| | 3 ᠰᠠᠷ᠎ᠠ ᠶᠢᠨ 1 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠂ ᠬᠤᠰᠢᠭᠤ ᠳᠠᠷᠤᠭ᠎ᠠ | ᠴᠢᠯᠠᠭᠤ ᠵᠠᠮ ᠬᠠᠷᠢᠯᠴᠠᠭᠠᠨ ᠤ ᠲᠤᠪᠴᠢᠶᠠᠨ ᠤ ᠬᠠᠮᠢᠶ᠎ᠠ ᠪᠦᠬᠦᠢ ᠤᠳᠤᠷᠢᠳᠤᠯᠭ᠎ᠠ ᠲᠠᠢ ᠬᠠᠮᠳᠤ ᠪᠠᠶᠠᠨᠬᠤᠸᠠ | ᠪᠠᠯᠭᠠᠰᠤᠨ ᠤ ᠴᠠᠭᠠᠨᠪᠤᠭᠤᠳᠤ ᠭᠠᠴᠠᠭ᠎ᠠ ᠪᠠᠷ ᠬᠦᠨᠵᠡᠭᠡᠶᠢᠷᠡᠨ᠂ ᠮᠠᠯᠵᠢᠬᠤ ᠤᠷᠤᠨ ᠤ ᠦᠢᠯᠡᠳᠪᠦᠷᠢᠯᠠᠯ ᠠᠮᠢᠳᠤᠷᠠᠯ | ᠤᠨ ᠪᠠᠶᠢᠳᠠᠯ ᠪᠤᠯᠤᠨ ᠵᠠᠮ ᠨᠡᠪᠳᠡᠷᠡᠯᠭᠡ ᠶᠢᠨ ᠠᠵᠢᠯ ᠢ ᠪᠠᠶᠢᠴᠠᠭᠠᠨ ᠵᠢᠭᠠᠨ ᠵᠢᠯᠤᠭᠤᠳᠤᠯᠭ᠎ᠠ ᠬᠢᠭᠰᠡᠨ ᠪᠠᠶᠢᠨ᠎ᠠ᠃ | | | | | ᠴᠢᠯᠠᠭᠤ ᠨᠠᠷ ᠪᠠᠶᠠᠨᠬᠤᠸᠠ ᠪᠠᠯᠭᠠᠰᠤᠨ ᠤ ᠴᠠᠭᠠᠨᠪᠤᠭᠤᠳᠤ ᠭᠠᠴᠠᠭᠠᠨ ᠤ ᠮᠠᠯᠴᠢᠨ ᠨᠠᠮᠵᠢᠯ ᠤᠨ ᠬᠢᠨ ᠳᠤ | ᠬᠦᠷᠴᠤ᠂ ᠳᠡᠳᠡᠨ ᠤ ᠦᠢᠯᠡᠳᠪᠦᠷᠢᠯᠠᠯ ᠠᠮᠢᠳᠤᠷᠠᠯ ᠤᠨ ᠪᠠᠶᠢᠳᠠᠯ᠂ ᠮᠠᠯ ᠤᠨ ᠬᠠᠰᠢᠶ᠎ᠠ ᠰᠠᠷᠠᠪᠴᠢ ᠶᠢᠨ ᠪᠠᠶᠢᠳᠠᠯ᠂ | ᠡᠪᠡᠰᠤ ᠪᠤᠷᠳᠤᠭᠠᠨ ᠤ ᠪᠡᠯᠡᠳᠭᠡᠯ ᠪᠤᠯᠤᠨ ᠲᠦᠯ ᠤᠨ ᠪᠤᠶᠢᠵᠢᠯᠳᠠ ᠵᠡᠷᠭᠡ ᠪᠠᠶᠢᠳᠠᠯ ᠢ ᠨᠠᠷᠢᠯᠢᠭ ᠠᠰᠠᠭᠤᠨ | ᠤᠶᠢᠯᠠᠭᠠᠵᠤ᠂ ᠫᠧᠩ ᠰᠠᠷᠠᠪᠴᠢ ᠶᠢᠨ ᠲᠤᠯᠠᠭᠠᠯᠠᠭ᠎ᠠ ᠶᠢᠨ ᠠᠵᠢᠯ ᠢᠶᠠᠨ ᠰᠠᠶᠢᠳᠤᠷ ᠬᠢᠵᠤ᠂ ᠲᠦᠯ ᠮᠡᠯ ᠢᠶᠠᠨ ᠮᠡᠨᠳᠤ | ᠰᠠᠶᠢᠠᠬᠠᠨ ᠪᠤᠶᠢᠵᠢᠭᠤᠯᠤᠨ ᠤᠨᠳᠤᠷᠤᠭᠤᠯᠬᠤ ᠶᠢ ᠵᠠᠬᠢᠭᠰᠠᠨ ᠪᠠᠶᠢᠨ᠎ᠠ᠃ ᠤᠶᠢᠷ᠎ᠠ ᠶᠢᠨ ᠬᠡᠳᠦᠨ ᠡᠳᠦᠷ ᠤᠨ ᠴᠠᠰᠤ | ᠰᠢᠭᠤᠷᠭ᠎ᠠ ᠲᠠᠢ ᠴᠠᠭ ᠠᠭᠠᠷ ᠨᠢ ᠪᠠᠶᠠᠨᠬᠤᠸᠠ ᠪᠠᠯᠭᠠᠰᠤᠨ ᠤ ᠴᠠᠭᠠᠨ ᠪᠤᠭᠳᠠ ᠭᠠᠴᠠᠭᠠᠨ ᠤ ᠮᠠᠯᠴᠢᠨ ᠭᠠᠩᠰᠦ᠋ᠬᠡ | ᠶᠢᠨ ᠬᠢᠨ ᠳᠤ ᠪᠠᠭ᠎ᠠ ᠪᠤᠰᠤ ᠬᠤᠬᠢᠷᠠᠯ ᠠᠪᠴᠢᠷᠠᠭᠰᠠᠨ ᠪᠠᠶᠢᠨ᠎ᠠ᠃ ᠡᠨᠡ ᠤᠳᠠᠭᠠᠨ ᠤ ᠶᠡᠭᠡ ᠴᠠᠰᠤᠨ ᠳᠤ ᠦᠬᠡᠷ | ᠤᠨ ᠫᠧᠩ ᠳᠤ ᠨᠢ ᠴᠠᠰᠤ ᠬᠤᠷᠠᠨ ᠬᠦᠯᠳᠡᠭᠰᠡᠨ ᠠᠴᠠ ᠴᠦᠭᠡᠨ ᠬᠡᠳᠦᠨ ᠦᠬᠡᠷ ᠨᠢ ᠬᠡᠪᠳᠡᠷᠢ ᠠᠯᠳᠠᠵᠤ᠂ | ᠦᠢᠯᠡᠳᠪᠦᠷᠢᠯᠠᠯ ᠠᠮᠢᠳᠤᠷᠠᠯ ᠢ ᠨᠢ ᠶᠡᠬᠡᠬᠡᠨ ᠨᠦᠯᠦᠭᠡᠯᠡᠵᠠᠢ᠃ ᠴᠢᠯᠠᠭᠤ ᠨᠠᠷ ᠪᠠᠶᠢᠳᠠᠯ ᠢ ᠤᠶᠢᠯᠠᠭᠠᠭᠰᠠᠨ ᠤ ᠳᠠᠷᠠᠭ᠎ᠠ᠂ | ᠮᠠᠯ ᠤᠨ ᠬᠠᠰᠢᠶ᠎ᠠ ᠰᠠᠷᠠᠪᠴᠢ ᠶᠢ ᠪᠠᠶᠢᠴᠠᠭᠠᠨ ᠦᠵᠡᠵᠤ᠂ ᠳᠡᠳᠡᠨ ᠤ ᠦᠢᠯᠡᠳᠪᠦᠷᠢᠯᠠᠯ ᠠᠮᠢᠳᠤᠷᠠᠯ ᠤᠨ ᠪᠠᠶᠢᠳᠠᠯ ᠢ | ᠨᠠᠷᠢᠯᠢᠭ ᠤᠶᠢᠯᠠᠭᠠᠬᠤ ᠶᠢᠨ ᠬᠠᠮᠳᠤ ᠭᠠᠮᠰᠢᠭ ᠵᠤᠳ ᠤᠨ ᠬᠦᠴᠢᠷ ᠪᠡᠷᠭᠡ ᠶᠢ ᠵᠤᠷᠢᠭᠳᠠᠢ ᠪᠠᠷ ᠳᠠᠪᠠᠨ ᠲᠤᠭᠤᠯᠬᠤ | ᠶᠢ ᠵᠤᠷᠢᠭᠵᠢᠭᠤᠯᠤᠭᠰᠠᠨ ᠪᠠᠶᠢᠨ᠎ᠠ᠃ ᠴᠢᠯᠠᠭᠤ ᠵᠢᠭᠠᠬᠤ ᠳᠠᠭᠠᠨ᠂ ᠤᠷᠢᠴᠮ ᠤᠨ ᠬᠡᠳᠦᠨ ᠡᠳᠦᠷ ᠤᠨ ᠴᠠᠰᠤ | ᠰᠢᠭᠤᠷᠭᠠᠨ ᠲᠠᠢ ᠬᠠᠬᠢᠷ ᠬᠦᠢᠳᠡᠨ ᠴᠠᠭ ᠠᠭᠠᠷ ᠨᠢ ᠮᠠᠯᠵᠢᠬᠤ ᠤᠷᠤᠨ ᠤ ᠦᠢᠯᠡᠳᠪᠦᠷᠢᠯᠠᠯ ᠠᠮᠢᠳᠤᠷᠠᠯ ᠢ ᠶᠡᠬᠡᠬᠡᠨ | ᠨᠦᠯᠦᠭᠡᠯᠡᠭᠰᠡᠨ ᠪᠠᠶᠢᠨ᠎ᠠ᠃ | | | | ᠰᠤᠮᠤ ᠪᠠᠯᠭᠠᠰᠤᠨ ᠤ ᠨᠠᠮ ᠤᠨ ᠭᠡᠰᠢᠬᠦᠨ ᠺᠠᠳ᠋ᠷ ᠠᠵᠢᠯᠳᠠᠨ ᠨᠠᠷ ᠬᠠᠷᠢᠴᠠᠭᠤᠯᠭᠠᠳᠤ ᠤᠬᠠᠮᠰᠠᠷ ᠪᠤᠯᠤᠨ | ᠡᠬᠦᠷᠭᠡᠳᠤ ᠰᠡᠳᠬᠢᠯᠭᠡ ᠪᠠᠨ ᠴᠢᠩᠭᠠᠳᠬᠠᠨ᠂ ᠭᠠᠮᠰᠢᠭᠳᠠᠭᠰᠠᠨ ᠤᠷᠤᠨ ᠤ ᠮᠠᠯᠴᠢᠨ ᠲᠦᠮᠡᠨ ᠤ ᠦᠢᠯᠡᠳᠪᠦᠷᠢᠯᠡᠯ | ᠠᠮᠢᠳᠤᠷᠠᠯ ᠪᠤᠯᠤᠨ ᠠᠮᠢ ᠨᠠᠰᠤᠨ ᠤ ᠠᠮᠤᠷ ᠲᠦᠪᠰᠢᠨ ᠢ ᠳᠡᠭᠡᠳᠤ ᠬᠡᠮᠵᠢᠶ᠎ᠠ ᠪᠠᠷ ᠴᠢᠬᠤᠯᠠᠴᠢᠯᠠᠵᠤ᠂ ᠪᠤᠳᠠᠳᠠᠢ | ᠠᠷᠭ᠎ᠠ ᠬᠡᠮᠵᠢᠶ᠎ᠠ ᠠᠪᠴᠤ᠂ ᠮᠠᠯᠴᠢᠨ ᠲᠦᠮᠡᠨ ᠢ ᠬᠠᠪᠰᠤᠷᠤᠨ ᠴᠠᠰᠤ ᠵᠤᠳ ᠢ ᠲᠤᠭᠤᠯᠬᠤ ᠬᠡᠷᠡᠭᠳᠠᠢ᠃ ᠰᠤᠮᠤ | ᠪᠠᠯᠭᠠᠰᠤ ᠪᠤᠯᠤᠨ ᠵᠠᠮ ᠬᠠᠷᠢᠯᠴᠠᠭᠠᠨ ᠤ ᠲᠤᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠬᠤᠪᠢᠳᠠᠨ | ᠲᠤᠬᠢᠷᠠᠭᠤᠯᠭᠰᠠᠨ ᠴᠠᠰᠤ ᠠᠷᠢᠯᠭᠠᠬᠤ ᠮᠠᠰᠢᠨ ᠤ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠮᠠᠯᠵᠢᠬᠤ ᠤᠷᠤᠨ | ᠤ ᠵᠡᠮ ᠨᠡᠪᠳᠡᠷᠡᠯᠭᠡ ᠶᠢᠨ ᠠᠵᠢᠯ ᠢ ᠱᠠᠯᠠᠪᠳᠠᠭᠤᠯᠤᠨ ᠬᠢᠵᠤ᠂ ᠮᠠᠯ ᠠᠵᠤ ᠠᠬᠤᠢ ᠶᠢᠨ ᠲᠤᠭᠳᠠᠭᠤᠨ ᠪᠤᠯᠤᠨ | ᠮᠠᠯᠴᠢᠳ ᠤᠨ ᠦᠢᠯᠡᠳᠪᠦᠷᠢᠯᠠᠯ ᠠᠮᠢᠳᠤᠷᠠᠯ ᠳᠤ ᠪᠠᠳᠤᠯᠠᠭ᠎ᠠ ᠬᠠᠩᠭᠠᠬᠤ ᠬᠡᠷᠡᠭᠳᠠᠢ ᠬᠡᠵᠠᠢ᠃ | | | | |