ᠪᠠᠷᠠᠭᠤᠨ ᠦᠵᠦᠮᠦᠴᠢᠨ ᠬᠤᠰᠢᠭᠤᠨ ᠤ ᠡᠮᠡᠭᠲᠠᠶᠢᠴᠣᠳ ᠤᠨ ᠬᠤᠯᠪᠤᠭᠠᠳᠣ ᠬᠤᠷᠠᠯ ᠭᠡᠷ ᠪᠦᠯᠢ ᠶᠢᠨ ᠬᠦᠮᠦᠵᠢᠯ ᠤᠨ ᠮᠡᠳᠡᠯᠭᠡ ᠶᠢᠨ ᠳᠠᠶᠢᠯᠤᠮᠵᠢ ᠦᠷᠨᠢᠬᠦᠯᠦᠭᠰᠡᠨ
ᠨᠡᠶᠢᠲᠡᠯᠡᠭᠰᠡᠨ ᠴᠠᠭ᠄
2018-03-06
ᠪᠠᠷᠠᠭᠤᠨ ᠦᠵᠦᠮᠦᠴᠢᠨ ᠬᠤᠰᠢᠭᠤᠨ ᠤ ᠡᠮᠡᠭᠲᠠᠶᠢᠴᠣᠳ ᠤᠨ ᠬᠤᠯᠪᠤᠭᠠᠳᠣ ᠬᠤᠷᠠᠯ ᠭᠡᠷ ᠪᠦᠯᠢ ᠶᠢᠨ ᠬᠦᠮᠦᠵᠢᠯ ᠤᠨ ᠮᠡᠳᠡᠯᠭᠡ ᠶᠢᠨ ᠳᠠᠶᠢᠯᠤᠮᠵᠢ ᠦᠷᠨᠢᠬᠦᠯᠦᠭᠰᠡᠨ                                  ᠰᠢ ᠶᠢᠨ ᠫᠢᠩ ᠶᠡᠷᠦᠩᠬᠡᠢ ᠱᠦᠵᠢ ᠶᠢᠨ ᠭᠡᠷ ᠪᠦᠯᠢ ᠶᠢᠨ ᠪᠠᠶᠢᠭᠤᠯᠣᠯᠲᠠ ᠶᠢ ᠡᠷᠬᠢᠮᠯᠡᠨ᠂ ᠭᠡᠷ ᠪᠦᠯᠢ᠂ ᠭᠡᠷ  ᠤᠨ ᠬᠦᠮᠦᠵᠢᠯ᠂ ᠭᠡᠷ ᠤᠨ ᠰᠣᠷᠲᠠᠯ ᠢ ᠬᠦᠨᠳᠦᠳᠬᠡᠬᠦ ᠳᠣᠬᠠᠢ ᠶᠠᠷᠢᠶᠠᠨ ᠤ ᠵᠣᠷᠢᠭ ᠰᠠᠨᠠᠭ᠎ᠠ ᠶᠢ ᠲᠣᠣᠱᠯᠠᠭᠤᠯᠣᠨ ᠨᠠᠶᠢᠳᠠᠪᠤᠷᠢᠵᠢᠭᠤᠯᠵᠤ᠂ ᠰᠠᠶᠢᠨ ᠰᠠᠶᠢᠬᠠᠨ ᠭᠡᠷ ᠤᠨ ᠰᠣᠷᠲᠠᠯ ᠢ ᠣᠯᠠᠮᠵᠢᠯᠠᠵᠦ᠂ ᠨᠠᠰᠣᠳᠠᠳ ᠢᠶᠠᠨ ᠬᠦᠨᠳᠦᠯᠠᠨ ᠨᠢᠯᠬᠠᠰ ᠢᠶᠠᠨ ᠬᠠᠶᠢᠷᠠᠯᠠᠨ᠂ ᠠᠶᠢᠯ ᠭᠡᠷ ᠬᠦᠷᠰᠢ ᠵᠡᠷᠭᠡᠯᠡᠳᠡᠭᠡ ᠡᠶ᠎ᠡ ᠨᠠᠶᠢᠷᠳᠠᠢ᠂ ᠠᠵᠢᠯᠴᠢ ᠠᠷᠪᠢᠴᠢ ᠰᠠᠶᠢᠨ ᠰᠠᠶᠢᠬᠠᠨ  ᠠᠵᠢᠯ ᠠᠮᠢᠳᠣᠷᠠᠯ ᠤᠨ ᠣᠷᠴᠢᠨ ᠢ ᠪᠦᠷᠢᠯᠳᠦᠬᠦᠯᠵᠦ᠂ ᠪᠦᠬᠦ ᠠᠷᠠᠳ ᠤᠨ ᠶᠣᠰᠣ ᠰᠣᠷᠲᠠᠬᠤᠨ ᠤ ᠬᠡᠪ ᠪᠣᠯᠪᠠᠰᠣᠷᠠᠯ ᠢ ᠳᠡᠭᠡᠭᠰᠢᠯᠡᠭᠦᠯᠦᠨ᠂ ᠶᠣᠰᠣ ᠰᠣᠷᠳᠠᠬᠤᠨ ᠤ ᠢᠳᠡᠪᠬᠢ ᠬᠦᠴᠦᠨ ᠢ  ᠣᠯᠠᠮᠵᠢᠯᠠᠨ ᠳᠠᠮᠵᠢᠭᠤᠯᠬᠤ ᠵᠤᠷᠢᠯᠭ᠎ᠠ ᠪᠠᠷ 3 ᠰᠠᠷ᠎ᠠ ᠶᠢᠨ 4 ᠤ ᠡᠳᠦᠷ᠂ ᠮᠠᠨ ᠤ ᠬᠤᠰᠢᠭᠤ ︽ ᠬᠡᠷ ᠪᠦᠯᠢ ᠶᠢᠨ ᠰᠢᠯᠢᠳᠡᠭ ᠰᠣᠷᠭᠠᠯ ᠢ ᠬᠦᠮᠦᠵᠢᠬᠦᠯᠵᠦ᠂ ᠬᠡᠷ ᠪᠦᠯᠢ ᠶᠢᠨ ᠰᠢᠯᠢᠳᠡᠭ ᠰᠣᠷᠳᠠᠯ ᠢ ᠣᠯᠠᠮᠵᠢᠯᠠᠬᠤ︾ ᠭᠡᠷ ᠪᠦᠯᠢ ᠶᠢᠨ ᠬᠦᠮᠦᠵᠢᠯ ᠤᠨ ᠮᠡᠳᠡᠯᠬᠡ  ᠶᠢᠨ ᠳᠠᠶᠢᠯᠤᠮᠵᠢ ᠦᠷᠨᠢᠬᠦᠯᠵᠡᠢ᠃
        ᠳᠣᠰ ᠣᠳᠠᠭᠠᠨ ᠤ ᠠᠵᠢᠯᠯᠠᠭ᠎ᠠ ᠶᠢ ᠬᠤᠰᠢᠭᠤᠨ ᠤ  ᠡᠮᠡᠭᠲᠠᠶᠢᠴᠣᠳ ᠤᠨ ᠬᠤᠯᠪᠤᠭᠠᠳᠣ ᠬᠤᠷᠠᠯ ᠨᠢ ᠬᠤᠰᠢᠭᠤ ᠰᠣᠷᠭᠠᠨ ᠬᠦᠮᠦᠵᠢᠯ ᠰᠢᠨᠵᠢᠯᠡᠬᠦ  ᠮᠡᠷᠬᠡᠵᠢᠯ ᠤᠨ ᠳᠣᠪᠴᠢᠶ᠎ᠠ ᠬᠠᠮᠳᠣᠷᠠᠨ ᠵᠤᠬᠢᠶᠠᠨ ᠪᠠᠶᠢᠭᠤᠯᠵᠤ᠂  ᠬᠤᠰᠢᠭᠤ ᠬᠠᠷᠢᠶ᠎ᠠ ᠡᠯ᠎ᠡ ᠳᠣᠮᠳᠠᠳᠣ ᠪᠠᠭ᠎ᠠ ᠰᠣᠷᠭᠠᠭᠤᠯᠢ ᠬᠡᠦᠬᠡᠳ ᠤᠨ ᠴᠡᠴᠡᠷᠯᠢᠭ ᠤᠨ ᠨᠡᠶᠢᠲᠡ 1200 ᠭᠠᠷᠣᠢ ᠭᠡᠷ ᠤᠨ ᠠᠬᠠᠮᠠᠳ ᠣᠷᠣᠯᠴᠠᠭᠰᠠᠨ ᠪᠠᠶᠢᠨ᠎ᠠ᠃
        ᠲᠣᠰ ᠣᠳᠠᠭᠠᠨ ᠤ ᠲᠠᠶᠢᠯᠣᠮᠵᠢ ᠳᠤ ᠰᠢᠯᠢ ᠶᠢᠨ ᠭᠤᠤᠯ ᠠᠶᠢᠮᠠᠭ ᠤᠨ ᠦᠨᠳᠦᠰᠦᠲᠡᠨ ᠤ ᠮᠡᠷᠭᠡᠵᠢᠯ ᠤᠨ ᠠᠵᠢᠯᠴᠢᠨ ᠤ ᠰᠣᠷᠭᠠᠭᠤᠯᠢ ᠶᠢᠨ ᠳᠡᠭᠡᠳᠦ ᠵᠡᠷᠭᠡ ᠶᠢᠨ ᠳᠠᠶᠢᠯᠪᠤᠷᠢᠯᠠᠭᠴᠢ ᠪᠣᠯᠴᠢᠯᠠᠭᠤ ᠪᠠᠭᠰᠢ ᠶᠢ ᠣᠷᠢᠵᠦ᠂ ᠪᠣᠯᠴᠢᠯᠠᠭᠤ ᠪᠠᠭᠰᠢ ᠠᠴᠠ ︽ᠬᠡᠷ ᠪᠦᠯᠢ ᠶᠢᠨ ᠰᠢᠯᠢᠳᠡᠭ ᠰᠣᠷᠭᠠᠯ ᠢ ᠬᠦᠮᠦᠵᠢᠬᠦᠯᠵᠦ᠂ ᠬᠡᠷ ᠪᠦᠯᠢ ᠶᠢᠨ ᠰᠢᠯᠢᠳᠡᠭ ᠰᠣᠷᠳᠠᠯ ᠢ ᠣᠯᠠᠮᠵᠢᠯᠠᠬᠤ︾᠂ ︽ᠭᠡᠷ ᠪᠦᠯᠢ ᠶᠢᠨ ᠬᠦᠮᠦᠵᠢᠯ ᠤᠨ ᠮᠡᠳᠡᠯᠭᠡ︾᠂ ︽ᠡᠮᠡᠭᠲᠠᠶᠢᠴᠣᠳ ᠤᠨ ᠶᠠᠳᠠᠭᠤ  ᠠᠴᠠ ᠠᠩᠭᠢᠵᠢᠷᠠᠭᠤᠯᠬᠤ᠂ ᠭᠡᠷ ᠪᠦᠯᠢ ᠶᠢᠨ ᠡᠳ᠋ ᠤᠨ ᠶᠠᠪᠣᠳᠠᠯ ᠤᠨ ᠬᠠᠮᠢᠶᠠᠷᠣᠯᠲᠠ︾ ᠵᠡᠷᠭᠡ ᠠᠭᠤᠯᠭ᠎ᠠ ᠶᠢᠨ ᠲᠤᠭᠤᠷᠢᠨ ᠳᠤ᠂ ᠪᠣᠳᠠᠲᠦ ᠵᠢᠱᠢᠶ᠎ᠡ ᠲᠠᠢ ᠣᠶᠠᠯᠳᠣᠭᠤᠯᠤᠨ᠂  ᠭᠡᠷ ᠤᠨ ᠠᠬᠠᠮᠠᠳ ᠪᠣᠯᠣᠨ ᠬᠡᠣᠬᠡᠳ ᠤᠨ ᠪᠣᠳᠣᠯ ᠰᠡᠳᠬᠢᠯᠬᠡ ᠪᠠᠨ ᠰᠣᠯᠢᠯᠴᠠᠬᠤ᠂ ᠠᠪᠤ ᠡᠵᠢ ᠪᠣᠯᠣᠭᠰᠠᠳ ᠤᠨ ᠡᠳᠦᠷ ᠳᠣᠲᠣᠮ ᠤᠨ  ᠬᠡᠣᠬᠡᠳ ᠤᠨ ᠰᠣᠷᠭᠠᠨ ᠬᠦᠮᠦᠵᠢᠯ ᠤᠨ ᠶᠠᠪᠤᠴᠠ ᠳᠠᠬᠢ ᠨᠠᠵᠠᠭᠠᠢ ᠠᠷᠭ᠎ᠠ ᠠᠪᠴᠠᠯ ᠵᠡᠷᠬᠡ ᠶᠢ ᠠᠮᠢᠳᠣᠯᠢᠭ ᠪᠤᠳᠠᠳᠠᠢ ᠳᠠᠶᠢᠯᠪᠤᠷᠢᠯᠠᠭᠰᠠᠨ ᠤ ᠬᠠᠮᠲᠦ ᠬᠡᠷ ᠪᠦᠯᠢ ᠶᠢᠨ ᠰᠣᠷᠭᠠᠨ ᠬᠦᠮᠦᠵᠢᠯ ᠤᠨ ᠣᠬᠠᠭᠳᠠᠬᠤᠨ ᠪᠣᠯᠣᠨ ᠠᠷᠭ᠎ᠠ ᠠᠪᠴᠠᠯ ᠢ ᠣᠯᠠᠮᠵᠢᠯᠠᠭᠰᠠᠨ  ᠪᠠᠶᠢᠨ᠎ᠠ᠃
       ︽ᠲᠠᠯ᠎ᠠ ᠨᠣᠲᠤᠭ ᠤᠨ ᠭᠠᠷᠮᠠᠭᠠᠢ ᠡᠮᠡᠭᠳᠡᠶᠢᠴᠣᠳ ᠤᠨ ᠶᠠᠳᠠᠭᠤ ᠠᠴᠠ ᠠᠩᠭᠢᠵᠢᠷᠠᠭᠤᠯᠬᠤ ᠠᠵᠢᠯᠯᠠᠭ᠎ᠠ︾  ᠲᠠᠢ ᠣᠶᠠᠯᠳᠣᠭᠤᠯᠣᠨ ᠪᠣᠯᠴᠢᠯᠠᠭᠤ ᠪᠠᠭᠰᠢ ᠠᠴᠠ ᠣᠯᠠᠮᠵᠢᠯᠠᠯᠲᠦ ᠣᠶᠢᠯᠠᠭᠠᠭᠳᠠᠭᠤᠨ ᠢ ᠬᠤᠪᠢᠷᠠᠭᠤᠯᠵᠤ᠂ ᠭᠠᠷᠮᠠᠭᠠᠢ ᠡᠮᠡᠭᠲᠠᠶᠢᠴᠣᠳ ᠤᠨ ᠢᠳᠡᠪᠬᠢᠵᠢᠯ ᠢ ᠳᠠᠶᠢᠴᠢᠯᠠᠵᠦ᠂ ᠳᠠᠩᠰᠠ ᠪᠤᠳᠤᠵᠤ ᠠᠵᠢᠯᠴᠢ ᠠᠷᠪᠢᠴᠢ ᠪᠠᠷ ᠠᠵᠤ ᠲᠦᠷᠦᠬᠦ ᠭᠡᠷ ᠪᠦᠯᠢ ᠶᠢᠨ ᠡᠳ᠋ ᠤᠨ ᠶᠠᠪᠣᠳᠠᠯ ᠤᠨ ᠬᠠᠮᠢᠶᠠᠷᠣᠯᠲᠠ ᠶᠢᠨ ᠠᠵᠢᠯᠯᠠᠭ᠎ᠠ ᠪᠠᠷ ᠳᠠᠪᠴᠠᠩ ᠪᠣᠯᠭᠠᠨ᠂ ᠮᠠᠯᠴᠢᠳ ᠤᠨ ᠳᠠᠩᠰᠠ ᠪᠤᠳᠤᠵᠤ ᠮᠠᠯ ᠮᠠᠯᠵᠢᠬᠤ ᠴᠢᠳᠠᠪᠤᠷᠢ ᠶᠢ ᠳᠡᠭᠡᠭᠰᠢᠯᠡᠬᠦᠯᠦᠨ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ᠂ ᠬᠠᠲᠠᠭᠤᠵᠢᠯᠲᠠᠢ ᠴᠢᠷᠮᠠᠶᠢᠬᠤ ᠦᠵᠡᠯᠲᠡ ᠪᠠ ᠣᠷᠣᠯᠭ᠎ᠠ ᠵᠠᠷᠤᠯᠭ᠎ᠠ ᠪᠠᠨ ᠵᠤᠬᠢᠴᠠᠭᠤᠯᠬᠤ ᠬᠡᠷᠡᠭᠯᠡᠭᠡᠨ ᠤ ᠦᠵᠡᠯᠲᠡ ᠶᠢ ᠪᠣᠢ ᠪᠣᠯᠭᠠᠵᠦ᠂ ᠨᠡᠩ ᠣᠯᠠᠨ ᠮᠠᠯᠴᠢᠳ ᠦᠪᠡᠷ ᠤᠨ ᠦᠷᠲᠡᠭ ᠪᠠᠨ ᠪᠠᠭᠠᠰᠬᠠᠨ᠂ ᠣᠷᠣᠯᠭ᠎ᠠ ᠪᠠᠨ ᠨᠡᠮᠡᠭᠳᠡᠭᠦᠯᠬᠦ ᠶᠢ ᠵᠤᠷᠢᠭᠵᠢᠭᠤᠯᠵᠠᠢ᠃
    ᠳᠠᠶᠢᠯᠤᠮᠵᠢ ᠪᠠᠷ ᠳᠠᠮᠵᠢᠨ᠂ ᠦᠷᠬᠡᠨ ᠣᠯᠠᠨ ᠬᠡᠷ ᠤᠨ ᠠᠬᠠᠮᠠᠳ ᠤᠨ ᠬᠡᠷ ᠪᠦᠯᠢ ᠶᠢᠨ ᠰᠣᠷᠭᠠᠨ ᠬᠦᠮᠦᠵᠢᠯ  ᠤᠨ ᠴᠢᠬᠤᠯᠠ ᠴᠢᠨᠠᠷ ᠤᠨ ᠳᠣᠬᠠᠢ ᠣᠶᠢᠯᠠᠭᠠᠯᠳᠠ ᠶᠢ ᠬᠦᠨᠵᠡᠬᠡᠶᠢᠷᠡᠬᠦᠯᠵᠦ᠂ ᠳᠣᠬᠢᠷᠠᠮᠵᠢᠳᠠᠢ ᠬᠡᠷ ᠪᠦᠯᠢ ᠶᠢᠨ ᠬᠦᠮᠦᠵᠢᠯ ᠤᠨ ᠠᠷᠭ᠎ᠠ ᠠᠪᠴᠠᠯ ᠢ ᠬᠠᠶᠢᠨ ᠰᠦᠪᠡᠭᠴᠢᠯᠡᠵᠦ᠂ ᠬᠡᠷ ᠪᠦᠯᠢ ᠶᠢᠨ ᠰᠣᠷᠭᠠᠨ ᠬᠦᠮᠦᠵᠢᠯ ᠤᠨ ᠬᠢᠷᠢ ᠲᠦᠪᠰᠢᠨ ᠢᠶᠠᠨ ᠳᠡᠭᠡᠭᠰᠢᠯᠡᠬᠦᠯᠦᠨ᠂ ᠠᠶᠢᠯ ᠬᠡᠷ ᠢᠶᠠᠨ ᠪᠠᠶᠠᠷ ᠵᠢᠷᠭᠠᠯᠳᠠᠢ᠂ ᠦᠷ᠎ᠡ ᠬᠡᠦᠬᠡᠳ ᠢᠶᠠᠨ ᠰᠣᠶᠤᠯ ᠮᠤᠷᠠᠯ  ᠲᠠᠢ ᠪᠤᠯᠭᠠᠨ ᠬᠦᠮᠦᠵᠢᠬᠦᠯᠬᠦ ᠳᠤ ᠨᠢ ᠰᠠᠭᠤᠷᠢ ᠳᠠᠯᠪᠢᠭᠰᠠᠨ ᠪᠠᠶᠢᠨ᠎ᠠ᠃
 
ᠢᠷᠡᠯᠲᠡ᠄ ᠬᠤᠰᠢᠭᠤ ᠷᠠᠳᠢᠣ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号