ᠪᠠᠷᠠᠭᠤᠨ ᠦᠵᠦᠮᠴᠢᠨ ᠬᠤᠰᠢᠭᠤᠨ ᠤ ᠡᠮᠡᠭᠳᠠᠶᠢᠴᠤᠳ ᠤᠨ ᠬᠤᠯᠪᠤᠭ᠎ᠠ ︽ᠡᠮ ᠡᠮᠨᠡᠯᠭᠡ᠂ ᠡᠷᠡᠬᠦᠯ ᠴᠢᠬᠢᠷᠠᠭ ᠢ | ᠬᠦᠷᠭᠡᠬᠦ︾ ᠠᠵᠢᠯᠯᠠᠭ᠎ᠠ ᠦᠷᠨᠢᠬᠦᠯᠦᠭᠰᠡᠨ | | ᠤᠳᠠᠯ ᠦᠬᠡᠢ ᠬᠦᠷᠴᠤ ᠢᠷᠡᠬᠦ ᠬᠡᠵᠤ ᠪᠠᠶᠢᠭ᠎ᠠ ︽3.8︾ ᠤ ᠳᠡᠯᠡᠬᠡᠢ ᠶᠢᠨ ᠡᠮᠡᠭᠳᠠᠶᠢᠴᠤᠳ ᠤᠨ ᠪᠠᠶᠠᠷ ᠤᠨ | 108 ᠵᠢᠯ ᠤᠨ ᠤᠢ ᠶᠢ ᠲᠤᠬᠢᠶᠠᠯᠳᠤᠭᠤᠯᠤᠨ᠂3 ᠰᠠᠷ᠎ᠠ ᠶᠢᠨ 1 ᠤ ᠡᠳᠦᠷ᠂ ᠬᠤᠰᠢᠭᠤᠨ ᠤ ᠡᠮᠡᠭᠳᠠᠶᠢᠴᠤᠳ ᠤᠨ | ᠬᠤᠯᠪᠤᠭ᠎ᠠ ᠨᠢ ᠬᠤᠰᠢᠭᠤᠨ ᠤ ᠬᠢᠵᠢᠭ ᠢ ᠰᠡᠷᠭᠡᠶᠢᠯᠡᠨ ᠡᠵᠮᠡᠳᠡᠬᠦ ᠲᠦᠪ ᠲᠠᠢ ᠬᠠᠮᠳᠤᠷᠠᠨ᠂ ᠪᠠᠶ᠋ᠬᠠᠭᠤᠯᠠ ᠨᠡᠶᠢᠭᠡᠮ | ᠲᠤᠭᠤᠷᠢᠭ ᠤᠨ ᠰᠠᠭᠤᠭᠠᠯᠢ ᠠᠷᠠᠳ ᠢᠶᠠᠷ ᠬᠦᠨᠵᠡᠭᠡᠶᠢᠷᠡᠨ ︽ᠡᠮ ᠡᠮᠨᠡᠯᠭᠡ᠂ ᠡᠷᠡᠬᠦᠯ ᠴᠢᠬᠢᠷᠠᠭ ᠢ ᠬᠦᠷᠭᠡᠬᠦ︾ | ᠠᠵᠢᠯᠯᠠᠭ᠎ᠠ ᠦᠷᠨᠢᠬᠦᠯᠦᠭᠰᠡᠨ ᠪᠠᠶᠢᠨ᠎ᠠ᠃ | | | | | ᠲᠤᠰ ᠤᠳᠠᠭᠠᠨ ᠤ ᠠᠵᠢᠯᠯᠠᠭ᠎ᠠ ᠨᠢ ᠦᠨᠳᠦᠰᠦᠨ ᠱᠠᠳᠤᠨ ᠳᠤ ᠦᠢᠯᠡᠴᠢᠯᠡᠬᠦ᠂ ᠡᠮᠡᠭᠳᠠᠶᠢᠴᠤᠳ ᠤᠨ | ᠡᠷᠡᠬᠦᠯ ᠴᠢᠬᠢᠷᠠᠭ ᠢ ᠬᠠᠯᠠᠮᠵᠢᠯᠠᠬᠤ ᠪᠠᠷ ᠵᠤᠷᠢᠯᠳᠠ ᠪᠠᠨ ᠪᠤᠯᠭᠠᠵᠤ᠂ ᠡᠮᠴᠢᠯᠡᠭᠡᠨ ᠤ ᠲᠤᠭᠤᠶᠢᠯᠠᠩ ᠨᠢ ᠰᠠᠭᠤᠭᠠᠯᠢ | ᠲᠤᠭᠤᠷᠢᠭ ᠢᠶᠠᠷ ᠬᠦᠨᠵᠡᠭᠡᠶᠢᠷᠡᠨ᠂ ᠦᠷᠭᠡᠨ ᠤᠯᠠᠨ ᠡᠮᠡᠭᠳᠠᠶᠢᠴᠤᠳ ᠪᠤᠯᠤᠨ ᠳᠡᠳᠡᠨ ᠤ ᠬᠡᠷ ᠪᠦᠯᠢ ᠶᠢᠨ ᠬᠢᠨ ᠳᠤ | ᠰᠦᠢᠳᠭᠡᠯ ᠬᠤᠷᠢᠶᠠᠬᠤ ᠦᠬᠡᠢ ᠪᠠᠷ ᠪᠡᠶ᠎ᠡ ᠶᠢᠨ ᠪᠠᠶᠢᠴᠠᠭᠠᠯᠳᠠ ᠬᠢᠬᠦ ᠪᠤᠯᠤᠨ ᠡᠷᠡᠬᠦᠯ ᠡᠩᠭᠡ ᠶᠢᠨ ᠮᠡᠳᠡᠯᠭᠡ ᠶᠢ | ᠤᠬᠠᠭᠤᠯᠤᠨ ᠳᠠᠶᠢᠯᠪᠤᠷᠢᠯᠠᠵᠤ᠂ ᠡᠳᠦᠷ ᠳᠤᠳᠤᠮ ᠤᠨ ᠭᠡᠷᠡᠭᠯᠡᠭᠡᠨ ᠤ ᠡᠮ ᠢ ᠳᠠᠷᠬᠠᠭᠠᠨ ᠦᠭᠴᠤ᠂ ᠳᠡᠳᠡᠨ ᠳᠤ | ᠡᠮ ᠭᠡᠷᠡᠭᠯᠡᠬᠦ ᠠᠮᠤᠷ ᠲᠦᠪᠰᠢᠨ ᠤ ᠮᠡᠳᠡᠯᠭᠡ᠂ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠵᠡᠷᠭᠡ ᠳᠠᠯ᠎ᠠ ᠪᠠᠷ | ᠨᠠᠷᠢᠯᠢᠭ ᠳᠠᠶᠢᠯᠪᠤᠷᠢᠯᠠᠯᠳᠠ ᠬᠢᠬᠦ ᠶᠢᠨ ᠬᠠᠮᠳᠤ ︽3.8︾ ᠤ ᠪᠠᠶᠠᠷ ᠤᠨ ᠡᠳᠦᠷ ᠤᠨ ᠪᠡᠯᠡᠭ ᠭᠠᠷᠳᠠᠭᠤᠯᠭᠰᠠᠨ | ᠪᠠᠶᠢᠨ᠎ᠠ᠃ | | | | | ᠬᠤᠰᠢᠭᠤᠨ ᠤ ᠡᠮᠡᠭᠳᠠᠶᠢᠴᠤᠳ ᠤᠨ ᠬᠤᠯᠪᠤᠭ᠎ᠠ ᠨᠢ ᠤᠶᠢᠷ᠎ᠠ ᠶᠢᠨ ᠬᠡᠳᠦᠨ ᠵᠢᠯ ᠳᠤ ︽3.8︾ ᠤ ᠳᠡᠯᠡᠬᠡᠢ | ᠶᠢᠨ ᠡᠮᠡᠭᠳᠠᠶᠢᠴᠤᠳ ᠤᠨ ᠪᠠᠶᠠᠷ ᠢ ᠲᠤᠬᠢᠶᠠᠯᠳᠤᠭᠤᠯᠤᠨ ᠡᠷᠡᠬᠦᠯ ᠬᠠᠮᠠᠭᠠᠯᠠᠯ ᠤᠨ ᠰᠠᠯᠠᠭ᠎ᠠ ᠮᠦᠴᠢᠷ ᠲᠠᠢ ᠬᠠᠮᠵᠢᠯᠴᠢᠨ | ᠂ ᠡᠮᠡᠭᠳᠠᠶᠢᠴᠤᠳ ᠤᠨ ᠡᠷᠡᠬᠦᠯ ᠮᠡᠨᠳᠤ ᠶᠢ ᠬᠠᠯᠠᠮᠵᠢᠯᠠᠬᠤ ᠠᠵᠢᠯᠯᠠᠭ᠎ᠠ ᠶᠢ ᠤᠯᠠᠨᠳᠠ ᠦᠷᠨᠢᠬᠦᠯᠤᠨ᠂ ᠦᠨᠳᠦᠰᠦᠨ | ᠱᠠᠳᠤᠨ ᠤ ᠡᠮᠡᠭᠳᠠᠶᠢᠴᠤᠳ ᠤᠨ ᠡᠷᠡᠬᠦᠯ ᠴᠢᠬᠢᠷᠠᠭ ᠤᠨ ᠬᠢᠷᠢ ᠲᠦᠪᠰᠢᠨ ᠪᠤᠯᠤᠨ ᠦᠷᠭᠡᠨ ᠤᠯᠠᠨ ᠲᠦᠮᠡᠨ ᠤ | ᠡᠷᠡᠬᠦᠯ ᠮᠡᠨᠳᠤ ᠶᠢᠨ ᠤᠬᠠᠮᠰᠠᠷ ᠢ ᠳᠡᠭᠡᠭᠰᠢᠯᠡᠬᠦᠯᠬᠦ ᠳᠤ ᠲᠦᠯᠬᠢᠴᠠ ᠦᠢᠯᠡᠳᠦᠯ ᠦᠵᠡᠬᠦᠯᠦᠭᠰᠡᠨ ᠪᠠᠶᠢᠨ᠎ᠠ᠃ | | | | | | |