ᠪᠠᠷᠠᠭᠤᠨ ᠦᠵᠦᠮᠦᠴᠢᠨ ᠬᠤᠰᠢᠭᠤ ᠨᠢ ᠡᠷᠳᠡ ᠶᠢᠨ ᠲᠦᠯ ᠲᠤᠰᠴᠦ᠂ ᠡᠷᠲᠡ ᠪᠤᠷᠤᠯᠠᠭᠤᠯᠬᠤ ᠠᠵᠢᠯ ᠢ ᠡᠷᠴᠢᠮᠳᠡᠢ ᠠᠳᠬᠤᠵᠦ ᠪᠠᠶᠢᠨ᠎ᠠ
ᠨᠡᠶᠢᠲᠡᠯᠡᠭᠰᠡᠨ ᠴᠠᠭ᠄
2018-03-06
ᠪᠠᠷᠠᠭᠤᠨ ᠦᠵᠦᠮᠦᠴᠢᠨ ᠬᠤᠰᠢᠭᠤ ᠨᠢ ᠡᠷᠳᠡ ᠶᠢᠨ ᠲᠦᠯ  ᠲᠤᠰᠴᠦ᠂ ᠡᠷᠲᠡ ᠪᠤᠷᠤᠯᠠᠭᠤᠯᠬᠤ ᠠᠵᠢᠯ ᠢ ᠡᠷᠴᠢᠮᠳᠡᠢ ᠠᠳᠬᠤᠵᠤ ᠪᠠᠶᠢᠨ᠎ᠠ                              ᠣᠶᠢᠷ᠎ᠠ ᠶᠢᠨ ᠵᠢᠯ ᠮᠠᠨ ᠤ ᠬᠤᠰᠢᠭᠤ ᠨᠢ ᠡᠪᠦᠯ ᠤᠨ ᠲᠦᠯ᠂ ᠬᠠᠪᠤᠷ ᠤᠨ ᠡᠷᠳᠡ ᠲᠦᠯ ᠳᠣᠰᠬᠤ ᠶᠢ ᠮᠠᠯᠵᠢᠬᠤ ᠤᠷᠤᠨ ᠤ ᠦᠢᠯᠡᠳᠪᠦᠷᠢᠯᠡᠯ ᠡᠵᠡᠩᠨᠡᠯᠳᠡ ᠶᠢᠨ ᠠᠷᠭ᠎ᠠ ᠬᠡᠯᠪᠡᠷᠢ ᠶᠢ ᠬᠤᠪᠢᠷᠠᠭᠤᠯᠤᠨ᠂ ᠮᠠᠯᠴᠢᠳ ᠤᠨ ᠤᠷᠤᠯᠭ᠎ᠠ ᠶᠢ ᠨᠡᠮᠡᠭᠳᠡᠬᠦᠯᠬᠦ ᠭᠤᠤᠯ ᠠᠷᠭ᠎ᠠ ᠪᠠᠷᠢᠯ ᠪᠤᠯᠭᠠᠨ ᠠᠳᠬᠤᠭᠰᠠᠨ ᠢᠶᠠᠷ ᠣᠳᠣᠬᠠᠨ ᠡᠪᠦᠯ ᠤᠨ ᠲᠦᠯ ᠳᠣᠰᠴᠣ ᠡᠷᠳᠡ ᠭᠠᠷᠭᠠᠯᠳᠠ ᠳᠤ ᠭᠠᠷᠭᠠᠬᠤ ᠨᠢ ᠨᠢᠬᠡᠨᠳᠡ ᠮᠠᠯᠴᠢᠳ ᠤᠨ ᠨᠣᠳᠤᠭ ᠪᠡᠯᠴᠢᠬᠡᠷ ᠢᠶᠠᠨ ᠬᠠᠮᠠᠭᠠᠯᠠᠨ᠂ ᠮᠠᠯ ᠠᠵᠤ ᠠᠬᠤᠢ ᠶᠢᠨ ᠤᠷᠤᠯᠭ᠎ᠠ ᠪᠠᠨ ᠨᠡᠮᠡᠭᠳᠡᠬᠦᠯᠬᠦ ᠦᠢᠡᠯᠳᠪᠦᠷᠢᠯᠡᠯ ᠡᠵᠡᠩᠨᠡᠯᠳᠡ ᠶᠢᠨ  ᠴᠢᠬᠤᠯᠠ ᠠᠷᠭ᠎ᠠ ᠵᠠᠮ ᠪᠤᠯᠤᠭᠰᠠᠨ ᠪᠠᠶᠢᠨ᠎ᠠ᠃
       3 ᠰᠠᠷ᠎ᠠ ᠶᠢᠨ 1 ᠤ ᠡᠳᠦᠷ ᠰᠣᠷᠪᠤᠯᠵᠢᠯᠠᠭᠴᠢ ᠣᠯᠠᠭᠠᠨᠬᠠᠭᠠᠯᠭ᠎ᠠ ᠰᠣᠮᠣᠨ ᠤ ᠳᠠᠪᠰᠢᠯᠳᠣ ᠭᠠᠴᠠᠭᠠᠨ ᠤ ᠮᠠᠯᠴᠢᠨ ᠨᠠᠰᠣᠨᠪᠣᠶᠠᠨ ᠤ ᠳᠤ ᠬᠦᠷᠬᠦ ᠳᠤ ᠬᠤᠷᠠᠭ᠎ᠠ ᠢᠰᠢᠬᠡ ᠮᠠᠶᠢᠯᠠᠯᠳᠣᠨ᠂ ᠡᠳᠡᠨᠡᠶᠢᠬᠢᠨ ᠤ ᠲᠦᠯ ᠳᠣᠰᠬᠤ ᠠᠵᠢᠯ ᠨᠢᠬᠡᠨᠳᠡ ᠰᠢᠪᠳᠤᠷᠭᠠᠨ ᠳᠤ ᠤᠷᠤᠭᠰᠠᠨ ᠪᠠᠶᠢᠨ᠎ᠠ᠃ ᠨᠢᠳᠣᠨᠣᠨ ᠡᠳᠡᠨᠡᠶᠢᠬᠢ 20 ᠲᠦᠮᠡᠨ ᠵᠢᠩ ᠡᠪᠡᠰᠦ᠂ 45000 ᠵᠢᠩ ᠪᠤᠷᠳᠤᠭ᠎ᠠ ᠨᠦᠬᠡᠴᠡᠯᠡᠵᠦ᠂ ᠪᠡᠯᠡᠳᠬᠡᠯ ᠢᠶᠠᠨ ᠬᠦᠢᠴᠡᠳ ᠰᠠᠶᠢᠨ ᠬᠢᠭᠰᠡᠨ ᠮᠦᠷᠳᠡᠬᠡᠨ ᠦᠩᠬᠡᠷᠡᠭᠰᠡᠨ ᠡᠪᠦᠯ ᠤᠨ ᠴᠠᠭ ᠠᠭᠠᠷ ᠳᠣᠬᠢᠷᠠᠭᠰᠠᠨ ᠠᠴᠠ 250 ᠳᠣᠯᠣᠭᠠᠢ ᠬᠤᠷᠠᠭ᠎ᠠ ᠪᠠᠨ ᠨᠢᠬᠡᠨᠳᠡ ᠪᠦᠬᠦᠨ ᠢ ᠮᠡᠨᠳᠦ ᠳᠣᠰᠣᠭᠰᠠᠨ ᠪᠠᠶᠢᠨ᠎ᠠ᠃
         ᠮᠠᠯᠴᠢᠨ ᠨᠠᠰᠣᠨᠪᠣᠶᠠᠨ ᠰᠤᠷᠪᠤᠯᠵᠢᠯᠠᠭ᠎ᠠ ᠬᠦᠯᠢᠶᠡᠬᠦ ᠳᠡᠭᠡᠨ ᠡᠨᠡ ᠵᠢᠯ 2 ᠰᠠᠷ᠎ᠠ ᠶᠢᠨ 1 ᠤ ᠡᠳᠦᠷ ᠠᠴᠠ ᠡᠬᠢᠯᠡᠨ ᠲᠦᠯ ᠢᠶᠠᠨ ᠳᠣᠰᠴᠠᠢ᠃ ᠵᠢᠯ ᠤᠨ ᠦᠩᠬᠡ ᠰᠠᠶᠢᠬᠠᠨ ᠳᠣᠯᠠᠭᠠᠬᠠᠨ ᠪᠤᠯᠬᠤᠷ ᠡᠨᠡ ᠵᠢᠯ ᠤᠨ ᠲᠦᠯ ᠰᠠᠶᠢᠬᠠᠨ ᠪᠠᠶᠢᠨ᠎ᠠ᠃ ᠣᠳᠣ ᠪᠤᠯᠳᠠᠯ᠎ᠠ 250 ᠭᠠᠷᠤᠢ ᠲᠥᠯ ᠳᠤᠰᠤᠭᠠᠳ ᠦᠨᠳᠦᠰᠦᠨ ᠳᠤ ᠪᠠᠨ ᠲᠦᠯ ᠢᠶᠠᠨ ᠳᠣᠰᠣᠭᠠᠳ ᠪᠠᠷᠠᠵᠠᠢ᠃ ᠡᠪᠦᠯ ᠤᠨ ᠲᠦᠯ ᠳᠣᠰᠣᠭᠠᠳ ᠳᠣᠯᠤᠭ᠎ᠠ ᠨᠠᠢᠮᠠᠨ ᠵᠢᠯ ᠪᠤᠯᠵᠠᠢ᠃ ᠳᠡᠷᠡ ᠦᠶ᠎ᠡ ᠳᠤ ᠲᠦᠷᠦ ᠶᠢᠨ ᠪᠤᠳᠤᠯᠭ᠎ᠠ ᠶᠢᠨ ᠤᠷᠢᠶᠠᠯᠭ᠎ᠠ ᠶᠢ ᠳᠠᠭᠠᠵᠤ᠂ ᠳᠠᠬᠢᠭᠠᠳ ᠠᠪᠤᠭᠠᠳ ᠬᠡᠯᠡᠪᠡᠯ ᠮᠠᠨ ᠤ ᠰᠢᠯᠢ ᠭᠠᠵᠠᠷ ᠡᠪᠦᠯ ᠮᠠᠯ ᠢᠶᠠᠨ ᠭᠠᠷᠭᠠᠬᠤ ᠦᠬᠡᠢ᠂ ᠳᠡᠬᠡᠬᠦᠯᠡᠷ ᠨᠢᠬᠡ ᠳᠠᠯ᠎ᠠ ᠪᠠᠷ ᠲᠦᠯ ᠢᠶᠠᠨ ᠳᠣᠰᠴᠣ᠂ ᠨᠦᠬᠦᠬᠡ ᠳᠠᠯ᠎ᠠ ᠪᠠᠷ ᠪᠤᠰᠤᠳ ᠠᠵᠢᠯ ᠤᠳ ᠢᠶᠠᠨ ᠬᠢᠴᠢᠬᠡᠨ᠎ᠡ᠂ ᠮᠠᠨ ᠳᠤ ᠠᠪᠴᠤ ᠬᠡᠯᠡᠪᠡᠯ ᠪᠡᠶ᠎ᠡ ᠳᠤ ᠠᠮᠤᠷ᠂ ᠡᠷᠳᠡ ᠶᠢᠨ  ᠲᠦᠯ ᠳᠣᠰᠪᠠᠯ ᠡᠪᠡᠰᠦ ᠪᠤᠷᠳᠤᠭ᠎ᠠ ᠢᠯᠡᠬᠦᠦ ᠤᠷᠤᠨ᠎ᠠ᠂ ᠬᠡᠪᠡᠴᠦ ᠡᠷᠳᠡ ᠭᠠᠷᠭᠠᠪᠠᠯ ᠡᠬᠡ ᠮᠠᠯ ᠤᠨ ᠳᠠᠷᠭᠤ ᠬᠦᠴᠦ ᠠᠪᠬᠤ  ᠳᠤ ᠰᠠᠶᠢᠨ ᠨᠤᠳᠤᠭ ᠪᠡᠯᠴᠢᠬᠡᠷ ᠢᠶᠠᠨ ᠰᠡᠷᠬᠦᠬᠡᠬᠦ ᠳᠤ ᠳᠣᠰᠠᠳᠠᠢ ᠭᠡᠵᠡᠢ᠃     ᠣᠯᠠᠭᠠᠨᠬᠠᠭᠠᠯᠭ᠎ᠠ ᠰᠣᠮᠣᠨ ᠤ ᠡᠷᠬᠡᠳᠦᠣᠪᠣᠭ᠎ᠠ ᠭᠠᠴᠠᠭᠠᠨ ᠤ ᠮᠠᠯᠴᠢᠨ ᠪᠠᠳᠣᠵᠢᠷᠭᠠᠯ ᠤᠨ ᠬᠢᠨ ᠡᠪᠦᠯ ᠤᠨ ᠲᠦᠯ ᠳᠣᠰᠣᠭᠠᠳ ᠠᠷᠪᠠᠨ ᠵᠢᠯ ᠤᠨ ᠨᠢᠭᠤᠷ ᠦᠵᠡᠵᠦ ᠪᠠᠶᠢᠭ᠎ᠠ ᠮᠠᠯᠵᠢᠬᠤ ᠡᠷᠦᠬᠡ ᠪᠢᠯᠡ᠃ ᠦᠨᠦ ᠵᠢᠯ ᠡᠳᠡᠨᠠᠶᠢᠬᠢᠨ 1 ᠰᠠᠷ᠎ᠠ ᠶᠢᠨ 10 ᠤ ᠡᠳᠦᠷ ᠠᠴᠠ ᠡᠬᠢᠯᠡᠨ ᠲᠦᠯ ᠢᠶᠠᠨ ᠳᠣᠰᠴᠣ᠂ ᠣᠳᠣ ᠪᠤᠯᠳᠠᠯ᠎ᠠ400 ᠭᠠᠷᠤᠢ ᠲᠦᠯ ᠳᠣᠰᠴᠣ᠂ ᠲᠦᠯ ᠤᠨ ᠤᠨᠳᠤᠷᠠᠯᠳᠠ ᠵᠠᠭᠤᠨ ᠤ ᠵᠠᠭᠤ ᠳᠤ ᠬᠦᠷᠦᠭᠰᠡᠨ ᠬᠡᠵᠦ ᠪᠠᠶᠠᠷᠳᠠᠶᠢᠬᠠᠨ ᠪᠠᠶᠢᠯ᠎ᠠ᠃
           ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠳᠡ ᠶᠢᠨ ᠠᠷᠭ᠎ᠠ ᠬᠡᠯᠪᠡᠷᠢ ᠶᠢ ᠬᠤᠪᠢᠷᠠᠭᠤᠯᠤᠨ᠂  ᠬᠤᠨᠢᠨ ᠮᠢᠬᠠᠨ ᠤ  ᠢᠷᠡᠯᠳᠡ ᠶᠢ ᠬᠢᠨᠠᠨ ᠮᠦᠷᠳᠡᠬᠦ ᠰᠢᠰᠲ᠋ᠧᠮ ᠤᠨ ᠪᠠᠶᠢᠭᠤᠯᠤᠯᠳᠠ ᠶᠢ ᠠᠬᠢᠭᠤᠯᠤᠨ᠂ ᠮᠠᠯᠴᠢᠳ ᠤᠨ ᠤᠷᠤᠯᠭ᠎ᠠ ᠶᠢᠨ ᠨᠡᠮᠡᠭᠳᠡᠯ ᠪᠤᠯᠤᠨ ᠨᠣᠳᠤᠭ ᠪᠡᠯᠴᠢᠬᠡᠷ ᠤᠨ ᠳᠠᠷᠤᠭᠠᠰᠣ ᠶᠢ ᠬᠦᠩᠬᠡᠯᠡᠬᠦ ᠬᠤᠤᠰ ᠠᠮᠵᠢᠯᠳᠠ ᠶᠢ ᠪᠡᠶᠡᠯᠡᠬᠦᠯᠬᠦ ᠵᠤᠷᠢᠯᠭ᠎ᠠ ᠪᠠᠷ ᠤᠶᠢᠷ᠎ᠠ ᠶᠢᠨ ᠵᠢᠯ ᠪᠠᠷᠠᠭᠤᠨ ᠦᠵᠦᠮᠦᠴᠢᠨ ᠬᠤᠰᠢᠭᠤ ᠨᠢ ᠡᠪᠦᠯ ᠤᠨ ᠲᠦᠯ ᠳᠣᠰᠴᠣ ᠡᠷᠳᠡ ᠪᠤᠷᠤᠯᠠᠭᠤᠯᠬᠤ ᠠᠵᠢᠯ ᠢ ᠴᠢᠩᠭ᠎ᠠ ᠠᠳᠬᠤᠭᠰᠠᠬᠠᠷ ᠢᠷᠡᠵᠡᠢ᠃ ᠡᠬᠦᠨ ᠤ ᠰᠠᠭᠤᠷᠢᠨ ᠳᠡᠬᠡᠷ᠎ᠡ ᠪᠤᠷᠤᠯᠠᠭᠤᠯᠭ᠎ᠠ  ᠶᠢᠨ ᠵᠠᠮ ᠢ ᠰᠢᠯᠤᠭᠤᠳᠬᠠᠨ᠂ ᠮᠠᠯ ᠤᠨ ᠭᠠᠷᠭᠠᠯᠳᠠ ᠶᠢᠨ ᠠᠵᠢᠯ ᠤᠨ ᠤᠷᠤᠭᠰᠢᠳᠠᠢ ᠶᠠᠪᠤᠭᠳᠠᠬᠤ ᠶᠢ ᠪᠠᠳᠣᠯᠠᠬᠤ ᠵᠤᠷᠢᠯᠭ᠎ᠠ ᠪᠠᠷ 2015 ᠣᠨ ᠠᠴᠠ ᠡᠬᠢᠯᠡᠨ ︽ ᠠᠵᠤ ᠠᠬᠤᠶᠢᠯᠠᠯ + ᠨᠡᠶᠢᠬᠡᠮᠯᠢᠭ + ᠮᠠᠯᠴᠢᠳ︾ ᠬᠡᠬᠦ ᠬᠡᠪ ᠵᠠᠭᠪᠤᠷ ᠢ ᠠᠰᠢᠭᠯᠠᠨ᠂ ᠰᠢᠯᠢ ᠶᠢᠨ ᠭᠤᠤᠯ ᠠᠶᠢᠮᠠᠭ ᠤᠨ ᠦᠵᠦᠮᠦᠴᠢᠨ ᠬᠤᠨᠢᠨ ᠤ ᠦᠢᠯᠡᠰ ᠤᠨ ᠨᠡᠶᠢᠬᠡᠮᠯᠢᠭ ᠲᠠᠢ ᠠᠵᠢᠯ ᠤᠨ ᠬᠠᠷᠢᠴᠠᠭ᠎ᠠ ᠪᠠᠶᠢᠭᠤᠯᠤᠨ᠂ ᠮᠠᠯᠴᠢᠳ ᠲᠠᠢ ᠬᠤᠷᠠᠭ᠎ᠠ ᠪᠤᠷᠤᠯᠠᠭᠤᠯᠬᠤ ᠵᠠᠬᠢᠶᠠᠯᠭ᠎ᠠ ᠶᠢᠨ ᠬᠡᠷ᠎ᠡ ᠳᠣᠭᠳᠠᠬᠤ ᠠᠵᠢᠯ ᠪᠤᠯᠤᠨ ᠬᠤᠷᠠᠭᠠᠨ ᠤ ᠭᠠᠷᠭᠠᠯᠳᠠ ᠶᠢᠨ ᠠᠵᠢᠯ ᠳᠤ ᠦᠢᠡᠯᠴᠢᠯᠡᠭᠡ ᠬᠠᠩᠭᠠᠬᠤ ᠶᠢ ᠨᠠᠶᠢᠳᠠᠨ ᠬᠠᠷᠢᠭᠤᠴᠠᠭᠤᠯᠤᠭᠰᠠᠨ ᠪᠠᠶᠢᠨ᠎ᠠ᠃
         ᠡᠨᠡ ᠵᠢᠯ ᠤᠨ ᠡᠪᠦᠯ ᠤᠨ ᠲᠦᠯ ᠤᠨ ᠪᠠᠶᠢᠳᠠᠯ ᠢ ᠨᠠᠷᠢᠨ ᠣᠶᠢᠯᠠᠭᠠᠬᠤ ᠪᠠᠷ ᠰᠢᠯᠢ ᠶᠢᠨ ᠭᠤᠤᠯ ᠠᠶᠢᠮᠠᠭ ᠤᠨ ᠦᠵᠦᠮᠦᠴᠢᠨ ᠬᠤᠨᠢᠨ ᠤ ᠦᠢᠯᠡᠰ ᠤᠨ  ᠨᠡᠶᠢᠭᠡᠮᠯᠢᠭ ᠨᠢ ᠡᠯ᠎ᠡ ᠰᠣᠮᠣ ᠪᠠᠯᠭᠠᠰᠣᠨ ᠤ ᠺᠠᠳ᠋ᠷ ᠠᠵᠢᠯᠳᠠᠳ ᠲᠠᠢ ᠣᠶᠢᠷ᠎ᠠ ᠶᠢᠨ ᠡᠳᠦᠷ ᠠᠴᠠ ᠡᠬᠢᠯᠡᠨ ᠪᠦᠬᠦ ᠬᠤᠰᠢᠭᠤᠨ ᠤ ᠡᠯ᠎ᠡ ᠰᠣᠮᠣ ᠪᠠᠯᠭᠠᠰᠣᠨ ᠤ ᠡᠪᠦᠯ ᠤᠨ ᠲᠦᠯ ᠳᠣᠰᠴᠣ ᠪᠠᠶᠢᠭ᠎ᠠ ᠡᠷᠦᠬᠡ ᠪᠠᠷ ᠬᠦᠨᠵᠡᠬᠡᠶᠢᠷᠡᠨ᠂ ︽2018 ᠣᠨ ᠤ ᠬᠤᠨᠢᠨ ᠮᠢᠬᠠᠨ ᠤ ᠬᠢᠨᠠᠨ ᠮᠦᠷᠳᠡᠬᠦ ᠡᠬᠡᠮᠦᠭ ᠵᠡᠬᠦᠯᠬᠡᠭᠰᠡᠨ ᠬᠤᠷᠠᠭ᠎ᠠ ᠶᠢ ᠡᠷᠳᠡ ᠪᠤᠷᠤᠯᠠᠭᠤᠯᠬᠤ ᠶᠢ ᠵᠤᠷᠢᠭᠵᠢᠭᠤᠯᠬᠤ ᠲᠦᠷᠦ ᠶᠢᠨ ᠪᠤᠳᠤᠯᠭ᠎ᠠ  ︾ ᠶᠢ ᠦᠷᠬᠡᠨ  ᠢᠶᠠᠷ ᠣᠬᠠᠭᠤᠯᠤᠭᠰᠠᠨ ᠤ ᠬᠠᠮᠳᠣ ᠮᠠᠯᠵᠢᠬᠤ ᠡᠷᠦᠬᠡ ᠶᠢᠨ ᠡᠪᠦᠯ ᠤᠨ ᠲᠦᠯ ᠤᠨ ᠪᠠᠶᠢᠳᠠᠯ ᠢ ᠨᠠᠷᠢᠨ ᠤᠶᠢᠯᠠᠭᠠᠵᠠᠢ᠃ ᠡᠬᠦᠨ ᠤ ᠪᠠᠨ ᠰᠠᠭᠤᠷᠢᠨ ᠳᠡᠬᠡᠷ᠎ᠡ ᠳᠠᠷᠠᠭᠠᠴᠢ ᠶᠢᠨ ᠠᠯᠬᠤᠮ ᠳᠤ ᠲᠦᠯ ᠮᠠᠯ ᠤᠨ ᠪᠠᠶᠢᠳᠠᠯ᠂ ᠳᠤᠭ᠎ᠠ ᠳᠣᠯᠣᠭᠠᠢ ᠶᠢᠨ ᠬᠠᠷᠢᠴᠠᠯ ᠢ ᠦᠨᠳᠦᠰᠦᠯᠡᠨ ᠬᠤᠷᠠᠭ᠎ᠠ ᠪᠤᠷᠤᠯᠠᠭᠤᠯᠬᠤ ᠵᠠᠬᠢᠶᠠᠯᠭ᠎ᠠ ᠶᠢᠨ ᠬᠡᠷ᠎ᠡ ᠳᠣᠭᠳᠠᠵᠤ᠂ ᠡᠬᠡᠮᠦᠭ ᠵᠡᠬᠦᠯᠬᠡᠬᠦ ᠵᠡᠷᠬᠡ ᠠᠵᠢᠯ ᠤᠳ ᠢ ᠶᠠᠪᠤᠭᠳᠠᠭᠤᠯᠬᠤ ᠪᠠᠷ ᠪᠠᠶᠢᠨ᠎ᠠ᠃ ᠣᠶᠢᠯᠠᠭᠠᠭᠰᠠᠨ ᠢᠶᠠᠷ ᠤᠳᠤ ᠪᠤᠯᠳᠠᠯ᠎ᠠ ᠪᠠᠷᠠᠭᠤᠨ ᠦᠵᠦᠮᠦᠴᠢᠨ ᠬᠤᠰᠢᠭᠤ ᠨᠢ ᠨᠡᠶᠢᠳᠡ 241558 ᠳᠣᠯᠣᠭᠠᠢ ᠡᠪᠦᠯ ᠤᠨ ᠲᠦᠯ ᠳᠣᠰᠴᠣ᠂ ᠲᠦᠯ ᠤᠨ ᠤᠨᠳᠤᠷᠤᠯᠳᠠ ᠶᠢᠨ ᠨᠤᠷᠮ᠎ᠠ ᠵᠠᠭᠤᠨ ᠤ ᠵᠠᠭᠤ ᠳᠤ ᠬᠦᠷᠦᠭᠰᠡᠨ ᠪᠠᠶᠢᠨ᠎ᠠ᠃
              ᠣᠳᠣᠬᠢᠴᠢᠯᠠᠭᠰᠠᠨ ᠮᠠᠯ ᠠᠵᠤ ᠠᠬᠤᠢ ᠶᠢᠨ ᠬᠦᠭᠵᠢᠯᠳᠡ ᠶᠢ ᠠᠬᠢᠭᠤᠯᠵᠤ᠂ ᠮᠠᠯ ᠠᠵᠤ ᠠᠬᠤᠢ ᠶᠢᠨ ᠠᠵᠤ ᠦᠢᠯᠡᠰᠵᠢᠬᠦᠯᠦᠯᠳᠡ ᠶᠢᠨ ᠠᠬᠢᠴᠠ ᠶᠢ ᠲᠦᠷᠬᠡᠳᠭᠡᠨ᠂ ᠮᠠᠯ ᠪᠡᠯᠴᠢᠬᠡᠷ ᠤᠨ ᠳᠡᠩᠴᠡᠬᠦᠷᠢ ᠶᠢ ᠪᠠᠳᠣᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠳᠠᠯ᠎ᠠ ᠨᠣᠳᠤᠭ ᠤᠨ ᠠᠮᠢ ᠠᠬᠤᠢ ᠶᠢ ᠬᠠᠮᠠᠭᠠᠯᠠᠬᠤ ᠪᠠᠷ ᠤᠷᠢᠳᠠᠯ ᠨᠦᠬᠦᠴᠡᠯ ᠪᠤᠯᠭᠠᠵᠤ᠂ ᠨᠤᠳᠤᠭ ᠪᠡᠯᠴᠢᠬᠡᠷ ᠤᠨ ᠳᠠᠷᠤᠭᠠᠰᠣ ᠶᠢ ᠬᠦᠩᠭᠡᠯᠡᠨ᠂ ᠡᠷᠳᠡ ᠭᠠᠷᠭᠠᠯᠳᠠ ᠭᠠᠷᠭᠠᠬᠤ ᠶᠢ ᠵᠤᠷᠢᠭᠵᠢᠭᠤᠯᠵᠤ᠂ ᠮᠠᠯᠵᠢᠬᠤ ᠦᠢᠯᠡᠳᠪᠦᠷᠢᠯᠡᠯ ᠤᠨ ᠦᠷ᠎ᠡ ᠠᠰᠢᠭ ᠢ ᠳᠡᠭᠡᠭᠰᠢᠯᠡᠬᠦᠯᠦᠨ᠂ ᠮᠠᠯᠴᠢᠳ ᠤᠨ ᠤᠷᠤᠯᠭ᠎ᠠ  ᠶᠢ ᠦᠷᠬᠦᠯᠵᠢᠯᠡᠨ ᠨᠡᠮᠡᠭᠳᠡᠬᠦᠯᠬᠦ ᠪᠠᠷ ᠬᠠᠷᠠᠯᠳᠠ ᠪᠠᠨ ᠪᠤᠯᠭᠠᠵᠤ᠂ ᠮᠠᠯ ᠤᠨ ᠪᠦᠳᠦᠭᠡᠭᠳᠡᠭᠦᠨ ᠤ ᠵᠠᠬ᠎ᠠ ᠳᠡᠯᠬᠡᠬᠦᠷ  ᠲᠠᠬᠢ ᠦᠷᠢᠰᠦᠯᠳᠦᠬᠦ ᠬᠦᠴᠦᠨ ᠢ ᠳᠡᠭᠡᠭᠰᠢᠯᠡᠬᠦᠯᠬᠦ ᠪᠠᠷ ᠭᠤᠤᠯᠳᠠᠯᠭ᠎ᠠ ᠪᠠᠨ ᠪᠤᠯᠭᠠᠨ᠂ ᠡᠬᠢ ᠪᠠᠶᠠᠯᠢᠭ ᠤᠨ ᠳᠠᠪᠠᠭᠤᠯᠢᠭ ᠲᠤ ᠪᠠᠨ ᠲᠦᠰᠢᠭᠯᠡᠨ᠂ ᠪᠤᠬᠢᠷᠳᠤᠯ ᠦᠬᠡᠢ ᠮᠠᠯ ᠤᠨ ᠪᠦᠳᠦᠭᠡᠭᠳᠡᠭᠦᠨ ᠢ ᠪᠤᠯᠪᠠᠰᠤᠷᠠᠭᠤᠯᠤᠨ᠂ ᠪᠤᠬᠢᠷᠳᠤᠯ ᠦᠬᠡᠢ᠂ ᠤᠷᠭᠠᠨᠢᠭ᠂ ᠪᠠᠶᠢᠭᠠᠯᠢᠯᠢᠭ ᠪᠦᠳᠦᠭᠡᠭᠳᠡᠭᠦᠨ ᠤ ᠢᠷᠡᠯᠳᠡ ᠶᠢ ᠬᠢᠨᠠᠨ ᠮᠦᠷᠳᠡᠵᠦ ᠪᠤᠯᠬᠤ ᠦᠵᠦᠮᠦᠴᠢᠨ ᠬᠤᠨᠢᠨ ᠤ ᠨᠡᠷᠡᠳᠦ ᠳᠡᠮᠳᠡᠭ ᠢ ᠡᠬᠦᠳᠦᠨ ᠠᠭᠠᠵᠢᠮ ᠢᠶᠠᠷ ᠦᠨᠳᠦᠷ ᠳᠡᠰ ᠤᠨ ᠵᠠᠬ᠎ᠠ ᠳᠡᠯᠬᠡᠬᠦᠷ ᠲᠤ ᠠᠯᠬᠤᠨ ᠤᠷᠤᠵᠤ᠂ ᠮᠢᠬᠠᠨ ᠤ ᠬᠤᠨᠢᠨ ᠤ ᠠᠵᠤ ᠦᠢᠯᠡᠰᠵᠢᠬᠦᠯᠦᠯᠳᠡ ᠶᠢᠨ ᠦᠷ᠎ᠡ ᠠᠰᠢᠭ ᠢ ᠳᠡᠭᠡᠭᠰᠢᠯᠡᠬᠦᠯᠬᠦ ᠶᠢᠨ ᠲᠦᠯᠦᠭᠡ ᠪᠠᠷᠠᠭᠤᠨ ᠦᠵᠦᠮᠦᠴᠢᠨ ᠬᠤᠰᠢᠭᠤ ᠡᠨᠡ ᠵᠢᠯ ᠡᠪᠦᠯ ᠤᠨ ᠲᠦᠯ ᠤᠨ ᠨᠦᠬᠦᠪᠦᠷᠢ ᠶᠢᠨ ᠲᠦᠷᠦ ᠶᠢᠨ ᠪᠤᠳᠤᠯᠭ᠎ᠠ ᠪᠠᠨ ᠣᠯᠠᠮ ᠨᠢᠬᠡ ᠠᠯᠬᠤᠮ ᠳᠡᠬᠦᠯᠳᠡᠷᠵᠢᠬᠦᠯᠦᠭᠰᠡᠨ ᠪᠠᠶᠢᠨ᠎ᠠ᠃ ᠡᠨᠡ ᠵᠢᠯ ᠪᠠᠷᠠᠭᠤᠨ ᠦᠵᠦᠮᠦᠴᠢᠨ ᠬᠤᠰᠢᠭᠤ ᠨᠢ ᠬᠤᠨᠢᠨ ᠮᠢᠬᠠᠨ ᠤ ᠬᠢᠨᠠᠨ ᠮᠦᠷᠳᠡᠬᠦ ᠡᠬᠡᠮᠦᠭ ᠵᠡᠬᠦᠯᠬᠡᠭᠰᠡᠨ ᠬᠤᠷᠠᠭ᠎ᠠ ᠶᠢ ᠡᠷᠳᠡ ᠪᠤᠷᠤᠯᠠᠭᠤᠯᠬᠤ ᠠᠵᠢᠯ ᠢᠶᠠᠨ 2018 ᠣᠨ ᠤ 6 ᠰᠠᠷ᠎ᠠ ᠶᠢᠨ 15 ᠤ ᠡᠳᠦᠷ ᠠᠴᠠ 7 ᠰᠠᠷ᠎ᠠ ᠶᠢᠨ 24 ᠤ ᠡᠳᠦᠷ ᠪᠤᠯᠳᠠᠯ᠎ᠠ ᠬᠤᠶᠠᠷ ᠬᠤᠭᠤᠴᠠᠭ᠎ᠠ ᠬᠤᠪᠢᠶᠠᠨ ᠶᠠᠪᠤᠭᠳᠠᠭᠤᠯᠬᠤ ᠪᠠᠶᠢᠵᠤ᠂ ᠪᠦᠬᠦ ᠬᠤᠰᠢᠭᠤᠨ ᠤ ᠬᠡᠪᠴᠢᠶᠡᠨ ᠳᠤ 24 ᠲᠦᠮᠡᠨ ᠳᠣᠯᠣᠭᠠᠢ ᠡᠪᠦᠯ ᠤᠨ ᠬᠤᠷᠠᠭ᠎ᠠ ᠳᠤ ᠨᠦᠬᠦᠪᠦᠷᠢ ᠤᠯᠭᠤᠬᠤ ᠪᠠᠷ ᠪᠠᠶᠢᠨ᠎ᠠ᠃2018 ᠣᠨ ᠤ 6 ᠰᠠᠷ᠎ᠠ ᠶᠢᠨ15 ᠤ ᠡᠳᠦᠷ ᠠᠴᠠ 7 ᠰᠠᠷ᠎ᠠ ᠶᠢᠨ 4 ᠤ ᠡᠳᠦᠷ ᠪᠤᠯᠳᠠᠯ᠎ᠠ 12 ᠲᠦᠮᠡᠨ ᠳᠣᠯᠤᠭᠠᠢ ᠬᠤᠷᠠᠭ᠎ᠠ ᠪᠤᠷᠤᠯᠠᠭᠤᠯᠵᠤ᠂ ᠡᠨᠡᠬᠦ ᠬᠤᠭᠤᠴᠠᠭᠠᠨ ᠤ ᠬᠤᠷᠠᠭ᠎ᠠ ᠪᠦᠷᠢ ᠳᠤ ᠵᠠᠰᠠᠭ ᠤᠨ ᠤᠷᠳᠤᠨ ᠠᠴᠠ 70 ᠲᠦᠭᠦᠷᠢᠭ᠂ ᠠᠵᠤ ᠠᠬᠤᠶᠢᠯᠠᠯ ᠠᠴᠠ 10 ᠲᠦᠭᠦᠷᠢᠭ ᠨᠡᠶᠢᠳᠡ 80 ᠲᠦᠭᠦᠷᠢᠭ ᠤᠨ ᠨᠦᠬᠦᠪᠦᠷᠢ ᠤᠯᠭᠤᠵᠤ᠂7 ᠰᠠᠷ᠎ᠠ ᠶᠢᠨ 5 ᠤ ᠡᠳᠦᠷ ᠠᠴᠠ 7 ᠰᠠᠷ᠎ᠠ ᠶᠢᠨ 24 ᠤ ᠡᠳᠦᠷ ᠪᠤᠯᠳᠠᠯ᠎ᠠ 12 ᠲᠦᠮᠡᠨ ᠳᠣᠯᠣᠭᠠᠢ ᠬᠤᠷᠠᠭ᠎ᠠ ᠪᠤᠷᠤᠯᠠᠭᠤᠯᠵᠤ᠂ ᠡᠨᠡᠬᠦ ᠬᠤᠭᠤᠴᠠᠭᠠᠨ ᠳᠤ ᠪᠤᠷᠤᠯᠠᠭᠤᠯᠤᠭᠰᠠᠨ ᠬᠤᠷᠠᠭ᠎ᠠ ᠪᠦᠷᠢ ᠳᠤ ᠵᠠᠰᠠᠭ ᠤᠨ ᠤᠷᠳᠤᠨ ᠠᠴᠠ 35 ᠲᠦᠭᠦᠷᠢᠭ᠂ ᠠᠵᠤ ᠠᠬᠤᠶᠢᠯᠠᠯ ᠠᠴᠠ 5 ᠲᠦᠭᠦᠷᠢᠭ ᠨᠡᠶᠢᠳᠡ 40 ᠲᠦᠭᠦᠷᠢᠭ ᠤᠨ ᠨᠦᠬᠦᠪᠦᠷᠢ ᠤᠯᠭᠤᠵᠤ᠂ ᠮᠠᠯᠴᠢᠳ ᠤᠨ ᠡᠷᠳᠡ ᠶᠢᠨ ᠲᠦᠯ ᠳᠣᠰᠴᠣ᠂ ᠡᠷᠳᠡ ᠭᠠᠷᠭᠠᠯᠳᠠ ᠳᠤ ᠭᠠᠷᠭᠠᠨ᠂ ᠨᠣᠳᠤᠭ ᠪᠡᠯᠴᠢᠬᠡᠷ ᠢᠶᠠᠨ ᠬᠠᠮᠠᠭᠠᠯᠠᠨ᠂ ᠤᠷᠤᠯᠭ᠎ᠠ ᠪᠠᠨ ᠨᠡᠮᠡᠭᠳᠡᠬᠦᠯᠬᠦ ᠶᠢ ᠠᠬᠢᠭᠤᠯᠬᠤ ᠪᠠᠷ ᠴᠢᠷᠮᠠᠶᠢᠵᠤ ᠪᠠᠶᠢᠨ᠎ᠠ᠃
 
ᠢᠷᠡᠯᠲᠡ᠄ ᠬᠤᠰᠢᠭᠤ ᠷᠠᠳᠢᠣ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号