᠢ ᠲᠦᠪᠰᠢᠨ ᠢ ᠵᠢᠯ ᠲᠠᠷᠠᠭᠠᠯᠠᠨ ᠲᠡᠭᠡᠭᠰᠢᠯᠡᠭᠦᠯᠪᠡ᠃ ᠴᠡᠷᠢᠭ ᠠᠷᠠᠳ | ᠠᠭᠤᠰᠤᠯᠴᠠᠭᠰᠠᠨ ᠭᠦᠭᠵᠢᠯᠳᠠ ᠰᠢᠨ᠎ᠠ ᠰᠢᠪᠳᠤᠯᠤᠯᠳᠠ ᠲᠠᠢ ᠪᠤᠯᠵᠤ᠂ 2016 ᠤᠨ ᠳᠤ ᠮᠠᠨ ᠤ ᠬᠤᠰᠢᠭᠤ ᠨᠢ ︽ | ᠦᠪᠡᠷᠳᠡᠭᠡᠨ ᠵᠠᠰᠠᠬᠤ ᠤᠷᠤᠨ ᠤ ᠲᠡᠰ ᠤᠨ ᠬᠤᠶᠠᠷ ᠢ ᠭᠦᠷᠢᠶᠡᠯᠡᠭᠦ ᠵᠢᠱᠢᠶ᠎ᠡ ᠦᠵᠡᠭᠦᠯᠭᠦ ᠬᠤᠳᠠ︾ ᠪᠠᠷ | ᠦᠨᠡᠯᠡᠭᠳᠡᠵᠤ᠂ ᠪᠤᠷᠭᠠᠰᠤᠳᠠᠢ ᠦᠷᠡᠭᠳᠡᠭᠰᠡᠨ ᠪᠠᠭᠠᠳᠤᠷᠴᠤᠳ ᠤᠨ ᠤᠩᠭᠤᠨ ᠨᠢ ᠦᠪᠡᠷᠳᠡᠭᠡᠨ ᠵᠠᠰᠠᠬᠤ ᠤᠷᠤᠨ ᠤ | ᠡᠭᠡ ᠤᠷᠤᠨᠴᠢ ᠦᠵᠡᠯ ᠤᠨ ᠰᠤᠷᠭᠠᠨ ᠭᠦᠮᠦᠵᠢᠯ ᠤᠨ ᠵᠢᠱᠢᠶ᠎ᠠ ᠦᠵᠡᠭᠦᠯᠭᠦ ᠰᠠᠭᠤᠷᠢᠨ ᠭᠠᠵᠠᠷ ᠢᠶᠠᠷ ᠦᠨᠡᠯᠡᠭᠳᠡᠭᠰᠡᠨ | ᠪᠠᠶᠢᠨ᠎ᠠ᠃ | ︵ᠶᠢᠰᠦ︶ ᠨᠡᠶᠢᠭᠡᠮ ᠤᠨ ᠵᠠᠰᠠᠯᠳᠠ ᠶᠢᠨ ᠴᠢᠳᠠᠪᠤᠷᠢ ᠪᠤᠯᠤᠨ ᠬᠢᠷᠢ ᠲᠦᠪᠰᠢᠨ ᠮᠡᠳᠡᠭᠳᠡᠮ᠎ᠠ ᠲᠡᠭᠡᠭᠰᠢᠯᠡᠵᠤ | ᠂ ᠠᠷᠠᠳ ᠲᠦᠮᠡᠨ ᠤ ᠠᠮᠤᠷ ᠲᠦᠪᠰᠢᠨ ᠰᠡᠳᠬᠢᠭᠳᠡᠯ ᠪᠤᠯᠤᠨ ᠬᠠᠨᠤᠮᠵᠢ ᠶᠢᠨ ᠭᠡᠮᠵᠢᠶ᠎ᠠ ᠲᠠᠰᠤᠷᠠᠯᠳᠠ ᠦᠭᠡᠢ | ᠨᠡᠮᠡᠭᠳᠡᠪᠡ᠃ ᠲᠠᠪᠤᠨ ᠵᠢᠯ ᠤᠨ ᠲᠤᠷᠰᠢ᠂ ᠪᠢᠳᠠ ᠤᠯᠤᠰ ᠲᠦᠷᠦ ᠶᠢᠨ ᠠᠮᠤᠷ ᠲᠦᠪᠰᠢᠨ᠂ ᠢᠯᠠᠩᠭᠤᠶ᠎ᠠ ᠤᠯᠤᠰ | ᠲᠦᠷᠦ ᠶᠢᠨ ᠡᠷᠭᠡ ᠶᠢᠨ ᠠᠮᠤᠷ ᠲᠦᠪᠰᠢᠨ᠂ ᠪᠠᠶᠢᠭᠤᠯᠤᠯ ᠤᠨ ᠠᠮᠤᠷ ᠲᠦᠪᠰᠢᠨ ᠢ ᠲᠡᠷᠢᠭᠦᠨ ᠪᠠᠶᠢᠷᠢᠨ ᠳᠤ | ᠲᠠᠯᠪᠢᠵᠤ᠂ ᠰᠢᠨ᠎ᠡ ᠤᠶᠢᠯᠠᠭᠠᠭᠳᠠᠬᠤᠨ ᠤ ᠰᠡᠳᠬᠢᠴᠠ᠂ ᠲᠤᠭᠳᠠᠴᠠ ᠪᠠᠶᠢᠭᠤᠯᠤᠮᠵᠢ᠂ ᠠᠷᠭ᠎ᠠ ᠠᠪᠴᠠᠯ ᠢᠶᠠᠨ | ᠲᠠᠰᠤᠷᠠᠯᠳᠠ ᠦᠭᠡᠢ ᠰᠢᠨᠡᠴᠢᠯᠡᠨ᠂ ᠠᠮᠤᠷ ᠲᠦᠪᠰᠢᠨ ᠢ ᠪᠠᠳᠤᠯᠠᠬᠤ᠂ ᠲᠤᠭᠳᠠᠭᠤᠨ ᠢ ᠬᠠᠮᠠᠭᠠᠯᠠᠬᠤ ᠠᠵᠢᠯ ᠢ | ᠨᠠᠷᠢᠯᠢᠭ ᠪᠤᠳᠠᠳᠠᠢ ᠬᠢᠵᠤ᠂ ᠠᠮᠤᠭᠤᠯᠠᠩ ᠪᠠᠷᠠᠭᠤᠨ ᠦᠵᠦᠮᠦᠴᠢᠨ᠂ ᠬᠠᠤᠯᠢ ᠪᠠᠷ ᠵᠠᠰᠠᠬᠤ ᠪᠠᠷᠠᠭᠤᠨ ᠦᠵᠦᠮᠦᠴᠢᠨ | ᠤ ᠪᠠᠶᠢᠭᠤᠯᠤᠯᠳᠠ ᠶᠢ ᠲᠤᠭᠳᠠᠭᠤᠨ ᠢᠶᠠᠷ ᠠᠬᠢᠭᠤᠯᠪᠠ᠃ ᠤᠯᠠᠨ ᠲᠠᠯ᠎ᠠ ᠶᠢᠨ ᠨᠡᠶᠢᠭᠡᠮ ᠤᠨ ᠠᠮᠤᠷ ᠢ ᠬᠠᠮᠠᠭᠠᠯᠠᠬᠤ | ᠰᠡᠷᠭᠡᠶᠢᠯᠡᠨ ᠵᠠᠰᠠᠬᠤ ᠰᠢᠰᠲ᠋ᠧᠮ ᠤᠨ ᠪᠠᠶᠢᠭᠤᠯᠤᠯᠳᠠ ᠶᠢ ᠳᠦᠯᠬᠢᠨ ᠠᠬᠢᠭᠤᠯᠵᠦ᠂ ᠨᠡᠶᠢᠭᠡᠮ ᠤᠨ ᠲᠤᠭᠳᠠᠭᠤᠨ ᠢ | ᠶᠡᠷᠦᠩᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠤ᠂ ᠡᠯ᠎ᠡ ᠲᠦᠷᠦᠯ ᠤᠨ ᠬᠠᠤᠯᠢ ᠵᠦᠷᠢᠴᠡᠭᠰᠡᠨ | ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠠᠮᠤᠷ ᠲᠤᠭᠳᠠᠭᠤᠨ ᠡᠮᠬᠢ ᠲᠢᠭᠯᠢᠮ ᠲᠠᠢ᠂ ᠡᠶ᠎ᠡ | ᠵᠤᠬᠢᠴᠠᠩᠭᠤᠢ ᠴᠡᠴᠡᠭᠯᠡᠨ ᠭᠦᠭᠵᠢᠭᠰᠡᠨ ᠤᠬᠢ ᠰᠠᠶᠢᠨ ᠨᠡᠶᠢᠭᠡᠮ ᠤᠨ ᠤᠷᠴᠢᠨ ᠢ ᠪᠤᠢ ᠪᠤᠯᠭᠠᠵᠤ᠂ ᠤᠯᠠᠨ ᠲᠦᠮᠡᠨ ᠤ | ᠠᠮᠤᠷ ᠲᠦᠪᠰᠢᠨ ᠰᠡᠳᠬᠢᠭᠳᠡᠯ ᠪᠤᠯᠤᠨ ᠬᠠᠨᠤᠮᠵᠢ ᠶᠢᠨ ᠭᠡᠮᠵᠢᠶ᠎ᠠ ᠶᠢ ᠲᠠᠰᠤᠷᠠᠯᠳᠠ ᠦᠭᠡᠢ ᠴᠢᠩᠭᠠᠳᠬᠠᠪᠠ᠃ ᠵᠠᠰᠠᠭ | ᠤᠨ ᠤᠷᠳᠤᠨ ᠤ ᠭᠤᠤᠯ ᠤᠳᠤᠷᠢᠳᠤᠮᠵᠢ ᠪᠠ ᠠᠵᠤ ᠠᠬᠤᠶᠢᠯᠠᠯ᠂ ᠠᠵᠢᠯᠴᠢᠨ ᠤ ᠡᠪᠯᠡᠯ ᠤᠨ ᠬᠠᠷᠢᠯᠴᠠᠨ | ᠬᠤᠯᠪᠤᠭᠳᠠᠬᠤ ᠶᠢ ᠤᠶᠠᠯᠳᠤᠭᠤᠯᠵᠤ᠂ ᠡᠶ᠎ᠡ ᠵᠤᠬᠢᠴᠠᠯ ᠲᠠᠢ ᠲᠤᠭᠳᠠᠭᠤᠨ ᠰᠢᠨ᠎ᠠ ᠭᠡᠯᠪᠡᠷᠢ ᠶᠢᠨ ᠭᠦᠳᠡᠯᠮᠦᠷᠢ ᠶᠢᠨ | ᠬᠠᠷᠢᠴᠠᠭ᠎ᠠ ᠶᠢ ᠪᠠᠶᠢᠭᠤᠯᠤᠨ᠂ ᠲᠠᠪᠤᠨ ᠵᠢᠯ ᠤᠨ ᠲᠤᠷᠰᠢ᠂ ᠨᠠᠶᠢᠳᠠ 4982 ᠭᠦᠮᠦᠨ ᠳᠤ ᠬᠤᠯᠪᠤᠭᠳᠠᠭᠰᠠᠨ 355 | ᠬᠤᠪᠢ ᠭᠦᠯᠦᠰᠦᠨ ᠠᠵᠢᠯᠴᠢᠨ ᠤ ᠴᠠᠯᠢᠩ ᠤᠯᠭᠤᠮᠵᠢ ᠶᠢᠨ ᠵᠢᠭᠤᠷᠭᠠᠨ ᠢ ᠭᠦᠯᠢᠶᠠᠨ ᠠᠪᠴᠤ ᠰᠢᠢᠳᠪᠤᠷᠢᠯᠠᠨ᠂ | 6147 ᠲᠦᠮᠡᠨ ᠲᠦᠭᠦᠷᠢᠭ ᠤᠨ ᠭᠦᠯᠦᠰᠦᠨ ᠠᠵᠢᠯᠴᠢᠨ ᠤ ᠴᠠᠯᠢᠩ ᠭᠦᠯᠦᠰᠦ ᠶᠢ ᠨᠢ ᠨᠡᠭᠡᠮᠵᠢᠯᠡᠨ ᠠᠪᠴᠢᠷᠠᠵᠠᠢ᠃ | ᠤᠨᠴᠠᠭᠠᠢ ᠤᠯᠠᠨ ᠲᠦᠮᠡᠨ ᠳᠤ ᠤᠶᠢᠯᠡᠴᠢᠯᠡᠭᠦ ᠬᠠᠮᠢᠶᠠᠷᠤᠯᠳᠠ ᠶᠢᠨ ᠬᠢᠷᠢ ᠲᠦᠪᠰᠢᠨ ᠢᠶᠠᠨ ᠲᠡᠭᠡᠭᠰᠢᠯᠡᠭᠦᠯᠦᠨ᠂ | ᠠᠰᠢᠭ ᠤᠯᠵᠠᠪᠤᠷᠢ ᠤᠯᠬᠤ ᠪᠠᠷ ᠵᠤᠷᠢᠯᠭ᠎ᠠ ᠪᠠᠨ ᠪᠤᠯᠭᠠᠭᠰᠠᠨ ᠮᠠᠯᠵᠢᠬᠤ ᠤᠷᠤᠨ ᠤ ᠠᠷᠠᠳ ᠤᠨ ᠬᠤᠭᠤᠷᠤᠨᠳᠤᠬᠢ 1. | 13 ᠳ᠋ᠦᠩᠰᠢᠭᠤᠷ ᠲᠦᠭᠦᠷᠢᠭ ᠤᠨ ᠦᠨᠳᠤᠷ ᠭᠦᠦ ᠲᠠᠢ ᠵᠢᠭᠡᠯᠡᠯᠭᠡ ᠶᠢ ᠪᠦᠳᠦᠮᠵᠢᠳᠠᠢ ᠰᠢᠢᠳᠪᠤᠷᠢᠯᠡᠵᠠᠢ᠃ | ᠲᠦᠷᠪᠡᠨ ᠱᠠᠳᠤᠨ ᠤ ᠵᠦᠷᠢᠴᠡᠯ ᠮᠠᠷᠭᠤᠯᠳᠤᠭᠠᠨ ᠢ ᠪᠠᠶᠢᠴᠠᠭᠠᠨ ᠰᠢᠢᠳᠪᠤᠷᠢᠯᠡᠭᠦ ᠲᠤᠤᠷ ᠰᠦᠯᠵᠢᠶ᠎ᠠ ᠶᠢ ᠪᠠᠶᠢᠭᠤᠯᠵᠤ᠂ | ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠶᠢᠨ ︽ | ᠭᠤᠷᠪᠠᠨ ᠲᠠᠯ᠎ᠠ ᠪᠠᠷ ᠬᠤᠯᠪᠤᠭᠠᠯᠠᠬᠤ︾ ᠲᠤᠭᠳᠠᠴᠠ ᠶᠢ ᠲᠡᠭᠦᠯᠳᠡᠷᠵᠢᠭᠦᠯᠦᠨ᠂ ᠤᠯᠠᠨ ᠲᠦᠮᠡᠨ ᠤ ᠵᠦᠢ ᠶᠤᠰᠤᠨ ᠤ | ᠱᠠᠭᠠᠷᠳᠠᠯᠭ᠎ᠠ ᠶᠢ ᠬᠠᠤᠯᠢ ᠶᠤᠰᠤᠭᠠᠷ ᠰᠢᠢᠳᠪᠤᠷᠢᠯᠡᠵᠤ᠂ ᠡᠯ᠎ᠡ ᠲᠦᠷᠦᠯ ᠤᠨ ᠵᠦᠷᠢᠴᠡᠯ ᠮᠠᠷᠭᠤᠯᠳᠤᠭᠠᠨ 4316 ᠶᠢ | ᠪᠠᠶᠢᠴᠠᠭᠠᠨ᠂ 4181 ᠶᠢ ᠨᠢ ᠡᠶᠡᠳᠡᠭᠦᠯᠦᠨ ᠰᠢᠢᠳᠪᠤᠷᠢᠯᠡᠵᠤ᠂ ᠰᠢᠢᠳᠪᠤᠷᠢᠯᠡᠭᠰᠡᠨ ᠨᠤᠷᠮ᠎ᠠ 97% ᠳᠤ ᠭᠦᠷᠴᠠᠢ᠃ | ᠬᠠᠤᠯᠢ ᠶᠢ ᠲᠦᠭᠡᠮᠡᠯᠵᠢᠭᠦᠯᠭᠦ ᠬᠠᠤᠯᠢ ᠪᠠᠷ ᠵᠠᠰᠠᠬᠤ ᠠᠵᠢᠯ ᠢ ᠪᠦᠭᠦ ᠲᠠᠯ᠎ᠠ ᠪᠠᠷ ᠠᠬᠢᠭᠤᠯᠵᠤ᠂ ︽ᠵᠢᠷᠭᠤᠳᠤᠭᠠᠷ | ᠲᠠᠪᠤᠨ ᠵᠢᠯ︾ ᠤᠨ ᠬᠠᠤᠯᠢ ᠲᠦᠭᠡᠮᠡᠯᠵᠢᠭᠦᠯᠭᠦ ᠠᠵᠢᠯ ᠢᠯᠡᠳᠳᠠ ᠦᠷ᠎ᠠ ᠪᠦᠳᠦᠮᠵᠢ ᠤᠯᠵᠤ᠂ ᠮᠠᠨ ᠤ ᠬᠤᠰᠢᠭᠤ ᠨᠢ | ᠪᠦᠭᠦ ᠤᠷᠤᠨ ᠤ ︽ᠵᠢᠷᠭᠤᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠭᠦ ᠬᠠᠤᠯᠢ ᠪᠠᠷ ᠵᠠᠰᠠᠬᠤ ᠲᠡᠷᠢᠭᠦᠨ ᠤ | ᠬᠤᠰᠢᠭᠤ ᠶᠢᠨ ᠢᠷᠠᠭᠤ ᠠᠯᠳᠠᠷ ᠢ ᠭᠦᠷᠳᠡᠨ᠂ ︽ᠲᠤᠯᠤᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠭᠦ | ᠠᠵᠢᠯ ᠢ ᠭᠦᠨᠵᠡᠭᠡᠶᠢᠷᠡᠭᠦᠯᠦᠨ ᠠᠬᠢᠭᠤᠯᠪᠠ᠃ ᠠᠶᠤᠯᠭᠦᠢ ᠤᠶᠢᠯᠠᠳᠪᠤᠷᠢᠯᠠᠯ ᠤᠨ ᠪᠠᠶᠢᠴᠠᠭᠠᠯᠳᠠ ᠶᠢ ᠦᠷᠭᠦᠯᠵᠢᠯᠡᠨ | ᠠᠬᠢᠭᠤᠯᠵᠤ᠂ ᠬᠦᠨᠳᠦ ᠨᠤᠴᠢᠳᠠᠢ ᠠᠶᠤᠯ ᠠᠳᠡᠯ ᠡᠭᠦᠰᠦᠭᠰᠡᠨ ᠦᠭᠡᠢ᠃ ᠢᠳᠡᠭᠡᠨ ᠡᠮ ᠤᠨ ᠵᠤᠶᠢᠯ ᠤᠨ ᠠᠮᠤᠷ | ᠲᠦᠪᠰᠢᠨ ᠤ ᠴᠢᠩᠭ᠎ᠠ ᠬᠠᠮᠢᠶᠠᠷᠤᠯᠳᠠ ᠶᠢ ᠪᠠᠶᠢᠩᠭᠤᠵᠢᠭᠤᠯᠵᠤ᠂ ᠤᠯᠠᠨ ᠲᠦᠮᠡᠨ ᠤ ᠢᠳᠡᠭᠡᠨ ᠤᠮᠳᠠᠭᠠᠨ ᠤ ᠠᠮᠤᠷ | ᠲᠦᠪᠰᠢᠨ ᠪᠤᠯᠤᠨ ᠡᠮ ᠭᠡᠷᠡᠭᠯᠡᠭᠦ ᠠᠮᠤᠷ ᠲᠦᠪᠰᠢᠨ ᠢ ᠪᠠᠳᠤᠯᠠᠭᠰᠠᠨ ᠪᠠᠶᠢᠨ᠎ᠠ᠃ | ︵ᠠᠷᠪᠠ︶ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠪᠠᠨ ᠲᠠᠰᠤᠷᠠᠯᠳᠠ ᠦᠭᠡᠢ | ᠴᠢᠩᠭᠠᠳᠬᠠᠵᠤ᠂ ᠬᠠᠤᠯᠢ ᠶᠤᠰᠤᠭᠠᠷ ᠵᠠᠰᠠᠭ ᠪᠠᠷᠢᠬᠤ ᠴᠢᠳᠠᠪᠤᠷᠢ ᠪᠤᠯᠤᠨ ᠤᠶᠢᠯᠡᠴᠢᠯᠡᠭᠡᠨ ᠤ ᠬᠢᠷᠢ ᠲᠦᠪᠰᠢᠨ ᠢᠶᠠᠨ | ᠮᠡᠳᠡᠭᠳᠡᠮ᠎ᠡ ᠲᠡᠭᠡᠭᠰᠢᠯᠡᠭᠦᠯᠪᠡ᠃ ᠬᠤᠰᠢᠭᠤ ᠵᠠᠰᠠᠭ ᠤᠨ ᠤᠷᠳᠤᠨ ᠨᠢ ︽ᠵᠢᠰᠦ ᠪᠠᠨ ᠲᠤᠯᠢᠳᠠᠬᠤ᠂ ᠡᠮᠦᠰᠭᠡᠯ ᠢᠶᠠᠨ | ᠲᠡᠭᠰᠢᠯᠡᠭᠦ᠂ ᠪᠡᠶ᠎ᠡ ᠪᠠᠨ ᠤᠬᠢᠶᠠᠬᠤ᠂ ᠡᠪᠡᠳᠴᠢᠨ ᠢᠶᠠᠨ ᠵᠠᠰᠠᠬᠤ︾ ᠱᠠᠭᠠᠷᠳᠠᠯᠭ᠎ᠠ ᠶᠢ ᠪᠠᠷᠢᠮᠳᠠᠯᠠᠵᠤ᠂ ᠨᠠᠮ ᠤᠨ | ᠤᠯᠠᠨ ᠲᠦᠮᠡᠨᠴᠢ ᠱᠤᠭᠤᠮ ᠤᠨ ᠭᠦᠮᠦᠵᠢᠯ ᠤᠶᠢᠯᠡᠳᠦᠯᠭᠡ ᠶᠢᠨ ᠠᠵᠢᠯᠯᠠᠭ᠎ᠠ ᠪᠤᠯᠤᠨ ︽ᠭᠤᠷᠪᠠᠨ ᠴᠢᠩᠭ᠎ᠠ ᠭᠤᠷᠪᠠᠨ | ᠪᠤᠳᠠᠳᠠᠢ︾ ᠲᠤᠰᠬᠠᠢ ᠰᠡᠳᠦᠪᠳᠤ ᠭᠦᠮᠦᠵᠢᠯ ᠢ ᠯᠠᠪᠳᠠᠭᠤᠨ ᠪᠠᠳᠤᠳᠠᠢ ᠭᠦᠨᠵᠡᠭᠡᠢ ᠦᠷᠨᠢᠭᠦᠯᠵᠤ᠂ ︽ᠬᠤᠶᠠᠷ ᠢ | ᠰᠤᠷᠤᠯᠴᠠᠵᠤ᠂ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ︾ ᠰᠤᠷᠤᠯᠴᠠᠯᠭ᠎ᠠ ᠭᠦᠮᠦᠵᠢᠯ ᠢ ᠪᠠᠶᠢᠩᠭᠤᠵᠢᠭᠤᠯᠤᠨ | ᠲᠦᠷᠢᠮᠵᠢᠭᠦᠯᠬᠦ ᠶᠢ ᠠᠬᠢᠭᠤᠯᠤᠨ᠂ ᠢᠳᠡᠭᠡᠯ ᠪᠢᠰᠢᠷᠠᠯ ᠢᠶᠠᠨ ᠨᠡᠩ ᠪᠠᠳᠤᠳᠬᠠᠵᠤ᠂ ᠨᠠᠮᠴᠢ ᠴᠢᠨᠠᠷ ᠢᠶᠠᠨ ᠨᠡᠩ | ᠴᠢᠩᠭᠠᠳᠬᠠᠪᠠ᠃ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ | ᠭᠡᠷᠡᠭᠵᠢᠭᠦᠯᠵᠤ᠂ ︽ᠲᠦᠷᠪᠡᠨ ᠤᠬᠠᠮᠰᠠᠷ︾ ᠢ ᠪᠠᠳᠤ ᠪᠠᠬᠢ ᠪᠤᠢ ᠪᠤᠯᠭᠠᠵᠤ᠂ ︽ᠲᠦᠷᠪᠡᠨ ᠢᠳᠡᠭᠡᠯ︾ | ᠢ ᠪᠠᠳᠤᠳᠬᠠᠨ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠶᠢᠯᠠᠭᠠᠭᠳᠠᠬᠤᠨ ᠢ ᠤᠬᠠᠮᠰᠠᠷ ᠠᠴᠠ ᠪᠠᠨ | ᠤᠶᠢᠯᠡᠳᠦᠯᠭᠡᠵᠢᠭᠦᠯᠪᠡ᠃ ︽ᠨᠢᠭᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ︾ ᠶᠢᠨ ᠲᠦᠷᠢᠮ ᠢ ᠴᠢᠩᠭ᠎ᠠ | ᠭᠡᠷᠡᠭᠵᠢᠭᠦᠯᠪᠡ᠃ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠳᠠᠯᠠᠨ᠂ ᠡᠷᠭᠡ ᠶᠢᠨ ᠲᠦᠷᠢᠮᠵᠢᠯ ᠢ ᠢᠯᠡ ᠲᠤᠳᠤ | ᠶᠠᠪᠤᠭᠳᠠᠭᠤᠯᠬᠤ ᠶᠢ ᠪᠠᠳᠤᠯᠠᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ | ᠬᠤᠷᠢᠶᠠᠨ ᠤ ᠬᠢᠨᠠᠯᠳᠠ ᠶᠢ ᠬᠠᠤᠯᠢ ᠶᠤᠰᠤᠭᠠᠷ ᠭᠦᠯᠢᠶᠠᠵᠤ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ | ᠠᠷᠠᠳᠴᠢᠯᠠᠭᠰᠠᠨ ᠬᠢᠨᠠᠯᠳᠠ ᠶᠢ ᠤᠬᠠᠮᠰᠠᠷ ᠠᠴᠠ ᠪᠠᠨ ᠭᠦᠯᠢᠶᠡᠨ᠂ ᠨᠡᠶᠢᠭᠡᠮ ᠪᠤᠯᠤᠨ ᠶᠠᠷᠢᠶ᠎ᠠ ᠭᠡᠯᠡᠯᠴᠡᠭᠡᠨ ᠤ ᠬᠢᠨᠠᠯᠳᠠ | ᠶᠢ ᠦᠷᠭᠡᠨ ᠢᠶᠠᠷ ᠭᠦᠯᠢᠶᠡᠭᠰᠡᠨ ᠪᠠᠶᠢᠨ᠎ᠠ᠃ ᠵᠠᠰᠠᠭ ᠤᠨ ᠤᠷᠳᠤᠨ ᠤ ᠡᠷᠭᠡ ᠶᠢᠨ ᠬᠢᠵᠠᠭᠠᠷ᠂ ᠡᠭᠦᠷᠭᠡ | ᠬᠠᠷᠢᠭᠤᠴᠠᠯᠭ᠎ᠠ ᠶᠢ ᠤᠨᠤᠪᠴᠢᠳᠠᠢ ᠡᠵᠡᠮᠰᠢᠵᠤ᠂ ︽ᠢᠯᠡ ᠨᠡᠶᠢᠳᠡᠯᠡᠭᠦ ᠶᠢ ᠪᠠᠶᠢᠩᠭᠤᠵᠢᠭᠤᠯᠬᠤ︾ ᠶᠢ ᠪᠠᠷᠢᠮᠳᠠᠯᠠᠨ᠂ | ᠵᠠᠰᠠᠭ ᠤᠨ ᠶᠠᠪᠤᠳᠠᠯ ᠢ ᠢᠯᠡ ᠨᠡᠶᠢᠳᠡᠯᠡᠭᠦ ᠶᠢ ᠪᠦᠭᠦ ᠲᠠᠯ᠎ᠠ ᠪᠠᠷ ᠠᠬᠢᠭᠤᠯᠪᠠ᠃ ᠵᠠᠰᠠᠭ ᠤᠨ ᠶᠠᠪᠤᠳᠠᠯ ᠤᠨ ᠦᠨᠡᠨᠴᠢ | ᠢᠳᠡᠭᠡᠮᠵᠢ ᠶᠢᠨ ᠪᠠᠶᠢᠭᠤᠯᠤᠯᠳᠠ ᠶᠢ ᠠᠬᠢᠭᠤᠯᠵᠤ᠂ ᠠᠵᠢᠯ ᠢᠶᠠᠨ ᠦᠷ᠎ᠡ ᠪᠦᠳᠦᠮᠵᠢᠳᠠᠢ ᠪᠡᠶᠡᠯᠡᠭᠦᠯᠦᠭᠰᠡᠨ ᠪᠠᠶᠢᠨ᠎ᠠ᠃ | ︽ᠲᠠᠷᠤᠶᠢᠬᠠᠨ ᠭᠦᠢᠴᠡᠳᠭᠡᠭᠦ︾ ᠵᠤᠷᠢᠭ ᠰᠠᠨᠠᠭ᠎ᠠ ᠪᠤᠯᠤᠨ ︽ᠮᠤᠩᠭᠤᠯ ᠮᠤᠷᠢᠨ︾ ᠤ ᠮᠤᠬᠤᠰᠢ ᠦᠭᠡᠢ ᠵᠤᠷᠢᠭ | ᠰᠠᠨᠠᠭ᠎ᠠ ᠶᠢ ᠢᠮᠠᠭᠳᠠ ᠪᠠᠳᠠᠷᠠᠭᠤᠯᠵᠤ᠂ ᠵᠠᠰᠠᠭ ᠤᠨ ᠤᠷᠳᠤᠨ ᠤ ᠭᠡᠷᠡᠭᠵᠢᠭᠦᠯᠭᠦ ᠭᠦᠴᠦᠨ ᠪᠤᠯᠤᠨ ᠵᠠᠰᠠᠭ | ᠶᠠᠪᠤᠭᠤᠯᠬᠤ ᠦᠷ᠎ᠡ ᠪᠦᠳᠦᠮᠵᠢ ᠶᠢ ᠲᠡᠭᠡᠭᠰᠢᠯᠡᠭᠦᠯᠪᠡ᠃ ᠵᠠᠰᠠᠭ ᠶᠠᠪᠤᠭᠤᠯᠬᠤ ᠳᠤ ᠬᠢᠨᠠᠯᠳᠠ ᠲᠠᠯᠪᠢᠬᠤ ᠪᠤᠯᠤᠨ ᠬᠢᠨᠠᠨ | ᠪᠤᠳᠤᠯᠳᠠ ᠳᠤ ᠬᠢᠨᠠᠯᠳᠠ ᠲᠠᠯᠪᠢᠬᠤ ᠶᠢ ᠴᠢᠩᠭᠠᠳᠬᠠᠵᠤ᠂ ᠵᠠᠰᠠᠭ ᠤᠨ ᠤᠷᠳᠤᠨ ᠤ ᠰᠢᠰᠲ᠋ᠧᠮ ᠤᠨ ᠨᠠᠮ ᠤᠨ | ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠤᠯᠤᠨ ᠢᠯᠵᠢᠷᠠᠯ ᠢ ᠡᠰᠡᠷᠭᠦᠴᠡᠭᠦ ᠠᠵᠢᠯ ᠢ ᠦᠷᠭᠦᠯᠵᠢᠯᠠᠨ | ᠠᠬᠢᠭᠤᠯᠪᠠ᠃ ᠰᠤᠷᠤᠯᠴᠠᠬᠤ ᠰᠤᠷᠳᠠᠯ ᠢ ᠪᠠᠳᠠᠷᠠᠭᠤᠯᠤᠨ᠂ ᠴᠢᠳᠠᠪᠤᠷᠢ ᠭᠡᠪ ᠴᠢᠨᠠᠷ ᠢᠶᠠᠨ ᠲᠠᠰᠤᠷᠠᠯᠳᠠ ᠦᠭᠡᠢ | ᠲᠡᠭᠡᠭᠰᠢᠯᠡᠭᠦᠯᠵᠤ᠂ ᠢᠮᠠᠬᠳᠠ ᠴᠠᠭ ᠦᠶ᠎ᠡ ᠠᠴᠠ ᠲᠦᠷᠦᠭᠦᠯᠡᠵᠤ ᠠᠰᠠᠭᠤᠳᠠᠯ ᠢ ᠪᠤᠳᠤᠯᠬᠢᠯᠠᠨ᠂ ᠠᠵᠢᠯ ᠢᠶᠠᠨ | ᠠᠬᠢᠭᠤᠯᠵᠤ᠂ ᠤᠶᠢᠯᠡᠴᠢᠯᠡᠭᠡᠨ ᠤ ᠭᠡᠯᠪᠡᠷᠢ ᠶᠢᠨ ᠵᠠᠰᠠᠭ ᠤᠨ ᠤᠷᠳᠤᠨ᠂ ᠰᠤᠷᠤᠯᠴᠠᠯᠭ᠎ᠠ ᠶᠢᠨ ᠭᠡᠯᠪᠡᠷᠢ ᠶᠢᠨ ᠵᠠᠰᠠᠭ | ᠤᠨ ᠤᠷᠳᠤᠨ᠂ ᠰᠢᠨ᠎ᠡ ᠶᠢ ᠡᠭᠦᠳᠭᠦ ᠭᠡᠯᠪᠡᠷᠢ ᠶᠢᠨ ᠵᠠᠰᠠᠭ ᠤᠨ ᠤᠷᠳᠤᠨ ᠤ ᠪᠠᠶᠢᠭᠤᠯᠤᠯᠳᠠ ᠪᠤᠳᠠᠳᠤ ᠦᠷ᠎ᠠ | ᠪᠦᠳᠦᠮᠵᠢ ᠤᠯᠤᠭᠰᠠᠨ ᠪᠠᠶᠢᠨ᠎ᠠ᠃ | ᠲᠦᠯᠦᠭᠡᠯᠡᠭᠴᠢᠳ ᠡ᠂ ᠦᠡᠭᠭᠡᠷᠡᠭᠰᠡᠨ ᠲᠠᠪᠤᠨ ᠵᠢᠯ ᠪᠤᠯ ᠮᠠᠨ ᠤ ᠬᠤᠰᠢᠭᠤᠨ ᠤ ᠠᠵᠤ ᠠᠬᠤᠢ ᠶᠢᠨ | ᠪᠠᠶᠢᠭᠤᠯᠤᠯᠳᠠ᠂ ᠤᠯᠤᠰ ᠲᠦᠷᠦ ᠶᠢᠨ ᠪᠠᠶᠢᠭᠤᠯᠤᠯᠳᠠ᠂ ᠰᠤᠶᠤᠯ ᠤᠨ ᠪᠠᠶᠢᠭᠤᠯᠤᠯᠳᠠ᠂ ᠨᠡᠶᠢᠭᠡᠮ ᠤᠨ | ᠪᠠᠶᠢᠭᠤᠯᠤᠯᠳᠠ ᠪᠤᠯᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠪᠦᠭᠦ ᠲᠠᠯ᠎ᠠ ᠪᠠᠷ ᠠᠬᠢᠭᠤᠯᠤᠭᠰᠠᠨ | ᠲᠠᠪᠤᠨ ᠵᠢᠯ ᠪᠤᠯᠤᠨ᠎ᠠ᠂ ᠮᠦᠨᠴᠦ ᠭᠦᠭᠵᠢᠯᠳᠠ ᠶᠢᠨ ᠠᠷᠭ᠎ᠠ ᠭᠡᠯᠪᠡᠷᠢ ᠪᠠᠨ ᠲᠦᠷᠭᠡᠳᠭᠡᠨ ᠬᠤᠪᠢᠷᠠᠭᠤᠯᠵᠤ᠂ | ᠭᠦᠭᠵᠢᠯᠳᠠ ᠶᠢᠨ ᠰᠠᠭᠤᠷᠢ ᠶᠢ ᠨᠡᠩ ᠪᠠᠬᠢᠵᠢᠭᠦᠯᠦᠨ᠂ ᠪᠦᠭᠦ ᠲᠠᠯ᠎ᠠ ᠶᠢᠨ ᠮᠦᠷᠳᠡᠭᠡᠨ ᠦᠷᠭᠦᠯᠵᠢᠯᠠᠨ ᠵᠤᠬᠢᠴᠠᠩᠭᠤᠢ | ᠬᠦᠭᠵᠢᠭᠰᠡᠨ ᠲᠠᠪᠤᠨ ᠵᠢᠯ ᠪᠤᠯᠤᠨ᠎ᠠ᠃ ᠮᠦᠨᠴᠦ ᠦᠭᠡᠷᠡᠴᠢᠯᠠᠯᠳᠠ ᠶᠢ ᠭᠦᠨᠵᠡᠭᠡᠶᠢᠷᠡᠭᠦᠯᠦᠨ᠂ ᠬᠤᠳᠠ ᠭᠦᠳᠡᠭᠡ ᠶᠢᠨ | ᠲᠦᠷᠰᠤ ᠪᠠᠶᠢᠳᠠᠯ ᠠᠰᠤᠷᠤ ᠶᠡᠭᠡ ᠬᠤᠪᠢᠷᠠᠯᠳᠠ ᠲᠠᠢ ᠪᠤᠯᠵᠤ᠂ ᠤᠯᠠᠨ ᠲᠦᠮᠡᠨ ᠳᠤ ᠨᠡᠩ ᠪᠤᠳᠠᠳᠠᠢ ᠠᠰᠢᠭ | ᠭᠦᠷᠳᠡᠭᠡᠭᠰᠡᠨ ᠲᠠᠪᠤᠨ ᠵᠢᠯ ᠪᠤᠯᠤᠨ᠎ᠠ᠃ ᠲᠠᠪᠤᠨ ᠵᠢᠯ ᠤᠨ ᠠᠮᠵᠢᠯᠳᠠ ᠪᠦᠳᠦᠭᠡᠯ ᠪᠤᠯ ᠪᠦᠭᠦ ᠲᠠᠯ᠎ᠠ ᠶᠢᠨ ᠮᠦᠷᠳᠡᠭᠡᠨ | ᠡᠭᠦᠳᠦᠯᠳᠠ ᠶᠢᠨ ᠴᠢᠨᠠᠷᠳᠠᠢ ᠶᠤᠮ᠃ ᠡᠳᠡᠭᠡᠷ ᠠᠮᠵᠢᠯᠳᠠ ᠪᠦᠳᠦᠮᠵᠢ ᠨᠦᠭᠦᠳ ᠪᠤᠯ ᠦᠵᠡᠯ ᠰᠠᠨᠠᠭ᠎ᠠ᠂ ᠤᠯᠤᠰ | ᠲᠦᠷᠦ᠂ ᠤᠶᠢᠯᠠ ᠠᠵᠢᠯᠯᠠᠭᠠᠨ ᠲᠡᠭᠡᠷ᠎ᠡ ᠪᠠᠨ ᠰᠢ ᠶᠢᠨ ᠫᠢᠩ ᠶᠡᠷᠦᠩᠭᠡᠢ ᠱᠦᠵᠢ ᠪᠠᠷ ᠭᠤᠤᠯ ᠪᠤᠯᠭᠠᠭᠰᠠᠨ ᠨᠠᠮ ᠤᠨ | ᠲᠦᠪ ᠬᠤᠷᠢᠶ᠎ᠠ ᠲᠠᠢ ᠲᠡᠭᠡᠳᠦ ᠭᠡᠮᠵᠢᠶ᠎ᠠ ᠪᠠᠷ ᠨᠢᠭᠡᠳᠦᠯᠳᠠᠢ ᠪᠠᠶᠢᠬᠤ ᠶᠢ ᠢᠮᠠᠬᠳᠠ ᠪᠠᠷᠢᠮᠳᠠᠯᠠᠭᠰᠠᠨ ᠤ ᠦᠷ᠎ᠡ ᠳ᠋ᠦᠩ | ᠮᠦᠨ᠂ ᠮᠦᠨᠴᠦ ᠦᠪᠡᠷᠳᠡᠭᠡᠨ ᠵᠠᠰᠠᠬᠤ ᠤᠷᠤᠨ ᠤ ᠡᠯ᠎ᠡ ᠵᠤᠶᠢᠯ ᠤᠨ ᠰᠢᠢᠳᠪᠤᠷᠢᠳᠤ ᠪᠤᠳᠤᠯᠭ᠎ᠠ ᠶᠢᠨ | ᠪᠠᠶᠢᠷᠢᠯᠠᠭᠤᠯᠤᠯᠳᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠤ ᠦᠷ᠎ᠠ ᠳ᠋ᠦᠩ ᠮᠦᠨ᠂ ᠮᠦᠨᠴᠦ ᠠᠶᠢᠮᠠᠭ ᠤᠨ | ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠤᠯᠤᠨ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ | ᠤᠳᠤᠷᠢᠳᠤᠯᠭ᠎ᠠ ᠶᠢᠨ ᠦᠷ᠎ᠡ ᠳ᠋ᠦᠡᠭ ᠮᠦᠨ᠂ ᠮᠦᠨᠴᠤ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠵᠢᠴᠢ ᠪᠠᠶᠢᠩᠭᠤ ᠶᠢᠨ ᠬᠤᠷᠢᠶᠠᠨ ᠤ ᠬᠠᠤᠯᠢ ᠶᠤᠰᠤᠨ ᠤ ᠬᠢᠨᠠᠯᠳᠠ ᠪᠤᠯᠤᠨ ᠬᠤᠰᠢᠭᠤ ᠤᠯᠤᠰ ᠲᠦᠷᠦ ᠶᠢᠨ | ᠵᠦᠪᠯᠡᠯᠭᠡᠨ ᠤ ᠠᠷᠠᠳᠴᠢᠯᠠᠭᠰᠠᠨ ᠬᠢᠨᠠᠯᠳᠠ᠂ ᠬᠠᠯᠠᠮᠵᠢ ᠲᠡᠮᠵᠢᠯᠭᠡ ᠶᠢᠨ ᠦᠷ᠎ᠡ ᠳ᠋ᠦᠡᠭ ᠮᠦᠨ᠂ ᠮᠦᠨᠴᠦ ᠪᠦᠭᠦ | ᠬᠤᠰᠢᠭᠤᠨ ᠤ ᠡᠯ᠎ᠡ ᠦᠨᠳᠤᠰᠦᠳᠠᠨ ᠤ ᠺᠠᠳ᠋ᠷ ᠤᠯᠠᠨ ᠲᠦᠮᠡᠨ ᠤ ᠬᠠᠮᠳᠤ ᠶᠢᠨ ᠴᠢᠷᠮᠠᠶᠢᠯᠭ᠎ᠠ᠂ ᠪᠦᠯᠭᠦᠮᠳᠡᠯ ᠲᠡᠮᠡᠴᠡᠯ | ᠤᠨ ᠦᠷ᠎ᠡ ᠳ᠋ᠦᠡᠭ ᠮᠦᠨ᠃ ᠠᠳᠠ ᠪᠢ᠂ ᠬᠤᠰᠢᠭᠤ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠵᠠᠰᠠᠭ | ᠤᠨ ᠤᠷᠳᠤᠨ ᠤ ᠡᠮᠦᠨ᠎ᠠ ᠠᠴᠠ ᠡᠯ᠎ᠡ ᠠᠵᠢᠯ ᠳᠦᠷᠦᠯ᠂ ᠡᠯ᠎ᠡ ᠠᠵᠢᠯ ᠤᠨ ᠪᠠᠶᠢᠷᠢᠨ ᠳᠤ ᠰᠢᠷᠭᠠᠭᠤ ᠬᠠᠳᠠᠭᠤᠵᠢᠯᠳᠠᠢ | ᠠᠵᠢᠯᠯᠠᠵᠤ ᠪᠠᠶᠢᠭ᠎ᠠ ᠡᠯ᠎ᠡ ᠦᠨᠳᠤᠰᠦᠳᠠᠨ ᠤ ᠺᠠᠳ᠋ᠷ ᠠᠷᠠᠳ ᠲᠦᠮᠡᠨ᠂ ᠪᠠᠷᠠᠭᠤᠨ ᠦᠵᠦᠮᠦᠴᠢᠨ ᠬᠤᠰᠢᠭᠤᠨ ᠤ | ᠪᠦᠳᠦᠭᠡᠨ ᠪᠠᠶᠢᠭᠤᠯᠤᠯᠳᠠ ᠪᠠ ᠭᠦᠭᠵᠢᠯᠳᠠ ᠶᠢᠨ ᠤᠶᠢᠯᠠᠰ ᠲᠤ ᠬᠤᠪᠢ ᠨᠡᠮᠡᠷᠢ ᠪᠠᠨ ᠬᠠᠷᠠᠮ ᠦᠭᠡᠢ | ᠵᠤᠷᠢᠭᠤᠯᠤᠭᠰᠠᠨ ᠠᠬᠠᠮᠠᠳ ᠤᠳᠤᠷᠢᠳᠤᠯᠭ᠎ᠠ᠂ ᠠᠬᠠᠮᠠᠳ ᠨᠦᠭᠦᠳ ᠪᠠ ᠮᠠᠨ ᠤ ᠬᠤᠰᠢᠭᠤᠨ ᠳᠤ ᠪᠡᠯᠡ ᠤᠷᠤᠭᠤᠯᠵᠤ | ᠤᠶᠢᠯᠠᠰ ᠪᠤᠰᠬᠠᠭᠰᠠᠨ ᠠᠵᠤ ᠠᠬᠤᠶᠢᠯᠠᠯᠳᠠᠳ᠂ ᠪᠠᠷᠠᠭᠤᠨ ᠦᠵᠦᠮᠦᠴᠢᠨ ᠬᠤᠰᠢᠭᠤᠨ ᠤ ᠭᠦᠭᠵᠢᠯᠳᠠ ᠴᠡᠴᠡᠭᠯᠠᠯᠳᠠ | ᠶᠢ ᠠᠩᠬᠠᠷᠤᠨ ᠬᠠᠯᠠᠮᠵᠢᠯᠠᠭᠰᠠᠭᠠᠷ ᠢᠷᠡᠭᠰᠡᠨ ᠪᠦᠭᠦ ᠨᠠᠶᠢᠵᠠ ᠨᠠᠷ ᠲᠠᠭᠠᠨ ᠴᠢᠩ ᠰᠡᠳᠬᠢᠯ ᠤᠨ ᠪᠠᠶᠠᠷ ᠲᠠᠯᠠᠷᠬᠠᠯ | ᠪᠤᠯᠤᠨ ᠡᠷᠭᠢᠮ ᠲᠡᠭᠡᠳᠦ ᠭᠦᠨᠳᠤᠳᠭᠡᠯ ᠢᠶᠠᠨ ᠲᠡᠪᠰᠢᠭᠦᠯᠵᠤ ᠪᠠᠶᠢᠨ᠎ᠠ︕ | ᠲᠠᠪᠤᠨ ᠵᠢᠯ ᠤᠨ ᠳᠤᠷᠰᠢ ᠤᠯᠤᠭᠰᠠᠨ ᠠᠮᠵᠢᠯᠳᠠ ᠪᠦᠳᠦᠮᠵᠢ ᠤᠷᠮ᠎ᠠ ᠵᠤᠷᠢᠭ ᠢ ᠬᠦᠪᠴᠢᠯᠡᠵᠦ᠂ | ᠬᠤᠷᠠᠮᠳᠤᠭᠤᠯᠤᠭᠰᠠᠨ ᠳᠤᠷᠰᠢᠯᠭ᠎ᠠ ᠰᠤᠷᠭᠠᠮᠵᠢ ᠡᠷᠬᠢᠮ ᠨᠠᠨᠳᠢᠨ ᠰᠠᠨᠠᠭᠳᠠᠨ᠎ᠠ᠃ ᠪᠤᠳᠠᠳᠠᠢ ᠠᠵᠢᠯ ᠤᠨ ᠳᠤᠮᠳᠠ ᠪᠠᠨ | ᠪᠢᠳᠡ ᠭᠦᠨᠵᠡᠭᠡᠢ ᠤᠶᠢᠯᠠᠭᠠᠵᠦ ᠮᠡᠳᠡᠷᠡᠭᠰᠡᠨ ᠨᠢ᠄ | — — ᠡᠷᠬᠡᠪᠰᠢ ᠠᠷᠠᠳ ᠤᠨ ᠳᠦᠯᠦᠭᠡ ᠵᠠᠰᠠᠭ ᠪᠠᠷᠢᠵᠦ᠂ ᠠᠷᠠᠳ ᠤᠨ ᠠᠮᠢᠳᠤᠷᠠᠯ ᠢ ᠬᠠᠯᠠᠮᠵᠢᠯᠠᠨ᠂ | ᠠᠷᠠᠳ ᠲᠤ ᠠᠰᠢᠭ ᠭᠦᠷᠳᠡᠭᠡᠭᠦ ᠬᠡᠷᠡᠭᠳᠡᠢ᠃ ᠵᠦᠪᠬᠡᠨ ᠠᠷᠠᠳ ᠤᠨ ᠠᠮᠢᠳᠤᠷᠠᠯ ᠤᠨ ᠠᠵᠢᠯ ᠢ ᠪᠦᠬᠦᠶᠢᠯᠡ ᠠᠵᠢᠯ | ᠤᠨ ᠭᠠᠷᠳᠠᠴᠠ ᠪᠠ ᠵᠤᠭᠰᠤᠴᠠ ᠪᠤᠯᠭᠠᠵᠦ᠂ ᠤᠯᠠᠨ ᠳᠦᠮᠡᠨ ᠤ ᠠᠰᠢᠭ ᠳᠤᠰᠠ ᠶᠢ ᠭᠦᠢᠴᠡᠳ ᠪᠠᠳᠤᠯᠠᠨ᠂ ᠤᠯᠠᠨ | ᠳᠦᠮᠡᠨ ᠤ ᠢᠳᠡᠪᠬᠢᠳᠤ ᠴᠢᠨᠠᠷ ᠪᠠ ᠡᠭᠦᠳᠦᠨ ᠪᠦᠳᠦᠭᠡᠬᠦ ᠴᠢᠨᠠᠷ ᠢ ᠦᠨᠡᠨᠬᠦ ᠪᠠᠳᠠᠷᠠᠭᠤᠯᠪᠠᠯ ᠰᠠᠶ᠋ᠢ ᠤᠯᠠᠨ ᠳᠦᠮᠡᠨ ᠤ | ᠳᠡᠮᠵᠢᠯᠭᠡ ᠶᠢ ᠤᠯᠵᠦ᠂ ᠬᠦᠴᠦᠷᠭᠡᠭ ᠶᠡᠭᠡ ᠬᠦᠭᠵᠢᠯᠳᠡ ᠶᠢᠨ ᠭᠦᠳᠡᠯᠭᠡᠭᠦ ᠬᠦᠴᠦᠨ ᠢ ᠪᠦᠷᠢᠯᠳᠦᠭᠦᠯᠦᠨ᠂ ᠪᠦᠬᠦ | ᠬᠤᠰᠢᠭᠤᠨ ᠤ ᠠᠵᠤ ᠠᠬᠤᠢ ᠨᠡᠶᠢᠭᠡᠮ ᠤᠨ ᠡᠯ᠎ᠡ ᠲᠦᠷᠦᠯ ᠤᠨ ᠠᠵᠢᠯ ᠦᠢᠯᠡᠰ ᠨᠢ ᠬᠢᠵᠠᠭᠠᠷ ᠦᠭᠡᠢ ᠶᠡᠭᠡ | ᠬᠦᠭᠵᠢᠯᠳᠡ ᠶᠢᠨ ᠬᠦᠳᠡᠯᠭᠡᠭᠴᠢ ᠬᠦᠴᠦᠨ ᠲᠠᠢ ᠪᠤᠯᠵᠦ ᠴᠢᠳᠠᠨ᠎ᠠ᠃ | — — ᠡᠷᠬᠡᠪᠰᠢ ᠨᠡᠬᠡᠬᠡᠯᠳᠡ ᠬᠢᠵᠦ ᠰᠢᠨ᠎ᠡ ᠶᠢ ᠡᠭᠦᠳᠭᠦ ᠶᠢ ᠪᠠᠷᠢᠮᠳᠠᠯᠠᠨ᠂ ᠴᠠᠭ ᠦᠶ᠎ᠡ ᠲᠠᠢ ᠵᠡᠷᠬᠡᠴᠡᠨ | ᠤᠷᠤᠭᠰᠢᠯᠠᠬᠤ ᠡᠷᠴᠢ ᠬᠦᠴᠦᠨ ᠲᠠᠢ ᠪᠠᠶᠢᠬᠤ ᠬᠡᠷᠡᠭᠳᠡᠢ᠃ ᠵᠦᠪᠬᠡᠨ ᠴᠠᠭ ᠢᠮᠠᠭᠳᠠ ᠦᠵᠡᠯ ᠰᠠᠨᠠᠭ᠎ᠠ ᠪᠠᠨ | ᠴᠢᠯᠦᠬᠡᠯᠡᠵᠦ᠂ ᠨᠡᠭᠡᠭᠡᠯᠳᠡ ᠲᠠᠢ ᠤᠷᠤᠭᠰᠢᠯᠠᠵᠦ ᠰᠢᠨ᠎ᠡ ᠶᠢ ᠡᠭᠦᠳᠣᠨ᠂ ᠬᠦᠭᠵᠢᠯᠳᠠ ᠶᠢᠨ ᠬᠠᠷᠠᠴᠠ᠂ | ᠦᠬᠡᠷᠡᠴᠢᠯᠡᠯᠳᠡ ᠶᠢᠨ ᠰᠡᠳᠬᠢᠴᠡ᠂ ᠰᠢᠨ᠎ᠡ ᠶᠢ ᠡᠭᠦᠳᠬᠦ ᠠᠷᠭ᠎ᠠ ᠭᠡᠮᠵᠢᠶ᠎ᠠ᠂ ᠵᠠᠬ᠎ᠠ ᠲᠡᠯᠭᠡᠭᠦᠷ ᠤᠨ ᠠᠷᠭ᠎ᠠ ᠪᠠᠷᠢᠯ | ᠢᠶᠠᠷ ᠤᠷᠤᠭᠰᠢᠯᠠᠯᠳᠠ ᠲᠣᠮᠳᠠᠬᠢ ᠭᠦᠴᠢᠷᠳᠡᠯ ᠪᠤᠯᠤᠨ ᠠᠰᠠᠭᠤᠳᠠᠯ ᠢ ᠰᠢᠢᠳᠪᠤᠷᠢᠯᠡᠪᠡᠯ ᠰᠠᠶ᠋ᠢ ᠬᠦᠴᠢᠷ ᠪᠡᠷᠭᠡ ᠶᠢ | ᠵᠠᠯᠭᠠᠪᠠᠷ ᠲᠣᠭᠤᠯᠣᠨ᠂ ᠠᠰᠠᠭᠤᠳᠠᠯ ᠢ ᠨᠢᠬᠡᠳ ᠨᠢᠭᠡᠳ ᠢᠶᠠᠷ ᠰᠢᠢᠳᠪᠤᠷᠢᠯᠡᠵᠦ᠂ ᠨᠡᠩ ᠦᠨᠳᠤᠷ ᠠᠮᠵᠢᠯᠳᠠ ᠳᠤ | ᠭᠦᠷᠴᠦ ᠴᠢᠳᠠᠨ᠎ᠠ᠃ | — — ᠡᠷᠬᠡᠪᠰᠢ ᠬᠦᠮᠦᠨ ᠪᠤᠯᠤᠨ ᠪᠠᠶᠢᠭᠠᠯᠢ ᠶᠢᠨ ᠡᠶ᠎ᠡ ᠵᠤᠬᠢᠴᠠᠯ ᠲᠠᠢ ᠬᠠᠮᠲᠤᠪᠡᠷ ᠤᠷᠤᠰᠢᠬᠤ ᠶᠢ | ᠪᠠᠷᠢᠮᠳᠠᠯᠠᠵᠦ᠂ ᠬᠦᠭᠡ ᠠᠭᠤᠯᠠ ᠬᠦᠭᠡᠮᠳᠦᠭ ᠤᠰᠤ ᠪᠤᠯ ᠠᠯᠳᠠ ᠮᠦᠩᠭᠦᠨ ᠠᠭᠤᠯᠠ ᠬᠡᠬᠦ ᠤᠢᠢᠯᠡᠭᠠᠬᠳᠡᠬᠤᠨ ᠢ | ᠪᠠᠲᠤ ᠪᠠᠬᠢ ᠪᠤᠢ ᠪᠤᠯᠭᠠᠬᠤ ᠬᠡᠷᠡᠭᠳᠡᠢ᠃ ᠵᠦᠪᠬᠡᠨ ᠠᠮᠢ ᠠᠬᠤᠢ ᠶᠢᠨ ᠤᠷᠴᠢᠨ ᠲᠤᠭᠤᠷᠢᠨ ᠢᠶᠠᠨ ᠠᠮᠢ ᠨᠠᠰᠤ ᠪᠠᠨ | ᠰᠢᠭ ᠨᠠᠨᠳᠢᠩᠨᠡᠵᠤ᠂ ᠠᠭᠤᠯᠠ ᠤᠰᠤ᠂ ᠤᠢ ᠮᠤᠳᠤ᠂ ᠭᠠᠵᠠᠷ ᠲᠠᠷᠢᠶ᠎ᠠ᠂ ᠨᠠᠭᠤᠷ ᠴᠦᠬᠦᠷᠦᠮ᠂ ᠨᠤᠳᠤᠭ ᠪᠡᠯᠴᠢᠬᠡᠷ ᠢ | ᠰᠢᠰᠲ᠋ᠧᠮ ᠲᠠᠢ ᠪᠠᠷ ᠵᠠᠰᠠᠬᠤ ᠶᠢ ᠨᠢᠬᠡᠳᠦᠯᠳᠡᠢ ᠲᠦᠯᠦᠪᠵᠢᠬᠦᠯᠦᠨ᠂ ᠠᠮᠢ ᠠᠬᠤᠢ ᠶᠢᠨ ᠤᠷᠴᠢᠨ ᠳᠤᠭᠤᠷᠢᠨ ᠢ | ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠬᠡᠷᠡᠭᠵᠢᠬᠦᠯᠵᠤ᠂ ᠪᠤᠬᠢᠷᠳᠦᠯ ᠦᠬᠡᠢ ᠬᠦᠭᠵᠢᠯᠳᠡ ᠶᠢᠨ ᠠᠷᠭ᠎ᠠ ᠮᠠᠶ᠋ᠢᠭ | ᠪᠠ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠤᠯᠭᠠᠪᠠᠯ ᠰᠠᠶ᠋ᠢ ᠨᠤᠲᠤᠭ ᠪᠡᠯᠴᠢᠭᠡᠷ ᠢ ᠦᠷᠭᠦᠯᠵᠢᠯᠡᠨ ᠠᠰᠢᠭᠯᠠᠵᠤ᠂ | ᠦᠵᠡᠰᠬᠦᠯᠡᠩᠳᠤ ᠰᠠᠶᠢᠬᠠᠨ ᠪᠠ ᠦᠷᠨᠢᠬᠦᠨ ᠬᠦᠭᠵᠢᠯᠳᠡ ᠶᠢᠨ ᠬᠤᠤᠰ ᠢᠯᠠᠯᠳᠠ ᠶᠢ ᠤᠯᠵᠤ ᠴᠢᠳᠠᠨ᠎ᠠ᠃ | — — ᠡᠷᠬᠡᠪᠰᠢ ᠦᠨᠡᠨ ᠪᠣᠳᠠᠳᠠᠢ ᠠᠵᠢᠯᠯᠠᠵᠤ᠂ ᠵᠣᠷᠢᠭᠳᠠᠢ ᠪᠠᠷ ᠬᠠᠷᠢᠭᠤᠴᠠᠯᠭ᠎ᠠ ᠡᠭᠦᠷᠭᠡᠯᠡᠭᠦ ᠬᠡᠷᠡᠭᠳᠠᠢ᠃ | ᠵᠦᠪᠬᠡᠨ ᠬᠠᠷᠢᠭᠤᠴᠠᠯᠭᠠᠳᠤ ᠤᠬᠠᠮᠰᠠᠷ᠂ ᠡᠭᠦᠷᠭᠡᠯᠡᠭᠦ ᠤᠬᠠᠮᠰᠠᠷ ᠢ ᠪᠠᠳᠤ ᠪᠠᠬᠢ ᠪᠤᠢ ᠪᠤᠯᠭᠠᠮᠠᠨᠵᠢᠨ ᠰᠠᠶ᠋ᠢ ᠵᠣᠷᠢᠭᠳᠠᠢ | ᠪᠠᠷ ᠡᠭᠦᠷᠭᠡᠯᠡᠵᠣ᠂ ᠵᠣᠷᠢᠭᠳᠠᠢ ᠪᠠᠷ ᠤᠷᠤᠭᠰᠢᠯᠠᠨ ᠲᠡᠮᠡᠴᠡᠵᠤ᠂ ᠬᠦᠴᠣᠷᠭᠡᠭ ᠶᠡᠭᠡ ᠬᠦᠭᠵᠢᠯᠳᠠ ᠶᠢᠨ ᠨᠦᠬᠡᠴᠡ | ᠬᠦᠴᠣᠨ ᠢ ᠬᠤᠷᠠᠮᠳᠣᠭᠤᠯᠵᠣ ᠴᠢᠳᠠᠨ᠎ᠠ᠂ ᠮᠦᠨᠴᠦ ᠮᠡᠷᠡᠶᠢᠨ ᠴᠢᠷᠮᠠᠶᠢᠵᠤ᠂ ᠰᠢᠨᠵᠢᠯᠡᠬᠦ ᠣᠬᠠᠭᠠᠨᠴᠢ ᠬᠦᠭᠵᠢᠯᠳᠠ ᠶᠢᠨ | ᠦᠢᠯᠡᠰ ᠢ ᠴᠤᠭᠴᠠᠯᠠᠬᠤ ᠡᠷᠴᠢ ᠵᠣᠷᠢᠭ ᠲᠠᠢ ᠪᠣᠯᠵᠣ᠂ ᠴᠠᠭ ᠢᠮᠠᠭᠳᠠ ᠬᠦᠭᠵᠢᠯᠳᠠ ᠶᠢᠨ ᠶᠡᠭᠡ ᠣᠷᠣᠰᠬᠠᠯ ᠤᠨ | ᠬᠤᠰᠢᠭᠤᠴᠢ ᠪᠤᠯᠵᠦ ᠴᠢᠳᠠᠨ᠎ᠠ ᠭᠡᠰᠡᠨ ᠢ ᠦᠢᠯᠡᠳᠦᠯᠭᠡ ᠪᠢᠳᠡᠨ ᠳᠤ ᠬᠠᠷᠠᠭᠤᠯᠤᠭᠰᠠᠨ ᠪᠠᠶᠢᠨ᠎ᠠ᠃ | ᠳᠦᠯᠦᠭᠡᠯᠡᠭᠴᠢᠳ ᠡ᠂ ᠡᠳᠡᠭᠡᠷ ᠦᠢᠯᠡᠳᠦᠯᠭᠡ ᠪᠠᠷ ᠭᠡᠷᠡᠴᠢᠯᠡᠭᠳᠡᠭᠰᠡᠨ ᠪᠦᠳᠦᠮᠵᠢᠳᠠᠢ ᠠᠷᠭ᠎ᠠ ᠠᠪᠴᠠᠯ ᠪᠠ | ᠳᠤᠷᠰᠢᠯᠭ᠎ᠠ ᠪᠤᠯ ᠰᠢ ᠶᠢᠨ ᠫᠢᠩ ᠨᠦᠬᠦᠷ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠭᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠨᠢ ᠮᠠᠨ ᠤ ᠬᠤᠰᠢᠭᠤᠨ ᠳᠤ ᠦᠨᠳᠦᠰᠦᠯᠡᠨ ᠴᠡᠴᠡᠭᠯᠡᠭᠰᠡᠨ ᠤ ᠢᠯᠡᠷᠡᠯ ᠮᠦᠨ᠂ | ᠡᠳᠡᠭᠡᠷ ᠡᠷᠬᠢᠮ ᠨᠠᠨᠳᠢᠨ ᠵᠤᠶᠢᠯᠠᠰ ᠢᠶᠠᠨ ᠬᠤᠪᠢ ᠳᠠᠬᠢᠨ ᠨᠠᠨᠳᠢᠩᠨᠠᠨ᠂ ᠢᠮᠠᠭᠳᠠ ᠳᠤᠤᠱᠯᠠᠭᠤᠯᠬᠤ ᠶᠢ | ᠪᠠᠷᠢᠮᠳᠠᠯᠠᠬᠤ ᠶᠢᠨ ᠬᠠᠮᠳᠤ ᠦᠢᠯᠡᠳᠦᠯᠭᠡ ᠳᠤᠮᠳᠠ ᠪᠠᠨ ᠳᠠᠰᠤᠷᠠᠯᠳᠠ ᠦᠭᠡᠢ ᠳᠡᠭᠦᠯᠳᠡᠷᠵᠢᠬᠦᠯᠬᠦ ᠴᠢᠬᠤᠯᠠᠳᠠᠢ᠃ | ᠦᠩᠭᠡᠷᠡᠭᠰᠡᠨ ᠳᠠᠪᠤᠨ ᠵᠢᠯ ᠤᠨ ᠠᠵᠢᠯ ᠢᠶᠠᠨ ᠡᠷᠬᠢᠴᠡᠬᠦᠯᠬᠦ ᠳᠤᠮᠳᠠ ᠮᠠᠨ ᠤ ᠬᠤᠰᠢᠭᠤᠨ ᠤ ᠬᠠᠷᠠᠬᠠᠨ | ᠭᠦᠭᠵᠢᠭᠡ ᠦᠭᠡᠢ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠤᠭᠠ ᠦᠭᠡᠢ᠂ ᠭᠦᠭᠵᠢᠯᠳᠠ ᠶᠢᠨ ᠳᠤᠮᠳᠠᠬᠢ | ᠲᠡᠩᠴᠡᠭᠦᠷᠢ ᠦᠭᠡᠢ᠂ ᠭᠦᠢᠴᠡᠳ ᠪᠤᠰᠤ ᠠᠰᠠᠭᠤᠳᠠᠯ ᠮᠦᠨᠬᠦ ᠤᠷᠤᠰᠢᠵᠤ᠂ ᠬᠦᠭᠵᠢᠯᠳᠡ ᠶᠢᠨ ᠴᠢᠨᠠᠷ ᠴᠢᠨᠰᠠᠭ᠎ᠠ ᠪᠠ | ᠦᠷ᠎ᠡ ᠠᠰᠢᠭ ᠲᠤᠤᠷ᠎ᠠ ᠪᠠᠶᠢᠬᠤ ᠶᠢ ᠪᠢᠳᠠ ᠪᠠᠰᠠ ᠰᠡᠷᠭᠡᠭ ᠢᠶᠠᠷ ᠲᠠᠨᠢᠬᠤ ᠭᠡᠷᠡᠭᠲᠡᠢ᠃ ᠠᠵᠦ ᠦᠢᠯᠡᠰ ᠤᠨ | ᠪᠦᠳᠦᠴᠡ ᠵᠤᠬᠢᠰ ᠦᠭᠡᠢ᠂ ᠡᠬᠢ ᠪᠠᠶᠠᠯᠢᠭ ᠤᠨ ᠬᠡᠯᠪᠡᠷᠢ ᠶᠢᠨ ᠠᠵᠦ ᠦᠢᠯᠡᠰ ᠤᠨ ᠡᠵᠡᠯᠡᠭᠦ ᠬᠠᠷᠢᠴᠠᠯ ᠶᠡᠭᠡ᠂ ᠡᠬᠢ | ᠪᠠᠶᠠᠯᠢᠭ ᠤᠨ ᠪᠤᠰᠤ ᠬᠡᠯᠪᠡᠷᠢ ᠶᠢᠨ ᠠᠵᠤ ᠦᠢᠯᠡᠰ᠂ ᠪᠠᠶᠢᠯᠳᠤᠬᠤ ᠪᠤᠳᠣᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠤᠭᠰᠠᠨ | ᠠᠵᠤ ᠦᠢᠯᠡᠰ᠂ ᠤᠳᠤᠬᠢᠴᠢᠯᠠᠭᠰᠠᠨ ᠤᠶᠢᠯᠡᠴᠢᠯᠡᠭᠡᠨ ᠤ ᠤᠶᠢᠯᠠᠰ ᠨᠢ ᠭᠦᠭᠵᠢᠯᠳᠠ ᠪᠠᠷ ᠲᠤᠳᠠᠮᠠᠭ᠂ ᠠᠵᠤ | ᠠᠬᠤᠢ ᠶᠢᠨ ᠨᠡᠮᠡᠭᠳᠡᠯ ᠤᠨ ᠬᠦᠳᠡᠯᠭᠡᠭᠴᠢ ᠬᠦᠴᠦᠨ ᠰᠤᠯᠠ ᠪᠠᠶᠢᠵᠤ᠂ ᠭᠡᠯᠪᠡᠷᠢ ᠪᠠᠨ ᠬᠤᠪᠢᠷᠠᠭᠤᠯᠬᠤ ᠡᠭᠦᠷᠭᠡ | ᠭᠦᠨᠳᠤ ᠪᠠᠶᠢᠨ᠎ᠠ᠃ ᠮᠠᠯ ᠠᠵᠤ ᠠᠬᠤᠢ ᠶᠢᠨ ᠦᠢᠯᠡᠳᠪᠤᠷᠢᠯᠡᠯ ᠡᠵᠡᠩᠨᠡᠯᠳᠡ ᠶᠢᠨ ᠠᠷᠭ᠎ᠠ ᠬᠡᠯᠪᠡᠷᠢ᠂ ᠬᠠᠩᠭᠠᠯᠭ᠎ᠠ ᠶᠢᠨ | ᠴᠢᠨᠠᠷ ᠴᠢᠨᠰᠠᠭ᠎ᠠ ᠪᠠᠨ ᠳᠡᠭᠡᠭᠰᠢᠯᠡᠬᠦᠯᠬᠦ ᠴᠢᠬᠤᠯᠠᠳᠠᠢ ᠪᠠᠶᠢᠨ᠎ᠠ᠃ ᠠᠮᠢ ᠠᠬᠤᠢ ᠭᠡᠪᠡᠷᠡᠭ ᠪᠠᠶᠢᠵᠦ᠂ ᠤᠯᠠᠮ | ᠴᠢᠨᠠᠭᠰᠢᠳᠠ ᠬᠠᠮᠠᠭᠠᠯᠠᠵᠤ ᠪᠦᠳᠦᠭᠡᠨ ᠪᠠᠶᠢᠭᠤᠯᠬᠤ ᠴᠢᠬᠤᠯᠠᠳᠠᠢ ᠪᠠᠶᠢᠨ᠎ᠠ᠃ ᠰᠠᠭᠤᠷᠢ ᠳᠦᠬᠦᠭᠡᠷᠦᠮᠵᠢ ᠮᠦᠨᠬᠦ | ᠪᠦᠷᠢᠨᠰᠢᠭᠡᠳᠦᠢ ᠪᠠᠶᠢᠵᠦ᠂ ᠬᠦᠭᠵᠢᠯᠳᠡ ᠶᠢ ᠲᠤᠯᠭᠠᠭᠤᠷᠢᠯᠠᠬᠤ ᠪᠠᠳᠤᠯᠠᠭ᠎ᠠ ᠶᠢᠨ ᠴᠢᠳᠠᠪᠤᠷᠢ ᠰᠤᠯᠠ ᠪᠠᠶᠢᠨ᠎ᠠ᠃ | ᠠᠷᠠᠳ ᠤᠨ ᠠᠮᠢᠳᠤᠷᠠᠯ ᠤᠨ ᠬᠦᠷᠢᠶ᠎ᠡ ᠬᠡᠪᠴᠢᠶᠡᠨ ᠳᠤ ᠪᠠᠰᠠᠴᠦ ᠪᠠᠭ᠎ᠠ ᠪᠤᠰᠤ ᠳᠤᠳᠠᠭᠳᠠᠯ ᠤᠷᠤᠰᠢᠵᠦ᠂ ᠰᠤᠷᠭᠠᠨ | ᠬᠦᠮᠦᠵᠢᠯ᠂ ᠡᠮ ᠡᠮᠨᠡᠯᠭᠡ᠂ ᠠᠵᠢᠯ ᠤᠯᠭᠤᠯᠳᠠ᠂ ᠤᠷᠤᠨ ᠰᠠᠭᠤᠴᠠ ᠵᠡᠷᠭᠡ ᠲᠠᠯ᠎ᠠ ᠪᠠᠷ ᠤᠯᠠᠨ ᠳᠦᠮᠡᠨ ᠳᠤ ᠪᠠᠰᠠ | ᠵᠤᠬᠢᠬᠤ ᠬᠡᠮᠵᠢᠶᠡᠨ ᠤ ᠬᠦᠴᠢᠷᠳᠡᠯ ᠲᠤᠯᠭᠠᠷᠠᠵᠦ ᠪᠠᠶᠢᠨ᠎ᠠ᠃ ᠨᠡᠶᠢᠭᠡᠮ ᠤᠨ ᠵᠦᠷᠢᠴᠡᠯ ᠵᠢᠭᠤᠷᠭᠠᠨ ᠪᠠ ᠠᠰᠠᠭᠤᠳᠠᠯ | ᠮᠦᠨ ᠵᠤᠬᠢᠬᠤ ᠭᠡᠮᠵᠢᠶ᠎ᠠ ᠪᠠᠷ ᠤᠷᠤᠰᠢᠵᠤ᠂ ᠪᠦᠬᠦ ᠲᠠᠯ᠎ᠠ ᠪᠠᠷ ᠬᠠᠤᠯᠢ ᠶᠤᠰᠤᠭᠠᠷ ᠬᠤᠰᠢᠭᠤ ᠪᠠᠨ ᠵᠠᠰᠠᠬᠤ ᠡᠭᠦᠷᠭᠡ | ᠮᠦᠨ ᠯᠡ ᠬᠦᠨᠳᠤ ᠪᠠᠶᠢᠭᠰᠠᠭᠠᠷ᠃ ᠡᠶᠢᠮᠦ ᠠᠴᠠ ᠪᠢᠳᠡ ᠳᠡᠭᠡᠳᠤ ᠬᠡᠮᠵᠢᠶ᠎ᠡ ᠪᠠᠷ ᠬᠦᠨᠳᠦᠳᠬᠡᠨ ᠦᠵᠡᠵᠦ᠂ | ᠤᠶᠤᠨᠴᠢ ᠪᠠᠷ ᠰᠡᠳᠬᠢᠨ᠂ ᠠᠷᠠᠳ ᠢᠶᠠᠨ ᠪᠠᠶᠠᠵᠢᠭᠤᠯᠵᠦ᠂ ᠬᠤᠰᠢᠭᠤ ᠪᠠᠨ ᠬᠦᠴᠦᠷᠬᠡᠭᠵᠢᠬᠦᠯᠬᠦ ᠭᠤᠣᠯ ᠬᠦᠭ | ᠠᠶᠠᠰ ᠢ ᠪᠠᠳᠤ ᠡᠵᠡᠮᠰᠢᠵᠤ᠂ ᠠᠵᠤ ᠠᠬᠤᠢ ᠶᠢᠨ ᠪᠦᠳᠦᠭᠡᠨ ᠪᠠᠶᠢᠭᠤᠯᠣᠯᠲᠠ ᠪᠠᠷ ᠭᠤᠣᠯ ᠪᠤᠯᠭᠠᠬᠤ ᠶᠢ ᠪᠠᠷᠢᠮᠳᠠᠯᠠᠨ᠂ | ᠭᠦᠭᠵᠢᠯᠳᠠ ᠪᠠᠷ ᠲᠡᠷᠢᠭᠦᠨ ᠡᠭᠦᠷᠭᠡ ᠪᠤᠯᠭᠠᠵᠤ᠂ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠰᠢᠨ᠎ᠡ ᠪᠠᠶᠢᠳᠠᠯ ᠢ | ᠳᠠᠰᠤᠷᠠᠯᠳᠠ ᠦᠭᠡᠢ ᠡᠭᠦᠳᠦᠨ᠎ᠠ᠃ | ᠬᠤᠶᠠᠷ᠂ ᠬᠤᠶᠢᠰᠢᠳᠡ ᠶᠢᠨ ᠳᠠᠪᠤᠨ ᠵᠢᠯ ᠤᠨ ᠬᠠᠷᠠᠯᠲᠠ ᠡᠭᠦᠷᠬᠡ ᠪᠠ ᠠᠵᠢᠯ ᠤᠨ ᠠᠷᠭ᠎ᠠ ᠠᠪᠴᠠᠯ | ᠰᠢᠨ᠎ᠡ ᠨᠢᠭᠡ ᠬᠤᠭᠤᠴᠠᠭᠠᠨ ᠤ ᠵᠠᠰᠠᠭ ᠤᠨ ᠤᠷᠳᠤᠨ ᠤ ᠳᠤᠰᠢᠶᠠᠯ ᠡᠭᠦᠷᠬᠡᠯᠡᠬᠦ ᠳᠠᠪᠤᠨ ᠵᠢᠯ ᠪᠣᠯ | ᠨᠠᠮ ᠤᠨ ᠠᠷᠪᠠ ᠶᠢᠰᠦᠳᠤᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠤᠤᠱᠯᠠᠭᠤᠯᠬᠤ ᠲᠠᠪᠤᠨ ᠵᠢᠯ | ᠪᠤᠯᠤᠨ᠎ᠠ᠂ ᠮᠦᠨᠴᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠢᠯᠠᠯᠳᠠ ᠶᠢ ᠲᠡᠮᠡᠴᠠᠨ | ᠤᠯᠬᠤ ᠱᠠᠳᠤ ᠦᠶ᠎ᠡ ᠮᠦᠨ᠂ ᠮᠦᠨᠴᠦ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠭᠦᠭᠵᠢᠯᠳᠠ ᠶᠢᠨ | ᠵᠠᠩᠬᠢᠯᠠᠭ᠎ᠠ ᠶᠢᠨ ᠴᠠᠭ ᠬᠤᠭᠤᠴᠠᠭ᠎ᠠ ᠪᠤᠯᠤᠨ᠎ᠠ᠃ ᠡᠨᠡᠬᠦ ᠬᠤᠭᠤᠴᠠᠭᠠᠨ ᠳᠤ ᠮᠠᠨ ᠤ ᠬᠤᠰᠢᠭᠤ ᠨᠢ ᠪᠠᠰᠠᠴᠤ | ᠴᠢᠬᠤᠯᠠ ᠪᠠᠶᠢᠯᠳᠤᠬᠤ ᠪᠣᠳᠣᠯᠭ᠎ᠠ ᠶᠢᠨ ᠠᠵᠠ ᠳᠤᠬᠢᠶᠠᠯᠳᠤ ᠬᠤᠭᠤᠴᠠᠭᠠᠨ ᠳᠤ ᠤᠷᠤᠰᠢᠬᠤ ᠪᠤᠯᠤᠨ᠎ᠠ᠃ ᠳᠦᠷᠦ ᠶᠢᠨ | ᠪᠤᠳᠤᠯᠭ᠎ᠠ ᠶᠢᠨ ᠠᠵᠠ ᠳᠤᠬᠢᠶᠠᠯ ᠤᠨ ᠲᠠᠯ᠎ᠠ ᠪᠠᠷ᠂ ᠣᠯᠣᠰ ᠤᠨ ︽ᠨᠢᠭᠡ ᠪᠦᠰᠡ ᠨᠢᠭᠡ ᠵᠠᠮ︾᠂ ᠵᠡᠬᠦᠨ ᠬᠤᠶᠢᠳᠣ | ᠣᠷᠣᠨ ᠤ ᠬᠠᠭᠤᠴᠢᠨ ᠠᠵᠤ ᠦᠢᠯᠡᠳᠪᠤᠷᠢ ᠶᠢᠨ ᠰᠠᠭᠤᠷᠢᠨ ᠭᠠᠵᠠᠷ ᠢ ᠰᠡᠷᠭᠦᠭᠡᠨ ᠮᠠᠨᠳᠣᠭᠤᠯᠬᠤ ᠵᠡᠷᠭᠡ ᠴᠢᠬᠤᠯᠠ | ᠶᠡᠭᠡ ᠪᠠᠶᠢᠯᠳᠤᠬᠤ ᠪᠤᠳᠤᠯᠭ᠎ᠠ᠂ ᠰᠢᠨᠵᠢᠯᠡᠭᠡ ᠮᠡᠷᠭᠡᠵᠢᠯ ᠰᠢᠨ᠎ᠡ ᠶᠢ ᠡᠭᠦᠳᠬᠦ ᠪᠠᠷ ᠬᠦᠭᠵᠢᠯᠳᠡ ᠶᠢ ᠲᠠᠶᠢᠴᠢᠯᠠᠬᠤ᠂ ︽ | ᠢᠨᠲ᠋ᠧᠷ ᠰᠦᠯᠵᠢᠶ᠎ᠡ +︾ ᠵᠡᠷᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠨᠢ ᠴᠦᠮ ᠪᠢᠳᠡᠨ ᠳᠤ | ᠰᠢᠨ᠎ᠡ ᠶᠢ ᠡᠭᠦᠳᠬᠦ ᠬᠦᠭᠵᠢᠯᠳᠡ ᠶᠢᠨ ᠳᠦᠷᠦ ᠶᠢᠨ ᠪᠤᠳᠤᠯᠭ᠎ᠠ ᠶᠢᠨ ᠳᠠᠪᠠᠭᠤᠯᠢᠭ ᠢ ᠬᠠᠩᠭᠠᠵᠦ ᠦᠭᠬᠦᠭᠰᠡᠨ ᠶᠤᠮ᠃ | ᠡᠬᠢ ᠪᠠᠶᠠᠯᠢᠭ ᠤᠨ ᠲᠠᠪᠠᠭᠤᠯᠢᠭ ᠤᠨ ᠲᠠᠯ᠎ᠠ ᠪᠠᠷ᠂ ᠮᠠᠨ ᠤ ᠬᠤᠰᠢᠭᠤᠨ ᠤ ᠭᠠᠵᠠᠷ ᠨᠤᠲᠤᠭ ᠦᠷᠭᠡᠨ ᠠᠭᠤᠳᠠᠮ᠂ | ᠤᠷᠤᠨ ᠪᠠᠶᠢᠷᠢ ᠶᠢᠨ ᠨᠦᠭᠦᠴᠡᠯ ᠳᠠᠪᠠᠭᠤᠯᠢᠭ᠂ ᠠᠭᠤᠷᠬᠠᠢ ᠶᠢᠨ ᠡᠬᠢ ᠪᠠᠶᠠᠯᠢᠭ ᠡᠯᠪᠡᠭ ᠳᠡᠯᠪᠡᠭ᠂ ᠥᠪ ᠵᠤᠵᠠᠭᠠᠨ | ᠲᠡᠤᠭᠡ ᠰᠤᠶᠤᠯ᠂ ᠦᠪᠡᠷᠮᠢᠴᠠ ᠤᠨᠴᠠᠯᠢᠭᠳᠤ ᠦᠨᠳᠦᠰᠦᠳᠡᠨ ᠤ ᠵᠠᠩ ᠤᠶᠢᠯᠠ ᠪᠠᠶᠢᠳᠠᠭ ᠢᠶᠠᠷ ᠢᠶᠠᠨ ᠤᠨᠴᠠᠯᠠᠭᠳᠠᠨ᠎ᠠ | ᠃ ᠬᠦᠭᠵᠢᠯᠳᠡ ᠶᠢᠨ ᠰᠠᠭᠤᠷᠢ ᠶᠢᠨ ᠲᠠᠯ᠎ᠠ ᠪᠠᠷ᠂ ᠤᠶᠢᠷ᠎ᠠ ᠶᠢᠨ ᠬᠡᠳᠦᠨ ᠵᠢᠯ ᠤᠨ ᠠᠵᠤ ᠠᠬᠤᠢ ᠶᠢᠨ ᠬᠦᠭᠵᠢᠯᠳᠡ ᠶᠢ | ᠳᠠᠭᠠᠯᠳᠤᠨ᠂ ᠮᠠᠨ ᠤ ᠬᠤᠰᠢᠭᠤᠨ ᠤ ᠠᠵᠤ ᠠᠬᠤᠢ ᠶᠢᠨ ᠪᠠᠶᠢᠷᠢᠯᠠᠭᠤᠯᠤᠯᠳᠠ ᠨᠡᠩ ᠵᠤᠬᠢᠰᠳᠠᠢ ᠪᠤᠯᠵᠦ᠂ ᠠᠵᠤ | ᠠᠬᠤᠶᠢᠯᠠᠯ ᠤᠨ ᠬᠦᠴᠦᠨ ᠳᠠᠰᠤᠷᠠᠯᠳᠠ ᠦᠭᠡᠢ ᠪᠤᠵᠠᠭᠠᠶᠢᠷᠠᠨ᠂ ᠬᠤᠶᠢᠰᠢᠳᠠ ᠶᠢᠨ ᠠᠵᠤ ᠠᠬᠤᠢ ᠶᠢᠨ | ᠬᠦᠭᠵᠢᠯᠳᠡ ᠳᠤ ᠰᠠᠭᠤᠷᠢ ᠲᠠᠯᠪᠢᠭᠰᠠᠨ ᠪᠠᠶᠢᠨ᠎ᠠ᠃ ᠪᠢᠳᠡ ᠰᠢᠨ᠎ᠡ ᠡᠬᠢᠯᠡᠯᠳᠠ ᠶᠢᠨ ᠴᠡᠭ ᠲᠤ ᠰᠠᠭᠤᠷᠢᠯᠠᠨ᠂ | ᠰᠢᠨ᠎ᠠ ᠱᠠᠭᠠᠷᠳᠠᠯᠭ᠎ᠠ ᠳᠤ ᠵᠤᠬᠢᠴᠠᠵᠤ᠂ ᠤᠳᠠᠭᠠᠨ ᠳᠠᠭᠠᠭᠠᠮᠠᠭᠠᠢ ᠵᠣᠷᠢᠭ ᠰᠠᠨᠠᠭ᠎ᠠ ᠪᠠ ᠴᠦᠭᠦᠷᠡᠰᠢ ᠦᠭᠡᠢ ᠲᠡᠮᠡᠴᠡᠭᠦ | ᠵᠣᠷᠢᠭ ᠢᠶᠠᠷ ᠡᠯ᠎ᠡ ᠲᠦᠷᠦᠯ ᠤᠨ ᠠᠵᠢᠯ ᠢ ᠪᠦᠭᠦ ᠬᠦᠴᠦᠨ ᠢᠶᠠᠷ ᠢᠶᠠᠨ ᠰᠠᠶᠢᠳᠤᠷ ᠬᠢᠭᠦ ᠭᠡᠷᠡᠭᠲᠡᠢ᠃ ᠬᠤᠶᠢᠰᠢᠳᠡ ᠶᠢᠨ | ᠳᠠᠪᠤᠨ ᠵᠢᠯ ᠤᠨ ᠠᠵᠢᠯ ᠤᠨ ᠵᠢᠯᠤᠭᠤᠳᠬᠤ ᠦᠵᠡᠯ ᠰᠠᠨᠠᠭ᠎ᠠ ᠪᠣᠯ᠄ ᠳᠤᠮᠳᠠᠳᠤ ᠤᠯᠤᠰ ᠤᠨ ᠤᠨᠴᠠᠯᠢᠭ ᠪᠦᠭᠦᠢ | ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠤᠨᠴᠠᠯᠢᠭ ᠪᠦᠭᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ | ᠲᠥᠪ᠂ ᠦᠪᠡᠷᠳᠡᠭᠡᠨ ᠵᠠᠰᠠᠬᠤ ᠤᠷᠤᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ | ᠬᠤᠷᠢᠶᠠᠨ ᠤ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ | ᠭᠦᠭᠵᠢᠯᠳᠠ ᠶᠢᠨ ᠲᠡᠷᠢᠭᠦᠨ ᠡᠭᠦᠷᠭᠡ ᠶᠢ ᠴᠢᠩᠭ᠎ᠠ ᠠᠳᠬᠤᠨ᠂ ᠨᠡᠶᠢᠭᠡᠮ ᠤᠨ ᠭᠤᠤᠯ ᠵᠦᠷᠢᠴᠡᠯ ᠤᠨ ᠬᠤᠪᠢᠷᠠᠯᠳᠠ | ᠶᠢ ᠪᠠᠳᠤ ᠡᠵᠮᠡᠰᠢᠵᠤ᠂ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠳᠠ ᠶᠢ ᠨᠢᠭᠡᠳᠦᠯᠳᠡᠢ | ᠳᠦᠯᠦᠪᠵᠢᠭᠦᠯᠦᠨ ᠠᠬᠢᠭᠤᠯᠵᠤ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠤᠯᠭ᠎ᠠ ᠶᠢᠨ | ᠪᠠᠶᠢᠷᠢᠯᠠᠭᠤᠯᠤᠯᠳᠠ ᠶᠢ ᠵᠤᠬᠢᠴᠠᠩᠭᠤᠢ ᠳᠦᠯᠬᠢᠨ ᠠᠬᠢᠭᠤᠯᠵᠦ᠂ ᠰᠢᠨ᠎ᠡ ᠶᠢ ᠡᠬᠦᠳᠬᠦ᠂ ᠵᠤᠬᠢᠴᠠᠩᠭᠤᠢ᠂ ᠪᠤᠬᠢᠷᠳᠤᠯ | ᠦᠬᠡᠢ᠂ ᠨᠡᠭᠡᠭᠡᠯᠳᠠᠳᠠᠢ᠂ ᠬᠠᠮᠳᠤᠪᠡᠷ ᠡᠳ᠋ᠯᠡᠬᠦ ᠭᠦᠭᠵᠢᠯᠳᠡ ᠶᠢᠨ ᠤᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ | ᠲᠤᠤᠱᠯᠠᠭᠤᠯᠤᠨ᠂ ᠰᠢᠨᠵᠢᠯᠡᠭᠡ ᠮᠡᠷᠭᠡᠵᠢᠯ ᠰᠢᠨ᠎ᠡ ᠶᠢ ᠡᠭᠦᠳᠭᠦ ᠪᠠᠷ ᠭᠦᠭᠵᠢᠯᠳᠠ ᠶᠢ ᠲᠠᠶᠢᠴᠢᠯᠠᠬᠤ ᠪᠠᠶᠢᠯᠳᠤᠬᠤ | ᠪᠤᠳᠤᠯᠭ᠎ᠠ᠂ ᠦᠷᠭᠦᠯᠵᠢᠯᠡᠭᠰᠡᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ᠂ ᠭᠦᠳᠡᠭᠡ ᠲᠤᠰᠬᠤᠨ ᠢ ᠭᠦᠭᠵᠢᠭᠦᠯᠭᠦ | ᠪᠠᠶᠢᠯᠳᠤᠬᠤ ᠪᠤᠳᠤᠯᠭ᠎ᠠ ᠶᠢ ᠪᠦᠭᠦ ᠭᠦᠴᠦᠨ ᠢᠶᠠᠷ ᠢᠶᠠᠨ ᠬᠡᠷᠡᠭᠵᠢᠬᠦᠯᠵᠦ᠂ ᠲᠤᠭᠳᠠᠭᠤᠨ ᠤ ᠲᠤᠮᠳᠠ ᠤᠷᠤᠭᠰᠢᠯᠠᠬᠤ | ᠠᠵᠢᠯ ᠤᠨ ᠶᠡᠷᠦᠩᠭᠡᠢ ᠭᠦᠭ ᠠᠶᠠᠰ ᠢ ᠪᠠᠷᠢᠮᠳᠠᠯᠠᠨ᠂ ᠬᠦᠭᠵᠢᠯᠳᠡ᠂ ᠠᠮᠢ ᠠᠬᠤᠢ ᠪᠠ ᠠᠷᠠᠳ ᠤᠨ ᠠᠮᠢᠳᠤᠷᠠᠯ ᠤᠨ | ᠬᠤᠷᠢᠭ᠎ᠠ ᠱᠤᠭᠤᠮ ᠢ ᠡᠷᠡᠰ ᠰᠠᠬᠢᠵᠤ᠂ ᠤᠯᠤᠰ ᠤᠨ ᠲᠡᠰ ᠤᠨ ᠪᠤᠬᠢᠷᠳᠤᠯ ᠦᠭᠡᠢ ᠮᠠᠯ ᠤᠨ ᠠᠰᠢᠭ ᠰᠢᠮ᠎ᠡ ᠶᠢ | ᠡᠳ᠋ᠰᠢᠭᠦᠯᠦᠨ ᠪᠤᠯᠪᠠᠰᠤᠷᠠᠭᠤᠯᠬᠤ ᠰᠠᠭᠤᠷᠢᠨ ᠭᠠᠵᠠᠷ᠂ ᠴᠡᠪᠡᠷ ᠡᠨᠧᠷᠬᠢ ᠶᠢ ᠭᠠᠳᠠᠭᠰᠢ ᠭᠠᠷᠭᠠᠬᠤ ᠰᠠᠭᠤᠷᠢᠨ ᠭᠠᠵᠠᠷ᠂ | ᠵᠢᠭᠤᠯᠴᠢᠯᠠᠯ ᠰᠡᠯᠡᠬᠦᠴᠡᠯ ᠤᠨ ᠬᠠᠷᠠᠯᠳᠠᠳᠤ ᠤᠷᠤᠨ ᠪᠠ ᠪᠦᠬᠦᠶᠢᠯᠡ ᠤᠷᠤᠨ ᠪᠦᠰᠡ ᠶᠢᠨ ᠵᠢᠭᠤᠯᠴᠢᠯᠠᠯ ᠤᠨ ᠵᠢᠱᠢᠶ᠎ᠡ | ᠦᠵᠡᠬᠦᠯᠬᠦ ᠤᠷᠤᠨ ᠢ ᠪᠦᠳᠦᠭᠡᠨ ᠪᠠᠶᠢᠭᠤᠯᠬᠤ ᠳᠤᠭᠤᠷᠢᠨ ᠳᠤ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ | ᠳᠡᠪᠰᠢᠬᠦᠯᠬᠦ ᠪᠠᠨ ᠳᠦᠷᠭᠡᠳᠬᠡᠵᠦ᠂ ᠠᠷᠠᠳ ᠳᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ | ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠨ ᠬᠠᠩᠭᠠᠵᠦ᠂ ᠪᠤᠳᠠᠳᠤ ᠭᠦᠴᠦᠨ ᠲᠠᠢ ᠪᠠᠷᠠᠭᠤᠨ | ᠦᠵᠦᠮᠦᠴᠢᠨ᠂ ᠪᠤᠬᠢᠷᠳᠤᠯ ᠦᠭᠡᠢ ᠪᠠᠷᠠᠭᠤᠨ ᠦᠵᠦᠮᠦᠴᠢᠨ᠂ ᠰᠡᠳᠬᠢᠯ ᠲᠠᠳᠠᠮ᠎ᠠ ᠪᠠᠷᠠᠭᠤᠨ ᠦᠵᠦᠮᠦᠴᠢᠨ᠂ ᠵᠤᠯ | ᠵᠢᠷᠭᠠᠯᠳᠤ ᠪᠠᠷᠠᠭᠤᠨ ᠦᠵᠦᠮᠦᠴᠢᠨ ᠬᠤᠰᠢᠭᠤ ᠶᠢ ᠪᠦᠳᠦᠭᠡᠨ ᠪᠠᠶᠢᠭᠤᠯᠤᠨ᠎ᠠ᠃ | ᠨᠠᠮ ᠤᠨ ᠠᠷᠪᠠ ᠶᠢᠰᠣᠳᠦᠭᠡᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠳᠠ | ᠶᠤᠰᠤᠭᠠᠷ᠂ ᠦᠪᠡᠷᠳᠡᠭᠡᠨ ᠵᠠᠰᠠᠬᠤ ᠤᠷᠤᠨ ᠤ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠪᠠ ᠠᠶᠢᠮᠠᠭ ᠤᠨ | ᠨᠠᠮ ᠤᠨ ᠬᠤᠷᠢᠶ᠎ᠠ᠂ ᠵᠠᠬᠢᠷᠭ᠎ᠠ ᠶᠢᠨ ︽ᠪᠠᠷᠠᠭᠤᠨ ᠦᠵᠦᠮᠦᠴᠢᠨ ᠬᠤᠰᠢᠭᠤ ᠨᠢ ᠪᠦᠬᠦ ᠠᠶᠢᠮᠠᠭ ᠤᠨ ᠦᠭᠡᠷᠡᠴᠢᠯᠡᠯᠳᠡ | ᠬᠦᠭᠵᠢᠯᠳᠡ ᠶᠢᠨ ᠬᠤᠰᠢᠭᠤᠴᠢ ᠪᠣᠯᠬᠤ ᠪᠠᠷ ᠲᠡᠮᠡᠴᠡᠭᠦ ᠭᠡᠷᠡᠭᠲᠡᠢ︾ ᠭᠡᠭᠦ ᠱᠠᠭᠠᠷᠳᠠᠯᠭ᠎ᠠ ᠶᠤᠰᠤᠭᠠᠷ᠂ ᠳᠤᠮᠳᠠᠳᠤ | ᠤᠯᠤᠰ ᠤᠨ ᠡᠪ ᠬᠠᠮᠳᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠬᠤᠷᠢᠶ᠎ᠠ ᠶᠢᠨ ᠠᠷᠪᠠᠨ ᠬᠤᠶᠠᠳᠤᠭᠠᠷ | ᠤᠳᠠᠭᠠᠨ ᠤ ᠳᠦᠯᠦᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ᠂ ᠪᠦᠬᠦ ᠬᠤᠰᠢᠭᠤ | ᠪᠠᠷ ᠢᠶᠠᠨ ᠪᠦᠯᠭᠦᠮᠳᠠᠨ ᠲᠡᠮᠡᠴᠡᠵᠤ᠂ 2020 ᠤᠨ ᠪᠤᠯᠬᠤ ᠳᠤ᠂ ᠠᠵᠤ ᠠᠬᠤᠢ ᠨᠡᠩ ᠰᠠᠶᠢᠨ ᠬᠦᠭᠵᠢᠭᠰᠡᠨ᠂ | ᠠᠷᠠᠳᠴᠢᠯᠠᠯ ᠨᠡᠩ ᠲᠡᠭᠦᠯᠳᠡᠷᠵᠢᠭᠰᠡᠨ᠂ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠨᠡᠩ ᠳᠠᠪᠰᠢᠭᠰᠠᠨ᠂ | ᠰᠤᠶᠤᠯ ᠨᠡᠩ ᠴᠡᠴᠡᠭᠯᠡᠨ ᠬᠦᠭᠵᠢᠭᠰᠡᠨ᠂ ᠨᠡᠶᠢᠭᠡᠮ ᠨᠡᠩ ᠡᠶ᠎ᠡ ᠵᠤᠬᠢᠴᠠᠩᠭᠤᠢ ᠪᠤᠯᠤᠭᠰᠠᠨ᠂ ᠠᠷᠠᠳ ᠤᠨ ᠠᠮᠢᠳᠤᠷᠠᠯ | ᠨᠡᠩ ᠪᠠᠶᠠᠵᠢᠨ ᠴᠢᠨᠡᠭᠡᠯᠢᠭᠵᠢᠭᠰᠡᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠦᠨ᠎ᠡ᠃ 2022 ᠤᠨ ᠪᠤᠯᠬᠤ | ᠳᠤ᠂ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠭᠤᠤᠯ ᠵᠢᠱᠢᠭᠰᠡᠨ ᠬᠠᠷᠠᠯᠳᠠ ᠪᠤᠯ᠄ | ᠪᠦᠬᠦ ᠬᠤᠰᠢᠭᠤᠨ ᠤ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ ᠵᠢᠯ ᠲᠤᠮᠳᠠᠴᠢ 7.7% ᠪᠠᠷ | ᠨᠡᠮᠡᠭᠳᠡᠭᠦᠯᠦᠨ᠎ᠠ᠃ ᠡᠩ ᠤᠨ ᠤᠯᠠᠨ ᠨᠡᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ ᠵᠢᠯ | ᠲᠤᠮᠳᠠᠴᠢ 6% ᠪᠠᠷ ᠨᠡᠮᠡᠭᠳᠡᠭᠦᠯᠦᠨ᠎ᠠ᠃ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠤᠪᠢᠶᠠᠷᠢᠯᠠᠵᠤ | ᠪᠤᠯᠬᠤᠶᠢᠴᠠ ᠤᠷᠤᠯᠭ᠎ᠠ ᠶᠢ ᠵᠢᠯ ᠲᠤᠮᠳᠠᠴᠢ 8.6% ᠪᠠᠷ ᠨᠡᠮᠡᠭᠳᠡᠭᠦᠯᠦᠨ᠎ᠠ᠃ ᠮᠠᠯᠴᠢᠳ ᠤᠨ ᠭᠦᠮᠦᠨ ᠲᠤᠮᠳᠠᠴᠢ | ᠶᠢᠨ ᠬᠤᠪᠢᠶᠠᠷᠢᠯᠠᠵᠤ ᠪᠤᠯᠬᠤᠶᠢᠴᠠ ᠤᠷᠤᠯᠭ᠎ᠠ ᠶᠢ ᠵᠢᠯ ᠲᠤᠮᠳᠠᠴᠢ 9% ᠪᠠᠷ ᠨᠡᠮᠡᠭᠳᠡᠭᠦᠯᠦᠨ᠎ᠠ᠃ ᠪᠦᠬᠦ ᠨᠡᠶᠢᠬᠡᠮ ᠤᠨ | ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢ ᠲᠠᠪᠤᠨ ᠵᠢᠯ ᠳᠤ ᠨᠡᠶᠢᠲᠡ 430 ᠳ᠋ᠦᠩᠰᠢᠭᠤᠷ ᠲᠦᠬᠦᠷᠢᠭ ᠢ | ᠪᠡᠶᠡᠯᠡᠭᠦᠯᠦᠨ᠎ᠠ᠃ ᠡᠶᠢᠮᠦ ᠠᠴᠠ ᠬᠤᠶᠢᠰᠢᠳᠡ ᠶᠢᠨ ᠳᠠᠪᠤᠨ ᠵᠢᠯ ᠳᠤ ᠪᠢᠳᠡ ᠲᠤᠤᠷᠠᠬᠢ ᠭᠡᠳᠦᠨ ᠲᠠᠯ᠎ᠠ ᠶᠢᠨ ᠠᠵᠢᠯ ᠢ | ᠭᠤᠤᠯᠳᠠᠯᠭ᠎ᠠ ᠲᠠᠢ ᠰᠠᠶᠢᠳᠤᠷ ᠬᠢᠭᠦ ᠭᠡᠷᠡᠭᠲᠡᠢ᠄ | ︵ᠨᠢᠭᠡ︶ ᠤᠯᠤᠰ ᠤᠨ ᠲᠡᠰ ᠤᠨ ᠪᠤᠬᠢᠷᠳᠤᠯ ᠦᠭᠡᠢ ᠮᠠᠯ ᠤᠨ ᠠᠰᠢᠭ ᠰᠢᠮ᠎ᠠ ᠶᠢ ᠡᠳ᠋ᠰᠢᠭᠦᠯᠦᠨ | ᠪᠤᠯᠪᠠᠰᠤᠷᠠᠭᠤᠯᠵᠦ ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠠᠶᠢᠭᠤᠯᠬᠤ ᠪᠠᠷ ᠬᠠᠷᠠᠯᠲᠠ ᠪᠣᠯᠭᠠᠵᠦ᠂ | ᠤᠳᠤᠬᠢᠴᠢᠯᠠᠭᠰᠠᠨ ᠮᠠᠯ ᠠᠵᠤ ᠠᠬᠤᠢ ᠵᠦᠭ ᠬᠡᠯᠪᠡᠷᠢ ᠪᠠᠨ ᠬᠤᠪᠢᠷᠠᠭᠤᠯᠬᠤ ᠶᠢ ᠳᠦᠷᠭᠡᠣᠬᠡᠨ ᠠᠬᠢᠭᠤᠯᠤᠨ᠎ᠠ᠃ | ᠭᠦᠳᠡᠭᠡ ᠲᠤᠰᠬᠤᠨ ᠢ ᠭᠦᠭᠵᠢᠭᠦᠯᠭᠦ ᠪᠠᠶᠢᠯᠳᠤᠬᠤ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ | ᠤᠶᠢᠯᠠᠰ ᠭᠦᠭᠵᠢᠭᠰᠡᠨ᠂ ᠠᠮᠢ ᠠᠬᠤᠢ ᠶᠢᠨ ᠤᠷᠤᠰᠢᠨ ᠰᠠᠭᠤᠬᠤ ᠳᠤ ᠲᠤᠬᠢᠷᠠᠮᠵᠢᠳᠠᠢ᠂ ᠪᠤᠯᠪᠠᠰᠤᠨ ᠭᠡᠪ ᠰᠤᠷᠳᠠᠯ | ᠲᠠᠢ᠂ ᠤᠷᠴᠢᠨ ᠲᠤᠭᠤᠷᠢᠨ ᠢ ᠪᠦᠳᠦᠮᠵᠢᠳᠠᠢ ᠵᠠᠰᠠᠵᠤ᠂ ᠠᠷᠠᠳ ᠤᠨ ᠠᠮᠢᠳᠤᠷᠠᠯ ᠢ ᠴᠢᠨᠡᠭᠡᠯᠢᠭᠵᠢᠭᠦᠯᠭᠦ ᠶᠡᠷᠦᠩᠭᠡᠢ | ᠱᠠᠭᠠᠷᠳᠠᠯᠭ᠎ᠠ ᠶᠤᠰᠤᠭᠠᠷ᠂ ᠬᠤᠳᠠ ᠬᠦᠳᠡᠭᠡ ᠶᠢ ᠵᠡᠷᠭᠡᠪᠡᠷ ᠭᠦᠭᠵᠢᠭᠦᠯᠭᠦ ᠪᠠᠶᠢᠭᠤᠯᠤᠮᠵᠢ ᠳᠤᠭᠳᠠᠴᠠ ᠪᠠ ᠳᠦᠷᠦ ᠶᠢᠨ | ᠪᠤᠳᠤᠯᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠦ᠂ ᠤᠳᠤᠬᠢᠴᠢᠯᠠᠭᠰᠠᠨ ᠮᠠᠯ ᠠᠵᠤ ᠠᠬᠤᠢ ᠶᠢᠨ ᠪᠦᠳᠦᠭᠡᠨ | ᠪᠠᠶᠢᠭᠤᠯᠤᠯᠳᠠ ᠶᠢ ᠳᠦᠷᠭᠡᠳᠬᠡᠨ ᠠᠬᠢᠭᠤᠯᠤᠨ᠎ᠠ᠃ ᠨᠢᠭᠡ ᠳᠤ᠂ ᠮᠠᠯ ᠠᠵᠤ ᠠᠬᠤᠢ ᠶᠢᠨ ᠠᠵᠤ ᠤᠶᠢᠯᠠᠰ ᠤᠨ | ᠪᠠᠶᠢᠷᠢᠯᠠᠭᠤᠯᠤᠯᠳᠠ ᠶᠢ ᠲᠤᠬᠢᠷᠠᠭᠤᠯᠤᠨ ᠰᠢᠯᠢᠳᠡᠭᠵᠢᠭᠦᠯᠦᠨ᠎ᠠ᠃ ︽ᠬᠤᠨᠢ ᠶᠢ ᠴᠢᠨᠠᠷᠵᠢᠭᠤᠯᠵᠤ᠂ ᠦᠬᠡᠷ ᠢ | ᠨᠡᠮᠡᠭᠳᠡᠭᠦᠯᠭᠦ︾ ᠭᠦᠭᠵᠢᠯᠳᠠ ᠶᠢᠨ ᠪᠠᠶᠢᠯᠳᠣᠬᠤ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠨᠤᠳᠤᠭ ᠪᠡᠯᠴᠢᠭᠡᠷ ᠤᠨ | ᠲᠦᠷᠦᠯ ᠪᠠ ᠭᠤᠤᠯ ᠤᠰᠤᠨ ᠤ ᠪᠠᠶᠢᠷᠢᠰᠢᠯ ᠢ ᠦᠨᠳᠤᠰᠦᠯᠠᠵᠤ᠂ ᠦᠭᠡᠷ ᠬᠤᠨᠢ ᠮᠠᠯᠵᠢᠬᠤ ᠪᠠᠶᠢᠷᠢᠰᠢᠯᠠᠭᠤᠯᠤᠯᠳᠠ | ᠪᠠᠨ ᠲᠤᠬᠢᠷᠠᠭᠤᠯᠤᠨ᠂ ᠰᠢᠯᠢᠳᠡᠭ ᠡᠭᠦᠯᠳᠡᠷ ᠤᠨ ᠮᠢᠬᠠᠨ ᠤ ᠦᠭᠡᠷ᠂ ᠦᠵᠦᠮᠦᠴᠢᠨ ᠬᠤᠨᠢ ᠶᠢ ᠲᠤᠬᠢᠷᠠᠮᠵᠢᠳᠠᠢ | ᠭᠡᠪᠴᠢᠶᠡᠵᠢᠭᠦᠯᠦᠨ ᠮᠠᠯᠵᠢᠬᠤ ᠤᠷᠤᠨ ᠪᠦᠰᠠ ᠶᠢᠨ ᠪᠠᠶᠢᠭᠤᠯᠤᠯᠳᠠ ᠶᠢ ᠠᠬᠢᠭᠤᠯᠵᠤ᠂ ᠮᠠᠯ ᠠᠵᠤ ᠠᠬᠤᠢ ᠶᠢᠨ | ᠶᠡᠷᠦᠩᠭᠡᠶᠢᠯᠡᠭᠰᠡᠨ ᠤᠶᠢᠯᠠᠳᠪᠤᠷᠢᠯᠠᠯ ᠤᠨ ᠴᠢᠳᠠᠪᠤᠷᠢ ᠪᠤᠯᠤᠨ ᠮᠠᠯ ᠤᠨ ᠠᠰᠢᠭ ᠰᠢᠮ᠎ᠠ ᠶᠢᠨ ᠵᠠᠬ᠎ᠠ ᠲᠡᠯᠭᠡᠭᠦᠷ ᠤᠨ | ᠦᠷᠢᠰᠦᠯᠳᠦᠭᠡᠨ ᠤ ᠴᠢᠳᠠᠪᠤᠷᠢ ᠶᠢ ᠪᠦᠳᠦᠮᠵᠢᠳᠠᠢ ᠲᠡᠭᠡᠭᠰᠢᠯᠡᠭᠦᠯᠦᠨ᠎ᠠ᠃ ᠨᠤᠲᠤᠭ ᠤᠨ ᠦᠭᠡᠷ᠂ ᠦᠵᠦᠮᠦᠴᠢᠨ | ᠨᠤᠤᠯᠤᠷ ᠤᠨ ᠴᠠᠭᠠᠨ ᠢᠮᠠᠭ᠎ᠠ᠂ ᠬᠤᠤᠰ ᠪᠦᠭᠦᠳᠤ ᠲᠡᠮᠡᠭᠡ ᠵᠡᠷᠭᠡ ᠤᠷᠤᠨ ᠨᠤᠳᠤᠭ ᠤᠨ ᠮᠠᠯ ᠤᠨ ᠡᠭᠦᠯᠳᠡᠷ ᠢ | ᠬᠠᠮᠠᠭᠠᠯᠠᠬᠤ ᠠᠵᠢᠯ ᠢ ᠰᠠᠶᠢᠳᠤᠷ ᠬᠢᠨ᠎ᠠ᠃ ᠬᠤᠶᠠᠷ ᠲᠤ᠂ ᠰᠠᠶᠢᠨ ᠡᠭᠦᠯᠳᠡᠷ ᠤᠨ ᠮᠢᠬᠠᠨ ᠤ ᠦᠭᠡᠷ ᠬᠤᠨᠢ ᠶᠢ | ᠦᠷᠡᠵᠢᠭᠦᠯᠦᠨ ᠦᠰᠭᠡᠭᠦ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠨ᠎ᠠ᠃ ᠦᠵᠦᠮᠦᠴᠢᠨ ᠬᠤᠨᠢᠨ ᠤ ᠡᠭᠦᠯᠳᠡᠷ | ᠢ ᠰᠠᠶᠢᠵᠢᠷᠠᠭᠤᠯᠬᠤ ᠠᠵᠢᠯ ᠢ ᠰᠠᠶᠢᠳᠤᠷ ᠠᠳᠬᠤᠵᠤ᠂ ᠤᠤᠯ ᠡᠭᠦᠯᠳᠡᠷ ᠢ ᠬᠠᠮᠠᠭᠠᠯᠠᠬᠤ ᠲᠠᠯᠠᠪᠠᠢ᠂ ᠦᠷ᠎ᠡ ᠶᠢᠨ ᠮᠠᠯ | ᠤᠨ ᠲᠠᠯᠠᠪᠠᠢ ᠪᠤᠯᠤᠨ ᠪᠠᠷᠢᠮᠵᠢᠶᠠᠵᠢᠭᠰᠠᠨ ᠰᠦᠷᠦᠭ ᠤᠨ ᠪᠠᠶᠢᠭᠤᠯᠤᠯᠳᠠ ᠶᠢ ᠴᠢᠩᠭᠠᠳᠬᠠᠨ᠂ ᠰᠢᠯᠢᠳᠡᠭ ᠡᠭᠦᠯᠳᠡᠷ | ᠤᠨ ᠬᠤᠴᠠ᠂ ᠰᠠᠭᠤᠷᠢ ᠡᠭᠡ ᠮᠠᠯ ᠮᠠᠯᠵᠢᠬᠤ ᠲᠤᠰᠬᠠᠢ ᠡᠷᠦᠭᠡ ᠶᠢ ᠲᠡᠮᠵᠢᠨ ᠪᠤᠶᠢᠵᠢᠭᠤᠯᠵᠤ᠂ 2022 ᠤᠨ | ᠪᠤᠯᠬᠤ ᠳᠤ᠂ ᠪᠠᠷᠢᠮᠵᠢᠶᠠᠨ ᠳᠤ ᠭᠦᠷᠦᠭᠰᠡᠨ ᠦᠵᠦᠮᠦᠴᠢᠨ ᠬᠤᠨᠢᠨ ᠤ ᠦᠷ᠎ᠡ ᠶᠢᠨ ᠮᠠᠯ ᠤᠨ ᠲᠠᠯᠠᠪᠠᠢ 15᠂ | ᠬᠤᠴᠠ ᠮᠠᠯᠵᠢᠬᠤ ᠲᠤᠰᠬᠠᠢ ᠡᠷᠦᠭᠡ 200᠂ ᠪᠠᠷᠢᠮᠵᠢᠶᠠᠵᠢᠭᠰᠠᠨ ᠰᠦᠷᠦᠭ 3000 ᠶᠢ ᠴᠢᠷᠮᠠᠶᠢᠨ ᠪᠠᠶᠢᠭᠤᠯᠤᠨ᠎ᠠ᠃ | ᠰᠢᠯᠢᠳᠡᠭ ᠡᠭᠦᠯᠳᠡᠷ ᠤᠨ ᠮᠢᠬᠠᠨ ᠤ ᠦᠭᠡᠷ ᠢ ᠮᠠᠯᠵᠢᠬᠤ ᠶᠢ ᠵᠤᠷᠢᠭᠵᠢᠭᠤᠯᠬᠤ ᠲᠦᠷᠦ ᠶᠢᠨ ᠪᠤᠳᠤᠯᠭ᠎ᠠ ᠶᠢ ᠪᠦᠭᠦ | ᠲᠠᠯ᠎ᠠ ᠪᠠᠷ ᠨᠠᠶᠢᠳᠠᠪᠤᠷᠢᠵᠢᠭᠤᠯᠵᠤ᠂ ᠦᠭᠡᠷ ᠤᠨ ᠡᠭᠦᠯᠳᠡᠷ ᠢ ᠰᠠᠶᠢᠵᠢᠷᠠᠭᠤᠯᠬᠤ ᠦᠷ᠎ᠡ ᠪᠦᠳᠦᠭᠡᠯ ᠢ ᠪᠠᠳᠤᠳᠬᠠᠨ᠂ | ᠲᠡᠭᠡᠳᠦ ᠲᠡᠰ ᠤᠨ ᠮᠢᠬᠠᠨ ᠤ ᠦᠭᠡᠷ ᠮᠠᠯᠵᠢᠬᠤ ᠰᠠᠭᠤᠷᠢᠨ ᠭᠠᠵᠠᠷ ᠢ ᠭᠤᠤᠯᠳᠠᠯᠭ᠎ᠠ ᠲᠠᠢ ᠡᠭᠦᠳᠦᠨ ᠪᠠᠶᠢᠭᠤᠯᠤᠨ᠎ᠠ᠃ | ᠤᠷᠢᠨ ᠤᠷᠤᠭᠤᠯᠬᠤ ᠪᠠ ᠦᠷᠭᠡᠳᠭᠡᠨ ᠪᠠᠶᠢᠭᠤᠯᠬᠤ ᠶᠢ ᠤᠶᠠᠯᠳᠤᠭᠤᠯᠵᠤ᠂ ᠠᠩᠭᠢᠰ᠂ ᠰᠢᠮᠧᠨ᠋ᠲᠷ᠂ ᠱᠠᠷᠦ᠋ᠯᠠᠢ ᠵᠡᠷᠭᠡ | ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠡᠵᠡᠯᠡᠬᠦᠨ ᠢ ᠨᠡᠮᠡᠭᠳᠡᠭᠦᠯᠦᠨ᠂ 2022 ᠣᠨ ᠪᠤᠯᠬᠤ ᠳᠤ᠂ ᠵᠢᠯ | ᠤᠨ ᠡᠴᠦᠰ ᠤᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠢ 26 ᠳᠦᠮᠡᠨ ᠲᠤᠯᠤᠭᠠᠢ ᠳᠤ ᠬᠦᠷᠭᠡᠵᠦ᠂ | ᠪᠠᠷᠢᠮᠵᠢᠶᠠᠨ ᠳᠤ ᠭᠦᠷᠦᠭᠰᠡᠨ ᠰᠢᠯᠢᠳᠡᠭ ᠡᠭᠦᠯᠳᠡᠷ ᠤᠨ ᠮᠢᠬᠠᠨ ᠤ ᠦᠭᠡᠷ ᠤᠨ ᠦᠷ᠎ᠡ ᠶᠢᠨ ᠮᠠᠯ ᠤᠨ ᠲᠠᠯᠠᠪᠠᠢ 3᠂ | ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠭᠤᠤᠯᠯᠠᠭᠴᠢ ᠰᠦᠷᠦᠭ 80᠂ 50 ᠳᠤᠯᠤᠭᠠᠢ ᠠᠴᠠ ᠳᠡᠭᠡᠭᠰᠢ | ᠦᠨᠢᠶ᠎ᠡ ᠮᠠᠯᠵᠢᠬᠤ ᠪᠠᠷᠢᠮᠵᠢᠶᠠᠵᠢᠭᠰᠠᠨ ᠭᠡᠷ ᠪᠦᠯᠢ ᠶᠢᠨ ᠮᠠᠯᠵᠢᠯ ᠤᠨ ᠲᠠᠯᠠᠪᠠᠢ 600᠂ 2000 ᠲᠤᠯᠤᠭᠠᠢ ᠠᠴᠠ | ᠳᠡᠭᠡᠭᠰᠢ ᠦᠨᠢᠶ᠎ᠡ ᠮᠠᠯᠵᠢᠬᠤ ᠬᠡᠪᠴᠢᠶᠡᠵᠢᠭᠰᠡᠨ ᠮᠠᠯᠵᠢᠯ ᠤᠨ ᠲᠠᠯᠠᠪᠠᠢ 3 ᠶᠢ ᠪᠠᠶᠢᠭᠤᠯᠤᠨ᠎ᠠ᠃ ᠭᠤᠷᠪᠠ ᠳᠤ᠂ | ᠠᠳᠤᠭᠤᠨ ᠤ ᠤᠶᠢᠯᠠᠰ ᠤᠨ ᠭᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠦᠨᠠ᠃ᠦᠵᠦᠮᠦᠴᠢᠨ ᠴᠠᠭᠠᠨ ᠠᠳᠤᠭᠤ | ᠶᠢ ᠦᠰᠭᠡᠨ ᠦᠷᠡᠵᠢᠭᠦᠯᠭᠦ ᠠᠵᠢᠯ ᠢ ᠭᠤᠤᠯᠳᠠᠯᠭ᠎ᠠ ᠲᠠᠢ ᠠᠳᠬᠤᠵᠤ᠂ ᠤᠳᠤᠬᠢᠴᠢᠯᠠᠭᠰᠠᠨ ᠠᠳᠤᠭᠤᠨ ᠤ ᠤᠶᠢᠯᠠᠰ | ᠤᠨ ᠭᠦᠭᠵᠢᠯᠳᠠ ᠶᠢᠨ ᠶᠡᠷᠦᠩᠭᠡᠢ ᠲᠦᠯᠦᠪᠵᠢᠭᠦᠯᠭᠡ ᠶᠢ ᠨᠠᠶᠢᠳᠠᠪᠤᠷᠢᠵᠢᠭᠤᠯᠤᠨ᠂ ᠦᠰᠭᠡᠨ ᠦᠷᠡᠵᠢᠭᠦᠯᠭᠦ᠂ | ᠵᠢᠭᠤᠯᠴᠢᠯᠠᠯ ᠰᠡᠯᠡᠭᠦᠴᠡᠯ᠂ ᠰᠤᠶᠤᠯ ᠤᠨ ᠠᠵᠤ ᠤᠶᠢᠯᠠᠰ ᠢ ᠵᠤᠷᠢᠭᠵᠢᠭᠤᠯᠤᠨ ᠭᠦᠭᠵᠢᠭᠦᠯᠵᠤ᠂ ᠤᠯᠠᠮᠵᠢᠯᠠᠯᠳᠤ | ᠠᠳᠤᠭᠤᠨ ᠤ ᠤᠶᠢᠯᠠᠰ ᠢ ᠤᠳᠤᠬᠢᠴᠢᠯᠠᠭᠰᠠᠨ ᠠᠳᠤᠭᠤᠨ ᠤ ᠤᠶᠢᠯᠠᠰ ᠲᠡᠰᠢ ᠭᠡᠯᠪᠡᠷᠢ ᠶᠢ ᠬᠤᠪᠢᠷᠠᠭᠤᠯᠤᠨ | ᠲᠡᠰᠵᠢᠭᠦᠯᠦᠨᠠ᠃ ᠲᠦᠷᠪᠡ ᠳᠤ᠂ ᠮᠠᠯ ᠠᠵᠤ ᠠᠬᠤᠢ ᠶᠢᠨ ᠠᠵᠤ ᠤᠶᠢᠯᠡᠰᠵᠢᠭᠰᠡᠨ ᠡᠵᠡᠩᠨᠡᠯᠳᠠ ᠶᠢ ᠪᠦᠭᠦ ᠭᠦᠴᠦᠨ | ᠢᠶᠠᠷ ᠢᠶᠠᠨ ᠠᠬᠢᠭᠤᠯᠤᠨ᠎ᠠ᠃ ᠤᠯᠠᠭᠠᠨ ᠢᠳᠡᠭᠡᠨ ᠢ ᠨᠠᠷᠢᠯᠢᠭᠵᠢᠭᠤᠯᠤᠨ ᠡᠳ᠋ᠰᠢᠭᠦᠯᠭᠦ ᠲᠤᠯᠤᠭᠠᠶᠢᠯᠠᠭᠴᠢ ᠠᠵᠤ | ᠠᠬᠤᠶᠢᠯᠠᠯ ᠢ ᠤᠷᠢᠨ ᠤᠷᠤᠭᠤᠯᠬᠤ ᠶᠢᠨ ᠬᠠᠮᠳᠤ ᠲᠡᠮᠵᠢᠵᠤ᠂ ᠪᠠᠯᠭᠠᠷᠭᠤᠤᠯ ᠪᠠᠯᠭᠠᠰᠤᠨ ᠤ ᠪᠤᠬᠢᠷᠳᠤᠯ ᠦᠭᠡᠢ ᠮᠠᠯ | ᠤᠨ ᠠᠰᠢᠭ ᠰᠢᠮ᠎ᠡ ᠶᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠭᠦᠷᠢᠶᠡᠯᠡᠩ ᠢ ᠪᠠᠶᠢᠭᠤᠯᠤᠨ᠂ ᠠᠵᠦ | ᠤᠶᠢᠯᠡᠰᠵᠢᠭᠰᠡᠨ᠂ ᠬᠡᠪᠴᠢᠶᠡᠵᠢᠭᠰᠡᠨ ᠬᠦᠭᠵᠢᠯᠳᠡ ᠶᠢ ᠲᠠᠶᠢᠴᠢᠯᠠᠨ᠂ ᠤᠳᠤᠬᠢᠴᠢᠯᠠᠭᠰᠠᠨ ᠮᠠᠯ ᠠᠵᠤ ᠠᠬᠤᠢ ᠶᠢᠨ | ᠠᠵᠦ ᠦᠢᠯᠡᠰ ᠤᠨ ᠰᠢᠰᠲ᠋ᠧᠮ᠂ ᠤᠶᠢᠯᠡᠳᠪᠤᠷᠢᠯᠡᠯ ᠡᠵᠡᠩᠨᠡᠯᠳᠠ ᠶᠢᠨ ᠰᠢᠰᠲ᠋ᠧᠮ ᠢ ᠭᠦᠴᠦᠯᠠᠨ ᠪᠠᠶᠢᠭᠤᠯᠤᠨ᠎ᠠ᠃ | ᠲᠤᠰᠬᠠᠢ ᠲᠦᠷᠦᠯ ᠤᠨ ᠵᠤᠷᠢᠭᠵᠢᠭᠤᠯᠬᠤ ᠪᠡᠯᠡ ᠮᠦᠩᠭᠦ ᠶᠢ ᠲᠤᠬᠢᠷᠠᠭᠤᠯᠵᠤ᠂ ︽ᠲᠤᠯᠤᠭᠠᠶᠢᠯᠠᠭᠴᠢ ᠠᠵᠤ | ᠠᠬᠤᠶᠢᠯᠠᠯ + ᠬᠤᠷᠰᠢᠶᠠᠵᠢᠯ ︵ᠨᠡᠶᠢᠭᠡᠮᠯᠢᠭ︶ + ᠮᠠᠯᠵᠢᠬᠤ ᠡᠷᠦᠭᠡ︾ ᠶᠢᠨ ᠠᠰᠢᠭ ᠲᠤᠰᠠ ᠶᠢ ᠬᠤᠯᠪᠤᠭᠠᠯᠠᠭᠰᠠᠨ | ᠲᠤᠭᠳᠠᠴᠠ ᠶᠢ ᠲᠡᠭᠦᠯᠳᠡᠷᠵᠢᠭᠦᠯᠦᠨ᠎ᠠ᠃ ᠠᠵᠤ ᠤᠶᠢᠯᠡᠰᠵᠢᠭᠰᠡᠨ ᠭᠦᠭᠵᠢᠯᠳᠠ ᠶᠢᠨ ᠬᠠᠷᠠᠯᠳᠠ ᠶᠢᠨ ᠲᠤᠭᠤᠷᠢᠨ ᠳᠤ | ᠰᠠᠶᠢᠨ ᠡᠭᠦᠯᠳᠡᠷ ᠤᠨ ᠮᠢᠬᠠᠨ ᠤ ᠦᠭᠡᠷ ᠬᠤᠨᠢ ᠮᠠᠯᠵᠢᠬᠤ ᠳᠤᠰᠬᠠᠢ ᠡᠷᠦᠬᠡ᠂ ᠭᠡᠷ ᠪᠦᠯᠢ ᠶᠢᠨ ᠠᠮᠢ ᠠᠬᠤᠢ ᠶᠢᠨ | ᠮᠠᠯᠵᠢᠯ ᠤᠨ ᠲᠠᠯᠠᠪᠠᠢ᠂ ᠮᠠᠯᠴᠢᠳ ᠤᠨ ᠲᠤᠰᠬᠠᠢ ᠬᠤᠷᠰᠢᠶᠠᠵᠢᠯ ᠵᠡᠷᠭᠡ ᠰᠢᠨ᠎ᠡ ᠬᠡᠯᠪᠡᠷᠢ ᠶᠢᠨ ᠮᠠᠯ ᠠᠵᠤ ᠠᠬᠤᠢ ᠶᠢᠨ | ᠡᠵᠡᠩᠨᠡᠯᠳᠡ ᠶᠢᠨ ᠭᠤᠤᠯ ᠴᠤᠭᠴᠠ ᠶᠢ ᠪᠦᠭᠦ ᠭᠦᠴᠦᠨ ᠢᠶᠠᠷ ᠢᠶᠠᠨ ᠭᠦᠭᠵᠢᠭᠦᠯᠦᠨ᠎ᠠ᠃ ᠰᠢᠨ᠎ᠠ ᠭᠡᠯᠪᠡᠷᠢ ᠶᠢᠨ | ᠮᠠᠯᠴᠢᠳ ᠤᠨ ᠠᠵᠢᠯ ᠮᠡᠷᠭᠡᠵᠢᠯ ᠤᠨ ᠪᠤᠯᠪᠠᠰᠤᠷᠠᠯ ᠢ ᠠᠬᠢᠭᠤᠯᠵᠤ᠂ ︽ᠮᠡᠷᠭᠡᠵᠢᠯ ᠳᠤ ᠨᠡᠪᠳᠡᠷᠡᠭᠰᠡᠨ᠂ ᠬᠠᠮᠢᠶᠠᠷᠤᠯᠳᠠ | ᠶᠢ ᠤᠶᠢᠯᠠᠭᠠᠳᠠᠭ᠂ ᠡᠵᠡᠩᠨᠡᠯᠳᠠ ᠬᠢᠭᠦ ᠳᠤ ᠴᠢᠳᠠᠮᠠᠭᠠᠢ︾ ᠲᠤᠰᠬᠠᠢ ᠬᠤᠷᠰᠢᠶᠠᠵᠢᠯ ᠪᠤᠯᠤᠨ ᠡᠷᠦᠭᠡ ᠬᠤᠯᠪᠤᠭᠠᠯᠠᠭᠰᠠᠨ | ᠡᠵᠡᠩᠨᠡᠯᠳᠠ ᠶᠢᠨ ᠲᠠᠭᠠᠭᠤᠯᠤᠭᠴᠢ ᠶᠢ 1000 ᠨᠡᠷ᠎ᠡ ᠭᠦᠮᠦᠵᠢᠭᠦᠯᠵᠤ᠂ ᠮᠠᠯ ᠠᠵᠤ ᠠᠬᠤᠢ ᠶᠢᠨ ᠮᠡᠷᠭᠡᠵᠢᠯ ᠢ | ᠲᠦᠭᠡᠮᠡᠯᠵᠢᠭᠦᠯᠭᠦ ᠪᠤᠯᠪᠠᠰᠤᠷᠠᠯ ᠢ 10000 ᠭᠦᠮᠦᠨ ᠤᠳᠠᠭ᠎ᠠ ᠦᠷᠨᠢᠭᠦᠯᠦᠨ᠂ ᠭᠠᠴᠠᠭᠠᠨ ᠤ ᠬᠠᠮᠳᠤ ᠶᠢᠨ ᠠᠵᠤ | ᠠᠬᠤᠢ ᠶᠢ ᠬᠦᠭᠵᠢᠬᠦᠯᠦᠨ ᠪᠤᠵᠠᠭᠠᠶᠢᠷᠠᠭᠤᠯᠤᠨ᠎ᠠ᠃ ᠮᠠᠯᠵᠢᠬᠤ ᠤᠷᠤᠨ᠂ ᠮᠠᠯᠴᠢᠨ᠂ ᠮᠠᠯ ᠠᠵᠤ ᠠᠬᠤᠢ ᠶᠢᠨ | ᠤᠶᠢᠯᠠᠰ ᠢ ᠤᠶᠢᠯᠠᠭᠠᠳᠠᠭ ︽ᠭᠤᠷᠪᠠᠨ ᠮᠠᠯᠵᠢᠯ︾ ᠤᠨ ᠠᠵᠢᠯ ᠤᠨ ᠡᠩᠨᠡᠭᠡ ᠶᠢ ᠭᠦᠮᠦᠵᠢᠭᠦᠯᠦᠨ᠎ᠠ᠃ ᠦᠵᠦᠮᠦᠴᠢᠨ | ᠬᠤᠨᠢ ᠮᠠᠯᠵᠢᠬᠤ᠂ ᠰᠠᠶᠢᠨ ᠡᠭᠦᠯᠳᠡᠷ ᠤᠨ ᠮᠢᠬᠠᠨ ᠤ ᠦᠬᠡᠷ ᠮᠠᠯᠵᠢᠬᠤ᠂ ᠦᠵᠦᠮᠦᠴᠢᠨ ᠴᠠᠭᠠᠨ ᠠᠳᠤᠭᠤ ᠶᠢ | ᠬᠠᠮᠠᠭᠠᠯᠠᠬᠤ ᠵᠡᠷᠭᠡ ᠵᠢᠱᠢᠶ᠎ᠡ ᠦᠵᠡᠬᠦᠯᠬᠦ ᠴᠢᠳᠠᠪᠬᠢᠳᠤ ᠤᠷᠤᠨ ᠢ ᠲᠡᠮᠵᠢᠨ ᠪᠠᠶᠢᠭᠤᠯᠤᠨ᠎ᠠ᠃ ᠡᠯ᠎ᠡ ᠲᠦᠷᠦᠯ ᠤᠨ | ᠨᠡᠶᠢᠭᠡᠮ ᠨᠡᠶᠢᠳᠠ ᠶᠢᠨ ᠤᠶᠢᠯᠡᠴᠢᠯᠡᠭᠡᠨ ᠤ ᠵᠤᠬᠢᠶᠠᠨ ᠪᠠᠶᠢᠭᠤᠯᠤᠯᠳᠠ ᠶᠢ ᠵᠤᠷᠢᠭᠵᠢᠭᠤᠯᠤᠨ ᠭᠦᠭᠵᠢᠭᠦᠯᠵᠤ᠂ ᠮᠠᠯ | ᠰᠦᠷᠦᠭ ᠢ ᠬᠢᠨᠠᠨ ᠲᠤᠭᠳᠠᠭᠠᠬᠤ᠂ ᠡᠭᠦᠯᠳᠡᠷ ᠰᠠᠶᠢᠵᠢᠷᠠᠭᠤᠯᠬᠤ᠂ ᠡᠪᠡᠳᠴᠢᠨ ᠬᠢᠵᠢᠭ ᠢ ᠰᠡᠷᠭᠡᠶᠢᠯᠡᠨ ᠵᠠᠰᠠᠬᠤ᠂ | ᠪᠤᠳᠠᠰ ᠤᠨ ᠭᠦᠢᠯᠭᠡᠭᠡ᠂ ᠮᠠᠯ ᠠᠵᠤ ᠠᠬᠤᠢ ᠶᠢᠨ ᠠᠰᠢᠭ ᠰᠢᠮ᠎ᠠ ᠶᠢ ᠡᠵᠡᠩᠨᠡᠨ ᠪᠤᠷᠤᠯᠠᠭᠤᠯᠬᠤ᠂ ᠮᠠᠯ ᠰᠦᠷᠦᠭ | ᠢᠶᠠᠨ ᠨᠠᠶᠢᠳᠠᠨ ᠬᠠᠷᠠᠭᠤᠯᠬᠤ ᠵᠡᠷᠭᠡ ᠡᠵᠡᠩᠨᠡᠯᠳᠠ ᠶᠢᠨ ᠴᠢᠨᠠᠷᠳᠠᠢ ᠤᠶᠢᠯᠡᠴᠢᠯᠡᠭᠡ ᠶᠢ ᠲᠤᠷᠰᠢᠨ ᠭᠡᠷᠡᠭᠵᠢᠭᠦᠯᠦᠨ᠎ᠠ᠃ | 2022 ᠤᠨ ᠪᠤᠯᠬᠤ ᠳᠤ᠂ 30 ᠵᠢᠱᠢᠶ᠎ᠡ ᠦᠵᠡᠭᠦᠯᠭᠦ ᠬᠤᠷᠰᠢᠶᠠᠵᠢᠯ᠂ 200 ᠦᠨᠳᠤᠷ ᠪᠠᠷᠢᠮᠵᠢᠶᠠᠳᠤ ᠭᠡᠷ ᠪᠦᠯᠢ | ᠶᠢᠨ ᠠᠮᠢ ᠠᠬᠤᠢ ᠶᠢᠨ ᠮᠠᠯᠵᠢᠯ ᠤᠨ ᠲᠠᠯᠠᠪᠠᠢ ᠶᠢ ᠪᠠᠶᠢᠭᠤᠯᠤᠨ᠎ᠠ᠃ ᠤᠷᠤᠨ ᠤ ᠲᠤᠳᠤᠨ᠎ᠠ ᠭᠠᠳᠠᠨᠠᠬᠢ ᠭᠤᠤᠯᠳᠠᠯᠭ᠎ᠠ | ᠲᠠᠢ ᠶᠡᠭᠡ ᠲᠡᠭᠡᠳᠦ ᠰᠤᠷᠭᠠᠭᠤᠯᠢ᠂ ᠰᠤᠳᠤᠯᠭᠠᠨ ᠤ ᠪᠠᠶᠢᠭᠤᠯᠤᠮᠵᠢ ᠲᠠᠢ ᠰᠤᠯᠢᠯᠴᠠᠭ᠎ᠠ ᠪᠠᠨ ᠴᠢᠩᠭᠠᠳᠬᠠᠵᠤ᠂ ᠮᠠᠨ | ᠤ ᠬᠤᠰᠢᠭᠤᠨ ᠤ ᠤᠳᠤᠬᠢᠴᠢᠯᠠᠭᠰᠠᠨ ᠮᠠᠯ ᠠᠵᠤ ᠠᠬᠤᠢ ᠵᠢᠴᠢ ᠮᠠᠯ ᠤᠨ ᠡᠪᠡᠳᠴᠢᠨ ᠬᠢᠵᠢᠭ ᠢ ᠡᠮᠨᠡᠨ ᠵᠠᠰᠠᠬᠤ | ᠮᠡᠷᠭᠡᠵᠢᠯ ᠤᠨ ᠬᠠᠮᠳᠤᠷᠠᠯᠴᠠᠭᠠᠨ ᠤ ᠤᠷᠳᠤ ᠬᠤᠭᠤᠴᠠᠭᠠᠨ ᠤ ᠳᠤᠭᠳᠠᠴᠠ ᠶᠢ ᠲᠡᠭᠦᠯᠳᠠᠷᠵᠢᠭᠦᠯᠦᠨᠠ᠃ ᠲᠠᠪᠤ ᠳᠤ᠂ | ᠮᠠᠯ ᠠᠵᠤ ᠠᠬᠤᠢ ᠶᠢᠨ ᠰᠠᠭᠤᠷᠢ ᠶᠢ ᠪᠠᠳᠤᠯᠠᠬᠤ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠨ᠎ᠠ᠃ ᠮᠠᠯ ᠠᠵᠤ | ᠠᠬᠤᠢ ᠶᠢᠨ ᠰᠠᠭᠤᠷᠢ ᠲᠦᠭᠦᠭᠡᠷᠦᠮᠵᠢ᠂ ᠤᠶᠤᠨᠴᠢ ᠮᠠᠯ ᠠᠵᠤ ᠠᠬᠤᠢ ᠵᠢᠴᠢ ᠮᠠᠯ ᠤᠨ ᠡᠪᠡᠳᠴᠢᠨ ᠬᠢᠵᠢᠭ ᠢ | ᠰᠡᠷᠭᠡᠶᠢᠯᠡᠨ ᠬᠤᠷᠢᠭᠯᠠᠬᠤ ᠰᠢᠰᠲ᠋ᠧᠮ᠂ ᠶᠠᠰᠤ ᠴᠢᠨᠠᠷ ᠲᠤ ᠬᠢᠨᠠᠯᠳᠠ ᠲᠠᠯᠪᠢᠬᠤ ᠰᠢᠰᠲ᠋ᠧᠮ ᠤᠨ ᠪᠠᠶᠢᠭᠤᠯᠤᠯᠳᠠ ᠶᠢ | ᠴᠢᠩᠭᠠᠳᠬᠠᠨ᠂ ᠡᠪᠡᠰᠤ ᠪᠤᠷᠳᠤᠭᠠᠨ ᠤ ᠰᠤᠯᠢᠯᠴᠠᠭ᠎ᠠ᠂ ᠠᠮᠢᠳᠤ ᠮᠠᠯ ᠵᠢᠴᠢ ᠰᠠᠶᠢᠨ ᠡᠭᠦᠯᠳᠡᠷ ᠤᠨ ᠮᠠᠯ ᠤᠨ | ᠰᠤᠯᠢᠯᠴᠠᠭᠠᠨ ᠤ ᠳᠠᠪᠴᠠᠩ ᠤᠨ ᠪᠠᠶᠢᠭᠤᠯᠤᠯᠳᠠ ᠶᠢ ᠲᠦᠷᠭᠡᠳᠬᠡᠨ᠎ᠡ᠃ | ︵ᠬᠤᠶᠠᠷ︶ ᠤᠯᠤᠰ ᠤᠨ ᠴᠢᠬᠤᠯᠠ ᠴᠡᠪᠡᠷ ᠡᠨᠧᠷᠬᠢ ᠶᠢ ᠭᠠᠳᠠᠭᠰᠢ ᠭᠠᠷᠭᠠᠬᠤ ᠰᠠᠭᠤᠷᠢᠨ ᠭᠠᠵᠠᠷ ᠢ | ᠪᠦᠳᠦᠭᠡᠨ ᠪᠠᠶᠢᠭᠤᠯᠬᠤ ᠪᠠᠷ ᠬᠠᠷᠠᠯᠳᠠ ᠪᠤᠯᠭᠠᠨ᠂ ᠠᠵᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠬᠦᠯᠬᠦ ᠪᠠᠨ ᠳᠦᠷᠭᠡᠳᠬᠡᠵᠦ᠂ ᠤᠯᠠᠨ ᠲᠠᠯ᠎ᠠ ᠪᠠᠷ ᠬᠦᠭᠵᠢᠭᠰᠡᠨ ᠰᠢᠨ᠎ᠡ ᠬᠡᠯᠪᠡᠷᠢ ᠶᠢᠨ ᠠᠵᠦ ᠦᠢᠯᠡᠰ ᠤᠨ | ᠰᠢᠰᠲ᠋ᠧᠮ ᠢ ᠪᠠᠶᠢᠭᠤᠯᠤᠨ᠎ᠠ᠃ ᠤᠷᠴᠢᠯ ᠠᠵᠦ ᠠᠬᠤᠢ ᠶᠢ ᠪᠦᠭᠦ ᠭᠦᠴᠦᠨ ᠢᠶᠠᠷ ᠢᠶᠠᠨ ᠬᠦᠭᠵᠢᠬᠦᠯᠵᠦ᠂ ᠬᠠᠩᠭᠠᠯᠭ᠎ᠠ | ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠪᠠ ︽ᠦᠢᠯᠡᠳᠪᠤᠷᠢᠯᠡᠯ ᠤᠨ ᠴᠢᠳᠠᠪᠬᠢ ᠶᠢ | ᠰᠢᠭᠰᠢᠭᠳᠡᠬᠦᠯᠬᠦ︾ ᠠᠷᠭ᠎ᠠ ᠠᠪᠴᠠᠯ ᠢ ᠨᠠᠶᠢᠳᠠᠪᠤᠷᠢᠵᠢᠭᠤᠯᠤᠨ᠂ ᠤᠨᠴᠠᠯᠢᠭᠳᠤ ᠳᠠᠪᠠᠭᠤᠯᠢᠭ ᠠᠵᠦ ᠦᠢᠯᠡᠰ ᠢᠶᠠᠷ | ᠳᠤᠯᠭᠠᠭᠤᠷᠢᠯᠠᠭᠰᠠᠨ᠂ ᠰᠢᠨ᠎ᠡ ᠪᠠᠷ ᠮᠠᠨᠳᠤᠭᠰᠠᠨ ᠠᠵᠦ ᠦᠢᠯᠡᠰ ᠢᠶᠠᠷ ᠲᠠᠭᠠᠭᠤᠯᠤᠭᠴᠢ ᠪᠤᠯᠭᠠᠭᠰᠠᠨ | ᠤᠳᠤᠬᠢᠴᠢᠯᠠᠭᠰᠠᠨ ᠠᠵᠦ ᠦᠢᠯᠡᠰ ᠤᠨ ᠰᠢᠰᠲ᠋ᠧᠮ ᠢ ᠳᠦᠷᠭᠡᠳᠬᠡᠨ ᠪᠠᠶᠢᠭᠤᠯᠤᠨ᠎ᠠ᠃ ᠡᠨᠧᠷᠬᠢ ᠶᠢᠨ ᠠᠵᠦ ᠦᠢᠯᠡᠰ | ᠤᠨ ᠲᠠᠯ᠎ᠠ ᠪᠠᠷ᠂ ᠤᠯᠤᠰ ᠤᠨ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠦ᠂ ᠡᠯᠪᠡᠭ ᠪᠠᠶᠠᠯᠢᠭ ᠨᠡᠭᠦᠷᠡᠰᠦᠨ ᠤ ᠡᠬᠢ ᠪᠠᠶᠠᠯᠢᠭ ᠲᠠᠭᠠᠨ ᠳᠦᠰᠢᠭᠯᠡᠵᠦ᠂ ᠤᠨᠴᠠ ᠦᠨᠳᠦᠷ | ᠭᠦᠴᠦᠳᠠᠯᠳᠤ ᠴᠠᠬᠢᠯᠭᠠᠨ ᠡᠭᠦᠰᠭᠡᠭᠴᠢ ᠶᠢᠨ ᠰᠠᠭᠤᠷᠢᠨ ᠭᠠᠵᠠᠷ ᠤᠨ ᠪᠠᠶᠢᠭᠤᠯᠤᠯᠳᠠ ᠶᠢ ᠳᠦᠷᠭᠡᠳᠬᠡᠨ᠂ ᠨᠡᠭᠦᠷᠡᠰᠦᠨ | ᠤ ᠡᠬᠢ ᠪᠠᠶᠠᠯᠢᠭ ᠢ ᠳᠤᠬᠠᠢ ᠶᠢᠨ ᠭᠠᠵᠠᠷ ᠲᠤ ᠨᠢ ᠴᠡᠪᠡᠷᠰᠢᠬᠦᠯᠦᠨ ᠬᠤᠪᠢᠷᠠᠭᠤᠯᠵᠦ ᠠᠰᠢᠭᠯᠠᠬᠤ ᠴᠢᠳᠠᠪᠤᠷᠢ ᠶᠢ | ᠳᠡᠭᠡᠭᠰᠢᠯᠡᠬᠦᠯᠦᠨ᠎ᠡ᠃ ᠬᠤᠸᠠ ᠷᠦᠨ᠂ ᠵᠢᠩ ᠨᠧᠩ ᠪᠦᠯᠦᠭᠯᠡᠯ ᠤᠨ ᠡᠤ ᠵᠢᠶᠠᠨ ᠹᠠᠩ ᠴᠠᠬᠢᠯᠭᠠᠨ ᠤᠶᠢᠯᠠᠳᠪᠤᠷᠢ ᠶᠢᠨ | ᠲᠦᠷᠦᠯ ᠵᠤᠶᠢᠯ ᠢ ᠪᠠᠶᠢᠭᠤᠯᠬᠤ ᠶᠢᠨ ᠬᠠᠮᠳᠤ ᠨᠢᠭᠡᠳᠦᠭᠦᠯᠦᠨ ᠴᠠᠬᠢᠯᠭᠠᠨ ᠭᠠᠷᠭᠠᠬᠤ ᠶᠢ ᠠᠬᠢᠭᠤᠯᠵᠤ᠂ ᠪᠠᠶᠠᠨᠬᠤᠸᠠ | ᠨᠠᠷᠢᠯᠢᠭᠵᠢᠭᠤᠯᠤᠭᠰᠠᠨ ᠬᠦᠩᠭᠡᠨᠴᠠᠭᠠᠨ ᠤ ᠬᠠᠪᠳᠠᠰᠤ ᠶᠢᠨ ᠦᠪᠡᠷ ᠢ ᠪᠠᠨ ᠬᠠᠩᠭᠠᠬᠤ ᠴᠠᠬᠢᠯᠭᠠᠨ ᠦᠢᠯᠡᠳᠪᠤᠷᠢ ᠶᠢᠨ | ᠪᠠᠶᠢᠭᠤᠯᠤᠯᠳᠠ ᠶᠢ ᠲᠦᠷᠭᠡᠳᠭᠡᠵᠤ᠂ 2022 ᠣᠨ ᠪᠣᠯᠬᠤ ᠳᠤ᠂ ᠨᠡᠭᠦᠷᠡᠰᠦ ᠪᠠᠷ ᠴᠠᠬᠢᠯᠭᠠᠨ ᠭᠠᠷᠭᠠᠬᠤ ᠮᠠᠰᠢᠨ | ᠴᠤᠭᠴᠠᠯᠠᠪᠤᠷᠢ ᠶᠢᠨ ᠪᠠᠭᠳᠠᠭᠠᠮᠵᠢ ᠶᠢ 900 ᠳᠦᠮᠡᠨ ᠺᠢᠯᠣᠸᠠᠲ ᠳᠤ ᠭᠦᠷᠭᠡᠨ᠎ᠠ᠃ ᠰᠢᠷᠦᠢ ᠭᠠᠳᠠᠭᠰᠢᠯᠠᠭᠤᠯᠬᠤ | ᠲᠠᠯᠠᠪᠠᠢ ᠶᠢᠨ ᠪᠠᠶᠢᠭᠤᠯᠤᠯᠳᠠ ᠶᠢ ᠠᠰᠢᠭᠯᠠᠵᠤ᠂ ᠰᠢᠨ᠎ᠡ ᠡᠨᠧᠷᠭᠢ ᠪᠠᠷ ᠴᠠᠬᠢᠯᠭᠠᠨ ᠭᠠᠷᠭᠠᠬᠤ ᠲᠦᠷᠦᠯ ᠵᠤᠶᠢᠯ ᠢ | ᠪᠠᠶᠢᠭᠤᠯᠤᠨ᠎ᠠ᠃ ᠲᠡᠮᠦᠷᠯᠢᠭ ᠬᠠᠶᠢᠯᠤᠭᠤᠯᠬᠤ ᠠᠵᠦ ᠦᠢᠯᠡᠰ ᠤᠨ ᠲᠠᠯ᠎ᠠ ᠪᠠᠷ᠂ ︽ᠨᠡᠭᠦᠷᠡᠰᠦ — ᠴᠠᠬᠢᠯᠭᠠᠨ — | ᠬᠠᠶᠢᠯᠤᠭᠤᠯᠬᠤ — ᠪᠤᠯᠪᠠᠰᠤᠷᠠᠭᠤᠯᠬᠤ︾ ᠬᠡᠯᠬᠢᠶᠡᠵᠢᠭᠰᠡᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠂ | ᠪᠦᠳᠦᠭᠡᠭᠳᠡᠬᠦᠨ ᠤ ᠳᠠᠭᠠᠯᠳᠠ ᠦᠷᠳᠡᠭ ᠢ ᠨᠡᠮᠡᠭᠳᠡᠭᠦᠯᠦᠨ᠎ᠠ᠃ 2022 ᠣᠨ ᠪᠣᠯᠬᠤ ᠳᠤ᠂ ᠦᠩᠭᠡᠳᠤ ᠲᠡᠮᠦᠷᠯᠢᠭ ᠢ | ᠬᠠᠶᠢᠯᠤᠭᠤᠯᠬᠤ ᠴᠢᠳᠠᠪᠤᠷᠢ ᠶᠢ 70 ᠳᠦᠮᠡᠨ ᠲᠤᠨ ᠳᠤ ᠬᠦᠷᠭᠡᠵᠦ᠂ ᠦᠩᠭᠡᠳᠤ ᠲᠡᠮᠦᠷᠯᠢᠭ ᠢ ᠰᠤᠩᠭᠤᠨ | ᠪᠤᠯᠪᠠᠰᠤᠷᠠᠭᠤᠯᠬᠤ ᠠᠵᠤ ᠦᠢᠯᠡᠰ ᠤᠨ ᠬᠦᠳᠡᠷ ᠢ ᠰᠢᠢᠳᠪᠤᠷᠢᠯᠡᠬᠦ ᠴᠢᠳᠠᠪᠬᠢ ᠶᠢ ᠡᠳᠦᠷ ᠲᠤ 16500 ᠲᠤᠨ ᠳᠤ | ᠭᠦᠷᠭᠡᠭᠦ ᠪᠠᠷ ᠴᠢᠷᠮᠠᠶᠢᠨ᠎ᠠ᠃ ᠰᠢᠨ᠎ᠡ ᠪᠠᠷ ᠮᠠᠨᠳᠤᠭᠰᠠᠨ ᠠᠵᠦ ᠦᠢᠯᠡᠰ ᠤᠨ ᠲᠠᠯ᠎ᠠ ᠪᠠᠷ᠂ ᠴᠠᠬᠢᠯᠭᠠᠨ ᠤᠶᠢᠯᠠᠳᠪᠤᠷᠢ | ᠠᠴᠠ ᠡᠭᠦᠰᠦᠭᠰᠡᠨ ᠬᠠᠳᠠᠭᠤ ᠪᠡᠶᠡᠳᠤ ᠬᠠᠶᠠᠭᠳᠠᠮᠠᠯ ᠪᠤᠳᠠᠰ ᠢ ᠠᠰᠢᠭᠯᠠᠨ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ | ᠮᠠᠲ᠋ᠧᠷᠢᠶᠠᠯ ᠦᠢᠯᠡᠳᠪᠤᠷᠢᠯᠡᠬᠦ ᠠᠵᠦ ᠠᠬᠤᠶᠢᠯᠠᠯ ᠢ ᠤᠷᠢᠨ ᠤᠷᠤᠭᠤᠯᠵᠦ᠂ ᠨᠡᠭᠦᠷᠡᠰᠦᠨ ᠤ ᠦᠨᠡᠰᠦ ᠪᠠᠷ ᠱᠠᠭᠠᠵᠠᠩ | ᠳᠤᠭᠤᠰᠬ᠎ᠠ᠂ ᠹᠯᠤᠷ ᠤᠨ ᠮᠠᠲ᠋ᠧᠷᠢᠶᠠᠯ᠂ ᠭᠦᠷᠮᠡᠨ ᠴᠢᠯᠠᠭᠤ ᠶᠢᠨ ᠰᠢᠷᠭᠡᠭᠯᠢᠭ ᠵᠡᠷᠭᠡ ᠲᠦᠷᠦᠯ ᠵᠤᠶᠢᠯ ᠢ ᠭᠤᠤᠯᠳᠠᠯᠭ᠎ᠠ | ᠲᠠᠢ ᠠᠬᠢᠭᠤᠯᠤᠨ᠎ᠠ᠃ ᠠᠵᠦ ᠦᠢᠯᠡᠳᠪᠤᠷᠢ ᠶᠢᠨ ᠳᠤᠭᠤᠷᠢᠭ ᠤᠨ ᠪᠠᠶᠢᠭᠤᠯᠤᠯᠳᠠ ᠶᠢᠨ ᠲᠠᠯ᠎ᠠ ᠪᠠᠷ᠂ ᠠᠵᠦ | ᠦᠢᠯᠡᠰ ᠤᠨ ᠳᠦᠯᠦᠪᠵᠢᠭᠦᠯᠭᠡ ᠪᠠᠷ ᠬᠦᠳᠦᠯᠦᠨ ᠲᠠᠭᠠᠭᠤᠯᠵᠤ᠂ ︽ᠨᠢᠭᠡ ᠳᠤᠭᠤᠷᠢᠭ ᠭᠤᠷᠪᠠᠨ ᠬᠦᠷᠢᠶᠡᠯᠡᠩ︾ ᠤᠨ | ᠪᠦᠳᠦᠴᠡ ᠶᠤᠰᠤᠭᠠᠷ᠂ ᠪᠠᠶᠠᠨᠬᠤᠸᠠ ᠡᠨᠧᠷᠬᠢ ᠶᠢᠨ ᠰᠢᠨ᠎ᠡ ᠮᠠᠲ᠋ᠧᠷᠢᠶᠠᠯ ᠤᠨ ᠬᠦᠷᠢᠶᠡᠯᠡᠩ᠂ ᠡᠤ ᠵᠢᠶᠠᠨ ᠹᠠᠩ | ᠨᠡᠭᠦᠷᠡᠰᠦ ᠴᠠᠬᠢᠯᠭᠠᠨ ᠤ ᠪᠤᠬᠢᠷᠳᠤᠯ ᠦᠭᠡᠢ ᠠᠵᠦ ᠦᠢᠯᠡᠰ ᠤᠨ ᠬᠦᠷᠢᠶᠡᠯᠡᠩ ᠪᠠ ᠪᠠᠯᠭᠠᠷᠭᠤᠤᠯ ᠪᠤᠬᠢᠷᠳᠤᠯ ᠦᠭᠡᠢ | ᠮᠠᠯ ᠤᠨ ᠠᠰᠢᠭ ᠰᠢᠮ᠎ᠡ ᠶᠢ ᠡᠳ᠋ᠰᠢᠬᠦᠯᠦᠨ ᠪᠤᠯᠪᠠᠰᠤᠷᠠᠭᠤᠯᠬᠤ ᠠᠵᠤ ᠤᠶᠢᠯᠠᠰ ᠤᠨ ᠭᠦᠷᠢᠶᠡᠯᠡᠩ ᠢ ᠨᠢᠭᠡᠳᠭᠡᠭᠦ ᠶᠢ | ᠰᠠᠶᠢᠳᠤᠷ ᠠᠳᠬᠤᠵᠦ᠂ ᠪᠠᠶᠠᠨᠬᠤᠸᠠ ᠠᠵᠦ ᠦᠢᠯᠡᠳᠪᠦᠷᠢ ᠶᠢᠨ ᠳᠤᠭᠤᠷᠢᠭ ᠢ ᠤᠯᠤᠰ ᠤᠨ ᠴᠢᠬᠤᠯᠠ ᠴᠡᠪᠡᠷ ᠡᠨᠧᠷᠭᠢ | ᠶᠢ ᠭᠠᠳᠠᠭᠰᠢ ᠭᠠᠷᠭᠠᠬᠤ ᠰᠠᠭᠤᠷᠢᠨ ᠭᠠᠵᠠᠷ᠂ ᠦᠪᠤᠷ ᠮᠤᠩᠭᠤᠯ ᠤᠨ ᠵᠡᠭᠦᠨ ᠭᠡᠰᠡᠭ ᠤᠨ ᠦᠩᠭᠡᠳᠦ ᠲᠡᠮᠦᠷᠯᠢᠭ ᠢ | ᠪᠤᠯᠪᠠᠰᠤᠷᠠᠭᠤᠯᠬᠤ ᠰᠠᠭᠤᠷᠢᠨ ᠭᠠᠵᠠᠷ᠂ ᠤᠯᠤᠰ ᠤᠨ ᠪᠤᠬᠢᠷᠳᠤᠯ ᠦᠭᠡᠢ ᠮᠠᠯ ᠤᠨ ᠠᠰᠢᠭ ᠰᠢᠮ᠎ᠡ ᠶᠢ ᠡᠳ᠋ᠰᠢᠭᠦᠯᠦᠨ | ᠪᠤᠯᠪᠠᠰᠤᠷᠠᠭᠤᠯᠵᠤ ᠭᠠᠳᠠᠭᠰᠢ ᠭᠠᠷᠭᠠᠬᠤ ᠰᠠᠭᠤᠷᠢᠨ ᠭᠠᠵᠠᠷ᠂ ᠦᠪᠡᠷᠳᠡᠭᠡᠨ ᠵᠠᠰᠠᠬᠤ ᠤᠷᠤᠨ ᠤ ᠰᠢᠨ᠎ᠡ ᠮᠠᠲ᠋ᠧᠷᠢᠶᠠᠯ | ᠢ ᠰᠤᠳᠤᠯᠤᠨ ᠤᠶᠢᠯᠠᠳᠪᠤᠷᠢᠯᠡᠭᠦ ᠰᠠᠭᠤᠷᠢᠨ ᠭᠠᠵᠠᠷ᠂ ᠦᠪᠤᠷ ᠮᠤᠩᠭᠤᠯ ᠤᠨ ᠵᠡᠭᠦᠨ ᠭᠡᠰᠡᠭ ᠤᠨ ᠭᠠᠵᠠᠷ ᠤᠷᠤᠨ ᠤ | ᠰᠢᠨ᠎ᠡ ᠶᠢ ᠡᠭᠦᠳᠴᠦ ᠤᠶᠢᠯᠠᠰ ᠪᠦᠳᠦᠭᠡᠭᠦ ᠲᠡᠷᠢᠭᠦᠨ ᠤ ᠵᠢᠱᠢᠶ᠎ᠠ ᠦᠵᠡᠭᠦᠯᠭᠦ ᠤᠷᠤᠨ᠂ ᠲᠤᠮᠳᠠᠳᠤ ᠮᠤᠩᠭᠤᠯ ᠤᠷᠤᠰ | ᠤᠨ ᠠᠵᠤ ᠠᠬᠤᠢ ᠶᠢᠨ ᠭᠡᠯᠬᠢᠶᠠᠰᠤ ᠲᠤᠮᠳᠠᠬᠢ ᠤᠯᠠᠨ ᠤᠯᠤᠰ ᠤᠨ ᠶᠡᠷᠦᠩᠭᠡᠶᠢᠯᠡᠭᠰᠡᠨ ᠪᠤᠳᠠᠰ ᠤᠨ ᠭᠦᠢᠯᠭᠡᠭᠡᠨ ᠤ | ᠴᠢᠬᠤᠯᠠ ᠬᠤᠯᠪᠤᠭᠠᠰᠤ ᠪᠤᠯᠭᠠᠨ ᠪᠠᠶᠢᠭᠤᠯᠤᠨ᠎ᠠ᠃ ᠨᠡᠶᠢᠲᠡ ᠶᠢᠨ ᠪᠤᠰᠤ ᠦᠮᠴᠢᠯᠡᠯᠳᠤ ᠠᠵᠤ ᠠᠬᠤᠢ ᠶᠢᠨ ᠲᠠᠯ᠎ᠠ ᠪᠠᠷ | ᠂ ᠵᠠᠰᠠᠭ ᠤᠨ ᠤᠷᠳᠤᠨ ᠪᠤᠯᠤᠨ ᠠᠵᠤ ᠠᠬᠤᠶᠢᠯᠠᠯ ᠤᠨ ︽ᠬᠠᠷᠢᠯᠴᠠᠨ ᠬᠠᠪᠰᠤᠷᠤᠯᠴᠠᠬᠤ︾᠂ ︽ᠠᠷᠢᠭᠤᠨ | ᠴᠢᠭᠡᠴᠢ︾ ᠰᠢᠨ᠎ᠡ ᠭᠡᠯᠪᠡᠷᠢ ᠶᠢᠨ ᠬᠠᠷᠢᠴᠠᠭ᠎ᠠ ᠶᠢ ᠪᠠᠶᠢᠭᠤᠯᠵᠦ᠂ ᠡᠯ᠎ᠡ ᠵᠦᠢᠯ ᠤᠨ ᠳᠡᠮᠵᠢᠨ ᠵᠤᠷᠢᠭᠵᠢᠭᠤᠯᠬᠤ | ᠳᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠨᠡᠶᠢᠲᠡ ᠶᠢᠨ ᠪᠤᠰᠤ ᠦᠮᠴᠢᠯᠡᠯᠳᠤ ᠠᠵᠤ ᠠᠬᠤᠢ ᠶᠢᠨ ᠡᠷᠡᠬᠦᠯ | ᠬᠦᠭᠵᠢᠯᠳᠡ ᠶᠢ ᠠᠬᠢᠭᠤᠯᠤᠨ᠎ᠠ᠃ ᠤᠯᠤᠰ ᠤᠨ ᠦᠮᠴᠢᠯᠡᠯᠳᠤ ᠠᠵᠤ ᠠᠬᠤᠢ ᠪᠠ ᠠᠷᠠᠳ ᠠᠴᠠ ᠡᠷᠬᠢᠯᠡᠭᠰᠡᠨ ᠠᠵᠤ | ᠠᠬᠤᠢ ᠶᠢᠨ ᠬᠠᠮᠳᠤᠷᠠᠯᠴᠠᠭ᠎ᠠ ᠶᠢ ᠠᠬᠢᠭᠤᠯᠵᠦ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠨᠢ ᠤᠯᠤᠰ ᠤᠨ | ᠦᠮᠴᠢᠯᠡᠯᠳᠤ ᠪᠤᠶᠤ ᠲᠤᠮᠤ ᠬᠡᠯᠪᠡᠷᠢ ᠶᠢᠨ ᠠᠵᠤ ᠠᠬᠤᠶᠢᠯᠠᠯ ᠤᠨ ᠭᠠᠳᠠᠭᠰᠢ ᠳᠠᠭᠠᠭᠠᠯᠭᠠᠭᠰᠠᠨ ᠦᠢᠯᠡᠴᠢᠯᠡᠭᠡ ᠶᠢ | ᠡᠭᠦᠷᠭᠡᠯᠡᠨ᠂ ᠡᠯ᠎ᠡ ᠵᠦᠢᠯ ᠤᠨ ᠵᠠᠬ᠎ᠠ ᠳᠡᠯᠭᠡᠬᠦᠷ ᠤᠨ ᠭᠤᠣᠯ ᠴᠤᠭᠴᠠ ᠶᠢᠨ ᠠᠮᠢᠳᠤᠯᠢᠭ ᠬᠦᠴᠦᠨ ᠢ ᠬᠦᠭᠵᠢᠭᠡᠵᠦ᠂ | ᠠᠵᠢᠯ ᠤᠯᠭᠤᠯᠳᠠ ᠶᠢᠨ ᠤᠷᠤᠨ ᠵᠠᠢ ᠶᠢ ᠦᠷᠭᠡᠳᠬᠡᠨ᠂ ᠪᠤᠳᠠᠳᠤ ᠠᠵᠤ ᠠᠬᠤᠢ ᠶᠢ ᠪᠤᠵᠠᠭᠠᠶᠢᠷᠠᠭᠤᠯᠤᠨ᠎ᠠ᠃ | ︵ᠭᠤᠷᠪᠠ︶ ︽ᠦᠵᠦᠮᠦᠴᠢᠨ ᠨᠡᠭᠦᠳᠡᠯ ᠰᠤᠶᠤᠯ︾ ᠤᠨ ᠵᠢᠭᠤᠯᠴᠢᠯᠠᠯ ᠤᠨ ᠬᠠᠷᠠᠯᠳᠠᠳᠤ ᠤᠷᠤᠨ ᠢ | ᠪᠠᠶᠢᠭᠤᠯᠬᠤ ᠪᠠᠷ ᠭᠠᠷᠳᠠᠴᠠ ᠪᠤᠯᠭᠠᠵᠤ᠂ ᠦᠢᠯᠡᠴᠢᠯᠡᠭᠡᠨ ᠤ ᠦᠢᠯᠡᠰ ᠤᠨ ᠦᠳᠳᠡᠷ ᠳᠦᠷᠭᠡᠨ ᠬᠦᠭᠵᠢᠯᠳᠡ ᠶᠢ | ᠭᠦᠴᠦᠯᠠᠨ ᠠᠬᠢᠭᠤᠯᠤᠨ᠎ᠠ᠃ ︽ᠰᠢᠯᠢ ᠶᠢᠨ ᠭᠤᠣᠯ ᠤᠨ ᠲᠠᠯ᠎ᠠ ᠨᠤᠲᠤᠭ ᠤᠨ ᠦᠵᠡᠮᠵᠢ ᠶᠢᠨ ᠱᠤᠭᠤᠮ︾ ᠤᠨ | ᠳᠦᠯᠦᠪᠵᠢᠬᠦᠯᠭᠡ ᠲᠠᠢ ᠤᠶᠠᠯᠳᠤᠭᠤᠯᠤᠨ᠂ ᠮᠠᠨ ᠤ ᠬᠤᠰᠢᠭᠤᠨ ᠤ ᠤᠶᠤᠨᠴᠢ ᠵᠢᠭᠤᠯᠴᠢᠯᠠᠯ ᠤᠨ ᠪᠠᠶᠢᠭᠤᠯᠤᠯᠳᠠ ᠶᠢ | ᠳᠦᠷᠭᠡᠳᠬᠡᠵᠦ᠂ ᠵᠢᠭᠤᠯᠴᠢᠯᠠᠯ ᠤᠨ ᠳᠦᠷᠦᠯ ᠵᠦᠢᠯ ᠢ ᠰᠢᠯᠢᠳᠡᠭᠵᠢᠬᠦᠯᠦᠨ᠂ ︽ᠨᠢᠭᠡ ᠲᠥᠪ᠂ ᠬᠤᠶᠠᠷ ᠵᠤᠷᠪᠤᠰ ᠵᠠᠮ | ᠂ ᠲᠠᠪᠤᠨ ᠵᠢᠭᠤᠯᠴᠢᠯᠠᠯ ᠤᠨ ᠱᠤᠭᠤᠮ᠂ ᠵᠢᠷᠭᠤᠭᠠᠨ ᠦᠵᠡᠮᠵᠢ ᠶᠢᠨ ᠤᠷᠤᠨ︾ ᠤ ᠵᠢᠭᠤᠯᠴᠢᠯᠠᠯ ᠤᠨ | ᠬᠦᠭᠵᠢᠯᠳᠡ ᠶᠢᠨ ᠪᠠᠶᠢᠷᠢᠰᠢᠯ ︵︽ᠨᠢᠭᠡ ᠲᠥᠪ︾ ᠭᠡᠳᠡᠭ ᠨᠢ ᠲᠠᠷᠤᠢ ᠪᠠᠯᠭᠠᠷᠭᠤᠤᠯ ᠪᠠᠯᠭᠠᠰᠤ ᠪᠠᠷ ᠲᠥᠪ ᠪᠤᠯᠭᠠᠬᠤ | ᠶᠢ ᠵᠢᠭᠠᠵᠤ ᠪᠤᠢ᠂ ︽ᠬᠤᠶᠠᠷ ᠵᠤᠷᠪᠤᠰ ᠵᠠᠮ︾ ᠭᠡᠳᠡᠭ ᠨᠢ ᠤᠯᠤᠰ ᠤᠨ ᠵᠠᠮ 207 ᠱᠤᠭᠤᠮ ᠪᠠ ᠤᠯᠤᠰ ᠤᠨ ᠵᠠᠮ | 306 ᠱᠤᠭᠤᠮ ᠢ ᠭᠡᠯᠡᠵᠤ ᠪᠤᠢ᠂ ︽ᠲᠠᠪᠤᠨ ᠵᠢᠭᠤᠯᠴᠢᠯᠠᠯ ᠤᠨ ᠱᠤᠭᠤᠮ︾ ᠭᠡᠳᠡᠭ ᠨᠢ ᠲᠠᠯ᠎ᠠ ᠨᠤᠲᠤᠭ ᠤᠨ | ᠦᠵᠡᠮᠵᠢ ᠶᠢᠨ ᠱᠤᠭᠤᠮ᠂ ᠠᠷᠠᠳ ᠤᠨ ᠵᠠᠩ ᠵᠠᠩᠰᠢᠯ ᠢ ᠤᠶᠢᠯᠠᠭᠠᠨ ᠵᠢᠭᠤᠯᠴᠢᠯᠠᠬᠤ ᠱᠤᠭᠤᠮ᠂ ᠵᠢᠭᠤᠯᠴᠢᠯᠠᠯ ᠤᠨ | ᠨᠡᠷᠡᠳᠤ ᠪᠠᠯᠭᠠᠰᠤ ᠪᠠᠷ ᠵᠢᠭᠤᠯᠴᠢᠯᠠᠬᠤ ᠱᠤᠭᠤᠮ᠂ ᠲᠤᠮᠳᠠᠳᠤ ᠤᠯᠤᠰ ᠤᠨ ᠬᠠᠮᠤᠭ ᠤᠨ ᠭᠤᠶᠢᠳᠠ ᠰᠠᠶᠢᠬᠠᠨ | ᠬᠦᠳᠡᠭᠡ ᠳᠤᠰᠬᠤᠨ — ᠨᠤᠭᠤᠭᠠᠨᠪᠤᠯᠠᠭ ᠭᠠᠴᠠᠭ᠎ᠠ ᠪᠠᠷ ᠵᠢᠭᠤᠯᠴᠢᠯᠠᠬᠤ ᠱᠤᠭᠤᠮ᠂ ᠦᠵᠦᠮᠦᠴᠢᠨ ᠴᠠᠭᠠᠨ | ᠠᠳᠤᠭᠤᠨ ᠤ ᠰᠤᠶᠤᠯ ᠢ ᠤᠶᠢᠯᠠᠭᠠᠬᠤ ᠱᠤᠭᠤᠮ᠂ ᠬᠤᠪᠢᠰᠬᠠᠯᠳᠤ ᠰᠤᠶᠤᠯ ᠢ ᠤᠶᠢᠯᠠᠭᠠᠨ ᠵᠢᠭᠤᠯᠴᠢᠯᠠᠬᠤ ᠱᠤᠭᠤᠮ | ᠵᠡᠷᠭᠡ ᠰᠢᠯᠢᠳᠡᠭ ᠵᠢᠭᠤᠯᠴᠢᠯᠠᠯ ᠤᠨ ᠱᠤᠭᠤᠮ ᠢ ᠬᠡᠯᠡᠵᠦ ᠪᠤᠢ᠂ ︽ᠵᠢᠷᠭᠤᠭᠠᠨ ᠦᠵᠡᠮᠵᠢ ᠶᠢᠨ ᠤᠷᠤᠨ︾ ᠭᠡᠳᠡᠭ ᠨᠢ | ᠤᠯᠠᠭᠠᠨ ᠤᠳᠠᠢ᠂ ᠮᠤᠩᠭᠤᠯ ᠬᠠᠨ ᠬᠤᠳᠠ᠂ ᠴᠢᠩᠬᠢᠰ ᠬᠠᠭᠠᠨ ᠤ ᠰᠡᠷᠬᠦᠯᠡᠩ ᠬᠠᠷᠠᠭᠠᠳᠤ ᠠᠭᠤᠯᠠ᠂ ᠨᠡᠭᠦᠳᠡᠯᠴᠢᠨ | ᠠᠶᠢᠮᠠᠭ᠂ ᠬᠠᠪᠴᠢᠭᠠᠢ ᠦᠵᠡᠮᠵᠢ ᠶᠢᠨ ᠤᠷᠤᠨ᠂ ᠰᠦᠯᠳᠡ ᠰᠤᠶᠤᠯ ᠤᠨ ᠠᠵᠤ ᠦᠢᠯᠡᠰ ᠤᠨ ᠭᠦᠷᠢᠶᠡᠯᠡᠩ ᠢ ᠵᠢᠭᠠᠵᠤ | ᠪᠤᠢ︶ ᠢ ᠪᠠᠶᠢᠭᠤᠯᠤᠨ᠎ᠠ᠃ ᠨᠡᠬᠦᠳᠡᠯ ᠰᠤᠶᠤᠯ ᠢᠶᠠᠷ ᠰᠠᠭᠤᠷᠢ ᠪᠤᠯᠭᠠᠵᠤ᠂ ︽ᠴᠢᠩᠬᠢᠰ ᠬᠠᠭᠠᠨ ᠤ ᠴᠠᠭᠠᠨ | ᠠᠳᠤᠭᠤ ᠶᠢ ᠬᠠᠶᠢᠬᠤ︾ ᠪᠠᠷ ᠭᠤᠣᠯ ᠰᠢᠵᠢᠮ ᠪᠤᠯᠭᠠᠨ᠂ ᠨᠡᠭᠦᠳᠡᠯ ᠰᠤᠶᠤᠯ ᠤᠨ ᠲᠤᠳᠤᠭᠠᠳᠤ ᠠᠭᠤᠯᠤᠭᠳᠠᠬᠤᠨ ᠢ | ᠲᠡᠭᠡᠭᠰᠢᠯᠡᠭᠦᠯᠵᠤ᠂ ︽99 ᠺᠢᠯᠤᠮᠧᠲᠷ︾ ᠲᠠᠯ᠎ᠠ ᠨᠤᠲᠤᠭ ᠤᠨ ᠨᠡᠭᠦᠳᠡᠯ ᠰᠤᠶᠤᠯ ᠤᠨ ᠦᠵᠡᠮᠵᠢ ᠶᠢᠨ ᠪᠦᠰᠡ ᠶᠢ | ᠡᠭᠦᠳᠦᠨ ᠪᠠᠶᠢᠭᠤᠯᠤᠨ᠎ᠠ᠃ ᠬᠦᠳᠡᠭᠡ ᠳᠤᠰᠬᠤᠨ ᠤ ᠵᠢᠭᠤᠯᠴᠢᠯᠠᠯ ᠢ ᠬᠦᠭᠵᠢᠬᠦᠯᠵᠦ᠂ ︽ᠮᠠᠯᠴᠢᠨ ᠠᠶᠢᠯ︾ | ᠵᠣᠭᠠᠴᠠᠯ ᠤᠨ ᠴᠡᠭ ᠢ ᠳᠦᠷᠢᠮᠵᠢᠬᠦᠯᠦᠨ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠦ ᠦᠢᠯᠡᠰ ᠤᠨ | ᠬᠦᠭᠵᠢᠯᠳᠡ ᠲᠠᠢ ᠤᠷᠭᠠᠨᠢᠭ ᠢᠶᠠᠷ ᠨᠢᠭᠡᠳᠦᠬᠦᠯᠦᠨᠡ᠃ ᠤᠬᠠᠭᠤᠯᠤᠨ ᠲᠠᠨᠢᠯᠴᠠᠭᠤᠯᠬᠤ ᠡᠷᠴᠢᠮ ᠢᠶᠠᠨ ᠴᠢᠩᠭᠠᠳᠬᠠᠵᠤ᠂ | ︽ᠵᠢᠭᠤᠯᠴᠢᠯᠠᠯ +︾ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠤᠨ᠂ ᠤᠨᠴᠠᠯᠢᠭᠳᠤ ᠵᠢᠭᠤᠯᠴᠢᠯᠠᠯ ᠤᠨ ᠲᠠᠸᠠᠷ ᠢ | ᠨᠡᠭᠡᠭᠡᠨ ᠬᠦᠭᠵᠢᠬᠦᠯᠵᠦ᠂ ᠵᠢᠭᠤᠯᠴᠢᠯᠠᠯ ᠤᠨ ᠦᠢᠯᠡᠰ ᠤᠨ ᠤᠷᠤᠯᠭ᠎ᠠ ᠶᠢ ᠨᠡᠮᠡᠭᠳᠡᠬᠦᠯᠦᠨ᠎ᠡ᠃ ᠤᠷᠤᠨ ᠪᠦᠰᠡ ᠶᠢᠨ | ᠬᠤᠭᠤᠷᠤᠨᠳᠤᠬᠢ ᠬᠠᠮᠳᠤᠷᠠᠯᠴᠠᠭ᠎ᠠ ᠪᠠᠨ ᠴᠢᠩᠭᠠᠳᠬᠠᠵᠦ᠂ ᠤᠷᠤᠨ ᠪᠦᠰᠡ ᠶᠢᠨ ᠴᠢᠨᠠᠷᠳᠠᠢ ᠵᠢᠭᠤᠯᠴᠢᠯᠠᠯ ᠤᠨ ᠵᠠᠬ᠎ᠠ | ᠳᠡᠯᠭᠡᠬᠦᠷ ᠲᠤ ᠰᠠᠨᠠᠭᠠᠴᠢᠯᠠᠭ᠎ᠠ ᠠᠴᠠ ᠪᠠᠨ ᠵᠤᠬᠢᠴᠠᠨ᠎ᠠ᠃ 2022 ᠣᠨ ᠪᠣᠯᠬᠤ ᠳᠤ᠂ ᠪᠦᠬᠦ ᠬᠤᠰᠢᠭᠤᠨ ᠤ | ᠭᠦᠯᠢᠶᠡᠨ ᠵᠤᠴᠢᠯᠠᠭᠰᠠᠨ ᠤᠯᠤᠰ ᠤᠨ ᠳᠤᠳᠤᠭᠠᠳᠤ ᠭᠠᠳᠠᠭᠠᠳᠤ ᠶᠢᠨ ᠵᠢᠭᠤᠯᠴᠢᠯᠠᠭᠰᠠᠳ ᠤᠨ ᠲᠤᠭ᠎ᠠ ᠶᠢ 300 | ᠲᠦᠮᠡᠨ ᠭᠦᠮᠦᠨ ᠤᠳᠠᠭ᠎ᠠ ᠳᠤ ᠬᠦᠷᠭᠡᠬᠦ ᠪᠠᠷ ᠴᠢᠷᠮᠠᠶᠢᠵᠦ᠂ ᠵᠢᠭᠤᠯᠴᠢᠯᠠᠯ ᠤᠨ ᠤᠷᠤᠯᠭ᠎ᠠ ᠶᠢ 24 ᠳ᠋ᠦᠩᠰᠢᠭᠤᠷ | ᠳᠦᠬᠦᠷᠢᠭ ᠲᠤ ᠬᠦᠷᠭᠡᠨ᠎ᠡ᠃ ᠤᠳᠤᠬᠢᠴᠢᠯᠠᠭᠰᠠᠨ ᠪᠤᠳᠠᠰ ᠤᠨ ᠬᠦᠢᠯᠭᠡᠭᠡᠨ ᠤ ᠦᠢᠯᠡᠰ ᠤᠨ ᠬᠦᠭᠵᠢᠯᠳᠡ ᠶᠢ | ᠳᠦᠷᠭᠡᠳᠬᠡᠵᠦ᠂ ᠪᠠᠶᠠᠨᠬᠤᠸᠠ ᠪᠠ ᠪᠠᠯᠭᠠᠷᠭᠤᠤᠯ ᠢᠶᠠᠷ ᠲᠥᠪ ᠪᠤᠯᠭᠠᠭᠰᠠᠨ ᠤᠳᠤᠬᠢᠴᠢᠯᠠᠭᠰᠠᠨ ᠪᠤᠳᠠᠰ ᠤᠨ | ᠬᠦᠢᠯᠭᠡᠭᠡᠨ ᠤ ᠰᠢᠰᠲ᠋ᠧᠮ ᠢ ᠠᠯᠬᠤᠮ ᠠᠯᠬᠤᠮ ᠢᠶᠠᠷ ᠪᠦᠷᠢᠯᠳᠦᠬᠦᠯᠦᠨ᠎ᠡ᠃ ᠰᠤᠷᠠᠭ ᠵᠠᠩᠭᠢ ᠶᠢᠨ ᠰᠠᠭᠤᠷᠢ | ᠳᠦᠬᠦᠭᠡᠷᠦᠮᠵᠢ ᠶᠢ ᠳᠡᠭᠦᠯᠳᠡᠷᠵᠢᠭᠦᠯᠦᠨ᠂ ︽ᠢᠨᠲ᠋ᠧᠷ ᠰᠦᠯᠵᠢᠶ᠎ᠡ + ᠤᠳᠤᠬᠢᠴᠢᠯᠠᠭᠰᠠᠨ ᠰᠤᠷᠠᠭ ᠵᠠᠩᠭᠢ ᠶᠢᠨ | ᠮᠡᠷᠭᠡᠵᠢᠯ︾ ᠢ ᠲᠦᠭᠡᠮᠡᠯᠵᠢᠭᠦᠯᠦᠨ ᠬᠡᠷᠡᠭᠯᠡᠵᠦ᠂ ᠡᠯᠧᠺᠲᠷᠣᠨ ᠬᠤᠳᠠᠯᠳᠤᠭ᠎ᠠ ᠪᠠ ᠡᠯᠧᠺᠲᠷᠣᠨ ᠵᠠᠰᠠᠭ ᠤᠨ ᠶᠠᠪᠤᠳᠠᠯ ᠢ | ᠬᠦᠭᠵᠢᠬᠦᠯᠦᠨ᠎ᠡ᠃ ᠮᠦᠩᠭᠦᠨ ᠬᠦᠢᠯᠭᠡᠭᠡᠨ ᠤ ᠳᠠᠭᠠᠳᠬᠠᠯ ᠤᠨ ᠠᠵᠢᠯ ᠳᠦᠷᠦᠯ ᠤᠨ ᠬᠦᠭᠵᠢᠯᠳᠡ ᠶᠢ ᠲᠡᠮᠵᠢᠵᠤ᠂ | ᠠᠵᠤ ᠠᠬᠤᠶᠢᠯᠠᠯ ᠨᠢ ᠮᠦᠩᠭᠦᠨ ᠬᠦᠢᠯᠭᠡᠭᠡᠨ ᠤ ᠳᠠᠭᠠᠳᠬᠠᠯ ᠤᠨ ᠠᠵᠢᠯ ᠳᠦᠷᠦᠯ ᠲᠠᠢ ᠳᠦᠷᠦ ᠶᠢᠨ ᠪᠤᠳᠤᠯᠭ᠎ᠠ ᠶᠢᠨ | ᠰᠤᠷᠠᠭ ᠵᠠᠩᠭᠢ ᠶᠢᠨ ᠲᠠᠯ᠎ᠠ ᠪᠠᠷ ᠬᠤᠯᠪᠤᠭᠠᠯᠠᠵᠤ᠂ ᠬᠠᠷᠢᠯᠴᠠᠨ ᠬᠠᠪᠰᠤᠷᠤᠯᠴᠠᠵᠤ᠂ ᠬᠠᠮᠳᠤᠪᠠᠷ ᠠᠬᠢᠭᠤᠯᠤᠨ᠂ | ᠬᠠᠮᠳᠤᠪᠠᠷ ᠬᠦᠭᠵᠢᠭᠰᠡᠨ ᠪᠠᠶᠢᠭᠤᠯᠤᠮᠵᠢ ᠳᠤᠭᠳᠠᠴᠠ ᠶᠢ ᠪᠦᠷᠢᠯᠳᠦᠬᠦᠯᠦᠨ᠎ᠡ᠃ | ︵ᠳᠦᠷᠪᠡ︶ ᠬᠦᠭᠵᠢᠯᠳᠡ ᠶᠢᠨ ᠬᠦᠳᠡᠯᠭᠡᠭᠴᠢ ᠬᠦᠴᠦᠨ ᠠᠮᠢᠵᠢᠷᠠᠯ ᠤᠨ ᠬᠦᠴᠦᠨ ᠢ ᠴᠢᠩᠭᠠᠷᠠᠭᠤᠯᠬᠤ | ᠳᠤᠭᠤᠷᠢᠨ ᠳᠤ ᠦᠭᠡᠷᠡᠴᠢᠯᠡᠯᠳᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠠᠭᠦᠯᠦᠨᠡ᠃ ᠬᠤᠶᠢᠰᠢᠳᠡ ᠶᠢᠨ | ᠳᠠᠪᠤᠨ ᠵᠢᠯ ᠳᠤ᠂ ᠦᠭᠡᠷᠡᠴᠢᠯᠠᠯᠳᠠ ᠨᠡᠭᠡᠭᠡᠯᠳᠠ ᠶᠢᠨ ᠡᠯ᠎ᠡ ᠲᠦᠷᠦᠯ ᠤᠨ ᠳᠦᠷᠦ ᠶᠢᠨ ᠪᠤᠳᠤᠯᠭ᠎ᠠ ᠶᠢ ᠦᠨᠡᠨᠬᠦ | ᠳᠤᠤᠱᠯᠠᠭᠤᠯᠤᠨ ᠨᠠᠶᠢᠳᠠᠪᠤᠷᠢᠵᠢᠭᠤᠯᠵᠦ᠂ ᠵᠤᠷᠢᠭᠳᠠᠢ ᠪᠠᠷ ᠦᠭᠡᠷᠡᠴᠢᠯᠠᠯᠳᠠ ᠨᠡᠭᠡᠭᠡᠯᠳᠠ ᠬᠢᠵᠤ᠂ ᠠᠵᠤ ᠠᠬᠤᠢ | ᠨᠡᠶᠢᠭᠡᠮ ᠤᠨ ᠬᠦᠭᠵᠢᠯᠳᠡ ᠳᠤ ᠰᠢᠨ᠎ᠡ ᠬᠦᠳᠡᠯᠭᠡᠭᠴᠢ ᠬᠦᠴᠦᠨ ᠢ ᠳᠠᠰᠤᠷᠠᠯᠳᠠ ᠦᠭᠡᠢ ᠪᠤᠢ ᠪᠤᠯᠭᠠᠨ᠎ᠠ᠃ | ᠦᠭᠡᠷᠡᠴᠢᠯᠡᠯᠳᠡ ᠶᠢᠨ ᠠᠬᠢᠴᠠ ᠶᠢ ᠳᠦᠯᠬᠢᠨ ᠠᠬᠢᠭᠤᠯᠤᠨ᠎ᠠ᠃ ᠡᠯ᠎ᠡ ᠠᠵᠢᠯ ᠲᠦᠷᠦᠯ ᠤᠨ ᠦᠭᠡᠷᠡᠴᠢᠯᠡᠯᠳᠡ ᠶᠢᠨ | ᠠᠵᠢᠯ ᠢ ᠯᠠᠪᠳᠠᠭᠤᠨ ᠢᠶᠠᠷ ᠭᠦᠨᠵᠡᠭᠡᠶᠢᠷᠡᠭᠦᠯᠦᠨ᠎ᠠ᠃ ︽ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ | ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠂ ᠵᠠᠬ᠎ᠠ ᠳᠡᠯᠭᠡᠬᠦᠷ ᠲᠤ ᠵᠦᠪᠰᠢᠶᠡᠷᠡᠨ ᠤᠷᠤᠭᠤᠯᠬᠤ ᠨᠠᠵᠠᠭᠠᠢ ᠨᠦᠯᠦᠭᠡᠨ ᠤ | ᠨᠠᠷᠢᠨ ᠳᠤᠳᠤᠷᠬᠠᠶᠢᠯᠠᠯᠳᠠ ᠶᠢᠨ ᠳᠦᠷᠢᠮ ᠢ ᠨᠠᠶᠢᠳᠠᠪᠤᠷᠢᠵᠢᠭᠤᠯᠵᠦ᠂ ᠨᠡᠶᠢᠲᠡ ᠶᠢᠨ ᠪᠤᠰᠤ ᠦᠮᠴᠢᠯᠡᠯᠳᠤ ᠠᠵᠤ | ᠠᠬᠤᠢ ᠶᠢᠨ ᠠᠵᠦ ᠠᠬᠤᠶᠢᠯᠠᠯ ᠤᠨ ᠬᠦᠭᠵᠢᠯᠳᠡ ᠶᠢ ᠲᠡᠮᠵᠢᠨ᠂ ᠡᠯ᠎ᠡ ᠵᠦᠢᠯ ᠤᠨ ᠵᠠᠬ᠎ᠠ ᠳᠡᠯᠭᠡᠬᠦᠷ ᠤᠨ ᠭᠤᠣᠯ | ᠴᠤᠭᠴᠠ ᠶᠢᠨ ᠠᠮᠢᠵᠢᠷᠠᠯ ᠤᠨ ᠬᠦᠴᠦᠨ ᠢ ᠬᠦᠭᠵᠢᠭᠡᠨ᠎ᠡ᠃ ᠮᠦᠩᠭᠦᠨ ᠭᠦᠢᠯᠭᠡᠭᠡ ᠪᠠ ᠡᠳ᠋ ᠤᠨ ᠵᠠᠰᠠᠭ ᠭᠠᠶᠢᠯᠢ ᠶᠢᠨ | ᠪᠠᠶᠢᠭᠤᠯᠤᠮᠵᠢ ᠶᠢᠨ ᠦᠭᠡᠷᠡᠴᠢᠯᠡᠯᠳᠡ ᠶᠢ ᠪᠠᠶᠢᠷᠢᠯᠠᠭᠤᠯᠬᠤ ᠶᠢ ᠨᠠᠶᠢᠳᠠᠪᠤᠷᠢᠵᠢᠭᠤᠯᠵᠦ᠂ ᠡᠳ᠋ ᠤᠨ ᠵᠠᠰᠠᠭ ᠤᠨ | ᠬᠠᠮᠢᠶᠠᠷᠤᠯᠳᠠ ᠪᠠᠨ ᠴᠢᠩᠭᠠᠳᠬᠠᠨ᠂ ︽ᠳᠦᠰᠦᠪ ᠤᠨ ᠬᠠᠤᠯᠢ︾ ᠶᠢ ᠨᠠᠶᠢᠳᠠᠪᠤᠷᠢᠵᠢᠭᠤᠯᠵᠦ᠂ ᠳᠦᠰᠦᠪ ᠢ | ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠬᠦᠯᠦᠨ᠎ᠡ᠃ | PPP ᠵᠠᠭᠪᠤᠷ ᠢ ᠭᠡᠷᠡᠭᠯᠡᠨ᠂ ᠲᠦᠷᠦᠯ ᠵᠤᠶᠢᠯ ᠤᠨ ᠪᠠᠶᠢᠭᠤᠯᠤᠯᠳᠠ ᠶᠢ ᠠᠬᠢᠭᠤᠯᠤᠨ᠎ᠠ᠃ ᠡᠳ᠋ ᠤᠨ ᠵᠠᠰᠠᠭ ᠤᠨ | ᠪᠡᠯᠡ ᠮᠦᠩᠭᠦ ᠳᠤ ᠬᠢᠨᠠᠯᠳᠠ ᠲᠠᠯᠪᠢᠬᠤ ᠪᠠ ᠬᠠᠮᠢᠶᠠᠷᠬᠤ ᠡᠷᠴᠢᠮ ᠢᠶᠠᠨ ᠴᠢᠩᠭᠠᠳᠬᠠᠵᠦ᠂ ᠪᠡᠯᠡ ᠮᠦᠩᠬᠦ ᠶᠢ | ᠠᠰᠢᠭᠯᠠᠬᠤ ᠦᠷ᠎ᠡ ᠪᠦᠳᠦᠮᠵᠢ ᠪᠠᠨ ᠳᠡᠭᠡᠭᠰᠢᠯᠡᠬᠦᠯᠦᠨ᠎ᠡ᠃ ᠤᠷᠤᠨ ᠨᠤᠲᠤᠭ ᠤᠨ ᠮᠦᠩᠭᠦᠨ ᠬᠦᠢᠯᠭᠡᠭᠡᠨ ᠤ | ᠪᠠᠶᠢᠭᠤᠯᠤᠮᠵᠢ᠂ ᠮᠦᠩᠭᠦᠨ ᠬᠦᠢᠯᠭᠡᠭᠡᠨ ᠤ ᠪᠦᠳᠦᠭᠡᠭᠳᠡᠬᠦᠨ᠂ ᠮᠦᠩᠭᠦᠨ ᠬᠦᠢᠯᠭᠡᠭᠡᠨ ᠤ ᠵᠠᠬ᠎ᠠ ᠳᠡᠯᠭᠡᠬᠦᠷ ᠤᠨ | ᠰᠢᠰᠲ᠋ᠧᠮ ᠢ ᠳᠡᠭᠦᠯᠳᠡᠷᠵᠢᠭᠦᠯᠦᠨ᠂ ᠮᠦᠩᠭᠦᠨ ᠬᠦᠢᠯᠭᠡᠭᠡᠨ ᠤ ᠦᠢᠯᠡᠴᠢᠯᠡᠭᠡᠨ ᠤ ᠪᠤᠳᠠᠳᠤ ᠴᠤᠭᠴᠠ ᠶᠢᠨ ᠠᠵᠤ | ᠠᠬᠤᠢ ᠶᠢᠨ ᠴᠢᠳᠠᠪᠤᠷᠢ ᠶᠢ ᠨᠡᠮᠡᠭᠳᠡᠬᠦᠯᠵᠦ᠂ ᠮᠦᠩᠭᠦᠨ ᠬᠦᠢᠯᠭᠡᠭᠡᠨ ᠤ ᠠᠶᠤᠯ ᠳᠦᠭᠰᠢᠬᠦᠷᠢ ᠶᠢ ᠪᠦᠳᠦᠮᠵᠢᠳᠡᠢ | ᠰᠡᠷᠭᠡᠶᠢᠯᠡᠨ᠎ᠡ᠃ ᠵᠠᠰᠠᠭ ᠤᠨ ᠤᠷᠳᠤᠨ ᠤ ᠥᠷᠢ ᠥᠭᠴᠡᠭᠡ ᠶᠢᠨ ᠳᠦᠭᠰᠢᠬᠦᠷᠢ ᠶᠢ ᠬᠠᠮᠢᠶᠠᠷᠴᠦ ᠬᠢᠵᠠᠭᠠᠷᠯᠠᠬᠤ ᠪᠠᠨ | ᠴᠢᠩᠭᠠᠳᠬᠠᠵᠦ᠂ ᠲᠡᠭᠡᠳᠦ ᠱᠠᠳᠤᠨ ᠤ ᠱᠠᠭᠠᠷᠳᠠᠯᠭ᠎ᠠ ᠶᠢ ᠦᠨᠳᠤᠰᠦᠯᠠᠨ᠂ 2021 ᠣᠨ ᠪᠤᠯᠬᠤ ᠳᠤ᠂ ᠡᠩ ᠤᠨ | ᠥᠷᠢ ᠥᠭᠴᠡᠭᠡᠨ ᠤ ᠨᠣᠷᠮ᠎ᠠ ᠶᠢ ᠰᠡᠷᠡᠮᠵᠢᠯᠡᠭᠦᠯᠦᠯ ᠤᠨ ᠱᠤᠭᠤᠮ ᠠᠴᠠ ᠲᠤᠷᠤᠭᠰᠢ ᠪᠤᠯᠭᠠᠬᠤ ᠪᠠᠷ ᠴᠢᠷᠮᠠᠶᠢᠨ᠎ᠠ᠃ | ᠭᠠᠳᠠᠭᠰᠢ ᠨᠡᠭᠡᠭᠡᠯᠲᠡ ᠬᠢᠬᠦ ᠪᠠ ᠤᠷᠤᠨ ᠪᠦᠰᠡ ᠶᠢᠨ ᠬᠠᠮᠳᠤᠷᠠᠯᠴᠠᠭ᠎ᠠ ᠪᠠᠨ ᠴᠢᠩᠭᠠᠳᠬᠠᠨ᠎ᠠ᠃ ᠣᠯᠣᠰ ᠤᠨ ︽ | ᠨᠢᠭᠡ ᠪᠦᠰᠡ ᠨᠢᠭᠡ ᠵᠠᠮ︾ ᠪᠠᠶᠢᠯᠳᠣᠬᠤ ᠪᠣᠳᠣᠯᠭ᠎ᠠ ᠶᠢᠨ ᠲᠣᠭᠤᠷᠢᠨ ᠳᠤ᠂ ᠪᠠᠶᠠᠨᠬᠤᠸᠠ ᠳᠤᠳᠤᠭᠠᠳᠤ ᠡᠬᠡ | ᠬᠠᠭᠤᠷᠠᠢ ᠶᠢᠨ ᠭᠠᠷᠠᠮ ᠤᠨ ᠪᠠᠶᠢᠭᠤᠯᠤᠯᠳᠠ ᠶᠢ ᠳᠦᠯᠬᠢᠨ ᠠᠬᠢᠭᠤᠯᠵᠦ᠂ ᠳᠤᠮᠳᠠᠳᠤ ᠮᠤᠩᠭᠤᠯ ᠤᠷᠤᠰ ᠤᠨ ᠠᠵᠤ | ᠠᠬᠤᠢ ᠶᠢᠨ ᠬᠠᠮᠳᠤᠷᠠᠯᠴᠠᠭᠠᠨ ᠤ ᠴᠢᠬᠤᠯᠠ ᠭᠠᠵᠠᠷ ᠪᠤᠯᠭᠠᠨ ᠪᠠᠶᠢᠭᠤᠯᠤᠨ᠎ᠠ᠃ ᠪᠡᠭᠡᠵᠢᠩ ᠲᠢᠶᠡᠨᠵᠢᠨ ᠾᠧᠪᠸᠢ᠂ | ᠵᠡᠬᠦᠨ ᠬᠤᠶᠢᠳᠣ ᠣᠷᠣᠨ ᠵᠢᠴᠢ ᠤᠶᠢᠷ᠎ᠠ ᠬᠠᠪᠢ ᠶᠢᠨ ᠭᠠᠵᠠᠷ ᠤᠷᠤᠨ ᠲᠠᠢ ᠰᠣᠯᠢᠯᠴᠠᠭ᠎ᠠ ᠬᠠᠮᠳᠤᠷᠠᠯᠴᠠᠭ᠎ᠠ ᠪᠠᠨ | ᠴᠢᠩᠭᠠᠳᠬᠠᠵᠦ᠂ ᠠᠵᠦ ᠦᠢᠯᠡᠰ ᠤᠨ ᠬᠤᠪᠢᠶᠠᠷᠢᠯᠠᠯᠲᠠ ᠳᠤ ᠢᠳᠡᠪᠬᠢᠳᠡᠢ ᠤᠷᠤᠯᠴᠠᠵᠦ᠂ ᠠᠵᠦ ᠦᠢᠯᠡᠰ ᠤᠨ | ᠰᠢᠯᠵᠢᠯᠳᠡ ᠶᠢᠨ ᠠᠵᠠ ᠲᠤᠬᠢᠶᠠᠯ ᠢ ᠠᠳᠬᠤᠨ᠂ ᠪᠦᠸᠧᠬᠠᠢ ᠲᠠᠩᠬᠢᠰ ᠤᠨ ᠡᠷᠬᠢᠨ ᠲᠤᠭᠤᠷᠢᠨ ᠤ ᠠᠵᠤ ᠠᠬᠤᠢ ᠶᠢᠨ | ᠳᠤᠭᠤᠷᠢᠭ᠂ ᠪᠡᠭᠡᠵᠢᠩ ᠲᠢᠶᠡᠨᠵᠢᠨ ᠾᠧᠪᠸᠢ ᠶᠢᠨ ᠠᠵᠤ ᠠᠬᠤᠢ ᠶᠢᠨ ᠳᠤᠭᠤᠷᠢᠭ ᠤᠨ ᠳᠠᠶᠢᠴᠢᠯᠠᠨ ᠳᠠᠭᠠᠭᠤᠯᠬᠤ | ᠬᠦᠴᠦᠨ ᠢ ᠨᠡᠩ ᠶᠡᠭᠡ ᠪᠠᠷ ᠬᠦᠯᠢᠶᠡᠨ ᠠᠪᠤᠨ᠎ᠠ᠃ ᠰᠢᠯᠢᠳᠡᠭ ᠳᠦᠷᠦᠯ ᠵᠦᠢᠯ ᠢ ᠢᠳᠡᠪᠬᠢᠳᠠᠢ ᠤᠷᠢᠨ ᠤᠷᠤᠭᠤᠯᠵᠤ᠂ | ᠪᠦᠬᠦ ᠬᠤᠰᠢᠭᠤᠨ ᠤ ᠠᠵᠤ ᠠᠬᠤᠢ ᠶᠢᠨ ᠬᠦᠭᠵᠢᠯᠳᠡ ᠶᠢ ᠳᠦᠯᠬᠢᠨ ᠠᠬᠢᠭᠤᠯᠤᠨ᠎ᠠ᠃ ᠴᠢᠳᠠᠪᠤᠷᠢᠳᠡᠨ ᠤ | ᠪᠦᠳᠦᠴᠡ ᠶᠢ ᠪᠦᠳᠦᠮᠵᠢᠳᠡᠢ ᠰᠢᠯᠢᠳᠡᠭᠵᠢᠬᠦᠯᠦᠨ᠎ᠡ᠃ ᠦᠪᠡᠷ ᠤᠨ ᠪᠠᠶᠢᠬᠤ ᠴᠢᠳᠠᠪᠤᠷᠢᠳᠠᠨ ᠢᠶᠠᠨ ᠬᠦᠮᠦᠵᠢᠬᠦᠯᠬᠦ᠂ | ᠳᠤᠰᠬᠠᠢ ᠮᠡᠷᠭᠡᠵᠢᠯ ᠤᠨ ᠴᠢᠳᠠᠪᠤᠷᠢᠳᠠᠨ ᠢ ᠤᠷᠢᠨ ᠤᠷᠤᠭᠤᠯᠬᠤ᠂ ᠣᠳᠤ ᠪᠠᠶᠢᠬᠤ ᠴᠢᠳᠠᠪᠤᠷᠢᠳᠠᠨ ᠢᠶᠠᠨ ᠰᠠᠶᠢᠳᠤᠷ | ᠬᠡᠷᠡᠭᠯᠡᠬᠦ ᠭᠤᠷᠪᠠᠨ ᠭᠤᠭᠴᠤᠭ᠎ᠠ ᠶᠢ ᠰᠠᠶᠢᠳᠤᠷ ᠠᠳᠬᠤᠵᠦ᠂ ᠡᠯ᠎ᠡ ᠲᠦᠷᠦᠯ ᠤᠨ ᠴᠢᠳᠠᠪᠤᠷᠢᠳᠠᠨ ᠤ ᠡᠩᠨᠡᠭᠡ ᠶᠢ | ᠭᠦᠴᠦᠯᠠᠨ ᠴᠤᠭᠴᠠᠯᠠᠵᠤ᠂ ᠴᠢᠳᠠᠪᠤᠷᠢᠳᠠᠨ ᠬᠤᠷᠠᠨ ᠴᠤᠭᠯᠠᠷᠠᠭᠰᠠᠨ ᠭᠠᠵᠠᠷ ᠤᠷᠤᠨ ᠢ ᠪᠠᠶᠢᠭᠤᠯᠤᠨ᠂ ᠠᠵᠤ | ᠠᠬᠤᠢ ᠨᠡᠶᠢᠭᠡᠮ ᠤᠨ ᠬᠦᠭᠵᠢᠯᠳᠡ ᠳᠤ ᠭᠦᠴᠦᠷᠭᠡᠭ ᠶᠡᠭᠡ ᠴᠢᠳᠠᠪᠤᠷᠢᠳᠠᠨ ᠤ ᠪᠠᠳᠤᠯᠠᠭ᠎ᠠ ᠶᠢ ᠬᠠᠩᠭᠠᠨ᠎ᠠ᠃ ᠺᠠᠳ᠋ᠷ ᠤᠨ | ᠠᠵᠢᠯᠳᠠᠨ ᠤ ᠶᠠᠪᠤᠳᠠᠯ ᠤᠨ ᠳᠦᠷᠢᠮ ᠪᠠ ᠴᠢᠳᠠᠪᠤᠷᠢᠳᠠᠨ ᠤ ᠬᠠᠮᠢᠶᠠᠷᠤᠯᠳᠠ ᠶᠢᠨ ᠪᠠᠶᠢᠭᠤᠯᠤᠮᠵᠢ ᠶᠢᠨ | ᠦᠭᠡᠷᠡᠴᠢᠯᠡᠯᠳᠡ ᠶᠢ ᠦᠷᠬᠦᠯᠵᠢᠯᠡᠨ ᠭᠦᠨᠵᠡᠭᠡᠶᠢᠷᠡᠬᠦᠯᠵᠦ᠂ ᠴᠢᠳᠠᠪᠤᠷᠢᠳᠠᠨ ᠤ ᠠᠵᠢᠯ ᠤᠨ ᠳᠤᠭᠳᠠᠴᠠ ᠶᠢ ᠰᠢᠨᠡᠴᠢᠯᠠᠨ | ᠂ ᠴᠢᠳᠠᠪᠤᠷᠢᠳᠠᠨ ᠤ ᠪᠦᠳᠦᠴᠡ ᠶᠢᠨ ᠳᠤᠬᠢᠷᠠᠭᠤᠯᠤᠯᠳᠠ ᠪᠠ ᠠᠵᠤ ᠠᠬᠤᠢ ᠶᠢᠨ ᠪᠦᠳᠦᠴᠡ ᠶᠢᠨ ᠳᠤᠬᠢᠷᠠᠭᠤᠯᠤᠯᠳᠠ ᠶᠢ | ᠬᠠᠷᠢᠯᠴᠠᠨ ᠵᠤᠬᠢᠴᠠᠭᠤᠯᠬᠤ ᠬᠦᠳᠡᠯᠦᠩᠭᠦᠢ ᠳᠤᠭᠳᠠᠴᠠ ᠶᠢ ᠪᠠᠶᠢᠭᠤᠯᠤᠨ᠎ᠠ᠃ | ︵ᠲᠠᠪᠤ︶ ᠦᠵᠡᠰᠬᠦᠯᠡᠩᠲᠦ ᠰᠠᠶᠢᠬᠠᠨ ᠪᠠᠷᠠᠭᠤᠨ ᠦᠵᠦᠮᠦᠴᠢᠨ ᠢ ᠪᠦᠳᠦᠭᠡᠨ ᠪᠠᠶᠢᠭᠤᠯᠬᠤ ᠳᠤᠭᠤᠷᠢᠨ ᠳᠤ | ᠠᠮᠢ ᠠᠬᠤᠢ ᠶᠢᠨ ᠪᠠᠶᠢᠭᠤᠯᠤᠯᠳᠠ ᠪᠠ ᠤᠷᠴᠢᠨ ᠳᠤᠭᠤᠷᠢᠨ ᠤ ᠬᠠᠮᠠᠭᠠᠯᠠᠯᠳᠠ ᠶᠢ ᠴᠢᠩᠭᠠᠳᠬᠠᠨ᠎ᠠ᠃ | ᠬᠤᠶᠢᠰᠢᠳᠡ ᠶᠢᠨ ᠲᠠᠪᠤᠨ ᠵᠢᠯ ᠳᠤ᠂ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠮᠡᠳᠡᠭᠦᠯᠦᠯᠳᠡ ᠳᠤᠮᠳᠠᠬᠢ ︽ | ᠠᠭᠤᠯᠠ ᠤᠰᠤ᠂ ᠤᠢ ᠮᠤᠳᠤ᠂ ᠭᠠᠵᠠᠷ ᠲᠠᠷᠢᠶ᠎ᠠ᠂ ᠨᠠᠭᠤᠷ ᠴᠦᠬᠦᠷᠦᠮ᠂ ᠨᠤᠳᠤᠭ ᠪᠡᠯᠴᠢᠬᠡᠷ ᠢ ᠰᠢᠰᠲ᠋ᠧᠮ ᠲᠠᠢ ᠪᠠᠷ | ᠵᠠᠰᠠᠬᠤ ᠶᠢ ᠨᠢᠬᠡᠳᠦᠯᠳᠡᠢ ᠲᠦᠯᠦᠪᠵᠢᠬᠦᠯᠦᠨ᠂ ᠠᠮᠢ ᠠᠬᠤᠢ ᠶᠢᠨ ᠤᠷᠴᠢᠨ ᠳᠤᠭᠤᠷᠢᠨ ᠢ ᠬᠠᠮᠠᠭᠠᠯᠠᠬᠤ ᠬᠠᠮᠤᠭ ᠤᠨ | ᠴᠢᠩᠭ᠎ᠠ ᠲᠦᠷᠢᠮ ᠢ ᠬᠡᠷᠡᠭᠵᠢᠬᠦᠯᠵᠤ᠂ ᠪᠤᠬᠢᠷᠳᠦᠯ ᠦᠬᠡᠢ ᠬᠦᠭᠵᠢᠯᠳᠡ ᠶᠢᠨ ᠠᠷᠭ᠎ᠠ ᠮᠠᠶ᠋ᠢᠭ ᠪᠠ ᠠᠮᠢᠳᠤᠷᠠᠯ ᠤᠨ | ᠠᠷᠭ᠎ᠠ ᠮᠠᠶ᠋ᠢᠭ ᠢ ᠪᠤᠢ ᠪᠤᠯᠭᠠᠵᠤ᠂ ᠦᠢᠯᠡᠳᠪᠤᠷᠢᠯᠡᠯ ᠬᠦᠭᠵᠢᠭᠰᠡᠨ᠂ ᠠᠮᠢᠳᠤᠷᠠᠯ ᠴᠢᠨᠡᠬᠡᠯᠢᠭᠵᠢᠭᠰᠡᠨ᠂ ᠠᠮᠢ ᠠᠬᠤᠢ | ᠤᠬᠢ ᠰᠠᠶᠢᠨ ᠪᠤᠯᠪᠠᠰᠤᠨ ᠬᠦᠭᠵᠢᠯᠳᠡ ᠶᠢᠨ ᠵᠠᠮ ᠢᠶᠠᠷ ᠡᠷᠡᠰ ᠵᠠᠮᠨᠠᠬᠤ︾ ᠶᠡᠷᠤᠩᠬᠡᠢ ᠱᠠᠭᠠᠷᠳᠠᠯᠭ᠎ᠠ ᠶᠤᠰᠤᠭᠠᠷ᠂ ᠠᠮᠢ | ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠵᠢᠱᠢᠶ᠎ᠡ ᠦᠵᠡᠬᠦᠯᠬᠦ ᠬᠤᠰᠢᠭᠤ ᠰᠢᠶᠠᠨ ᠢ ᠡᠭᠦᠳᠦᠨ ᠪᠠᠶᠢᠭᠤᠯᠤᠨ᠎ᠠ᠃ | ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠳᠠ ᠶᠢ ᠴᠢᠩᠭᠠᠳᠬᠠᠨ᠎ᠠ᠃ ᠤᠯᠤᠰ ᠤᠨ ᠰᠢᠨ᠎ᠡ ᠨᠢᠭᠡ | ᠡᠭᠡᠯᠵᠢ ᠶᠢᠨ ᠨᠤᠲᠤᠭ ᠪᠡᠯᠴᠢᠬᠡᠷ ᠤᠨ ᠠᠮᠢ ᠠᠬᠤᠢ ᠶᠢ ᠬᠠᠮᠠᠭᠠᠯᠠᠬᠤ ᠨᠦᠬᠦᠪᠦᠷᠢ ᠱᠠᠩᠨᠠᠯ ᠤᠨ ᠲᠥᠷᠦ ᠶᠢᠨ | ᠪᠣᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠪᠠᠶᠢᠭᠠᠯᠢᠯᠢᠭ ᠨᠤᠲᠤᠭ ᠪᠡᠯᠴᠢᠭᠡᠷ ᠤᠨ ᠰᠢᠨ᠎ᠡ ᠨᠢᠭᠡ | ᠡᠭᠡᠯᠵᠢ ᠶᠢᠨ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠶᠢ ᠬᠢᠨᠠᠨ ᠳᠤᠭᠳᠠᠭᠠᠬᠤ ᠪᠠᠷᠢᠮᠵᠢᠶ᠎ᠠ ᠶᠢ ᠰᠠᠶᠢᠳᠤᠷ | ᠭᠡᠷᠡᠭᠵᠢᠭᠦᠯᠦᠨ᠎ᠠ᠃ ᠤᠯᠤᠰ ᠤᠨ ᠠᠮᠢ ᠠᠬᠤᠢ ᠶᠢᠨ ᠴᠢᠳᠠᠪᠬᠢ ᠶᠢᠨ ᠤᠷᠤᠨ ᠤ ᠲᠦᠷᠦ ᠶᠢᠨ ᠪᠤᠳᠤᠯᠭ᠎ᠠ ᠶᠢ ᠴᠢᠩᠭ᠎ᠠ | ᠭᠡᠷᠡᠭᠵᠢᠭᠦᠯᠦᠨ᠂ ᠨᠤᠳᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠠᠵᠢᠯ ᠲᠤᠮᠳᠠᠬᠢ ᠮᠠᠯᠴᠢᠨ ᠳᠦᠮᠡᠨ ᠤ | ᠭᠤᠣᠯ ᠴᠤᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠦ᠂ ᠨᠤᠲᠤᠭ ᠪᠡᠯᠴᠢᠭᠡᠷ ᠢ ᠨᠢ ᠦᠨᠳᠦᠰᠦᠯᠡᠨ ᠮᠠᠯ ᠤᠨ | ᠲᠤᠭ᠎ᠠ ᠲᠤᠯᠤᠭᠠᠢ ᠶᠢ ᠳᠤᠭᠳᠠᠭᠠᠬᠤ ᠶᠢ ᠪᠠᠷᠢᠮᠳᠠᠯᠠᠨ᠂ ᠪᠡᠯᠴᠢᠭᠡᠷᠯᠡᠬᠦᠯᠬᠦ ᠶᠢ ᠵᠤᠭᠰᠤᠭᠠᠬᠤ᠂ ᠰᠡᠯᠬᠦᠨ ᠮᠠᠯᠵᠢᠬᠤ ᠪᠠ | ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠪᠡᠯᠴᠢᠭᠡᠷᠯᠡᠬᠦᠯᠬᠦ ᠶᠢ | ᠵᠤᠭᠰᠤᠭᠠᠬᠤ ᠤᠷᠤᠨ ᠳᠤ ︽ᠤᠬᠳᠤ ᠪᠡᠯᠴᠢᠭᠡᠷᠯᠡᠬᠦᠯᠵᠦ ᠪᠣᠯᠬᠤ ᠦᠭᠡᠢ︾᠂ ᠮᠠᠯ ᠪᠡᠯᠴᠢᠭᠡᠷ ᠤᠨ ᠲᠡᠩᠴᠡᠭᠦᠷᠢ ᠶᠢ | ᠪᠠᠳᠤᠯᠠᠬᠤ ᠤᠷᠤᠨ ᠳᠤ ︽ᠳᠠᠭᠠᠭᠠᠴᠠ ᠠᠴᠠ ᠬᠡᠳᠦᠷᠡᠬᠦᠯᠬᠦ ᠦᠭᠡᠢ︾ ᠪᠠᠶᠢᠬᠤ ᠶᠢ ᠪᠠᠳᠤᠯᠠᠨ᠎ᠠ᠃ ᠨᠤᠲᠤᠭ ᠪᠡᠯᠴᠢᠭᠡᠷ | ᠢ ᠲᠠᠭᠠᠭᠠᠴᠢᠯᠠᠨ ᠡᠵᠡᠩᠨᠡᠭᠦ ᠡᠷᠬᠡ ᠶᠢ ᠳᠤᠳᠤᠷᠬᠠᠶᠢᠯᠠᠨ ᠲᠠᠩᠰᠠᠯᠠᠬᠤ ᠠᠵᠢᠯ ᠢ ᠪᠦᠬᠦ ᠲᠠᠯ᠎ᠠ ᠪᠠᠷ ᠪᠡᠶᠡᠯᠡᠬᠦᠯᠵᠦ᠂ | ᠦᠷᠭᠡᠨ ᠤᠯᠠᠨ ᠮᠠᠯᠴᠢᠳ ᠲᠤ ᠤᠷᠳᠤ ᠬᠤᠭᠤᠴᠠᠭᠠᠨ ᠤ ᠳᠤᠭᠳᠠᠪᠤᠷᠢᠳᠠᠢ ᠨᠤᠲᠤᠭ ᠪᠡᠯᠴᠢᠭᠡᠷ ᠢ ᠳᠠᠭᠠᠭᠠᠴᠢᠯᠠᠨ | ᠡᠵᠡᠩᠨᠡᠬᠦ ᠡᠷᠬᠡ ᠶᠢ ᠬᠠᠤᠯᠢ ᠶᠤᠰᠤᠭᠠᠷ ᠤᠯᠭᠤᠨ᠎ᠠ᠃ ᠨᠤᠲᠤᠭ ᠪᠡᠯᠴᠢᠭᠡᠷ ᠤᠨ ︽ᠭᠤᠷᠪᠠᠨ ᠡᠷᠬᠡ︾ ᠶᠢ ᠰᠠᠯᠭᠠᠬᠤ | ᠲᠦᠷᠢᠮ ᠢ ᠠᠬᠢᠭᠤᠯᠵᠦ᠂ ᠬᠠᠮᠳᠤ ᠨᠡᠶᠢᠳᠠ ᠶᠢᠨ ᠦᠮᠴᠢᠯᠠᠯ ᠤᠨ ᠡᠷᠬᠡ ᠶᠢ ᠨᠠᠶᠢᠳᠠᠪᠤᠷᠢᠵᠢᠭᠤᠯᠤᠨ᠂ ᠮᠠᠯᠵᠢᠬᠤ | ᠡᠷᠦᠬᠡ ᠶᠢᠨ ᠳᠠᠭᠠᠭᠠᠴᠢᠯᠠᠬᠤ ᠡᠷᠬᠡ ᠶᠢ ᠳᠤᠭᠳᠠᠪᠤᠷᠢᠵᠢᠭᠤᠯᠵᠦ᠂ ᠨᠤᠲᠤᠭ ᠪᠡᠯᠴᠢᠭᠡᠷ ᠢ ᠡᠵᠡᠩᠨᠡᠭᠦ ᠡᠷᠬᠡ ᠶᠢ | ᠠᠮᠢᠳᠤᠯᠢᠭ ᠢᠶᠠᠷ ᠭᠡᠷᠡᠭᠵᠢᠭᠦᠯᠦᠨ᠎ᠠ᠃ ︽ᠪᠠᠷᠠᠭᠤᠨ ᠦᠵᠦᠮᠦᠴᠢᠨ ᠬᠤᠰᠢᠭᠤᠨ ᠤ ᠨᠤᠲᠤᠭ ᠪᠡᠯᠴᠢᠭᠡᠷ ᠢ | ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠬᠦᠯᠦᠨ ᠥᠭᠬᠦ ᠳᠤ ᠲᠦᠷ ᠬᠡᠷᠡᠭᠵᠢᠬᠦᠯᠬᠦ ᠬᠠᠮᠢᠶᠠᠷᠤᠯᠳᠠ ᠶᠢᠨ ᠠᠷᠭ᠎ᠠ︾ | ᠶᠢ ᠲᠤᠭᠳᠠᠭᠠᠵᠤ᠂ ᠨᠤᠲᠤᠭ ᠪᠡᠯᠴᠢᠭᠡᠷ ᠤᠨ ᠡᠵᠡᠩᠨᠡᠯᠳᠡ ᠶᠢᠨ ᠡᠷᠬᠡ ᠶᠢ ᠰᠢᠯᠵᠢᠭᠦᠯᠭᠦ ᠳᠤ ᠭᠤᠷᠪᠠᠨ ᠱᠠᠳᠤ ᠪᠠᠷ | ᠬᠢᠨᠠᠬᠤ ᠲᠠᠪᠴᠠᠩ ᠢ ᠳᠡᠭᠦᠯᠳᠡᠷᠵᠢᠭᠦᠯᠦᠨ᠂ ᠨᠤᠲᠤᠭ ᠪᠡᠯᠴᠢᠭᠡᠷ ᠢ ᠰᠢᠯᠵᠢᠬᠦᠯᠦᠨ ᠥᠭᠬᠦ ᠠᠵᠢᠯᠯᠠᠭ᠎ᠠ ᠶᠢ | ᠳᠦᠷᠢᠮᠵᠢᠬᠦᠯᠵᠦ᠂ ᠭᠠᠴᠠᠭ᠎ᠠ ᠱᠠᠳᠤᠨ ᠤ ᠠᠷᠠᠳᠴᠢᠯᠠᠯᠳᠤ ᠦᠪᠡᠷᠳᠡᠭᠡᠨ ᠵᠠᠰᠠᠬᠤ ᠦᠢᠯᠡᠳᠦᠯ ᠢ ᠪᠠᠳᠠᠷᠠᠭᠤᠯᠤᠨ᠎ᠠ᠃ | ᠬᠠᠤᠯᠢ ᠪᠤᠰᠤ ᠪᠠᠷ ᠨᠤᠲᠤᠭ ᠪᠡᠯᠴᠢᠭᠡᠷ ᠢ ᠰᠢᠯᠵᠢᠬᠦᠯᠦᠨ ᠥᠭᠬᠦ᠂ ᠠᠷᠠᠯᠵᠢᠶᠠᠨ ᠤ ᠴᠢᠨᠠᠷᠳᠠᠢ ᠡᠪᠡᠰᠤ ᠬᠠᠳᠤᠬᠤ᠂ | ᠭᠠᠳᠠᠨᠠᠬᠢ ᠮᠠᠯ ᠢ ᠤᠷᠤᠭᠤᠯᠤᠨ ᠪᠡᠯᠴᠢᠭᠡᠷ ᠤᠨ ᠳᠠᠭᠠᠭᠠᠴᠠ ᠠᠴᠠ ᠭᠡᠳᠦᠷᠡᠳᠡᠯ᠎ᠡ ᠮᠠᠯᠵᠢᠬᠤ ᠪᠠ ᠳᠤᠷ᠎ᠠ ᠪᠠᠷ ᠢᠶᠠᠨ | ᠤᠬᠤᠵᠦ ᠮᠠᠯᠳᠠᠬᠤ ᠵᠡᠷᠭᠡ ᠡᠪᠳᠡᠯᠭᠡ ᠶᠢᠨ ᠴᠢᠨᠠᠷᠳᠠᠢ ᠡᠵᠡᠩᠨᠡᠯᠳᠡ ᠶᠢᠨ ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ | ᠴᠤᠬᠢᠯᠳᠠ ᠥᠭᠭᠦᠨ᠎ᠡ᠃ ᠠᠮᠢ ᠠᠬᠤᠢ ᠶᠢᠨ ᠬᠠᠮᠠᠭᠠᠯᠠᠯᠳᠠ ᠶᠢᠨ ᠰᠡᠷᠡᠮᠵᠢ ᠶᠢᠨ ᠱᠤᠭᠤᠮ ᠤᠨ ᠬᠠᠮᠢᠶᠠᠷᠤᠯᠳᠠ ᠶᠢᠨ | ᠠᠷᠭ᠎ᠠ ᠶᠢ ᠳᠤᠭᠳᠠᠭᠠᠵᠦ᠂ ᠨᠤᠲᠤᠭ ᠪᠡᠯᠴᠢᠭᠡᠷ ᠢ ᠲᠠᠳᠠᠪᠤᠷᠢᠯᠠᠨ ᠬᠡᠷᠡᠭᠯᠡᠬᠦ ᠶᠢ ᠬᠢᠨᠠᠨ ᠵᠦᠪᠰᠢᠶᠡᠷᠡᠭᠦᠯᠭᠦ ᠬᠠᠮᠤᠭ | ᠴᠢᠩᠭ᠎ᠠ ᠠᠯᠬᠤᠮ ᠲᠠᠷᠠᠭᠠᠯᠠᠯ ᠢ ᠨᠠᠶᠢᠳᠠᠪᠤᠷᠢᠵᠢᠭᠤᠯᠤᠨ᠂ ᠲᠠᠯ᠎ᠠ ᠨᠤᠲᠤᠭ ᠤᠨ ᠠᠮᠢ ᠠᠬᠤᠢ ᠶᠢᠨ ᠪᠠᠶᠢᠭᠤᠯᠤᠯᠳᠠ ᠪᠠ | ᠬᠠᠮᠠᠭᠠᠯᠠᠯᠳᠠ ᠶᠢ ᠠᠯᠬᠤᠮ ᠠᠯᠬᠤᠮ ᠢᠶᠠᠷ ᠳᠦᠷᠢᠮᠵᠢᠭᠰᠡᠨ᠂ ᠬᠠᠤᠯᠢᠵᠢᠭᠰᠠᠨ ᠵᠠᠮ ᠢᠶᠠᠷ ᠵᠠᠮᠨᠠᠬᠤ ᠶᠢ ᠳᠦᠯᠬᠢᠨ | ᠠᠬᠢᠭᠤᠯᠤᠨ᠎ᠠ᠃ ᠦᠵᠦᠮᠦᠴᠢᠨ ᠤ ᠡᠯᠡᠰᠦᠷᠭᠡᠭ ᠭᠠᠵᠠᠷ ᠢ ᠲᠤᠰᠬᠠᠢ ᠵᠠᠰᠠᠬᠤ ᠲᠦᠷᠦᠯ ᠵᠤᠶᠢᠯ ᠢ ᠭᠡᠷᠡᠭᠵᠢᠭᠦᠯᠵᠤ᠂ | PPP ᠳᠦᠷᠦᠯ ᠵᠦᠢᠯ ᠤᠨ ᠵᠠᠭᠪᠤᠷ ᠢᠶᠠᠷ 8 ᠳᠦᠮᠡᠨ ᠮᠦ ᠡᠯᠡᠰᠦᠷᠭᠡᠭᠵᠢᠭᠰᠡᠨ ᠭᠠᠵᠠᠷ ᠢ ᠵᠠᠰᠠᠬᠤ ᠪᠠᠷ | ᠳᠦᠯᠦᠪᠯᠡᠵᠦ ᠪᠠᠶᠢᠨ᠎ᠠ᠃ ᠭᠦᠷᠦᠭᠡᠰᠦᠳᠡᠢ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠢ | ᠬᠠᠮᠢᠶᠠᠷᠬᠤ ᠪᠠᠶᠢᠭᠤᠯᠤᠮᠵᠢ ᠪᠠᠨ ᠤᠯᠠᠮ ᠨᠢᠭᠡ ᠠᠯᠬᠤᠮ ᠳᠡᠭᠦᠯᠳᠡᠷᠵᠢᠭᠦᠯᠵᠦ᠂ ᠠᠮᠢ ᠠᠬᠤᠢ ᠶᠢ ᠬᠠᠮᠠᠭᠠᠯᠠᠬᠤ ᠬᠠᠮᠤᠭ | ᠴᠢᠩᠭ᠎ᠠ ᠳᠦᠷᠦ ᠶᠢᠨ ᠪᠤᠳᠤᠯᠭ᠎ᠠ ᠶᠢ ᠬᠡᠷᠡᠭᠵᠢᠬᠦᠯᠦᠨ᠂ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠬᠤ | ᠠᠵᠢᠯ ᠤᠨ ᠦᠷ᠎ᠡ ᠪᠦᠳᠦᠮᠵᠢ ᠶᠢ ᠳᠠᠰᠤᠷᠠᠯᠳᠠ ᠦᠭᠡᠢ ᠦᠷᠭᠡᠳᠭᠡᠵᠤ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ | ᠲᠤᠳᠤᠷᠠᠬᠢ ᠬᠠᠮᠳᠤ ᠶᠢᠨ ᠨᠤᠳᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠨᠦᠭᠦᠪᠤᠷᠢ ᠶᠢᠨ ᠲᠤᠭᠳᠠᠴᠠ ᠶᠢ | ᠪᠠᠶᠢᠭᠤᠯᠤᠨ᠂ ᠪᠦᠬᠦ ᠬᠤᠰᠢᠭᠤᠨ ᠤ ᠭᠤᠣᠯ ᠤᠰᠤᠨ ᠤ ᠡᠬᠢ ᠲᠠᠭᠠᠤ ᠤᠢ ᠰᠢᠭᠤᠢ ᠶᠢ ᠬᠠᠮᠠᠭᠠᠯᠠᠬᠤ ᠡᠷᠴᠢᠮ ᠢᠶᠠᠨ | ᠤᠯᠠᠮ ᠨᠢᠭᠡ ᠠᠯᠬᠤᠮ ᠴᠢᠩᠭᠠᠳᠬᠠᠨ᠎ᠠ᠃ ᠠᠮᠢ ᠠᠬᠤᠢ ᠶᠢᠨ ᠤᠷᠴᠢᠨ ᠳᠤᠭᠤᠷᠢᠨ ᠢ ᠶᠡᠷᠤᠩᠭᠡᠶᠢᠯᠡᠨ ᠴᠡᠭᠴᠡᠯᠡᠨ | ᠵᠠᠰᠠᠬᠤ ᠡᠷᠴᠢᠮ ᠢᠶᠠᠨ ᠴᠢᠩᠭᠠᠳᠬᠠᠨ᠎ᠠ᠃ ᠡᠬᠢ ᠪᠠᠶᠠᠯᠢᠭ ᠤᠨ ᠤᠷᠴᠢᠨ ᠳᠤᠭᠤᠷᠢᠨ ᠤ ᠬᠢᠵᠠᠭᠠᠷᠯᠠᠯ ᠪᠠ ᠤᠷᠴᠢᠨ | ᠳᠤᠭᠤᠷᠢᠨ ᠤ ᠳᠠᠭᠠᠭᠠᠴᠠ ᠶᠢᠨ ᠴᠢᠳᠠᠪᠤᠷᠢ ᠶᠢ ᠨᠡᠩ ᠴᠢᠬᠤᠯᠠᠴᠢᠯᠠᠵᠦ᠂ ᠰᠢᠨ᠎ᠡ ᠡᠬᠢ ᠪᠠᠶᠠᠯᠢᠭᠤᠨ ᠬᠡᠯᠪᠡᠷᠢ ᠶᠢᠨ | ᠳᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠴᠢᠩᠭ᠎ᠠ ᠡᠵᠡᠮᠳᠡᠨ᠂ ᠬᠦᠮᠦᠨ ᠪᠠ ᠪᠠᠶᠢᠭᠠᠯᠢ ᠤᠷᠴᠢᠨ ᠤ ᠡᠶ᠎ᠡ | ᠵᠤᠬᠢᠴᠠᠩᠭᠤᠢ ᠬᠠᠮᠳᠤᠪᠠᠷ ᠤᠷᠤᠰᠢᠬᠤ ᠶᠢ ᠪᠠᠷᠢᠮᠳᠠᠯᠠᠨ᠎ᠠ᠃ ᠠᠮᠢ ᠠᠬᠤᠢ ᠶᠢᠨ ᠤᠷᠴᠢᠨ ᠳᠤᠭᠤᠷᠢᠨ ᠢ ᠬᠢᠨᠠᠨ | ᠬᠠᠮᠢᠶᠠᠷᠬᠤ ᠡᠷᠴᠢᠮ ᠢᠶᠠᠨ ᠴᠢᠩᠭᠠᠳᠬᠠᠵᠦ᠂ ᠠᠮᠢ ᠠᠬᠤᠢ ᠶᠢᠨ ᠤᠷᠴᠢᠨ ᠳᠤᠭᠤᠷᠢᠨ ᠪᠠ ᠤᠰᠤᠨ ᠤ ᠡᠬᠢ | ᠪᠠᠶᠠᠯᠢᠭ ᠢ ᠬᠠᠮᠢᠶᠠᠷᠬᠤ ᠬᠠᠮᠤᠭ ᠴᠢᠩᠭ᠎ᠠ ᠳᠦᠷᠢᠮ ᠢ ᠬᠡᠷᠡᠭᠵᠢᠬᠦᠯᠦᠨ᠂ ︽ᠭᠤᠷᠪᠠᠨ ᠬᠤᠷᠢᠭ᠎ᠠ ᠱᠤᠭᠤᠮ︾ | ᠂ ︽ᠭᠤᠷᠪᠠᠨ ᠵᠡᠷᠭᠡᠪᠡᠷ︾ ᠳᠦᠷᠢᠮ ᠪᠠ ︽ᠳᠦᠷᠪᠡᠨ ᠢᠵᠢ ᠪᠦᠷᠢᠳᠦᠭᠰᠡᠨ ᠬᠠᠮᠢᠶᠠᠷᠤᠯᠳᠠ ᠶᠢᠨ ᠠᠷᠭ᠎ᠠ︾ ᠶᠢ | ᠡᠷᠡᠰ ᠭᠡᠷᠡᠭᠵᠢᠭᠦᠯᠦᠨ᠎ᠠ᠃ ᠬᠦᠷᠦᠰᠤ ᠰᠢᠷᠤᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠨ᠂ | ᠲᠠᠷᠢᠶᠠᠯᠠᠩ ᠮᠠᠯ ᠠᠵᠤ ᠠᠬᠤᠢ ᠶᠢᠨ ᠲᠠᠯ᠎ᠠ ᠳᠠᠬᠢ ᠪᠤᠬᠢᠷᠳᠤᠯ ᠤᠨ ᠭᠠᠳᠠᠭᠰᠢᠯᠠᠭᠤᠯᠤᠯᠳᠠ ᠶᠢ ᠭᠦᠴᠦᠯᠠᠨ ᠠᠬᠢᠭᠤᠯᠵᠤ | ᠂ ᠲᠡᠵᠢᠭᠡᠨ ᠦᠷᠡᠵᠢᠭᠦᠯᠭᠦ ᠲᠠᠯᠠᠪᠠᠢ ᠶᠢᠨ ᠬᠠᠶᠠᠭᠳᠠᠮᠠᠯ ᠪᠣᠳᠠᠰ ᠢ ᠪᠤᠬᠢᠷᠳᠤᠯ ᠦᠭᠡᠢ ᠰᠢᠢᠳᠪᠤᠷᠢᠯᠡᠭᠦ ᠶᠢᠨ ᠬᠠᠮᠳᠤ | ᠲᠠᠬᠢᠨ ᠠᠰᠢᠭᠯᠠᠨ᠎ᠠ᠃ ᠤᠷᠴᠢᠨ ᠳᠤᠭᠤᠷᠢᠨ ᠤ ᠬᠠᠤᠯᠢ ᠬᠡᠷᠡᠭᠵᠢᠬᠦᠯᠬᠦ ᠠᠵᠢᠯ ᠤᠨ ᠡᠷᠴᠢᠮ ᠢᠶᠠᠨ ᠴᠢᠩᠭᠠᠳᠬᠠᠵᠦ᠂ | ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠪᠠ ᠠᠭᠠᠷ ᠮᠠᠨᠳᠠᠯ ᠢ ᠶᠡᠷᠤᠩᠭᠡᠶᠢᠯᠡᠨ ᠵᠠᠰᠠᠬᠤ ᠶᠢ ᠦᠷᠭᠦᠯᠵᠢᠯᠡᠨ | ᠠᠬᠢᠭᠤᠯᠵᠦ᠂ ᠢᠨᠵᠧᠨᠧᠷᠢᠩ ᠪᠠ ᠮᠡᠷᠭᠡᠵᠢᠯ ᠤᠨ ᠠᠷᠭ᠎ᠠ ᠠᠪᠴᠠᠯ ᠢᠶᠠᠷ ᠤᠰᠤ᠂ ᠠᠭᠠᠷ ᠮᠠᠨᠳᠠᠯ ᠤᠨ ᠪᠤᠬᠢᠷᠳᠤᠯ ᠤᠨ | ᠪᠤᠳᠠᠰ ᠢ ᠲᠤᠭᠳᠠᠭᠤᠨ ᠢᠶᠠᠷ ᠭᠠᠳᠠᠭᠰᠢᠯᠠᠭᠤᠯᠤᠯᠳᠠ ᠶᠢᠨ ᠪᠠᠷᠢᠮᠵᠢᠶᠠᠨ ᠳᠤ ᠬᠦᠷᠭᠡᠨ᠎ᠡ᠃ ᠪᠠᠶᠢᠭᠤᠯᠤᠮᠵᠢ ᠶᠢᠨ | ᠦᠭᠡᠷᠡᠴᠢᠯᠡᠯᠳᠡ ᠶᠢ ᠰᠢᠨᠡᠴᠢᠯᠡᠭᠦ ᠶᠢ ᠳᠠᠭᠠᠯᠳᠤᠨ᠂ ᠪᠤᠬᠢᠷᠳᠤᠯ ᠢ ᠭᠠᠳᠠᠭᠰᠢᠯᠠᠭᠤᠯᠬᠤ ᠵᠦᠪᠰᠢᠶᠡᠷᠡᠯ ᠪᠠ ︽ᠵᠠᠰᠠᠭ | ᠵᠠᠬᠢᠷᠭᠠᠨ ᠤ ᠭᠡᠰᠡᠭ ᠰᠤᠶᠢᠳᠭᠡᠯ ᠢ ᠭᠠᠶᠢᠯᠢ ᠪᠤᠯᠭᠠᠨ ᠦᠭᠡᠷᠡᠴᠢᠯᠡᠬᠦ︾ ᠳᠦᠷᠢᠮ ᠢ ᠤᠶᠠᠯᠳᠤᠭᠤᠯᠬᠤ ᠠᠵᠢᠯ ᠢ | ᠰᠠᠶᠢᠳᠤᠷ ᠬᠢᠨ᠎ᠡ᠃ ᠲᠠᠯ᠎ᠠ ᠨᠤᠲᠤᠭ ᠤᠨ ᠠᠮᠢ ᠠᠬᠤᠢ ᠶᠢᠨ ᠬᠢᠨᠠᠨ ᠬᠡᠮᠵᠢᠬᠦ ᠤᠷᠢᠳᠴᠢᠯᠡᠨ ᠰᠡᠷᠡᠮᠵᠢᠯᠡᠬᠦᠯᠬᠦ | ᠰᠢᠰᠲ᠋ᠧᠮ ᠢ ᠪᠠᠶᠢᠭᠤᠯᠤᠨ ᠳᠡᠭᠦᠯᠳᠡᠷᠵᠢᠬᠦᠯᠵᠦ᠂ ᠤᠳᠤᠷᠢᠳᠬᠤ ᠺᠠᠳ᠋ᠷ ᠤᠨ ᠳᠤᠰᠢᠶᠠᠯ ᠡᠭᠦᠷᠭᠡᠯᠡᠬᠦ ᠬᠤᠭᠤᠴᠠᠭᠠᠨ | ᠳᠠᠬᠢ ᠠᠮᠢ ᠠᠬᠤᠢ ᠶᠢᠨ ᠪᠤᠯᠪᠠᠰᠣᠨ ᠤ ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠳᠦᠷᠢᠮ᠂ ᠡᠭᠦᠷᠬᠡ | ᠳᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠬᠢᠨᠠᠨ ᠪᠤᠳᠤᠯᠲᠠ ᠪᠠ | ᠠᠮᠢ ᠠᠬᠤᠢ ᠶᠢᠨ ᠬᠤᠬᠢᠷᠠᠯ ᠤᠨ ᠬᠠᠷᠢᠭᠤᠴᠠᠯᠭ᠎ᠠ ᠶᠢ ᠨᠠᠰᠤᠨ ᠲᠤᠷᠰᠢ ᠨᠡᠬᠡᠮᠵᠢᠯᠡᠬᠦ ᠳᠦᠷᠢᠮ ᠢ ᠨᠠᠶᠢᠳᠠᠪᠤᠷᠢᠵᠢᠭᠤᠯᠤᠨ | ᠂ ᠲᠠᠯ᠎ᠠ ᠨᠤᠲᠤᠭ ᠤᠨ ᠠᠮᠢ ᠠᠬᠤᠢ ᠶᠢ ᠦᠨᠡᠨᠬᠦ ᠬᠠᠮᠠᠭᠠᠯᠠᠨ᠎ᠠ᠃ | ︵ᠵᠢᠷᠭᠤᠭ᠎ᠠ︶ ᠰᠠᠭᠤᠷᠢ ᠳᠦᠬᠦᠭᠡᠷᠦᠮᠵᠢ ᠶᠢᠨ ᠪᠠᠶᠢᠭᠤᠯᠤᠯᠳᠠ ᠪᠠᠨ ᠴᠢᠩᠭᠠᠳᠬᠠᠵᠦ᠂ ᠬᠦᠭᠵᠢᠯᠳᠡ ᠶᠢ | ᠳᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠬᠦᠯᠦᠨ᠎ᠡ᠃ ᠨᠢᠭᠡᠳᠦᠯᠳᠡᠢ ᠳᠦᠯᠦᠪᠵᠢᠬᠦᠯᠦᠭᠰᠡᠨ᠂ ᠠᠯᠤᠰ ᠭᠡᠳᠤ ᠳᠤ | ᠳᠤᠬᠢᠷᠠᠭᠰᠠᠨ᠂ ᠪᠠᠶᠢᠷᠢᠯᠠᠭᠤᠯᠤᠯᠲᠠ ᠨᠢ ᠵᠦᠢ ᠵᠤᠬᠢᠰᠳᠠᠢ᠂ ᠳᠤᠤᠷ ᠰᠦᠯᠵᠢᠶ᠎ᠡ ᠨᠢ ᠳᠡᠭᠦᠯᠳᠡᠷ᠂ ᠶᠠᠰᠦ ᠴᠢᠨᠠᠷ ᠰᠠᠶᠢᠨ | ᠪᠠᠶᠢᠬᠤ ᠵᠠᠷᠴᠢᠮ ᠶᠤᠰᠤᠭᠠᠷ᠂ ᠬᠤᠳᠠ ᠬᠦᠳᠡᠭᠡ ᠶᠢᠨ ᠰᠠᠭᠤᠷᠢ ᠳᠦᠬᠦᠭᠡᠷᠦᠮᠵᠢ ᠶᠢᠨ ᠳᠤᠳᠠᠭᠳᠠᠯ ᠢᠶᠠᠨ ᠳᠦᠷᠭᠡᠨ | ᠨᠦᠬᠦᠪᠦᠷᠢᠯᠡᠨ᠎ᠡ᠃ ᠬᠤᠲᠠ ᠪᠠᠯᠭᠠᠰᠤᠨ ᠤ ᠪᠠᠶᠢᠭᠤᠯᠤᠯᠳᠠ ᠶᠢᠨ ᠲᠠᠯ᠎ᠠ ᠪᠠᠷ᠂ ᠨᠢᠭᠡᠳᠦᠯᠳᠡᠢ ᠳᠦᠯᠦᠪᠵᠢᠬᠦᠯᠬᠦ ᠶᠢ | ᠪᠠᠷᠢᠮᠳᠠᠯᠠᠵᠦ᠂ ᠬᠤᠳᠠ ᠬᠦᠳᠡᠭᠡ ᠶᠢᠨ ᠰᠠᠭᠤᠷᠢ ᠳᠦᠬᠦᠭᠡᠷᠦᠮᠵᠢ ᠶᠢ ᠨᠢᠭᠡ ᠴᠤᠭᠴᠠᠵᠢᠭᠤᠯᠤᠭᠰᠠᠨ ᠪᠠᠶᠢᠭᠤᠯᠤᠯᠳᠠ ᠶᠢ | ᠳᠦᠷᠭᠡᠳᠬᠡᠨ ᠠᠬᠢᠭᠤᠯᠤᠨ᠎ᠠ᠃ ᠪᠠᠯᠭᠠᠷᠭᠤᠤᠯ ᠪᠠᠯᠭᠠᠰᠤ ᠶᠢ ᠤᠯᠤᠰ ᠤᠨ ᠳᠡᠰ ᠤᠨ ᠪᠤᠯᠪᠠᠰᠤᠨ ᠬᠤᠰᠢᠭᠤ᠂ ᠤᠯᠤᠰ | ᠤᠨ ᠲᠡᠰ ᠤᠨ ᠴᠡᠴᠡᠷᠯᠢᠭᠲᠦ ᠬᠤᠰᠢᠭᠤ ᠪᠤᠯᠭᠠᠨ ᠡᠭᠦᠳᠦᠨ ᠪᠠᠶᠢᠭᠤᠯᠬᠤ ᠪᠠᠷ ᠬᠠᠷᠠᠯᠲᠠ ᠪᠤᠯᠭᠠᠨ᠂ ᠠᠮᠢ ᠠᠬᠤᠢ ᠶᠢᠨ | ᠴᠢᠳᠠᠪᠬᠢᠳᠤ ᠰᠡᠯᠡᠬᠦᠴᠨᠨ ᠳᠤᠭᠤᠷᠢᠬᠤ ᠦᠵᠡᠮᠵᠢ ᠶᠢᠨ ᠤᠷᠤᠨ ᠢ ᠪᠠᠶᠢᠭᠤᠯᠵᠤ᠂ ᠬᠤᠳᠠ ᠶᠢᠨ ᠲᠦᠷᠢ ᠲᠦᠷᠭᠦ | ᠪᠤᠯᠤᠨ ᠤᠷᠤᠰᠢᠨ ᠰᠠᠭᠤᠷᠢᠰᠢᠬᠤ ᠬᠢᠷᠢ ᠲᠦᠪᠰᠢᠨ ᠢ ᠲᠡᠭᠡᠭᠰᠢᠯᠡᠭᠦᠯᠦᠨ᠎ᠠ᠃ ︽ᠤᠶᠤᠨᠴᠢ ᠮᠠᠯᠵᠢᠬᠤ ᠤᠷᠤᠨ ︵ | ᠬᠤᠳᠠ︶︾ ᠤ ᠢᠨᠵᠧᠨᠧᠷᠢᠩ ᠢ ᠭᠡᠷᠡᠭᠵᠢᠭᠦᠯᠵᠤ᠂ ᠤᠰᠤ᠂ ᠵᠠᠮ᠂ ᠰᠢᠳᠠᠮᠠᠬᠠᠢ ᠬᠡᠢ᠂ ᠳᠤᠯᠠᠭᠠᠯᠭ᠎ᠠ ᠶᠢᠨ ᠬᠤᠭᠤᠯᠠᠢ | ᠪᠠᠷ ᠭᠤᠤᠯᠳᠠᠯᠭ᠎ᠠ ᠪᠤᠯᠭᠠᠭᠰᠠᠨ ᠬᠤᠳᠠ ᠶᠢᠨ ᠰᠠᠭᠤᠷᠢ ᠳᠦᠬᠦᠭᠡᠷᠦᠮᠵᠢ ᠶᠢᠨ ᠪᠠᠶᠢᠭᠤᠯᠤᠯᠳᠠ ᠶᠢ ᠠᠬᠢᠭᠤᠯᠵᠦ᠂ ᠬᠤᠭ | ᠨᠤᠪᠰᠢ ᠶᠢ ᠳᠦᠷᠦᠯ ᠬᠤᠪᠢᠶᠠᠨ ᠰᠢᠢᠳᠪᠤᠷᠢᠯᠡᠬᠦ ᠪᠠ ᠪᠤᠬᠢᠷ ᠤᠰᠤ ᠶᠢ ᠬᠤᠷᠢᠶᠠᠨ ᠠᠰᠢᠭᠯᠠᠬᠤ ᠶᠢ ᠪᠡᠶᠡᠯᠡᠬᠦᠯᠦᠨ᠂ | ᠬᠤᠳᠠ ᠪᠠᠯᠭᠠᠰᠤᠨ ᠤ ᠳᠦᠬᠦᠮ ᠪᠦᠳᠦᠴᠡᠳᠤ ᠳᠤᠭᠤᠷᠢᠭ ᠢ ᠦᠭᠡᠷᠡᠴᠢᠯᠡᠨ ᠰᠠᠶᠢᠵᠢᠷᠠᠭᠤᠯᠬᠤ ᠳᠦᠷᠦᠯ ᠵᠦᠢᠯ ᠢ | ᠰᠠᠶᠢᠳᠤᠷ ᠬᠡᠷᠡᠭᠵᠢᠬᠦᠯᠦᠨ᠎ᠡ᠃ ᠪᠠᠶᠠᠨᠬᠤᠸᠠ ᠪᠠᠯᠭᠠᠰᠤᠨ ᠤ ᠬᠤᠳᠠ ᠪᠠᠯᠭᠠᠰᠤᠨ ᠤ ᠶᠡᠷᠤᠩᠬᠡᠢ ᠳᠦᠯᠦᠪᠵᠢᠭᠦᠯᠭᠡ ᠪᠠ | ᠡᠵᠡᠮᠰᠢᠯ ᠤᠨ ᠴᠢᠨᠠᠷᠳᠠᠢ ᠨᠠᠷᠢᠯᠢᠭ ᠳᠦᠯᠦᠪᠵᠢᠬᠦᠯᠭᠡ ᠶᠢ ᠴᠢᠩᠭ᠎ᠠ ᠨᠠᠶᠢᠳᠠᠪᠤᠷᠢᠵᠢᠭᠤᠯᠵᠦ᠂ ᠬᠤᠳᠠ ᠪᠠᠯᠭᠠᠰᠤᠨ ᠤ | ᠶᠡᠷᠤᠩᠬᠡᠶᠢᠯᠡᠭᠰᠡᠨ ᠠᠴᠢᠶᠠᠯᠠᠬᠤ ᠴᠢᠳᠠᠪᠤᠷᠢ ᠶᠢ ᠲᠡᠭᠡᠭᠰᠢᠯᠡᠭᠦᠯᠦᠨ᠂ ᠲᠤᠭᠤᠷᠢᠭ ᠤᠨ ᠠᠵᠤ ᠤᠶᠢᠯᠠᠰ ᠢ | ᠲᠦᠪᠯᠡᠷᠡᠭᠦᠯᠭᠦ ᠪᠠ ᠦᠷᠭᠡᠳᠭᠡᠭᠦ ᠳᠤ ᠢᠵᠢ ᠪᠦᠷᠢᠳᠦᠭᠰᠡᠨ ᠤᠶᠢᠯᠡᠴᠢᠯᠡᠭᠡ ᠬᠠᠩᠭᠠᠨ᠎ᠠ᠃ ᠡᠭᠦᠨ ᠤ ᠬᠠᠮᠳᠤ᠂ | ᠪᠤᠰᠤᠳ ᠰᠤᠮᠤ ᠪᠠᠯᠭᠠᠰᠤᠨ ᠤ ᠰᠠᠭᠤᠭᠠᠯᠢ ᠲᠤᠭᠤᠷᠢᠭ ᠤᠨ ᠴᠢᠳᠠᠪᠬᠢ ᠶᠢ ᠪᠠᠬᠢᠵᠢᠭᠦᠯᠦᠨ ᠲᠡᠭᠦᠯᠳᠡᠷᠵᠢᠭᠦᠯᠵᠤ᠂ | ᠤᠬᠢ ᠰᠠᠶᠢᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠡᠭᠦᠳᠦᠨ᠎ᠠ᠃ ᠮᠠᠯᠵᠢᠬᠤ ᠤᠷᠤᠨ ᠤ | ᠪᠠᠶᠢᠭᠤᠯᠤᠯᠳᠠ ᠶᠢᠨ ᠲᠠᠯ᠎ᠠ ᠪᠠᠷ᠂ ︽ᠮᠠᠯᠵᠢᠬᠤ ᠤᠷᠤᠨ᠂ ᠮᠠᠯᠴᠢᠨ᠂ ᠮᠠᠯ ᠠᠵᠤ ᠠᠬᠤᠢ︾ ᠶᠢᠨ ᠠᠰᠠᠭᠤᠳᠠᠯ ᠢ | ᠰᠠᠶᠢᠳᠤᠷ ᠰᠢᠢᠳᠪᠦᠷᠢᠯᠡᠬᠦ ᠶᠢ ᠠᠵᠢᠯ ᠤᠨ ᠭᠤᠤᠯᠳᠠᠯᠭ᠎ᠠ ᠪᠤᠯᠭᠠᠬᠤ ᠶᠢ ᠪᠠᠷᠢᠮᠳᠠᠯᠠᠵᠦ᠂ ᠬᠦᠳᠡᠭᠡ ᠳᠤᠰᠬᠤᠨ ᠢ | ᠭᠦᠭᠵᠢᠭᠦᠯᠭᠦ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠦᠨ᠂ ᠮᠠᠯᠵᠢᠬᠤ ᠤᠷᠤᠨ ᠤ ᠬᠦᠭᠵᠢᠯᠳᠡ ᠶᠢᠨ ᠳᠤᠳᠠᠭᠳᠠᠯ ᠢ | ᠨᠦᠬᠦᠪᠦᠷᠢᠯᠡᠵᠦ᠂ ᠮᠠᠯ ᠠᠵᠤ ᠠᠬᠤᠢ ᠶᠢ ᠬᠦᠴᠦᠷᠬᠡᠭ ᠠᠵᠦ ᠦᠢᠯᠡᠰ ᠪᠤᠯᠭᠠᠨ᠂ ᠮᠠᠯᠵᠢᠬᠤ ᠤᠷᠤᠨ ᠢ ᠠᠳᠠᠯ | ᠦᠢᠯᠡᠰ ᠪᠤᠰᠬᠠᠬᠤ ᠬᠦᠷᠢᠶᠡᠯᠡᠩ ᠪᠤᠯᠭᠠᠨ᠂ ᠮᠠᠯᠵᠢᠬᠤ ᠦᠢᠯᠡᠳᠪᠦᠷᠢᠯᠡᠯ ᠢ ᠲᠠᠳᠠᠬᠤ ᠬᠦᠴᠦᠨ ᠲᠠᠢ ᠠᠵᠢᠯ ᠦᠢᠯᠡᠰ | ᠪᠤᠯᠭᠠᠨ᠎ᠠ᠃ 2022 ᠤᠨ ᠪᠣᠯᠬᠤ ᠳᠤ᠂ ᠰᠤᠮᠤ ᠪᠠᠯᠭᠠᠰᠤᠨ ᠤ ᠵᠠᠮ ᠬᠠᠷᠢᠯᠴᠠᠭ᠎ᠠ᠂ ᠴᠢᠮᠡᠭᠡ ᠨᠡᠪᠳᠡᠷᠡᠭᠦᠯᠭᠡ᠂ | ᠲᠤᠤᠷ ᠰᠦᠯᠵᠢᠶ᠎ᠡ᠂ ᠴᠠᠬᠢᠯᠭᠠᠨ ᠬᠠᠩᠭᠠᠬᠤ᠂ ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ᠂ ᠪᠤᠬᠢᠷᠳᠤᠯ ᠢ | ᠵᠠᠰᠠᠬᠤ ᠵᠡᠷᠭᠡ ᠰᠠᠭᠤᠷᠢ ᠳᠦᠬᠦᠭᠡᠷᠦᠮᠵᠢ ᠶᠢ ᠨᠡᠩ ᠲᠡᠭᠦᠯᠳᠡᠷᠵᠢᠭᠦᠯᠵᠤ᠂ ᠤᠳᠤᠬᠢᠴᠢᠯᠠᠭᠰᠠᠨ ᠰᠢᠨ᠎ᠡ ᠮᠠᠯᠵᠢᠬᠤ | ᠤᠷᠤᠨ ᠢ ᠪᠠᠶᠢᠭᠤᠯᠤᠨ᠎ᠠ᠃ ᠵᠠᠰᠠᠮᠠᠯ ᠵᠠᠮ ᠤᠨ ᠲᠠᠯ᠎ᠠ ᠪᠠᠷ᠂ ᠭᠦᠳᠡᠭᠡ ᠲᠤᠰᠬᠤᠨ ᠤ ᠵᠠᠰᠠᠮᠠᠯ ᠵᠠᠮ ᠤᠨ | ᠪᠠᠶᠢᠭᠤᠯᠤᠯᠳᠠ ᠶᠢ ᠰᠠᠶᠢᠳᠤᠷ ᠠᠳᠬᠤᠵᠤ᠂ ᠪᠦᠭᠦᠶᠢᠯᠡ ᠰᠤᠮᠤ ᠪᠠᠯᠭᠠᠰᠤ ᠭᠠᠴᠠᠭ᠎ᠠ᠂ ᠭᠤᠤᠯ ᠪᠤᠯᠬᠤ ᠦᠵᠡᠮᠵᠢ ᠶᠢᠨ | ᠤᠷᠤᠨ ᠳᠤ ᠲᠤᠰᠤᠨ ︵ᠱᠤᠶᠢᠨᠢ︶ ᠵᠠᠮ ᠨᠡᠪᠳᠡᠷᠡᠭᠦ ᠶᠢ ᠪᠡᠶᠡᠯᠡᠭᠦᠯᠵᠤ᠂ ᠮᠠᠯᠵᠢᠬᠤ ᠤᠷᠤᠨ ᠤ ᠵᠠᠰᠠᠮᠠᠯ ᠵᠠᠮ ᠤᠨ | ᠪᠠᠶᠢᠭᠤᠯᠤᠯᠳᠠ᠂ ᠬᠠᠮᠠᠭᠠᠯᠠᠯᠳᠠ᠂ ᠡᠵᠡᠩᠨᠡᠯᠳᠠ ᠶᠢ ᠲᠦᠷᠢᠮᠵᠢᠭᠦᠯᠦᠨ᠎ᠠ᠃ ᠬᠤᠶᠢᠰᠢᠳᠡ ᠶᠢᠨ ᠲᠠᠪᠤᠨ ᠵᠢᠯ ᠳᠤ | ᠤᠷᠳᠤ ᠨᠢ 1630.4 ᠺᠢᠯᠤᠮᠧᠲᠷ ᠤᠨ 52 ᠵᠤᠷᠪᠤᠰ ᠵᠠᠰᠠᠮᠠᠯ ᠵᠠᠮ ᠵᠠᠰᠠᠨ᠎ᠠ᠃ ᠲᠡᠮᠦᠷ ᠵᠠᠮ ᠤᠨ ᠲᠠᠯ᠎ᠠ ᠪᠠᠷ᠂ | ᠪᠦᠬᠦ ᠬᠤᠰᠢᠭᠤᠨ ᠤ ᠲᠡᠮᠦᠷ ᠵᠠᠮ ᠤᠨ ᠪᠠᠶᠢᠭᠤᠯᠤᠯᠳᠠ ᠶᠢ ᠳᠡᠭᠦᠯᠳᠡᠷᠵᠢᠬᠦᠯᠦᠨ᠂ ︽ᠨᠢᠭᠡ ᠬᠦᠨᠳᠡᠯᠡᠨ ᠬᠤᠶᠠᠷ | ᠭᠤᠤᠯᠳᠤ︾ ᠲᠡᠮᠦᠷ ᠵᠠᠮ ᠤᠨ ᠲᠤᠤᠷ ᠢ ᠪᠦᠷᠢᠯᠳᠦᠭᠦᠯᠦᠨ᠎ᠠ᠃ 2022 ᠤᠨ ᠪᠣᠯᠬᠤ ᠳᠤ᠂ ᠪᠦᠬᠦ ᠬᠤᠰᠢᠭᠤᠨ ᠤ | ᠬᠠᠷᠢᠶᠠᠨ ᠳᠠᠬᠢ ᠲᠡᠮᠦᠷ ᠵᠠᠮ ᠤᠨ ᠶᠡᠷᠦᠩᠬᠡᠢ ᠤᠷᠳᠤ ᠶᠢ 705.5 ᠺᠢᠯᠤᠮᠧᠲᠷ ᠲᠤ ᠬᠦᠷᠭᠡᠬᠦ ᠪᠠᠷ ᠴᠢᠷᠮᠠᠶᠢᠨ᠎ᠠ᠃ | ᠨᠢᠰᠬᠡᠯ ᠤᠨ ᠪᠠᠭᠤᠳᠠᠯ ᠤᠨ ᠲᠠᠯ᠎ᠠ ᠪᠠᠷ᠂ ᠪᠠᠶ᠋ᠬᠠᠭᠤᠯᠠ ᠨᠢᠰᠬᠡᠯ ᠤᠨ ᠪᠠᠭᠤᠳᠠᠯ ᠤᠨ ᠪᠦᠳᠦᠭᠡᠨ ᠪᠠᠶᠢᠭᠤᠯᠤᠯᠳᠠ ᠶᠢᠨ | ᠳᠦᠷᠦᠯ ᠵᠦᠢᠯ ᠢ ᠢᠳᠡᠪᠬᠢᠳᠡᠢ ᠳᠦᠯᠬᠢᠨ ᠠᠬᠢᠭᠤᠯᠵᠦ᠂ 2022 ᠤᠨ ᠠᠴᠠ ᠡᠮᠦᠨ᠎ᠡ ᠠᠰᠢᠭᠯᠠᠯᠳᠠ ᠳᠤ | ᠤᠷᠤᠭᠤᠯᠵᠤ᠂ ᠠᠶᠠᠨᠴᠢᠳ ᠤᠨ ᠲᠡᠭᠡᠭᠡᠪᠤᠷᠢ ᠵᠢᠴᠢ ᠪᠤᠳᠠᠰ ᠤᠨ ᠬᠦᠢᠯᠭᠡᠭᠡ᠂ ᠵᠢᠭᠤᠯᠴᠢᠯᠠᠯ᠂ ᠭᠠᠮᠰᠢᠭ ᠢ ᠰᠡᠷᠭᠡᠶᠢᠯᠡᠨ | ᠬᠤᠬᠢᠷᠠᠯ ᠢ ᠪᠠᠭᠠᠰᠬᠠᠬᠤ᠂ ᠠᠭᠠᠷ ᠠᠶᠠᠯᠠᠯ ᠤᠨ ᠪᠤᠯᠪᠠᠰᠤᠷᠠᠯ ᠵᠡᠷᠭᠡ ᠳᠦᠷᠪᠡᠨ ᠶᠡᠭᠡ ᠴᠢᠳᠠᠪᠬᠢ ᠪᠠᠷ ᠭᠤᠣᠯ | ᠪᠤᠯᠭᠠᠭᠰᠠᠨ ᠠᠭᠠᠷ ᠠᠶᠠᠯᠠᠯ ᠤᠨ ᠠᠵᠤ ᠦᠢᠯᠡᠰ ᠢ ᠪᠡᠶᠡᠯᠡᠬᠦᠯᠦᠨ᠎ᠡ᠃ ᠤᠰᠤᠨ ᠠᠰᠢᠭᠯᠠᠯᠳᠠ ᠶᠢᠨ ᠲᠠᠯ᠎ᠠ ᠪᠠᠷ᠂ | ᠮᠠᠯᠵᠢᠬᠤ ᠤᠷᠤᠨ ᠤ ᠤᠰᠤ ᠤᠮᠳᠠ ᠶᠢᠨ ᠠᠶᠤᠯᠬᠦᠢ ᠶᠢᠨ ᠢᠨᠵᠧᠨᠧᠷᠢᠩ ᠪᠠ ᠦᠨᠳᠦᠷ ᠦᠷ᠎ᠡ ᠠᠰᠢᠭᠳᠤ ᠤᠰᠤ | ᠠᠷᠪᠢᠯᠠᠬᠤ ᠤᠰᠤᠯᠠᠯᠳᠠ ᠶᠢᠨ ᠢᠨᠵᠧᠨᠧᠷᠢᠩ ᠢ ᠬᠡᠷᠡᠭᠵᠢᠬᠦᠯᠵᠦ᠂ ᠤᠰᠤᠨ ᠤ ᠡᠬᠢ ᠪᠠᠶᠠᠯᠢᠭ ᠢ ᠰᠠᠶᠢᠳᠤᠷ ᠬᠠᠮᠠᠭᠠᠯᠠᠨ | ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ ᠵᠤᠬᠢᠴᠠᠭᠰᠠᠨ ᠤᠰᠤᠨ ᠤ ᠠᠶᠤᠯᠭᠦᠢ ᠶᠢ ᠪᠠᠳᠤᠯᠠᠬᠤ | ᠰᠢᠰᠲ᠋ᠧᠮ ᠢ ᠠᠯᠬᠤᠮ ᠲᠠᠷᠠᠭ᠎ᠠ ᠲᠠᠢ ᠪᠠᠶᠢᠭᠤᠯᠤᠨ᠎ᠠ᠃ ᠬᠤᠶᠢᠰᠢᠳᠡ ᠶᠢᠨ ᠲᠠᠪᠤᠨ ᠵᠢᠯ ᠳᠤ 1 ᠳᠦᠮᠡᠨ ᠮᠤ᠋ ᠦᠨᠳᠤᠷ | ᠤᠨᠠᠯᠲᠠ ᠲᠠᠢ ᠪᠤᠷᠳᠤᠭᠠᠨ ᠰᠠᠭᠤᠷᠢᠨ ᠭᠠᠵᠠᠷ ᠤᠨ ᠤᠰᠤ ᠠᠷᠪᠢᠯᠠᠬᠤ ᠤᠰᠤᠯᠠᠯᠳᠠ ᠶᠢᠨ ᠲᠦᠭᠦᠭᠡᠷᠦᠮᠵᠢ ᠶᠢ | ᠤᠭᠰᠠᠷᠠᠨ᠎ᠠ᠃ ᠴᠠᠬᠢᠯᠭᠠᠨ ᠬᠦᠴᠦᠨ ᠤ ᠲᠠᠯ᠎ᠠ ᠪᠠᠷ᠂ 8.5 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠤᠨ᠂ | ᠴᠠᠬᠢᠯᠭᠠᠨ ᠲᠤᠤᠷ ᠤᠨ ᠪᠠᠶᠢᠭᠤᠯᠤᠯᠳᠠ ᠶᠢ ᠴᠢᠩᠭᠠᠳᠬᠠᠵᠤ᠂ 2253 ᠮᠠᠯᠵᠢᠬᠤ ᠡᠷᠦᠬᠡ ᠳᠤ ᠴᠠᠬᠢᠯᠭᠠᠨ | ᠨᠡᠪᠳᠡᠷᠡᠬᠦᠯᠤᠨ᠎ᠠ᠃ ᠰᠤᠷᠠᠭ ᠵᠠᠩᠬᠢᠴᠢᠯᠠᠯᠳᠠ ᠶᠢᠨ ᠠᠵᠤ ᠦᠢᠯᠡᠰ ᠤᠨ ᠲᠠᠯ᠎ᠠ ᠪᠠᠷ᠂ ᠤᠶᠤᠨᠴᠢ ᠮᠠᠯᠵᠢᠬᠤ ᠤᠷᠤᠨ ︵ | ᠬᠤᠳᠠ︶ ᠤ ᠪᠠᠶᠢᠭᠤᠯᠤᠯᠳᠠ ᠶᠢ ᠡᠬᠢᠯᠡᠭᠦᠯᠵᠤ᠂ ︽ᠢᠨᠲ᠋ᠧᠷ ᠰᠦᠯᠵᠢᠶ᠎ᠡ +︾ ᠪᠠ ᠲᠤᠮᠤ ᠲᠤᠭ᠎ᠠ ᠪᠠᠷᠢᠮᠳᠠ ᠶᠢ | ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢᠨ ᠰᠢᠨ᠎ᠡ ᠱᠠᠭᠠᠷᠳᠠᠯᠭ᠎ᠠ ᠲᠠᠢ ᠵᠤᠬᠢᠴᠠᠭᠤᠯᠤᠨ᠂ ︽ᠴᠠᠬᠢᠯᠭᠠᠨ ᠬᠤᠯᠪᠤᠭᠠᠨ | ᠤ ᠨᠡᠶᠢᠳᠡᠮ ᠤᠶᠢᠯᠡᠴᠢᠯᠡᠭᠡ︾ ᠶᠢᠨ ᠢᠨᠵᠧᠨᠧᠷᠢᠩ ᠢ ᠬᠡᠷᠡᠭᠵᠢᠭᠦᠯᠦᠨ᠂ ᠠᠵᠤ ᠠᠬᠤᠢ ᠨᠡᠶᠢᠭᠡᠮ ᠤᠨ ᠬᠦᠭᠵᠢᠯᠳᠡ ᠶᠢ | ᠳᠤᠯᠭᠠᠭᠤᠷᠢᠯᠠᠬᠤ ᠪᠠᠳᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠬᠦᠯᠦᠨ᠎ᠡ᠃ | ︵ᠲᠤᠯᠤᠭ᠎ᠠ︶ ᠠᠷᠠᠳ ᠳᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢᠨ | ᠳᠤᠭᠤᠷᠢᠨ ᠳᠤ ᠠᠷᠠᠳ ᠤᠨ ᠠᠮᠢᠳᠤᠷᠠᠯ ᠤᠨ ᠬᠢᠷᠢ ᠳᠦᠪᠰᠢᠨ ᠢ ᠳᠠᠰᠤᠷᠠᠯᠳᠠ ᠦᠭᠡᠢ ᠪᠠᠳᠤᠯᠠᠨ ᠰᠠᠶᠢᠵᠢᠷᠠᠭᠤᠯᠤᠨ᠎ᠠ᠃ | ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠭᠦᠰᠡᠯ ᠮᠦᠷᠦᠭᠡᠳᠦᠯ ᠪᠠ ᠠᠷᠠᠳ ᠳᠦᠮᠡᠨ ᠤ ᠬᠠᠮᠤᠭ | ᠬᠠᠯᠠᠮᠵᠢᠯᠠᠵᠦ ᠪᠠᠶᠢᠭ᠎ᠠ᠂ ᠬᠠᠮᠤᠭ ᠰᠢᠭᠤᠳ᠂ ᠬᠠᠮᠤᠭ ᠪᠤᠳᠠᠳᠠᠢ ᠠᠰᠢᠭ ᠲᠤᠰᠠ ᠶᠢᠨ ᠠᠰᠠᠭᠤᠳᠠᠯ ᠢ ᠴᠢᠩᠭ᠎ᠠ | ᠠᠳᠬᠤᠵᠦ᠂ ᠡᠯ᠎ᠡ ᠲᠦᠷᠦᠯ ᠤᠨ ᠠᠵᠢᠯ ᠢ ᠴᠢᠳᠠᠯ ᠤᠨ ᠬᠢᠷᠢ ᠪᠠᠷ ᠢᠶᠠᠨ ᠰᠠᠶᠢᠳᠤᠷ ᠭᠦᠢᠴᠡᠳᠭᠡᠨ᠂ ᠵᠢᠯ ᠲᠠᠷᠠᠭᠠᠯᠠᠨ | ᠲᠤᠤᠱᠳᠠᠢ ᠨᠠᠶᠢᠳᠠᠪᠤᠷᠢᠵᠢᠭᠤᠯᠵᠦ᠂ ᠦᠭᠡᠷᠡᠴᠢᠯᠡᠯᠳᠡ ᠬᠦᠭᠵᠢᠯᠳᠡ ᠶᠢᠨ ᠦᠷ᠎ᠡ ᠪᠦᠳᠦᠭᠡᠯ ᠢ ᠨᠡᠩ ᠤᠯᠠᠨ ᠢᠶᠠᠷ ᠨᠡᠩ | ᠡᠷᠬᠡ ᠳᠡᠭᠰᠢ ᠪᠠᠷ ᠡᠯ᠎ᠡ ᠦᠨᠳᠦᠰᠦᠳᠡᠨ ᠤ ᠠᠷᠠᠳ ᠳᠦᠮᠡᠨ ᠳᠤ ᠡᠳ᠋ᠯᠡᠬᠦᠯᠦᠨ᠎ᠡ᠃ | ᠰᠤᠷᠭᠠᠨ ᠬᠦᠮᠦᠵᠢᠯ ᠢ ᠡᠩ ᠲᠡᠷᠢᠭᠦᠨ ᠳᠤ ᠬᠦᠭᠵᠢᠬᠦᠯᠵᠦ᠂ ᠰᠢᠨᠵᠢᠯᠡᠭᠡ ᠮᠡᠷᠭᠡᠵᠢᠯ ᠤᠨ ᠰᠢᠨ᠎ᠡ ᠡᠭᠦᠳᠦᠯᠳᠠ ᠶᠢ | ᠳᠦᠯᠬᠢᠨ ᠠᠬᠢᠭᠤᠯᠤᠨ᠎ᠠ᠃ ᠠᠷᠠᠳ ᠳᠦᠮᠡᠨ ᠤ ᠬᠠᠨᠤᠮᠵᠢᠳᠠᠢ ᠰᠤᠷᠭᠠᠨ ᠬᠦᠮᠦᠵᠢᠯ ᠢ ᠡᠷᠬᠢᠯᠡᠬᠦ ᠪᠠᠷ ᠬᠠᠷᠠᠯᠳᠠ | ᠪᠤᠯᠭᠠᠵᠦ᠂ ᠰᠤᠷᠭᠠᠨ ᠬᠦᠮᠦᠵᠢᠯ ᠤᠨ ᠶᠡᠷᠤᠩᠬᠡᠶᠢᠯᠡᠭᠰᠡᠨ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠂ ᠮᠠᠨ ᠤ | ᠬᠤᠰᠢᠭᠤᠨ ᠤ ᠰᠤᠷᠭᠠᠨ ᠬᠦᠮᠦᠵᠢᠯ ᠤᠨ ᠶᠠᠰᠤ ᠴᠢᠨᠠᠷ ᠢ ᠳᠡᠭᠡᠭᠰᠢᠯᠡᠬᠦᠯᠬᠦ ᠲᠠᠪᠤᠨ ᠵᠢᠯ ᠤᠨ ᠠᠵᠢᠯᠯᠠᠭᠠᠨ ᠤ | ᠲᠦᠯᠦᠪᠯᠡᠭᠡ ᠶᠢ ᠭᠦᠨᠵᠡᠭᠡᠢ ᠬᠡᠷᠡᠭᠵᠢᠬᠦᠯᠦᠨ᠎ᠡ᠃ ᠦᠪᠡᠷᠳᠡᠭᠡᠨ ᠵᠠᠰᠠᠬᠤ ᠤᠷᠤᠨ ᠤ ᠲᠡᠰ ᠤᠨ ᠵᠢᠱᠢᠶ᠎ᠡ ᠦᠵᠡᠬᠦᠯᠬᠦ | ᠭᠡᠤᠭᠡᠳ ᠤᠨ ᠴᠡᠴᠡᠷᠯᠢᠭ ᠢ ᠡᠭᠦᠳᠦᠨ ᠪᠠᠶᠢᠭᠤᠯᠤᠭᠰᠠᠨ ᠦᠷ᠎ᠡ ᠪᠦᠳᠦᠭᠡᠯ ᠢᠶᠠᠨ ᠪᠠᠬᠢᠵᠢᠭᠦᠯᠵᠤ᠂ 2022 ᠤᠨ | ᠪᠣᠯᠬᠤ ᠳᠤ᠂ ᠰᠤᠷᠬᠤ ᠨᠠᠰᠤᠨ ᠠᠴᠠ ᠡᠮᠦᠨᠡᠬᠢ ᠭᠡᠤᠭᠡᠳ ᠤᠨ ᠠᠯᠪᠠᠨ ᠠᠴᠠ ᠡᠷᠬᠢᠯᠡᠭᠰᠡᠨ ᠭᠡᠤᠭᠡᠳ ᠤᠨ ᠴᠡᠴᠡᠷᠯᠢᠭ | ᠲᠤ ᠤᠷᠤᠬᠤ ᠨᠤᠷᠮ᠎ᠠ ᠶᠢ ᠤᠳᠤ ᠶᠢᠨ 81% ᠠᠴᠠ ᠲᠡᠭᠡᠭᠰᠢᠯᠡᠭᠦᠯᠦᠭᠡᠳ 90% ᠠᠴᠠ ᠲᠡᠭᠡᠭᠰᠢ ᠳᠤ ᠭᠦᠷᠭᠡᠨ᠎ᠡ᠃ | ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠶᠠᠰᠤ ᠴᠢᠨᠠᠷ ᠤᠨ ᠲᠡᠩᠴᠡᠬᠦᠷᠢᠳᠡᠢ ᠭᠦᠭᠵᠢᠯᠳᠠ ᠶᠢ ᠳᠦᠯᠬᠢᠨ | ᠠᠬᠢᠭᠤᠯᠵᠦ᠂ ᠦᠨᠳᠤᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠱᠠᠳᠤᠨ ᠤ ᠰᠤᠷᠭᠠᠨ ᠬᠦᠮᠦᠵᠢᠯ ᠢ ᠴᠢᠩᠭᠠᠳᠬᠠᠨ | ᠂ ᠠᠵᠢᠯ ᠮᠡᠷᠭᠡᠵᠢᠯ ᠤᠨ ᠰᠤᠷᠭᠠᠨ ᠭᠦᠮᠦᠵᠢᠯ ᠢ ᠰᠢᠨᠡᠴᠢᠯᠠᠨ ᠭᠦᠭᠵᠢᠭᠦᠯᠵᠤ᠂ ᠦᠨᠳᠤᠰᠦᠳᠠᠨ ᠤ ᠰᠤᠷᠭᠠᠨ ᠭᠦᠮᠦᠵᠢᠯ | ᠢ ᠡᠩ ᠲᠡᠷᠢᠭᠦᠨ ᠳᠤ ᠭᠤᠤᠯᠳᠠᠯᠭ᠎ᠠ ᠲᠠᠢ ᠭᠦᠭᠵᠢᠭᠦᠯᠦᠨ᠂ ᠪᠠᠶᠢᠭᠠᠯᠢ ᠶᠢᠨ ᠰᠢᠨᠵᠢᠯᠡᠭᠦ ᠤᠬᠠᠭᠠᠨ ᠤ ᠬᠢᠴᠢᠶᠠᠯ | ᠲᠦᠷᠦᠯ ᠤᠨ ᠵᠢᠭᠠᠨ ᠰᠤᠷᠭᠠᠯᠳᠠ ᠶᠢᠨ ᠠᠵᠢᠯ ᠢ ᠤᠯᠠᠮ ᠨᠢᠭᠡ ᠠᠯᠬᠤᠮ ᠲᠤᠪᠤᠶᠢᠯᠭᠠᠨ᠎ᠠ᠃ ᠪᠠᠭᠰᠢ ᠶᠢᠨ ᠡᠩᠨᠡᠭᠡᠨ ᠤ | ᠪᠠᠶᠢᠭᠤᠯᠤᠯᠳᠠ ᠶᠢ ᠴᠢᠩᠭᠠᠳᠬᠠᠵᠦ᠂ ᠪᠠᠭᠰᠢ ᠨᠠᠷ ᠢ ᠵᠤᠬᠢᠰᠳᠠᠢ ᠬᠤᠪᠢᠶᠠᠷᠢᠯᠨᠨ ᠳᠤᠬᠢᠷᠠᠭᠤᠯᠤᠨ᠎ᠠ᠃ ᠪᠤᠯᠪᠠᠰᠤᠨ | ᠰᠤᠷᠭᠠᠭᠤᠯᠢ ᠶᠢᠨ ᠭᠦᠷᠢᠶ᠎ᠡ ᠶᠢ ᠪᠠᠶᠢᠭᠤᠯᠬᠤ ᠪᠠᠷ ᠬᠠᠷᠠᠯᠳᠠ ᠪᠤᠯᠭᠠᠨ᠂ ᠨᠡᠶᠢᠭᠡᠮ ᠵᠢᠷᠤᠮ ᠤᠨ ᠭᠤᠤᠯᠯᠠᠭᠴᠢ ᠦᠷᠳᠡᠭ | ᠤᠨ ᠦᠵᠡᠯᠳᠠ ᠶᠢ ᠭᠦᠮᠦᠵᠢᠭᠦᠯᠦᠨ ᠤᠶᠢᠯᠡᠳᠦᠯᠭᠡᠵᠢᠭᠦᠯᠵᠤ᠂ ᠲᠤᠮᠳᠠᠳᠤ ᠪᠠᠭ᠎ᠠ ᠰᠤᠷᠭᠠᠭᠤᠯᠢ ᠶᠢᠨ ᠶᠤᠰᠤ ᠮᠤᠷᠠᠯ | ᠤᠨ ᠭᠦᠮᠦᠵᠢᠯ ᠢ ᠴᠢᠩᠭᠠᠳᠬᠠᠨ᠎ᠠ᠃ ᠰᠤᠷᠭᠠᠨ ᠬᠦᠮᠦᠵᠢᠯ ᠤᠨ ᠰᠤᠷᠠᠭ ᠵᠠᠩᠬᠢᠴᠢᠯᠠᠯᠳᠠ ᠶᠢᠨ ᠪᠠᠶᠢᠭᠤᠯᠤᠯᠳᠠ ᠶᠢ | ᠢᠳᠡᠪᠬᠢᠳᠡᠢ ᠠᠬᠢᠭᠤᠯᠵᠦ᠂ ᠲᠤᠤᠷ ᠰᠦᠯᠵᠢᠶᠡᠨ ᠤ ᠰᠤᠷᠭᠠᠨ ᠬᠦᠮᠦᠵᠢᠯ ᠤᠨ ᠡᠬᠢ ᠪᠠᠶᠠᠯᠢᠭ ᠢ ᠬᠠᠮᠳᠤᠪᠠᠷ ᠡᠳ᠋ᠯᠡᠨ᠎ᠡ | ᠃ ᠡᠯ᠎ᠡ ᠱᠠᠳᠤᠨ ᠤ ᠡᠯ᠎ᠡ ᠳᠦᠷᠦᠯ ᠤᠨ ᠰᠤᠷᠤᠯᠭ᠎ᠠ ᠲᠡᠮᠵᠢᠭᠦ ᠨᠦᠬᠦᠪᠦᠷᠢ ᠶᠢᠨ ᠳᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠤᠨ᠎ᠠ᠃ ᠪᠦᠬᠦ ᠨᠡᠶᠢᠭᠡᠮ ᠢᠶᠠᠷ ᠢᠶᠠᠨ ᠪᠠᠭᠰᠢ ᠶᠢ ᠬᠦᠨᠳᠦᠳᠬᠡᠨ ᠰᠤᠷᠭᠠᠨ ᠬᠦᠮᠦᠵᠢᠯ ᠢ | ᠴᠢᠬᠤᠯᠠᠴᠢᠯᠠᠬᠤ ᠶᠢ ᠰᠠᠨᠠᠭᠠᠴᠢᠯᠠᠵᠤ᠂ ᠰᠤᠷᠭᠠᠭᠤᠯᠢ᠂ ᠭᠡᠷ ᠪᠦᠯᠢ᠂ ᠨᠡᠶᠢᠭᠡᠮ ᠭᠤᠷᠪᠠᠨ ᠲᠠᠯ᠎ᠠ ᠶᠢᠨ ᠭᠡᠤᠭᠡᠳ | ᠬᠦᠮᠦᠵᠢᠬᠦᠯᠬᠦ ᠬᠠᠮᠳᠤ ᠶᠢᠨ ᠴᠤᠭᠴᠠ ᠶᠢ ᠪᠤᠢ ᠪᠤᠯᠭᠠᠨ᠎ᠠ᠃ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠭᠦ ᠠᠵᠢᠯ | ᠢ ᠴᠢᠩᠭᠠᠳᠬᠠᠵᠤ᠂ ᠲᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠤᠨ᠎ᠠ᠃ ᠪᠦᠭᠦ ᠠᠷᠠᠳ ᠤᠨ | ᠰᠢᠨᠵᠢᠯᠡᠭᠦ ᠤᠬᠠᠭᠠᠨ ᠤ ᠬᠢᠷᠢ ᠲᠦᠪᠰᠢᠨ ᠤ ᠢᠨᠵᠧᠨᠧᠷᠢᠩ ᠢ ᠪᠦᠭᠦ ᠭᠦᠴᠦᠨ ᠢᠶᠠᠷ ᠢᠶᠠᠨ ᠭᠡᠷᠡᠭᠵᠢᠭᠦᠯᠵᠤ᠂ 2022 | ᠤᠨ ᠪᠤᠯᠬᠤ ᠳᠤ ᠮᠠᠨ ᠤ ᠬᠤᠰᠢᠭᠤᠨ ᠤ ᠠᠷᠠᠳ ᠢᠷᠭᠡᠳ ᠤᠨ ᠰᠢᠨᠵᠢᠯᠡᠭᠦ ᠤᠬᠠᠭᠠᠨ ᠤ ᠬᠢᠷᠢ ᠲᠦᠪᠰᠢᠨ ᠢ | ᠤᠳᠤᠬᠠᠨ ᠤ 6.2% ᠠᠴᠠ ᠲᠡᠭᠡᠭᠰᠢᠯᠡᠭᠦᠯᠦᠭᠡᠳ 10% ᠠᠴᠠ ᠲᠡᠭᠡᠭᠰᠢ ᠳᠤ ᠭᠦᠷᠭᠡᠨ᠎ᠡ᠃ | ᠠᠵᠢᠯ ᠤᠯᠭᠤᠯᠳᠠ ᠶᠢᠨ ᠶᠠᠰᠤ ᠴᠢᠨᠠᠷ ᠪᠠ ᠠᠷᠠᠳ ᠤᠨ ᠤᠷᠤᠯᠭ᠎ᠠ ᠶᠢᠨ ᠬᠢᠷᠢ ᠳᠦᠪᠰᠢᠨ ᠢ | ᠳᠡᠭᠡᠭᠰᠢᠯᠡᠬᠦᠯᠦᠨ᠎ᠡ᠃ ᠠᠵᠢᠯ ᠤᠯᠭᠤᠬᠤ ᠶᠢ ᠳᠡᠷᠢᠬᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠪᠠ ᠢᠳᠡᠪᠬᠢᠳᠡᠢ ᠪᠠᠷ | ᠠᠵᠢᠯ ᠤᠯᠭᠤᠬᠤ ᠳᠦᠷᠦ ᠶᠢᠨ ᠪᠤᠳᠤᠯᠭ᠎ᠠ ᠶᠢ ᠦᠷᠬᠦᠯᠵᠢᠯᠡᠨ ᠪᠠᠷᠢᠮᠳᠠᠯᠠᠵᠦ᠂ ᠨᠡᠩ ᠦᠨᠳᠦᠷ ᠴᠢᠨᠠᠷ ᠴᠢᠨᠰᠠᠭ᠎ᠠ ᠪᠠ | ᠨᠡᠩ ᠭᠦᠢᠴᠡᠳ ᠠᠵᠢᠯ ᠤᠯᠭᠤᠯᠳᠠ ᠶᠢ ᠪᠡᠶᠡᠯᠡᠭᠦᠯᠦᠨ᠂ ᠠᠵᠢᠯ ᠮᠡᠷᠭᠡᠵᠢᠯ ᠤᠨ ᠴᠢᠳᠠᠪᠤᠷᠢ ᠶᠢᠨ ᠪᠤᠯᠪᠠᠰᠤᠷᠠᠯ ᠢ | ᠤᠯᠠᠮ ᠨᠢᠭᠡ ᠠᠯᠬᠤᠮ ᠴᠢᠩᠭᠠᠳᠬᠠᠵᠦ᠂ ᠪᠦᠳᠦᠴᠡ ᠶᠢᠨ ᠴᠢᠨᠠᠷᠳᠠᠢ ᠠᠵᠢᠯ ᠤᠯᠭᠤᠯᠳᠠ ᠶᠢᠨ ᠵᠦᠷᠢᠴᠡᠯ ᠵᠢᠭᠤᠷᠭᠠᠨ | ᠢ ᠭᠦᠴᠦᠯᠠᠨ ᠰᠢᠢᠳᠪᠤᠷᠢᠯᠡᠵᠤ᠂ ᠦᠢᠯᠡᠰ ᠪᠦᠳᠦᠭᠡᠬᠦ ᠪᠠᠷ ᠠᠵᠢᠯ ᠤᠯᠭᠤᠯᠳᠠ ᠶᠢ ᠲᠠᠶᠢᠴᠢᠯᠠᠬᠤ ᠶᠢ | ᠵᠤᠷᠢᠭᠵᠢᠭᠤᠯᠤᠨ᠎ᠠ᠃ ᠬᠠᠨᠳᠤᠯᠭᠠᠳᠤ ᠴᠢᠨᠠᠷᠳᠠᠢ ᠲᠡᠮᠵᠢᠨ ᠲᠡᠳᠭᠦᠭᠦ ᠲᠦᠷᠦ ᠶᠢᠨ ᠪᠤᠳᠤᠯᠭ᠎ᠠ ᠶᠢ ᠠᠪᠴᠤ᠂ ᠬᠤᠳᠠ | ᠤᠷᠤᠭᠰᠨᠨ ᠮᠠᠯᠴᠢᠳ ᠤᠨ ᠰᠠᠭᠤᠷᠢᠰᠢᠨ ᠲᠤᠭᠳᠠᠨᠢᠵᠦ᠂ ᠪᠠᠶᠠᠵᠢᠨ ᠴᠢᠨᠡᠭᠡᠯᠢᠭᠵᠢᠬᠦ ᠶᠢ ᠪᠠᠳᠤᠯᠠᠨ᠎ᠠ᠃ ᠤᠯᠠᠨ ᠨᠡᠶᠢᠳᠡ | ᠶᠢᠨ ᠠᠵᠢᠯ ᠤᠯᠭᠤᠯᠳᠠ ᠶᠢᠨ ᠦᠢᠯᠡᠴᠢᠯᠡᠭᠡ ᠶᠢ ᠪᠦᠬᠦ ᠲᠠᠯ᠎ᠠ ᠪᠠᠷ ᠬᠠᠩᠭᠠᠵᠦ᠂ ᠦᠢᠯᠡᠰ ᠪᠤᠰᠬᠠᠭᠴᠢᠳ ᠲᠤ | ᠪᠠᠳᠤᠯᠠᠭᠠᠳᠤ ᠵᠢᠭᠡᠯᠡᠯᠭᠡ ᠣᠯᠭᠤᠬᠤ᠂ ᠠᠵᠦ ᠠᠬᠤᠶᠢᠯᠠᠯ ᠢ ᠳᠤᠰᠠᠯᠠᠨ ᠠᠵᠢᠯ ᠤᠨ ᠪᠠᠶᠢᠷᠢ ᠶᠢ ᠳᠤᠭᠳᠠᠪᠤᠷᠢᠵᠢᠭᠤᠯᠬᠤ | ᠂ ᠮᠡᠷᠭᠡᠵᠢᠯ ᠤᠨ ᠪᠤᠯᠪᠠᠰᠤᠷᠠᠯ ᠪᠠ ᠦᠢᠯᠡᠰ ᠪᠤᠰᠬᠠᠬᠤ ᠪᠤᠯᠪᠠᠰᠤᠷᠠᠯ ᠡᠷᠬᠢᠯᠡᠬᠦ ᠵᠡᠷᠭᠡ ᠳᠦᠷᠦ ᠶᠢᠨ ᠪᠤᠳᠤᠯᠭ᠎ᠠ ᠶᠢᠨ | ᠳᠡᠮᠵᠢᠯᠭᠡ ᠶᠢ ᠨᠠᠶᠢᠳᠠᠪᠤᠷᠢᠵᠢᠭᠤᠯᠤᠨ᠂ ᠠᠵᠢᠯ ᠤᠯᠤᠭᠠᠳᠤᠢ ᠬᠦᠮᠦᠰ ᠤᠨ ᠤᠯᠠᠨ ᠠᠷᠭ᠎ᠠ ᠵᠠᠮ ᠢᠶᠠᠷ ᠠᠵᠢᠯ ᠤᠯᠵᠦ | ᠦᠢᠯᠡᠰ ᠪᠤᠰᠬᠠᠬᠤ ᠶᠢ ᠳᠡᠮᠵᠢᠵᠦ᠂ ᠲᠠᠪᠤᠨ ᠵᠢᠯ ᠳᠤ ᠨᠡᠶᠢᠲᠡ 25000 ᠠᠵᠢᠯ ᠤᠨ ᠪᠠᠶᠢᠷᠢ ᠴᠤᠭᠯᠠᠭᠤᠯᠵᠦ᠂ | ᠰᠢᠨ᠎ᠡ ᠪᠠᠷ 5000 ᠬᠦᠮᠦᠨ ᠳᠤ ᠠᠵᠢᠯ ᠲᠠᠨᠢᠯᠴᠠᠭᠤᠯᠤᠨ᠂ ᠬᠤᠲᠠ ᠪᠠᠯᠭᠠᠰᠤᠨ ᠤ ᠲᠠᠩᠰᠠᠯᠠᠭᠰᠠᠨ ᠠᠵᠢᠯ | ᠠᠯᠳᠠᠭᠰᠠᠳ ᠤᠨ ᠨᠤᠷᠮ᠎ᠠ ᠶᠢ 3.6% ᠶᠢᠨ ᠳᠤᠳᠤᠷ᠎ᠠ ᠬᠢᠵᠠᠭᠠᠷᠯᠠᠨ᠎ᠠ᠃ | ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠨ᠎ᠠ᠃ ᠨᠡᠶᠢᠭᠡᠮ ᠤᠨ | ᠪᠠᠳᠤᠯᠠᠭ᠎ᠠ ᠶᠢᠨ ᠠᠵᠢᠯ ᠤᠨ ᠱᠠᠭᠠᠷᠳᠠᠯᠭ᠎ᠠ ᠶᠤᠰᠤᠭᠠᠷ᠂ ᠪᠦᠬᠦ ᠠᠷᠠᠳ ᠢ ᠬᠠᠮᠤᠷᠬᠤ᠂ ᠬᠤᠳᠠ ᠬᠦᠳᠡᠭᠡ ᠶᠢ | ᠨᠢᠭᠡᠳᠤᠯᠳᠠᠢ ᠲᠦᠯᠦᠪᠵᠢᠭᠦᠯᠭᠦ᠂ ᠡᠷᠭᠡ ᠬᠠᠷᠢᠭᠤᠴᠠᠯᠭ᠎ᠠ ᠲᠤᠳᠤᠷᠬᠠᠢ᠂ ᠪᠠᠳᠤᠯᠠᠭ᠎ᠠ ᠨᠢ ᠲᠤᠬᠢᠷᠠᠮᠵᠢᠳᠠᠢ᠂ | ᠦᠷᠬᠦᠯᠵᠢᠯᠡᠭᠰᠡᠨ ᠤᠯᠠᠨ ᠲᠠᠰ ᠲᠠᠪᠬᠤᠷᠭᠠᠳᠤ ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ ᠢ ᠪᠦᠬᠦ ᠲᠠᠯ᠎ᠠ ᠪᠠᠷ | ᠪᠡᠶᠡᠯᠡᠬᠦᠯᠦᠨ᠎ᠡ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠳᠠᠭᠠᠳᠬᠠᠯ ᠤᠨ | ᠳᠦᠷᠢᠮ ᠢ ᠦᠷᠭᠦᠯᠵᠢᠯᠡᠨ ᠳᠡᠭᠦᠯᠳᠡᠷᠵᠢᠬᠦᠯᠵᠦ᠂ ᠦᠭᠡᠷ᠎ᠡ ᠭᠠᠵᠠᠷ ᠡᠮᠨᠡᠭᠦᠯᠬᠦ ᠳᠤ ᠲᠤᠬᠠᠢ ᠶᠢᠨ ᠭᠠᠵᠠᠷ ᠲᠤ ᠨᠢ | ᠲᠠᠩᠰᠠ ᠴᠠᠶᠢᠷᠠᠭᠤᠯᠬᠤ ᠠᠵᠢᠯ ᠢ ᠳᠡᠭᠦᠯᠳᠡᠷᠵᠢᠬᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠤᠷᠤᠬᠤ ᠶᠢ | ᠪᠦᠷᠢᠳᠬᠡᠨ ᠳᠠᠩᠰᠠᠯᠠᠬᠤ ᠠᠵᠢᠯ ᠢ ᠳᠦᠯᠬᠢᠨ ᠠᠬᠢᠭᠤᠯᠵᠦ᠂ ᠪᠦᠬᠦ ᠲᠠᠯ᠎ᠠ ᠶᠢᠨ᠂ ᠪᠦᠷᠢᠨ ᠭᠦᠢᠴᠡᠳ᠂ ᠨᠠᠷᠢᠯᠢᠭ | ᠤᠨᠤᠪᠴᠢᠳᠠᠢ ᠬᠦᠳᠡᠯᠦᠩᠬᠦᠢ ᠬᠠᠮᠢᠶᠠᠷᠤᠯᠳᠠ ᠲᠠᠢ ᠨᠡᠶᠢᠭᠡᠮ ᠤᠨ ᠳᠠᠭᠠᠳᠬᠠᠯ ᠤᠨ ᠰᠤᠷᠠᠭ ᠵᠠᠩᠭᠢ ᠶᠢᠨ ᠲᠤᠭ᠎ᠠ | ᠪᠠᠷᠢᠮᠳᠠ ᠶᠢᠨ ᠬᠦᠮᠦᠷᠭᠡ ᠶᠢ ᠪᠠᠶᠢᠭᠤᠯᠤᠭᠰᠠᠨ ᠰᠠᠭᠤᠷᠢᠨ ᠳᠡᠭᠡᠷ᠎ᠡ᠂ ᠨᠡᠶᠢᠭᠡᠮ ᠤᠨ ᠪᠠᠳᠤᠯᠠᠭ᠎ᠠ ᠶᠢ ᠪᠦᠷᠬᠦᠭᠦᠯᠬᠦ | ᠬᠠᠷᠠᠯᠳᠠ ᠳᠠᠭᠠᠨ ᠬᠦᠷᠴᠦ᠂ 2022 ᠤᠨ ᠪᠣᠯᠬᠤ ᠳᠤ᠂ ᠪᠦᠬᠦ ᠬᠤᠰᠢᠭᠤᠨ ᠤ ᠨᠠᠰᠤᠵᠢᠯ ᠤᠨ ᠳᠠᠭᠠᠳᠬᠠᠯ ᠳᠤ | ᠤᠷᠤᠭᠰᠠᠨ ᠬᠦᠮᠦᠨ ᠤ ᠳᠤᠭ᠎ᠠ ᠶᠢ 4.4 ᠲᠦᠮᠡᠨ ᠬᠦᠮᠦᠨ ᠳᠤ ᠬᠦᠷᠭᠡᠵᠦ᠂ ᠦᠨᠳᠦᠰᠦᠨ ᠡᠮᠨᠡᠯᠭᠡ ᠶᠢᠨ | ᠳᠠᠭᠠᠳᠬᠠᠯ ᠳᠤ ᠤᠷᠤᠭᠰᠠᠨ ᠬᠦᠮᠦᠨ ᠤ ᠳᠤᠭ᠎ᠠ ᠶᠢ 7.2 ᠲᠦᠮᠡᠨ ᠬᠦᠮᠦᠨ ᠳᠤ ᠬᠦᠷᠭᠡᠨ᠎ᠡ᠃ ᠬᠤᠳᠠ ᠬᠦᠳᠡᠭᠡ | ᠶᠢᠨ ᠬᠠᠮᠤᠭ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢ ᠨᠢᠭᠡᠳᠦᠯᠳᠡᠢ ᠳᠦᠯᠦᠪᠵᠢᠬᠦᠯᠦᠭᠰᠡᠨ ᠦᠷ᠎ᠡ | ᠳ᠋ᠦᠩ ᠢᠶᠠᠨ ᠪᠠᠳᠤᠳᠬᠠᠨ ᠳᠡᠭᠡᠭᠰᠢᠯᠡᠬᠦᠯᠵᠦ᠂ ᠪᠠᠳᠤᠯᠠᠭ᠎ᠠ ᠶᠢᠨ ᠪᠠᠷᠢᠮᠵᠢᠶ᠎ᠠ ᠪᠠᠨ ᠠᠯᠬᠤᠮ ᠠᠯᠬᠤᠮ ᠢᠶᠠᠷ | ᠳᠡᠭᠡᠭᠰᠢᠯᠡᠬᠦᠯᠦᠨ᠎ᠡ᠃ ᠵᠠᠮᠳᠡᠭᠴᠤᠳ ᠤᠨ ᠠᠵᠢᠯ ᠦᠢᠯᠡᠰ ᠢ ᠬᠦᠭᠵᠢᠬᠦᠯᠵᠦ᠂ ᠵᠠᠮᠳᠡᠭᠴᠤᠳ ᠤᠨ ᠡᠷᠡᠬᠦᠯᠵᠢᠯ ᠤᠨ | ᠦᠢᠯᠡᠴᠢᠯᠡᠭᠡ ᠶᠢ ᠴᠢᠩᠭᠠᠳᠬᠠᠨ᠎ᠠ᠃ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠤᠯᠠᠨ ᠲᠦᠮᠡᠨ ᠲᠠᠢ ᠬᠠᠷᠢᠯᠴᠠᠨ | ᠤᠶᠢᠯᠡᠴᠢᠯᠡᠭᠦ ᠬᠦᠭᠦᠷᠬᠡ ᠬᠤᠯᠪᠤᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠦ᠂ ᠬᠦᠴᠢᠷᠳᠡᠯᠳᠡᠢ ᠬᠦᠮᠦᠰ ᠢ | ᠬᠠᠪᠰᠤᠷᠤᠨ ᠳᠤᠰᠠᠯᠠᠬᠤ ᠠᠵᠢᠯ ᠢ ᠰᠠᠶᠢᠳᠤᠷ ᠬᠢᠨ᠎ᠡ᠃ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠶᠢ ᠰᠢᠪᠳᠤᠯᠬᠤ ᠠᠵᠢᠯ ᠢ ᠪᠦᠬᠦ ᠲᠠᠯ᠎ᠠ ᠪᠠᠷ ᠪᠡᠶᠡᠯᠡᠬᠦᠯᠦᠨ᠎ᠡ᠃ ︽ | ᠵᠢᠷᠭᠤᠭᠠᠨ ᠨᠠᠷᠢᠯᠢᠭ ᠤᠨᠤᠪᠴᠢᠳᠡᠢ︾᠂ ︽ᠲᠠᠪᠦᠨ ᠨᠢᠬᠡ ᠪᠦᠯᠦᠭ︾ ᠶᠠᠳᠠᠭᠤ ᠠᠴᠠ ᠠᠩᠭᠢᠵᠢᠷᠠᠭᠤᠯᠬᠤ ᠴᠢᠭᠯᠡᠯᠳᠡ | ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠦᠪᠡᠷᠳᠡᠭᠡᠨ ᠵᠠᠰᠠᠬᠤ ᠤᠷᠤᠨ ᠤ ᠲᠡᠰ᠂ ᠠᠶᠢᠮᠠᠭ ᠤᠨ ᠲᠡᠰ ᠤᠨ | ᠲᠠᠩᠰᠠ ᠺᠠᠷᠲ ᠪᠠᠶᠢᠭᠤᠯᠤᠭᠰᠠᠨ ᠶᠠᠳᠠᠭᠤ ᠭᠦᠴᠢᠷᠳᠠᠯᠳᠠᠢ 250 ᠡᠷᠦᠬᠡ ᠶᠢᠨ 788 ᠬᠦᠮᠦᠨ ᠢ 2016 ᠤᠨ ᠤ | ᠰᠡᠭᠦᠯᠴᠢ ᠳᠤ ᠶᠠᠳᠠᠭᠤ ᠠᠴᠠ ᠠᠩᠬᠢᠵᠢᠷᠠᠭᠤᠯᠤᠭᠰᠠᠨ ᠦᠷ᠎ᠡ ᠪᠦᠳᠦᠮᠵᠢ ᠪᠠᠨ ᠦᠷᠭᠦᠯᠵᠢᠯᠡᠨ ᠪᠠᠬᠢᠵᠢᠭᠦᠯᠵᠤ᠂ | ᠬᠦᠳᠡᠯᠦᠩᠭᠦᠢ ᠬᠠᠮᠢᠶᠠᠷᠤᠯᠳᠠ ᠶᠢ ᠭᠡᠷᠡᠭᠵᠢᠭᠦᠯᠦᠨ᠂ ᠳᠠᠬᠢᠨ ᠶᠠᠳᠠᠭᠤᠷᠠᠬᠤ ᠠᠴᠠ ᠰᠡᠷᠭᠡᠶᠢᠯᠡᠨ᠎ᠡ᠃ ᠳᠠᠩᠰᠠ ᠺᠠᠷᠲ | ᠪᠠᠶᠢᠭᠤᠯᠤᠭᠰᠠᠨ ᠶᠠᠳᠠᠭᠤ ᠬᠦᠴᠢᠷᠳᠡᠯᠳᠡᠢ ᠡᠷᠦᠬᠡ ᠶᠢ ᠳᠦᠷᠦᠯ ᠬᠤᠪᠢᠶᠠᠨ ᠳᠡᠮᠵᠢᠵᠦ᠂ ᠪᠠᠶᠢᠳᠠᠯ ᠳᠤ ᠨᠢ | ᠳᠤᠬᠢᠷᠠᠭᠤᠯᠤᠨ ᠳᠦᠷᠦ ᠶᠢᠨ ᠪᠤᠳᠤᠯᠭ᠎ᠠ ᠶᠢᠨ ᠠᠷᠭ᠎ᠠ ᠠᠪᠴᠠᠯ ᠢ ᠬᠡᠷᠡᠭᠵᠢᠬᠦᠯᠦᠨ᠂ ᠦᠪᠡᠷᠳᠡᠭᠡᠨ ᠲᠡᠭᠵᠢᠷᠡᠭᠦ | ᠴᠢᠳᠠᠪᠤᠷᠢ ᠶᠢ ᠨᠢ ᠪᠦᠬᠦ ᠲᠠᠯ᠎ᠠ ᠪᠠᠷ ᠳᠡᠭᠡᠭᠰᠢᠯᠡᠬᠦᠯᠦᠨ᠎ᠡ᠃ ᠠᠵᠦ ᠦᠢᠯᠡᠰ ᠢᠶᠠᠷ ᠶᠠᠳᠠᠭᠤ ᠶᠢ ᠳᠡᠳᠬᠦᠬᠦ᠂ ᠰᠤᠷᠭᠠᠨ | ᠬᠦᠮᠦᠵᠢᠯ ᠢᠶᠠᠷ ᠶᠠᠳᠠᠭᠤ ᠶᠢ ᠳᠡᠳᠬᠦᠬᠦ᠂ ᠡᠮᠴᠢᠯᠡᠭᠡᠨ ᠤ ᠤᠶᠢᠯᠡᠴᠢᠯᠡᠭᠡ ᠪᠠᠷ ᠶᠠᠳᠠᠭᠤ ᠶᠢ ᠳᠡᠳᠬᠦᠬᠦ᠂ ᠠᠵᠢᠯ | ᠤᠯᠭᠤᠯᠳᠠ ᠪᠠᠷ ᠶᠠᠳᠠᠭᠤ ᠶᠢ ᠳᠡᠳᠬᠦᠬᠦ᠂ ᠮᠦᠩᠭᠦᠨ ᠬᠦᠢᠯᠭᠡᠭᠡ ᠪᠠᠷ ᠶᠠᠳᠠᠭᠤ ᠶᠢ ᠳᠡᠳᠬᠦᠬᠦ ᠪᠠ ᠨᠡᠶᠢᠭᠡᠮ ᠤᠨ | ᠭᠦᠴᠦᠨ ᠢ ᠲᠠᠶᠢᠴᠢᠯᠠᠵᠤ ᠶᠠᠳᠠᠭᠤ ᠶᠢ ᠳᠡᠳᠬᠦᠬᠦ ᠵᠡᠷᠭᠡ ᠲᠠᠯ᠎ᠠ ᠶᠢᠨ ᠠᠵᠢᠯ ᠢ ᠳᠦᠯᠬᠢᠨ ᠠᠬᠢᠭᠤᠯᠵᠦ᠂ ᠤᠯᠠᠨ | ᠲᠠᠯ᠎ᠠ ᠶᠢ ᠨᠢᠭᠡᠳᠦᠯᠳᠡᠢ ᠳᠦᠯᠦᠪᠵᠢᠬᠦᠯᠦᠨ᠂ ᠬᠦᠴᠦᠨ ᠢᠶᠠᠨ ᠨᠢᠭᠡᠳᠭᠡᠵᠤ᠂ ᠬᠠᠮᠳᠤᠪᠠᠷ ᠳᠠᠪᠰᠢᠬᠤ ᠶᠢ | ᠪᠡᠶᠡᠯᠡᠬᠦᠯᠦᠨ᠎ᠡ᠃ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠦᠷᠭᠡᠨ ᠢᠶᠠᠷ ᠲᠠᠶᠢᠴᠢᠯᠠᠨ ᠶᠠᠳᠠᠭᠤ ᠶᠢ ᠳᠡᠳᠬᠦᠵᠦ | ᠨᠡᠭᠡᠭᠡᠨ ᠬᠦᠭᠵᠢᠬᠦᠯᠬᠦ ᠠᠵᠢᠯ ᠳᠤ ᠤᠷᠤᠯᠴᠠᠭᠤᠯᠵᠦ᠂ 2020 ᠣᠨ ᠪᠣᠯᠬᠤ ᠳᠤ ᠮᠠᠨ ᠤ ᠬᠤᠰᠢᠭᠤᠨ ᠤ | ᠣᠳᠤ ᠶᠢᠨ ᠬᠡᠷᠡᠭᠵᠢᠬᠦᠯᠵᠦ ᠪᠠᠶᠢᠭ᠎ᠠ ᠪᠠᠷᠢᠮᠵᠢᠶ᠎ᠠ ᠪᠠᠷ ᠶᠠᠳᠠᠭᠤ ᠬᠦᠴᠢᠷᠳᠡᠯᠳᠡᠢ ᠬᠦᠮᠦᠨ ᠠᠮᠠ ᠶᠢ ᠪᠦᠬᠦᠨ ᠢ | ᠶᠠᠳᠠᠭᠤ ᠠᠴᠠ ᠠᠩᠭᠢᠵᠢᠷᠠᠭᠤᠯᠬᠤ ᠶᠢ ᠪᠠᠳᠤᠯᠠᠵᠦ᠂ ᠶᠠᠳᠠᠭᠤ ᠠᠴᠠ ᠠᠩᠬᠢᠵᠢᠷᠠᠭᠤᠯᠬᠤ ᠲᠠᠶᠢᠯᠠᠯᠳᠤᠭᠠᠨ ᠤ ᠢᠯᠠᠯᠳᠠ | ᠶᠢ ᠲᠡᠮᠡᠴᠠᠨ ᠤᠯᠤᠨ᠎ᠠ᠃ | ᠣᠯᠠᠨ ᠨᠡᠶᠢᠳᠠ ᠶᠢᠨ ᠰᠣᠶᠣᠯ ᠲᠠᠮᠢᠷ ᠤᠨ ᠦᠢᠯᠡᠰ ᠢ ᠶᠡᠬᠡᠪᠡᠷ ᠬᠦᠭᠵᠢᠬᠦᠯᠦᠨ᠎ᠡ᠃ ᠰᠢ ᠶᠢᠨ ᠫᠢᠩ | ᠶᠡᠷᠦᠩᠬᠡᠢ ᠱᠦᠵᠢ ᠰᠦᠨᠢᠳ ᠪᠠᠷᠠᠭᠤᠨ ᠬᠤᠰᠢᠭᠤᠨ ᠤ ᠣᠯᠠᠭᠠᠨᠮᠦ᠋ᠴᠢᠷ ᠤᠨ ᠭᠡᠰᠢᠬᠦᠳ ᠲᠤ ᠢᠯᠡᠭᠡᠭᠰᠡᠨ ᠬᠠᠷᠢᠭᠤ | ᠵᠠᠬᠢᠳᠠᠯ ᠤᠨ ᠴᠢᠬᠤᠯᠠ ᠵᠢᠭᠠᠪᠦᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠣᠷᠣᠯᠴᠠᠨ ᠲᠣᠣᠱᠯᠠᠭᠤᠯᠵᠦ᠂ | ᠰᠣᠶᠣᠯ ᠣᠷᠠᠯᠢᠭ ᠤᠨ ᠰᠢᠨ᠎ᠡ ᠶᠢ ᠡᠭᠦᠳᠴᠦ᠂ ᠠᠷᠠᠳ ᠤᠨ ᠠᠮᠢᠳᠣᠷᠠᠯ ᠲᠠᠢ ᠤᠶᠢᠷᠠᠳᠤᠭᠰᠠᠨ᠂ ᠰᠢᠯᠢᠳᠡᠭ | ᠣᠯᠠᠮᠵᠢᠯᠠᠯ ᠢ ᠪᠠᠳᠠᠷᠠᠭᠤᠯᠣᠭᠰᠠᠨ ᠣᠬᠢ ᠰᠠᠶᠢᠨ ᠤᠳᠬ᠎ᠠ ᠣᠷᠠᠯᠢᠭ ᠤᠨ ᠪᠦᠳᠣᠭᠡᠯ ᠢ ᠵᠣᠬᠢᠶᠠᠨ ᠪᠦᠳᠣᠭᠡᠨᠠ᠃ | ᠰᠤᠳᠤᠨ ᠪᠦᠳᠦᠭᠡᠯ᠂ ᠨᠡᠷᠡᠳᠦ ᠲᠡᠮᠳᠡᠭ ᠢ ᠪᠤᠢ ᠪᠤᠯᠭᠠᠬᠤ ᠤᠬᠠᠮᠰᠠᠷ ᠢ ᠲᠤᠪᠤᠶᠢᠯᠭᠠᠨ᠂ ︽ᠦᠵᠦᠮᠦᠴᠢᠨ | ᠨᠠᠭᠠᠳᠤᠮ — ᠮᠦᠩᠭᠦᠨ ᠡᠪᠤᠯ ᠤᠨ ᠨᠠᠶᠢᠷ︾᠂ ︽ᠪᠠᠭ᠋ᠠᠷᠤᠮ᠎ᠠ ᠰᠠᠶᠢᠬᠠᠨ ᠪᠠᠷᠠᠭᠤᠨ ᠦᠵᠦᠮᠦᠴᠢᠨ — ᠰᠤᠶᠤᠯ | ᠵᠢᠭᠤᠯᠴᠢᠯᠠᠯ ᠤᠨ ᠨᠠᠶᠢᠷ︾᠂ ᠮᠣᠩᠭᠤᠯ ᠦᠨᠳᠦᠰᠦᠳᠡᠨ ᠤ ᠡᠷ᠎ᠡ ᠶᠢᠨ ᠭᠤᠷᠪᠠᠨ ᠨᠠᠭᠠᠳᠤᠮ ᠵᠡᠷᠭᠡ ᠨᠢᠭᠡ ᠪᠦᠯᠦᠭ | ᠰᠤᠶᠤᠯ ᠲᠠᠮᠢᠷ ᠤᠨ ᠨᠡᠷᠡᠳᠣ ᠲᠡᠮᠳᠡᠭᠳᠤ ᠤᠷᠤᠯᠳᠤᠭᠠᠨ ᠢ ᠦᠷᠭᠦᠯᠵᠢᠯᠡᠨ ᠡᠷᠬᠢᠯᠡᠵᠦ᠂ ᠰᠤᠶᠤᠯ ᠤᠨ ᠢᠳᠡᠭᠡᠯ ᠢᠶᠠᠨ | ᠪᠠᠳᠤᠳᠬᠠᠨ᠂ ᠨᠡᠶᠢᠭᠡᠮ ᠵᠢᠷᠤᠮ ᠤᠨ ᠰᠤᠶᠤᠯ ᠢ ᠴᠡᠴᠡᠭᠯᠡᠭᠦᠯᠦᠨ ᠭᠦᠭᠵᠢᠭᠦᠯᠦᠨ᠎ᠠ᠃ ᠰᠣᠶᠣᠯ ᠢᠶᠠᠷ ᠠᠷᠠᠳ ᠲᠤ | ᠠᠰᠢᠭ ᠬᠦᠷᠳᠡᠭᠡᠬᠦ ᠢᠨᠵᠧᠨᠧᠷᠢᠩ ᠢ ᠭᠡᠷᠡᠭᠵᠢᠭᠦᠯᠦᠨ᠂ ᠪᠣᠳᠠᠰ ᠤᠨ ᠪᠣᠰᠣ ᠰᠣᠶᠣᠯ ᠤᠨ ᠦᠪ ᠢ ᠬᠠᠮᠠᠭᠠᠯᠠᠨ | ᠣᠯᠠᠮᠵᠢᠯᠠᠵᠦ᠂ ᠨᠢᠭᠡ ᠪᠦᠯᠦᠭ ᠰᠤᠶᠤᠯ ᠤᠨ ᠣᠨᠴᠠᠯᠢᠭᠳᠣ ᠭᠠᠴᠠᠭ᠎ᠠ᠂ ᠰᠣᠶᠣᠯ ᠤᠨ ᠤᠨᠴᠠᠯᠢᠭᠳᠤ ᠵᠢᠱᠢᠶ᠎ᠡ | ᠦᠵᠡᠬᠦᠯᠬᠦ ᠡᠷᠣᠬᠡ ᠶᠢ ᠰᠣᠩᠭᠤᠵᠣ᠂ ᠦᠨᠳᠦᠰᠦᠳᠡᠨ ᠤ ᠰᠣᠶᠣᠯ ᠤᠨ ᠠᠵᠢᠯ ᠦᠢᠯᠡᠰ ᠢ ᠳᠦᠷᠭᠡᠳᠬᠡᠨ | ᠬᠦᠭᠵᠢᠬᠦᠯᠦᠨ᠎ᠡ᠃ ᠬᠤᠰᠢᠭᠤ ᠱᠠᠳᠤ᠂ ᠰᠤᠮᠤ ᠪᠠᠯᠭᠠᠰᠤᠨ ᠤ ᠱᠠᠳᠤᠨ ᠤ ᠪᠦᠭᠦ ᠠᠷᠠᠳ ᠢᠶᠠᠷ ᠢᠶᠠᠨ ᠪᠡᠶ᠎ᠡ | ᠴᠢᠬᠢᠷᠠᠭᠵᠢᠭᠤᠯᠬᠤ ᠬᠦᠳᠡᠯᠭᠡᠭᠡᠨ ᠤ ᠳᠦᠪ ᠢ ᠳᠡᠰ ᠳᠡᠪᠰᠢᠬᠦᠯᠵᠦ᠂ ᠪᠦᠬᠦ ᠠᠷᠠᠳ ᠢᠶᠠᠷ ᠢᠶᠠᠨ ᠪᠡᠶ᠎ᠡ | ᠴᠢᠬᠢᠷᠠᠭᠵᠢᠭᠤᠯᠬᠤ ᠠᠵᠢᠯᠯᠠᠭ᠎ᠠ ᠶᠢ ᠦᠷᠭᠡᠨ ᠲᠡᠯᠭᠡᠷᠡᠩᠭᠦᠢ ᠥᠷᠨᠢᠭᠦᠯᠦᠨ᠂ 2022 ᠣᠨ ᠪᠣᠯᠬᠤ ᠳᠤ ᠤᠯᠤᠰ | ᠠᠷᠠᠳ ᠤᠨ ᠪᠡᠶ᠎ᠡ ᠮᠠᠬᠠᠪᠤᠳ ᠤᠨ ᠶᠠᠰᠤ ᠴᠢᠨᠠᠷ ᠢ ᠬᠢᠨᠠᠨ ᠲᠤᠭᠳᠠᠭᠠᠬᠤ ᠪᠠᠷᠢᠮᠵᠢᠶ᠎ᠠ ᠳᠤ ᠬᠢᠷᠢ ᠲᠡᠩᠴᠡᠭᠰᠡᠨ ᠨᠤᠷᠮ᠎ᠠ | ᠶᠢ 90% ᠠᠴᠠ ᠳᠡᠭᠡᠭᠰᠢ ᠳᠤ ᠬᠦᠷᠬᠡᠬᠦ ᠪᠠᠷ ᠴᠢᠷᠮᠠᠶᠢᠨ᠎ᠠ᠃ | ᠡᠮ ᠡᠮᠨᠡᠯᠭᠡ ᠡᠷᠡᠬᠦᠯ ᠬᠠᠮᠠᠭᠠᠯᠠᠯ ᠤᠨ ᠠᠵᠢᠯ ᠦᠢᠯᠡᠰ ᠢ ᠪᠠᠬᠢᠵᠢᠭᠦᠯᠦᠨ ᠭᠦᠭᠵᠢᠭᠦᠯᠦᠨ᠎ᠠ᠃ ᠡᠷᠡᠭᠦᠯ | ᠡᠩᠬᠡ ᠪᠠᠷᠠᠭᠤᠨ ᠦᠵᠦᠮᠦᠴᠢᠨ ᠤ ᠪᠠᠶᠢᠭᠤᠯᠤᠯᠳᠠ ᠶᠢ ᠠᠬᠢᠭᠤᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠯ ᠤᠨ ᠦᠭᠡᠷᠡᠴᠢᠯᠡᠯᠳᠠ ᠶᠢ ᠬᠦᠨᠵᠡᠭᠡᠶᠢᠷᠡᠭᠦᠯᠦᠨ᠂ ᠱᠠᠳᠤ ᠬᠤᠪᠢᠶᠠᠨ ᠣᠨᠣᠰᠢᠯᠠᠨ ᠡᠮᠴᠢᠯᠡᠬᠦ᠂ | ᠣᠳᠣᠬᠢᠴᠢᠯᠠᠭᠰᠠᠨ ᠡᠮᠨᠡᠯᠭᠡ ᠶᠢᠨ ᠬᠠᠮᠢᠶᠠᠷᠣᠯᠳᠠ᠂ ᠪᠦᠬᠦ ᠠᠷᠠᠳ ᠢᠶᠠᠷ ᠢᠶᠠᠨ ᠡᠮᠨᠡᠯᠭᠡ ᠶᠢᠨ ᠲᠠᠭᠠᠳᠬᠠᠯ ᠳᠤ | ᠣᠷᠣᠯᠴᠠᠬᠤ᠂ ᠡᠮ ᠤᠨ ᠵᠦᠢᠯ ᠤᠨ ᠬᠠᠩᠭᠠᠯᠭ᠎ᠠ ᠶᠢ ᠪᠠᠳᠤᠯᠠᠬᠤ᠂ ᠶᠡᠷᠦᠩᠬᠡᠶᠢᠯᠡᠨ ᠬᠢᠨᠠᠨ ᠬᠠᠮᠢᠶᠠᠷᠬᠤ ᠵᠡᠷᠭᠡ | ᠲᠦᠷᠢᠮ ᠢ ᠲᠡᠭᠦᠯᠳᠡᠷᠵᠢᠭᠦᠯᠦᠨ᠎ᠠ᠃ ᠦᠨᠳᠦᠰᠦᠨ ᠱᠠᠳᠣᠨ ᠤ ᠡᠮ ᠡᠮᠨᠡᠯᠭᠡ ᠡᠷᠡᠬᠦᠯ ᠬᠠᠮᠠᠭᠠᠯᠠᠯ ᠤᠨ | ᠦᠢᠯᠡᠴᠢᠯᠡᠬᠡᠨ ᠤ ᠰᠢᠰᠲ᠋ᠧᠮ ᠪᠠ ᠪᠦᠬᠦᠶᠢᠯᠡ ᠡᠮᠴᠢᠯᠡᠬᠡᠨ ᠤ ᠰᠠᠯᠠᠭᠠᠨ ᠤ ᠡᠮᠴᠢ ᠶᠢᠨ ᠡᠩᠨᠡᠭᠡᠨ ᠤ ᠪᠠᠶᠢᠭᠤᠯᠣᠯᠳᠠ ᠶᠢ | ᠴᠢᠩᠭᠠᠳᠬᠠᠵᠤ᠂ ᠦᠨᠳᠦᠰᠦᠨ ᠱᠠᠳᠣᠨ ᠤ ᠡᠮᠴᠢᠯᠡᠬᠡᠨ ᠤ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠴᠢᠳᠠᠪᠦᠷᠢ ᠶᠢ | ᠦᠷᠭᠦᠯᠵᠢᠯᠡᠨ ᠲᠡᠭᠡᠭᠰᠢᠯᠡᠬᠦᠯᠦᠨ᠎ᠡ᠃ ᠡᠬᠡ ᠤᠷᠤᠨᠴᠢ ᠡᠷᠡᠬᠦᠯ ᠬᠠᠮᠠᠭᠠᠯᠠᠯ ᠤᠨ ᠠᠵᠢᠯᠯᠠᠭ᠎ᠠ ᠶᠢ ᠭᠦᠨᠵᠡᠭᠡᠢ | ᠦᠷᠨᠢᠭᠦᠯᠦᠨ᠎ᠠ᠃ ᠦᠪᠡᠷᠳᠡᠭᠡᠨ ᠵᠠᠰᠠᠬᠤ ᠤᠷᠤᠨ ᠤ ᠲᠡᠰ ᠤᠨ ᠡᠷᠡᠬᠦᠯ ᠡᠩᠬᠡ ᠬᠤᠰᠢᠭᠤ ᠶᠢ ᠡᠭᠦᠳᠦᠨ | ᠪᠠᠶᠢᠭᠤᠯᠬᠤ ᠪᠠᠷ ᠬᠠᠷᠠᠯᠲᠠ ᠪᠤᠯᠭᠠᠨ᠂ ᠡᠷᠡᠭᠦᠯ ᠴᠢᠬᠢᠷᠠᠭ ᠪᠣᠯᠪᠠᠰᠣᠨ ᠠᠮᠢᠳᠣᠷᠠᠯ ᠤᠨ ᠠᠷᠭ᠎ᠠ ᠬᠡᠯᠪᠡᠷᠢ ᠶᠢ | ᠲᠦᠭᠡᠮᠡᠯᠵᠢᠬᠦᠯᠦᠨ᠂ ᠬᠦᠨᠳᠣ ᠡᠪᠡᠳᠴᠢᠨ ᠢ ᠣᠷᠢᠳᠴᠢᠯᠠᠨ ᠰᠡᠷᠭᠡᠶᠢᠯᠡᠨ᠎ᠡ᠃ ᠮᠣᠩᠭᠤᠯ ᠬᠢᠲᠠᠳ ᠡᠮ ᠡᠮᠨᠡᠯᠭᠡ ᠶᠢ | ᠨᠠᠰᠣᠳᠠᠨ ᠢ ᠠᠰᠠᠷᠠᠬᠤ ᠦᠢᠯᠡᠰ ᠲᠠᠢ ᠣᠶᠠᠯᠳᠣᠭᠤᠯᠣᠨ᠂ ᠮᠣᠩᠭᠤᠯ ᠡᠮ ᠡᠮᠨᠡᠯᠭᠡ ᠶᠢᠨ ᠪᠦᠬᠦ ᠲᠠᠯ᠎ᠠ ᠶᠢᠨ | ᠵᠣᠬᠢᠴᠠᠩᠭᠤᠢ ᠭᠦᠭᠵᠢᠯᠳᠠ ᠶᠢ ᠠᠬᠢᠭᠤᠯᠣᠨ᠎ᠠ᠃ ᠬᠦᠮᠦᠨ ᠠᠮᠠ ᠶᠢᠨ ᠨᠠᠰᠣᠵᠢᠯ ᠤᠨ ᠠᠰᠠᠭᠤᠳᠠᠯ ᠢ ᠢᠳᠡᠪᠬᠢᠳᠠᠢ | ᠠᠷᠭᠠᠴᠠᠭᠠᠵᠣ᠂ ᠨᠠᠰᠣᠳᠠᠨ ᠢ ᠠᠰᠠᠷᠠᠬᠤ ᠲᠥᠷᠦ ᠶᠢᠨ ᠪᠣᠳᠣᠯᠭ᠎ᠠ ᠶᠢᠨ ᠰᠢᠰᠲ᠋ᠧᠮ ᠪᠠ ᠨᠠᠰᠣᠳᠠᠨ ᠢᠶᠠᠨ ᠠᠴᠢᠯᠠᠨ | ᠬᠦᠨᠳᠦᠯᠡᠬᠦ ᠨᠡᠶᠢᠭᠡᠮ ᠤᠨ ᠣᠷᠴᠢᠨ ᠲᠣᠭᠤᠷᠢᠨ ᠢ ᠪᠠᠶᠢᠭᠤᠯᠣᠨ᠂ ᠨᠠᠰᠣᠳᠠᠨ ᠢ ᠠᠰᠠᠷᠠᠬᠤ ᠦᠢᠯᠡᠴᠢᠯᠡᠬᠡᠨ ᠤ ᠵᠠᠬ᠎ᠠ | ᠲᠡᠯᠭᠡᠭᠦᠷ ᠢ ᠪᠦᠬᠦ ᠲᠠᠯ᠎ᠠ ᠪᠠᠷ ᠨᠡᠭᠡᠭᠡᠵᠤ᠂ ᠨᠠᠰᠣᠵᠢᠯ ᠤᠨ ᠠᠵᠢᠯ ᠦᠢᠯᠡᠰ ᠪᠠ ᠠᠵᠣ ᠤᠶᠢᠯᠠᠰ ᠤᠨ ᠬᠦᠭᠵᠢᠯᠳᠡ ᠶᠢ | ᠲᠦᠷᠭᠡᠳᠭᠡᠨ᠎ᠡ᠃ ᠣᠯᠣᠰ ᠤᠨ ᠬᠦᠮᠦᠨ ᠠᠮᠠ ᠶᠢᠨ ᠦᠷᠡᠵᠢᠯ ᠤᠨ ᠲᠥᠷᠦ ᠶᠢᠨ ᠪᠣᠳᠣᠯᠭ᠎ᠠ ᠶᠢ ᠨᠠᠶᠢᠳᠠᠪᠦᠷᠢᠵᠢᠭᠤᠯᠵᠦ | ᠂ ᠬᠦᠮᠦᠨ ᠠᠮᠠ ᠶᠢᠨ ᠣᠷᠳᠣ ᠬᠤᠭᠤᠴᠠᠭᠠᠨ ᠤ ᠲᠡᠩᠴᠡᠬᠦᠷᠢᠳᠠᠢ ᠬᠦᠭᠵᠢᠯᠳᠡ ᠶᠢ ᠠᠬᠢᠭᠤᠯᠣᠨ᠎ᠠ᠃ ᠢᠳᠡᠭᠡᠨ ᠤ | ᠠᠶᠣᠯᠭᠦᠢ ᠶᠢᠨ ᠪᠠᠶᠢᠯᠳᠣᠬᠤ ᠪᠣᠳᠣᠯᠭ᠎ᠠ ᠶᠢ ᠬᠡᠷᠡᠭᠵᠢᠬᠦᠯᠵᠦ᠂ ᠤᠯᠠᠨ ᠲᠦᠮᠡᠨ ᠤ ᠢᠳᠡᠭᠡᠨ ᠤ ᠠᠮᠣᠷ ᠲᠦᠪᠰᠢᠨ ᠢ | ᠪᠠᠳᠣᠯᠠᠨ᠎ᠠ᠃ | ︵ᠨᠠᠢᠮᠠ︶ ᠬᠠᠮᠳᠣᠪᠡᠷ ᠪᠠᠶᠢᠭᠤᠯᠣᠨ ᠬᠠᠮᠳᠣᠪᠡᠷ ᠵᠠᠰᠠᠨ ᠴᠡᠭᠴᠡᠯᠡᠵᠦ ᠬᠠᠮᠳᠣᠪᠡᠷ ᠡᠳ᠋ᠯᠡᠭᠰᠡᠨ ᠨᠡᠶᠢᠭᠡᠮ ᠤᠨ | ᠵᠠᠰᠠᠯᠳᠠ ᠶᠢᠨ ᠲᠤᠭᠲᠠᠴᠠ ᠶᠢ ᠪᠣᠢ ᠪᠣᠯᠭᠠᠨ᠎ᠠ᠃ ᠨᠡᠶᠢᠭᠡᠮ ᠤᠨ ᠵᠠᠰᠠᠯᠳᠠ ᠶᠢᠨ ᠲᠦᠷᠢᠮ ᠤᠨ ᠪᠠᠶᠢᠭᠤᠯᠣᠯᠳᠠ ᠶᠢ | ᠴᠢᠩᠭᠠᠳᠬᠠᠨ᠂ ᠵᠠᠰᠠᠭ ᠤᠨ ᠣᠷᠳᠣᠨ ᠠᠴᠠ ᠬᠠᠷᠢᠭᠤᠴᠠᠵᠣ᠂ ᠨᠡᠶᠢᠬᠡᠮ ᠨᠡᠶᠢᠳᠠ ᠪᠠᠷ ᠬᠠᠮᠵᠢᠯᠴᠡᠨ᠂ ᠣᠯᠠᠨ ᠲᠦᠮᠡᠨ | ᠤᠷᠤᠯᠴᠠᠭᠰᠠᠨ᠂ ᠬᠠᠣᠯᠢ ᠪᠠᠷ ᠵᠠᠰᠠᠬᠤ ᠪᠠᠳᠣᠯᠠᠭ᠎ᠠ ᠲᠠᠢ ᠨᠡᠶᠢᠬᠡᠮ ᠤᠨ ᠵᠠᠰᠠᠯᠳᠠ ᠶᠢᠨ ᠲᠤᠭᠳᠠᠴᠠ ᠶᠢ | ᠪᠦᠷᠢᠨᠰᠢᠬᠦᠯᠦᠨ᠂ ᠨᠡᠶᠢᠬᠡᠮ ᠤᠨ ᠵᠠᠰᠠᠨ ᠴᠡᠭᠴᠡᠯᠡᠯᠳᠡ ᠶᠢᠨ ᠨᠡᠶᠢᠭᠡᠮᠴᠢᠯᠡᠭᠰᠡᠨ᠂ ᠬᠠᠣᠯᠢ ᠳᠦᠷᠢᠮᠵᠢᠭᠰᠡᠨ᠂ | ᠤᠶᠤᠨᠴᠢᠯᠠᠭᠰᠠᠨ᠂ ᠳᠤᠰᠬᠠᠶᠢᠵᠢᠭᠰᠠᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠨᠡᠶᠢᠬᠡᠮ ᠤᠨ ᠵᠥᠷᠢᠴᠡᠯ | ᠵᠢᠭᠤᠷᠭᠠᠨ ᠢ ᠣᠷᠢᠳᠴᠢᠯᠠᠨ ᠰᠡᠷᠭᠡᠶᠢᠯᠡᠬᠦ ᠪᠠ ᠡᠶᠡᠳᠡᠬᠦᠯᠦᠨ ᠵᠣᠬᠢᠴᠠᠭᠤᠯᠬᠤ ᠳᠤᠭᠳᠠᠴᠠ ᠶᠢ ᠪᠠᠶᠢᠭᠤᠯᠣᠨ | ᠪᠦᠷᠢᠨᠰᠢᠬᠦᠯᠵᠦ᠂ ᠠᠷᠠᠳ ᠤᠨ ᠳᠤᠳᠤᠭᠠᠳᠤᠬᠢ ᠵᠥᠷᠢᠴᠡᠯ ᠢ ᠵᠥᠪ ᠣᠨᠣᠪᠴᠢᠳᠠᠢ ᠰᠢᠢᠳᠪᠦᠷᠢᠯᠡᠨ᠎ᠡ᠃ | ᠦᠨᠳᠦᠰᠦᠳᠡᠨ ᠱᠠᠰᠢᠨ ᠰᠣᠷᠳᠠᠬᠤᠨ ᠤ ᠠᠵᠢᠯ ᠤᠨ ᠲᠤᠬᠠᠢ ᠨᠠᠮ ᠤᠨ ᠴᠢᠭᠯᠡᠯᠳᠡ᠂ ᠲᠥᠷᠦ ᠶᠢᠨ ᠪᠣᠳᠣᠯᠭ᠎ᠠ ᠶᠢ | ᠪᠠᠷᠢᠮᠳᠠᠯᠠᠨ᠂ ᠦᠨᠳᠦᠰᠦᠳᠡᠨ ᠱᠠᠰᠢᠨ ᠰᠣᠷᠳᠠᠬᠤᠨ ᠤ ᠠᠵᠢᠯ ᠤᠨ ᠬᠠᠮᠢᠶᠠᠷᠤᠯᠳᠠ ᠶᠢ ᠬᠠᠤᠯᠢ ᠶᠤᠰᠤᠭᠠᠷ | ᠴᠢᠩᠭᠠᠳᠬᠠᠵᠦ᠂ ᠰᠢᠨ᠎ᠡ ᠬᠡᠪ ᠪᠠᠶᠢᠳᠠᠯ ᠲᠣᠣᠷᠠᠬᠢ ᠦᠨᠳᠦᠰᠦᠳᠡᠨ ᠱᠠᠰᠢᠨ ᠰᠣᠷᠳᠠᠬᠤᠨ ᠤ ᠠᠵᠢᠯ ᠤᠨ ᠬᠢᠷᠢ | ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ ᠠᠶᠣᠯᠭᠦᠢ ᠬᠦᠭᠵᠢᠯᠳᠡ ᠶᠢᠨ ᠣᠶᠢᠯᠭᠠᠭᠳᠠᠬᠤᠨ ᠢ ᠪᠣᠢ | ᠪᠤᠯᠭᠠᠵᠤ᠂ ᠤᠯᠠᠨ ᠨᠡᠶᠢᠳᠠ ᠶᠢᠨ ᠠᠶᠣᠯᠬᠦᠢ ᠶᠢᠨ ᠰᠢᠰᠲ᠋ᠧᠮ ᠢ ᠪᠦᠷᠢᠨᠰᠢᠬᠦᠯᠦᠨ᠂ ᠠᠶᠣᠯᠬᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠲᠦᠷᠢᠮ ᠢ ᠳᠡᠭᠦᠯᠳᠡᠷᠵᠢᠬᠦᠯᠵᠦ᠂ ᠤᠨᠴᠠ ᠶᠡᠭᠡ ᠠᠶᠤᠯ ᠠᠳᠡᠯ ᠤᠨ ᠬᠡᠷᠡᠭ ᠭᠠᠷᠬᠤ ᠶᠢ ᠡᠷᠡᠰ | ᠰᠡᠷᠭᠡᠶᠢᠯᠡᠨ᠎ᠡ᠃ ᠨᠡᠶᠢᠭᠡᠮ ᠤᠨ ᠠᠮᠣᠷ ᠢ ᠬᠠᠮᠠᠭᠠᠯᠠᠬᠤ ᠰᠡᠷᠭᠡᠶᠢᠯᠡᠨ ᠬᠤᠷᠢᠭᠯᠠᠬᠤ ᠰᠢᠰᠲ᠋ᠧᠮ ᠤᠨ ᠪᠠᠶᠢᠭᠤᠯᠣᠯᠳᠠ ᠶᠢ | ᠲᠦᠷᠭᠡᠳᠬᠡᠨ᠂ ᠡᠯ᠎ᠡ ᠲᠦᠷᠦᠯ ᠤᠨ ᠬᠠᠣᠯᠢ ᠵᠥᠷᠢᠴᠡᠭᠰᠡᠨ ᠠᠵᠢᠯᠯᠠᠭ᠎ᠠ ᠳᠤ ᠬᠠᠣᠯᠢ ᠶᠣᠰᠣᠭᠠᠷ ᠴᠢᠩᠭ᠎ᠠ ᠴᠣᠬᠢᠯᠳᠠ | ᠦᠭᠴᠦ᠂ ᠠᠷᠠᠳ ᠲᠦᠮᠡᠨ ᠤ ᠬᠤᠪᠢ ᠪᠡᠶ᠎ᠡ ᠶᠢᠨ ᠡᠷᠭᠡ᠂ ᠡᠳ᠋ ᠬᠤᠭᠰᠢᠯ ᠤᠨ ᠡᠷᠭᠡ᠂ ᠨᠡᠷ᠎ᠡ ᠭᠦᠨᠳᠤ ᠶᠢᠨ | ᠡᠷᠬᠡ ᠶᠢ ᠬᠠᠮᠠᠭᠠᠯᠠᠨ᠎ᠠ᠃ ᠨᠡᠶᠢᠬᠡᠮ ᠤᠨ ᠰᠡᠳᠬᠢᠴᠡ ᠶᠢᠨ ᠦᠢᠯᠡᠴᠢᠯᠡᠬᠡᠨ ᠤ ᠰᠢᠰᠲ᠋ᠧᠮ ᠤᠨ ᠪᠠᠶᠢᠭᠤᠯᠣᠯᠳᠠ ᠶᠢ | ᠴᠢᠩᠭᠠᠳᠬᠠᠨ᠂ ᠦᠪᠡᠷ ᠢ ᠪᠠᠨ ᠬᠦᠨᠳᠦᠯᠡᠨ᠂ ᠦᠪᠡᠷ ᠲᠡᠭᠡᠨ ᠢᠳᠡᠭᠡᠯ ᠲᠠᠢ᠂ ᠤᠬᠠᠭᠠᠯᠢᠭ᠂ ᠣᠷᠣᠭᠰᠢ ᠲᠠᠪᠰᠢᠬᠤ | ᠵᠣᠷᠢᠭ ᠲᠠᠢ ᠦᠭᠡᠳᠡᠷᠬᠡᠭ ᠰᠠᠶᠢᠬᠠᠨ ᠨᠡᠶᠢᠭᠡᠮ ᠤᠨ ᠵᠦᠪ ᠡᠨᠧᠷᠬᠢ ᠶᠢ ᠪᠣᠢ ᠪᠣᠯᠭᠠᠨ᠎ᠠ᠃ ᠨᠡᠶᠢᠭᠡᠮ ᠲᠣᠭᠤᠷᠢᠭ ᠢ | ᠵᠠᠰᠠᠨ ᠴᠡᠭᠴᠡᠯᠡᠬᠦ ᠰᠢᠰᠲ᠋ᠧᠮ ᠤᠨ ᠪᠠᠶᠢᠭᠤᠯᠣᠯᠳᠠ ᠶᠢ ᠴᠢᠩᠭᠠᠳᠬᠠᠨ᠂ ᠨᠡᠶᠢᠬᠡᠮ ᠤᠨ ᠡᠮᠬᠢ ᠲᠢᠭᠯᠢᠮ ᠢ ᠵᠠᠰᠠᠨ | ᠴᠡᠭᠴᠡᠯᠡᠭᠦ ᠠᠵᠢᠯ ᠤᠨ ᠭᠤᠤᠯᠳᠠᠯᠭ᠎ᠠ ᠶᠢ ᠦᠨᠳᠦᠰᠦᠨ ᠱᠠᠳᠣ ᠵᠦᠭ ᠰᠢᠯᠵᠢᠭᠦᠯᠵᠤ᠂ ᠨᠡᠶᠢᠬᠡᠮ ᠤᠨ ᠵᠣᠬᠢᠶᠠᠨ | ᠪᠠᠶᠢᠭᠤᠯᠣᠯᠳᠠ ᠶᠢᠨ ᠦᠢᠯᠡᠳᠣᠯ ᠢ ᠪᠠᠳᠠᠷᠠᠭᠤᠯᠣᠨ᠂ ᠵᠠᠰᠠᠭ ᠤᠨ ᠣᠷᠳᠣᠨ ᠠᠴᠠ ᠵᠠᠰᠠᠨ ᠴᠡᠭᠴᠡᠯᠡᠬᠦ ᠪᠠ ᠨᠡᠶᠢᠭᠡᠮ ᠤᠨ | ᠡᠶᠡᠳᠡᠭᠦᠯᠭᠡ᠂ ᠰᠠᠭᠤᠭᠠᠯᠢ ᠠᠷᠠᠳ ᠤᠨ ᠦᠪᠡᠷᠳᠡᠭᠡᠨ ᠵᠠᠰᠠᠬᠤ ᠤᠭᠢ ᠰᠠᠶᠢᠨ ᠭᠡᠪ ᠪᠠᠶᠢᠳᠠᠯ ᠢ ᠪᠤᠢ ᠪᠤᠯᠭᠠᠨ᠎ᠠ᠃ | ︵ᠶᠢᠰᠦ︶ ᠵᠠᠰᠠᠭ ᠤᠨ ᠣᠷᠳᠣᠨ ᠤ ᠴᠢᠳᠠᠪᠬᠢ ᠶᠢ ᠬᠤᠪᠢᠷᠠᠭᠤᠯᠬᠤ ᠶᠢ ᠪᠦᠬᠦ ᠬᠦᠴᠦᠨ ᠢᠶᠠᠷ ᠢᠶᠠᠨ | ᠲᠦᠯᠬᠢᠨ ᠠᠬᠢᠭᠤᠯᠵᠣ᠂ ᠤᠶᠢᠯᠡᠴᠢᠯᠡᠭᠡ ᠬᠠᠮᠢᠶᠠᠷᠣᠯᠳᠠ ᠶᠢᠨ ᠬᠢᠷᠢ ᠲᠦᠪᠰᠢᠨ ᠢᠶᠠᠨ ᠲᠠᠰᠣᠷᠠᠯᠳᠠ ᠦᠭᠡᠢ | ᠲᠡᠭᠡᠭᠰᠢᠯᠡᠬᠦᠯᠦᠨ᠎ᠡ᠃ ︽ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠭᠦ︾ | ᠭᠤᠤᠯ ᠰᠡᠳᠦᠪᠳᠤ ᠭᠦᠮᠦᠵᠢᠯ ᠤᠨ ᠠᠵᠢᠯᠯᠠᠭ᠎ᠠ ᠶᠢ ᠭᠦᠨᠵᠡᠭᠡᠢ ᠦᠷᠨᠢᠭᠦᠯᠵᠤ᠂ ᠨᠠᠮ ᠤᠨ ᠰᠢᠨ᠎ᠡ ᠤᠨᠤᠯ ᠢᠶᠠᠷ | ᠲᠠᠷᠢᠬᠢ ᠲᠤᠯᠤᠭᠠᠢ ᠪᠠᠨ ᠵᠡᠪᠰᠡᠭᠯᠡᠨ᠎ᠡ᠃ ᠵᠠᠰᠠᠭ ᠤᠨ ᠶᠠᠪᠣᠳᠠᠯ ᠢ ᠴᠣᠮᠬᠠᠳᠬᠠᠨ ᠡᠷᠬᠡ ᠪᠠᠨ ᠲᠣᠷᠣᠭᠰᠢ | ᠪᠠᠭᠤᠯᠭᠠᠬᠤ ᠶᠢ ᠬᠦᠨᠵᠡᠭᠡᠶᠢᠷᠡᠬᠦᠯᠦᠨ᠂ ᠬᠢᠨᠠᠨ ᠬᠠᠮᠢᠶᠠᠷᠬᠤ ᠠᠷᠭ᠎ᠠ ᠬᠡᠯᠪᠡᠷᠢ ᠪᠠᠨ ᠰᠢᠨᠡᠳᠭᠡᠵᠦ᠂ ᠵᠠᠰᠠᠭ ᠤᠨ | ᠣᠷᠳᠣᠨ ᠤ ᠢᠳᠡᠭᠡᠮᠵᠢ ᠶᠢᠨ ᠬᠦᠴᠦᠨ ᠪᠠ ᠬᠡᠷᠡᠭᠵᠢᠬᠦᠯᠬᠦ ᠭᠦᠴᠦᠨ ᠢᠶᠠᠨ ᠲᠡᠭᠡᠭᠰᠢᠯᠡᠭᠦᠯᠵᠦ᠂ ᠠᠷᠠᠳ ᠲᠦᠮᠡᠨ | ᠬᠠᠨᠣᠮᠵᠢᠳᠠᠢ ᠦᠢᠯᠡᠴᠢᠯᠡᠬᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠣᠨ᠎ᠠ᠃ ᠬᠠᠣᠯᠢ ᠪᠠᠷ ᠵᠠᠰᠠᠬᠤ | ᠰᠡᠳᠬᠢᠴᠡ ᠪᠠ ᠠᠷᠭ᠎ᠠ ᠬᠡᠯᠪᠡᠷᠢ ᠪᠠᠷ ᠡᠬᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠲᠦᠪ ᠭᠤᠤᠯᠴᠢ | ᠪᠣᠯᠪᠠᠰᠣᠨ ᠢᠶᠠᠷ ᠬᠠᠣᠯᠢ ᠬᠡᠷᠡᠭᠵᠢᠬᠦᠯᠬᠦ ᠶᠢ ᠴᠢᠩᠭ᠎ᠠ ᠲᠦᠷᠢᠮᠵᠢᠭᠦᠯᠦᠨ᠂ ᠵᠠᠰᠠᠭ ᠤᠨ ᠣᠷᠳᠣᠨ ᠤ ᠠᠵᠢᠯ ᠢ ᠬᠠᠣᠯᠢ | ᠲᠦᠷᠢᠮ ᠤᠨ ᠬᠦᠷᠢᠶ᠎ᠡ ᠬᠡᠪᠴᠢᠶᠡᠨ ᠳᠤ ᠥᠷᠨᠢᠭᠦᠯᠬᠦ ᠶᠢ ᠪᠠᠳᠣᠯᠠᠵᠣ᠂ ᠡᠷᠬᠡ ᠳᠡᠭᠰᠢ ᠲᠦᠪ ᠭᠤᠣᠯᠴᠢ ᠶᠢ ᠦᠨᠡᠨᠬᠦ | ᠬᠠᠮᠠᠭᠠᠯᠠᠨ᠎ᠠ᠃ ︽ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ︾ ᠶᠢᠨ ᠲᠦᠷᠢᠮ ᠢ ᠨᠠᠷᠢᠨ ᠬᠢᠨᠠᠮᠠᠭᠠᠢ | ᠭᠡᠷᠡᠭᠵᠢᠭᠦᠯᠵᠤ᠂ ᠲᠣᠭᠤᠷᠢᠨ ᠪᠠᠶᠢᠴᠠᠭᠠᠬᠤ ᠠᠵᠢᠯ ᠤᠨ ᠲᠣᠭᠤᠶᠢᠯᠠᠩ ᠤᠨ ᠵᠠᠰᠠᠨ ᠵᠠᠯᠠᠷᠠᠭᠤᠯᠬᠤ ᠠᠷᠭ᠎ᠠ ᠠᠪᠴᠠᠯ ᠢ | ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠂ ᠠᠷᠢᠭᠤᠨ ᠴᠢᠭᠡᠴᠢ ᠵᠠᠰᠠᠭ ᠤᠨ ᠪᠠᠶᠢᠭᠤᠯᠣᠯᠳᠠ ᠶᠢ ᠭᠦᠨᠵᠡᠭᠡᠢ | ᠠᠬᠢᠭᠤᠯᠣᠨ᠎ᠠ᠃ ᠠᠷᠠᠳ ᠤᠨ ᠲᠦᠯᠦᠭᠡᠯᠡᠭᠴᠢᠳ ᠤᠨ ᠰᠠᠨᠠᠯ ᠵᠦᠪᠯᠡᠯᠭᠡ᠂ ᠰᠢᠭᠦᠮᠵᠢᠯᠡᠯ᠂ ᠰᠠᠨᠠᠯ ᠰᠠᠨᠠᠭᠤᠯᠭ᠎ᠠ᠂ | ᠣᠯᠣᠰ ᠲᠥᠷᠦ ᠶᠢᠨ ᠵᠦᠪᠯᠡᠯᠭᠡᠨ ᠤ ᠭᠡᠰᠢᠭᠦᠳ ᠤᠨ ᠰᠠᠨᠠᠯ ᠲᠣᠷᠠᠳᠣᠯᠭ᠎ᠠ ᠶᠢ ᠬᠦᠢᠴᠡᠳᠬᠡᠬᠦ ᠦᠷ᠎ᠡ ᠪᠦᠳᠦᠮᠵᠢ ᠪᠠᠨ | ᠲᠡᠭᠡᠭᠰᠢᠯᠡᠬᠦᠯᠵᠦ᠂ ᠨᠡᠶᠢᠭᠡᠮ ᠤᠨ ᠡᠯ᠎ᠡ ᠡᠳᠡᠭᠡᠳ ᠤᠨ ᠰᠠᠨᠠᠯ ᠰᠠᠨᠠᠭᠤᠯᠭ᠎ᠠ ᠶᠢ ᠣᠯᠠᠨ ᠠᠷᠭ᠎ᠠ ᠵᠠᠮ ᠢᠶᠠᠷ | ᠥᠷᠭᠡᠨ ᠢᠶᠠᠷ ᠰᠣᠨᠣᠰᠣᠨ᠂ ᠵᠠᠰᠠᠭ ᠤᠨ ᠣᠷᠳᠣᠨ ᠤ ᠦᠢᠯᠡᠴᠢᠯᠡᠬᠡᠨ ᠤ ᠬᠢᠷᠢ ᠲᠦᠪᠰᠢᠨ ᠢᠶᠠᠨ ᠲᠠᠰᠣᠷᠠᠯᠳᠠ ᠦᠬᠡᠢ | ᠲᠡᠭᠡᠭᠰᠢᠯᠡᠬᠦᠯᠦᠨ᠎ᠡ᠃ ᠤᠯᠠᠨ ᠨᠡᠶᠢᠳᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠠᠪᠴᠠᠩ ᠤᠨ ᠪᠠᠶᠢᠭᠤᠯᠣᠯᠳᠠ ᠶᠢ | ᠡᠮᠬᠢ ᠴᠡᠭᠴᠡ ᠲᠠᠢ ᠠᠬᠢᠭᠤᠯᠵᠤ᠂ ᠤᠯᠠᠨ ᠨᠡᠶᠢᠳᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠡᠯᠧᠺᠲᠷᠤᠨ | ᠲᠠᠪᠴᠠᠩ ᠢ ᠦᠨᠳᠦᠰᠦᠨ ᠳᠤ ᠪᠠᠨ ᠪᠡᠶᠡᠯᠡᠬᠦᠯᠦᠨ᠂ ᠲᠦᠪ ᠭᠤᠣᠯᠴᠢ᠂ ᠠᠷᠢᠭᠤᠨ ᠴᠢᠭᠡᠴᠢ᠂ ᠦᠨᠳᠦᠷ | ᠪᠥᠳᠦᠮᠵᠢᠳᠠᠢ᠂ ᠬᠠᠤᠯᠢᠵᠢᠯ ᠤᠨ ᠵᠠᠰᠠᠭ ᠤᠨ ᠣᠷᠳᠣᠨ ᠢ ᠪᠠᠶᠢᠭᠤᠯᠣᠨ᠎ᠠ᠃ | ᠭᠤᠷᠪᠠ᠂ 2018 ᠣᠨ ᠤ ᠠᠵᠢᠯ ᠤᠨ ᠪᠠᠶᠢᠷᠢᠯᠠᠭᠤᠯᠣᠯᠳᠠ | 2018 ᠣᠨ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠳᠤᠤᠱᠯᠠᠭᠤᠯᠬᠤ | ᠡᠬᠢᠯᠡᠯᠳᠡ ᠶᠢᠨ ᠵᠢᠯ ᠮᠦᠷᠳᠡᠭᠡᠨ ᠦᠭᠡᠷᠡᠴᠢᠯᠡᠯᠳᠡ ᠨᠡᠭᠡᠭᠡᠯᠳᠡ ᠬᠢᠭᠰᠡᠨ 40 ᠵᠢᠯ ᠤᠨ ᠤᠢ ᠪᠠᠶᠢᠵᠦ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠢᠯᠠᠯᠳᠠ ᠶᠢ ᠤᠯᠵᠤ᠂ ︽ᠠᠷᠪᠠᠨ ᠭᠤᠷᠪᠠᠳᠣᠭᠠᠷ ᠲᠠᠪᠣᠨ | ᠵᠢᠯ︾ ᠤᠨ ᠲᠦᠯᠦᠪᠵᠢᠬᠦᠯᠭᠡ ᠶᠢ ᠬᠡᠷᠡᠭᠵᠢᠬᠦᠯᠬᠦ ᠵᠠᠩᠭᠢᠯᠠᠭ᠎ᠠ ᠶᠢᠨ ᠵᠢᠯ ᠪᠤᠯᠤᠨ᠎ᠠ᠃ ᠪᠢᠳᠠ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠲᠣᠮᠳᠠᠳᠣ ᠣᠯᠣᠰ ᠤᠨ ᠣᠨᠴᠠᠯᠢᠭ ᠪᠦᠭᠦᠢ ᠨᠡᠶᠢᠭᠡᠮ ᠵᠢᠷᠣᠮ ᠤᠨ ᠦᠵᠡᠯ ᠰᠠᠨᠠᠭ᠎ᠠ ᠶᠢ | ᠣᠯᠠᠮ ᠴᠢᠨᠠᠭᠰᠢᠳᠠ ᠰᠤᠷᠤᠯᠴᠠᠨ ᠲᠤᠤᠱᠯᠠᠭᠤᠯᠵᠤ᠂ ᠬᠦᠭᠵᠢᠯᠳᠡ ᠶᠢᠨ ᠲᠡᠷᠢᠬᠦᠨ ᠡᠭᠦᠷᠬᠡ ᠶᠢ ᠪᠠᠲᠤ ᠡᠵᠡᠮᠳᠡᠵᠦ᠂ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠪᠠᠶᠢᠷᠢᠯᠠᠭᠤᠯᠣᠯᠳᠠ ᠶᠤᠰᠤᠭᠠᠷ᠂ | ᠲᠣᠯᠭᠠᠷᠠᠵᠦ ᠪᠠᠶᠢᠭ᠎ᠠ ᠴᠠᠭ ᠤᠨ ᠪᠠᠶᠢᠳᠠᠯ᠂ ᠡᠬᠦᠷᠬᠡ ᠬᠠᠷᠠᠯᠳᠠ᠂ ᠲᠣᠯᠭᠠᠭᠤᠷᠢᠯᠠᠬᠤ ᠨᠦᠬᠦᠴᠡᠯ ᠢ ᠪᠤᠳᠤᠯᠬᠢᠯᠠᠨ᠂ | ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ ᠬᠥᠭᠵᠢᠯᠳᠡ ᠶᠢᠨ ᠡᠯ᠎ᠡ ᠲᠠᠯ᠎ᠠ ᠶᠢᠨ ᠠᠵᠢᠯ ᠢ ᠰᠠᠶᠢᠳᠣᠷ ᠬᠢᠨ᠎ᠡ᠃ | 2018 ᠣᠨ ᠤ ᠭᠤᠣᠯ ᠵᠢᠱᠢᠭᠰᠡᠨ ᠬᠠᠷᠠᠯᠳᠠ ᠪᠣᠯ᠄ ᠪᠦᠬᠦ ᠬᠤᠰᠢᠭᠤᠨ ᠤ ᠭᠠᠵᠠᠷ ᠤᠷᠤᠨ ᠤ ᠤᠶᠢᠯᠠᠳᠪᠤᠷᠢᠯᠠᠯ | ᠤᠨ ᠶᠡᠷᠦᠩᠭᠡᠢ ᠦᠷᠳᠡᠭ 131.1 ᠳ᠋ᠦᠩᠰᠢᠭᠤᠷ ᠲᠦᠭᠦᠷᠢᠭ ᠢ ᠪᠡᠶᠡᠯᠡᠭᠦᠯᠵᠤ᠂ 9% ᠪᠠᠷ ᠨᠡᠮᠡᠭᠳᠡᠭᠦᠯᠦᠨ᠎ᠠ᠃ ᠪᠦᠭᠦ | ᠨᠡᠶᠢᠭᠡᠮ ᠤᠨ ᠲᠤᠭᠳᠠᠮᠠᠯ ᠭᠦᠷᠦᠩᠭᠡ ᠶᠢᠨ ᠪᠡᠯᠡ ᠤᠷᠤᠭᠤᠯᠤᠯᠳᠠ ᠶᠢ 45 ᠳ᠋ᠦᠩᠰᠢᠭᠤᠷ ᠲᠦᠭᠦᠷᠢᠭ ᠲᠤ ᠭᠦᠷᠭᠡᠵᠤ᠂ | 11% ᠪᠠᠷ ᠨᠡᠮᠡᠭᠳᠡᠭᠦᠯᠦᠨ᠎ᠠ᠃ ᠡᠩ ᠤᠨ ᠤᠯᠠᠨ ᠨᠠᠶᠢᠳᠠ ᠶᠢᠨ ᠡᠳ᠋ ᠤᠨ ᠵᠠᠰᠠᠭ ᠤᠨ ᠳᠦᠰᠦᠪ ᠤᠨ ᠤᠷᠤᠯᠭ᠎ᠠ | 19.5 ᠳ᠋ᠦᠩᠰᠢᠭᠤᠷ ᠲᠦᠭᠦᠷᠢᠭ ᠢ ᠪᠡᠶᠡᠯᠡᠭᠦᠯᠵᠤ᠂ 6% ᠪᠠᠷ ᠨᠡᠮᠡᠭᠳᠡᠭᠦᠯᠦᠨ᠎ᠠ᠃ ᠬᠤᠳᠠ ᠪᠠᠯᠭᠠᠰᠤᠨ ᠤ | ᠰᠠᠭᠤᠭᠠᠯᠢ ᠠᠷᠠᠳ ᠤᠨ ᠭᠦᠮᠦᠨ ᠲᠤᠮᠳᠠᠴᠢ ᠶᠢᠨ ᠬᠤᠪᠢᠶᠠᠷᠢᠯᠠᠵᠤ ᠪᠤᠯᠬᠤᠶᠢᠴᠠ ᠤᠷᠤᠯᠭ᠎ᠠ ᠶᠢ 39590 | ᠲᠦᠭᠦᠷᠢᠭ ᠲᠤ ᠭᠦᠷᠭᠡᠵᠤ᠂ 8.6% ᠪᠠᠷ ᠨᠡᠮᠡᠭᠳᠡᠭᠦᠯᠦᠨ᠎ᠠ᠃ ᠮᠠᠯᠵᠢᠬᠤ ᠤᠷᠤᠨ ᠤ ᠰᠠᠭᠤᠭᠠᠯᠢ ᠠᠷᠠᠳ ᠤᠨ | ᠭᠦᠮᠦᠨ ᠲᠤᠮᠳᠠᠴᠢ ᠶᠢᠨ ᠬᠤᠪᠢᠶᠠᠷᠢᠯᠠᠵᠤ ᠪᠤᠯᠬᠤᠶᠢᠴᠠ ᠤᠷᠤᠯᠭ᠎ᠠ ᠶᠢ 25880 ᠲᠦᠭᠦᠷᠢᠭ ᠲᠤ ᠭᠦᠷᠭᠡᠵᠤ᠂ | 9% ᠪᠠᠷ ᠨᠡᠮᠡᠭᠳᠡᠭᠦᠯᠦᠨ᠎ᠠ᠃ ᠨᠡᠶᠢᠭᠡᠮ ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠯᠳᠠ ᠶᠢᠨ ᠶᠡᠷᠦᠩᠭᠡᠢ | ᠦᠷᠳᠡᠭ ᠢ 24.3 ᠳ᠋ᠦᠩᠰᠢᠭᠤᠷ ᠲᠦᠭᠦᠷᠢᠭ ᠲᠤ ᠭᠦᠷᠭᠡᠵᠤ᠂ 8% ᠪᠠᠷ ᠨᠡᠮᠡᠭᠳᠡᠭᠦᠯᠦᠨ᠎ᠠ᠃ ᠲᠡᠭᠡᠷᠡᠭᠢ ᠬᠠᠷᠠᠯᠳᠠ | ᠶᠢ ᠪᠡᠶᠡᠯᠡᠭᠦᠯᠭᠦ ᠳᠤ ᠲᠤᠤᠷᠠᠬᠢ ᠭᠡᠳᠦᠨ ᠲᠠᠯ᠎ᠠ ᠶᠢᠨ ᠠᠵᠢᠯ ᠢ ᠰᠠᠶᠢᠳᠤᠷ ᠬᠢᠭᠦ ᠭᠡᠷᠡᠭᠲᠡᠢ᠄ | ︵ᠨᠢᠬᠡ︶ ᠳᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠭᠦᠴᠦᠯᠠᠨ ᠠᠳᠬᠤᠨ᠎ᠠ᠃ ᠪᠠᠶᠠᠨᠬᠤᠸᠠ | ᠨᠠᠷᠢᠯᠢᠭᠵᠢᠭᠤᠯᠤᠭᠰᠠᠨ ᠬᠦᠩᠭᠡᠨᠴᠠᠭᠠᠨ ᠬᠠᠪᠳᠠᠰᠤ ᠶᠢᠨ ᠤᠶᠢᠯᠡᠳᠪᠤᠷᠢ ᠶᠢᠨ ᠦᠪᠡᠷ ᠢ ᠪᠠᠨ ᠬᠠᠩᠭᠠᠬᠤ 2 ×35 | ᠲᠦᠮᠡᠨ ᠺᠢᠯᠤᠸᠠᠲ ᠴᠠᠬᠢᠯᠭᠠᠨ ᠭᠠᠷᠭᠠᠬᠤ ᠳᠦᠷᠦᠯ ᠵᠦᠢᠯ ᠢ ᠪᠠᠶᠢᠭᠤᠯᠬᠤ ᠠᠬᠢᠴᠠ ᠪᠠᠨ ᠦᠷᠬᠦᠯᠵᠢᠯᠡᠨ | ᠳᠦᠷᠭᠡᠳᠬᠡᠨ᠎ᠡ︔ ᠬᠤᠸᠠ ᠷᠦᠨ᠂ ᠵᠢᠩ ᠨᠧᠩ ᠪᠦᠯᠦᠭᠯᠡᠯ ᠤᠨ ᠡᠤ ᠵᠢᠶᠠᠨ ᠹᠠᠩ ᠳᠠᠬᠢ ᠴᠠᠬᠢᠯᠭᠠᠨ ᠭᠠᠷᠭᠠᠬᠤ | ᠦᠢᠯᠡᠳᠪᠦᠷᠢ ᠶᠢᠨ 4×66 ᠲᠦᠮᠡᠨ ᠺᠢᠯᠤᠸᠠᠲ ᠶᠢᠨ ᠴᠠᠬᠢᠯᠭᠠᠨ ᠤᠶᠢᠯᠠᠳᠪᠤᠷᠢ ᠶᠢ ᠵᠢᠯ ᠤᠨ ᠳᠤᠳᠤᠷ᠎ᠠ | ᠠᠰᠢᠭᠯᠠᠯᠳᠠ ᠳᠤ ᠤᠷᠤᠭᠤᠯᠤᠨ᠎ᠠ᠃ ᠦᠢᠯᠡᠳᠪᠦᠷᠢᠯᠡᠯ ᠤᠨ ᠴᠢᠳᠠᠪᠬᠢ ᠶᠢᠨ ᠵᠢᠭᠠᠯᠲᠠ ᠲᠤᠭ᠎ᠠ ᠶᠢ ᠰᠣᠯᠢᠬᠤ ᠶᠢ | ᠨᠠᠶᠢᠳᠠᠪᠦᠷᠢᠵᠢᠭᠤᠯᠣᠨ᠂ ᠪᠠᠶᠠᠨᠬᠤᠸᠠ ᠨᠠᠷᠢᠯᠢᠭᠵᠢᠭᠤᠯᠤᠭᠰᠠᠨ ᠬᠦᠩᠭᠡᠨᠴᠠᠭᠠᠨ ᠬᠠᠪᠳᠠᠰᠣ ᠶᠢᠨ ᠤᠶᠢᠯᠠᠳᠪᠤᠷᠢ ᠶᠢᠨ | ᠨᠢᠭᠡᠳᠦᠭᠡᠷ ᠬᠤᠭᠤᠴᠠᠭᠠᠨ ᠤ 40 ᠲᠦᠮᠡᠨ ᠲᠣᠨ ᠦᠢᠯᠡᠳᠪᠦᠷᠢᠯᠡᠬᠦ ᠲᠦᠷᠦᠯ ᠵᠦᠢᠯ ᠤᠨ ᠠᠵᠢᠯ ᠡᠬᠢᠯᠡᠬᠦ ᠶᠢ | ᠪᠠᠳᠣᠯᠠᠨ᠎ᠠ᠃ ᠡᠤ ᠵᠢᠶᠠᠨ ᠹᠠᠩ ᠨᠡᠭᠦᠷᠡᠰᠣᠨ ᠤ ᠦᠨᠡᠰᠦ ᠶᠢ ᠶᠡᠷᠣᠩᠬᠡᠶᠢᠯᠡᠨ ᠠᠰᠢᠭᠯᠠᠬᠤ ᠲᠦᠷᠦᠯ ᠵᠦᠢᠯ ᠢ | ᠳᠦᠯᠬᠢᠨ ᠠᠬᠢᠭᠤᠯᠵᠦ᠂ ᠮᠠᠯ ᠤᠨ ᠠᠰᠢᠭ ᠰᠢᠮ᠎ᠡ ᠶᠢ ᠡᠳ᠋ᠰᠢᠭᠦᠯᠣᠨ ᠪᠣᠯᠪᠠᠰᠣᠷᠠᠭᠤᠯᠬᠤ 2 ᠠᠵᠣ ᠠᠬᠤᠶᠢᠯᠠᠯ ︵ᠰᠢ | ᠯᠢᠨ ᠶᠤᠸᠠᠨ ᠮᠠᠯ ᠠᠵᠤ ᠠᠬᠤᠢ ᠶᠢᠨ ᠤᠶᠢᠯᠠᠰ ᠤᠨ ᠲᠧᠭᠨᠢᠭ ᠮᠡᠷᠭᠡᠵᠢᠯ ᠤᠨ ᠨᠡᠭᠡᠭᠡᠯᠳᠠ ᠶᠢᠨ ᠬᠢᠵᠠᠭᠠᠷᠳᠤ | ᠬᠠᠷᠢᠭᠤᠴᠠᠯᠭᠠᠳᠤ ᠺᠤᠮᠫᠠᠨᠢ᠂ ᠴᠢᠨ ᠶᠤᠸᠠᠨ ᠤᠯᠠᠭᠠᠨ ᠢᠳᠡᠭᠡᠨ ᠢ ᠡᠳ᠋ᠰᠢᠭᠦᠯᠦᠨ ᠪᠤᠯᠪᠠᠰᠤᠷᠠᠭᠤᠯᠬᠤ ᠺᠤᠮᠫᠠᠨᠢ︶ ᠤᠨ | ᠵᠢᠯ ᠳᠤ 80 ᠲᠦᠮᠡᠨ ᠲᠤᠯᠤᠭᠠᠢ ᠬᠤᠨᠢ᠂ 2.5 ᠲᠦᠮᠡᠨ ᠲᠤᠯᠤᠭᠠᠢ ᠦᠬᠡᠷ ᠢ ᠨᠠᠷᠢᠯᠢᠭᠵᠢᠭᠤᠯᠣᠨ ᠡᠳ᠋ᠰᠢᠭᠦᠯᠭᠦ | ᠲᠦᠷᠦᠯ ᠵᠦᠢᠯ ᠢ ᠵᠢᠯ ᠤᠨ ᠲᠤᠳᠤᠷ᠎ᠠ ᠠᠰᠢᠭᠯᠠᠯᠳᠠ ᠳᠤ ᠤᠷᠤᠭᠤᠯᠤᠨ᠂ ᠪᠠᠶᠠᠨᠬᠤᠸᠠ ᠬᠤᠶᠠᠷ᠂ ᠭᠤᠷᠪᠠᠳᠤᠭᠠᠷ | ᠵᠠᠳᠠᠭᠠᠢ ᠨᠡᠭᠦᠷᠡᠰᠦᠨ ᠠᠭᠤᠷᠬᠠᠢ ᠶᠢᠨ ᠰᠢᠷᠤᠢ ᠭᠠᠳᠠᠭᠰᠢᠯᠠᠭᠤᠯᠬᠤ ᠲᠠᠯᠠᠪᠠᠢ ᠶᠢᠨ 10 ᠳᠦᠮᠡᠨ ᠺᠢᠯᠤᠸᠠᠲ ᠶᠢᠨ | ᠲᠠᠷᠬᠠᠯᠳᠠ ᠶᠢᠨ ᠬᠡᠯᠪᠡᠷᠢ ᠶᠢᠨ ᠭᠡᠷᠡᠯ ᠢᠶᠠᠷ ᠴᠠᠬᠢᠯᠭᠠᠨ ᠭᠠᠷᠭᠠᠬᠤ ᠳᠦᠷᠦᠯ ᠵᠦᠢᠯ ᠢ ᠳᠦᠯᠬᠢᠨ ᠠᠬᠢᠭᠤᠯᠤᠨ᠎ᠠ᠃ | ᠬᠦᠩᠭᠡᠨᠴᠠᠭᠠᠨ ᠤ ᠦᠯᠡᠳᠡᠭᠳᠡᠯ ᠪᠤᠳᠠᠰ ᠢ ᠪᠣᠯᠪᠠᠰᠣᠷᠠᠭᠤᠯᠬᠤ᠂ ᠹᠯᠣᠷ ᠤᠨ ᠮᠠᠲ᠋ᠧᠷᠢᠶᠠᠯ᠂ ᠭᠦᠷᠮᠠᠨ ᠴᠢᠯᠠᠭᠤᠨ ᠤ | ᠰᠢᠷᠭᠡᠭᠯᠢᠭ ᠵᠡᠷᠭᠡ ᠲᠦᠷᠦᠯ ᠵᠦᠢᠯ ᠢ ᠤᠷᠢᠨ ᠤᠷᠤᠭᠤᠯᠤᠨ᠎ᠠ᠃ ᠰᠢᠨ᠎ᠡ ᠬᠦᠳᠡᠯᠭᠡᠭᠴᠢ ᠬᠦᠴᠦᠨ ᠢ ᠪᠦᠭᠦ ᠭᠦᠴᠦᠨ | ᠢᠶᠠᠷ ᠢᠶᠠᠨ ᠪᠤᠶᠢᠵᠢᠭᠤᠯᠵᠦ᠂ 2018 ᠣᠨ ᠳᠤ 1000 ᠳᠦᠮᠡᠨ ᠳᠦᠬᠦᠷᠢᠭ ᠤᠨ ᠪᠡᠯᠡ ᠮᠦᠩᠭᠦ ᠳᠤᠬᠢᠷᠠᠭᠤᠯᠤᠨ᠂ | ᠤᠶᠤᠨᠴᠢ ᠮᠠᠯᠵᠢᠬᠤ ᠤᠷᠤᠨ ︵ᠬᠤᠲᠠ︶ ᠤ ︽ᠨᠢᠭᠡ ᠳᠠᠪᠴᠠᠩ᠂ ᠬᠤᠶᠠᠷ ᠴᠡᠭ︾ ︵︽ᠨᠢᠭᠡ ᠲᠠᠪᠴᠠᠩ︾ | ᠭᠡᠳᠡᠭ ᠨᠢ ᠤᠶᠤᠨᠴᠢ ᠬᠤᠳᠠ ᠶᠢᠨ ᠶᠡᠷᠦᠩᠭᠡᠶᠢᠯᠡᠭᠰᠡᠨ ᠵᠢᠯᠤᠭᠤᠳᠬᠤ ᠲᠠᠪᠴᠠᠩ ᠢ ᠵᠢᠭᠠᠵᠤ ᠪᠤᠢ᠂ ︽ᠬᠤᠶᠠᠷ ᠴᠡᠭ︾ | ᠭᠡᠳᠡᠭ ᠨᠢ ᠤᠶᠤᠨᠴᠢ ᠮᠠᠯᠵᠢᠯ ᠤᠨ ᠲᠠᠯᠠᠪᠠᠢ ᠶᠢᠨ ᠳᠤᠷᠰᠢᠯᠳᠠ ᠶᠢᠨ ᠴᠡᠭ ᠪᠠ ᠤᠶᠤᠨᠴᠢ ᠪᠠᠷᠠᠭᠤᠨ ᠦᠵᠦᠮᠦᠴᠢᠨ | ᠬᠤᠰᠢᠭᠤᠨ ᠤ ᠠᠷᠠᠳ ᠲᠤ ᠳᠦᠭᠦᠮ ᠦᠵᠡᠬᠦᠯᠬᠦ ᠤᠶᠢᠯᠡᠴᠢᠯᠡᠭᠡᠨ ᠤ ᠴᠡᠭ ᠢ ᠵᠢᠭᠠᠵᠤ ᠪᠤᠢ︶ ᠤᠨ ᠪᠠᠶᠢᠭᠤᠯᠤᠯᠳᠠ ᠶᠢ | ᠡᠬᠢᠯᠡᠬᠦᠯᠦᠨ᠎ᠡ᠃ | ︵ᠬᠤᠶᠠᠷ︶ ᠠᠵᠣ ᠠᠬᠤᠢ ᠶᠢᠨ ᠬᠡᠯᠪᠡᠷᠢ ᠪᠠᠨ ᠬᠤᠪᠢᠷᠠᠭᠤᠯᠣᠨ ᠳᠡᠰᠵᠢᠬᠦᠯᠬᠦ ᠶᠢ ᠠᠬᠢᠭᠤᠯᠣᠨ᠎ᠠ᠃ | ᠮᠠᠯᠵᠢᠬᠤ ᠤᠷᠤᠨ ᠤ ᠠᠵᠢᠯ ᠤᠨ ᠲᠠᠯ᠎ᠠ ᠪᠠᠷ᠂ ᠨᠢᠭᠡ ᠳᠤ᠂ ᠭᠡᠪᠴᠢᠶᠡᠵᠢᠭᠰᠡᠨ ᠮᠠᠯᠵᠢᠯ ᠢ ᠰᠠᠶᠢᠳᠤᠷ ᠠᠳᠬᠤᠨ᠎ᠠ᠃ | ᠦᠵᠦᠮᠦᠴᠢᠨ ᠬᠤᠨᠢᠨ ᠤ ᠠᠵᠤ ᠤᠶᠢᠯᠠᠰ ᠤᠨ ᠲᠠᠯ᠎ᠠ ᠳᠤ᠂ ︽ᠦᠵᠦᠮᠦᠴᠢᠨ ᠬᠤᠨᠢᠨ ᠤ ᠠᠵᠤ ᠤᠶᠢᠯᠠᠰ ᠢ | ᠭᠦᠭᠵᠢᠭᠦᠯᠭᠦ ᠲᠦᠰᠦᠪ︾ ᠢ ᠲᠤᠭᠳᠠᠭᠠᠵᠤ᠂ ᠦᠵᠦᠮᠦᠴᠢᠨ ᠬᠤᠨᠢᠨ ᠤ ᠡᠭᠦᠯᠳᠡᠷ ᠢ ᠰᠠᠶᠢᠵᠢᠷᠠᠭᠤᠯᠬᠤ ᠠᠵᠢᠯ ᠢ | ᠰᠠᠶᠢᠳᠤᠷ ᠠᠳᠬᠤᠨ᠎ᠠ᠃ ᠦᠵᠦᠮᠦᠴᠢᠨ ᠬᠤᠨᠢᠨ ᠤ ᠠᠵᠤ ᠤᠶᠢᠯᠠᠰ ᠢ ᠭᠦᠭᠵᠢᠭᠦᠯᠭᠦ ᠪᠡᠯᠡ ᠮᠦᠩᠭᠦ 1500 | ᠲᠦᠮᠡᠨ ᠲᠦᠭᠦᠷᠢᠭ ᠲᠤᠬᠢᠷᠠᠭᠤᠯᠵᠤ᠂ ᠬᠤᠴᠠ ᠮᠠᠯᠵᠢᠬᠤ ᠲᠤᠰᠬᠠᠢ ᠡᠷᠦᠬᠡ 150 ᠶᠢ ᠭᠤᠤᠯᠳᠠᠯᠭ᠎ᠠ ᠲᠠᠢ ᠲᠡᠮᠵᠢᠨ᠂ | 5000 ᠲᠤᠯᠤᠭᠠᠢ ᠤᠨᠴᠠ ᠲᠡᠰ ᠤᠨ ᠬᠤᠴᠠ ᠶᠢ ᠪᠤᠶᠢᠵᠢᠭᠤᠯᠤᠨ᠎ᠠ᠃ ᠪᠠᠷᠢᠮᠵᠢᠶᠠᠵᠢᠭᠰᠠᠨ ᠰᠦᠷᠦᠭ 2000 ᠶᠢ | ᠲᠦᠷᠢᠮᠵᠢᠭᠦᠯᠦᠨ ᠪᠤᠶᠢᠵᠢᠭᠤᠯᠵᠤ᠂ ᠦᠬᠢᠨ ᠲᠦᠯᠦᠭᠡ ᠶᠢ ᠰᠤᠩᠭᠤᠨ ᠪᠤᠶᠢᠵᠢᠭᠤᠯᠤᠭᠰᠠᠨ ᠮᠠᠯᠵᠢᠬᠤ ᠡᠷᠦᠭᠡ ᠳᠤ | ᠨᠦᠭᠦᠪᠤᠷᠢ ᠤᠯᠭᠤᠬᠤ ᠲᠦᠷᠦ ᠶᠢᠨ ᠪᠤᠳᠤᠯᠭ᠎ᠠ ᠶᠢ ᠭᠡᠷᠡᠭᠵᠢᠭᠦᠯᠦᠨ᠎ᠠ᠃ 1400 ᠲᠦᠮᠡᠨ ᠲᠦᠭᠦᠷᠢᠭ ᠤᠨ ᠪᠡᠯᠡ | ᠮᠦᠩᠭᠦ ᠲᠤᠬᠢᠷᠠᠭᠤᠯᠵᠤ᠂ ᠡᠪᠤᠯ ᠤᠨ ᠬᠤᠷᠠᠭ᠎ᠠ ᠶᠢ ᠡᠷᠳᠠ ᠪᠤᠷᠤᠯᠠᠭᠤᠯᠬᠤ ᠳᠤ ᠨᠦᠭᠦᠪᠤᠷᠢ ᠤᠯᠭᠤᠬᠤ ᠲᠦᠷᠦ ᠶᠢᠨ | ᠪᠤᠳᠤᠯᠭ᠎ᠠ ᠶᠢ ᠦᠷᠭᠦᠯᠵᠢᠯᠡᠨ ᠭᠡᠷᠡᠭᠵᠢᠭᠦᠯᠵᠤ᠂ ᠮᠠᠯ ᠤᠨ ᠭᠠᠷᠭᠠᠯᠳᠠ ᠶᠢ ᠲᠦᠷᠭᠡᠳᠭᠡᠨ᠂ ᠨᠤᠳᠤᠭ ᠪᠡᠯᠴᠢᠭᠡᠷ ᠤᠨ | ᠲᠠᠷᠤᠭᠠᠰᠤ ᠶᠢ ᠭᠦᠩᠭᠡᠯᠡᠨᠡ᠃ ᠰᠢᠯᠢᠳᠡᠭ ᠡᠭᠦᠯᠳᠡᠷ ᠤᠨ ᠮᠢᠬᠠᠨ ᠤ ᠦᠭᠡᠷ ᠤᠨ ᠠᠵᠤ ᠤᠶᠢᠯᠠᠰ ᠤᠨ ᠲᠠᠯ᠎ᠠ ᠳᠤ᠂ | ᠰᠢᠯᠢᠳᠡᠭ ᠡᠭᠦᠯᠳᠡᠷ ᠤᠨ ᠮᠢᠬᠠᠨ ᠤ ᠦᠬᠡᠷ ᠮᠠᠯᠵᠢᠬᠤ ᠶᠢ ᠵᠤᠷᠢᠭᠵᠢᠭᠤᠯᠬᠤ ᠳᠦᠷᠦ ᠶᠢᠨ ᠪᠤᠳᠤᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ 1500 ᠳᠦᠮᠡᠨ ᠳᠦᠬᠦᠷᠢᠭ ᠤᠨ ᠰᠢᠯᠢᠳᠡᠭ ᠡᠭᠦᠯᠳᠡᠷ ᠤᠨ ᠮᠢᠬᠠᠨ ᠤ | ᠦᠬᠡᠷ ᠤᠨ ᠠᠵᠤ ᠦᠢᠯᠡᠰ ᠢ ᠬᠦᠭᠵᠢᠬᠦᠯᠬᠦ ᠳᠡᠮᠵᠢᠯᠭᠡ ᠶᠢᠨ ᠪᠡᠯᠡ ᠮᠦᠩᠭᠦ ᠶᠢ ᠲᠤᠬᠢᠷᠠᠭᠤᠯᠵᠦ᠂ 5000 ᠲᠤᠯᠤᠭᠠᠢ | ᠰᠢᠯᠢᠳᠡᠭ ᠡᠭᠦᠯᠳᠡᠷ ᠤᠨ ᠦᠨᠢᠶ᠎ᠡ ᠶᠢ ᠬᠤᠳᠠᠯᠳᠤᠨ ᠤᠷᠤᠭᠤᠯᠬᠤ ᠪᠠᠷ ᠳᠦᠯᠦᠪᠯᠡᠨ᠂ ᠠᠩᠬᠢᠰ᠂ ᠰᠢᠮᠧᠨ᠋ᠲᠷ᠂ | ᠱᠠᠷᠦ᠋ᠯᠠᠢ ᠵᠡᠷᠭᠡ ᠰᠢᠯᠢᠳᠡᠭ ᠡᠭᠦᠯᠳᠡᠷ ᠤᠨ ᠮᠢᠬᠠᠨ ᠤ ᠦᠬᠡᠷ ᠢ ᠰᠢᠨ᠎ᠡ ᠪᠠᠷ ᠤᠷᠤᠭᠤᠯᠤᠭᠰᠨ ᠦᠨᠳᠦᠷ ᠪᠠᠷᠢᠮᠵᠢᠶᠠᠳᠤ | ᠭᠡᠷ ᠪᠦᠯᠢ ᠶᠢᠨ ᠠᠮᠢ ᠠᠬᠤᠢ ᠶᠢᠨ ᠮᠠᠯᠵᠢᠯ ᠤᠨ ᠲᠠᠯᠠᠪᠠᠢ 40 ᠶᠢ ᠪᠤᠶᠢᠵᠢᠭᠤᠯᠤᠨ᠂ ᠦᠨᠳᠦᠷ ᠪᠠᠷᠢᠮᠵᠢᠶᠠᠳᠤ | ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠦᠷ᠎ᠡ ᠶᠢᠨ ᠮᠠᠯ ᠤᠨ ᠲᠠᠯᠠᠪᠠᠢ 1 ᠶᠢ ᠦᠷᠭᠡᠳᠬᠡᠨ ᠪᠠᠶᠢᠭᠤᠯᠵᠦ᠂ | ᠳᠡᠭᠡᠳᠤ ᠳᠡᠰ ᠤᠨ ᠮᠢᠬᠠᠨ ᠤ ᠦᠬᠡᠷ ᠪᠣᠷᠳᠣᠨ ᠲᠠᠷᠭᠤᠯᠠᠭᠤᠯᠬᠤ ᠳᠤᠷᠰᠢᠯᠳᠠ ᠶᠢᠨ ᠴᠡᠭ ᠲᠤ 1000 ᠲᠤᠯᠤᠭᠠᠢ | ᠮᠢᠬᠠᠨ ᠤ ᠦᠬᠡᠷ ᠪᠣᠷᠳᠣᠨ᠎ᠠ᠃ ᠦᠵᠦᠮᠦᠴᠢᠨ ᠴᠠᠭᠠᠨ ᠠᠳᠤᠭᠤᠨ ᠤ ᠠᠵᠤ ᠤᠶᠢᠯᠠᠰ ᠤᠨ ᠲᠠᠯ᠎ᠠ ᠳᠤ᠂ 200 | ᠲᠦᠮᠡᠨ ᠲᠦᠭᠦᠷᠢᠭ ᠤᠨ ᠲᠦᠷᠦᠯ ᠵᠤᠶᠢᠯ ᠤᠨ ᠪᠡᠯᠡ ᠵᠠᠷᠤᠴᠠᠭᠤᠯᠵᠤ᠂ ᠠᠳᠤᠭᠤᠨ ᠤ ᠠᠵᠦ ᠦᠢᠯᠡᠰ ᠢ ᠬᠡᠯᠪᠡᠷᠢ | ᠬᠤᠪᠢᠷᠠᠭᠤᠯᠤᠨ ᠳᠡᠰᠵᠢᠬᠦᠯᠬᠦ ᠶᠢ ᠠᠬᠢᠭᠤᠯᠵᠦ᠂ ᠭᠡᠭᠦᠦ ᠶᠢ ᠦᠷᠡᠵᠢᠭᠦᠯᠦᠨ ᠦᠰᠭᠡᠭᠦ ᠠᠵᠢᠯ ᠢ ᠰᠠᠶᠢᠳᠤᠷ ᠬᠢᠵᠤ᠂ | ᠦᠵᠦᠮᠦᠴᠢᠨ ᠴᠠᠭᠠᠨ ᠠᠳᠤᠭᠤᠨ ᠤ ᠰᠠᠭᠤᠷᠢᠨ ᠭᠠᠵᠠᠷ ᠤᠨ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠳᠠ ᠶᠢ | ᠪᠦᠷᠢᠨᠰᠢᠭᠦᠯᠦᠨ᠎ᠠ᠃ ᠬᠤᠶᠠᠷ ᠲᠤ᠂ ᠮᠠᠯ ᠤᠨ ᠠᠰᠢᠭ ᠰᠢᠮ᠎ᠡ ᠶᠢᠨ ᠪᠦᠳᠦᠭᠡᠭᠳᠡᠭᠦᠨ ᠤ ᠨᠡᠷᠡᠳᠤ ᠲᠡᠮᠳᠡᠭ ᠢ | ᠭᠦᠴᠦᠯᠠᠨ ᠡᠭᠦᠳᠦᠨ᠎ᠠ᠃ ᠰᠢᠯᠢᠳᠡᠭ ᠡᠭᠦᠯᠳᠡᠷ ᠤᠨ ᠦᠬᠡᠷ ᠬᠤᠨᠢᠨ ᠤ ᠮᠢᠬ᠎ᠠ ᠶᠢ ᠤᠬᠠᠭᠤᠯᠤᠨ᠂ ᠮᠠᠯ ᠤᠨ ᠠᠰᠢᠭ | ᠰᠢᠮ᠎ᠡ ᠶᠢ ᠲᠠᠨᠢᠯᠴᠠᠭᠤᠯᠬᠤ ᠠᠵᠢᠯᠯᠠᠭ᠎ᠠ ᠳᠤ ᠢᠳᠡᠪᠬᠢᠳᠡᠢ ᠤᠷᠤᠯᠴᠠᠵᠦ᠂ ᠦᠵᠦᠮᠦᠴᠢᠨ ᠦᠬᠡᠷ ᠬᠤᠨᠢᠨ ᠮᠢᠬ᠎ᠠ ᠪᠠᠨ | ᠦᠷᠭᠡᠨ ᠢᠶᠠᠷ ᠤᠬᠠᠭᠤᠯᠤᠨ ᠲᠠᠨᠢᠯᠴᠠᠭᠤᠯᠤᠨ᠎ᠠ᠃ ᠡᠯᠧᠺᠲᠷᠣᠨ ᠬᠤᠳᠠᠯᠳᠤᠭᠠᠨ ᠤ ᠬᠦᠭᠵᠢᠯᠳᠡ ᠶᠢ ᠳᠦᠯᠬᠢᠨ | ᠠᠬᠢᠭᠤᠯᠵᠤ᠂ ︽ᠢᠨᠲ᠋ᠧᠷ ᠰᠦᠯᠵᠢᠶ᠎ᠡ +︾ ᠶᠢ ᠭᠡᠷᠡᠭᠯᠡᠨ᠂ ᠪᠤᠬᠢᠷᠳᠤᠯ ᠦᠭᠡᠢ ᠮᠠᠯ ᠤᠨ ᠠᠰᠢᠭ ᠰᠢᠮ᠎ᠡ ᠶᠢ ᠳᠡᠯᠭᠡᠨ | ᠦᠵᠡᠬᠦᠯᠬᠦ᠂ ᠵᠢᠵᠢᠭᠯᠡᠨ ᠪᠤᠷᠤᠯᠠᠭᠤᠯᠵᠦ ᠤᠬᠠᠭᠤᠯᠬᠤ ᠳᠡᠯᠭᠡᠬᠦᠷ᠂ ᠨᠠᠷᠡᠳᠤ ᠳᠡᠮᠳᠡᠭ ᠢ ᠰᠢᠭᠤᠳ ᠪᠤᠷᠤᠯᠠᠭᠤᠯᠬᠤ | ᠳᠡᠯᠭᠡᠬᠦᠷ ᠪᠠᠶᠢᠭᠤᠯᠬᠤ ᠶᠢ ᠵᠤᠷᠢᠭᠵᠢᠭᠤᠯᠤᠨ᠂ ᠰᠢᠯᠢᠳᠡᠭ ᠡᠭᠦᠯᠳᠡᠷ ᠤᠨ ᠮᠠᠯ ᠤᠨ ᠠᠰᠢᠭ ᠰᠢᠮ᠎ᠡ ᠶᠢᠨ ᠭᠠᠷᠭᠠᠯᠳᠠ ᠶᠢ | ᠠᠬᠢᠭᠤᠯᠤᠨ᠎ᠠ᠃ ᠰᠢᠯᠢᠳᠡᠭ ᠡᠭᠦᠯᠳᠡᠷ ᠤᠨ ᠮᠠᠯ ᠢ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠶᠢ ᠦᠷᠨᠢᠭᠦᠯᠵᠤ᠂ | ᠮᠠᠯ ᠤᠨ ᠡᠭᠦᠯᠳᠡᠷ ᠢ ᠰᠢᠯᠢᠳᠡᠭᠵᠢᠬᠦᠯᠦᠭᠰᠡᠨ ᠦᠷ᠎ᠡ ᠪᠦᠳᠦᠭᠡᠯ ᠢ ᠳᠡᠯᠭᠡᠨ ᠦᠵᠡᠭᠦᠯᠭᠦ ᠪᠠᠷ ᠲᠠᠮᠵᠢᠨ᠂ ᠮᠠᠯᠴᠢᠳ ᠤᠨ | ᠮᠠᠯ ᠤᠨ ᠡᠭᠦᠯᠳᠡᠷ ᠢᠶᠠᠨ ᠰᠠᠶᠢᠵᠢᠷᠠᠭᠤᠯᠬᠤ ᠢᠳᠡᠪᠬᠢᠵᠢᠯ ᠢ ᠲᠠᠶᠢᠴᠢᠯᠠᠵᠤ᠂ ᠮᠠᠯ ᠰᠦᠷᠦᠭ ᠤᠨ ᠪᠦᠳᠦᠴᠡ ᠶᠢ | ᠰᠢᠯᠢᠳᠡᠭᠵᠢᠭᠦᠯᠦᠨ᠂ ᠨᠡᠷᠡᠳᠤ ᠲᠡᠮᠳᠡᠭ ᠢ ᠭᠦᠴᠦᠯᠠᠨ ᠡᠭᠦᠳᠦᠨ᠎ᠠ᠃ ᠭᠤᠷᠪᠠ ᠳᠤ᠂ ᠮᠠᠯ ᠠᠵᠤ ᠠᠬᠤᠢ ᠪᠠ | ᠰᠢᠨᠵᠢᠯᠡᠭᠡ ᠮᠡᠷᠭᠡᠵᠢᠯ ᠤᠨ ᠶᠡᠭᠡ ᠲᠡᠭᠡᠳᠦ ᠰᠤᠷᠭᠠᠭᠤᠯᠢ ᠲᠠᠢ ᠬᠠᠮᠳᠤᠷᠠᠯᠴᠠᠭ᠎ᠠ ᠪᠠᠨ ᠴᠢᠩᠭᠠᠳᠬᠠᠨ᠎ᠠ᠃ ᠡᠷᠳᠡᠮ | ᠰᠢᠨᠵᠢᠯᠡᠭᠡᠨ ᠤ ᠬᠦᠷᠢᠶᠡᠯᠡᠩ ᠲᠠᠢ ᠬᠠᠮᠳᠤᠷᠠᠯᠴᠠᠭᠠᠨ ᠤ ᠭᠡᠯᠡᠯᠴᠡᠭᠡᠷ ᠳᠤᠭᠲᠠᠬᠤ ᠠᠵᠢᠯ ᠢ ᠪᠦᠬᠦ ᠲᠠᠯ᠎ᠠ ᠪᠠᠷ | ᠬᠡᠷᠡᠭᠵᠢᠬᠦᠯᠵᠦ᠂ ᠰᠢᠯᠢᠳᠡᠭ ᠡᠭᠦᠯᠳᠡᠷ ᠤᠨ ᠮᠢᠬᠠᠨ ᠤ ᠦᠬᠡᠷ ᠢ ᠬᠢᠨᠠᠨ ᠳᠤᠭᠲᠠᠭᠠᠬᠤ᠂ ᠦᠵᠦᠮᠦᠴᠢᠨ ᠬᠤᠨᠢᠨ ᠤ | ᠰᠢᠮ᠎ᠡ ᠳᠡᠵᠢᠭᠡᠯ ᠢ ᠵᠠᠳᠠᠯᠬᠤ᠂ ᠦᠵᠦᠮᠦᠴᠢᠨ ᠴᠠᠭᠠᠨ ᠠᠳᠤᠭᠤᠨ ᠤ ᠤᠳᠤᠮᠰᠢᠯ ᠢ ᠰᠤᠳᠤᠯᠬᠤ᠂ ᠮᠠᠯ ᠤᠨ ᠬᠢᠵᠢᠭ | ᠡᠪᠡᠳᠴᠢᠨ ᠢ ᠡᠮᠨᠡᠨ ᠵᠠᠰᠠᠬᠤ ᠵᠡᠷᠭᠡ ᠮᠡᠷᠭᠡᠵᠢᠯ ᠤᠨ ᠬᠠᠮᠳᠤᠷᠠᠯᠴᠠᠭ᠎ᠠ ᠰᠤᠯᠢᠯᠴᠠᠭ᠎ᠠ ᠶᠢ ᠦᠷᠨᠢᠬᠦᠯᠦᠨ᠎ᠡ᠃ ᠤᠶᠤᠨᠴᠢ | ᠮᠠᠯ ᠠᠵᠤ ᠠᠬᠤᠢ ᠶᠢᠨ ᠭᠡᠷᠡᠭᠯᠡᠯᠳᠠ ᠶᠢ ᠴᠢᠩᠭᠠᠳᠬᠠᠨ᠂ ᠰᠢᠯᠢᠳᠡᠭ ᠡᠭᠦᠯᠳᠡᠷ ᠤᠨ ᠮᠢᠬᠠᠨ ᠤ ᠦᠬᠡᠷ᠂ ᠦᠵᠦᠮᠦᠴᠢᠨ | ᠬᠤᠨᠢ᠂ ᠮᠣᠩᠭᠤᠯ ᠮᠣᠷᠢ ᠶᠢ ᠳᠤᠰᠬᠠᠢ ᠮᠠᠯᠵᠢᠨ ᠦᠰᠭᠡᠭᠦ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠤᠶᠤᠨᠴᠢ ᠮᠠᠯ | ᠠᠵᠤ ᠠᠬᠤᠢ ᠶᠢᠨ ᠳᠤᠷᠰᠢᠯᠳᠠ ᠶᠢᠨ ᠴᠡᠭ ᠢ ᠲᠡᠯᠭᠡᠷᠡᠭᠦᠯᠭᠦ ᠠᠵᠢᠯ ᠢ ᠰᠠᠶᠢᠳᠤᠷ ᠬᠢᠨ᠎ᠡ᠃ ᠳᠦᠷᠪᠡ ᠳᠤ᠂ ᠰᠢᠨ᠎ᠡ | ᠬᠡᠯᠪᠡᠷᠢ ᠶᠢᠨ ᠮᠠᠯ ᠠᠵᠤ ᠠᠬᠤᠢ ᠶᠢᠨ ᠡᠵᠡᠩᠨᠡᠯᠳᠡ ᠶᠢᠨ ᠭᠤᠤᠯ ᠴᠤᠭᠴᠠ ᠶᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ | ᠰᠢᠨ᠎ᠡ ᠭᠡᠯᠪᠡᠷᠢ ᠶᠢᠨ ᠲᠤᠰᠬᠠᠶᠢᠵᠢᠭᠰᠠᠨ ᠮᠠᠯᠴᠢᠨ᠂ ᠭᠡᠷ ᠪᠦᠯᠢ ᠶᠢᠨ ᠠᠮᠢ ᠠᠬᠤᠢ ᠶᠢᠨ ᠮᠠᠯᠵᠢᠯ ᠤᠨ ᠲᠠᠯᠠᠪᠠᠢ᠂ | ᠳᠤᠰᠬᠠᠶᠢᠵᠢᠭᠰᠠᠨ ᠮᠠᠯᠵᠢᠯ ᠤᠨ ᠲᠤᠮᠤ ᠡᠷᠦᠬᠡ᠂ ᠮᠠᠯᠴᠢᠳ ᠤᠨ ᠳᠤᠰᠬᠠᠢ ᠬᠤᠷᠰᠢᠶᠠᠵᠢᠯ ᠢᠶᠠᠷ ᠭᠤᠤᠯᠳᠠᠯᠭ᠎ᠠ | ᠪᠤᠯᠭᠠᠭᠰᠠᠨ᠂ ᠰᠢᠨ᠎ᠡ ᠬᠡᠯᠪᠡᠷᠢ ᠶᠢᠨ ᠮᠠᠯ ᠠᠵᠤ ᠠᠬᠤᠢ ᠶᠢᠨ ᠡᠵᠡᠩᠨᠡᠯᠳᠡ ᠶᠢᠨ ᠭᠤᠤᠯ ᠴᠤᠭᠴᠠ ᠶᠢ ᠪᠤᠶᠢᠵᠢᠭᠤᠯᠤᠨ | ᠬᠦᠭᠵᠢᠬᠦᠯᠦᠨ᠎ᠡ᠃ ᠮᠠᠯ ᠠᠵᠤ ᠠᠬᠤᠢ ᠶᠢᠨ ᠮᠡᠷᠭᠡᠵᠢᠯ ᠢ ᠲᠦᠭᠡᠮᠡᠯᠵᠢᠭᠦᠯᠭᠦ ᠪᠤᠯᠪᠠᠰᠤᠷᠠᠯ ᠢ 2000 ᠬᠦᠮᠦᠨ | ᠤᠳᠠᠭ᠎ᠠ ᠦᠷᠨᠢᠬᠦᠯᠬᠦ ᠪᠠᠷ ᠳᠦᠯᠦᠪᠯᠡᠨ᠂ 200 ᠨᠡᠷ᠎ᠡ ᠮᠠᠯᠴᠢᠨ ᠳᠤ ᠮᠡᠷᠭᠡᠵᠢᠯ ᠤᠨ ᠪᠤᠯᠪᠠᠰᠤᠷᠠᠯ ᠭᠦᠷᠳᠡᠭᠡᠵᠤ᠂ | ᠭᠡᠷ ᠪᠦᠯᠢ ᠶᠢᠨ ᠠᠮᠢ ᠠᠬᠤᠢ ᠶᠢᠨ ᠮᠠᠯᠵᠢᠯ ᠤᠨ ᠲᠠᠯᠠᠪᠠᠢ ︵ᠲᠤᠰᠬᠠᠢ ᠮᠠᠯᠵᠢᠯ ᠤᠨ ᠡᠷᠦᠭᠡ︶ 100 ᠶᠢ | ᠪᠤᠶᠢᠵᠢᠭᠤᠯᠤᠨ᠂ ᠵᠢᠱᠢᠶ᠎ᠡ ᠦᠵᠡᠬᠦᠯᠬᠦ ᠬᠤᠷᠰᠢᠶᠠᠵᠢᠯ 10 ᠶᠢ ᠪᠠᠶᠢᠭᠤᠯᠤᠨ᠎ᠠ᠃ 30 ᠭᠠᠴᠠᠭᠠᠨ ᠤ ᠬᠠᠮᠳᠤ ᠶᠢᠨ | ᠡᠳ᠋ ᠬᠦᠷᠦᠩᠭᠡ ᠶᠢ ᠬᠠᠷᠭᠤᠭᠤᠯᠤᠨ ᠪᠠᠶᠢᠴᠠᠭᠠᠬᠤ ᠶᠢ ᠪᠡᠶᠡᠯᠡᠬᠦᠯᠵᠦ᠂ ︽ᠭᠤᠷᠪᠠᠨ ᠬᠦᠷᠦᠩᠭᠡ︾ ᠶᠢ ᠴᠡᠪᠡᠷᠯᠡᠬᠦ | ᠲᠠᠩᠰᠠ ᠡᠪᠬᠡᠮᠡᠯ ᠢ ᠲᠡᠭᠦᠯᠳᠡᠷᠵᠢᠭᠦᠯᠦᠨ᠎ᠠ᠃ ᠦᠷ᠎ᠡ ᠶᠢᠨ ᠮᠠᠯ ᠢ ᠬᠢᠨᠠᠨ ᠳᠤᠭᠳᠠᠭᠠᠬᠤ᠂ ᠡᠭᠦᠯᠳᠡᠷ ᠰᠠᠶᠢᠵᠢᠷᠠᠭᠤᠯᠬᠤ᠂ | ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠶᠢ ᠠᠬᠢᠭᠤᠯᠤᠨ᠎ᠠ᠃ ᠲᠠᠪᠤ ᠳᠤ | ᠂ ᠤᠯᠤᠰ ᠤᠨ ᠰᠢᠨ᠎ᠡ ᠨᠢᠭᠡ ᠡᠭᠡᠯᠵᠢ ᠶᠢᠨ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠳᠦᠷᠦ ᠶᠢᠨ | ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠦ᠂ ᠮᠠᠯ ᠪᠡᠯᠴᠢᠭᠡᠷ ᠤᠨ ᠲᠡᠩᠴᠡᠭᠦᠷᠢ᠂ ᠪᠡᠯᠴᠢᠭᠡᠷᠯᠡᠬᠦᠯᠬᠦ ᠶᠢ | ᠵᠤᠭᠰᠤᠭᠠᠬᠤ᠂ ᠰᠡᠯᠭᠦᠨ ᠮᠠᠯᠵᠢᠬᠤ ᠳᠦᠷᠢᠮ ᠢ ᠴᠢᠩᠭ᠎ᠠ ᠬᠡᠷᠡᠭᠵᠢᠬᠦᠯᠦᠨ᠎ᠡ᠃ ᠪᠡᠭᠡᠵᠢᠩ ᠲᠢᠶᠠᠨᠵᠢᠨ ᠤ ᠡᠯᠡᠰᠦᠨ ᠤ | ᠡᠬᠢ ᠶᠢ ᠵᠠᠰᠠᠬᠤ ᠪᠠ ᠰᠢᠯᠢᠳᠡᠭ ᠡᠭᠦᠯᠳᠡᠷ ᠤᠨ ᠮᠢᠬᠠᠨ ᠤ ᠦᠬᠡᠷ᠂ ᠦᠵᠦᠮᠦᠴᠢᠨ ᠬᠤᠨᠢᠨ ᠤ ᠪᠠᠷᠢᠮᠵᠢᠶᠠᠵᠢᠭᠰᠠᠨ | ᠦᠰᠭᠡᠨ ᠦᠷᠡᠵᠢᠬᠦᠯᠬᠦ ᠲᠠᠯᠠᠪᠠᠢ ᠶᠢᠨ ᠪᠠᠶᠢᠭᠤᠯᠤᠯᠳᠠ ᠵᠡᠷᠭᠡ ᠢᠨᠵᠧᠨᠧᠷᠢᠩ ᠢ ᠦᠷᠭᠦᠯᠵᠢᠯᠡᠨ ᠬᠡᠷᠡᠭᠵᠢᠬᠦᠯᠵᠦ᠂ | ᠬᠠᠰᠢᠶᠠᠯᠠᠨ ᠮᠠᠯᠵᠢᠬᠤ᠂ ᠡᠪᠡᠰᠤ ᠪᠤᠷᠳᠤᠭ᠎ᠠ ᠲᠠᠷᠢᠬᠤ᠂ ᠲᠤᠯᠠᠭᠠᠨ ᠫᠧᠩ᠂ ᠡᠪᠡᠰᠤ ᠨᠦᠭᠡᠴᠡᠯᠡᠬᠦ ᠫᠧᠩ ᠵᠡᠷᠭᠡ | ᠳᠦᠷᠦᠯ ᠵᠦᠢᠯ ᠤᠨ ᠪᠠᠶᠢᠭᠤᠯᠤᠯᠳᠠ ᠶᠢᠨ ᠡᠭᠦᠷᠬᠡ ᠪᠠᠨ ᠴᠠᠭ ᠲᠤᠬᠠᠢ ᠳᠤᠨᠢ ᠪᠡᠶᠡᠯᠡᠬᠦᠯᠦᠨ᠎ᠡ᠃ ᠵᠢᠷᠭᠤᠭ᠎ᠠ ᠳᠤ᠂ | ᠦᠨᠳᠤᠰᠦᠨ ᠱᠠᠳᠤᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠰᠢᠰᠲ᠋ᠧᠮ ᠤᠨ ᠪᠠᠶᠢᠭᠤᠯᠤᠯᠳᠠ ᠶᠢ | ᠴᠢᠩᠭᠠᠳᠬᠠᠵᠤ᠂ ᠬᠠᠪᠤᠷ ᠨᠠᠮᠤᠷ ᠤᠨ ᠤᠯᠠᠷᠢᠯ ᠤᠨ ᠠᠮᠢᠳᠠᠨ ᠤ ᠬᠢᠵᠢᠭ ᠡᠪᠡᠳᠴᠢᠨ ᠢ ᠳᠦᠪᠯᠡᠷᠡᠬᠦᠯᠦᠨ | ᠰᠡᠷᠭᠡᠶᠢᠯᠡᠭᠦ ᠠᠵᠢᠯ ᠢ ᠦᠨᠡᠨᠬᠦ ᠰᠠᠶᠢᠳᠤᠷ ᠠᠳᠬᠤᠵᠦ᠂ ᠤᠷᠤᠨ ᠪᠦᠰᠡ ᠶᠢᠨ ᠴᠢᠨᠠᠷᠳᠠᠢ ᠬᠦᠨᠳᠤ ᠶᠡᠭᠡ ᠠᠮᠢᠳᠠᠨ ᠤ | ᠬᠢᠵᠢᠭ ᠡᠪᠡᠳᠴᠢᠨ ᠡᠭᠦᠰᠬᠦ ᠦᠭᠡᠢ ᠪᠠᠶᠢᠬᠤ ᠶᠢ ᠪᠠᠳᠤᠯᠠᠨ᠎ᠠ᠃ ᠦᠨᠳᠤᠰᠦᠨ ᠱᠠᠳᠤᠨ ᠤ ᠮᠠᠯ ᠡᠮᠨᠡᠯᠭᠡ ᠶᠢᠨ ᠡᠩᠨᠡᠭᠡᠨ | ᠤ ᠬᠠᠮᠢᠶᠠᠷᠤᠯᠳᠠ ᠶᠢ ᠴᠢᠩᠭᠠᠳᠬᠠᠵᠤ᠂ ᠮᠠᠯ ᠤᠨ ᠡᠮᠴᠢ ᠶᠢᠨ ᠮᠡᠷᠭᠡᠵᠢᠯ ᠴᠢᠳᠠᠪᠤᠷᠢ ᠶᠢᠨ ᠪᠤᠯᠪᠠᠰᠤᠷᠠᠯ ᠢ | ᠴᠢᠩᠭᠠᠳᠬᠠᠨ᠂ ᠪᠦᠭᠦᠶᠢᠯᠡ ᠤᠶᠢᠯᠡᠴᠢᠯᠡᠭᠡᠨ ᠤ ᠴᠢᠨᠠᠷ ᠴᠢᠨᠠᠰᠠᠭ᠎ᠠ ᠶᠢ ᠲᠡᠭᠡᠭᠰᠢᠯᠡᠭᠦᠯᠦᠨ᠎ᠠ᠃ ᠮᠠᠯ ᠤᠨ ᠠᠰᠢᠭ | ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ ᠬᠠᠮᠢᠶᠠᠷᠤᠯᠳᠠ ᠪᠠᠨ ᠴᠢᠩᠭᠠᠳᠬᠠᠨ᠎ᠠ᠃ ᠳᠤᠯᠤᠭ᠎ᠠ ᠳᠤ᠂ | ᠮᠦᠩᠭᠦᠨ ᠬᠦᠢᠯᠭᠡᠭᠡᠨ ᠤ ᠦᠢᠯᠡᠴᠢᠯᠡᠭᠡ ᠪᠠ ᠮᠠᠯ ᠠᠵᠤ ᠠᠬᠤᠢ ᠶᠢᠨ ᠲᠠᠭᠠᠳᠬᠠᠯ ᠢ ᠳᠡᠭᠦᠯᠳᠡᠷᠵᠢᠭᠦᠯᠦᠨ᠎ᠡ᠃ | ᠮᠦᠩᠭᠦᠨ ᠬᠦᠢᠯᠭᠡᠭᠡ᠂ ᠳᠠᠭᠠᠳᠬᠠᠯ ᠤᠨ ᠪᠠᠶᠢᠭᠤᠯᠤᠮᠵᠢ ᠠᠴᠠ ᠮᠠᠯ ᠠᠵᠤ ᠠᠬᠤᠢ ᠶᠢᠨ ᠠᠷᠠᠴᠢᠯᠠᠨ ᠮᠠᠯᠵᠢᠬᠤ᠂ ᠠᠵᠤ | ᠦᠢᠯᠡᠰ ᠤᠨ ᠬᠦᠭᠵᠢᠯᠳᠡ ᠪᠠ ᠰᠠᠭᠤᠷᠢ ᠳᠦᠬᠦᠭᠡᠷᠦᠮᠵᠢ ᠶᠢᠨ ᠪᠠᠶᠢᠭᠤᠯᠤᠯᠳᠠ ᠳᠤ ᠲᠤᠮᠳᠠ ᠤᠷᠳᠤ ᠬᠤᠭᠤᠴᠠᠭᠠᠨ ᠤ | ᠵᠢᠭᠡᠯᠡᠯᠭᠡ ᠶᠢ ᠢᠳᠡᠪᠬᠢᠳᠡᠢ ᠡᠷᠡᠮᠡᠯᠵᠡᠯᠡᠨ ᠤᠯᠵᠦ᠂ ᠳᠦᠷᠦ ᠶᠢᠨ ᠪᠤᠳᠤᠯᠭ᠎ᠠ ᠶᠢᠨ ᠴᠢᠨᠠᠷᠳᠠᠢ ᠮᠠᠯ ᠠᠵᠤ ᠠᠬᠤᠢ ᠶᠢᠨ | ᠳᠠᠭᠠᠳᠬᠠᠯ ᠢ ᠪᠦᠷᠭᠦᠭᠦᠯᠭᠦ ᠬᠡᠪᠴᠢᠶ᠎ᠡ ᠶᠢ ᠦᠷᠬᠡᠳᠬᠡᠨ᠂ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠬᠦ᠂ ᠠᠶᠤᠯ | ᠳᠦᠭᠰᠢᠬᠦᠷᠢ ᠶᠢ ᠰᠡᠷᠭᠡᠶᠢᠯᠡᠬᠦ ᠴᠢᠳᠠᠪᠤᠷᠢ ᠶᠢ ᠴᠢᠩᠭᠠᠳᠬᠠᠨ᠎ᠠ᠃ ᠠᠵᠣ ᠦᠢᠯᠡᠳᠪᠦᠷᠢ ᠶᠢᠨ ᠠᠵᠤ ᠠᠬᠤᠢ ᠶᠢᠨ ᠲᠠᠯ᠎ᠠ | ᠪᠠᠷ᠂ ᠠᠵᠤ ᠠᠬᠤᠶᠢᠯᠠᠯ ᠳᠤ ᠦᠢᠯᠡᠴᠢᠯᠡᠬᠦ ᠶᠢ ᠵᠤᠬᠢᠴᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠦ᠂ | ᠠᠷᠭ᠎ᠠ ᠪᠤᠳᠤᠯᠭ᠎ᠠ ᠪᠠᠨ ᠵᠤᠬᠢᠰᠳᠠᠢ ᠬᠡᠷᠡᠭᠵᠢᠬᠦᠯᠦᠨ᠂ ᠠᠵᠣ ᠠᠬᠤᠶᠢᠯᠠᠯ ᠤᠨ ᠲᠣᠭᠳᠠᠭᠤᠨ ᠦᠢᠯᠡᠳᠪᠦᠷᠢᠯᠡᠯ ᠤᠨ | ᠦᠷ᠎ᠠ ᠠᠰᠢᠭ ᠢ ᠪᠠᠳᠤᠯᠠᠨ᠎ᠠ᠃ ︽ᠨᠢᠭᠡ ᠲᠤᠭᠤᠷᠢᠭ ᠭᠤᠷᠪᠠᠨ ᠬᠦᠷᠢᠶᠡᠯᠡᠩ︾ ᠤᠨ ᠳᠦᠯᠦᠪᠵᠢᠭᠦᠯᠭᠡ ᠶᠢ | ᠠᠬᠢᠭᠤᠯᠵᠦ᠂ ︽ᠲᠦᠷᠪᠡᠨ ᠠᠵᠦ ᠠᠬᠤᠶᠢᠯᠠᠯ ᠤᠨ ᠰᠠᠭᠤᠷᠢᠨ ᠭᠠᠵᠠᠷ᠂ ᠨᠢᠭᠡ ᠰᠢᠨ᠎ᠡ ᠶᠢ ᠡᠬᠦᠳᠴᠦ ᠵᠢᠱᠢᠶ᠎ᠡ | ᠦᠵᠡᠬᠦᠯᠬᠦ ᠲᠣᠭᠤᠷᠢᠭ᠂ ᠨᠢᠭᠡ ᠡᠬᠡ ᠬᠠᠭᠤᠷᠠᠢ ᠶᠢᠨ ᠭᠠᠷᠠᠮ ᠤᠨ ᠪᠣᠳᠠᠰ ᠤᠨ ᠬᠦᠢᠯᠭᠡᠭᠡᠨ ᠤ ᠰᠠᠭᠤᠷᠢᠨ ᠭᠠᠵᠠᠷ︾ ᠢ | ᠴᠢᠷᠮᠠᠶᠢᠨ ᠡᠬᠦᠳᠦᠨ᠎ᠡ᠃ 2018 ᠣᠨ ᠳᠤ ᠵᠢᠱᠢᠯᠳᠠ ᠪᠠᠷ᠂ ᠭᠡᠪᠴᠢᠶᠡᠵᠢᠯ ᠠᠴᠠ ᠲᠡᠭᠡᠭᠰᠢᠬᠢ ᠠᠵᠤ ᠤᠶᠢᠯᠠᠳᠪᠤᠷᠢ | ᠶᠢᠨ ᠤᠶᠢᠯᠠᠳᠪᠤᠷᠢᠯᠠᠯ ᠤᠨ ᠦᠷᠳᠡᠭ ᠢ 151 ᠳ᠋ᠦᠡᠭᠰᠢᠭᠤᠷ ᠲᠦᠭᠦᠷᠢᠭ ᠲᠤ ᠭᠦᠷᠭᠡᠵᠤ᠂ 16.7% ᠪᠠᠷ | ᠨᠡᠮᠡᠭᠳᠡᠭᠦᠯᠦᠨ᠎ᠠ᠃ ᠬᠦᠷᠠᠩ ᠨᠡᠭᠦᠷᠡᠰᠣ 5000 ᠲᠦᠮᠡᠨ ᠲᠣᠨ ᠦᠢᠯᠡᠳᠪᠦᠷᠢᠯᠡᠵᠦ᠂ 100 ᠳ᠋ᠥᠩᠰᠢᠭᠤᠷ | ᠺᠢᠯᠣᠸᠠᠲ ᠴᠠᠭ ᠴᠠᠬᠢᠯᠭᠠᠨ ᠭᠠᠷᠭᠠᠨ᠂ ᠬᠠᠷ᠎ᠠ ᠳᠤᠭᠤᠯᠭ᠎ᠠ᠂ ᠴᠠᠶᠢᠷ᠂ ᠵᠡᠰ᠂ ᠮᠦᠩᠬᠦ ᠵᠡᠷᠭᠡ ᠲᠡᠮᠦᠷᠯᠢᠭ ᠢ | 56180 ᠲᠣᠨ ᠰᠤᠩᠭᠤᠨ ᠪᠤᠯᠪᠠᠰᠤᠷᠠᠭᠤᠯᠵᠤ᠂ 12 ᠲᠦᠮᠡᠨ ᠲᠣᠨ ᠴᠠᠶᠢᠷ ᠤᠨ ᠬᠠᠪᠳᠠᠰᠣ ᠶᠢ ᠬᠠᠶᠢᠯᠤᠭᠤᠯᠤᠨ | ᠪᠤᠯᠪᠠᠰᠤᠷᠠᠭᠤᠯᠵᠤ᠂ 30 ᠲᠦᠮᠡᠨ ᠲᠣᠨ ᠱᠦᠢᠨᠢ ᠤᠶᠢᠯᠡᠳᠪᠤᠷᠢᠯᠡᠨ᠂ 2 ᠲᠦᠮᠡᠨ ᠲᠣᠨ ᠹᠯᠦᠷᠳᠣ | ᠣᠰᠣᠳᠦ᠋ᠷᠦᠭᠴᠢ ᠶᠢᠨ ᠬᠦᠴᠢᠯ᠂ 36 ᠲᠦᠮᠡᠨ ᠲᠣᠨ ᠴᠤᠬᠤᠢ ᠶᠢᠨ ᠴᠢᠯᠠᠭᠤ ᠤᠶᠢᠯᠠᠳᠪᠤᠷᠢᠯᠡᠵᠤ᠂ 80 ᠲᠦᠮᠡᠨ | ᠮᠠᠯ ︵ᠬᠤᠨᠢᠴᠢᠯᠠᠭᠰᠠᠨ ᠨᠢᠭᠡᠴᠢ︶ ᠡᠳ᠋ᠰᠢᠬᠦᠯᠦᠨ ᠪᠤᠯᠪᠠᠰᠤᠷᠠᠭᠤᠯᠤᠨ᠎ᠠ᠃ ᠵᠢᠭᠤᠯᠴᠢᠯᠠᠯ ᠤᠨ ᠦᠢᠯᠡᠰ ᠤᠨ ᠲᠠᠯ᠎ᠠ ᠪᠠᠷ | ᠂ ᠪᠦᠬᠦᠶᠢᠯᠡ ᠣᠷᠣᠨ ᠪᠦᠰᠡ ᠶᠢᠨ ᠵᠢᠭᠤᠯᠴᠢᠯᠠᠯ᠂ ᠲᠦᠷᠪᠡᠨ ᠣᠯᠠᠷᠢᠯ ᠤᠨ ᠵᠢᠭᠤᠯᠴᠢᠯᠠᠯ ᠢ ᠬᠦᠭᠵᠢᠬᠦᠯᠬᠦ | ᠪᠠᠶᠢᠯᠳᠤᠬᠤ ᠪᠣᠳᠣᠯᠭ᠎ᠠ ᠶᠢ ᠪᠦᠭᠦ ᠭᠦᠴᠦᠨ ᠢᠶᠠᠷ ᠢᠶᠠᠨ ᠬᠡᠷᠡᠭᠵᠢᠬᠦᠯᠵᠦ᠂ ᠤᠶᠤᠨᠴᠢ ᠵᠢᠭᠤᠯᠴᠢᠯᠠᠯ ᠤᠨ | ᠪᠠᠶᠢᠭᠤᠯᠤᠯᠳᠠ ᠶᠢ ᠳᠦᠷᠭᠡᠳᠬᠡᠨ᠂ ᠲᠤᠮᠤ ᠬᠡᠯᠪᠡᠷᠢ ᠶᠢᠨ ᠵᠤᠴᠢᠳ ᠤᠨ ᠪᠠᠭᠤᠳᠠᠯ᠂ ᠦᠵᠡᠮᠵᠢ ᠶᠢᠨ ᠤᠷᠤᠨ ᠤ | ᠤᠶᠤᠨᠴᠢ ᠢᠯᠭᠠᠨ ᠳᠤᠳᠤᠯᠠᠬᠤ ᠰᠢᠰᠲ᠋ᠧᠮ ᠢ ᠤᠭᠰᠠᠷᠠᠬᠤ ᠠᠬᠢᠴᠠ ᠶᠢ ᠲᠦᠷᠭᠡᠳᠭᠡᠵᠤ᠂ ᠲᠤᠰ ᠭᠠᠵᠠᠷ ᠤᠷᠤᠨ ᠤ | ᠬᠢ ᠪᠠᠨ ᠡᠯᠧᠺᠲᠷᠤᠨ ᠬᠤᠳᠠᠯᠳᠤᠭ᠎ᠠ᠂ ᠵᠢᠭᠤᠯᠴᠢᠯᠠᠯ ᠤᠨ ᠲᠤᠭ᠎ᠠ ᠪᠠᠷᠢᠮᠳᠠ ᠶᠢᠨ ᠲᠠᠪᠴᠠᠩ ᠲᠠᠢ ᠤᠶᠠᠯᠳᠤᠭᠤᠯᠤᠨ᠂ | ᠮᠠᠨ ᠤ ᠬᠤᠰᠢᠭᠤᠨ ᠤ ᠵᠢᠭᠤᠯᠴᠢᠯᠠᠯ ᠤᠨ ᠲᠤᠮᠤ ᠲᠤᠭ᠎ᠠ ᠪᠠᠷᠢᠮᠳᠠ ᠶᠢ ᠪᠠᠶᠢᠭᠤᠯᠤᠨ᠎ᠠ᠃ ᠨᠡᠭᠦᠳᠡᠯ ᠰᠤᠶᠤᠯ ᠢᠶᠠᠷ | ᠰᠠᠭᠤᠷᠢ ᠪᠤᠯᠭᠠᠨ᠂ PPP ᠵᠠᠭᠪᠤᠷ ᠢᠶᠠᠷ ᠪᠡᠯᠡ ᠴᠤᠭᠯᠠᠭᠤᠯᠬᠤ ᠪᠤᠯᠤᠨ ᠠᠷᠠᠯᠵᠢᠶᠠᠴᠢᠨ ᠤᠷᠢᠵᠤ ᠪᠡᠯᠡ ᠲᠠᠳᠠᠬᠤ | ᠵᠠᠭᠪᠤᠷ ᠢ ᠭᠡᠷᠡᠭᠯᠡᠵᠤ᠂ ︽99 ᠺᠢᠯᠤᠮᠧᠲᠷ︾ ᠤᠨ ᠲᠠᠯ᠎ᠠ ᠨᠤᠲᠤᠭ ᠤᠨ ᠰᠤᠶᠤᠯ ᠵᠢᠭᠤᠯᠴᠢᠯᠠᠯ ᠤᠨ ᠦᠵᠡᠮᠵᠢ ᠶᠢᠨ | ᠪᠦᠰᠡ ᠶᠢ ᠡᠭᠦᠳᠦᠨ ᠪᠠᠶᠢᠭᠤᠯᠵᠦ᠂ ᠤᠯᠠᠭᠠᠨ ᠤᠳᠠᠢ᠂ ᠴᠢᠩᠭᠢᠰ ᠬᠠᠭᠠᠨ ᠤ ᠰᠡᠷᠭᠦᠯᠡᠩ ᠬᠠᠷᠠᠭᠠᠳᠤ ᠠᠭᠤᠯᠠ᠂ | ᠮᠤᠩᠭᠤᠯ ᠬᠠᠨ ᠬᠤᠳᠠ᠂ ᠨᠡᠭᠦᠳᠡᠯᠴᠢᠨ ᠠᠶᠢᠮᠠᠭ᠂ ᠰᠦᠯᠳᠠ ᠰᠤᠶᠤᠯ ᠤᠨ ᠠᠵᠤ ᠤᠶᠢᠯᠠᠰ ᠤᠨ ᠭᠦᠷᠢᠶᠡᠯᠡᠩ ᠵᠡᠷᠭᠡ | ᠦᠵᠡᠮᠵᠢ ᠶᠢᠨ ᠤᠷᠤᠨ ᠪᠤᠯᠤᠨ ᠭᠤᠤᠯ ᠪᠤᠯᠬᠤ ᠵᠠᠮ ᠱᠤᠭᠤᠮ ᠤᠨ ᠰᠠᠭᠤᠷᠢ ᠪᠦᠳᠦᠭᠡᠨ ᠪᠠᠶᠢᠭᠤᠯᠤᠯᠳᠠ ᠶᠢ | ᠴᠢᠩᠭᠠᠳᠬᠠᠵᠤ᠂ ᠵᠢᠭᠤᠯᠴᠢᠯᠠᠯ ᠤᠨ ᠦᠢᠯᠡᠰ ᠤᠨ ᠡᠮᠬᠢ ᠲᠢᠭᠯᠢᠮ ᠲᠠᠢ ᠡᠷᠡᠭᠦᠯ ᠭᠦᠭᠵᠢᠯᠳᠠ ᠶᠢ ᠪᠠᠳᠤᠯᠠᠨ᠎ᠠ᠃ | ᠰᠤᠪᠢᠯᠠᠯᠳᠠ ᠡᠷᠡᠭᠦᠯᠵᠢᠯ᠂ ᠤᠨᠴᠠᠯᠢᠭᠳᠤ ᠡᠮᠴᠢᠯᠡᠭᠡᠨ ᠤ ᠵᠢᠭᠤᠯᠴᠢᠯᠠᠯ ᠤᠨ ᠲᠠᠸᠠᠷ ᠢ ᠨᠡᠭᠡᠭᠡᠨ ᠭᠦᠭᠵᠢᠭᠦᠯᠵᠤ᠂ | ᠠᠵᠠᠳᠠᠢ ᠰᠤᠪᠢᠯᠠᠯᠳᠠ ᠶᠢᠨ ᠭᠦᠷᠢᠶᠡᠯᠡᠩ ᠢᠶᠠᠷ ᠲᠠᠪᠴᠠᠩ ᠪᠤᠯᠭᠠᠨ᠂ ᠮᠤᠩᠭᠤᠯ ᠡᠮ ᠡᠮᠨᠡᠯᠭᠡ ᠶᠢᠨ ᠡᠷᠡᠭᠦᠯᠵᠢᠯ ᠤᠨ | ᠵᠢᠭᠤᠯᠴᠢᠯᠠᠯ ᠤᠨ ᠰᠠᠭᠤᠷᠢᠨ ᠭᠠᠵᠠᠷ ᠢ ᠡᠭᠦᠳᠴᠦ᠂ ᠵᠢᠭᠤᠯᠴᠢᠯᠠᠯ ᠤᠨ ᠤᠶᠢᠯᠠᠰ ᠲᠤ ᠰᠢᠨ᠎ᠡ ᠠᠮᠢᠵᠢᠷᠠᠯ ᠤᠨ | ᠭᠦᠴᠦᠨ ᠢ ᠨᠡᠮᠡᠷᠢᠯᠡᠨ᠎ᠠ᠃ ︽ᠮᠠᠯᠴᠢᠨ ᠠᠶᠢᠯ︾ ᠵᠢᠭᠤᠯᠴᠢᠯᠠᠯ ᠤᠨ ᠴᠡᠭ ᠢ ᠳᠦᠷᠢᠮᠵᠢᠬᠦᠯᠦᠨ᠂ ᠵᠢᠭᠤᠯᠴᠢᠯᠠᠯ ᠤᠨ | ᠠᠵᠤ ᠦᠢᠯᠡᠰ ᠢ ᠠᠷᠠᠳ ᠳᠦᠮᠡᠨ ᠤ ᠬᠠᠨᠤᠮᠵᠢᠳᠠᠢ ᠵᠣᠯ ᠵᠢᠷᠭᠠᠯᠳᠤ ᠠᠵᠤ ᠦᠢᠯᠡᠰ ᠪᠤᠯᠭᠠᠨ ᠭᠦᠭᠵᠢᠭᠦᠯᠦᠨ᠎ᠠ᠃ | 2018 ᠣᠨ ᠪᠤᠯᠬᠤ ᠳᠤ᠂ ᠵᠢᠭᠤᠯᠴᠢᠯᠠᠭᠰᠠᠳ ᠢ ᠬᠦᠯᠢᠶᠡᠨ ᠵᠤᠴᠢᠯᠠᠭᠰᠠᠨ ᠲᠤᠭ᠎ᠠ ᠶᠢ 100 ᠲᠦᠮᠡᠨ ᠬᠦᠮᠦᠨ | ᠤᠳᠠᠭ᠎ᠠ ᠠᠴᠠ ᠲᠠᠪᠠᠭᠤᠯᠵᠤ᠂ ᠵᠢᠭᠤᠯᠴᠢᠯᠠᠯ ᠤᠨ ᠤᠷᠤᠯᠭ᠎ᠠ 6 ᠳ᠋ᠦᠩᠰᠢᠭᠤᠷ ᠳᠦᠬᠦᠷᠢᠭ ᠢ ᠪᠡᠶᠡᠯᠡᠭᠦᠯᠭᠦ ᠪᠠᠷ | ᠴᠢᠷᠮᠠᠶᠢᠨ᠎ᠠ᠃ | ︵ᠭᠤᠷᠪᠠ︶ ᠡᠳ᠋ ᠤᠨ ᠵᠠᠰᠠᠭ ᠭᠠᠶᠢᠯᠢ ᠶᠢᠨ ᠶᠠᠪᠣᠳᠠᠯ ᠤᠨ ᠠᠵᠢᠯ ᠢ ᠦᠨᠡᠨᠬᠦ ᠰᠠᠶᠢᠳᠣᠷ ᠬᠢᠨ᠎ᠡ᠃ ᠡᠳ᠋ ᠤᠨ | ᠵᠠᠰᠠᠭ ᠤᠨ ᠣᠷᠣᠯᠭ᠎ᠠ ᠶᠢᠨ ᠵᠠᠳᠠᠯᠣᠯᠳᠠ᠂ ᠲᠦᠰᠦᠪᠯᠡᠯᠳᠠ ᠪᠠ ᠬᠠᠮᠢᠶᠠᠷᠣᠨ ᠬᠢᠵᠠᠭᠠᠷᠯᠠᠬᠤ ᠠᠵᠢᠯ ᠢ ᠴᠢᠩᠭᠠᠳᠬᠠᠵᠣ᠂ | ᠭᠠᠶᠢᠯᠢ ᠲᠠᠳᠠᠪᠦᠷᠢᠯᠠᠵᠦ ᠬᠤᠷᠢᠶᠠᠨ ᠬᠠᠮᠢᠶᠠᠷᠬᠤ ᠪᠠᠳᠣᠯᠠᠭ᠎ᠠ ᠶᠢᠨ ᠠᠷᠭ᠎ᠠ ᠪᠠᠷᠢᠯ ᠢ ᠦᠨᠡᠨᠬᠦ ᠨᠠᠶᠢᠳᠠᠪᠦᠷᠢᠵᠢᠭᠤᠯᠣᠨ᠂ | ᠬᠤᠯᠪᠣᠭᠠᠯᠠᠨ ᠭᠠᠶᠢᠯᠢ ᠬᠤᠷᠢᠶᠠᠵᠦ ᠬᠠᠮᠢᠶᠠᠷᠬᠤ ᠵᠣᠬᠢᠴᠠᠮᠵᠢ ᠶᠢ ᠪᠦᠷᠢᠨᠰᠢᠬᠦᠯᠦᠨ᠂ ᠡᠯ᠎ᠡ ᠲᠦᠷᠦᠯ ᠤᠨ ᠲᠠᠳᠠᠪᠦᠷᠢᠯᠠᠨ | ᠬᠤᠷᠢᠶᠠᠪᠠᠰᠣ ᠵᠣᠬᠢᠬᠤ ᠭᠠᠶᠢᠯᠢ ᠶᠢ ᠪᠦᠬᠦᠨ ᠢ ᠬᠤᠷᠢᠶᠠᠬᠤ ᠶᠢ ᠪᠠᠳᠣᠯᠠᠨ᠎ᠠ᠃ ᠲᠦᠷᠦᠯ ᠵᠦᠢᠯ ᠤᠨ ᠪᠦᠳᠣᠬᠡᠨ | ᠪᠠᠶᠢᠭᠤᠯᠣᠯᠳᠠ ᠪᠠ ᠠᠵᠣ ᠠᠬᠤᠶᠢᠯᠠᠯ ᠤᠨ ᠬᠦᠭᠵᠢᠯᠳᠡ ᠶᠢᠨ ᠱᠠᠭᠠᠷᠳᠠᠯᠭ᠎ᠠ ᠶᠢ ᠦᠨᠳᠤᠰᠦᠯᠠᠵᠤ᠂ ᠪᠠᠩᠬᠢ ᠪᠣᠯᠣᠨ | ᠠᠵᠣ ᠠᠬᠤᠶᠢᠯᠠᠯ ᠤᠨ ᠬᠠᠷᠢᠯᠴᠠᠭ᠎ᠠ ᠶᠢ ᠴᠢᠩᠭᠠᠳᠬᠠᠨ᠂ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠳᠠᠬᠢ ᠪᠡᠯᠡ | ᠬᠤᠷᠠᠮᠳᠣᠭᠤᠯᠬᠤ ᠠᠵᠢᠯ ᠢ ᠠᠬᠢᠭᠤᠯᠵᠣ᠂ ᠮᠦᠩᠬᠦᠨ ᠬᠦᠢᠯᠭᠡᠭᠡᠨ ᠤ ᠦᠢᠯᠡᠴᠢᠯᠡᠬᠡᠨ ᠤ ᠪᠣᠳᠠᠳᠣ ᠠᠵᠣ ᠠᠬᠤᠢ ᠳᠤ | ᠦᠵᠡᠬᠦᠯᠬᠦ ᠦᠢᠯᠡᠳᠣᠯ ᠢ ᠰᠠᠶᠢᠳᠣᠷ ᠪᠠᠳᠠᠷᠠᠭᠤᠯᠣᠨ᠎ᠠ᠃ PPP ᠵᠠᠭᠪᠣᠷ ᠢ ᠠᠰᠢᠭᠯᠠᠨ᠂ ᠣᠯᠠᠨ ᠠᠷᠭ᠎ᠠ ᠵᠠᠮ ᠢᠶᠠᠷ | ᠨᠡᠶᠢᠬᠡᠮ ᠤᠨ ᠬᠦᠷᠦᠩᠭᠡ ᠶᠢᠨ ᠪᠡᠯᠡ ᠣᠷᠣᠭᠤᠯᠣᠯᠳᠠ ᠶᠢ ᠠᠬᠢᠭᠤᠯᠵᠣ᠂ ᠵᠠᠰᠠᠭ ᠤᠨ ᠣᠷᠳᠣᠨ ᠤ ᠪᠡᠯᠡ | ᠣᠷᠣᠭᠤᠯᠣᠯᠳᠠ ᠶᠢᠨ ᠬᠠᠨᠳᠣᠰᠢ ᠶᠢ ᠰᠢᠯᠢᠳᠡᠭᠵᠢᠭᠦᠯᠦᠨ᠂ ᠨᠡᠩ ᠣᠯᠠᠨ ᠨᠡᠶᠢᠭᠡᠮ ᠤᠨ ᠬᠦᠷᠦᠩᠭᠡ ᠮᠦᠩᠭᠦ ᠶᠢ | ᠰᠠᠭᠤᠷᠢ ᠲᠦᠭᠦᠭᠡᠷᠣᠮᠵᠢ ᠶᠢᠨ ᠪᠠᠶᠢᠭᠤᠯᠣᠯᠳᠠ ᠪᠠ ᠨᠡᠶᠢᠳᠡ ᠶᠢᠨ ᠦᠢᠯᠡᠴᠢᠯᠡᠬᠡᠨ ᠤ ᠬᠦᠷᠢᠶ᠎ᠡ ᠬᠡᠪᠴᠢᠶᠡᠨ ᠳᠤ ᠲᠠᠳᠠᠨ | ᠤᠷᠤᠭᠤᠯᠤᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢ ᠲᠥᠯᠦᠬᠦ ᠲᠦᠯᠦᠪᠯᠡᠭᠡ ᠶᠣᠰᠣᠭᠠᠷ᠂ ᠥᠷᠢ | ᠥᠭᠴᠡᠭᠡ ᠶᠢ ᠲᠦᠯᠦᠭᠦ ᠠᠵᠢᠯ ᠢ ᠰᠠᠶᠢᠳᠣᠷ ᠬᠢᠵᠦ᠂ ᠥᠷᠢ ᠦᠭᠴᠡᠭᠡᠨ ᠤ ᠲᠦᠭᠰᠢᠬᠦᠷᠢ ᠶᠢ ᠰᠡᠷᠭᠡᠶᠢᠯᠡᠨ᠎ᠡ᠃ | ︵ᠲᠦᠷᠪᠡ︶ ᠰᠠᠭᠤᠷᠢ ᠲᠦᠭᠦᠭᠡᠷᠣᠮᠵᠢ ᠶᠢᠨ ᠪᠦᠳᠣᠭᠡᠨ ᠪᠠᠶᠢᠭᠤᠯᠣᠯᠳᠠ ᠶᠢᠨ ᠬᠦᠴᠦᠯᠡᠴᠡ ᠪᠠᠨ | ᠨᠡᠮᠡᠭᠳᠡᠬᠦᠯᠦᠨ᠎ᠡ᠃ ᠬᠤᠲᠠ ᠪᠠᠯᠭᠠᠰᠤᠨ ᠤ ᠪᠠᠶᠢᠭᠤᠯᠤᠯᠳᠠ ᠶᠢᠨ ᠲᠠᠯ᠎ᠠ ᠪᠠᠷ᠂ ᠬᠤᠳᠠ ᠪᠠᠯᠭᠠᠰᠤᠨ ᠤ ᠰᠠᠭᠤᠷᠢ | ᠳᠦᠬᠦᠭᠡᠷᠦᠮᠵᠢ ᠵᠢᠴᠢ ᠰᠡᠯᠡᠬᠦᠴᠡᠨ ᠲᠤᠭᠤᠷᠢᠬᠤ ᠦᠵᠡᠮᠵᠢ ᠶᠢᠨ ᠤᠷᠤᠨ ᠢ ᠤᠶᠢᠵᠢᠭᠤᠯᠤᠨ ᠳᠡᠰ ᠳᠡᠪᠰᠢᠬᠦᠯᠬᠦ ᠶᠢ | ᠠᠬᠢᠭᠤᠯᠵᠦ᠂ ᠠᠵᠢᠯᠯᠠᠵᠤ ᠠᠮᠢᠳᠤᠷᠠᠬᠤ ᠲᠠᠭᠠᠯᠠᠮᠵᠢᠳᠠᠢ ᠤᠷᠴᠢᠨ ᠢ ᠪᠤᠢ ᠪᠤᠯᠭᠠᠨ᠂ ᠰᠠᠭᠤᠭᠠᠯᠢ ᠠᠷᠠᠳ ᠤᠨ | ᠠᠮᠢᠳᠤᠷᠠᠯ ᠤᠨ ᠴᠢᠨᠠᠷ ᠴᠢᠨᠰᠠᠭ᠎ᠠ ᠪᠠ ᠵᠣᠯ ᠵᠢᠷᠭᠠᠯᠳᠤ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ ᠪᠠᠯᠭᠠᠷᠭᠤᠤᠯ | ᠪᠠᠯᠭᠠᠰᠤᠨ ᠤ ᠪᠤᠬᠢᠷ ᠤᠰᠤ ᠶᠢ ᠰᠢᠢᠳᠪᠤᠷᠢᠯᠡᠬᠦ ᠦᠢᠯᠡᠳᠪᠤᠷᠢ ᠶᠢᠨ ᠪᠠᠷᠢᠮᠵᠢᠶ᠎ᠠ ᠶᠢ ᠳᠡᠭᠡᠭᠰᠢᠯᠡᠬᠦᠯᠦᠨ ᠦᠷᠭᠡᠳᠬᠡᠨ | ᠪᠠᠶᠢᠭᠤᠯᠬᠤ ᠪᠠ ᠪᠤᠬᠢᠷ ᠤᠰᠤᠨ ᠤ ᠬᠤᠭᠤᠯᠠᠢ ᠶᠢ ᠦᠷᠭᠡᠳᠬᠡᠨ ᠪᠠᠶᠢᠭᠤᠯᠬᠤ ᠢᠨᠵᠧᠨᠧᠷᠢᠩ ᠢ ᠭᠡᠷᠡᠭᠵᠢᠭᠦᠯᠵᠤ᠂ | ᠬᠤᠳᠠ ᠪᠠᠯᠭᠠᠰᠤᠨ ᠤ ᠪᠤᠬᠢᠷ ᠤᠰᠤ ᠶᠢ ᠰᠢᠢᠳᠪᠤᠷᠢᠯᠡᠬᠦ ᠴᠢᠳᠠᠪᠤᠷᠢ ᠶᠢ ᠳᠡᠭᠡᠭᠰᠢᠯᠡᠬᠦᠯᠦᠨ᠎ᠡ᠃ ᠪᠠᠯᠭᠠᠷᠭᠤᠤᠯ | ᠪᠠᠯᠭᠠᠰᠤᠨ ᠤ ᠵᠢᠷᠠᠨ ᠵᠠᠮ ᠤᠨ ᠬᠤᠶᠠᠷ ᠬᠠᠵᠠᠭᠤ ᠶᠢᠨ ᠦᠵᠡᠮᠵᠢ ᠶᠢᠨ ᠢᠨᠵᠧᠨᠧᠷᠢᠩ ᠪᠠ ᠶᠠᠩ ᠭᠤᠸᠠᠩ ᠰᠠᠭᠤᠭᠠᠯᠢ | ᠳᠤᠭᠤᠷᠢᠭ ᠤᠨ ᠵᠡᠬᠦᠨ ᠲᠠᠯ᠎ᠠ ᠶᠢᠨ ᠴᠡᠴᠡᠷᠯᠢᠭᠳᠦ ᠭᠦᠷᠢᠶᠡᠯᠡᠩ ᠤᠨ ᠪᠠᠶᠢᠭᠤᠯᠤᠯᠳᠠ ᠶᠢᠨ ᠳᠦᠷᠦᠯ ᠵᠦᠢᠯ ᠢ | ᠬᠡᠷᠡᠭᠵᠢᠬᠦᠯᠵᠦ᠂ ᠬᠤᠲᠠ ᠪᠠᠯᠭᠠᠰᠤᠨ ᠤ ᠠᠮᠢ ᠠᠬᠤᠢ ᠶᠢᠨ ᠴᠢᠳᠠᠪᠬᠢ ᠶᠢ ᠤᠯᠠᠮ ᠨᠢᠭᠡ ᠠᠯᠬᠤᠮ | ᠳᠡᠭᠦᠯᠳᠡᠷᠵᠢᠭᠦᠯᠤᠨᠠ᠃ ᠬᠠᠭᠤᠴᠢᠨ ᠰᠠᠭᠤᠭᠠᠯᠢ ᠳᠤᠭᠤᠷᠢᠭ ᠤᠨ ᠰᠠᠭᠤᠷᠢ ᠳᠦᠬᠦᠭᠡᠷᠦᠮᠵᠢ ᠶᠢ ᠲᠡᠭᠦᠯᠳᠡᠷᠵᠢᠭᠦᠯᠵᠤ᠂ | ᠤᠷᠴᠢᠨ ᠨᠦᠭᠦᠴᠠᠯ ᠢ ᠨᠢ ᠰᠠᠶᠢᠵᠢᠷᠠᠭᠤᠯᠤᠨ᠎ᠠ᠃ ᠵᠠᠮ ᠱᠤᠭᠤᠮ ᠤᠨ ᠭᠠᠳᠠᠷᠭᠤ ᠪᠠ ᠪᠤᠷᠤᠭᠠᠨ ᠤ ᠤᠰᠤ ᠶᠢ | ᠭᠠᠳᠠᠭᠰᠢᠯᠠᠭᠤᠯᠬᠤ ᠬᠤᠭᠤᠯᠠᠢ ᠶᠢᠨ ᠪᠠᠶᠢᠭᠤᠯᠤᠯᠳᠠ ᠶᠢ ᠬᠡᠷᠡᠭᠵᠢᠭᠦᠯᠵᠦ᠂ ᠵᠠᠮ ᠤᠨ ᠭᠠᠳᠠᠷᠭᠤ ᠶᠢ ᠵᠠᠰᠠᠨ ᠲᠡᠭᠰᠢᠯᠡᠵᠤ | ᠂ ᠪᠤᠷᠤᠭᠠᠨ ᠤ ᠤᠰᠤ ᠶᠢ ᠭᠠᠳᠠᠭᠰᠢᠯᠠᠭᠤᠯᠬᠤ ᠴᠢᠳᠠᠪᠬᠢ ᠶᠢ ᠲᠡᠭᠡᠭᠰᠢᠯᠡᠭᠦᠯᠦᠨ᠎ᠠ᠃ ᠬᠤᠲᠠ ᠪᠠᠯᠭᠠᠰᠤᠨ ᠤ ᠳᠦᠭᠦᠮ | ᠪᠦᠳᠦᠴᠡᠳᠤ ᠲᠤᠭᠤᠷᠢᠭ ᠢ ᠦᠭᠡᠷᠡᠴᠢᠯᠡᠬᠦ ᠳᠦᠷᠦᠯ ᠵᠦᠢᠯ ᠢ ᠦᠷᠭᠦᠯᠵᠢᠯᠡᠨ ᠬᠡᠷᠡᠭᠵᠢᠬᠦᠯᠵᠦ᠂ 500 ᠡᠷᠦᠬᠡ ᠳᠤ | ᠬᠡᠷᠡᠭᠵᠢᠬᠦᠯᠬᠦ ᠪᠠᠷ ᠳᠦᠯᠦᠪᠯᠡᠨ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠤᠷᠤᠰᠢᠨ ᠰᠠᠭᠤᠬᠤ ᠤᠷᠴᠢᠨ | ᠳᠤᠭᠤᠷᠢᠨ ᠢ ᠳᠠᠰᠤᠷᠠᠯᠳᠠ ᠦᠭᠡᠢ ᠰᠠᠶᠢᠵᠢᠷᠠᠭᠤᠯᠤᠨ᠎ᠠ᠃ 6 ᠰᠤᠮᠤ ᠪᠠᠯᠭᠠᠰᠤᠨ ᠤ ᠰᠠᠭᠤᠭᠠᠯᠢ ᠳᠤᠭᠤᠷᠢᠭ ᠲᠤ | ᠤᠶᠢᠵᠢᠭᠤᠯᠬᠤ᠂ ᠬᠠᠳᠠᠭᠤᠷᠠᠭᠤᠯᠬᠤ ᠵᠡᠷᠭᠡ ᠢᠨᠵᠧᠨᠧᠷᠢᠩ ᠢ ᠤᠯᠠᠮ ᠴᠢᠨᠠᠭᠰᠢᠳᠠ ᠬᠡᠷᠡᠭᠵᠢᠬᠦᠯᠵᠦ᠂ ᠬᠤᠭ ᠨᠤᠪᠰᠢ | ᠶᠢ ᠰᠢᠢᠳᠪᠦᠷᠢᠯᠡᠬᠦ ᠲᠠᠯᠠᠪᠠᠢ 2᠂ ᠬᠤᠭ ᠨᠤᠪᠰᠢ ᠶᠢ ᠰᠢᠯᠵᠢᠬᠦᠯᠦᠨ ᠵᠦᠭᠡᠭᠡᠪᠦᠷᠢᠯᠡᠬᠦ ᠦᠷᠲᠡᠭᠡ 15 ᠶᠢ ᠰᠢᠨ᠎ᠡ ᠪᠠᠷ | ᠪᠠᠶᠢᠭᠤᠯᠵᠦ᠂ ᠬᠤᠲᠠ ᠪᠠᠯᠭᠠᠰᠤᠨ ᠤ ᠴᠢᠳᠠᠪᠬᠢ ᠶᠢ ᠳᠡᠭᠦᠯᠳᠡᠷᠵᠢᠭᠦᠯᠦᠨ᠎ᠡ᠃ ᠵᠠᠰᠠᠮᠠᠯ ᠵᠠᠮ ᠤᠨ ᠲᠠᠯ᠎ᠠ ᠪᠠᠷ᠂ | ᠭᠠᠴᠠᠭᠠᠨ ᠤ ᠵᠠᠰᠠᠮᠠᠯ ᠵᠠᠮ᠂ ᠵᠢᠭᠤᠯᠴᠢᠯᠠᠯ ᠤᠨ ᠵᠠᠮ ᠢ ᠵᠠᠰᠠᠬᠤ ᠠᠬᠢᠴᠠ ᠪᠠᠨ ᠲᠦᠷᠭᠡᠳᠬᠡᠵᠦ᠂ 215 ᠺᠢᠯᠤᠮᠧᠲᠷ | ᠤᠨ ᠮᠠᠯᠵᠢᠬᠤ ᠤᠷᠤᠨ ᠤ ᠵᠠᠰᠠᠮᠠᠯ ᠵᠠᠮ᠂ 97.6 ᠺᠢᠯᠤᠮᠧᠲᠷ ᠤᠨ ᠵᠢᠭᠤᠯᠴᠢᠯᠠᠯ ᠤᠨ ᠵᠠᠰᠠᠮᠠᠯ ᠵᠠᠮ ᠢ ᠵᠠᠰᠠᠬᠤ ᠪᠠᠷ | ᠲᠦᠯᠦᠪᠯᠡᠵᠦ᠂ 14.6 ᠺᠢᠯᠤᠮᠧᠲᠷ ᠤᠨ ᠲᠦᠷᠪᠡᠳᠣᠭᠡᠷ ᠲᠡᠰ ᠤᠨ ᠱᠦᠢᠨᠢ ᠵᠠᠮ ᠢ ᠵᠠᠰᠠᠨ ᠰᠠᠶᠢᠵᠢᠷᠠᠭᠤᠯᠵᠤ᠂ | PPP ᠵᠠᠭᠪᠣᠷ ᠢᠶᠠᠷ ᠰᠢᠨᠡᠭᠤᠣᠯ ᠠᠴᠠ ᠭᠤᠷᠣᠬᠠᠨ ᠬᠦᠷᠬᠦ ᠵᠠᠰᠠᠮᠠᠯ ᠵᠠᠮ ᠤᠨ 76.8 ᠺᠢᠯᠤᠮᠧᠲᠷ ᠢ ᠰᠡᠯᠪᠢᠨ | ᠵᠠᠰᠠᠵᠤ᠂ ᠵᠠᠮ ᠨᠡᠪᠳᠡᠷᠡᠬᠦᠯᠬᠡ ᠶᠢ ᠦᠷᠬᠦᠯᠵᠢᠯᠡᠨ ᠰᠠᠶᠢᠵᠢᠷᠠᠭᠤᠯᠣᠨ᠎ᠠ᠃ ᠲᠡᠮᠦᠷ ᠵᠠᠮ ᠤᠨ ᠲᠠᠯ᠎ᠠ ᠪᠠᠷ᠂ | ᠪᠠᠶ᠋ᠬᠠᠭᠤᠯᠠ ᠠᠴᠠ ᠵᠡᠬᠦᠨ ᠬᠠᠳᠠᠪᠴᠢ ᠬᠦᠷᠬᠦ ᠲᠡᠮᠦᠷ ᠵᠠᠮ᠂ ᠬᠤᠸᠠ ᠷᠦᠨ ᠪᠥᠯᠦᠭᠯᠡᠯ ᠤᠨ ᠡᠤ ᠵᠢᠶᠠᠨ ᠹᠠᠩ ᠳᠠᠬᠢ | ᠲᠡᠮᠦᠷ ᠵᠠᠮ ᠤᠨ ᠲᠣᠰᠬᠠᠢ ᠱᠣᠭᠤᠮ᠂ ᠪᠠᠶᠠᠨᠬᠤᠸᠠ ᠵᠡᠬᠦᠨ ᠦᠷᠳᠡᠭᠡ ᠠᠴᠠ ᠰᠠᠶᠢᠠᠠᠦ᠋ᠨᠳᠦᠷ ᠬᠦᠷᠬᠦ ᠲᠡᠮᠦᠷ ᠵᠠᠮ | ᠵᠡᠷᠭᠡ ᠪᠦᠳᠣᠭᠡᠨ ᠪᠠᠶᠢᠭᠤᠯᠵᠣ ᠪᠠᠶᠢᠭ᠎ᠠ ᠲᠦᠷᠦᠯ ᠵᠦᠢᠯ ᠤᠨ ᠠᠬᠢᠴᠠ ᠶᠢ ᠲᠦᠷᠭᠡᠳᠭᠡᠨ᠎ᠡ︔ ᠪᠠᠶᠠᠨᠬᠤᠸᠠ | ᠨᠠᠷᠢᠯᠢᠭᠵᠢᠭᠤᠯᠣᠭᠰᠠᠨ ᠬᠦᠩᠭᠡᠨᠴᠠᠭᠠᠨ ᠬᠠᠪᠳᠠᠰᠤ ᠶᠢᠨ ᠤᠶᠢᠯᠠᠳᠪᠤᠷᠢ ᠶᠢᠨ ᠲᠡᠮᠦᠷ ᠵᠠᠮ ᠤᠨ ᠲᠣᠰᠬᠠᠢ ᠱᠣᠭᠤᠮ ᠤᠨ | ᠪᠡᠯᠡᠳᠬᠡᠯ ᠠᠵᠢᠯ ᠢ ᠢᠳᠡᠪᠬᠢᠳᠡᠢ ᠳᠦᠯᠬᠢᠨ ᠠᠬᠢᠭᠤᠯᠵᠦ᠂ ᠠᠵᠢᠯ ᠡᠬᠢᠯᠡᠭᠦᠯᠭᠦ ᠪᠠᠷ ᠴᠢᠷᠮᠠᠶᠢᠨ᠎ᠡ᠃ ᠪᠠᠶᠠᠨᠬᠤᠸᠠ | ᠲᠦᠷᠪᠡᠳᠣᠭᠡᠷ ᠠᠭᠤᠷᠬᠠᠢ ᠶᠢᠨ ᠲᠡᠮᠦᠷ ᠵᠠᠮ ᠤᠨ ᠲᠣᠰᠬᠠᠢ ᠱᠣᠭᠤᠮ ᠤᠨ ᠲᠦᠷᠦᠯ ᠵᠦᠢᠯ ᠢ ᠬᠢᠨᠠᠨ ᠵᠦᠪᠰᠢᠶᠡᠷᠡᠭᠦᠯᠭᠦ | ᠪᠠᠷ ᠴᠢᠷᠮᠠᠶᠢᠨ᠎ᠠ᠃ ᠣᠰᠣᠨ ᠠᠰᠢᠭᠯᠠᠯᠳᠠ ᠶᠢᠨ ᠲᠠᠯ᠎ᠠ ᠪᠠᠷ᠂ ︽ᠭᠤᠣᠯ ᠤᠰᠤᠨ ᠤ ᠪᠤᠬᠢᠷᠳᠤᠯ ᠳᠤ ᠬᠠᠷᠢᠭᠤᠴᠠᠬᠤ | ᠳᠠᠷᠤᠭ᠎ᠠ ᠶᠢᠨ ᠳᠦᠷᠢᠮ︾ ᠤᠨ ᠠᠵᠢᠯ ᠤᠨ ᠬᠠᠷᠠᠯᠲᠠ ᠶᠢ ᠪᠡᠶᠡᠯᠡᠬᠦᠯᠵᠦ᠂ ᠭᠤᠣᠯ ᠭᠤᠷᠤᠬ᠎ᠠ᠂ ᠨᠠᠭᠤᠷ | ᠴᠦᠬᠦᠷᠦᠮ ᠤᠨ ᠬᠠᠮᠢᠶᠠᠷᠤᠯᠳᠠ ᠶᠢᠨ ᠬᠡᠪᠴᠢᠶ᠎ᠡ ᠶᠢ ᠬᠤᠪᠢᠶᠠᠨ ᠲᠤᠭᠳᠠᠭᠠᠵᠤ᠂ ᠬᠠᠮᠢᠶᠠᠷᠤᠯᠳᠠ ᠶᠢᠨ ᠵᠠᠭᠠᠭ | ᠱᠤᠭᠤᠮ ᠢ ᠲᠤᠳᠤᠷᠬᠠᠶᠢᠯᠠᠨ᠎ᠠ᠃ ᠪᠡᠭᠡᠵᠢᠩ ᠲᠢᠶᠠᠨᠵᠢᠨ ᠤ ᠡᠯᠡᠰᠣᠨ ᠤ ᠡᠬᠢ ᠶᠢ ᠵᠠᠰᠠᠬᠤ ᠬᠤᠶᠠᠳᠣᠭᠠᠷ | ᠬᠤᠭᠤᠴᠠᠭᠠᠨ ᠤ ᠢᠨᠵᠧᠨᠧᠷᠢᠩ ᠤᠨ ᠣᠰᠣᠨ ᠠᠰᠢᠭᠯᠠᠯᠳᠠ ᠶᠢᠨ ᠲᠦᠷᠦᠯ ᠵᠦᠢᠯ ᠢ ᠦᠷᠬᠦᠯᠵᠢᠯᠡᠨ ᠠᠬᠢᠭᠤᠯᠵᠣ᠂ | 12 ᠲᠡᠭᠰᠢ ᠲᠦᠷᠪᠡᠯᠵᠢᠨ ᠺᠢᠯᠣᠮᠧᠲᠷ ᠲᠠᠯᠠᠪᠠᠢ ᠪᠦᠬᠦᠢ ᠪᠠᠭ᠎ᠠ ᠰᠠᠪᠠ ᠭᠠᠵᠠᠷ ᠢ ᠵᠠᠰᠠᠨ᠎ᠠ᠃ ᠴᠠᠬᠢᠯᠭᠠᠨ ᠬᠦᠴᠦᠨ ᠤ | ᠲᠠᠯ᠎ᠠ ᠪᠠᠷ᠂ ᠪᠤᠯᠠᠭ ᠠᠴᠠ ᠣᠯᠢᠶᠠᠰᠣᠳᠠᠢ ᠬᠦᠷᠬᠦ 500 ᠺᠢᠯᠤᠸᠤᠯᠲ ᠭᠦᠴᠦᠳᠠᠯ ᠥᠭᠡᠷᠡᠴᠢᠯᠡᠬᠦ ᠢᠨᠵᠧᠨᠧᠷᠢᠩ ᠢ | ᠠᠬᠢᠭᠤᠯᠣᠨ᠂ ᠵᠢᠯ ᠤᠨ ᠲᠣᠳᠣᠷ᠎ᠠ ᠠᠰᠢᠭᠯᠠᠯᠳᠠ ᠳᠤ ᠣᠷᠣᠭᠤᠯᠣᠨ᠎ᠠ᠃ ᠰᠢᠨ᠎ᠡ ᠪᠠᠷ 943 ᠡᠷᠦᠬᠡ ᠳᠤ ᠪᠠᠶᠢᠩᠭᠤ | ᠶᠢᠨ ᠴᠠᠬᠢᠯᠭᠠᠨ ᠨᠡᠪᠳᠡᠷᠡᠭᠦᠯᠭᠦ ᠪᠠᠷ ᠴᠢᠷᠮᠠᠶᠢᠨ᠎ᠠ᠃ ᠨᠢᠰᠭᠡᠯ ᠤᠨ ᠪᠠᠭᠤᠳᠠᠯ ᠤᠨ ᠲᠠᠯ᠎ᠠ ᠪᠠᠷ᠂ ᠢᠳᠡᠪᠬᠢᠳᠡᠢ | ᠵᠤᠬᠢᠴᠠᠭᠤᠯᠵᠦ᠂ ᠵᠢᠯ ᠤᠨ ᠲᠤᠳᠤᠷ᠎ᠠ ᠰᠤᠳᠤᠯᠭᠠᠨ ᠤ ᠮᠡᠳᠡᠬᠦᠯᠦᠯᠳᠡ ᠪᠠ ᠠᠩᠬ᠎ᠠ ᠠᠯᠬᠤᠮ ᠤᠨ ᠵᠢᠷᠤᠭ ᠲᠦᠰᠦᠯ ᠢ | ᠬᠢᠨᠠᠨ ᠵᠦᠪᠰᠢᠶᠡᠷᠡᠬᠦᠯᠬᠦ ᠶᠢ ᠪᠡᠶᠡᠯᠡᠬᠦᠯᠦᠨ᠎ᠡ᠃ | ︵ᠲᠠᠪᠤ︶ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠳᠠ ᠪᠠ ᠵᠠᠰᠠᠨ ᠴᠡᠭᠴᠡᠯᠡᠯᠳᠡ ᠶᠢ | ᠴᠢᠩᠭᠠᠳᠬᠠᠨ᠎ᠠ᠃ ︽ᠪᠠᠷᠠᠭᠤᠨ ᠦᠵᠦᠮᠦᠴᠢᠨ ᠬᠤᠰᠢᠭᠤᠨ ᠤ ᠪᠡᠯᠴᠢᠭᠡᠷᠯᠡᠬᠦᠯᠬᠦ ᠶᠢ ᠵᠤᠭᠰᠤᠭᠠᠬᠤ ᠪᠠ ᠮᠠᠯ | ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠬᠢᠨᠠᠯᠳᠠ ᠬᠠᠮᠢᠶᠠᠷᠤᠯᠳᠠ ᠶᠢᠨ ᠠᠷᠭ᠎ᠠ︾ ᠶᠢ ᠨᠠᠷᠢᠨ ᠬᠢᠨᠠᠮᠠᠭᠠᠢ | ᠳᠤᠤᠱᠯᠠᠭᠤᠯᠤᠨ ᠨᠠᠶᠢᠳᠠᠪᠤᠷᠢᠵᠢᠭᠤᠯᠵᠦ᠂ ᠪᠡᠯᠴᠢᠭᠡᠷᠯᠡᠬᠦᠯᠬᠦ ᠶᠢ ᠵᠤᠭᠰᠤᠭᠠᠬᠤ ᠪᠠ ᠮᠠᠯ ᠪᠡᠯᠴᠢᠭᠡᠷ ᠤᠨ ᠲᠡᠩᠴᠡᠭᠦᠷᠢ | ᠶᠢ ᠪᠠᠳᠤᠯᠠᠬᠤ ᠳᠦᠷᠢᠮ ᠢ ᠴᠢᠩᠭ᠎ᠠ ᠬᠡᠷᠡᠭᠵᠢᠬᠦᠯᠦᠨ᠎ᠡ᠃ ᠨᠤᠲᠤᠭ ᠪᠡᠯᠴᠢᠭᠡᠷ ᠤᠨ ᠦᠮᠴᠢᠯᠡᠯ ᠤᠨ ᠡᠷᠬᠡ ᠶᠢ | ᠲᠤᠳᠤᠷᠬᠠᠶᠢᠯᠠᠨ ᠲᠠᠩᠰᠠᠯᠠᠬᠤ ᠠᠵᠢᠯ ᠢ ᠪᠦᠬᠦ ᠲᠠᠯ᠎ᠠ ᠪᠠᠷ ᠪᠡᠶᠡᠯᠡᠬᠦᠯᠵᠦ᠂ ︽ᠪᠠᠷᠠᠭᠤᠨ ᠦᠵᠦᠮᠦᠴᠢᠨ ᠬᠤᠰᠢᠭᠤᠨ ᠤ | ᠨᠤᠲᠤᠭ ᠪᠡᠯᠴᠢᠭᠡᠷ ᠢ ᠲᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠬᠦᠯᠦᠨ ᠥᠭᠬᠦ ᠳᠤ ᠲᠦᠷ ᠬᠡᠷᠡᠭᠵᠢᠬᠦᠯᠬᠦ | ᠬᠠᠮᠢᠶᠠᠷᠤᠯᠳᠠ ᠶᠢᠨ ᠠᠷᠭ᠎ᠠ︾ ᠶᠢ ᠳᠤᠭᠳᠠᠭᠠᠵᠦ᠂ ᠨᠤᠲᠤᠭ ᠪᠡᠯᠴᠢᠭᠡᠷ ᠢ ᠰᠢᠯᠵᠢᠬᠦᠯᠦᠨ ᠥᠭᠬᠦ ᠠᠵᠢᠯᠯᠠᠭ᠎ᠠ ᠶᠢ | ᠤᠯᠠᠮ ᠨᠢᠭᠡ ᠠᠯᠬᠤᠮ ᠳᠦᠷᠢᠮᠵᠢᠬᠦᠯᠦᠨ᠎ᠡ᠃ ᠬᠦᠷᠦᠭᠡᠰᠣᠳᠠᠢ ᠤᠯᠤᠰ ᠤᠨ ᠲᠡᠰ ᠤᠨ ᠪᠠᠶᠢᠭᠠᠯᠢ ᠶᠢᠨ | ᠬᠠᠮᠠᠭᠠᠯᠠᠯᠳᠠ ᠶᠢᠨ ᠣᠷᠣᠨ ᠳᠤᠳᠤᠷᠠᠬᠢ ᠠᠭᠤᠷᠬᠠᠢ ᠶᠢ ᠬᠠᠶᠢᠨ ᠰᠢᠨᠵᠢᠬᠦ ᠡᠷᠬᠡ ᠶᠢ ᠦᠭᠡᠶᠢᠰᠬᠡᠬᠦ ᠬᠦᠴᠦᠯᠡᠴᠡ ᠪᠠᠨ | ᠨᠡᠮᠡᠭᠳᠡᠬᠦᠯᠵᠦ᠂ 2018 ᠣᠨ ᠤ 6 ᠰᠠᠷ᠎ᠠ ᠶᠢᠨ ᠰᠡᠭᠦᠯᠴᠢ ᠳᠤ ᠪᠦᠭᠦᠨ ᠢ ᠣᠬᠤᠷᠢᠨ ᠭᠠᠷᠭᠠᠬᠤ ᠪᠠᠷ ᠴᠢᠷᠮᠠᠶᠢᠨ᠎ᠠ᠃ | ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠨ ᠴᠡᠭᠴᠡᠯᠡᠬᠦ ᠬᠦᠷᠢᠶ᠎ᠡ ᠬᠡᠪᠴᠢᠶ᠎ᠡ ᠪᠠᠨ ᠦᠷᠬᠦᠯᠵᠢᠯᠡᠨ | ᠥᠷᠭᠡᠳᠭᠡᠵᠦ᠂ 124 ᠾᠧᠺᠲ᠋ᠠᠷ ᠲᠠᠯᠠᠪᠠᠢ ᠪᠦᠬᠦᠢ 152 ᠭᠡᠰᠡᠭ ᠭᠠᠵᠠᠷ ᠢ ᠵᠠᠰᠠᠨ ᠴᠡᠭᠴᠡᠯᠡᠵᠤ᠂ ᠣᠷᠬᠢᠭᠳᠠᠨ | ᠬᠠᠶᠠᠭᠳᠠᠭᠰᠠᠨ ᠭᠦᠨ ᠨᠥᠬᠡ᠂ ᠬᠠᠭᠤᠷᠠᠢ ᠬᠤᠳᠳᠤᠭ᠂ ᠪᠠᠷᠢᠯᠭ᠎ᠠ ᠶᠢᠨ ᠮᠠᠲ᠋ᠧᠷᠢᠶᠠᠯ ᠠᠪᠣᠭᠰᠠᠨ ᠦᠯᠡᠳᠡᠭᠳᠡᠯ ᠨᠥᠬᠡ | ᠵᠡᠷᠭᠡ ᠶᠢ ᠵᠠᠰᠠᠨ ᠴᠡᠭᠴᠡᠯᠡᠵᠦ᠂ ᠬᠦᠳᠡᠭᠡ ᠳᠤᠰᠬᠤᠨ ᠤ ᠵᠠᠮ ᠱᠤᠭᠤᠮ ᠢ ᠪᠦᠳᠦᠭᠡᠨ ᠪᠠᠶᠢᠭᠤᠯᠬᠤ ᠪᠠ ᠦᠭᠡᠷᠡᠴᠢᠯᠡᠨ | ᠰᠠᠶᠢᠵᠢᠷᠠᠭᠤᠯᠬᠤ ᠶᠠᠪᠤᠴᠠ ᠳᠤᠮᠳᠠ ᠦᠯᠡᠳᠡᠭᠡᠭᠰᠡᠨ ᠮᠠᠲ᠋ᠧᠷᠢᠶᠠᠯ ᠠᠪᠤᠭᠰᠠᠨ ᠭᠠᠵᠠᠷ ᠢ ᠬᠤᠭᠤᠴᠠᠭ᠎ᠠ ᠬᠤᠪᠢᠶᠠᠨ | ᠵᠠᠰᠠᠨ ᠴᠡᠭᠴᠡᠯᠡᠨ᠎ᠡ᠃ ᠪᠣᠬᠢᠷᠳᠣᠯ ᠦᠬᠡᠢ ᠠᠭᠤᠷᠬᠠᠢ ᠶᠢᠨ ᠤᠷᠤᠨ ᠤ ᠪᠦᠳᠣᠬᠡᠨ ᠪᠠᠶᠢᠭᠤᠯᠣᠯᠳᠠ ᠶᠢ ᠭᠦᠨᠵᠡᠭᠡᠢ | ᠦᠷᠨᠢᠬᠦᠯᠦᠨ᠂ ᠥᠪᠡᠷᠳᠡᠭᠡᠨ ᠵᠠᠰᠠᠬᠤ ᠣᠷᠣᠨ ᠤ ᠲᠡᠰ ᠤᠨ ᠪᠣᠬᠢᠷᠳᠣᠯ ᠦᠬᠡᠢ ᠠᠭᠤᠷᠬᠠᠢ ᠶᠢᠨ ᠤᠷᠤᠨ ᠤ | ᠪᠦᠳᠣᠬᠡᠨ ᠪᠠᠶᠢᠭᠤᠯᠣᠯᠳᠠ ᠶᠢᠨ ᠪᠠᠷᠢᠮᠵᠢᠶ᠎ᠠ ᠶᠣᠰᠣᠭᠠᠷ ᠨᠡᠬᠡᠬᠡᠨ ᠭᠦᠭᠵᠢᠭᠦᠯᠵᠤ᠂ ᠥᠭᠡᠷᠡᠴᠢᠯᠡᠨ ᠲᠡᠰᠵᠢᠬᠦᠯᠬᠦ ᠶᠢ | ᠱᠠᠭᠠᠷᠳᠠᠨ᠎ᠠ᠃ ᠪᠦᠬᠦ ᠶᠠᠪᠤᠴᠠ ᠳᠤ ᠪᠤᠬᠢᠷᠳᠤᠯ ᠢ ᠵᠠᠰᠠᠵᠦ᠂ ᠭᠠᠳᠠᠭᠰᠢᠯᠠᠭᠤᠯᠤᠯᠳᠠ ᠶᠢ ᠪᠠᠭᠠᠰᠬᠠᠬᠤ ᠶᠢ | ᠪᠡᠶᠡᠯᠡᠬᠦᠯᠦᠨ᠎ᠡ᠃ ᠶᠡᠷᠤᠩᠬᠡᠢ ᠬᠡᠮᠵᠢᠶ᠎ᠡ ᠶᠢ ᠲᠤᠭᠳᠠᠭᠰᠠᠨ ᠬᠡᠮᠵᠢᠶᠡᠨ ᠳᠤ ᠴᠢᠩᠭ᠎ᠠ ᠬᠢᠵᠠᠭᠠᠷᠯᠠᠨ᠂ ᠪᠦᠳᠦᠴᠡ ᠶᠢᠨ | ᠳᠤᠬᠢᠷᠠᠭᠤᠯᠤᠯᠳᠠ ᠪᠠ ᠮᠡᠷᠭᠡᠵᠢᠯ ᠤᠨ ᠰᠠᠶᠢᠵᠢᠷᠠᠭᠤᠯᠤᠯᠳᠠ ᠶᠢ ᠪᠤᠬᠢᠷᠳᠤᠯ ᠢ ᠭᠠᠳᠠᠭᠰᠢᠯᠠᠭᠤᠯᠬᠤ ᠴᠢᠬᠤᠯᠠ ᠠᠷᠭ᠎ᠠ | ᠪᠠᠷᠢᠯ ᠪᠤᠯᠭᠠᠨ᠎ᠠ᠃ ᠲᠠᠷᠢᠶᠠᠯᠠᠩ ᠮᠠᠯ ᠠᠵᠣ ᠠᠬᠤᠢ ᠶᠢᠨ ᠲᠠᠯ᠎ᠠ ᠳᠠᠬᠢ ᠪᠣᠬᠢᠷᠳᠣᠯ ᠢ ᠪᠠᠭᠠᠰᠬᠠᠬᠤ ᠠᠵᠢᠯ ᠢ ᠲᠦᠯᠬᠢᠨ | ᠠᠬᠢᠭᠤᠯᠵᠣ᠂ ᠣᠳᠣ ᠶᠢᠨ ᠪᠠᠶᠢᠭ᠎ᠠ 2 ᠲᠡᠵᠢᠭᠡᠨ ᠦᠷᠡᠵᠢᠬᠦᠯᠬᠦ ᠲᠠᠯᠠᠪᠠᠢ ᠪᠠ 187 ᠪᠠᠷᠢᠮᠵᠢᠶᠠᠵᠢᠭᠰᠠᠨ ᠲᠡᠵᠢᠭᠡᠨ | ᠦᠷᠡᠵᠢᠬᠦᠯᠬᠦ ᠲᠣᠭᠤᠷᠢᠭ ᠤᠨ ᠲᠦᠭᠦᠭᠡᠷᠦᠮᠵᠢ ᠶᠢ ᠰᠢᠯᠢᠳᠡᠭᠵᠢᠭᠦᠯᠵᠤ᠂ ᠲᠡᠵᠢᠭᠡᠨ ᠦᠷᠡᠵᠢᠬᠦᠯᠬᠦ ᠲᠠᠯᠠᠪᠠᠢ ᠶᠢᠨ | ᠬᠠᠶᠠᠭᠳᠠᠮᠠᠯ ᠪᠣᠳᠠᠰ ᠢ ᠲᠠᠬᠢᠨ ᠠᠰᠢᠭᠯᠠᠵᠤ ᠰᠢᠢᠳᠪᠦᠷᠢᠯᠡᠨ᠎ᠡ᠃ ᠪᠠᠶᠠᠨᠬᠤᠸᠠ ᠠᠵᠤ ᠦᠢᠯᠡᠳᠪᠤᠷᠢ ᠶᠢᠨ | ᠲᠤᠭᠤᠷᠢᠭ ᠤᠨ ᠰᠢᠭᠠᠷᠤ ᠶᠢᠨ ᠲᠠᠯᠠᠪᠠᠢ ᠶᠢᠨ ᠢᠨᠵᠧᠨᠧᠷᠢᠩ ᠤᠨ ᠪᠠᠶᠢᠭᠤᠯᠤᠯᠳᠠ ᠶᠢ ᠠᠬᠢᠭᠤᠯᠤᠨ᠎ᠠ᠃ ᠭᠤᠤᠯᠳᠠᠯᠭ᠎ᠠ | ᠲᠠᠢ ᠠᠵᠢᠯ ᠳᠦᠷᠦᠯ ᠤᠨ ᠠᠭᠠᠷ ᠮᠠᠨᠳᠠᠯ ᠢ ᠶᠡᠷᠦᠩᠬᠡᠶᠢᠯᠡᠨ ᠵᠠᠰᠬᠠᠤ ᠶᠢ ᠦᠷᠭᠦᠯᠵᠢᠯᠡᠨ ᠠᠬᠢᠭᠤᠯᠵᠦ᠂ ᠪᠠᠶᠠᠨᠬᠤᠸᠠ | ᠳᠠᠬᠢ ᠵᠢᠨᠱᠠᠨ ᠴᠠᠬᠢᠯᠭᠠᠨ ᠦᠢᠯᠡᠳᠪᠦᠷᠢ ᠶᠢᠨ 2 ᠨᠣᠮᠧᠷᠳᠣ ᠮᠠᠰᠢᠨ ᠴᠣᠭᠴᠠᠯᠠᠪᠣᠷᠢ ᠶᠢᠨ ᠲᠣᠭᠤᠰᠣ ᠲᠠᠷᠣᠬᠤ | ᠮᠡᠷᠭᠡᠵᠢᠯ ᠢ ᠦᠭᠡᠷᠡᠴᠢᠯᠡᠨ ᠰᠠᠶᠢᠵᠢᠷᠠᠭᠤᠯᠵᠣ᠂ 20 ᠲᠣᠨ ᠠᠴᠠ ᠲᠣᠷᠣᠭᠰᠢᠬᠢ ᠰᠢᠳᠠᠭᠠᠯᠭ᠎ᠠ ᠶᠢᠨ ᠵᠤᠤᠬ᠎ᠠ | ᠬᠡᠷᠡᠭᠯᠡᠭᠴᠢᠳ ᠢ ᠢᠨᠵᠧᠨᠧᠷᠢᠩ ᠪᠠ ᠮᠡᠷᠭᠡᠵᠢᠯ ᠰᠠᠶᠢᠵᠢᠷᠠᠭᠤᠯᠬᠤ ᠪᠠᠷ ᠲᠠᠮᠵᠢᠨ ᠣᠷᠴᠢᠨ ᠠᠬᠤᠢ ᠶᠢ ᠪᠣᠬᠢᠷᠳᠣᠭᠤᠯᠬᠤ | ᠦᠬᠡᠢ ᠭᠠᠳᠠᠭᠰᠢᠯᠠᠭᠤᠯᠬᠤ ᠪᠠᠷᠢᠮᠵᠢᠶᠠᠨ ᠳᠤ ᠬᠦᠷᠭᠡᠨ᠎ᠡ᠃ ᠬᠦᠷᠦᠰᠤ ᠰᠢᠷᠤᠢ ᠶᠢᠨ ᠤᠷᠴᠢᠨ ᠳᠤᠭᠤᠷᠢᠨ ᠤ ᠰᠠᠭᠤᠷᠢ | ᠲᠤᠭ᠎ᠠ ᠪᠠᠷᠢᠮᠳᠠ ᠶᠢᠨ ᠬᠦᠮᠦᠷᠬᠡ ᠶᠢ ᠪᠠᠶᠢᠭᠤᠯᠵᠦ᠂ ᠪᠦᠬᠦ ᠬᠤᠰᠢᠭᠤᠨ ᠤ ᠬᠦᠷᠦᠰᠤ ᠰᠢᠷᠤᠢ ᠶᠢᠨ ᠤᠷᠴᠢᠨ | ᠳᠤᠭᠤᠷᠢᠨ ᠤ ᠰᠤᠷᠠᠭ ᠵᠠᠩᠬᠢᠴᠢᠯᠠᠯᠳᠠ ᠶᠢᠨ ᠬᠠᠮᠢᠶᠠᠷᠤᠯᠳᠠ ᠶᠢᠨ ᠲᠠᠪᠴᠠᠩ ᠢ ᠪᠠᠶᠢᠭᠤᠯᠤᠨ᠂ ᠵᠢᠯ ᠤᠨ ᠲᠤᠳᠤᠷ᠎ᠠ | ᠰᠦᠯᠵᠢᠶᠠᠨ ᠳᠤ ᠬᠤᠯᠪᠤᠨ ᠬᠠᠮᠳᠤᠪᠠᠷ ᠡᠳ᠋ᠯᠡᠭᠦ ᠶᠢ ᠪᠡᠶᠡᠯᠡᠭᠦᠯᠦᠨ᠎ᠠ᠃ ᠪᠦᠬᠦ ᠤᠯᠤᠰ ᠤᠨ ᠬᠤᠶᠠᠳᠤᠭᠠᠷ ᠤᠳᠠᠭᠠᠨ ᠤ | ᠪᠤᠬᠢᠷᠳᠣᠯ ᠤᠨ ᠰᠤᠷᠪᠤᠯᠵᠢ ᠶᠢᠨ ᠨᠡᠶᠢᠳᠡᠮ ᠪᠠᠶᠢᠴᠠᠭᠠᠯᠳᠠ ᠶᠢ ᠪᠦᠳᠦᠮᠵᠢᠳᠡᠢ ᠦᠷᠨᠢᠬᠦᠯᠦᠨ᠎ᠡ᠃ ᠬᠤᠯᠪᠤᠭᠠᠯᠠᠭᠰᠠᠨ | ᠵᠠᠯᠬᠠᠭᠠᠨ ᠴᠡᠭᠡᠷᠯᠡᠬᠦᠯᠬᠦ ᠲᠡᠮᠳᠡᠭᠯᠡᠯ ᠢ ᠪᠠᠶᠢᠭᠤᠯᠵᠦ᠂ ᠤᠷᠴᠢᠨ ᠳᠤᠭᠤᠷᠢᠨ ᠤ ᠬᠠᠮᠠᠭᠠᠯᠠᠯᠳᠠ ᠶᠢᠨ ︽ᠬᠠᠷ᠎ᠠ ᠲᠠᠩᠰᠠ︾ | ᠶᠢᠨ ᠳᠦᠷᠢᠮ ᠢ ᠭᠡᠷᠡᠭᠵᠢᠭᠦᠯᠦᠨ᠎ᠠ᠃ | ︵ᠵᠢᠷᠭᠤᠭ᠎ᠠ︶ ᠡᠯ᠎ᠡ ᠲᠦᠷᠦᠯ ᠤᠨ ᠨᠡᠶᠢᠬᠡᠮ ᠤᠨ ᠠᠵᠢᠯ ᠦᠢᠯᠡᠰ ᠢ ᠪᠦᠬᠦ ᠬᠦᠴᠦᠨ ᠢᠶᠠᠷ ᠢᠶᠠᠨ ᠰᠠᠶᠢᠳᠣᠷ | ᠬᠢᠨ᠎ᠡ᠃ ᠶᠠᠳᠠᠭᠤ ᠶᠢ ᠲᠡᠳᠭᠦᠭᠦ ᠠᠵᠢᠯ ᠤᠨ ᠲᠠᠯ᠎ᠠ ᠳᠤ᠂ ᠡᠳ᠋ ᠤᠨ ᠵᠠᠰᠠᠭ ᠠᠴᠠ ᠦᠷᠭᠦᠯᠵᠢᠯᠡᠨ 1200 ᠲᠦᠮᠡᠨ | ᠲᠦᠭᠦᠷᠢᠭ ᠤᠨ ᠶᠠᠳᠠᠭᠤ ᠶᠢ ᠲᠡᠳᠭᠦᠭᠦ ᠪᠡᠯᠡ ᠮᠥᠩᠬᠦ ᠭᠠᠷᠭᠠᠵᠣ᠂ ᠳᠡᠭᠡᠷ᠎ᠡ ᠱᠠᠳᠤᠨ ᠤ ᠢᠵᠢ ᠪᠦᠷᠢᠳᠦᠭᠰᠡᠨ ᠪᠡᠯᠡ | ᠮᠦᠩᠭᠦ ᠲᠠᠢ ᠤᠶᠠᠯᠳᠤᠭᠤᠯᠤᠨ᠂ ᠲᠠᠩᠰᠠ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠳᠡᠢ ᠡᠷᠦᠬᠡ ᠶᠢ ᠬᠠᠪᠰᠤᠷᠤᠨ | ᠳᠡᠳᠬᠦᠬᠦ ᠡᠷᠴᠢᠮ ᠢᠶᠠᠨ ᠴᠢᠩᠭᠠᠳᠬᠠᠨ᠎ᠠ᠃ 2018 ᠣᠨ ᠳᠤ ᠰᠢᠨ᠎ᠡ ᠪᠠᠷ ᠢᠯᠭᠠᠨ ᠳᠤᠳᠤᠯᠠᠭᠰᠠᠨ 134 | ᠡᠷᠦᠬᠡ ᠶᠢᠨ 417 ᠨᠡᠷ᠎ᠡ ᠲᠠᠩᠰᠠ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠳᠡᠢ ᠬᠦᠮᠦᠨ ᠢ ᠳᠦᠷᠦᠯ ᠬᠤᠪᠢᠶᠠᠨ | ᠭᠤᠤᠯᠳᠠᠯᠭ᠎ᠠ ᠲᠠᠢ ᠳᠡᠳᠬᠦᠨ ᠳᠡᠮᠵᠢᠵᠦ᠂ ᠡᠷᠦᠭᠡ ᠶᠢᠨ ᠪᠠᠶᠢᠳᠠᠯ ᠢ ᠨᠢ ᠦᠨᠳᠦᠰᠦᠯᠡᠨ ᠲᠦᠷᠦ ᠶᠢᠨ ᠪᠤᠳᠤᠯᠭ᠎ᠠ ᠪᠠᠨ | ᠭᠡᠷᠡᠭᠵᠢᠭᠦᠯᠵᠦ᠂ ᠶᠠᠳᠠᠭᠤ ᠶᠢ ᠳᠡᠳᠬᠦᠬᠦ ᠠᠷᠭ᠎ᠠ ᠵᠠᠮ ᠢ ᠳᠠᠰᠤᠷᠠᠯᠳᠠ ᠦᠭᠡᠢ ᠦᠷᠭᠡᠳᠬᠡᠵᠦ᠂ ᠨᠠᠷᠢᠯᠢᠭ | ᠤᠨᠤᠪᠴᠢᠳᠠᠢ ᠪᠠᠷ ᠢᠯᠭᠠᠨ ᠲᠤᠳᠤᠯᠠᠵᠤ᠂ ᠨᠠᠷᠢᠯᠢᠭ ᠤᠨᠤᠪᠴᠢᠳᠠᠢ ᠪᠠᠷ ᠳᠡᠮᠵᠢᠨ ᠲᠡᠳᠭᠦᠵᠤ᠂ ᠨᠠᠷᠢᠯᠢᠭ | ᠤᠨᠤᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠶᠢ ᠦᠨᠡᠨᠬᠦ ᠪᠡᠶᠡᠯᠡᠭᠦᠯᠦᠨ᠎ᠠ᠃ ᠰᠣᠷᠭᠠᠨ ᠬᠦᠮᠦᠵᠢᠯ ᠤᠨ | ᠠᠵᠢᠯ ᠤᠨ ᠲᠠᠯ᠎ᠠ ᠳᠤ᠂ ᠰᠠᠭᠤᠷᠢ ᠲᠦᠭᠦᠭᠡᠷᠣᠮᠵᠢ ᠶᠢᠨ ᠪᠦᠳᠣᠬᠡᠨ ᠪᠠᠶᠢᠭᠤᠯᠣᠯᠳᠠ ᠪᠠᠨ ᠣᠯᠠᠮ ᠨᠢᠭᠡ ᠠᠯᠬᠤᠮ | ᠳᠡᠭᠦᠯᠳᠡᠷᠵᠢᠬᠦᠯᠵᠦ᠂ 3000 ᠲᠦᠮᠡᠨ ᠲᠦᠭᠦᠷᠢᠭ ᠤᠨ ᠪᠡᠯᠡ ᠵᠠᠷᠣᠴᠠᠭᠤᠯᠤᠨ᠂ ᠶᠡᠷᠦᠩᠬᠡᠶᠢᠯᠡᠭᠰᠡᠨ ᠳᠡᠭᠡᠳᠤ | ᠵᠡᠷᠭᠡ ᠶᠢᠨ ᠲᠣᠮᠳᠠᠳᠣ ᠰᠤᠷᠭᠠᠭᠤᠯᠢ ᠪᠠ ᠬᠤᠶᠠᠳᠣᠭᠠᠷ ᠲᠣᠮᠳᠠᠳᠣ ᠰᠣᠷᠭᠠᠭᠤᠯᠢ ᠶᠢᠨ ᠲᠠᠮᠢᠷ ᠤᠨ ᠣᠷᠳᠤᠨ᠂ ᠵᠢᠷ ᠤᠨ | ᠭᠤᠣᠯ ᠬᠡᠣᠬᠡᠳ ᠤᠨ ᠴᠡᠴᠡᠷᠯᠢᠭ ᠢ ᠠᠰᠢᠭᠯᠠᠯᠳᠠ ᠳᠤ ᠣᠷᠣᠭᠤᠯᠵᠣ᠂ ᠠᠯᠪᠠᠨ ᠠᠴᠠ ᠡᠷᠬᠢᠯᠡᠭᠰᠡᠨ 5 ᠬᠡᠣᠬᠡᠳ ᠤᠨ | ᠴᠡᠴᠡᠷᠯᠢᠭ ᠤᠨ ᠭᠠᠯ ᠰᠡᠷᠭᠡᠶᠢᠯᠡᠬᠦ ᠲᠥᠭᠦᠭᠡᠷᠣᠮᠵᠢ ᠶᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠡᠬᠢᠯᠡᠭᠦᠯᠦᠨ | ᠂ ᠰᠣᠷᠭᠠᠭᠤᠯᠢ ᠶᠢᠨ ᠪᠦᠳᠦᠭᠡᠨ ᠪᠠᠶᠢᠭᠤᠯᠤᠯᠳᠠ ᠶᠢᠨ ᠲᠠᠯ᠎ᠠ ᠳᠠᠬᠢ ᠭᠦᠷᠦᠯᠴᠡᠭᠦ ᠦᠭᠡᠢ ᠠᠰᠠᠭᠤᠳᠠᠯ ᠢ ᠨᠢᠬᠡᠳᠣᠯᠳᠠᠢ | ᠰᠢᠢᠳᠪᠦᠷᠢᠯᠡᠨ᠎ᠡ᠃ ᠲᠣᠮᠳᠠᠳᠣ ᠪᠠᠭ᠎ᠠ ᠰᠣᠷᠭᠠᠭᠤᠯᠢ ᠶᠢᠨ ᠶᠣᠰᠣ ᠰᠣᠷᠳᠠᠬᠤᠨ ᠤ ᠬᠦᠮᠦᠵᠢᠯ ᠤᠨ ᠠᠵᠢᠯ ᠢ | ᠴᠢᠩᠭᠠᠳᠬᠠᠵᠣ᠂ ᠶᠣᠰᠣ ᠰᠣᠷᠳᠠᠬᠤᠨ ᠲᠠᠢ ᠪᠣᠯᠪᠠᠰᠣᠨ ᠢᠷᠭᠡᠨ ᠢ ᠬᠦᠮᠦᠵᠢᠬᠦᠯᠬᠦ ᠦᠨᠳᠦᠰᠦᠨ ᠡᠬᠦᠷᠭᠡ ᠶᠢ | ᠨᠠᠶᠢᠳᠠᠪᠦᠷᠢᠵᠢᠭᠤᠯᠣᠨ᠎ᠠ᠃ ᠬᠡᠪ ᠴᠢᠨᠠᠷ ᠤᠨ ᠰᠣᠷᠭᠠᠨ ᠬᠦᠮᠦᠵᠢᠯ ᠢ ᠪᠦᠬᠦ ᠲᠠᠯ᠎ᠠ ᠪᠠᠷ ᠠᠬᠢᠭᠤᠯᠵᠣ᠂ ᠰᠣᠷᠭᠠᠨ | ᠬᠦᠮᠦᠵᠢᠯ ᠵᠢᠭᠠᠨ ᠰᠤᠷᠭᠠᠯᠳᠠ ᠶᠢᠨ ᠶᠠᠰᠣ ᠴᠢᠨᠠᠷ ᠢ ᠲᠡᠭᠡᠭᠰᠢᠯᠡᠬᠦᠯᠦᠨ᠎ᠡ᠃ ᠪᠠᠭᠰᠢᠨᠠᠷ ᠤᠨ ᠪᠣᠯᠪᠠᠰᠣᠷᠠᠯ ᠢ 2000 | ᠬᠦᠮᠦᠨ ︵ᠤᠳᠠᠭ᠎ᠠ︶ ᠥᠷᠨᠢᠬᠦᠯᠦᠨ᠂ ᠦᠨᠳᠦᠷ ᠬᠡᠪ ᠪᠣᠯᠪᠠᠰᠣᠷᠠᠯ ᠲᠠᠢ ᠪᠠᠭᠰᠢ ᠶᠢᠨ ᠡᠩᠨᠡᠭᠡ ᠶᠢ ᠪᠠᠶᠢᠭᠤᠯᠤᠨ᠎ᠠ᠃ | ᠠᠩᠬᠢ ᠶᠢᠨ ᠡᠷᠬᠢᠯᠡᠭᠴᠢ ᠶᠢᠨ ᠨᠦᠭᠦᠪᠤᠷᠢ ᠶᠢ ᠲᠡᠭᠡᠭᠰᠢᠯᠡᠭᠦᠯᠵᠤ᠂ ᠤᠳᠤ ᠭᠦᠮᠦᠨ ᠪᠦᠷᠢ ᠰᠠᠷ᠎ᠠ ᠪᠤᠯᠭᠠᠨ ᠳᠤ | 300 ᠲᠦᠭᠦᠷᠢᠭ ᠪᠠᠶᠢᠭᠰᠠᠨ ᠢ ᠲᠡᠭᠡᠭᠰᠢᠯᠡᠭᠦᠯᠦᠭᠡᠳ 1000 —1200 ᠲᠦᠭᠦᠷᠢᠭ ᠪᠤᠯᠭᠠᠨ᠎ᠠ᠃ ᠪᠠᠭᠰᠢ ᠶᠢᠨ | ᠡᠬᠢ ᠪᠠᠶᠠᠯᠢᠭ ᠢ ᠵᠣᠬᠢᠰᠳᠠᠢ ᠲᠣᠬᠢᠷᠠᠭᠤᠯᠵᠣ᠂ ᠲᠣᠮᠳᠠᠳᠣ ᠪᠠᠭ᠎ᠠ ᠰᠣᠷᠭᠠᠭᠤᠯᠢ᠂ ᠴᠡᠴᠡᠷᠯᠢᠭ ᠤᠨ ᠪᠠᠭᠰᠢ | ᠲᠣᠳᠠᠭᠳᠠᠵᠣ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ 1300 ᠲᠦᠮᠡᠨ ᠲᠦᠭᠦᠷᠢᠭ ᠤᠨ ᠪᠡᠯᠡ ᠣᠷᠣᠭᠤᠯᠣᠨ᠂ | ᠰᠣᠷᠭᠠᠨ ᠬᠦᠮᠦᠵᠢᠯ ᠤᠨ ᠰᠤᠷᠠᠭ ᠵᠠᠩᠬᠢᠴᠢᠯᠠᠯᠳᠠ ᠶᠢᠨ ᠪᠠᠶᠢᠭᠤᠯᠣᠯᠳᠠ ᠶᠢᠨ ᠡᠭᠦᠷᠭᠡ ᠶᠢ ᠨᠠᠶᠢᠳᠠᠪᠤᠷᠢᠵᠢᠭᠤᠯᠵᠤ᠂ | ᠰᠣᠷᠭᠠᠨ ᠬᠦᠮᠦᠵᠢᠯ ᠤᠨ ᠮᠡᠳᠡᠭᠡ ᠵᠠᠩᠬᠢᠴᠢᠯᠠᠯᠳᠠ ᠶᠢ ᠭᠡᠷᠡᠭᠯᠡᠭᠦ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ | ᠰᠣᠷᠭᠠᠭᠤᠯᠢ ᠶᠢᠨ ᠬᠦᠷᠢᠶᠡᠨ ᠤ ᠨᠠᠷᠢᠯᠢᠭᠵᠢᠭᠤᠯᠣᠭᠰᠠᠨ ᠬᠠᠮᠢᠶᠠᠷᠣᠯᠳᠠ ᠶᠢ ᠴᠢᠩᠭᠠᠳᠬᠠᠨ᠂ ᠪᠣᠯᠪᠠᠰᠣᠨ | ᠰᠣᠷᠭᠠᠭᠤᠯᠢ ᠶᠢᠨ ᠬᠦᠷᠢᠶ᠎ᠡ ᠶᠢ ᠴᠤᠭᠴᠠᠯᠠᠨ᠎ᠠ᠃ ᠰᠣᠶᠣᠯ ᠲᠠᠮᠢᠷ ᠤᠨ ᠠᠵᠢᠯ ᠤᠨ ᠲᠠᠯ᠎ᠠ ᠳᠤ᠂ᠰᠣᠶᠣᠯ ᠤᠨ ᠵᠠᠬ᠎ᠠ | ᠲᠡᠯᠭᠡᠭᠦᠷ ᠤᠨ ᠡᠳᠣᠷ ᠲᠤᠳᠤᠮ ᠤᠨ ᠴᠠᠭᠳᠠᠨ ᠪᠠᠶᠢᠴᠠᠭᠠᠯᠳᠠ ᠪᠠ ᠬᠡᠨᠡᠳᠳᠠ ᠶᠢᠨ ᠪᠠᠶᠢᠴᠠᠭᠠᠯᠳᠠ ᠶᠢ ᠴᠢᠩᠭᠠᠳᠬᠠᠵᠣ᠂ | ᠵᠠᠬ᠎ᠠ ᠲᠡᠯᠭᠡᠭᠦᠷ ᠤᠨ ᠡᠵᠡᠩᠨᠡᠯᠳᠡ ᠶᠢᠨ ᠡᠮᠬᠢ ᠲᠢᠭᠯᠢᠮ ᠢ ᠵᠢᠷᠣᠮᠵᠢᠭᠤᠯᠣᠨ᠎ᠠ᠃ ᠦᠨᠳᠦᠰᠦᠨ ᠱᠠᠳᠣᠨ ᠤ ︽ᠱᠠᠯᠢᠭ | ᠵᠠᠪᠬᠠᠢ᠂ ᠬᠠᠣᠯᠢ ᠪᠣᠰᠣ ᠭᠡᠪᠯᠡᠭᠳᠡᠭᠦᠨ ᠳᠤ ᠴᠣᠬᠢᠯᠳᠠ ᠥᠭᠬᠦ︾ ᠠᠵᠢᠯ ᠢ ᠦᠷᠬᠦᠯᠵᠢᠯᠡᠨ ᠴᠢᠩᠭᠠᠳᠬᠠᠨ᠎ᠠ᠃ | ᠬᠢᠯᠢ ᠶᠢᠨ ᠭᠠᠳᠠᠨᠠᠬᠢ ᠲᠧᠯᠸᠢᠰ ᠢ ᠬᠤᠷᠢᠶᠠᠨ ᠦᠵᠡᠬᠦ ᠲᠦᠭᠦᠭᠡᠷᠣᠮᠵᠢ ᠶᠢ ᠪᠠᠶᠢᠴᠠᠭᠠᠨ ᠰᠢᠢᠳᠪᠦᠷᠢᠯᠡᠬᠦ | ᠬᠦᠴᠦᠯᠡᠴᠡ ᠪᠠᠨ ᠨᠡᠮᠡᠭᠳᠡᠬᠦᠯᠦᠨ᠎ᠡ᠃ ᠬᠤᠰᠢᠭᠤ ᠣᠯᠠᠭᠠᠨᠮᠦ᠋ᠴᠢᠷ ᠪᠠᠶᠢᠭᠤᠯᠣᠭᠳᠠᠭᠰᠠᠨ 60 ᠵᠢᠯ ᠤᠨ ᠣᠢ ᠶᠢᠨ | ᠪᠠᠶᠠᠷ ᠢ ᠪᠡᠯᠬᠡᠯᠡᠬᠦ ᠠᠵᠢᠯᠯᠠᠭ᠎ᠠ ᠶᠢ ᠰᠠᠶᠢᠳᠣᠷ ᠵᠣᠬᠢᠶᠠᠨ ᠪᠠᠶᠢᠭᠤᠯᠣᠨ ᠥᠷᠨᠢᠬᠦᠯᠦᠨ᠎ᠡ᠃ ᠨᠣᠮ ᠤᠨ ᠰᠠᠩ ᠳᠤ ᠴᠠᠭ | ᠲᠣᠬᠠᠢ ᠳᠤ ᠨᠢ ᠰᠣᠨᠢᠨ ᠰᠡᠳᠬᠦᠯ ᠨᠤᠮ ᠪᠢᠴᠢᠭ ᠵᠠᠬᠢᠶᠠᠯᠠᠨ ᠦᠭᠬᠦᠨ᠎ᠡ᠃ ᠵᠠᠯᠠᠭᠤᠴᠣᠳ ᠪᠠᠭᠠᠴᠣᠳ ᠢᠶᠠᠷ | ᠭᠤᠣᠯᠳᠠᠭᠤᠯᠣᠭᠰᠠᠨ ᠣᠯᠠᠨ ᠲᠦᠮᠡᠨᠴᠢ ᠴᠢᠨᠠᠷᠳᠠᠢ ᠨᠣᠮ ᠣᠩᠰᠢᠬᠤ ᠠᠵᠢᠯᠯᠠᠭ᠎ᠠ ᠦᠷᠨᠢᠭᠦᠯᠵᠤ᠂ ᠦᠨᠳᠦᠰᠦᠳᠡᠨ ᠤ | ᠣᠯᠠᠮᠵᠢᠯᠠᠯᠳᠣ ᠪᠡᠶ᠎ᠡ ᠲᠠᠮᠢᠷ ᠤᠨ ᠬᠦᠳᠡᠯᠭᠡᠭᠡᠨ ᠪᠠ ᠣᠯᠠᠨ ᠲᠦᠮᠡᠨᠴᠢ ᠪᠡᠶ᠎ᠡ ᠴᠢᠬᠢᠷᠠᠭᠵᠢᠭᠤᠯᠬᠤ ᠠᠵᠢᠯᠯᠠᠭ᠎ᠠ ᠶᠢ | ᠢᠳᠡᠪᠬᠢᠳᠠᠢ ᠵᠣᠬᠢᠶᠠᠨ ᠪᠠᠶᠢᠭᠤᠯᠣᠨ᠎ᠠ᠃ ᠠᠵᠢᠯ ᠣᠯᠭᠤᠯᠳᠠ ᠤᠶᠢᠯᠠᠰ ᠪᠦᠳᠦᠭᠡᠭᠦ ᠠᠵᠢᠯ ᠤᠨ ᠲᠠᠯ᠎ᠠ ᠳᠤ᠂ ︽ | ᠣᠯᠠᠨ ᠲᠠᠶᠠᠭᠠᠷ ᠦᠢᠯᠡᠰ ᠪᠣᠰᠬᠠᠵᠣ᠂ ᠲᠦᠮᠡᠨ ᠣᠯᠠᠨ ᠢᠶᠠᠷ ᠰᠢᠨ᠎ᠡ ᠶᠢ ᠡᠬᠦᠳᠬᠦ︾ ᠶᠢ ᠬᠦᠨᠵᠡᠬᠡᠢ ᠠᠬᠢᠭᠤᠯᠣᠨ᠂ | ᠭᠤᠣᠯᠳᠠᠯᠭ᠎ᠠ ᠲᠠᠢ ᠠᠵᠣ ᠠᠬᠤᠶᠢᠯᠠᠯ ᠤᠨ ᠠᠵᠢᠯ ᠣᠯᠭᠤᠯᠳᠠ ᠶᠢᠨ ᠰᠤᠷᠠᠭ ᠵᠠᠩᠭᠢ᠂ ᠠᠵᠢᠯ ᠤᠨ ᠪᠠᠶᠢᠷᠢ᠂ | ᠮᠡᠷᠭᠡᠵᠢᠯ ᠤᠨ ᠪᠣᠯᠪᠠᠰᠣᠷᠠᠯ ᠪᠠ ᠠᠵᠢᠯ ᠣᠯᠭᠤᠯᠳᠠ ᠶᠢ ᠲᠡᠮᠵᠢᠬᠦ ᠲᠦᠷᠦ ᠶᠢᠨ ᠪᠣᠳᠣᠯᠭ᠎ᠠ ᠶᠢ ᠬᠠᠷᠢᠯᠴᠠᠨ | ᠤᠶᠠᠯᠳᠤᠭᠤᠯᠬᠤ ᠠᠵᠢᠯ ᠢ ᠰᠠᠶᠢᠳᠣᠷ ᠬᠢᠵᠦ᠂ ᠭᠤᠣᠯᠳᠠᠯᠭ᠎ᠠ ᠲᠠᠢ ᠠᠵᠣ ᠠᠬᠤᠶᠢᠯᠠᠯ ᠤᠨ ᠣᠷᠣᠨ ᠨᠣᠳᠤᠭ ᠤᠨ | ᠬᠦᠳᠡᠯᠮᠦᠷᠢ ᠬᠦᠴᠦᠨ ᠢ ᠣᠷᠢᠨ ᠬᠡᠷᠡᠭᠯᠡᠬᠦ ᠶᠢ ᠱᠠᠭᠠᠷᠳᠠᠵᠣ᠂ ᠬᠤᠳᠠ ᠬᠦᠳᠡᠭᠡ ᠶᠢᠨ ᠭᠦᠳᠡᠯᠮᠤᠷᠢ ᠭᠦᠴᠦᠨ ᠳᠤ | ᠲᠣᠭᠳᠠᠭᠤᠨ ᠢᠶᠠᠷ ᠠᠵᠢᠯ ᠣᠯᠭᠤᠬᠤ ᠶᠢ ᠪᠠᠳᠣᠯᠠᠨ᠎ᠠ᠃ ᠵᠢᠯ ᠤᠨ ᠲᠤᠳᠤᠷ᠎ᠠ ᠠᠵᠢᠯᠴᠢᠨ ᠡᠯᠰᠡᠭᠦ ᠬᠤᠷᠠᠯ ᠢ 8 | ᠤᠳᠠᠭ᠎ᠠ ᠬᠤᠷᠠᠯᠳᠤᠭᠤᠯᠬᠤ ᠪᠠᠷ ᠲᠦᠯᠦᠪᠯᠡᠵᠤ᠂ ᠨᠡᠶᠢᠳᠠ 7000 ᠠᠵᠢᠯ ᠤᠨ ᠪᠠᠶᠢᠷᠢ ᠴᠤᠭᠯᠠᠭᠤᠯᠤᠨ᠂ ᠬᠤᠳᠠ | ᠪᠠᠯᠭᠠᠰᠣᠨ ᠤ ᠠᠵᠢᠯ ᠠᠯᠳᠠᠭᠰᠠᠳ ᠢ ᠲᠠᠩᠰᠠᠯᠠᠭᠰᠠᠨ ᠨᠣᠷᠮ᠎ᠠ ᠶᠢ 3.5% ᠶᠢᠨ ᠲᠣᠳᠣᠷ᠎ᠠ ᠬᠢᠵᠠᠭᠠᠷᠯᠠᠨ᠎ᠠ᠃ | ᠦᠢᠯᠡᠰ ᠪᠦᠳᠦᠭᠡᠭᠦ ᠪᠤᠯᠪᠠᠰᠤᠷᠠᠯ ᠪᠠ ᠮᠡᠷᠭᠡᠵᠢᠯ ᠤᠨ ᠪᠣᠯᠪᠠᠰᠣᠷᠠᠯ ᠢ 40 ᠤᠳᠠᠭ᠎ᠠ ᠡᠷᠬᠢᠯᠡᠬᠦ ᠪᠠᠷ ᠲᠦᠯᠦᠪᠯᠡᠵᠦ᠂ | 1800 ᠬᠦᠮᠦᠨ ᠳᠤ ᠪᠣᠯᠪᠠᠰᠣᠷᠠᠯ ᠭᠦᠷᠳᠡᠭᠡᠨ᠂ ᠦᠢᠯᠡᠰ ᠪᠦᠳᠦᠭᠡᠭᠦ ᠪᠠᠳᠣᠯᠠᠭᠠᠳᠣ ᠵᠢᠭᠡᠯᠡᠯᠬᠡ 1500 ᠲᠦᠮᠡᠨ | ᠲᠦᠭᠦᠷᠢᠭ ᠠᠴᠠ ᠲᠡᠭᠡᠭᠰᠢ ᠲᠠᠷᠬᠠᠭᠠᠬᠤ ᠪᠠᠷ ᠲᠥᠯᠦᠪᠯᠡᠵᠦ ᠪᠠᠶᠢᠨ᠎ᠠ᠃ ᠨᠡᠶᠢᠳᠡ ᠶᠢᠨ ᠪᠣᠰᠣ ᠦᠮᠴᠢᠯᠡᠯᠳᠣ ᠠᠵᠣ | ᠠᠬᠤᠢ ᠪᠠ ᠦᠢᠯᠡᠴᠢᠯᠡᠬᠡᠨ ᠤ ᠦᠢᠯᠡᠰ ᠢ ᠲᠡᠳᠬᠦᠨ ᠬᠦᠭᠵᠢᠬᠦᠯᠵᠦ᠂ ᠣᠷᠣᠨ ᠨᠣᠳᠤᠭ ᠤᠨ ᠠᠵᠣ ᠠᠬᠤᠶᠢᠯᠠᠯ ᠢᠶᠠᠷ | ᠲᠠᠮᠵᠢᠨ ᠠᠵᠢᠯ ᠣᠯᠭᠤᠯᠳᠠ ᠶᠢ ᠠᠬᠢᠭᠤᠯᠤᠨ᠎ᠠ᠃ ︽ᠢᠨᠲ᠋ᠧᠷ ᠰᠦᠯᠵᠢᠶ᠎ᠡ+ ᠵᠢᠭᠤᠯᠴᠢᠯᠠᠯ︾ ᠪᠣᠯᠣᠨ ᠡᠯᠧᠺᠲᠷᠣᠨ | ᠬᠤᠳᠠᠯᠳᠣᠭᠠᠨ ᠤ ᠠᠵᠣ ᠦᠢᠯᠡᠰ ᠤᠨ ᠬᠦᠭᠵᠢᠯᠳᠡ ᠶᠢ ᠲᠦᠷᠭᠡᠳᠭᠡᠨ᠎ᠡ᠃ ᠣᠶᠣᠳᠠᠨ᠂ ᠴᠡᠷᠢᠭ ᠠᠴᠠ | ᠬᠠᠯᠠᠭᠳᠠᠭᠰᠠᠳ᠂ ᠬᠤᠳᠠ ᠪᠠᠯᠭᠠᠰᠣᠨ ᠤ ᠠᠵᠢᠯ ᠦᠬᠡᠢ ᠭᠡᠷ ᠪᠦᠯᠢ᠂ ᠬᠤᠳᠠ ᠣᠷᠣᠭᠰᠠᠨ ᠮᠠᠯᠴᠢᠳ ᠵᠡᠷᠭᠡ | ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠳᠠ ᠶᠢ ᠭᠤᠤᠯᠯᠠᠨ ᠠᠳᠬᠤᠵᠣ᠂ 1200 ᠬᠦᠮᠦᠨ ᠳᠤ ᠠᠵᠢᠯ | ᠲᠠᠨᠢᠯᠴᠠᠭᠤᠯᠬᠤ ᠪᠠᠷ ᠲᠦᠯᠦᠪᠯᠡᠵᠦ ᠪᠠᠶᠢᠨ᠎ᠠ᠃ ᠡᠷᠡᠬᠦᠯ ᠬᠠᠮᠠᠭᠠᠯᠠᠯ ᠲᠦᠯᠦᠪᠯᠡᠭᠡᠳᠣ ᠦᠷᠡᠵᠢᠯ ᠤᠨ ᠠᠵᠢᠯ ᠤᠨ ᠲᠠᠯ᠎ᠠ | ᠳᠤ᠂ ᠦᠨᠳᠦᠰᠦᠨ ᠱᠠᠳᠣᠨ ᠤ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠣᠮᠵᠢ ᠶᠢᠨ ᠨᠥᠬᠦᠴᠡᠯ ᠢ | ᠰᠠᠶᠢᠵᠢᠷᠠᠭᠤᠯᠣᠨ᠂ ᠦᠨᠳᠦᠰᠦᠨ ᠱᠠᠳᠣᠨ ᠤ ᠡᠷᠡᠬᠦᠯ ᠬᠠᠮᠠᠭᠠᠯᠠᠯ ᠤᠨ ᠬᠤᠷᠢᠶᠠᠨ ᠤ ᠲᠣᠬᠠᠶᠢᠯᠠᠭᠰᠠᠨ ᠠᠵᠢᠯ ᠤᠨ ᠭᠡᠷ | ᠵᠢᠴᠢ ᠪᠠᠶᠢᠷᠢ ᠶᠢᠨ ᠪᠠᠶᠢᠭᠤᠯᠣᠯᠳᠠ ᠶᠢ ᠴᠢᠩᠭᠠᠳᠬᠠᠨ᠎ᠠ᠃ ᠪᠠᠶᠠᠨᠬᠤᠸᠠ ᠪᠠᠯᠭᠠᠰᠣᠨ ᠤ ᠡᠷᠡᠬᠦᠯ ᠬᠠᠮᠠᠭᠠᠯᠠᠯ ᠤᠨ | ᠬᠤᠷᠢᠶ᠎ᠡ ᠪᠤᠯᠤᠨ ᠡᠬᠡ ᠨᠢᠯᠬᠠᠰ ᠤᠨ ᠡᠷᠡᠭᠦᠯᠵᠢᠯ ᠲᠦᠯᠦᠪᠯᠡᠭᠡᠳᠣ ᠦᠷᠡᠵᠢᠯ ᠤᠨ ᠦᠢᠯᠡᠴᠢᠯᠡᠭᠡᠨ ᠤ ᠲᠦᠪ ᠤᠨ | ᠶᠡᠷᠦᠩᠬᠡᠶᠢᠯᠡᠭᠰᠡᠨ ᠠᠰᠠᠷ ᠢ ᠠᠰᠢᠭᠯᠠᠯᠳᠠ ᠳᠤ ᠣᠷᠣᠭᠤᠯᠣᠨ᠎ᠠ᠃ ᠰᠢᠨ᠎ᠡ ᠴᠠᠭ ᠦᠶ᠎ᠡ ᠶᠢᠨ ᠡᠬᠡ ᠤᠷᠤᠨᠴᠢ ᠡᠷᠡᠬᠦᠯ | ᠬᠠᠮᠠᠭᠠᠯᠠᠯ ᠤᠨ ᠠᠵᠢᠯᠯᠠᠭ᠎ᠠ ᠶᠢ ᠭᠦᠨᠵᠡᠭᠡᠢ ᠥᠷᠨᠢᠬᠦᠯᠵᠦ᠂ ᠣᠯᠠᠨ ᠲᠦᠮᠡᠨ ᠤ ᠡᠷᠡᠬᠦᠯ ᠴᠢᠬᠢᠷᠠᠭ ᠤᠨ ᠬᠢᠷᠢ | ᠲᠦᠪᠰᠢᠨ ᠢ ᠲᠡᠭᠡᠭᠰᠢᠯᠡᠬᠦᠯᠦᠨ᠎ᠡ᠃ ᠤᠯᠠᠨ ᠲᠦᠮᠡᠨ ᠤ ᠢᠳᠡᠭᠡᠨ ᠤᠮᠳᠠᠭᠠᠨ ᠡᠮ ᠤᠨ ᠠᠮᠤᠷ ᠲᠦᠪᠰᠢᠨ ᠢ | ᠪᠠᠳᠤᠯᠠᠨ᠎ᠠ᠃ ᠨᠡᠶᠢᠭᠡᠮ ᠤᠨ ᠪᠠᠳᠣᠯᠠᠭ᠎ᠠ ᠶᠢᠨ ᠲᠠᠯ᠎ᠠ ᠳᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ᠂ | ᠡᠮᠨᠡᠯᠭᠡ ᠶᠢᠨ ᠲᠠᠭᠠᠳᠬᠠᠯ᠂ ᠨᠡᠶᠢᠭᠡᠮ ᠤᠨ ᠪᠠᠳᠤᠯᠠᠭ᠎ᠠ ᠵᠡᠷᠭᠡ ᠪᠠᠳᠤᠯᠠᠭ᠎ᠠ ᠶᠢᠨ ᠠᠵᠢᠯ ᠢ ᠨᠢᠭᠡᠳᠦᠯᠳᠠᠢ | ᠲᠦᠯᠦᠪᠵᠢᠭᠦᠯᠦᠨ ᠰᠠᠶᠢᠳᠤᠷ ᠬᠢᠨ᠎ᠡ᠃ ᠨᠡᠶᠢᠳᠡ ᠶᠢᠨ ᠪᠤᠰᠤ ᠦᠮᠴᠢᠯᠠᠯᠳᠤ ᠠᠵᠣ ᠠᠬᠤᠶᠢᠯᠠᠯ ᠪᠠ ᠬᠤᠪᠢ ᠶᠢᠨ | ᠠᠷᠠᠯᠵᠢᠶᠠᠴᠢᠳ ᠤᠨ ᠲᠤᠭ᠎ᠠ ᠨᠢ ᠣᠯᠠᠨ᠂ ᠬᠠᠮᠣᠷᠬᠤ ᠬᠦᠷᠢᠶ᠎ᠡ ᠬᠡᠪᠴᠢᠶ᠎ᠡ ᠨᠢ ᠦᠷᠭᠡᠨ ᠮᠦᠷᠳᠡᠭᠡᠨ ᠬᠦᠳᠡᠯᠦᠩᠬᠦᠢ | ᠴᠢᠨᠠᠷ ᠢᠶᠠᠷ ᠴᠢᠩᠭ᠎ᠠ ᠵᠡᠷᠭᠡ ᠣᠨᠴᠠᠯᠢᠭ ᠲᠤ ᠬᠠᠨᠳᠣᠭᠤᠯᠣᠨ᠂ ᠨᠠᠰᠣᠵᠢᠯ ᠤᠨ ᠲᠠᠭᠠᠳᠬᠠᠯ ᠤᠨ ᠬᠠᠮᠣᠷᠬᠤ ᠬᠦᠷᠢᠶ᠎ᠡ | ᠬᠡᠪᠴᠢᠶ᠎ᠡ ᠶᠢ ᠪᠦᠳᠣᠮᠵᠢᠳᠠᠢ ᠦᠷᠭᠡᠳᠬᠡᠨ᠎ᠡ᠃ ᠪᠠᠷᠢᠯᠭ᠎ᠠ ᠶᠢᠨ ᠠᠵᠣ ᠠᠬᠤᠶᠢᠯᠠᠯ ᠤᠨ ᠬᠥᠯᠦᠰᠦᠨ ᠠᠵᠢᠯᠳᠠᠳ ᠢ | ᠠᠵᠢᠯ ᠤᠨ ᠰᠢᠷᠬᠠᠳᠣᠯ ᠤᠨ ᠲᠠᠭᠠᠳᠬᠠᠯ ᠳᠤ ᠣᠷᠣᠭᠤᠯᠬᠤ ᠠᠵᠢᠯ ᠢ ᠭᠤᠣᠯᠳᠠᠯᠭ᠎ᠠ ᠲᠠᠢ ᠠᠳᠬᠤᠨ᠎ᠠ᠃ ᠭᠦᠯᠦᠰᠦᠨ | ᠠᠵᠢᠯᠴᠢᠨ ᠤ ᠴᠠᠯᠢᠩ ᠢ ᠦᠷᠢᠳᠦᠵᠤ ᠪᠠᠶᠢᠭ᠎ᠠ ᠠᠰᠠᠭᠤᠳᠠᠯ ᠢ ᠵᠤᠬᠢᠰᠲᠠᠢ ᠰᠢᠢᠳᠪᠤᠷᠢᠯᠡᠨ᠎ᠠ᠃ | ᠲᠦᠯᠦᠭᠡᠯᠡᠭᠴᠢᠳ ᠡ᠂ ᠪᠢᠳᠠ ᠬᠤᠶᠢᠰᠢᠳᠠ ᠶᠢᠨ ᠲᠠᠪᠤᠨ ᠵᠢᠯ ᠤᠨ ᠵᠢᠷᠤᠭ ᠲᠦᠯᠦᠪᠯᠡᠭᠡ ᠪᠠᠨ ᠨᠢᠭᠡᠨᠳᠠ | ᠵᠢᠷᠤᠭᠯᠠᠵᠤ᠂ ᠰᠢᠨ᠎ᠡ ᠡᠬᠢᠯᠡᠯᠳᠠ ᠶᠢᠨ ᠴᠡᠭ ᠠᠴᠠ ᠰᠢᠨ᠎ᠡ ᠠᠶᠠᠯᠠᠯ ᠳᠤ ᠮᠤᠷᠳᠠᠬᠤ ᠪᠤᠯᠤᠯ᠎ᠠ᠃ ᠪᠢᠳᠠ ᠰᠢ ᠶᠢᠨ | ᠫᠢᠩ ᠤᠨ ᠰᠢᠨ᠎ᠡ ᠴᠠᠭ ᠥᠶ᠎ᠡ ᠶᠢᠨ ᠲᠣᠮᠳᠠᠳᠣ ᠣᠯᠣᠰ ᠤᠨ ᠣᠨᠴᠠᠯᠢᠭ ᠪᠦᠭᠦᠢ ᠨᠡᠶᠢᠬᠡᠮ ᠵᠢᠷᠣᠮ ᠤᠨ ᠦᠵᠡᠯ | ᠰᠠᠨᠠᠭ᠎ᠠ ᠶᠢ ᠨᠠᠷᠢᠨ ᠬᠢᠨᠠᠮᠠᠭᠠᠢ ᠰᠣᠷᠣᠯᠴᠠᠨ ᠲᠣᠣᠱᠯᠠᠭᠤᠯᠵᠣ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ | ᠬᠤᠰᠢᠭᠤ ᠨᠠᠮ ᠤᠨ ᠬᠤᠷᠢᠶᠠᠨ ᠤ ᠵᠥᠪ ᠣᠨᠣᠪᠴᠢᠳᠠᠢ ᠣᠳᠣᠷᠢᠳᠣᠯᠭ᠎ᠠ ᠲᠣᠣᠷ᠎ᠠ᠂ ᠠᠷᠠᠳ ᠲᠦᠮᠡᠨ ᠤ ᠰᠠᠶᠢᠨ | ᠰᠠᠶᠢᠬᠠᠨ ᠠᠮᠢᠳᠣᠷᠠᠯ ᠤᠨ ᠬᠦᠰᠡᠯ ᠮᠦᠷᠦᠭᠡᠳᠦᠯ ᠢᠶᠠᠷ ᠲᠡᠮᠡᠴᠡᠯ ᠤᠨ ᠬᠠᠷᠠᠯᠲᠠ ᠪᠠᠨ ᠪᠣᠯᠭᠠᠨ᠂ ᠴᠠᠭ ᠮᠦᠴᠠ ᠶᠢ | ᠠᠮᠵᠢᠵᠤ᠂ ᠰᠢᠷᠭᠠᠭᠤ ᠬᠠᠳᠠᠭᠤᠵᠢᠯᠳᠠᠢ ᠠᠵᠢᠯᠯᠠᠨ᠂ ᠰᠢᠨ᠎ᠡ ᠴᠠᠭ ᠦᠶ᠎ᠡ ᠶᠢᠨ ᠠᠵᠢᠯ ᠤᠶᠢᠯᠠᠰ ᠲᠤ ᠭᠠᠪᠰᠢᠭᠠᠶᠢᠯᠠᠨ | ᠤᠷᠤᠯᠴᠠᠵᠤ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠭᠦ ᠢᠯᠠᠯᠳᠠ ᠶᠢ ᠤᠯᠵᠤ᠂ ᠬᠤᠶᠢᠰᠢᠳᠠ ᠶᠢᠨ | ᠲᠠᠪᠤᠨ ᠵᠢᠯ ᠤᠨ ᠪᠦᠭᠦ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠡᠯ᠎ᠡ ᠲᠦᠷᠦᠯ ᠤᠨ ᠠᠵᠢᠯ | ᠦᠢᠯᠡᠰ ᠤᠨ ᠰᠢᠨ᠎ᠡ ᠢᠯᠠᠯᠳᠠ ᠶᠢ ᠪᠡᠶᠡᠯᠡᠬᠦᠯᠦᠨ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠭᠦᠰᠡᠯ | ᠮᠦᠷᠦᠭᠡᠳᠦᠯ ᠢ ᠪᠡᠶᠡᠯᠡᠭᠦᠯᠭᠦ ᠶᠢᠨ ᠲᠦᠯᠦᠭᠡ ᠴᠢᠷᠮᠠᠶᠢᠨ ᠲᠡᠮᠡᠴᠡᠵᠡᠭᠡᠶ᠎ᠡ᠃ |